ᠲᠡᠷᠢᠭᠦᠨ ᠨᠢᠭᠤᠷ>ᠬᠦᠮᠦᠨ ᠨᠡᠢᠭᠡᠮ>ᠨᠡᠢᠭᠡᠮ ᠠᠮᠢᠳᠣᠷᠠᠯ

2026-09-28 15:48:56

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


QQ截图20260928154812.png


ᠨᠠᠮᠤᠷ ᠡᠴᠡ ᠨᠠᠭᠠᠰᠢ᠂ ᠳᠤᠮᠳᠠᠳᠤ ᠮᠣᠩᠭᠣᠯ᠎ᠤᠨ ᠬᠢᠯᠢ ᠳᠠᠭᠠᠤ ᠣᠷᠣᠨ᠎ᠳᠤ ᠶᠡᠬᠡ ᠰᠠᠯᠬᠢ ᠰᠠᠯᠬᠢᠯᠠᠨ᠂ ᠬᠤᠷ᠎ᠠ ᠲᠤᠨᠳᠠᠰᠤ ᠴᠦᠭᠡᠨ ᠪᠠᠢᠬᠤ᠂ ᠦᠵᠢᠯ ᠬᠠᠬᠳᠠ ᠣᠪᠣᠭᠠᠷᠠᠨ᠂ ᠪᠠᠶᠠᠷ ᠳᠤᠷᠠᠰᠬᠠᠯ᠎ᠤᠨ ᠡᠳᠦᠷ ᠪᠠ ᠠᠮᠠᠷᠠᠯᠲᠠ᠎ᠶᠢᠨ ᠡᠳᠦᠷ ᠬᠡᠬᠡᠷ᠎ᠡ ᠭᠠᠳᠠᠨᠠᠬᠢ ᠠᠵᠢᠯᠯᠠᠭ᠎ᠠ ᠤᠯᠠᠰᠢᠷᠠᠬᠤ ᠵᠡᠷᠭᠡ ᠰᠢᠯᠲᠠᠭᠠᠨ ᠡᠴᠡ ᠪᠣᠯᠵᠤ᠂ ᠣᠶ ᠰᠢᠭᠤᠢ ᠨᠤᠲᠤᠭ ᠪᠡᠯᠴᠢᠭᠡᠷ᠎ᠦᠨ ᠭᠠᠯ ᠲᠤᠢᠮᠡᠷ ᠤ᠋ᠨ ᠲᠦᠭᠰᠢᠭᠦᠷᠢ ᠨᠡᠮᠡᠭᠳᠡᠪᠠ᠃ ᠣᠢᠷ᠎ᠠ᠎ᠳ᠋ᠤ᠂ ᠰᠢᠯᠢ᠎ᠶᠢᠨ ᠭᠣᠣᠯ᠎ᠤᠨ ᠭᠠᠯ ᠰᠡᠷᠬᠡᠢᠯᠡᠵᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠡᠯᠡᠳᠬᠡᠯ ᠰᠠᠯᠪᠤᠷᠢ ᠠᠩᠭᠢ ᠵᠢᠨ ᠭᠢᠨ ᠪᠦᠭᠦ ᠣᠷᠣᠨ ᠪᠦᠰᠡ᠎ᠪᠡᠷ ᠰᠡᠷᠭᠡᠢᠯᠡᠨ ᠪᠠᠢᠷᠢᠯᠠᠭᠤᠯᠬᠤ ᠵᠡᠷᠭᠡ ᠠᠷᠭ᠎ᠠ ᠬᠡᠮᠵᠢᠶ᠎ᠡ᠎ᠶᠢ ᠲᠤᠭᠤᠰᠢᠳᠠᠢ ᠨᠠᠢᠳᠠᠪᠤᠷᠢᠵᠢᠭᠤᠯᠵᠤ᠂ ᠬᠢᠯᠢ ᠲᠠᠭᠠᠤ ᠤᠷᠤᠨ᠎ᠤ ᠭᠠᠯ ᠲᠤᠢᠮᠡᠷ ᠢ᠋ ᠰᠡᠷᠭᠡᠢᠯᠡᠬᠦ᠂ ᠰᠢᠲᠠᠮᠠᠬᠠᠢ ᠪᠣᠳᠠᠰ᠎ᠢ ᠴᠡᠪᠡᠷᠯᠡᠨ ᠠᠷᠢᠯᠭᠠᠬᠤ ᠵᠡᠷᠭᠡ ᠠᠵᠢᠯ᠎ᠢ ᠡᠷᠴᠢᠮᠳᠠᠢ ᠥᠷᠨᠢᠭᠦᠯᠵᠦ᠂ ᠨᠠᠮᠤᠷ᠎ᠤᠨ ᠤᠯᠠᠷᠢᠯ᠎ᠤᠨ ᠣᠶ ᠰᠢᠭᠤᠢ ᠨᠤᠲᠤᠭ ᠪᠡᠯᠴᠢᠭᠡᠷ᠎ᠤ᠋ᠨ ᠭᠠᠯ ᠲᠤᠢᠮᠠᠷ ᠢ᠋ ᠰᠡᠷᠭᠡᠢᠯᠡᠬᠦ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠪᠡ᠃ ᠵᠢᠷᠤᠭ ᠪᠤᠯ 9 ᠰᠠᠷ᠎ᠠ᠎ᠶᠢᠨ 27 ᠤ᠋ ᠡᠳᠦᠷ᠂ ᠰᠠᠯᠪᠤᠷᠢ ᠠᠩᠭᠢ᠎ᠶᠢᠨ ᠭᠠᠯ ᠤᠨᠲᠠᠷᠠᠭᠠᠭ᠍ᠴᠢᠳ ᠵᠡᠭᠦᠨ ᠦᠵᠦᠮᠦᠴᠢᠨ ᠬᠣᠰᠢᠭᠤᠨ᠎ᠤ ᠳᠤᠮᠳᠠᠳᠤ ᠮᠣᠩᠭᠣᠯ᠎ᠤᠨ ᠬᠢᠯᠢ ᠲᠠᠭᠠᠤ ᠨᠤᠲᠤᠭ ᠪᠡᠯᠴᠢᠭᠡᠷ᠎ᠵᠢᠡᠷ ᠭᠠᠯ ᠲᠤᠢᠮᠠᠷ ᠢ᠋ ᠰᠡᠷᠭᠡᠢᠯᠡᠬᠦ ᠲᠣᠭᠣᠷᠢᠨ ᠬᠠᠮᠠᠭᠠᠯᠠᠬᠤ ᠡᠭᠦᠷᠭᠡ᠎ᠶᠢ ᠭᠦᠢᠴᠡᠳᠬᠡᠵᠦ ᠪᠠᠢᠭ᠎ᠠ ᠨᠢ᠃

ᠰᠤᠷᠪᠤᠯᠵᠢᠯᠠᠬ᠍ᠴᠢ ᠬᠤᠢᠳᠤᠠᠤᠯᠤᠰ ᠰᠡᠭᠦᠳᠡᠷᠯᠡᠪᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面