2026-09-22 09:59:03
2026 ᠣᠨ᠎ᠳᠤ ᠥᠪᠥᠷ ᠮᠣᠩᠭᠣᠯ᠎ᠤᠨ ᠰᠢᠨ ᠺᠠᠩ ᠡᠮᠡᠭᠲᠡᠢᠴᠦᠳ᠎ᠦᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠲᠦᠷᠦᠯ ᠵᠦᠢᠯ᠎ᠳᠦ ᠨᠡᠶ᠋ᠢᠲᠡ11829 ᠨᠢᠭᠡᠴᠢ ᠢ᠋ᠢᠨ 48.1 ᠲᠦᠮᠡᠨ ᠬᠥᠮᠥᠨ ᠤᠷᠤᠯᠴᠠᠵᠦ᠂ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 10.44% ᠪᠡᠷ ᠨᠡᠮᠡᠭᠳᠡᠵᠡᠢ᠃ 2022 ᠣᠨ᠎ᠳᠤ ᠲᠤᠰ ᠲᠥᠷᠥᠯ ᠵᠦᠢᠯ᠎ᠢ ᠥᠷᠨᠢᠭᠦᠯᠦᠭᠰᠡᠨ᠎ᠡᠴᠡ ᠨᠠᠭᠠᠰᠢ᠂ 2939 ᠡᠮᠡᠭᠲᠡᠢ ᠠᠵᠢᠯᠲᠠᠨ ᠠᠵᠢᠯᠴᠢᠨ ᠡᠭᠦᠨ᠎ᠡᠴᠡ ᠠᠰᠢᠭ᠋ ᠭᠥᠷᠳᠡᠵᠦ᠂ 5205.6 ᠲᠦᠮᠡᠨ ᠲᠥᠭᠥᠷᠢᠭ᠎ᠦᠨ ᠨᠥᠬᠥᠪᠦᠷᠢ ᠮᠥᠩᠭᠥ ᠲᠠᠷᠬᠠᠭᠠᠵᠠᠢ᠃
ᠰᠢᠨ ᠺᠠᠩ ᠡᠮᠡᠭᠲᠡᠢᠴᠦᠳ᠎ᠦᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠲᠦᠷᠦᠯ ᠵᠦᠢᠯ᠎ᠤᠨ ᠣᠷᠣᠭᠤᠯᠤᠯᠲᠠ ᠪᠠᠭ᠎ᠠ᠂ ᠪᠠᠲᠤᠯᠠᠭ᠎ᠠ ᠥᠨᠳᠥᠷ ᠪᠠᠢᠵᠦ᠂ ᠡᠮᠡᠭᠲᠡᠢᠴᠦᠳ᠎ᠦᠨ 14 ᠵᠦᠢᠯ᠎ᠦᠨ ᠣᠨᠴᠠᠭᠠᠶ ᠡᠪᠡᠳᠴᠢᠨ ᠡᠮᠭᠡᠭ᠎ᠢ ᠬᠠᠮᠤᠷᠴᠤ᠂ ᠠᠵᠢᠯᠲᠠᠨ ᠠᠵᠢᠯᠴᠢᠨ᠎ᠤ ᠡᠮᠨᠡᠯᠭᠡ᠎ᠳᠦ ᠰᠠᠭᠤᠵᠤ ᠡᠮᠨᠡᠭᠦᠯᠬᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠲᠦᠷᠦᠯ ᠵᠦᠢᠯ᠎ᠲᠠᠢ ᠵᠡᠷᠭᠡ᠎ᠪᠡᠷ ᠣᠷᠣᠯᠴᠠᠵᠤ᠂ᠬᠠᠷᠢᠯᠴᠠᠨ ᠨᠥᠬᠥᠪᠦᠷᠢᠯᠡᠵᠦ ᠪᠣᠯᠲᠠᠭ᠃ ᠠᠳᠠᠯᠢ ᠪᠤᠰᠤ ᠡᠪᠡᠳᠴᠢᠨ ᠡᠮᠭᠡᠭ᠎ᠲᠦ ᠠᠳᠠᠯᠢ ᠪᠤᠰᠤ ᠨᠥᠬᠥᠪᠦᠷᠢ ᠮᠥᠩᠭᠥ ᠥᠭᠬᠦ ᠮᠥᠷᠲᠡᠭᠡᠨ ᠪᠤᠰᠤᠳ ᠬᠤᠳᠠᠯᠳᠤᠭᠠᠨ᠎ᠤ ᠳᠠᠭᠠᠳᠬᠠᠯ᠎ᠲᠠᠢ ᠴᠤ᠌ ᠬᠠᠷᠰᠢᠯᠳᠤᠬᠤ ᠦᠭᠡᠢ᠃ ᠵᠢᠱ᠌ᠢᠶᠡᠯᠡᠪᠡᠯ᠂ ᠬᠡᠷᠪᠡ ᠨᠢᠭᠡᠨ ᠨᠢᠭᠡᠴᠢ᠎ᠶᠢᠨ ᠨᠢᠭᠡᠨ ᠡᠮᠡᠭᠲᠡᠢ ᠠᠵᠢᠯᠲᠠᠨ 2026 ᠣᠨ᠎ᠤ ᠰᠢᠨ ᠺᠠᠩ ᠡᠮᠡᠭᠲᠡᠢᠴᠤᠳ᠎ᠤᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠲᠦᠷᠦᠯ ᠵᠦᠢᠯ᠎ᠳᠤ ᠣᠷᠣᠯᠴᠠᠵᠤ᠂ 2026 ᠣᠨ᠎ᠤ 4 ᠰᠠᠷ᠎ᠠ᠎ᠶᠢᠨ 10 ᠤ᠋ ᠡᠳᠦᠷ ᠨᠡᠪᠴᠢᠮᠡᠯ ᠴᠢᠨᠠᠷᠲᠠᠢ ᠬᠥᠬᠥᠨ ᠪᠤᠯᠴᠢᠷᠬᠠᠢ᠎ᠶᠢᠨ ᠥᠮᠡᠨ᠎ᠳᠦ ᠨᠡᠷᠪᠡᠭᠳᠡᠵᠦ᠂ ᠡᠮᠴᠢᠯᠡᠭᠡᠨ᠎ᠦ ᠲᠤᠰᠬᠠᠢ ᠮᠡᠷᠭᠡᠵᠢᠯᠲᠡᠨ᠎ᠡᠴᠡ ᠬᠣᠯᠪᠣᠭᠳᠠᠯ ᠪᠦᠬᠦᠢ ᠮᠠᠲᠧᠷᠢᠶᠠᠯ᠎ᠢ ᠬᠢᠨᠠᠨ ᠲᠣᠭᠲᠠᠭᠠᠵᠤ᠂ ᠲᠤᠰᠠᠯᠠᠮᠵᠢ ᠭᠤᠶᠤᠴᠢᠯᠠᠬᠤ ᠨᠥᠬᠥᠴᠡᠯ᠎ᠳᠦ ᠨᠡᠢᠴᠡᠪᠡᠯ᠂ ᠨᠡᠢᠭᠡᠮᠯᠢᠭ᠎ᠡᠴᠡ ᠲᠣᠰ ᠠᠵᠢᠯᠲᠠᠨ᠎ᠳᠤ 30000 ᠲᠥᠭᠥᠷᠢᠭ᠎ᠦᠨ ᠨᠥᠬᠥᠪᠦᠷᠢ ᠮᠥᠩᠭᠥ ᠪᠠ 2000 ᠲᠥᠭᠥᠷᠢᠭ᠎ᠦᠨ ᠡᠷᠡᠭᠦᠯᠵᠢᠯ᠎ᠦᠨ ᠨᠥᠬᠥᠪᠦᠷᠢ ᠮᠥᠩᠭᠥ ᠤᠯᠵᠦ ᠪᠤᠯᠤᠨ᠎ᠠ᠃ ᠬᠡᠷᠪᠡ ᠲᠤᠰ ᠡᠮᠡᠭᠲᠡᠢ ᠠᠵᠢᠯᠲᠠᠨ ᠨᠢ ᠠᠵᠢᠯᠲᠠᠨ ᠠᠵᠢᠯᠴᠢᠨ᠎ᠤ ᠡᠮᠨᠡᠯᠭᠡ᠎ᠳᠦ ᠰᠠᠭᠤᠵᠦ ᠡᠮᠨᠡᠭᠦᠯᠬᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠲᠦᠷᠦᠯ ᠵᠦᠢᠯ᠎ᠳᠤ ᠵᠡᠷᠭᠡ᠎ᠪᠡᠷ ᠣᠷᠣᠯᠴᠠᠭᠰᠠᠨ ᠪᠥᠭᠡᠳ ᠡᠮᠨᠡᠯᠭᠡ᠎ᠳᠦ ᠰᠠᠭᠤᠬᠤ ᠵᠠᠷᠤᠳᠠᠯ ᠭᠠᠷᠤᠬᠰᠠᠨ ᠪᠠᠢᠪᠠᠯ᠂ ᠳᠤᠰ ᠲᠦᠷᠦᠯ ᠵᠦᠢᠯ᠎ᠤᠨ ᠨᠥᠬᠥᠪᠦᠷᠢ ᠮᠥᠩᠭᠥ᠎ᠶᠢ ᠭᠤᠶᠤᠴᠢᠯᠠᠨ ᠠᠪᠴᠤ ᠪᠣᠯᠬᠤ᠎ᠪᠠᠷ ᠪᠠᠷᠠᠬᠤ ᠦᠭᠡᠢ᠂ ᠪᠠᠰᠠ ᠡᠮᠨᠡᠯᠭᠡ᠎ᠳᠦ ᠰᠠᠭᠤᠭᠰᠠᠨ ᠵᠠᠷᠤᠳᠠᠯ᠎ᠤᠨ ᠥᠪᠡᠷ᠎ᠢᠶᠡᠨ ᠲᠥᠯᠥᠬᠦ ᠵᠣᠭᠣᠰ᠎ᠤᠨ ᠲᠣᠭ᠎ᠠ᠎ᠶᠢ ᠦᠨᠳᠦᠰᠦᠯᠡᠨ ᠬᠠᠮᠤᠭ᠎ᠤᠨ ᠠᠷᠪᠢᠨ᠎ᠳᠠᠭᠠᠨ 50 ᠲᠦᠮᠡᠨ ᠲᠥᠭᠥᠷᠢᠭ᠎ᠦᠨ ᠡᠮᠨᠡᠯᠭᠡ᠎ᠳᠦ ᠰᠠᠭᠤᠵᠤ ᠡᠮᠨᠡᠭᠦᠯᠬᠦ ᠨᠥᠬᠥᠪᠦᠷᠢ ᠮᠥᠩᠭᠥ᠎ᠶᠢ ᠭᠤᠶᠤᠴᠢᠯᠠᠨ ᠠᠪᠴᠤ ᠪᠣᠯᠣᠨ᠎ᠠ᠃
ᠦᠪᠦᠷ ᠮᠤᠩᠭᠤᠯ᠎ᠤᠨ ᠰᠢᠨ ᠺᠠᠩ ᠡᠮᠡᠭᠲᠡᠢᠴᠦᠳ᠎ᠦᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠲᠦᠷᠦᠯ ᠵᠦᠢᠯ ᠨᠢ ᠡᠮᠡᠭᠲᠡᠢ ᠠᠵᠢᠯᠲᠠᠨ ᠠᠵᠢᠯᠴᠢᠨ᠎ᠤ ᠣᠨᠴᠠᠭᠠᠶ ᠡᠪᠡᠳᠴᠢᠨ ᠣᠯᠣᠭᠰᠠᠨ᠎ᠡᠴᠡ ᠪᠣᠯᠤᠭᠰᠠᠨ ᠠᠵᠤ ᠠᠬᠤᠢ ᠪᠠ ᠰᠡᠳᠬᠢᠯ᠎ᠦᠨ ᠳᠠᠷᠤᠭᠠᠰᠤ᠎ᠶᠢ ᠪᠦᠲᠦᠮᠵᠢᠲᠡᠶᠬᠥᠩᠭᠡᠷᠡᠭᠦᠯᠵᠦ᠂ ᠥᠷᠭᠡᠨ ᠣᠯᠠᠨ ᠡᠮᠡᠭᠲᠡᠢ ᠠᠵᠢᠯᠲᠠᠨ ᠠᠵᠢᠯᠴᠢᠨ᠎ᠤ ᠬᠠᠷᠢᠶᠠᠯᠠᠭᠳᠠᠬᠤ ᠰᠡᠳᠬᠢᠯᠭᠡ ᠪᠠ ᠠᠮᠤᠷ ᠲᠦᠪᠰᠢᠨ᠎ᠦ ᠲᠥᠷᠥᠭᠳᠡᠯ᠎ᠢ ᠳᠡᠭᠡᠭᠰᠢᠯᠡᠭᠦᠯᠵᠦ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃