ᠲᠡᠷᠢᠭᠦᠨ ᠨᠢᠭᠤᠷ>ᠬᠦᠮᠦᠨ ᠨᠡᠢᠭᠡᠮ>ᠨᠡᠢᠭᠡᠮ ᠠᠮᠢᠳᠣᠷᠠᠯ

2026-09-20 17:13:49

ᠵᠣᠬᠢᠶᠠᠭ᠍ᠴᠢ᠄ ᠪᠤᠶᠠᠠᠡᠨᠡᠷᠢᠯ ᠣᠩᠱᠢᠭ᠍ᠰᠠᠨ ᠣᠳᠠᠭ᠎ᠠ᠄ 3

ᠣᠷᠳᠣᠰ ᠬᠣᠲᠠ ᠵᠢᠨ ᠬᠢᠨ᠎ᠤ ᠴᠢᠩᠬᠤᠸᠠ ᠶᠡᠬᠡ ᠰᠤᠷᠭᠠᠭᠤᠯᠢ ᠵᠢᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠳᠡᠭᠡᠳᠦ ᠰᠤᠷᠭᠠᠭᠤᠯᠢ᠂ ᠳᠤᠮᠳᠠᠳᠤ ᠤᠯᠤᠰ ᠤ᠋ᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠨᠡᠢᠭᠡᠮ ᠤ᠋ᠨ ᠤᠬᠠᠭᠠᠨ ᠤ᠋ ᠰᠤᠳᠤᠯᠭᠠᠨ ᠤ᠋ ᠭᠠᠵᠠᠷ ᠲᠠᠢ ᠬᠠᠮᠲᠤᠷᠠᠨ ᠲᠥᠯᠥᠪᠯᠡᠨ ᠪᠠᠢᠭᠤᠯᠤᠭᠰᠠᠨ ᠣᠷᠳᠣᠰ ᠤ᠋ᠨ ᠵᠣᠯ ᠵᠢᠷᠭᠠᠯ ᠢ᠋ ᠪᠡᠶᠡᠴᠢᠯᠡᠨ ᠣᠢᠯᠠᠭᠠᠬᠤ ᠲᠥᠪ ᠳᠦᠷᠦᠬᠦᠭᠡᠨ ᠡᠬᠦᠳᠡ ᠪᠡᠨ ᠰᠡᠬᠦᠪᠡ᠃ ᠡᠨᠡ ᠪᠣᠯ ᠪᠦᠬᠦ ᠤᠯᠤᠰ ᠤ᠋ᠨ ᠠᠩᠬᠠᠳᠠᠭ᠍ᠴᠢ ᠲᠣᠭᠠᠴᠢᠯᠠᠭᠰᠠᠨ ᠮᠡᠷᠭᠡᠵᠢᠯ ᠪᠣᠯᠣᠨ ᠵᠣᠬᠢᠶᠠᠮᠠᠯ ᠤᠶᠤᠨ ᠴᠢᠳᠠᠪᠤᠷᠢ ᠵᠢ ᠤᠶᠠᠯᠳᠤᠭᠤᠯᠵᠤ᠂ ᠤᠶᠤᠨ ᠤ᠋ ᠪᠣᠯᠪᠠᠰᠤᠨ ᠤ᠋ ᠪᠠᠢᠭᠤᠯᠤᠯᠲᠠ᠂ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ ᠪᠣᠯᠣᠨ ᠰᠡᠳᠬᠢᠴᠡ ᠵᠢᠨ ᠡᠷᠡᠭᠦᠯ ᠮᠡᠨᠳᠦ ᠵᠢᠨ ᠦᠢᠯᠡᠴᠢᠯᠡᠭᠡ ᠵᠢ ᠨᠢᠭᠡ ᠴᠣᠭᠴᠠᠵᠢᠭᠤᠯᠤᠭᠰᠠᠨ ᠶᠡᠷᠦᠩᠬᠡᠢᠯᠡᠭᠰᠡᠨ ᠴᠢᠨᠠᠷᠲᠠᠢ ᠦᠢᠯᠡᠴᠢᠯᠡᠭᠡᠨ ᠤ᠋ ᠲᠠᠪᠴᠠᠩ ᠪᠣᠯᠬᠤ ᠶᠤᠮ᠃

ᠣᠷᠳᠣᠰ ᠤ᠋ᠨ ᠵᠣᠯ ᠵᠢᠷᠭᠠᠯ ᠢ᠋ ᠪᠡᠶᠡᠴᠢᠯᠡᠨ ᠣᠢᠯᠠᠭᠠᠬᠤ ᠲᠥᠪ 1500 ᠲᠡᠭᠰᠢ ᠳᠥᠷᠪᠡᠯᠵᠢᠨ ᠮᠧᠲᠷ ᠳᠠᠯᠠᠪᠠᠢ ᠳᠠᠢ᠂ ᠤᠢᠯᠠᠭᠠᠬᠤ᠂ ᠰᠡᠷᠡᠵᠦ ᠮᠡᠳᠡᠬᠦ᠂ ᠵᠣᠬᠢᠴᠠᠭᠤᠯᠬᠤ᠂ ᠦᠰᠦᠨ ᠪᠣᠢᠵᠢᠬᠤ᠂ ᠬᠦᠴᠦ ᠨᠡᠮᠡᠷᠢᠯᠡᠬᠦ᠂ ᠬᠠᠮᠳᠤ ᠪᠡᠷ ᠪᠠᠢᠭᠤᠯᠬᠤ ᠵᠡᠷᠭᠡ 6 ᠶᠡᠬᠡ ᠴᠢᠳᠠᠮᠵᠢᠲᠤ ᠲᠤᠭᠤᠷᠢᠭ ᠪᠠᠢᠭᠤᠯᠵᠤ᠂ 20 ᠪᠡᠶᠡᠴᠢᠯᠡᠨ ᠣᠢᠯᠠᠭᠠᠬᠤ ᠣᠷᠣᠨ ᠪᠤᠯᠤᠨ 50 ᠢᠵᠢ ᠪᠡᠶᠡᠴᠢᠯᠡᠨ ᠣᠢᠯᠠᠭᠠᠬᠤ ᠲᠥᠬᠦᠭᠡᠷᠦᠮᠵᠢ ᠵᠢ ᠲᠣᠬᠢᠷᠠᠭᠤᠯᠪᠠ᠃ ᠡᠨᠡ ᠪᠣᠯ ᠤᠯᠠᠮᠵᠢᠯᠠᠯᠲᠤ ᠰᠡᠳᠬᠢᠴᠡ ᠵᠢᠨ ᠯᠠᠪᠯᠠᠭ᠎ᠠ ᠵᠢᠨ ᠲᠠᠯᠠᠪᠤᠷ ᠣᠷᠳᠣᠨ ᠪᠢᠰᠢ᠂ ᠬᠠᠷᠢᠨ ᠪᠦᠬᠦ ᠨᠡᠢᠭᠡᠮ ᠤ᠋ᠨ ᠬᠥᠮᠥᠰ ᠲᠤ᠌ ᠬᠠᠨᠳᠤᠭᠤᠯᠤᠭᠰᠠᠨ ᠦᠨ᠎ᠡ ᠲᠦᠯᠦᠪᠦᠷᠢ ᠦᠭᠡᠢ ᠪᠡᠷ ᠨᠡᠭᠡᠭᠡᠯᠳᠡ ᠬᠢᠬᠦ ᠤᠯᠠᠨ ᠨᠡᠶ᠋ᠢᠲᠡ ᠵᠢᠨ ᠲᠠᠪᠴᠠᠩ ᠪᠣᠯᠬᠤ ᠶᠤᠮ᠃ ᠲᠠᠯᠠᠪᠤᠷ ᠣᠷᠳᠣᠨ ᠳ᠋ᠤ ᠢᠳᠡᠪᠬᠢᠲᠡᠢ ᠰᠡᠳᠬᠢᠴᠡ ᠵᠢ ᠣᠢᠯᠠᠭᠠᠬᠤ᠂ ᠲᠣᠭᠠᠨ ᠤ᠋ ᠤᠬᠠᠭᠠᠨ ᠤ᠋ ᠴᠢᠳᠠᠪᠤᠷᠢ ᠵᠢᠨ ᠪᠣᠯᠪᠠᠰᠤᠷᠠᠯ᠂ ᠲᠤᠰᠬᠠᠢ ᠮᠡᠷᠭᠡᠵᠢᠯ ᠤ᠋ᠨ ᠵᠢᠯᠣᠭᠣᠳᠤᠮᠵᠢ᠂ ᠰᠢᠨᠵᠢᠯᠡᠬᠦ ᠤᠬᠠᠭᠠᠨ ᠢ᠋ ᠲᠦᠭᠡᠮᠡᠯᠵᠢᠭᠦᠯᠬᠦ᠂ VR ᠬᠥᠳᠡᠯᠭᠡᠭᠡᠨ ᠤ᠋ ᠪᠣᠯᠪᠠᠰᠤᠷᠠᠯ᠂ ᠭᠦᠨᠵᠡᠭᠡᠢ ᠰᠡᠳᠬᠢᠬᠦ ᠪᠣᠯᠪᠠᠰᠤᠷᠠᠯ ᠵᠢᠴᠢ ᠪᠦᠯᠬᠦᠮ ᠶ᠋ᠢᠡᠷ ᠬᠠᠪᠰᠤᠷᠤᠨ ᠵᠢᠯᠤᠭᠣᠳᠬᠤ ᠵᠡᠷᠭᠡ ᠬᠣᠲᠠ ᠵᠢᠨ ᠠᠷᠠᠳ ᠤᠷᠤᠯᠴᠠᠵᠤ ᠪᠤᠯᠬᠤᠢᠴᠠ ᠤᠯᠠᠨ ᠳᠦᠷᠦᠯ ᠵᠦᠢᠯ ᠢ᠋ ᠳᠤᠬᠢᠷᠠᠭᠤᠯᠵᠠᠢ᠃ ᠲᠣᠰ ᠲᠥᠪ ᠪᠠᠰᠠ 《ᠵᠣᠯ ᠵᠢᠷᠭᠠᠯᠲᠤ ᠲᠠᠪᠤ ᠵᠢ ᠠᠬᠢᠭᠤᠯᠬᠤ 》 ᠠᠵᠢᠯᠯᠠᠭ᠎ᠠ ᠪᠠᠷ ᠳᠠᠮᠵᠢᠭᠤᠯᠤᠨ᠂ ᠦᠢᠯᠡᠴᠢᠯᠡᠭᠡ ᠪᠡᠨ ᠪᠠᠢᠭᠤᠯᠭ᠎ᠠ᠂ ᠰᠤᠷᠭᠠᠭᠤᠯᠢ᠂ ᠠᠵᠤ ᠠᠬᠤᠢᠯᠠᠯ᠂ ᠨᠡᠢᠭᠡᠮ ᠲᠣᠭᠣᠷᠢᠭ᠋ ᠪᠠ ᠭᠡᠷ ᠪᠦᠯᠢ ᠳ᠋ᠤ ᠬᠦᠷᠭᠡᠵᠦ᠂ ᠣᠯᠠᠨ ᠲᠦᠮᠡᠨ ᠤ᠋ ᠰᠡᠳᠬᠢᠴᠡ ᠵᠢᠨ ᠬᠡᠪ ᠪᠣᠯᠪᠠᠰᠤᠷᠠᠯ ᠢ᠋ ᠳᠡᠭᠡᠭᠰᠢᠯᠡᠭᠦᠯᠬᠦ᠂ ᠥᠷᠲᠡᠭ ᠤ᠋ᠨ ᠮᠡᠳᠡᠷᠡᠮᠵᠢ ᠵᠢ ᠨᠡᠮᠡᠭᠳᠡᠭᠦᠯᠬᠦ᠂ ᠡᠶ᠎ᠡ ᠵᠣᠬᠢᠴᠠᠯ ᠲᠠᠢ ᠬᠠᠷᠢᠴᠠᠭ᠎ᠠ ᠵᠢ ᠪᠠᠶ᠋ᠢᠭᠤᠯᠬᠤ ᠳ᠋ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ ᠬᠠᠩᠭᠠᠭᠰᠠᠨ ᠪᠠᠢᠨ᠎ᠠ᠃

ᠡᠬᠦᠨ ᠤ᠋ ᠬᠠᠮᠳᠤ᠂ ᠣᠷᠳᠣᠰ ᠤ᠋ᠨ ᠵᠣᠯ ᠵᠢᠷᠭᠠᠯ ᠢ᠋ ᠪᠡᠶᠡᠴᠢᠯᠡᠨ ᠣᠢᠯᠠᠭᠠᠬᠤ ᠲᠥᠪ ᠣᠯᠠᠨᠲᠠ ᠭᠣᠣᠯ ᠰᠡᠳᠦᠪᠲᠦ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠵᠦ᠂ ᠴᠢᠩᠬᠤᠸᠠ ᠶᠡᠬᠡ ᠰᠤᠷᠭᠠᠭᠤᠯᠢ ᠵᠢᠨ ᠰᠡᠳᠬᠢᠴᠡ ᠬᠢᠭᠡᠳ ᠲᠠᠨᠢᠨ ᠮᠡᠳᠡᠬᠦᠢ ᠵᠢᠨ ᠰᠢᠨᠵᠢᠯᠡᠬᠦ ᠤᠬᠠᠭᠠᠨ ᠤ᠋ ᠰᠠᠯᠪᠤᠷᠢ ᠶ᠋ᠢᠨ ᠫᠷᠤᠹᠸᠰᠰᠤᠷ ᠫᠸᠩ ᠺᠠᠢ ᠫᠢᠩ ᠢ᠋ ᠲᠤᠰᠬᠠᠢᠯᠠᠨ ᠤᠷᠢᠵᠤ ᠲᠤᠬᠠᠢ ᠵᠢᠨ ᠲᠠᠯᠠᠪᠠᠢ᠎ᠳᠤ ᠬᠢᠴᠢᠶᠡᠯ ᠣᠷᠣᠭᠤᠯᠬᠤ ᠶ᠋ᠢᠨ ᠬᠠᠮᠳᠤ ᠶᠣᠰᠣ᠌ ᠮᠣᠷᠠᠯ ᠤ᠋ᠨ ᠵᠢᠱ᠌ᠢᠶᠡᠴᠢ᠂ ᠮᠠᠨ ᠤ᠋ ᠳᠡᠷᠭᠡᠳᠡᠬᠢ ᠰᠠᠢᠨ ᠬᠥᠮᠥᠨ᠂ ᠰᠢᠨ᠎ᠡ ᠴᠠᠭ ᠦᠶ᠎ᠡ ᠵᠢᠨ ᠰᠠᠢᠨ ᠪᠠᠭᠠᠴᠤᠳ ᠤ᠋ᠨ ᠣᠯᠠᠨ ᠡᠰᠢᠲᠦ ᠬᠠᠢᠷ᠎ᠠ ᠬᠠᠯᠠᠮᠵᠢ ᠦᠵᠡᠬᠦᠯᠬᠦ ᠠᠵᠢᠯᠯᠠᠭ᠎ᠠ ᠦᠷᠨᠢᠬᠦᠯᠵᠦ᠂ ᠰᠢᠨ᠎ᠡ ᠴᠠᠭ ᠦᠶ᠎ᠡ ᠶ᠋ᠢᠨ ᠪᠣᠯᠪᠠᠰᠤᠨ ᠬᠡᠪ ᠰᠤᠷᠲᠠᠯ ᠢ᠋ ᠢᠯᠡᠷᠡᠬᠦᠯᠪᠡ᠃ ᠲᠣᠰ ᠲᠥᠪ ᠪᠠᠰᠠ 《ᠥᠪᠡᠷ ᠢ᠋ ᠪᠡᠨ ᠬᠦᠨᠳᠦᠳᠬᠡᠵᠦ ᠥᠪᠡᠷ ᠢ᠋ ᠪᠡᠨ ᠢᠲᠡᠭᠡᠬᠦ ᠂ ᠢᠳᠡᠪᠬᠢᠲᠡᠢ ᠥᠭᠡᠳᠡᠯᠡᠨ ᠳᠠᠪᠰᠢᠬᠤ ᠨᠡᠢᠭᠡᠮ ᠤ᠋ᠨ ᠤᠪᠤᠷ ᠰᠤᠷᠳᠠᠯ᠎ᠢ ᠪᠤᠢ ᠪᠤᠯᠭᠠᠬᠤ 》 ᠭᠣᠣᠯ ᠬᠠᠷᠠᠯᠲᠠ ᠲᠠᠢ ᠨᠢᠭ᠍ᠲᠠ ᠤᠶᠠᠯᠳᠤᠭᠤᠯᠤᠨ᠂ ᠠᠯᠪᠠᠲᠠᠨ᠂ ᠠᠵᠤ ᠠᠬᠤᠢᠯᠠᠯ᠂ ᠠᠵᠢᠯ ᠦᠢᠯᠡᠰ ᠤ᠋ᠨ ᠨᠢᠭᠡᠴᠢ ᠵᠢᠨ ᠠᠵᠢᠯᠲᠠᠨ ᠠᠵᠢᠯᠴᠢᠨ᠂ ᠵᠠᠯᠠᠭᠤᠴᠤᠳ ᠪᠠᠭᠠᠴᠤᠳ᠂ ᠰᠢᠨ᠎ᠡ ᠠᠵᠢᠯ ᠲᠦᠷᠦᠯ ᠤ᠋ᠨ ᠠᠵᠢᠯᠳᠠᠨ᠂ ᠨᠠᠰᠤᠲᠠᠢᠴᠤᠳ ᠵᠡᠷᠭᠡ ᠪᠦᠯᠬᠦᠮ ᠨᠡᠢᠳᠡ ᠳ᠋ᠤ ᠬᠠᠨᠳᠤᠭᠤᠯᠤᠨ᠂ ᠰᠢᠰᠲᠧᠮ ᠲᠠᠢ᠂ ᠲᠥᠷᠥᠯ ᠵᠦᠢᠯᠴᠢᠯᠡᠭᠰᠡᠨ ᠦᠷᠭᠦᠯᠵᠢᠯᠡᠭᠦ ᠦᠢᠯᠡᠴᠢᠯᠡᠭᠡ ᠬᠠᠩᠭᠠᠬᠤ ᠪᠡᠷ ᠳᠠᠮᠵᠢᠭᠤᠯᠤᠨ᠂ ᠡᠯ᠎ᠡ ᠪᠦᠯᠬᠦᠮ ᠨᠡᠢᠳᠡ ᠶ᠋ᠢᠨ ᠣᠷᠣᠯᠴᠠᠬᠤ ᠪᠠ ᠣᠢᠯᠠᠭᠠᠬᠤ ᠳᠤᠮᠳᠠ ᠵᠣᠯ ᠵᠢᠷᠭᠠᠯᠲᠤ ᠲᠥᠷᠥᠭᠳᠡᠯ᠂ ᠥᠷᠲᠡᠭ ᠤ᠋ᠨ ᠮᠡᠳᠡᠷᠡᠮᠵᠢ ᠵᠢᠴᠢ ᠣᠶᠤᠨ ᠰᠠᠨᠠᠭᠠᠨ ᠤ᠋ ᠬᠠᠷᠢᠶᠠᠯᠠᠯ᠎ᠤᠨ ᠲᠦᠷᠦᠭᠳᠡᠯ ᠶ᠋ᠢᠡᠨ ᠨᠡᠮᠡᠭᠳᠡᠭᠦᠯᠬᠦ ᠵᠢ ᠬᠥᠲᠥᠯᠥᠨ ᠵᠢᠯᠤᠭᠣᠳᠴᠤ᠂ ᠬᠣᠲᠠ ᠵᠢᠨ ᠪᠦᠲᠦᠭᠡᠨ ᠪᠠᠢᠭᠤᠯᠤᠯᠲᠠ ᠳ᠋ᠤ ᠭᠦᠨᠵᠡᠭᠡᠢ ᠣᠷᠣᠯᠴᠠᠵᠤ᠂ ᠰᠠᠨᠠᠭᠠᠴᠢᠯᠠᠭ᠎ᠠ ᠡᠴᠡ ᠪᠡᠨ ᠠᠭᠤᠰᠤᠯᠴᠠᠨ᠂《 ᠵᠣᠯ ᠵᠢᠷᠭᠠᠯᠳᠤ ᠬᠣᠲᠠ 》 ᠶ᠋ᠢᠨ ᠪᠦᠲᠦᠭᠡᠨ ᠪᠠᠢᠭᠤᠯᠤᠯᠲᠠ ᠳ᠋ᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃

ᠣᠷᠳᠣᠰ ᠤ᠋ᠨ ᠵᠣᠯ ᠵᠢᠷᠭᠠᠯ ᠢ᠋ ᠪᠡᠶᠡᠴᠢᠯᠡᠨ ᠣᠢᠯᠠᠭᠠᠬᠤ ᠲᠥᠪ ᠢ᠋ 2026 ᠣᠨ ᠤ᠋ 1 ᠰᠠᠷ᠎ᠠ ᠳ᠋ᠤ ᠲᠤᠷᠰᠢᠨ ᠠᠵᠢᠯᠯᠠᠭᠤᠯᠤᠭᠰᠠᠨ ᠡᠴᠡ ᠨᠠᠭᠠᠰᠢ ᠨᠢᠭᠡᠨᠲᠡ 200 ᠭᠠᠷᠤᠢ ᠡᠳᠦᠷ ᠦᠨ᠎ᠡ ᠲᠦᠯᠦᠪᠦᠷᠢ ᠦᠭᠡᠢ ᠨᠡᠭᠡᠭᠡᠵᠦ ᠂ 60 ᠠᠵᠢᠯᠯᠠᠭ᠎ᠠ ᠥᠷᠨᠢᠭᠦᠯᠦᠨ᠂ 24 ᠢᠳᠡᠪᠬᠢᠲᠡᠢ ᠰᠡᠳᠬᠢᠴᠡ ᠵᠦᠢ ᠵᠢᠨ ᠠᠭᠤᠰᠤᠯᠴᠠᠯ ᠤ᠋ᠨ ᠬᠢᠴᠢᠶᠡᠯ ᠢ᠋ ᠲᠥᠯᠥᠪᠯᠡᠨ ᠨᠡᠭᠡᠭᠡᠵᠦ᠂ 10 ᠭᠠᠷᠤᠢ ᠲᠥᠷᠥᠯ ᠤ᠋ᠨ ᠣᠨᠴᠠᠯᠢᠭ᠍ᠲᠤ ᠦᠢᠯᠡᠴᠢᠯᠡᠭᠡᠨ ᠤ᠋ ᠳᠦᠷᠦᠯ ᠵᠦᠢᠯ ᠂ 15 ᠲᠥᠷᠥᠯ ᠤ᠋ᠨ ᠭᠣᠣᠯ ᠰᠡᠳᠦᠪᠲᠦ ᠦᠢᠯᠡᠳᠦᠯᠭᠡ ᠵᠢᠨ ᠠᠵᠢᠯᠯᠠᠭ᠎ᠠ ᠵᠢ ᠦᠷᠨᠢᠬᠦᠯᠦᠨ᠂ 10 ᠲᠥᠷᠥᠯ ᠤ᠋ᠨ ᠲᠤᠰᠬᠠᠢ ᠦᠢᠯᠡᠴᠢᠯᠡᠭᠡᠨ ᠤ᠋ ᠰᠠᠭᠤᠷᠢᠨ ᠤ᠋ ᠫᠠᠢᠰᠠ ᠡᠯᠭᠦᠨ᠂ ᠣᠯᠠᠨ ᠲᠦᠮᠡᠨ ᠳ᠋ᠤ ᠨᠡᠶ᠋ᠢᠲᠡ 8000 ᠭᠠᠷᠤᠢ ᠬᠥᠮᠥᠨ ᠤᠳᠠᠭ᠎ᠠ ᠦᠢᠯᠡᠴᠢᠯᠡᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面