2026-09-14 10:39:57
ᠲᠦᠷᠦᠭᠦᠭᠡᠨ᠂ ᠰᠤᠷᠪᠤᠯᠵᠢᠯᠠᠭᠴᠢ ᠦᠪᠦᠷ ᠮᠤᠨᠭᠭᠤᠯ᠎ᠦᠨ ᠦᠪᠡᠷᠳᠡᠭᠡᠨ ᠵᠠᠰᠠᠬᠤ ᠤᠷᠤᠨ᠎ᠤ ᠠᠷᠠᠳ᠎ᠦᠨ ᠶᠠᠪᠤᠳᠠᠯ᠎ᠦᠨ ᠲᠢᠨᠭᠭᠢᠮ ᠡᠴᠡ ᠤᠢᠯᠠᠭᠠᠭᠰᠠᠨ᠎ᠢᠶᠡᠷ᠂ ᠠᠷᠪᠠᠨ ᠭᠤᠷᠪᠠᠳᠤᠭᠠᠷ ᠬᠤᠭᠤᠴᠠᠭᠠᠨ᠎ᠤ 《ᠳᠤᠮᠳᠠᠳᠤ᠎ᠶ᠋ᠢᠨ ᠨᠢᠭᠦᠯᠡᠰᠦᠩᠭᠦᠢ᠎ᠶ᠋ᠢᠨ ᠱᠠᠩᠨᠠᠯ》᠎ᠢ᠋ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳ᠋ᠤ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠪᠠᠷᠠᠭᠤᠨ ᠦᠵᠦᠮᠦᠴᠢᠨ ᠬᠤᠰᠢᠭᠤᠨ᠎ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠎ᠶ᠋ᠢᠨ 《ᠮᠣᠷᠢᠨ ᠨᠢᠷᠤᠭᠤᠨ ᠳᠡᠭᠡᠷᠡᠬᠢ ᠭᠠᠯ ᠤᠨᠲᠠᠷᠠᠭᠠᠬᠴᠢ》 ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ ᠨᠢᠭᠦᠯᠡᠰᠦᠩᠭᠦᠢ᠎ᠶ᠋ᠢᠨ ᠵᠢᠱ᠌ᠢᠶᠡᠴᠢ ᠵᠢᠨ ᠱᠠᠩᠨᠠᠯ᠎ᠢ ᠭᠥᠷᠳᠡᠵᠦ᠍᠂ ᠥᠪᠦᠷ ᠮᠣᠩᠭᠤᠯ᠎ᠤᠨ ᠢᠯᠢ ᠠᠵᠤ ᠦᠢᠯᠡᠰ᠎ᠤᠨ ᠪᠦᠯᠦᠭᠯᠡᠯ᠎ᠤᠨ ᠬᠤᠪᠢᠴᠠᠭᠠᠳᠤ ᠬᠢᠵᠠᠭᠠᠷᠲᠤ᠌ ᠺᠣᠮᠫᠠᠨᠢ᠂ ᠬᠤᠢ ᠨᠧᠩ ᠬᠤᠪᠢ ᠡᠵᠡᠮᠳᠡᠭᠰᠡᠨ ᠪᠦᠯᠦᠭᠯᠡᠯ᠎ᠤᠨ ᠬᠢᠵᠠᠭᠠᠷᠲᠤ᠌ ᠺᠣᠮᠫᠠᠨᠢ ᠠᠵᠤ ᠠᠬᠤᠶ᠋ᠢᠯᠠᠯ᠎ᠤᠨ ᠬᠠᠨᠳᠢᠪ ᠦᠵᠡᠬᠦᠯᠦᠭᠰᠡᠨ ᠱᠠᠩᠨᠠᠯ᠎ᠢ ᠭᠥᠷᠳᠡᠪᠡ᠃
ᠳᠤᠮᠳᠠᠳᠤ᠎ᠶ᠋ᠢᠨ ᠨᠢᠭᠦᠯᠡᠰᠦᠩᠭᠦᠢ᠎ᠶ᠋ᠢᠨ ᠱᠠᠩᠨᠠᠯ᠎ᠨᠢ ᠮᠠᠨ᠎ᠤ ᠤᠯᠤᠰ᠎ᠤᠨ ᠨᠢᠭᠦᠯᠡᠰᠦᠩᠭᠦᠢ᠎ᠶ᠋ᠢᠨ ᠬᠦᠷᠢᠶᠡᠨ᠎ᠳᠡᠬᠢ ᠬᠠᠮᠤᠭ᠎ᠤᠨ ᠳᠡᠭᠡᠳᠦ ᠵᠠᠰᠠᠭ᠎ᠤᠨ ᠣᠷᠳᠤᠨ᠎ᠤ ᠱᠠᠩᠨᠠᠯ ᠪᠣᠯᠤᠭᠰᠠᠨ᠎ᠤ ᠬᠤᠪᠢ᠎ᠳᠤ ᠨᠢᠭᠦᠯᠡᠰᠦᠩᠭᠦᠢ᠎ᠶ᠋ᠢᠨ ᠬᠦᠷᠢᠶᠡᠨ᠎ᠳᠦ ᠲᠣᠪᠤᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ᠎ᠢ ᠬᠥᠬᠢᠭᠦᠯᠦᠨ ᠰᠠᠢᠰᠢᠶᠠᠳᠠᠭ᠃ ᠲᠣᠰ ᠤᠳᠠᠭᠠᠨ᠎ᠤ ᠱᠠᠩᠨᠠᠯ ᠪᠣᠯ ᠥᠪᠦᠷ ᠮᠣᠩᠭᠤᠯ᠎ᠤᠨ ᠨᠢᠭᠦᠯᠡᠰᠦᠩᠭᠦᠢ᠎ᠶ᠋ᠢᠨ ᠬᠦᠴᠦᠨ᠎ᠢ ᠳᠡᠭᠡᠳᠦ ᠬᠡᠮᠵᠢᠶ᠎ᠡ᠎ᠪᠠᠷ ᠨᠤᠲᠠᠯᠠᠭᠰᠠᠨ ᠪᠥᠭᠡᠳ ᠪᠠᠰᠠ ᠨᠡᠶ᠋ᠢᠭᠡᠮ᠎ᠤᠨ ᠡᠯ᠎ᠡ ᠡᠲᠡᠭᠡᠳ᠎ᠤᠨ ᠰᠢᠨ᠎ᠡ ᠴᠠᠭ ᠦᠶ᠎ᠡ᠎ᠳᠤ ᠨᠢᠭᠦᠯᠡᠰᠦᠩᠭᠦᠢ᠎ᠶ᠋ᠢᠨ ᠦᠢᠯᠡᠰ᠎ᠤᠨ ᠬᠥᠭᠵᠢᠯᠲᠡ᠎ᠶ᠋ᠢ ᠠᠬᠢᠭᠤᠯᠬᠤ ᠢᠳᠡᠪᠬᠢᠲᠡᠢ ᠵᠢᠳᠬᠦᠯ ᠴᠢᠷᠮᠠᠶ᠋ᠢᠯᠭ᠎ᠠ᠎ᠶ᠋ᠢ ᠢᠯᠡᠷᠡᠭᠦᠯᠦᠭᠰᠡᠨ ᠪᠠᠶ᠋ᠢᠨ᠎ᠠ᠃ ᠪᠠᠷᠠᠭᠤᠨ ᠦᠵᠦᠮᠦᠴᠢᠨ ᠬᠤᠰᠢᠭᠤᠨ᠎ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠎ᠶ᠋ᠢᠨ 《ᠮᠣᠷᠢᠨ ᠨᠢᠷᠤᠭᠤᠨ ᠳᠡᠭᠡᠷᠡᠬᠢ ᠭᠠᠯ ᠤᠨᠲᠠᠷᠠᠭᠠᠬᠴᠢ》 ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ ᠪᠠᠴᠢᠮ ᠪᠠᠶ᠋ᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠡᠭᠦᠷᠭᠡ᠎ᠪᠠᠨ ᠪᠡᠶᠡᠯᠡᠭᠦᠯᠬᠦ᠎ᠶ᠋ᠢᠨ ᠬᠠᠮᠲᠤ᠌᠂ ᠦᠪᠡᠰᠦᠪᠠᠨ ᠡᠪᠡᠰᠦ ᠪᠣᠷᠳᠤᠭ᠎ᠠ ᠴᠤᠬᠯᠠᠭᠤᠯᠵᠤ ᠭᠠᠮᠰᠢᠭᠳᠠᠭᠰᠠᠨ ᠮᠠᠯᠴᠢᠳ᠎ᠢ ᠠᠪᠤᠷᠠᠨ ᠲᠤᠰᠠᠯᠠᠵᠤ᠂ ᠬᠦᠴᠢᠷᠳᠡᠯᠲᠡᠢ ᠰᠤᠷᠤᠭᠴᠢᠳ᠎ᠢ ᠲᠤᠰᠠᠯᠠᠵᠤ᠂ ᠥᠨᠦᠴᠢᠨ ᠪᠡᠯᠪᠡᠰᠦᠨ ᠨᠠᠰᠤᠲᠠᠨ ᠪᠣᠯᠤᠨ ᠦᠷᠡᠭᠳᠡᠭᠰᠡᠨ ᠪᠠᠭᠠᠲᠤᠷᠴᠤᠳ᠎ᠤᠨ ᠬᠡᠷ ᠪᠦᠯᠢ ᠵᠢᠨ ᠬᠢᠨᠢ ᠠᠰᠠᠷᠠᠨ ᠬᠠᠷᠠᠭᠠᠯᠵᠠᠵᠤ᠂ ᠨᠤᠳᠤᠭ ᠤᠰᠤᠨ᠎ᠤ ᠪᠠᠨ ᠠᠮᠤᠷ ᠲᠦᠪᠰᠢᠨ᠎ᠢ ᠬᠠᠮᠠᠭᠠᠯᠠᠪᠠ᠃ ᠱᠠᠩᠨᠠᠯ ᠬᠦᠷᠳᠡᠭᠰᠡᠨ ᠬᠤᠶᠠᠷ ᠠᠵᠤ ᠠᠬᠤᠶ᠋ᠢᠯᠠᠯ᠎ᠨᠢ ᠤᠷᠲᠤ᠌ ᠬᠤᠭᠤᠴᠠᠭ᠎ᠠ᠎ᠪᠠᠷ ᠶᠠᠳᠠᠭᠤ᠎ᠶ᠋ᠢ ᠲᠡᠳᠬᠦᠨ ᠬᠦᠴᠢᠷᠳᠡᠯᠲᠡᠢ᠎ᠶ᠋ᠢ ᠬᠠᠪᠰᠤᠷᠤᠨ ᠲᠡᠳᠬᠦᠬᠦ᠂ ᠬᠥᠳᠡᠭᠡ ᠲᠣᠰᠭᠤᠨ᠎ᠢ ᠬᠥᠭᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ ᠡᠮ ᠡᠮᠨᠡᠯᠭᠡ᠂ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭᠠᠰᠭᠠᠬᠤ᠂ ᠪᠠᠴᠢᠮ ᠪᠠᠶ᠋ᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠬᠦᠷᠢᠶᠡᠨ᠎ᠳᠤ ᠨᠡᠶ᠋ᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ ᠳ᠋ᠤ ᠣᠷᠤᠯᠴᠠᠵᠤ᠂ ᠲᠤᠪᠤᠶ᠋ᠢᠮ᠎ᠠ ᠬᠤᠪᠢ ᠨᠡᠮᠡᠷᠢ ᠦᠵᠡᠭᠦᠯᠵᠡᠢ᠃ ᠢᠯᠢ ᠪᠦᠯᠦᠭᠯᠡᠯ᠎ᠦᠨ ᠬᠢᠨ ᠶᠠᠷᠢᠶᠠᠨ ᠳ᠋ᠠᠭᠠᠨ 《ᠲᠤᠰᠭᠠᠢ ᠮᠡᠷᠭᠡᠵᠢᠯ᠎ᠤᠨ ᠬᠦᠴᠦᠨ᠎ᠢᠶᠠᠷ ᠨᠢᠭᠦᠯᠡᠰᠦᠩᠭᠦᠢ᠎ᠶ᠋ᠢᠨ ᠦᠢᠯᠡᠰ ᠲᠸ᠋ ᠬᠦᠴᠦᠨ ᠨᠡᠮᠡᠷᠢᠯᠡᠬᠦ᠌》 ᠨᠡᠶ᠋ᠢᠲᠡ᠎ᠶ᠋ᠢᠨ ᠠᠰᠠᠷᠠᠮᠵᠢ᠎ᠶ᠋ᠢᠨ ᠦᠢᠯᠡᠳᠦᠯᠭᠡ᠎ᠶ᠋ᠢᠨ ᠤᠢᠯᠠᠭᠠᠭᠳᠠᠬᠤᠨ᠎ᠢ ᠬᠤᠪᠢᠶᠠᠯᠴᠠᠵᠤ᠂ ᠨᠢᠭᠦᠯᠡᠰᠦᠩᠭᠦᠢ᠎ᠶ᠋ᠢᠨ ᠦᠢᠯᠡᠰ᠎ᠤᠨ ᠬᠥᠭᠵᠢᠯᠲᠡ᠎ᠳ᠋ᠤ ᠦᠷᠭᠦᠯᠵᠢᠯᠡᠨ ᠬᠦᠴᠦᠨ ᠴᠢᠳᠠᠯ᠎ᠢᠶᠠᠨ ᠡᠷᠭᠦᠵᠦ᠍᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠰᠠᠬᠢᠨ ᠬᠠᠮᠠᠭᠠᠯᠠᠵᠤ᠂ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠢ ᠬᠠᠮᠲᠤ ᠪᠠᠷ ᠴᠣᠭᠴᠠᠯᠠᠨ᠎ᠠ ᠭᠡᠵᠦ᠍ ᠢᠯᠡᠳᠬᠡᠪᠡ᠃
ᠣᠶ᠋ᠢᠷ᠎ᠠ᠎ᠶ᠋ᠢᠨ ᠵᠢᠯ᠎ᠤᠨ ᠲᠤᠷᠰᠢ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ ᠲᠥᠷᠦ᠎ᠶ᠋ᠢᠨ ᠪᠣᠳᠤᠯᠭ᠎ᠠ᠎ᠶ᠋ᠢᠨ ᠰᠢᠰᠲᠧᠮ᠎ᠢ ᠲᠡᠭᠦᠯᠳᠡᠷᠵᠢᠭᠦᠯᠬᠦ᠂ ᠬᠠᠩᠭᠠᠯᠭ᠎ᠠ ᠬᠡᠷᠡᠭᠴᠡᠭᠡ᠎ᠶ᠋ᠢ ᠵᠣᠯᠭᠠᠭᠤᠯᠬᠤ ᠲᠠᠪᠴᠠᠩ᠎ᠢ ᠪᠠᠶ᠋ᠢᠭᠤᠯᠬᠤ᠂ ᠦᠢᠯᠡᠴᠢᠯᠡᠭᠡᠨ᠎ᠤ ᠪᠠᠲᠤᠯᠠᠭ᠎ᠠ᠎ᠶ᠋ᠢ ᠰᠢᠯᠢᠳᠡᠭᠵᠢᠭᠦᠯᠬᠦ᠂ ᠰᠢᠯᠭᠠᠷᠠᠭᠤᠯᠬᠤ ᠶᠠᠪᠤᠴᠠ ᠵᠢ ᠵᠢᠷᠤᠮᠵᠢᠭᠤᠯᠬᠤ᠎ᠪᠠᠷ ᠳᠠᠮᠵᠢᠭᠤᠯᠤᠨ᠂ ᠴᠢᠨᠠᠷ ᠰᠠᠶ᠋ᠢᠲᠠᠢ ᠨᠡᠶ᠋ᠢᠲᠡ᠎ᠶ᠋ᠢᠨ ᠠᠰᠠᠷᠠᠮᠵᠢ᠎ᠶ᠋ᠢᠨ ᠭᠤᠤᠯ ᠴᠣᠭᠴᠠ᠎ᠶ᠋ᠢ ᠲᠠᠰᠤᠷᠠᠯᠲᠠ ᠥᠬᠡᠢ ᠠᠭᠤᠳᠠᠯᠵᠤ᠂ ᠲᠣᠰ ᠭᠠᠵᠠᠷ᠎ᠤᠨ ᠨᠢᠭᠦᠯᠡᠰᠦᠩᠭᠦᠢ᠎ᠶ᠋ᠢᠨ ᠨᠡᠶ᠋ᠢᠲᠡᠯᠢᠭ ᠵᠢᠱ᠌ᠢᠶ᠎ᠡ᠎ᠶ᠋ᠢ ᠦᠷᠭᠦᠯᠵᠢᠯᠡᠨ ᠪᠤᠶ᠋ᠢᠵᠢᠭᠤᠯᠵᠤ᠂ ᠨᠢᠭᠦᠯᠡᠰᠦᠩᠭᠦᠢ᠎ᠶ᠋ᠢᠨ ᠡᠬᠢ ᠪᠠᠶᠠᠯᠢᠭ᠎ᠢ ᠨᠠᠰᠤᠲᠠᠶ᠋ᠢᠴᠤᠳ ᠪᠠ ᠨᠢᠯᠬᠠᠰ᠂ ᠪᠠᠴᠢᠮ ᠪᠠᠶ᠋ᠢᠳᠠᠯ᠎ᠢ ᠠᠷᠭᠠᠴᠠᠭᠠᠵᠤ ᠭᠠᠮᠰᠢᠭ᠎ᠠᠴᠠ ᠠᠪᠤᠷᠠᠬᠤ᠂ ᠬᠥᠳᠡᠭᠡ ᠲᠣᠰᠭᠤᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠠᠷᠠᠳ᠎ᠤᠨ ᠠᠮᠢᠳᠤᠷᠠᠯ᠎ᠤᠨ ᠭᠤᠤᠯᠳᠠᠯᠭ᠎ᠠ᠎ᠲᠠᠢ ᠬᠦᠷᠢᠶ᠎ᠡ ᠲᠡᠶ᠋ᠢᠰᠢ ᠬᠡᠯᠪᠠᠶ᠋ᠢᠯᠭᠡᠬᠦ ᠵᠢ ᠬᠥᠲᠦᠯᠦᠨ ᠵᠢᠯᠤᠭᠤᠳᠴᠤ᠌᠂ ᠣᠯᠠᠨ ᠲᠦᠮᠡᠨ᠎ᠤ ᠬᠦᠷᠲᠡᠮᠵᠢ᠎ᠶ᠋ᠢᠨ ᠲᠥᠷᠦᠭᠳᠡᠯ᠂ ᠵᠢᠷᠭᠠᠯᠲᠤ᠌ ᠲᠥᠷᠦᠭᠳᠡᠯ᠂ ᠠᠮᠤᠷ ᠲᠦᠪᠰᠢᠨ᠎ᠤ ᠲᠥᠷᠦᠭᠳᠡᠯ᠎ᠢ ᠳᠡᠭᠡᠭᠰᠢᠯᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃