2026-08-31 16:15:22
ᠲᠦᠷᠦᠭᠦᠬᠡᠨ ᠥᠪᠡᠷᠲᠡᠭᠡᠨ ᠵᠠᠰᠠᠬᠤ ᠣᠷᠤᠨ᠎ᠤ ᠡᠪᠯᠡᠯ᠎ᠤᠨ ᠬᠤᠷᠢᠶ᠎ᠠ ᠵᠠᠯᠠᠭᠤᠴᠤᠳ᠎ᠤᠨ ᠬᠤᠯᠪᠤᠭ᠎ᠠ ᠪᠠᠶ᠋ᠢᠭᠤᠯᠵᠤ ᠨᠠᠶ᠋ᠢᠵᠠᠯᠠᠬᠤ ᠠᠵᠢᠯᠯᠠᠭ᠎ᠠ ᠥᠷᠨᠢᠭᠦᠯᠵᠦ᠂ ᠵᠠᠯᠠᠭᠤᠴᠤᠳ ᠲᠸ᠋ ᠨᠥᠬᠦᠷᠰᠡᠭ ᠬᠡᠯᠪᠡᠷᠢ᠎ᠶ᠋ᠢᠨ ᠬᠤᠲᠠ᠎ᠶ᠋ᠢ ᠪᠥᠲᠦᠭᠡᠨ ᠪᠠᠢᠭᠤᠯᠬᠤ ᠱᠠᠭᠠᠷᠳᠠᠯᠭ᠎ᠠ᠎ᠪᠡᠷ ᠵᠠᠯᠠᠭᠤᠴᠤᠳ ᠲᠠᠢ ᠬᠠᠷᠢᠯᠴᠠᠬᠤ᠂ ᠵᠠᠯᠠᠭᠤᠴᠤᠳᠲᠤ᠌ ᠦᠢᠯᠡᠴᠢᠯᠡᠬᠦ᠌ ᠡᠯ᠎ᠡ ᠵᠦᠢᠯ᠎ᠤᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠍᠂ ᠵᠠᠯᠠᠭᠤᠴᠤᠳ᠎ᠤᠨ ᠣᠶᠤᠨ᠎ᠤ ᠪᠠ ᠰᠣᠶᠤᠯ᠎ᠤᠨ ᠠᠮᠢᠳᠤᠷᠠᠯ᠎ᠢ ᠪᠠᠶᠠᠯᠢᠭᠵᠢᠭᠤᠯᠤᠨ᠂ ᠥᠷᠭᠡᠨ ᠣᠯᠠᠨ ᠵᠠᠯᠠᠭᠤᠴᠤᠳ᠎ᠤᠨ ᠪᠣᠯᠪᠠᠰᠤᠨ ᠵᠦᠪ ᠤᠷᠤᠭ ᠬᠤᠷᠢᠮ ᠢᠨᠠᠭᠲᠤᠷᠠᠯᠠᠯᠤᠨ ᠦᠵᠡᠯᠲᠡ᠎ᠶ᠋ᠢ ᠪᠣᠢ ᠪᠣᠯᠭᠠᠬᠤ ᠵᠢ ᠬᠦᠳᠦᠯᠦᠨ ᠵᠢᠯᠤᠭᠤᠳᠴᠠᠢ᠃
ᠲᠣᠰ ᠤᠳᠠᠭ᠎ᠠ᠎ᠵᠢᠨ ᠠᠵᠢᠯᠯᠠᠭ᠎ᠠ᠎ᠳᠤ ᠥᠪᠡᠷᠲᠡᠭᠡᠨ ᠵᠠᠰᠠᠬᠤ ᠣᠷᠤᠨ᠎ᠤ ᠰᠢᠭᠤᠳ ᠬᠠᠷᠢᠶ᠎ᠠ ᠪᠠᠶ᠋ᠢᠭᠤᠯᠭ᠎ᠠ᠂ ᠠᠵᠤ ᠠᠬᠤᠶ᠋ᠢᠯᠠᠯ᠎ᠤ᠋ᠨ 70 ᠭᠠᠷᠤᠢ ᠭᠠᠭᠴᠠ ᠪᠡᠶ᠎ᠡ ᠵᠠᠯᠠᠭᠤᠴᠤᠳ ᠤᠷᠤᠯᠴᠠᠪᠠ᠃ ᠥᠪᠡᠷᠲᠡᠭᠡᠨ ᠵᠠᠰᠠᠬᠤ ᠣᠷᠤᠨ᠎ᠤ ᠰᠢᠭᠤᠳ ᠬᠠᠷᠢᠶ᠎ᠠ ᠪᠠᠶ᠋ᠢᠭᠤᠯᠭ᠎ᠠ᠎ᠶ᠋ᠢᠨ ᠵᠠᠯᠠᠭᠤᠴᠤᠳ᠎ᠤᠨ ᠠᠵᠢᠯ᠎ᠤᠨ ᠵᠢᠭᠠᠨ ᠵᠢᠯᠤᠭᠤᠳᠤᠭᠴᠢ ᠵᠠᠩ ᠸᠧᠢ ᠲᠤᠬᠠᠢ᠎ᠶ᠋ᠢᠨ ᠲᠠᠯᠠᠪᠠᠢ᠎ᠳᠤ ᠬᠦᠷᠴᠦ᠍ ᠵᠠᠯᠠᠭᠤᠴᠤᠳ᠎ᠲᠠᠢ ᠣᠷᠤᠭ ᠬᠤᠷᠢᠮ᠎ᠤᠨ ᠲᠥᠯᠦᠪᠵᠢᠭᠦᠯᠭᠡ ᠬᠢᠵᠦ᠍᠂ ᠬᠥᠬᠡᠬᠤᠲᠠ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠰᠡᠳᠬᠢᠴᠡ᠎ᠶ᠋ᠢᠨ ᠡᠷᠡᠭᠦᠯ ᠮᠡᠨᠳᠦ᠎ᠶ᠋ᠢᠨ ᠬᠥᠮᠦᠵᠢᠯ᠎ᠤᠨ ᠲᠥᠪ᠎ᠤᠨ ᠤᠯᠤᠰ᠎ᠤᠨ ᠬᠤᠶᠠᠳᠤᠭᠠᠷ ᠳᠡᠰ᠎ᠤᠨ ᠰᠡᠳᠬᠢᠴᠡ᠎ᠶ᠋ᠢᠨ ᠵᠥᠪᠯᠡᠯᠭᠡ ᠥᠭᠭᠦᠭᠴᠢ ᠶᠠᠩ ᠰᠢᠤ ᠯᠢ ᠵᠠᠯᠠᠭᠤᠴᠤᠳ᠎ᠤᠨ ᠬᠤᠭᠤᠷᠤᠨᠳᠤᠬᠢ ᠬᠠᠷᠢᠯᠴᠠᠭ᠎ᠠ᠂ ᠬᠠᠶ᠋ᠢᠷ᠎ᠠ ᠰᠡᠳᠬᠢᠯᠭᠡ᠎ᠶ᠋ᠢᠨ ᠨᠡᠪᠲᠡᠷᠡᠯᠴᠡᠭᠡ᠎ᠶ᠋ᠢᠨ ᠳᠤᠮᠳᠠ ᠲᠤᠯᠭᠠᠷᠠᠳᠠᠭ ᠡᠯ᠎ᠡ ᠲᠥᠷᠦᠯ᠎ᠤᠨ ᠰᠡᠳᠬᠢᠴᠡ᠎ᠶ᠋ᠢᠨ ᠲᠥᠭᠡᠷᠢᠭᠳᠡᠯ᠎ᠤᠨ ᠲᠣᠭᠤᠷᠢᠨ᠎ᠳᠤ ᠲᠤᠰᠭᠠᠢ ᠮᠡᠷᠭᠡᠵᠢᠯ᠎ᠤᠨ ᠵᠢᠯᠤᠭᠤᠳᠤᠯᠭ᠎ᠠ ᠬᠠᠩᠭᠠᠪᠠ᠃ ᠠᠵᠢᠯᠯᠠᠭ᠎ᠠ᠎ᠡᠴᠡ ᠡᠮᠦᠨ᠎ᠡ ᠥᠪᠡᠷᠲᠡᠭᠡᠨ ᠵᠠᠰᠠᠬᠤ ᠣᠷᠤᠨ᠎ᠤ ᠡᠪᠯᠡᠯ᠎ᠤᠨ ᠬᠤᠷᠢᠶ᠎ᠠ ᠵᠠᠯᠠᠭᠤᠴᠤᠳ᠎ᠤᠨ ᠨᠠᠰᠤ ᠵᠢᠯ᠂ ᠠᠵᠢᠯ ᠮᠡᠷᠭᠡᠵᠢᠯ᠂ ᠳᠤᠷ᠎ᠠ ᠰᠣᠨᠢᠷᠬᠠᠯ ᠵᠡᠷᠭᠡ ᠮᠡᠳᠡᠭᠡ ᠵᠠᠩᠭᠢ᠎ᠲᠠᠢ ᠤᠶᠠᠯᠳᠤᠭᠤᠯᠤᠨ᠂ ᠵᠠᠯᠠᠭᠤᠴᠤᠳ᠎ᠤᠨ ᠨᠠᠶ᠋ᠢᠵᠠᠯᠠᠬᠤ᠂ ᠰᠣᠯᠢᠯᠴᠠᠬᠤ᠎ᠳᠤ ᠴᠢᠨᠠᠷ ᠰᠠᠶ᠋ᠢᠲᠠᠢ ᠲᠠᠪᠴᠠᠩ᠎ᠢ ᠪᠠᠶ᠋ᠢᠭᠤᠯᠵᠦ ᠦᠭᠬᠦᠭᠰᠡᠨ ᠪᠠᠢᠨ᠎ᠠ᠃ ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠳᠤᠷ᠎ᠠ ᠰᠣᠨᠢᠷᠬᠠᠯ᠎ᠤᠨ ᠲᠣᠭᠯᠠᠭᠠᠮ᠂ ᠭᠠᠷ ᠤᠷᠠᠯᠠᠯ᠎ᠤᠨ ᠪᠡᠶᠡᠴᠢᠯᠡᠨ ᠣᠶ᠋ᠢᠯᠠᠭᠠᠬᠤ ᠵᠡᠷᠭᠡ ᠣᠯᠠᠨ ᠡᠰᠢᠲᠦ ᠭᠤᠭᠴᠤᠭ᠎ᠠ᠎ᠶ᠋ᠢ ᠲᠣᠬᠢᠷᠠᠭᠤᠯᠵᠤ᠂ ᠵᠠᠯᠠᠭᠤᠴᠤᠳ᠎ᠤᠨ ᠲᠠᠨᠢᠯᠴᠠᠵᠤ ᠤᠢᠯᠠᠭᠠᠯᠴᠠᠬᠤ ᠳ᠋ᠤ ᠨᠦᠬᠦᠴᠡᠯ ᠬᠠᠩᠭᠠᠵᠠᠢ᠃
ᠠᠵᠢᠯᠯᠠᠭ᠎ᠠ᠎ᠶ᠋ᠢᠨ ᠶᠠᠪᠤᠴᠠ᠎ᠳᠤ᠂ ᠤᠷᠤᠭ᠎ᠤᠨ ᠶᠠᠪᠤᠳᠠᠯ᠎ᠢ ᠳᠥᠭᠦᠮᠴᠢᠯᠡᠬᠦ᠂ ᠪᠣᠯᠪᠠᠰᠤᠨ ᠠᠷᠪᠢᠴᠢ ᠭᠠᠮᠲᠠᠢ ᠤᠷᠤᠭ ᠬᠤᠷᠢᠮ ᠢᠨᠠᠭ ᠳᠤᠷᠠᠯᠠᠯ᠎ᠤᠨ ᠰᠢᠨ᠎ᠡ ᠰᠤᠷᠲᠠᠯ᠎ᠢ ᠪᠤᠢ ᠪᠤᠯᠭᠠᠬᠤ ᠵᠢ ᠢᠳᠡᠪᠬᠢᠲᠡᠢ ᠰᠠᠨᠠᠭᠠᠴᠢᠯᠠᠵᠤ᠂ ᠥᠷᠭᠡᠨ ᠣᠯᠠᠨ ᠵᠠᠯᠠᠭᠤᠴᠤᠳ᠎ᠤᠨ ᠶᠡᠭᠡ᠎ᠪᠠᠷ ᠬᠢᠬᠦ᠂ ᠠᠳᠠᠯᠢᠳᠬᠠᠨ ᠬᠢᠬᠦ ᠵᠡᠷᠭᠡ ᠪᠤᠯᠬᠢ ᠰᠤᠷᠲᠠᠯ᠎ᠢ ᠤᠬᠠᠮᠰᠠᠷ᠎ᠡᠴᠡ᠎ᠪᠠᠨ ᠡᠰᠡᠷᠭᠦᠴᠡᠨ ᠬᠤᠷᠢᠭᠯᠠᠵᠤ᠂ ᠪᠣᠯᠪᠠᠰᠤᠨ ᠣᠷᠤᠭ ᠬᠤᠷᠢᠮ᠎ᠤᠨ ᠰᠢᠨ᠎ᠡ ᠰᠤᠷᠲᠠᠯ᠎ᠢ ᠰᠠᠨᠠᠭᠠᠴᠢᠯᠠᠭᠴᠢ᠂ ᠤᠯᠠᠮᠵᠢᠯᠠᠭᠴᠢ᠂ ᠦᠢᠯᠡᠳᠦᠯᠭᠡᠵᠢᠭᠦᠯᠦᠭᠴᠢ ᠪᠤᠯᠵᠤ᠂ ᠵᠠᠯᠠᠭᠤᠴᠤᠳ᠎ᠤᠨ ᠬᠦᠴᠦᠨ᠎ᠢᠶᠠᠷ ᠪᠣᠯᠪᠠᠰᠤᠨ ᠨᠤᠲᠤᠭ᠎ᠤᠨ ᠰᠤᠷᠲᠠᠯ᠂ ᠰᠠᠶ᠋ᠢᠨ ᠰᠠᠶ᠋ᠢᠬᠠᠨ ᠭᠡᠷ᠎ᠤᠨ ᠰᠤᠷᠲᠠᠯ᠂ ᠪᠣᠷᠤᠭᠵᠢᠭᠤᠨ ᠠᠷᠠᠳ᠎ᠤᠨ ᠰᠤᠷᠲᠠᠯ᠎ᠢ ᠪᠣᠢ ᠪᠣᠯᠭᠠᠬᠤ ᠵᠢ ᠰᠠᠨᠠᠭᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃