ᠲᠡᠷᠢᠭᠦᠨ ᠨᠢᠭᠤᠷ>ᠬᠦᠮᠦᠨ ᠨᠡᠢᠭᠡᠮ>ᠨᠡᠢᠭᠡᠮ ᠠᠮᠢᠳᠣᠷᠠᠯ

2026-10-09 11:23:50

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

ᠤᠢᠷ᠎ᠠ᠎ᠳᠤ᠂ 2026 ᠣᠨ᠎ᠤ ᠪᠥᠬᠥ ᠤᠯᠤᠰ᠎ᠤᠨ ᠬᠠᠷᠠᠭ᠎ᠠ ᠠᠯᠳᠠᠬᠰᠠᠳ᠎ᠤᠨ ᠢᠯᠢᠬᠦ ᠵᠠᠰᠠᠯ᠎ᠦᠨ ᠰᠢᠯᠭᠠᠯᠲᠠ (ᠥᠪᠥᠷ ᠮᠣᠩᠭᠣᠯ ᠎ᠤᠨ ᠰᠢᠯᠭᠠᠯᠲᠠ ᠎ᠶᠢᠨ ᠲᠣᠭᠣᠷᠢᠭ᠋ ) ᠬᠥᠬᠡᠬᠣᠲᠠ᠎ᠳᠤ ᠶᠠᠪᠤᠬᠳᠠᠪᠠ᠃ ᠥᠪᠡᠷᠲᠡᠭᠡᠨ ᠵᠠᠰᠠᠬᠤ ᠣᠷᠣᠨ᠎ᠤ ᠬᠠᠷᠠᠭ᠎ᠠ ᠠᠯᠳᠠᠬᠰᠠᠳ᠎ᠤᠨ ᠢᠯᠢᠬᠦ ᠵᠠᠰᠠᠯ ᠎ᠦᠨ ᠰᠢᠯᠭᠠᠯᠲᠠ᠎ᠶᠢᠨ ᠤᠳᠤᠷᠢᠳᠬᠤ ᠪᠠᠭ᠎ᠠ ᠳᠤᠭᠤᠢᠯᠠᠩ᠎ᠤᠨ ᠠᠯᠪᠠᠨ ᠭᠡᠷ ᠡᠴᠡ ᠲᠣᠰ ᠤᠳᠠᠭᠠᠨ ᠎ᠤ ᠰᠢᠯᠭᠠᠯᠲᠠ᠎ᠶᠢᠨ ᠡᠯ᠎ᠡ ᠵᠦᠢᠯ ᠎ᠦᠨ ᠵᠣᠬᠢᠶᠠᠨ ᠪᠠᠶ᠋ᠢᠭᠤᠯᠬᠤ ᠠᠵᠢᠯ᠎ᠢ ᠨᠢᠭᠡᠳᠦᠯᠲᠡᠢ ᠲᠥᠯᠥᠪᠯᠡᠨ ᠬᠠᠷᠢᠭᠤᠴᠠᠵᠤ᠂ ᠪᠥᠬᠥ ᠤᠯᠤᠰ ᠎ᠤᠨ ᠨᠢᠭᠡᠳᠦᠯᠲᠡᠢ ᠰᠢᠯᠭᠠᠯᠲᠠ᠎ᠶᠢᠨ ᠲᠦᠷᠢᠮ᠎ᠦᠨ ᠵᠢᠷᠤᠮᠵᠢᠯ᠎ᠢᠶᠠᠷ ᠴᠢᠩᠭ᠎ᠠ ᠪᠠᠷᠢᠮᠵᠢᠶᠠᠯᠠᠵᠤ᠂ ᠰᠢᠯᠭᠠᠯᠲᠠ᠎ᠶᠢᠨ ᠪᠥᠬᠥ ᠬᠡᠯᠬᠢᠶᠡᠨ᠎ᠦ ᠠᠵᠢᠯ᠎ᠢ ᠨᠠᠷᠢᠯᠢᠭ᠍ᠵᠢᠭᠤᠯᠤᠨ ᠨᠠᠢᠳᠠᠪᠤᠷᠢᠵᠢᠭᠤᠯᠪᠡ᠃

ᠪᠥᠬᠥ ᠣᠷᠣᠨ ᠎ᠤ ᠨᠡᠶ᠋ᠢᠲᠡ 55 ᠰᠢᠯᠭᠠᠭᠤᠯᠤᠭ᠍ᠴᠢ ᠲᠣᠰ ᠤᠳᠠᠭᠠᠨ᠎ᠤ ᠰᠢᠯᠭᠠᠯᠲᠠ᠎ᠳᠤ ᠣᠷᠣᠯᠴᠠᠵᠦ᠂ ᠰᠢᠯᠭᠠᠯᠲᠠ᠎ᠶᠢᠨ ᠠᠵᠢᠯ ᠨᠢ ᠰᠢᠯᠭᠠᠯᠲᠠ᠎ᠶᠢᠨ ᠨᠢᠭᠤᠴᠠ᠎ᠶᠢ ᠬᠠᠮᠠᠭᠠᠯᠠᠬᠤ ᠰᠠᠬᠢᠯᠭ᠎ᠠ ᠪᠠᠲᠤ᠎ᠶᠢ ᠴᠢᠩᠭ᠎ᠠ ᠰᠠᠬᠢᠵᠤ᠂ ᠰᠢᠯᠭᠠᠯᠲᠠ᠎ᠶᠢᠨ ᠲᠠᠯᠠᠪᠠᠶ᠎ᠶᠢ ᠪᠠᠷᠢᠮᠵᠢᠶᠠᠵᠢᠭᠤᠯᠤᠨ ᠪᠠᠢᠷᠢᠯᠠᠭᠤᠯᠵᠤ᠂ ᠡᠯ᠎ᠡ ᠲᠥᠷᠥᠯ ᠎ᠦᠨ ᠰᠢᠯᠭᠠᠯᠲᠠ᠎ᠶᠢᠨ ᠲᠥᠬᠦᠭᠡᠷᠦᠮᠵᠢ᠎ ᠵᠢᠨ ᠲᠣᠬᠢᠷᠠᠭᠤᠯᠤᠯᠲᠠ᠎ᠶᠢ ᠰᠢᠯᠢᠳᠡᠭᠵᠢᠬᠦᠯᠵᠦ᠂ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ᠎ᠢ ᠲᠡᠭᠦᠯᠳᠡᠷᠵᠢᠭᠦᠯᠦᠨ᠂ ᠰᠢᠯᠭᠠᠯᠲᠠ᠎ᠶᠢᠨ ᠰᠤᠷᠲᠠᠯ ᠰᠢᠯᠭᠠᠯᠲᠠ᠎ᠶᠢᠨ ᠰᠠᠬᠢᠯᠭ᠎ᠠ ᠪᠠᠲᠤ᠎ᠶᠢᠨ ᠬᠢᠨᠠᠯᠲᠠ ᠵᠢ ᠴᠢᠩᠭ᠎ᠠ ᠪᠣᠳᠠᠲᠠᠢ ᠠᠳᠬᠤᠵᠤ᠂ ᠰᠢᠯᠭᠠᠯᠲᠠ᠎ᠶᠢᠨ ᠪᠥᠬᠥ ᠶᠠᠪᠤᠴᠠ᠎ᠶᠢᠨ ᠡᠷᠬᠡ ᠲᠡᠭᠰᠢ ᠲᠥᠪ ᠭᠤᠤᠯᠴᠢ ᠢᠯᠡ ᠲᠣᠳᠣ᠌ ᠪᠠᠢᠬᠤ᠎ᠶᠢ ᠪᠠᠲᠤᠯᠠᠪᠠ᠃ ᠰᠢᠯᠭᠠᠯᠲᠠ᠎ᠶᠢᠨ ᠬᠤᠭᠤᠴᠠᠭᠠᠨ᠎ᠳᠤ ᠰᠢᠯᠭᠠᠯᠲᠠ᠎ᠶᠢᠨ ᠶᠠᠪᠤᠳᠠᠯ᠎ᠤᠨ ᠠᠵᠢᠯᠲᠠᠨ ᠪᠣᠯᠣᠨ ᠰᠠᠢᠨ ᠲᠤᠷᠠᠴᠤᠳ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠪᠡᠶ᠎ᠡ᠎ᠶᠢᠨ ᠭᠠᠷᠤᠯ᠎ᠢ ᠬᠢᠨᠠᠨ ᠰᠢᠯᠭᠠᠬᠤ᠂ ᠲᠠᠯᠠᠪᠤᠷ᠎ᠲᠤ ᠣᠷᠣᠵᠤ ᠬᠥᠲᠥᠯᠥᠨ ᠵᠢᠯᠤᠭᠣᠳᠬᠤ᠂ ᠲᠣᠨᠣᠭ ᠲᠥᠬᠦᠭᠡᠷᠦᠮᠵᠢ᠎ᠵᠢᠨ ᠲᠤᠰᠠᠯᠠᠮᠵᠢ᠂ ᠲᠤᠬᠠᠢ᠎ᠶᠢᠨ ᠲᠠᠯᠠᠪᠤᠷ ᠎ᠤᠨ ᠪᠠᠲᠤᠯᠠᠭ᠎ᠠ ᠵᠡᠷᠭᠡ ᠭᠣᠭᠴᠣᠭ᠎ᠠ᠎ᠳᠤ ᠲᠤᠰᠬᠠᠢᠵᠢᠬᠰᠠᠨ᠂ ᠨᠠᠷᠢᠨ ᠨᠢᠮᠪᠠᠢ᠂ ᠬᠠᠯᠠᠭᠤᠮᠰᠤᠭ ᠳᠣᠲᠣᠨᠣ᠌ ᠦᠢᠯᠡᠴᠢᠯᠡᠭᠡ ᠬᠠᠩᠭᠠᠵᠤ᠂ ᠠᠮᠤᠷ ᠲᠦᠪᠰᠢᠨ ᠡᠮᠬᠢ ᠵᠢᠷᠤᠮ᠎ᠲᠠᠢ᠂ ᠬᠠᠯᠠᠭᠤᠨ ᠳᠤᠯᠠᠭᠠᠨ ᠲᠠᠭᠠᠯᠠᠮᠵᠢᠲᠠᠢ ᠰᠢᠯᠭᠠᠯᠲᠠ᠎ᠶᠢᠨ ᠣᠷᠴᠢᠨ ᠨᠥᠬᠥᠴᠡᠯ᠎ᠢ ᠪᠥᠬᠥ ᠬᠦᠴᠦᠨ᠎ᠢᠶᠡᠷ᠎ᠢᠶᠡᠨ ᠪᠣᠶ ᠪᠣᠯᠭᠠᠪᠠ᠃ ᠰᠢᠯᠭᠠᠯᠲᠠ᠎ᠶᠢᠨ ᠲᠠᠯᠠᠪᠤᠷ᠎ᠲᠤ᠂ ᠰᠢᠯᠭᠠᠭᠤᠯᠤᠭᠰᠠᠳ ᠯᠠᠪᠳᠠᠭᠤᠨ ᠲᠣᠭᠲᠠᠭᠤᠨ ᠪᠠᠢᠵᠤ᠂ ᠡᠯ᠎ᠡ ᠵᠦᠢᠯ᠎ᠦᠨ ᠪᠣᠳᠠᠲᠤ ᠠᠵᠢᠯᠯᠠᠭ᠎ᠠ᠎ᠶᠢᠨ ᠬᠢᠨᠠᠨ ᠰᠢᠯᠭᠠᠯᠲᠠ᠎ᠶᠢ ᠨᠠᠷᠢᠨ ᠬᠢᠨᠠᠮᠠᠭᠠᠢ ᠪᠡᠶᠡᠯᠡᠭᠦᠯᠵᠦ᠂ ᠮᠠᠨ᠎ᠤ ᠣᠷᠣᠨ᠎ᠦ᠎ᠬᠠᠷᠠᠭ᠎ᠠ ᠠᠯᠳᠠᠬᠰᠠᠳ᠎ᠤᠨ ᠢᠯᠢᠬᠦ ᠵᠠᠰᠠᠯ᠎ᠦᠨ ᠠᠵᠢᠯᠳᠠᠨ᠎ᠦ ᠡᠩᠨᠡᠭᠡ᠎ᠵᠢᠨ ᠲᠤᠰᠬᠠᠢ ᠮᠡᠷᠭᠡᠵᠢᠯ᠎ᠦᠨ ᠰᠠᠭᠤᠷᠢ ᠰᠠᠢᠨ᠂ ᠠᠵᠢᠯ ᠮᠡᠷᠭᠡᠵᠢᠯ᠎ᠦᠨ ᠬᠡᠪ ᠪᠣᠯᠪᠠᠰᠤᠷᠠᠯ ᠴᠢᠩᠭ᠎ᠠ ᠪᠠᠢᠬᠤ ᠪᠠ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠵᠤ ᠪᠠᠢᠭ᠎ᠠ ᠡᠷᠡᠯᠬᠡᠭᠯᠡᠨ ᠤᠷᠤᠭᠰᠢᠯᠠᠬᠤ ᠵᠤᠷᠢᠭ ᠰᠠᠨᠠᠭ᠎ᠠ᠎ᠵᠢ ᠭᠦᠢᠴᠡᠳ ᠬᠠᠷᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面