2026-09-16 10:10:11
ᠤᠢᠷ᠎ᠠ᠎ᠳᠤ᠂ ᠠᠩᠬᠠᠳᠤᠭᠠᠷ ᠬᠤᠭᠤᠴᠠᠭᠠᠨ᠎ᠤ ᠪᠠᠷᠠᠭᠤᠨ ᠣᠷᠣᠨ᠎ᠤ ᠬᠥᠯᠥᠰᠦᠨ ᠠᠵᠢᠯᠴᠢᠨ᠎ᠤ ᠭᠡᠷ ᠤ᠋ᠨ ᠶᠠᠪᠤᠲᠠᠯ ᠤ᠋ᠨ ᠦᠢᠯᠡᠴᠢᠯᠡᠭᠡᠨ᠎ᠦ ᠲᠤᠬᠠᠢᠯᠠᠭᠰᠠᠠ ᠠᠵᠢᠯ ᠤ᠋ᠨ ᠤᠷ᠎ᠠ ᠮᠡᠷᠬᠡᠵᠢᠯ ᠤ᠋ᠨ ᠤᠷᠤᠯᠳᠤᠭᠠᠨ ᠴᠦᠩᠴᠢᠩ᠎ᠦᠨ ᠰᠠᠨᠰᠢᠶᠠ ᠡᠮ ᠡᠮᠨᠡᠯᠭᠡ᠎ᠶᠢᠨ ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ᠎ᠦᠨ ᠰᠤᠷᠭᠠᠭᠤᠯᠢ᠎ᠳᠤ ᠦᠨᠲᠤᠷᠯᠡᠪᠠ᠃
ᠲᠣᠰ ᠤᠳᠠᠭᠠᠨ᠎ᠤ ᠤᠷᠤᠯᠳᠤᠭᠠᠨ᠎ᠢ ᠪᠠᠷᠠᠭᠤᠨ ᠣᠷᠣᠨ᠎ᠤ 12 ᠮᠤᠵᠢ (ᠣᠷᠣᠨ᠂ ᠬᠣᠲᠠ) ᠵᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠂ ᠴᠦᠩᠴᠢᠩ ᠬᠣᠲᠠ᠎ᠶᠢᠨ ᠸᠠᠨᠵᠧᠦ ᠲᠣᠭᠣᠷᠢᠭ᠋᠎ᠤᠨ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠡᠷᠭᠢᠯᠡᠵᠡᠢ᠂ ᠪᠥᠬᠥ ᠤᠯᠤᠰ᠎ᠲᠤ ᠠᠩᠬ᠎ᠠ ᠤᠳᠠᠭ᠎ᠠ ᠲᠤᠰᠬᠠᠢᠯᠠᠨ ᠪᠠᠷᠠᠭᠤᠨ ᠣᠷᠣᠨ᠎ᠤ ᠬᠥᠯᠥᠰᠦᠨ ᠠᠵᠢᠯᠴᠢᠨ᠎ᠤ ᠪᠦᠯᠬᠦᠮ ᠨᠠᠢᠲᠠ ᠳ᠋ᠤ ᠬᠠᠨᠳᠤᠭᠤᠯᠤᠨ ᠡᠷᠭᠢᠯᠡᠭᠰᠡᠨ ᠭᠡᠷ᠎ᠦᠨ ᠶᠠᠪᠤᠳᠠᠯ᠎ᠤᠨ ᠲᠤᠬᠠᠢᠯᠠᠭᠰᠠᠨ ᠠᠵᠢᠯ ᠤ᠋ᠨ ᠤᠷ᠎ᠠ ᠮᠡᠷᠬᠡᠵᠢᠯ ᠤ᠋ᠨ ᠤᠷᠤᠯᠳᠤᠭᠠᠨ ᠪᠣᠯᠣᠨ᠎ᠠ᠂ ᠪᠠᠷᠠᠭᠤᠨ ᠣᠷᠣᠨ᠎ᠤ 12 ᠮᠤᠵᠢ ᠣᠷᠣᠨ ᠬᠣᠲᠠ᠎ᠠᠴᠠ ᠢᠷᠡᠭᠰᠡᠨ 90 ᠭᠠᠷᠤᠢ ᠭᠡᠷ᠎ᠦᠨ ᠶᠠᠪᠤᠳᠠᠯ᠎ᠤᠨ ᠤᠷ᠎ᠠ ᠮᠡᠷᠬᠡᠵᠢᠯ ᠤ᠋ᠨ ᠬᠦᠮᠤᠰ ᠤᠷᠤᠯᠴᠠᠪᠠ᠃ ᠤᠷᠤᠯᠳᠤᠭᠠᠨ ᠨᠢ ᠭᠡᠷ᠎ᠦᠨ ᠶᠠᠪᠤᠳᠠᠯ᠎ᠤᠨ ᠦᠢᠯᠡᠴᠢᠯᠡᠭᠡᠨ᠎ᠦ ᠠᠵᠢᠯ ᠲᠥᠷᠥᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠡᠬᠡ ᠨᠢᠯᠬᠠᠰ᠎ᠤᠨ ᠠᠰᠠᠷᠠᠭ᠍ᠴᠢ᠂ ᠡᠮᠬᠢᠯᠡᠨ ᠬᠤᠷᠢᠶᠠᠭᠴᠢ᠂ ᠭᠡᠷ᠎ᠦᠨ ᠶᠠᠪᠤᠳᠠᠯ᠎ᠤᠨ ᠦᠢᠯᠡᠴᠢᠯᠡᠭᠴᠢ᠂ ᠭᠡᠷ ᠪᠦᠯᠢ᠎ᠶᠢᠨ ᠠᠰᠠᠷᠠᠭ᠍ᠴᠢ ᠵᠡᠷᠭᠡ ᠳᠥᠷᠪᠡᠨ ᠤᠷᠤᠯᠳᠤᠭᠠᠨ᠎ᠤ ᠲᠥᠷᠥᠯ ᠵᠦᠢᠯ᠎ᠢ ᠲᠣᠬᠢᠷᠠᠭᠤᠯᠵᠠᠢ᠃ ᠤᠷᠤᠯᠳᠤᠭᠠᠨ᠎ᠤ ᠵᠦᠢᠯ᠎ᠳᠦ ᠨᠢᠭᠡᠳᠦᠭᠡᠷ ᠳᠡᠰ᠎ᠤᠨ ᠱᠠᠩᠨᠠᠯ᠎ᠢ 1 ᠨᠡᠷᠡᠰ᠂ ᠬᠣᠶᠠᠳᠤᠭᠠᠷ ᠳᠡᠰ᠎ᠤᠨ ᠱᠠᠩᠨᠠᠯ᠎ᠢ 2 ᠨᠡᠷᠡᠰ᠂ ᠭᠤᠷᠪᠠᠳᠤᠭᠠᠷ ᠳᠡᠰ᠎ᠤᠨ ᠱᠠᠩᠨᠠᠯ᠎ᠢ 3 ᠨᠡᠷᠡᠰ ᠲᠣᠬᠢᠷᠠᠭᠤᠯᠵᠠᠢ᠃
ᠮᠠᠨ᠎ᠤ ᠣᠷᠣᠨ ᠲᠣᠰ ᠤᠳᠠᠭᠠᠨ᠎ᠤ ᠤᠷᠤᠯᠳᠤᠭᠠᠨ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ 7 ᠤᠷᠤᠯᠴᠠᠭᠴᠢ᠂ 4 ᠬᠢᠨᠠᠭ᠍ᠴᠢ᠎ᠶᠢ ᠨᠠᠷᠢᠨ ᠨᠢᠮᠪᠠᠢ ᠰᠣᠩᠭᠣᠨ ᠲᠣᠮᠢᠯᠠᠪᠠ᠃ ᠬᠤᠷᠴᠠ ᠰᠢᠷᠦᠭᠦᠨ ᠥᠷᠢᠰᠦᠯᠳᠦᠭᠡᠨ᠎ᠢᠶᠡᠷ ᠳᠡᠮᠵᠢᠨ᠂ ᠮᠠᠨ᠎ᠤ ᠣᠷᠣᠨ᠎ᠤ ᠲᠥᠯᠥᠭᠡᠯᠡᠭᠴᠢᠳ᠎ᠦᠨ ᠪᠦᠯᠬᠦᠮ᠎ᠦᠨ 1 ᠤᠷᠤᠯᠴᠠᠭᠴᠢ ᠡᠮᠬᠢᠯᠡᠨ ᠬᠤᠷᠢᠶᠠᠭᠴᠢ ᠵᠢᠨ ᠤᠷᠤᠯᠳᠤᠭᠠᠨ᠎ᠤ ᠬᠣᠶᠠᠳᠤᠭᠠᠷ ᠳᠡᠰ᠎ᠤᠨ ᠱᠠᠩᠨᠠᠯ᠎ᠢ ᠭᠥᠷᠳᠡᠵᠦ᠂ 2 ᠤᠷᠤᠯᠴᠠᠭᠴᠢ ᠲᠣᠰ ᠲᠣᠰ ᠡᠮᠬᠢᠯᠡᠵᠦ ᠬᠤᠷᠢᠶᠠᠭ᠍ᠴᠢ᠂ ᠭᠡᠷ᠎ᠦᠨ ᠶᠠᠪᠤᠳᠠᠯ᠎ᠤᠨ ᠦᠢᠯᠡᠴᠢᠯᠡᠭᠴᠢ᠎ᠶᠢᠨ ᠤᠷᠤᠯᠳᠤᠭᠠᠨ᠎ᠤ ᠵᠦᠢᠯ᠎ᠦᠨ ᠰᠢᠯᠢᠳᠡᠭ ᠱᠠᠩᠨᠠᠯ᠎ᠢ ᠭᠥᠷᠳᠡᠵᠦ᠂ ᠲᠥᠯᠥᠭᠡᠯᠡᠭᠴᠢᠳ᠎ᠦᠨ ᠪᠦᠯᠬᠦᠮ ᠰᠢᠯᠢᠳᠡᠭ ᠵᠣᠬᠢᠶᠠᠨ ᠪᠠᠢᠭᠤᠯᠤᠯᠲᠠ᠎ᠶᠢᠨ ᠱᠠᠩᠨᠠᠯ ᠭᠥᠷᠳᠡᠵᠦ᠂ ᠮᠠᠨ᠎ᠤ ᠣᠷᠣᠨ᠎ᠤ ᠭᠡᠷ ᠤ᠋ᠨ ᠶᠠᠪᠤᠲᠠᠯ ᠤ᠋ᠨ ᠦᠢᠯᠠᠴᠢᠯᠡᠬᠡᠨ ᠤ᠋ ᠠᠵᠢᠯ ᠡᠷᠬᠢᠯᠡᠭᠰᠡᠳ᠎ᠦᠨ ᠤᠷ᠎ᠠ ᠮᠡᠷᠬᠡᠵᠢᠯ ᠤ᠋ᠨ ᠬᠢᠷᠢ ᠲᠦᠪᠰᠢᠨ ᠪᠠ ᠰᠠᠢᠨ ᠰᠠᠢᠬᠠᠨ ᠣᠶᠤᠨ ᠰᠠᠨᠠᠭᠠᠨ᠎ᠤ ᠳᠦᠷᠰᠦ ᠪᠠᠢᠳᠠᠯ᠎ᠢ ᠭᠦᠢᠴᠡᠳ ᠢᠯᠡᠷᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃