ᠲᠡᠷᠢᠭᠦᠨ ᠨᠢᠭᠤᠷ>ᠬᠦᠮᠦᠨ ᠨᠡᠢᠭᠡᠮ>ᠨᠡᠢᠭᠡᠮ ᠠᠮᠢᠳᠣᠷᠠᠯ

2026-10-04 12:16:04

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

ᠣᠢᠷ᠎ᠠ ᠶ᠋ᠢᠨ ᠵᠢᠯ ᠳ᠋ᠤ ᠮᠦᠽᠧᠢ ᠶ᠋ᠢᠨ ᠬᠠᠯᠠᠮᠰᠢᠯ ᠦᠷᠭᠦᠯᠵᠢᠯᠡᠨ ᠨᠡᠮᠡᠭᠳᠡᠵᠤ᠂ ᠳᠤᠮᠳᠠ ᠪᠠᠭ᠎ᠠ ᠮᠦᠽᠧᠢ ᠨᠢᠭᠡᠨᠲᠡ ᠤᠯᠠᠨ ᠨᠡᠶ᠋ᠢᠲᠡ ᠶ᠋ᠢᠨ ᠰᠣᠶᠣᠯ ᠤ᠋ᠨ ᠦᠢᠯᠡᠴᠢᠯᠡᠭᠡᠨ ᠤ᠋ ᠶᠠᠰᠤ ᠴᠢᠨᠠᠷ ᠢ᠋ ᠳᠡᠭᠡᠭᠰᠢᠯᠡᠭᠦᠯᠬᠦ᠂ ᠭᠠᠵᠠᠷ ᠣᠷᠣᠨ ᠤ᠋ ᠰᠣᠶᠣᠯ ᠢ᠋ ᠤᠯᠠᠮᠵᠢᠯᠠᠬᠤ ᠴᠢᠬᠤᠯᠠ ᠵᠢᠭ᠍ᠰᠠᠭᠠᠯ ᠤ᠋ᠨ ᠭᠠᠵᠠᠷ ᠪᠣᠯᠵᠠᠢ᠃ ᠮᠠᠨ ᠤ᠋ ᠤᠷᠤᠨ ᠳᠤᠮᠳᠠ ᠪᠠᠭ᠎ᠠ ᠮᠦᠽᠧᠢ ᠶ᠋ᠢᠨ ᠡᠬᠢ ᠪᠠᠶᠠᠯᠢᠭ᠋ ᠪᠠᠭᠤᠷᠠᠢ᠂ ᠳᠡᠯᠭᠡᠨ ᠦᠵᠡᠭᠦᠯᠭᠡ ᠬᠠᠭᠤᠴᠢᠷᠠᠭᠰᠠᠨ᠂ ᠴᠢᠳᠠᠪᠤᠷᠢᠲᠠᠨ ᠳᠤᠲᠠᠭᠳᠠᠵᠤ ᠪᠠᠢᠬᠤ᠂ ᠠᠮᠢᠵᠢᠷᠠᠯ ᠬᠦᠷᠦᠯᠴᠡᠬᠦ ᠦᠭᠡᠢ ᠪᠠᠢᠬᠤ ᠵᠡᠷᠭᠡ ᠬᠦᠴᠢᠷᠳᠡᠯ ᠢ᠋ ᠰᠢᠢᠳᠪᠦᠷᠢᠯᠡᠵᠦ᠂ ᠤᠯᠠᠨ ᠨᠡᠶ᠋ᠢᠲᠡ ᠶ᠋ᠢᠨ ᠰᠣᠶᠣᠯ ᠤ᠋ᠨ ᠦᠢᠯᠡᠴᠢᠯᠡᠭᠡ ᠵᠢ ᠲᠡᠩᠴᠡᠭᠦᠷᠢᠲᠡᠢ ᠬᠥᠭᠵᠢᠭᠦᠯᠬᠦ ᠳᠤᠲᠠᠭᠤᠳᠠᠯ ᠢ᠋ ᠨᠥᠬᠥᠪᠦᠷᠢᠯᠡᠬᠦ ᠶ᠋ᠢᠨ ᠲᠥᠯᠥᠭᠡ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠳᠤᠮᠳᠠ ᠪᠠᠭ᠎ᠠ ᠮᠦᠽᠧᠢ ᠵᠢ ᠰᠠᠢᠵᠢᠷᠠᠭᠤᠯᠬᠤ ᠲᠥᠯᠥᠪᠯᠡᠭᠡ (2025 — 2030 ᠣᠨ)》 ᠶ᠋ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠤᠪᠤᠢᠮ᠎ᠠ ᠰᠠᠢᠨ ᠦᠷ᠎ᠠ ᠪᠦᠳᠦᠮᠵᠢ ᠤᠯᠪᠠ᠃

ᠮᠠᠨ ᠤ᠋ ᠤᠷᠤᠨ ᠨᠢᠳᠤᠨᠤᠨ ᠡᠴᠡ ᠨᠠᠭᠠᠰᠢ ᠲᠤᠰ ᠲᠥᠯᠥᠪᠯᠡᠭᠡ ᠪᠡᠷ ᠭᠠᠷᠳᠠᠴᠠ ᠪᠣᠯᠭᠠᠨ ᠳᠦᠷᠢᠮ ᠤ᠋ᠨ ᠰᠢᠰᠲᠧᠮ ᠢ᠋ ᠲᠡᠭᠦᠯᠳᠡᠷᠵᠢᠭᠦᠯᠬᠦ᠂ ᠬᠥᠭᠵᠢᠯᠲᠡ ᠶ᠋ᠢᠨ ᠪᠣᠭᠣᠮᠢ ᠵᠢ ᠰᠢᠢᠳᠪᠤᠷᠢᠯᠡᠬᠦ᠂ ᠲᠡᠦᠬᠡ ᠶ᠋ᠢᠨ ᠳᠤᠷᠠᠰᠬᠠᠯᠲᠤ ᠵᠦᠢᠯᠡᠰ ᠤ᠋ᠨ ᠦᠨ᠎ᠡ ᠥᠷᠲᠡᠭ ᠢ᠋ ᠠᠮᠢᠯᠠᠭᠤᠯᠬᠤ᠂ ᠴᠢᠳᠠᠪᠤᠷᠢᠲᠠᠨ ᠤ᠋ ᠠᠰᠠᠭᠤᠳᠠᠯ ᠢ᠋ ᠰᠢᠢᠳᠪᠦᠷᠢᠯᠡᠭᠦ᠂ ᠬᠥᠭᠵᠢᠯᠲᠡ ᠶ᠋ᠢᠨ ᠰᠢᠨ᠎ᠠ ᠵᠠᠮ ᠢ᠋ ᠨᠡᠭᠡᠭᠡᠬᠦ ᠵᠡᠷᠬᠡ 5 ᠲᠠᠯ᠎ᠠ ᠪᠡᠷ ᠬᠦᠴᠦᠯᠡᠨ᠂ ᠳᠤᠮᠳᠠ ᠪᠠᠭ᠎ᠠ ᠮᠦᠽᠧᠢ ᠶ᠋ᠢᠨ ᠠᠭᠤᠯᠭ᠎ᠠ ᠵᠢ ᠣᠨᠴᠠᠯᠠᠬ᠍ᠵᠢᠭᠤᠯᠬᠤ᠂ ᠪᠠᠢᠷᠢᠰᠢᠭᠤᠯᠤᠯ ᠢ᠋ ᠣᠯᠠᠨ ᠶᠠᠩᠵᠤᠵᠢᠭᠤᠯᠬᠤ᠂ ᠴᠢᠳᠠᠮᠵᠢ ᠵᠢ ᠪᠠᠷᠢᠮᠵᠢᠶᠠᠵᠢᠭᠤᠯᠬᠤ ᠵᠢ ᠪᠥᠬᠥ ᠲᠠᠯ᠎ᠠ ᠪᠠᠷ ᠠᠬᠢᠭᠤᠯᠵᠤ᠂ 《ᠵᠢᠵᠢᠭᠬᠡᠨ ᠪᠦᠬᠡᠳᠡᠯ᠎ᠡ ᠰᠠᠢᠬᠠᠨ》 ᠮᠦᠽᠧᠢ ᠨᠤᠭᠦᠳ ᠢ᠋ᠶ᠋ᠡᠷ ᠲᠣᠮᠣ᠌ ᠰᠣᠶᠣᠯ ᠢ᠋ ᠤᠯᠠᠮᠵᠢᠯᠠᠬᠤ ᠲᠤᠯᠭᠠᠭᠤᠷᠢ ᠬᠦᠴᠦᠨ ᠪᠤᠯᠭᠠᠵᠠᠢ᠃ ᠬᠠᠮᠤᠭ ᠤ᠋ᠨ ᠰᠢᠨ᠎ᠠ ᠪᠦᠷᠢᠳᠬᠡᠯ ᠵᠢᠡᠷ᠂ ᠡᠨᠡ ᠵᠢᠯ ᠤ᠋ᠨ 5 ᠰᠠᠷ᠎ᠠ ᠪᠤᠯᠬᠤ ᠳ᠋ᠤ ᠥᠪᠥᠷ ᠮᠣᠩᠭᠣᠯ 122 ᠳᠤᠮᠳᠠ ᠪᠠᠭ᠎ᠠ ᠮᠦᠽᠧᠢ ᠲᠠᠢ ᠪᠤᠯᠵᠤ᠂ ᠪᠥᠬᠥ ᠣᠷᠣᠨ ᠤ᠋ ᠮᠦᠽᠧᠢ ᠶ᠋ᠢᠨ ᠶᠡᠷᠦᠩᠬᠡᠢ ᠲᠤᠭ᠎ᠠ ᠵᠢᠨ 77.21% ᠵᠢ ᠡᠵᠡᠯᠡᠪᠡ᠃

ᠮᠠᠨ ᠤ᠋ ᠤᠷᠤᠨ ᠤᠯᠤᠰ ᠤ᠋ᠨ ᠥᠮᠴᠢᠯᠡᠯ ᠤ᠋ᠨ ᠪᠤᠰᠤ ᠮᠦᠽᠧᠢ ᠶ᠋ᠢᠨ ᠬᠠᠮᠢᠶᠠᠷᠤᠯᠲᠠ᠂ ᠮᠦᠽᠧᠢ ᠶ᠋ᠢᠨ ᠳᠡᠯᠭᠡᠨ ᠦᠵᠡᠭᠦᠯᠭᠡ ᠶ᠋ᠢᠨ ᠬᠥᠲᠥᠯᠪᠦᠷᠢ ᠵᠢ ᠬᠢᠨᠠᠨ ᠲᠣᠭᠲᠠᠭᠠᠵᠤ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠡᠷᠭᠡ ᠲᠤᠰᠬᠠᠢ ᠲᠥᠷᠥ ᠶ᠋ᠢᠨ ᠪᠣᠳᠣᠯᠭ᠎ᠠ ᠵᠢ ᠨᠡᠢᠳᠡᠯᠡᠨ᠂《ᠮᠦᠽᠧᠢ ᠶ᠋ᠢᠨ ᠨᠡᠢᠬᠡᠮ ᠤ᠋ᠨ ᠰᠤᠷᠭᠠᠨ ᠬᠥᠮᠦᠵᠢᠯ ᠦᠢᠯᠡᠴᠢᠯᠡᠭᠡᠨ ᠤ᠋ ᠵᠢᠷᠤᠮᠵᠢᠯ》 ᠤ᠋ᠨ ᠣᠷᠣᠨ ᠨᠤᠲᠤᠭ ᠤ᠋ᠨ ᠪᠠᠷᠢᠮᠵᠢᠶ᠎ᠠ ᠵᠢ ᠨᠡᠢᠲᠡᠯᠡᠵᠦ᠂ 《ᠮᠦᠽᠧᠢ ᠶ᠋ᠢᠨ ᠵᠢᠷᠤᠮᠵᠢᠭ᠍ᠰᠠᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠬᠠᠯᠲᠤ ᠵᠦᠢᠯᠡᠰ ᠤ᠋ᠨ ᠲᠣᠪᠴᠢᠶ᠎ᠠ ᠶ᠋ᠢᠨ ᠮᠡᠳᠡᠭᠳᠡᠯ》 ᠵᠡᠷᠭᠡ ᠪᠢᠴᠢᠭ ᠮᠠᠲᠧᠷᠢᠶᠠᠯ ᠢ᠋ ᠳᠠᠷᠤᠮᠠᠯᠯᠠᠨ ᠳᠠᠷᠬᠠᠭᠠᠵᠦ᠂ ᠲᠥᠯᠥᠪᠯᠡᠭᠡ ᠶ᠋ᠢᠨ ᠡᠯ᠎ᠡ ᠵᠦᠢᠯ ᠤ᠋ᠨ ᠡᠭᠦᠷᠭᠡ ᠵᠢ ᠪᠣᠳᠠᠲᠠᠢ ᠳ᠋ᠦ ᠨᠠᠢᠳᠠᠪᠤᠷᠢᠵᠢᠭᠤᠯᠤᠨ ᠬᠡᠷᠡᠭᠵᠢᠭᠦᠯᠬᠦ ᠳ᠋ᠤ ᠳᠦᠷᠢᠮ ᠤ᠋ᠨ ᠰᠠᠭᠤᠷᠢ ᠵᠢ ᠪᠡᠬᠢᠵᠢᠭᠦᠯᠪᠠ; ᠳᠤᠮᠳᠠ ᠪᠠᠭ᠎ᠠ ᠮᠦᠽᠧᠢ ᠶ᠋ᠢᠨ ᠡᠬᠢ ᠪᠠᠶᠠᠯᠢᠭ᠋ ᠳᠤᠲᠠᠮᠠᠭ᠂ ᠬᠥᠭᠵᠢᠯᠲᠡ ᠶ᠋ᠢᠨ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠢᠬᠤ ᠬᠦᠴᠢᠷ ᠠᠰᠠᠭᠤᠳᠠᠯ ᠳ᠋ᠦ ᠴᠢᠭᠯᠡᠭᠦᠯᠦᠨ᠂ ᠪᠡᠯᠡ ᠮᠥᠩᠭᠥ ᠶ᠋ᠢᠨ ᠲᠠᠮᠵᠢᠯᠬᠡ ᠦᠵᠡᠬᠦᠯᠬᠦ᠂ ᠮᠦᠽᠧᠢ ᠶ᠋ᠢᠨ ᠬᠣᠭᠣᠷᠣᠨᠳᠣᠬᠢ ᠬᠠᠷᠢᠯᠴᠠᠭ᠎ᠠ ᠶᠠᠪᠤᠯᠴᠠᠭ᠎ᠠ ᠵᠢ ᠨᠢᠭᠳᠠᠷᠠᠭᠤᠯᠬᠤ᠂ ᠦᠵᠡᠬᠦᠯᠬᠡ ᠦᠵᠡᠰᠬᠦᠯᠡᠩ ᠵᠢ ᠬᠠᠮᠳᠤᠷᠠᠨ ᠭᠠᠷᠭᠠᠬᠤ᠂ ᠰᠣᠶᠣᠯ ᠤ᠋ᠨ ᠪᠦᠳᠦᠬᠡᠯᠴᠢ ᠦᠢᠯᠡᠳᠬᠦᠨ ᠢ᠋ ᠨᠡᠬᠡᠬᠡᠬᠦ ᠵᠡᠷᠭᠡ 4 ᠠᠷᠭ᠎ᠠ ᠬᠡᠮᠵᠢᠶ᠎ᠡ ᠪᠡᠷ ᠲᠠᠮᠵᠢᠨ ᠦᠨᠳᠦᠰᠦᠨ ᠱᠠᠲᠤᠨ ᠤ᠋ ᠮᠦᠽᠧᠢ ᠶ᠋ᠢᠨ ᠬᠥᠭᠵᠢᠯᠲᠡ ᠶ᠋ᠢᠨ ᠪᠣᠭᠣᠮᠢ ᠵᠢ ᠰᠢᠰᠲ᠋ᠧᠮ ᠲᠠᠢ ᠰᠢᠢᠳᠪᠦᠷᠢᠯᠡᠪᠡ; ᠳᠤᠮᠳᠠ ᠪᠠᠭ᠎ᠠ ᠮᠦᠽᠧᠢ ᠳ᠋ᠤ ᠬᠠᠳᠠᠭᠠᠯᠠᠵᠤ ᠪᠠᠢᠭ᠎ᠠ ᠲᠡᠥᠬᠡ ᠶ᠋ᠢᠨ ᠲᠤᠷᠠᠰᠬᠠᠯᠳᠦ ᠵᠦᠢᠯᠡᠰ ᠤ᠋ᠨ ᠬᠠᠮᠢᠶᠠᠷᠤᠯᠲᠠ ᠵᠢᠷᠤᠮᠵᠢᠯ ᠦᠭᠡᠢ᠂ ᠲᠠᠩᠰᠠ ᠡᠪᠬᠡᠮᠡᠯ ᠪᠦᠷᠢᠨ ᠪᠤᠰᠤ᠂ ᠲᠡᠦᠬᠡ ᠶ᠋ᠢᠨ ᠳᠤᠷᠠᠰᠬᠠᠯᠲᠤ ᠵᠦᠢᠯᠡᠰ ᠢ᠋ ᠠᠮᠢᠳᠤᠯᠢᠭ᠍ᠵᠢᠭᠤᠯᠤᠨ ᠠᠰᠢᠭ᠍ᠯᠠᠬᠤ ᠨᠣᠷᠮ᠎ᠠ ᠳᠣᠣᠷ᠎ᠠ᠂ ᠬᠠᠮᠠᠭᠠᠯᠠᠬᠤ ᠴᠢᠳᠠᠪᠤᠷᠢ ᠨᠢ ᠪᠠᠭᠤᠷᠠᠢ ᠵᠡᠷᠭᠡ ᠠᠰᠠᠭᠤᠳᠠᠯ ᠳ᠋ᠦ ᠴᠢᠭᠯᠡᠭᠦᠯᠦᠨ᠂ ᠬᠠᠷᠠᠯᠲᠠ ᠲᠠᠢ ᠪᠠᠷ ᠶᠠᠰᠤ ᠴᠢᠨᠠᠷ ᠢ᠋ ᠳᠡᠭᠡᠭᠰᠢᠯᠡᠭᠦᠯᠬᠦ᠂ ᠲᠡᠦᠬᠡ ᠶ᠋ᠢᠨ ᠳᠤᠷᠠᠰᠬᠠᠯᠲᠤ ᠵᠦᠢᠯᠡᠰ ᠤ᠋ᠨ ᠦᠨ᠎ᠡ ᠥᠷᠲᠡᠭ ᠢ᠋ ᠠᠮᠢᠯᠠᠭᠤᠯᠬᠤ ᠵᠢ ᠠᠬᠢᠭᠤᠯᠵᠠᠢ; ᠲᠤᠰᠬᠠᠢ ᠮᠡᠷᠭᠡᠵᠢᠯ ᠤ᠋ᠨ ᠴᠢᠳᠠᠪᠤᠷᠢᠲᠠᠨ ᠳᠤᠲᠠᠭᠳᠠᠵᠤ ᠪᠠᠢᠬᠤ᠂ ᠲᠤᠬᠠᠢᠯᠠᠭᠰᠠᠨ ᠠᠵᠢᠯ ᠤ᠋ᠨ ᠴᠢᠳᠠᠪᠤᠷᠢ ᠪᠠᠭᠤᠷᠠᠢ ᠪᠠᠢᠬᠤ ᠵᠡᠷᠭᠡ ᠲᠤᠳᠠᠭᠳᠠᠯ ᠳ᠋ᠤ ᠴᠢᠭᠯᠡᠭᠦᠯᠦᠨ᠂ 《ᠲᠤᠰᠬᠠᠢ ᠪᠣᠯᠪᠠᠰᠤᠷᠠᠯ ᠬᠦᠷᠲᠡᠭᠡᠬᠦ᠂ ᠤᠷᠤᠯᠳᠤᠭᠠᠨ ᠢ᠋ᠶ᠋ᠠᠷ ᠪᠣᠯᠪᠠᠰᠤᠷᠠᠯ ᠢ᠋ ᠠᠬᠢᠭᠤᠯᠬᠤ᠂ ᠦᠨᠳᠦᠰᠦᠨ ᠱᠠᠲᠤᠨ ᠳ᠋ᠦ ᠭᠦᠨᠵᠡᠭᠡᠢᠷᠡᠨ ᠬᠠᠪᠰᠤᠷᠤᠨ ᠲᠡᠳᠬᠦᠬᠦ᠂ ᠦᠢᠯᠡᠳᠦᠯᠭᠡ ᠡᠴᠡ ᠴᠢᠳᠠᠪᠤᠷᠢ ᠣᠯᠭᠣᠬᠤ》ᠨᠢᠭᠡ ᠴᠣᠭᠴᠠᠵᠢᠭᠤᠯᠤᠭᠰᠠᠨ ᠴᠢᠳᠠᠪᠤᠷᠢᠲᠠᠨ ᠢ᠋ ᠬᠥᠮᠥᠵᠢᠭᠦᠯᠬᠦ ᠰᠢᠰᠲ᠋ᠧᠮ ᠢ᠋ ᠰᠢᠨᠡᠴᠢᠯᠡᠨ ᠪᠠᠢᠭᠤᠯᠵᠤ᠂ ᠴᠢᠳᠠᠪᠤᠷᠢᠲᠠᠨ ᠤ᠋ ᠠᠰᠠᠭᠤᠳᠠᠯ ᠢ᠋ ᠰᠢᠢᠳᠪᠦᠷᠢᠯᠡᠪᠠ᠃ ᠪᠠᠰᠠ ᠳᠡᠯᠭᠡᠨ ᠦᠵᠡᠭᠦᠯᠬᠡ ᠶ᠋ᠢᠨ ᠰᠢᠨ᠎ᠡ ᠵᠢ ᠡᠭᠦᠳᠬᠦ᠂ ᠲᠣᠭᠠᠴᠢᠯᠠᠯᠲᠠ ᠪᠠᠷ ᠴᠢᠳᠠᠪᠤᠷᠢ ᠣᠯᠭᠣᠬᠤ᠂ ᠰᠣᠶᠣᠯ ᠵᠢᠭᠤᠯᠴᠢᠯᠠᠯ ᠢ᠋ ᠠᠭᠤᠰᠤᠯᠴᠠᠭᠤᠯᠬᠤ᠂ ᠠᠷᠠᠳ ᠲᠦ᠍ ᠠᠰᠢᠭ᠋ ᠬᠦᠷᠲᠡᠭᠡᠬᠦ᠂ ᠦᠢᠯᠡᠴᠢᠯᠡᠭᠡ ᠵᠢ ᠰᠢᠯᠢᠳᠡᠭᠵᠢᠬᠦᠯᠬᠦ ᠵᠡᠷᠭᠡ ᠣᠯᠠᠨ ᠲᠠᠯ᠎ᠠ ᠪᠠᠷ ᠬᠦᠴᠦᠯᠡᠵᠦ᠂ ᠥᠪᠡᠷᠮᠢᠴᠡ ᠣᠨᠴᠠᠯᠢᠭ᠋ ᠲᠠᠢ᠂ ᠨᠠᠷᠢᠯᠢᠭ᠍ᠵᠢᠭ᠍ᠰᠠᠨ ᠳᠤᠮᠳᠠ ᠪᠠᠭ᠎ᠠ ᠮᠦᠽᠧᠢ ᠶ᠋ᠢᠨ ᠬᠥᠭᠵᠢᠯᠲᠡ ᠶ᠋ᠢᠨ ᠰᠢᠨ᠎ᠠ ᠵᠠᠮ ᠢ᠋ ᠨᠡᠭᠡᠭᠡᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面