ᠲᠡᠷᠢᠭᠦᠨ ᠨᠢᠭᠤᠷ>ᠬᠦᠮᠦᠨ ᠨᠡᠢᠭᠡᠮ>ᠨᠡᠢᠭᠡᠮ ᠠᠮᠢᠳᠣᠷᠠᠯ

2026-09-07 09:58:36

ᠵᠣᠬᠢᠶᠠᠭ᠍ᠴᠢ᠄ ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ 7 ᠰᠠᠷ᠎ᠠ᠎ᠶᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ᠎ᠤᠨ ᠦᠨᠳᠦᠰᠦᠨ ᠡᠮ ᠡᠮᠨᠡᠯᠬᠡ ᠵᠢᠨ ᠳᠠᠭᠠᠳᠬᠠᠯ᠎ᠳᠤ ᠣᠷᠣᠯᠴᠠᠭᠰᠠᠨ ᠬᠥᠮᠥᠨ᠎ᠦ ᠲᠣᠭ᠎ᠠ 2167.99 ᠲᠦᠮᠡ᠎ᠳᠦ ᠬᠦᠷᠴᠦ᠂ ᠳᠠᠭᠠᠳᠬᠠᠯ᠎ᠳᠤ ᠣᠷᠣᠯᠴᠠᠭᠰᠠᠨ ᠨᠣᠷᠮ᠎ᠠ ᠦᠷᠭᠦᠯᠵᠢᠯᠡᠨ 95% ᠡᠴᠠ ᠳᠡᠭᠡᠭᠰᠢ᠎ᠳᠦ ᠲᠣᠭᠲᠠᠪᠤᠷᠢᠵᠢᠪᠠ᠃ ᠰᠢᠨ᠎ᠡ ᠨᠢᠭᠡ ᠵᠢᠯ᠎ᠦᠨ ᠳᠠᠭᠠᠳᠬᠠᠯ᠎ᠳᠤ ᠣᠷᠣᠯᠴᠠᠬᠤ ᠠᠵᠢᠯ᠎ᠢ ᠰᠠᠢᠲᠤᠷ ᠬᠢᠵᠦ᠂ ᠪᠥᠬᠥ ᠠᠷᠠᠳ᠎ᠢᠶᠠᠷ᠎ᠢᠶᠠᠨ ᠳᠠᠭᠠᠳᠬᠠᠯ᠎ᠳᠤ ᠣᠷᠣᠯᠴᠠᠭᠰᠠᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠡᠬᠢᠵᠢᠭᠦᠯᠬᠦ᠎ᠶᠢᠨ ᠲᠦᠯᠤᠬᠡ᠂ 8 ᠰᠠᠷ᠎ᠠ᠎ᠶᠢᠨ 28 ᠤ᠋ ᠡᠳᠦᠷ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠥ ᠠᠷᠠᠳ᠎ᠢᠶᠠᠷ᠎ᠢᠶᠠᠨ ᠳᠠᠭᠠᠳᠬᠠᠯ᠎ᠳᠤ ᠣᠷᠣᠯᠴᠠᠬᠤ᠎ᠶᠢ ᠲᠥᠪᠯᠡᠷᠡᠭᠦᠯᠦᠨ ᠤᠬᠠᠭᠤᠯᠬᠤ ᠰᠠᠷ᠎ᠠ᠎ᠶᠢᠨ ᠠᠵᠢᠯᠯᠠᠭ᠎ᠠ ᠤᠯᠠᠭᠠᠨᠬᠠᠳᠠ ᠬᠣᠲᠠ᠎ᠳᠤ ᠡᠬᠢᠯᠡᠵᠦ᠂ ᠡᠯ᠎ᠡ ᠠᠢᠮᠠᠭ ᠬᠣᠲᠠ ᠵᠡᠷᠭᠡ ᠳ᠋ᠦ᠍ᠨᠢ ᠰᠢᠷᠢᠰ ᠠᠵᠢᠯᠯᠠᠭ᠎ᠠ ᠥᠷᠨᠢᠭᠦᠯᠪᠡ᠃

ᠲᠣᠰ ᠤᠳᠠᠭ᠎ᠠ ᠵᠢᠨ ᠠᠵᠢᠯᠯᠠᠭ᠎ᠠ ᠨᠢ 《ᠳᠤᠮᠳᠠᠳᠤ ᠤᠯᠤᠰ᠎ᠤᠨ ᠡᠮ ᠡᠮᠨᠡᠯᠬᠡ ᠵᠢᠨ ᠳᠠᠭᠠᠳᠬᠠᠯ ᠨᠠᠰᠤᠨ ᠲᠤᠷᠰᠢᠲᠠ ᠵᠢᠨ ᠰᠠᠬᠢᠨ ᠬᠠᠮᠠᠭᠠᠯᠠᠯᠳᠠ》 ᠪᠠᠷ ᠭᠣᠣᠯ ᠰᠡᠳᠦᠪ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠪᠠ ᠤᠯᠠᠭᠠᠨᠬᠠᠳᠠ ᠬᠣᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠬᠠᠮᠲᠤᠷᠠᠨ ᠡᠷᠭᠢᠯᠡᠪᠡ᠃ ᠠᠵᠢᠯᠯᠠᠭ᠎ᠠ ᠨᠢ ᠠᠷᠠᠳ ᠣᠯᠠᠨ᠎ᠤ ᠠᠩᠬᠠᠷᠴᠤ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠤᠨ᠂ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠤᠬᠠᠭᠤᠯᠵᠤ᠂ ᠡᠮ ᠡᠮᠨᠡᠯᠬᠡ ᠵᠢᠨ ᠲᠠᠭᠠᠳᠬᠠᠯ ᠤ᠋ᠨ ᠳᠦᠷᠢᠮ᠎ᠦᠨ ᠳᠠᠪᠠᠭᠤᠯᠢᠭ᠋᠎ᠢ ᠬᠠᠮᠲᠤ᠎ᠪᠠᠷ ᠳᠠᠮᠵᠢᠭᠤᠯᠵᠤ᠂ ᠰᠠᠨᠠᠭᠠᠴᠢᠯᠠᠭ᠎ᠠ᠎ᠠᠴᠠ᠎ᠪᠠᠨ ᠡᠮ ᠡᠮᠨᠡᠯᠬᠡ ᠵᠢᠨ ᠳᠠᠭᠠᠳᠬᠠᠯ᠎ᠳᠤ ᠣᠷᠣᠯᠴᠠᠵᠤ ᠰᠦᠢᠳᠬᠡᠯ ᠲᠤᠰᠢᠶᠠᠬᠤ ᠪᠠ ᠡᠷᠡᠭᠦᠯ ᠮᠡᠨᠳᠦ᠎ᠶᠢᠨ ᠠᠶᠤᠯ ᠲᠦᠭᠰᠢᠭᠦᠷᠢ᠎ᠶᠢ ᠰᠡᠷᠭᠡᠢᠯᠡᠬᠦ ᠤᠬᠠᠮᠰᠠᠷ᠎ᠢ ᠪᠠᠲᠤ ᠪᠣᠶ ᠪᠣᠯᠭᠠᠵᠤ᠂ ᠣᠯᠠᠨ ᠲᠦᠮᠡᠨ᠎ᠦ ᠡᠮ ᠡᠮᠨᠡᠯᠬᠡ ᠵᠢᠨ ᠳᠠᠭᠠᠳᠬᠠᠯ᠎ᠤᠨ ᠲᠥᠷᠥ᠎ᠶᠢᠨ ᠪᠣᠳᠣᠯᠭ᠎ᠠ᠎ᠶᠢ ᠣᠢᠯᠠᠭᠠᠬᠤ ᠬᠡᠮᠵᠢᠶ᠎ᠡ ᠪᠠ ᠳᠠᠭᠠᠳᠬᠠᠯ᠎ᠳᠤ ᠣᠷᠣᠯᠴᠠᠵᠤ ᠰᠦᠢᠳᠬᠡᠯ ᠲᠤᠰᠢᠶᠠᠬᠤ ᠢᠳᠡᠪᠬᠢᠵᠢᠯ᠎ᠢ ᠦᠨᠡᠨ ᠬᠦ᠌ ᠳᠡᠭᠡᠭᠰᠢᠯᠡᠭᠦᠯᠵᠠᠢ᠃

ᠠᠵᠢᠯᠯᠠᠭ᠎ᠠ᠎ᠳᠤ᠂ ᠨᠡᠢᠭᠡᠮ ᠲᠣᠭᠣᠷᠢᠭ᠋᠎ᠤᠨ ᠠᠵᠢᠯᠲᠠᠨ᠂ ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ ᠲᠣᠰ ᠲᠣᠰ ᠦᠨᠳᠦᠰᠦᠨ ᠱᠠᠲᠤᠨ᠎ᠤ ᠳᠠᠭᠠᠳᠬᠠᠯ᠎ᠳᠤ ᠣᠷᠣᠯᠴᠠᠭᠰᠠᠨ ᠳᠠᠢᠴᠢᠯᠠᠯᠲᠠ᠂ ᠡᠮ ᠡᠮᠨᠡᠯᠭᠡ᠎ᠶᠢᠨ ᠳᠠᠭᠠᠳᠬᠠᠯ᠎ᠤᠨ ᠲᠥᠷᠥ᠎ᠶᠢᠨ ᠪᠣᠳᠣᠯᠭ᠎ᠠ᠎ᠶᠢᠨ ᠠᠰᠢᠭ᠋ ᠭᠥᠷᠳᠡᠭᠰᠡᠨ ᠵᠡᠷᠭᠡ ᠥᠩᠭᠡᠷᠡᠯᠲᠡ ᠲᠠᠢ ᠪᠠᠨ ᠤᠶᠠᠯᠳᠤᠭᠤᠯᠤᠨ ᠰᠤᠯᠢᠯᠴᠠᠨ ᠬᠤᠪᠢᠶᠠᠯᠴᠠᠵᠤ᠂ ᠡᠮ ᠡᠮᠨᠡᠯᠭᠡ᠎ᠶᠢᠨ ᠳᠠᠭᠠᠳᠬᠠᠯ᠎ᠤᠨ ᠰᠠᠢᠨ ᠲᠠᠭᠤᠨ᠎ᠢ ᠳᠠᠮᠵᠢᠭᠤᠯᠵᠤ᠂ ᠨᠡᠢᠭᠡᠮ᠎ᠦᠨ ᠣᠯᠠᠨ ᠲᠦᠮᠡᠨ᠎ᠦ ᠡᠮ ᠡᠮᠨᠡᠯᠭᠡ᠎ᠶᠢᠨ ᠳᠠᠭᠠᠳᠬᠠᠯ᠎ᠤᠨ ᠳᠦᠷᠢᠮ᠎ᠦᠨ ᠲᠤᠬᠠᠢ ᠣᠢᠯᠠᠭᠠᠯᠲᠠ᠎ᠶᠢ ᠨᠡᠮᠡᠭᠳᠡᠭᠦᠯᠵᠦ᠂ 《ᠪᠥᠬᠥ ᠠᠷᠠᠳ᠎ᠢᠶᠠᠷ᠎ᠢᠶᠠᠨ ᠳᠠᠭᠠᠳᠬᠠᠯ᠎ᠳᠤ ᠣᠷᠣᠯᠴᠠᠬᠤ᠂ ᠬᠥᠮᠥᠨ ᠪᠦᠬᠦᠨ ᠠᠰᠢᠭ᠋ ᠭᠥᠷᠳᠡᠬᠦ》 ᠰᠠᠢᠨ ᠰᠠᠢᠬᠠᠨ ᠨᠡᠢᠭᠡᠮ᠎ᠦᠨ ᠠᠭᠤᠷ ᠠᠮᠢᠰᠬᠤᠯ᠎ᠢ ᠪᠣᠶ ᠪᠣᠯᠭᠠᠵᠤ᠂ ᠳᠠᠭᠠᠳᠬᠠᠯ᠎ᠳᠤ ᠣᠷᠣᠯᠴᠠᠬᠤ ᠪᠦᠷᠬᠦᠴᠡ᠎ᠶᠢᠨ ᠬᠡᠪᠴᠢᠶ᠎ᠡ᠎ᠶᠢ ᠦᠷᠭᠦᠯᠵᠢᠯᠡᠨ ᠥᠷᠭᠡᠳᠬᠡᠬᠦ᠎ᠶᠢ ᠠᠬᠢᠭᠤᠯᠪᠠ᠃ ᠲᠣᠰ ᠤᠳᠠᠭ᠎ᠠ ᠵᠢᠨ ᠤᠬᠠᠭᠤᠯᠭ᠎ᠠ᠎ᠶᠢᠨ ᠰᠠᠷ᠎ᠠ᠎ᠶᠢᠨ ᠠᠵᠢᠯᠯᠠᠭ᠎ᠠ᠎ᠶᠢᠨ ᠬᠤᠭᠤᠴᠠᠭᠠᠨ᠎ᠳᠤ᠂ ᠪᠥᠬᠥ ᠣᠷᠣᠨ᠎ᠤ ᠡᠯ᠎ᠡ ᠱᠠᠲᠤᠨ᠎ᠤ ᠡᠮᠴᠢᠯᠡᠭᠡᠨ᠎ᠦ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠬᠢᠨ ᠭᠣᠣᠯ ᠰᠡᠳᠦᠪᠲᠦ ᠤᠬᠠᠭᠤᠯᠭ᠎ᠠ᠂ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ ᠦᠷᠨᠢᠬᠦᠯᠦᠨ᠎ᠠ᠃

ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ ᠵᠢᠨ ᠲᠣᠪᠴᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ ᠳ᠋ᠡᠬᠡᠨ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ ᠵᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 〈1571〉 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠡᠮᠴᠢᠯᠡᠭᠡᠨ᠎ᠦ ᠪᠠᠲᠤᠯᠠᠭ᠎ᠠ᠎ᠶᠢᠨ ᠭᠤᠷᠪᠠᠨ ᠵᠦᠢᠯ᠎ᠦᠨ ᠳᠦᠷᠢᠮ᠎ᠦᠨ ᠶᠡᠷᠦᠩᠬᠡᠢᠯᠡᠭᠰᠡᠨ ᠪᠠᠲᠤᠯᠠᠭ᠎ᠠ᠎ᠶᠢᠨ ᠰᠠᠭᠤᠷᠢ᠎ᠶᠢ ᠦᠷᠭᠦᠯᠵᠢᠯᠡᠨ ᠪᠡᠬᠢᠵᠢᠭᠦᠯᠵᠦ᠂ ᠦᠨᠳᠦᠰᠦᠨ ᠡᠮ ᠡᠮᠨᠡᠯᠬᠡ ᠵᠢᠨ ᠳᠠᠭᠠᠳᠬᠠᠯ᠎ᠳᠤ ᠣᠷᠣᠯᠴᠠᠬᠤ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠭᠦᠯᠦᠨ᠂ ᠡᠯ᠎ᠡ ᠲᠠᠯ᠎ᠠ᠎ᠶᠢᠨ ᠬᠦᠴᠦᠨ᠎ᠢ ᠨᠢᠭᠡᠳᠦᠯᠲᠡᠢ ᠲᠥᠯᠥᠪᠵᠢᠭᠦᠯᠵᠦ᠂ ᠳᠠᠭᠠᠳᠬᠠᠯ᠎ᠳᠤ ᠣᠷᠣᠯᠴᠠᠭᠰᠠᠨ ᠦᠷ᠎ᠡ ᠪᠦᠲᠦᠮᠵᠢ᠎ᠶᠢ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠦᠨ᠎ᠡ; ᠤᠯᠠᠨ ᠶᠠᠩᠵᠦ ᠵᠢᠨ ᠤᠬᠠᠭᠤᠯᠭ᠎ᠠ᠎ᠶᠢᠨ ᠠᠷᠭ᠎ᠠ ᠬᠡᠯᠪᠡᠷᠢ᠎ᠪᠡᠷ ᠡᠮ ᠡᠮᠨᠡᠯᠬᠡ ᠵᠢᠨ ᠳᠠᠭᠠᠳᠬᠠᠯ᠎ᠤᠨ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠵᠤ᠂ ᠳᠠᠭᠠᠳᠬᠠᠯ᠎ᠳᠤ ᠣᠷᠣᠯᠴᠠᠬᠤ ᠣᠯᠠᠨ ᠡᠰᠢᠵᠢᠭᠰᠡᠨ ᠵᠠᠷᠤᠳᠠᠯ ᠲᠤᠰᠢᠶᠠᠬᠤ ᠠᠷᠭ᠎ᠠ ᠵᠠᠮ᠎ᠢ ᠢᠳᠡᠪᠬᠢᠲᠡᠢ᠎ᠪᠡᠷ ᠥᠷᠭᠡᠳᠬᠡᠵᠦ᠂ ᠳᠡᠷᠭᠡᠳᠡᠬᠢ ᠰᠢᠨ᠎ᠡ ᠰᠣᠷᠭᠣᠭ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠰᠠᠢᠲᠤᠷ ᠬᠡᠷᠡᠭᠯᠡᠨ᠂ ᠭᠦᠨ ᠵᠤᠵᠠᠭᠠᠨ ᠤᠬᠠᠭᠤᠯᠭ᠎ᠠ᠎ᠶᠢᠨ ᠠᠭᠤᠷ ᠠᠮᠢᠰᠬᠤᠯ᠎ᠢᠶᠠᠷ ᠣᠯᠠᠨ ᠲᠦᠮᠡᠨ᠎ᠦ ᠳᠠᠭᠠᠳᠬᠠᠯ᠎ᠳᠤ ᠣᠷᠣᠯᠴᠠᠬᠤ ᠢᠳᠡᠪᠬᠢᠵᠢᠯ᠎ᠢ ᠳᠠᠢᠴᠢᠯᠠᠨ᠎ᠠ ᠬᠡᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面