ᠲᠡᠷᠢᠭᠦᠨ ᠨᠢᠭᠤᠷ>ᠬᠦᠮᠦᠨ ᠨᠡᠢᠭᠡᠮ>ᠨᠡᠢᠭᠡᠮ ᠠᠮᠢᠳᠣᠷᠠᠯ

2026-09-30 16:44:26

ᠵᠣᠬᠢᠶᠠᠭ᠍ᠴᠢ᠄ ᠡᠷᠳᠡᠨᠢᠬᠤᠸᠠᠷ ᠣᠩᠱᠢᠭ᠍ᠰᠠᠨ ᠣᠳᠠᠭ᠎ᠠ᠄ 3

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠬᠢᠨᠠᠨ ᠦᠨᠡᠯᠡᠬᠦ ᠪᠠ ᠡᠮᠳᠦ ᠪᠤᠳᠠᠰ ᠤ᠋ᠨ ᠠᠶᠤᠯᠭᠦᠢ ᠶ᠋ᠢ ᠬᠢᠨᠠᠨ ᠰᠢᠯᠭᠠᠵᠤ ᠰᠡᠷᠡᠮᠵᠢᠯᠡᠭᠦᠯᠬᠦ ᠲᠦᠪ ᠤ᠋ᠨ ᠡᠷᠡᠮᠡᠯᠵᠡᠭᠰᠡᠨ 《ᠦᠨᠡᠨ ᠪᠤᠳᠠᠳᠠᠢ ᠶᠢᠷᠲᠢᠨᠴᠤ ᠶ᠋ᠢᠨ ᠤᠯᠠᠨ ᠡᠰᠢᠳᠦ ᠲᠤᠭ᠎ᠠ ᠪᠠᠷᠢᠮᠳᠠ ᠳ᠋ᠤ ᠰᠠᠭᠤᠷᠢᠯᠠᠭᠰᠠᠨ ᠲᠦᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠲᠦᠭᠰᠢᠭᠦᠷᠢ ᠶ᠋ᠢᠨ ᠵᠠᠳᠠᠯᠤᠯᠳᠠ ᠬᠢᠭᠡᠳ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠠᠮᠦᠷ ᠲᠦᠪᠰᠢᠨ ᠶ᠋ᠢᠡᠷ ᠬᠡᠷᠡᠭᠯᠡᠬᠦ ᠶ᠋ᠢ ᠵᠢᠯᠤᠭᠤᠳᠬᠤ ᠵᠠᠷᠴᠢᠮ ᠤ᠋ᠨ ᠪᠠᠢᠭᠤᠯᠤᠯᠳᠠ ᠶ᠋ᠢᠨ ᠰᠤᠳᠤᠯᠭᠠᠨ》 ᠭᠡᠬᠦ ᠰᠤᠳᠤᠯᠭᠠᠨ ᠤ᠋ ᠰᠡᠳᠦᠪ ᠨᠢ ᠤᠢᠷ᠎ᠠ ᠳ᠋ᠤ ᠤᠯᠤᠰ ᠤ᠋ᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠡᠮ ᠤ᠋ᠨ ᠵᠦᠢᠯᠡᠰ ᠢ᠋ ᠬᠢᠨᠡᠨ ᠦᠨᠡᠯᠡᠬᠦ ᠲᠦᠪ ᠤ᠋ᠨ ᠵᠦᠪᠰᠢᠶᠡᠷᠡᠯ ᠢ᠋ ᠤᠯᠪᠠ᠃

ᠤᠯᠤᠰ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠲᠦᠪᠯᠡᠷᠡᠭᠦᠯᠦᠨ ᠬᠤᠳᠠᠯᠳᠤᠨ ᠠᠪᠬᠤ ᠲᠦᠷᠦ ᠶ᠋ᠢᠨ ᠪᠤᠳᠤᠯᠭ᠎ᠠ ᠪᠦᠬᠦ ᠲᠠᠯ᠎ᠠ ᠪᠡᠷ ᠬᠡᠷᠡᠭᠵᠢᠭᠦᠯᠦᠭᠳᠡᠬᠦ ᠶ᠋ᠢ ᠳᠠᠭᠠᠯᠳᠤᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠬᠡᠷᠡᠭᠯᠡᠭᠡᠨ ᠤ᠋ ᠬᠦᠷᠢᠶ᠎ᠠ ᠲᠠᠰᠤᠷᠠᠯᠳᠠ ᠦᠭᠡᠢ ᠦᠷᠭᠡᠵᠢᠵᠦ᠂ᠵᠠᠬ᠎ᠠ ᠳᠡᠯᠭᠡᠭᠦᠷ ᠲᠤ᠌ ᠭᠠᠷᠤᠭᠰᠠᠨ ᠤ᠋ ᠳᠠᠷᠠᠭᠠᠬᠢ ᠠᠶᠤᠯ ᠲᠦᠭᠰᠢᠭᠦᠷᠢ ᠭᠡᠮ ᠰᠤᠭᠤᠭ ᠨᠢ ᠴᠤ᠌ ᠨᠡᠩ ᠪᠤᠳᠤᠯᠢᠶᠠᠨᠳᠠᠢ ᠪᠤᠯᠵᠠᠢ᠃ ᠡᠭᠦᠨ ᠤ᠋ ᠳᠡᠭᠡᠷ᠎ᠠ ᠦᠨᠡᠨ ᠪᠤᠳᠠᠳᠠᠢ ᠶᠢᠷᠲᠢᠨᠴᠤ ᠶ᠋ᠢᠨ ᠡᠯ᠎ᠠ ᠵᠦᠢᠯ ᠤ᠋ᠨ ᠲᠤᠭ᠎ᠠ ᠪᠠᠷᠢᠮᠳᠠ ᠨᠢ ᠲᠠᠷᠠᠬᠠᠢ ᠪᠤᠳᠠᠷᠬᠠᠢ ᠡᠮᠬᠢ ᠴᠡᠭᠴᠡ ᠦᠭᠡᠢ᠂ ᠳᠦᠷᠢᠮᠵᠢᠭᠦᠨ ᠪᠤᠰᠤ ᠪᠠᠢᠬᠤ ᠪᠠᠢᠳᠠᠯ ᠨᠢ ᠰᠢᠨ᠎ᠠ ᠴᠠᠭ ᠦᠶ᠎ᠠ ᠶ᠋ᠢᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠲᠦᠭᠰᠢᠭᠦᠷᠢ ᠶ᠋ᠢᠨ ᠬᠢᠨᠠᠯᠳᠠ ᠬᠠᠮᠢᠶᠠᠷᠤᠯᠳᠠ ᠳ᠋ᠤ ᠨᠡᠩ ᠦᠨᠳᠦᠷ ᠱᠠᠭᠠᠷᠳᠠᠯᠭ᠎ᠠ ᠳᠤᠷᠠᠳᠴᠠᠢ᠃ ᠡᠳᠡᠭᠡᠷ ᠠᠰᠠᠭᠤᠳᠠᠯ ᠳ᠋ᠤ ᠴᠢᠭᠯᠡᠭᠦᠯᠦᠨ᠂ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠬᠢᠨᠠᠨ ᠦᠨᠡᠯᠡᠬᠦ ᠪᠠ ᠡᠮᠳᠦ ᠪᠤᠳᠠᠰ ᠤ᠋ᠨ ᠠᠶᠤᠯᠭᠦᠢ ᠶ᠋ᠢ ᠬᠢᠨᠠᠨ ᠰᠢᠯᠭᠠᠵᠤ ᠰᠡᠷᠡᠮᠵᠢᠯᠡᠭᠦᠯᠬᠦ ᠲᠦᠪ ᠡᠴᠡ ᠦᠪᠡᠷᠳᠡᠭᠡᠨ ᠵᠠᠰᠠᠬᠤ ᠤᠷᠤᠨ ᠤ᠋ ᠡᠮ ᠡᠮᠴᠢᠯᠡᠭᠡ ᠶ᠋ᠢᠨ ᠬᠤᠳᠠᠯᠳᠤᠨ ᠠᠪᠬᠤ ᠲᠦᠪ᠂ ᠦᠪᠦᠷ ᠮᠤᠩᠭᠤᠯ ᠤ᠋ᠨ ᠶᠡᠬᠡ ᠰᠤᠷᠭᠠᠭᠤᠯᠢ᠂ ᠦᠪᠦᠷ ᠮᠤᠩᠭᠤᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠶ᠋ᠢᠨ ᠬᠠᠷᠢᠶᠠᠳᠦ ᠡᠮᠨᠡᠯᠭᠡ ᠶ᠋ᠢᠨ ᠬᠤᠷᠢᠶ᠎ᠠ᠂ ᠦᠪᠦᠷ ᠮᠤᠩᠭᠤᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠶ᠋ᠢᠨ ᠬᠠᠷᠢᠶᠠᠳᠦ ᠬᠤᠶᠠᠳᠤᠭᠠᠷ ᠡᠮᠨᠡᠯᠭᠡ ᠶ᠋ᠢᠨ ᠬᠤᠷᠢᠶ᠎ᠠ᠂ ᠦᠪᠦᠷ ᠮᠤᠩᠭᠤᠯ ᠤ᠋ᠨ ᠤᠯᠠᠨ ᠤᠯᠤᠰ ᠤ᠋ᠨ ᠮᠤᠩᠭᠤᠯ ᠡᠮᠨᠡᠯᠭᠡ ᠶ᠋ᠢᠨ ᠬᠤᠷᠢᠶ᠎ᠠ ᠵᠡᠷᠭᠡ ᠨᠢᠭᠡᠴᠢ ᠲᠠᠢ ᠬᠠᠮᠳᠤᠷᠠᠨ ᠲᠤᠰ ᠰᠤᠳᠤᠯᠭᠠᠨ ᠤ᠋ ᠰᠡᠳᠦᠪ ᠢ᠋ ᠡᠷᠡᠮᠡᠯᠵᠡᠭᠰᠡᠨ ᠪᠠᠢᠨ᠎ᠠ᠃

ᠲᠤᠰ ᠰᠤᠳᠤᠯᠭᠠᠨ ᠤ᠋ ᠰᠡᠳᠦᠪ ᠨᠢ ᠡᠮᠴᠢᠯᠡᠭᠡᠨ ᠤ᠋ ᠳᠡᠭᠡᠷ᠎ᠠ ᠪᠠᠢᠩᠭᠤ ᠬᠡᠷᠡᠭᠯᠡᠭᠳᠡᠬᠦ᠂ ᠲᠦᠭᠰᠢᠭᠦᠷᠢ ᠶᠡᠬᠡᠳᠠᠢ ᠡᠮᠴᠢᠯᠡᠭᠡᠨ ᠤ᠋ ᠪᠠᠭᠠᠵᠢ ᠬᠡᠷᠡᠭᠰᠡᠯ ᠳ᠋ᠤ ᠠᠩᠬᠠᠷᠤᠯ ᠶ᠋ᠢᠡᠨ ᠲᠦᠪᠯᠡᠷᠡᠭᠦᠯᠵᠦ᠂ ᠦᠪᠦᠷ ᠮᠤᠩᠭᠤᠯ ᠤ᠋ᠨ ᠴᠠᠭ ᠠᠭᠤᠷ ᠤ᠋ᠨ ᠤᠨᠴᠠᠯᠢᠭ᠂ ᠠᠷᠠᠳ ᠢᠷᠭᠡᠳ ᠤ᠋ᠨ ᠢᠳᠡᠭᠡᠨ ᠤᠮᠳᠠᠭᠠᠨ ᠤ᠋ ᠪᠦᠲᠦᠴᠡ᠂ ᠤᠷᠤᠨ ᠨᠤᠳᠤᠭ ᠤ᠋ᠨ ᠡᠪᠡᠳᠴᠢᠨ ᠤ᠋ ᠲᠠᠷᠬᠠᠯᠳᠠ ᠵᠡᠷᠭᠡ ᠤᠷᠤᠨ ᠪᠦᠰᠡ ᠶ᠋ᠢᠨ ᠦᠪᠡᠷᠮᠢᠴᠡ ᠤᠨᠴᠠᠯᠢᠭ ᠰᠢᠨᠵᠢ ᠳ᠋ᠤ ᠰᠠᠭᠤᠷᠢᠯᠠᠨ᠂ ᠦᠨᠡᠨ ᠪᠤᠳᠠᠳᠠᠢ ᠶᠢᠷᠲᠢᠨᠴᠤ ᠶ᠋ᠢᠨ ᠤᠯᠠᠨ ᠡᠰᠢᠳᠦ ᠲᠤᠭ᠎ᠠ ᠪᠠᠷᠢᠮᠳᠠ ᠳ᠋ᠤ ᠲᠦᠰᠢᠭᠯᠡᠨ᠂ ᠵᠤᠬᠢᠶᠠᠮᠠᠯ ᠤᠶᠤᠨ ᠴᠢᠳᠠᠪᠤᠷᠢ ᠪᠤᠯᠤᠨ ᠳᠤᠭ᠎ᠠ ᠪᠠᠷᠢᠮᠳᠠ ᠶ᠋ᠢ ᠠᠭᠤᠳᠠᠯᠤᠨ ᠠᠰᠢᠭᠯᠠᠬᠤ ᠬᠤᠰᠢᠭᠤᠴᠢ ᠮᠡᠷᠭᠡᠵᠢᠯ ᠢ᠋ ᠠᠰᠢᠭᠯᠠᠨ ᠲᠦᠭᠰᠢᠭᠦᠷᠢ ᠶ᠋ᠢᠨ ᠳᠡᠰ ᠢ᠋ ᠰᠢᠨᠵᠢᠯᠡᠬᠦ ᠤᠬᠠᠭᠠᠨᠴᠢ ᠪᠡᠷ ᠳᠤᠭᠳᠠᠭᠠᠵᠤ᠂ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠲᠦᠭᠰᠢᠭᠦᠷᠢ ᠶ᠋ᠢ ᠰᠠᠨᠠᠭᠠᠴᠢᠯᠠᠭ᠎ᠠ ᠡᠴᠡ ᠬᠢᠨᠠᠨ ᠰᠢᠯᠭᠠᠬᠤ ᠰᠢᠨ᠎ᠠ ᠵᠠᠭᠪᠤᠷ ᠢ᠋ ᠰᠢᠨ᠎ᠠ ᠶ᠋ᠢ ᠡᠭᠦᠳᠬᠦ ᠴᠢᠨᠠᠷᠳᠠᠢ ᠪᠡᠷ ᠪᠠᠢᠭᠤᠯᠵᠤ᠂ ᠤᠯᠤᠰ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠲᠦᠭᠰᠢᠭᠦᠷᠢ ᠶ᠋ᠢ ᠰᠡᠷᠡᠮᠵᠢᠯᠡᠭᠦᠯᠬᠦ ᠰᠢᠰᠲᠧᠮ ᠤ᠋ᠨ ᠪᠠᠢᠭᠤᠯᠤᠯᠳᠠ ᠶ᠋ᠢ ᠴᠢᠨᠠᠭᠰᠢᠳᠠ ᠪᠠᠶᠠᠯᠢᠭᠵᠢᠭᠤᠯᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面