2026-09-16 15:51:18
ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ᠎ᠢ ᠦᠨᠡᠯᠡᠨ ᠲᠣᠭᠲᠠᠭᠠᠭᠰᠠᠨ ᠨᠡᠷᠡᠰ᠎ᠢ ᠨᠡᠢᠲᠡᠯᠡᠵᠦ᠂ ᠥᠪᠥᠷ ᠮᠣᠩᠭᠣᠯ᠎ᠤᠨ ᠰᠦ᠎ᠶᠢᠨ ᠦᠢᠯᠡᠰ᠎ᠦᠨ ᠵᠢᠭᠤᠯᠴᠢᠯᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠵᠡᠷᠭᠡ 24 ᠨᠢᠭᠡᠴᠢ ᠰᠣᠩᠭᠣᠭᠳᠠᠵᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠦᠨ ᠰᠢᠨ᠎ᠡ᠎ᠪᠡᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ᠎ᠤ ᠬᠠᠮᠢᠶᠠᠷᠤᠯᠲᠠ᠎ᠶᠢᠨ ᠠᠷᠭ᠎ᠠ》 ᠶ᠋ᠢ ᠦᠨᠳᠦᠰᠦᠯᠡᠪᠡᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ᠎ᠤ ᠭᠤᠶᠤᠴᠢᠯᠠᠨ ᠮᠡᠳᠡᠭᠦᠯᠵᠦ ᠦᠨᠡᠯᠡᠨ ᠲᠤᠭᠳᠠᠭᠠᠬᠤ ᠠᠵᠢᠯ᠎ᠢ ᠬᠣᠶᠠᠷ ᠵᠢᠯ᠎ᠳᠦ ᠨᠢᠭᠡ ᠤᠳᠠᠭ᠎ᠠ ᠶᠠᠪᠤᠭᠳᠠᠭᠤᠯᠳᠠᠭ᠃ ᠪᠠᠢᠭᠤᠯᠭ᠎ᠠ ᠨᠢᠭᠡᠴᠢ ᠰᠠᠢᠨ ᠳᠤᠷ᠎ᠠ ᠠ᠋ᠴᠠ᠎ᠪᠠᠨ ᠭᠤᠶᠤᠴᠢᠯᠠᠨ ᠮᠡᠳᠡᠭᠦᠯᠬᠦ᠂ ᠬᠠᠮᠢᠶ᠎ᠠ ᠪᠦᠬᠦᠢ ᠰᠠᠯᠠᠭ᠎ᠠ ᠮᠥᠴᠢᠷ᠎ᠡᠴᠡ ᠪᠠᠲᠤᠯᠠᠨ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ᠎ᠡᠴᠡ ᠬᠢᠨᠠᠨ ᠲᠣᠭᠲᠠᠭᠠᠬᠤ᠂ ᠲᠤᠬᠠᠢ᠎ᠶᠢᠨ ᠭᠠᠵᠠᠷ ᠲᠤᠨᠢ ᠰᠢᠨᠵᠢᠯᠡᠨ ᠪᠠᠢᠴᠠᠭᠠᠬᠤ᠂ ᠦᠨᠡᠯᠡᠨ ᠲᠣᠭᠲᠠᠭᠠᠭᠰᠠᠨ ᠦᠷ᠎ᠡ ᠳ᠋ᠦᠩ᠎ᠢ ᠢᠯᠡ ᠨᠡᠢᠲᠡᠯᠡᠬᠦ᠂ ᠫᠠᠢᠰᠠ ᠢᠯᠡᠷᠬᠡᠢᠯᠡᠯ ᠣᠯᠭᠣᠬᠤ ᠵᠡᠷᠭᠡ ᠭᠣᠭᠴᠣᠭ᠎ᠠ᠎ᠪᠡᠷ ᠶᠠᠪᠤᠭᠳᠠᠨ᠎ᠠ᠃
ᠲᠤᠰ ᠤᠳᠠᠭᠠᠨ᠎ᠤ ᠰᠢᠨ᠎ᠡ᠎ᠪᠡᠷ ᠦᠨᠡᠯᠡᠨ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ᠎ᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠯᠠᠪᠠᠶ ᠣᠷᠳᠣᠨ᠎ᠤ ᠲᠥᠷᠥᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ 15 ᠪᠠᠢᠵᠤ᠂ ᠲᠠᠯᠠᠪᠠᠶ ᠣᠷᠳᠣᠨ᠎ᠤ ᠲᠥᠷᠥᠯ᠎ᠦᠨ ᠪᠤᠰᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠬᠡᠮᠡᠯᠵᠢᠬᠦᠯᠬᠦ ᠵᠢᠱ᠌ᠢᠶ᠎ᠡ ᠦᠵᠡᠭᠦᠯᠬᠦ ᠰᠠᠭᠤᠷᠢᠨ 4 ᠪᠠᠢᠵᠤ᠂ ᠠᠵᠤ ᠦᠢᠯᠡᠰ᠎ᠦᠨ ᠲᠥᠷᠥᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ 3᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠪᠴᠠᠩ᠎ᠤᠨ ᠲᠥᠷᠥᠯ ᠪᠠ ᠰᠤᠳᠤᠯᠤᠨ ᠨᠡᠭᠡᠭᠡᠵᠦ ᠵᠣᠬᠢᠶᠠᠨ ᠪᠦᠲᠦᠭᠡᠬᠦ ᠲᠥᠷᠥᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠲᠣᠰ ᠲᠣᠰ 1 ᠪᠠᠢᠵᠤ᠂ ᠣᠶᠤᠨᠴᠢ ᠢᠨᠵᠧᠨᠧᠷᠢᠩ᠎ᠦᠨ ᠮᠡᠷᠭᠡᠵᠢᠯ᠂ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠂ ᠰᠢᠨ᠎ᠡ ᠮᠠᠲᠧᠷᠢᠶᠠᠯ᠂ ᠣᠷᠣᠨ ᠨᠤᠲᠤᠭ᠎ᠤᠨ ᠰᠣᠶᠣᠯ᠎ᠤᠨ ᠦᠵᠡᠰᠬᠦᠯᠡᠩ᠎ᠦᠨ ᠴᠤᠭᠯᠠᠭᠠᠨ᠂ ᠠᠮᠤᠷ ᠲᠦᠪᠰᠢᠨ᠎ᠦ ᠤᠬᠠᠭᠤᠯᠭ᠎ᠠ ᠬᠥᠮᠦᠵᠢᠯ᠂ ᠡᠮᠴᠢᠯᠡᠭᠡ ᠡᠷᠡᠭᠦᠯ ᠮᠡᠨᠳᠦ ᠵᠡᠷᠭᠡ ᠣᠯᠠᠨ ᠬᠦᠷᠢᠶ᠎ᠡ ᠴᠠᠷᠠᠭ᠎ᠠ᠎ᠶᠢ ᠬᠠᠮᠤᠷᠴᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠡᠬᠢ ᠪᠠᠶᠠᠯᠢᠭ᠋᠎ᠤᠨ ᠲᠥᠷᠥᠯ ᠬᠡᠯᠪᠡᠷᠢ ᠡᠯᠪᠡᠭ ᠪᠠᠶᠠᠯᠢᠭ᠋᠂ ᠣᠨᠴᠠᠯᠢᠭ᠋ ᠢᠯᠡ ᠲᠣᠳᠣ᠌ ᠪᠠᠢᠵᠤ᠂ ᠪᠥᠬᠥ ᠬᠦᠷᠢᠶᠡᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠦᠢᠯᠡᠴᠢᠯᠡᠭᠡᠨ᠎ᠦ ᠲᠣᠣᠷ ᠰᠦᠯᠵᠢᠶ᠎ᠡ᠎ᠶᠢ ᠤᠯᠠᠮ ᠨᠢᠭᠡ ᠠᠯᠬᠤᠮ ᠨᠢᠭ᠍ᠲᠠᠷᠠᠭᠤᠯᠪᠠ᠃
ᠣᠢᠷ᠎ᠠ᠎ᠶᠢᠨ ᠵᠢᠯ᠎ᠡᠴᠡ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ ᠪᠦᠬᠦ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ᠎ᠤ ᠪᠦᠲᠦᠭᠡᠨ ᠪᠠᠢᠭᠤᠯᠤᠯᠲᠠ ᠪᠠ ᠠᠵᠢᠯᠯᠠᠭᠠᠨ᠎ᠤ ᠬᠠᠮᠢᠶᠠᠷᠤᠯᠲᠠ᠎ᠶᠢᠨ ᠠᠵᠢᠯ᠎ᠢ ᠲᠠᠰᠤᠷᠠᠯᠲᠠ ᠦᠭᠡᠢ ᠵᠢᠷᠤᠮᠵᠢᠭᠤᠯᠤᠨ ᠴᠢᠩᠭᠠᠳᠬᠠᠵᠤ᠂ ᠡᠬᠢ ᠪᠠᠶᠠᠯᠢᠭ᠋᠎ᠢ ᠨᠡᠢᠳᠬᠡᠬᠦ᠂ ᠲᠦᠷᠦᠯ ᠬᠤᠪᠢᠶᠠᠨ ᠪᠣᠢᠵᠢᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠪᠠᠷᠢᠮᠲᠠᠯᠠᠵᠤ᠂ ᠪᠦᠬᠦ ᠣᠷᠣᠨ ᠪᠦᠰᠡ᠎ᠪᠡᠷ ᠪᠦᠷᠬᠦᠭᠰᠡᠨ᠂ ᠣᠨᠴᠠᠯᠢᠭ᠋᠎ᠢᠶᠠᠷ ᠢᠯᠡ ᠲᠣᠳᠣ᠌᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠵᠢᠭ᠍ᠰᠠᠭᠠᠯ᠎ᠤᠨ ᠭᠠᠵᠠᠷ᠎ᠤᠨ ᠰᠢᠰᠲᠧᠮ᠎ᠢ ᠬᠦᠴᠦᠯᠡᠨ ᠪᠠᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠡᠬᠢ ᠪᠠᠶᠠᠯᠢᠭ᠋ ᠪᠣᠯᠣᠨ ᠤᠯᠠᠨ ᠲᠦᠮᠡᠨ᠎ᠦ ᠬᠡᠷᠡᠭᠴᠡᠭᠡ᠎ᠶᠢ ᠤᠨᠢᠨ ᠳᠡᠭᠡᠷ᠎ᠡ ᠨᠢ ᠵᠣᠯᠭᠠᠭᠤᠯᠬᠤ᠎ᠶᠢ ᠠᠬᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃