2026-11-10 09:05:27
ᠵᠠᠯᠠᠭᠤᠴᠤᠳ᠎ᠤᠨ ᠬᠥᠭᠵᠢᠯᠲᠡ᠎ᠶ᠋ᠢᠨ ᠬᠡᠯᠪᠡᠷᠢ᠎ᠶ᠋ᠢᠨ ᠬᠤᠲᠠ᠎ᠶ᠋ᠢᠨ ᠪᠥᠲᠦᠭᠡᠨ ᠪᠠᠶ᠋ᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠵᠠᠯᠠᠭᠤᠴᠤᠳ᠎ᠤᠨ ᠦᠢᠯᠡᠰ ᠪᠦᠳᠦᠭᠡᠬᠦ᠂ ᠨᠠᠶ᠋ᠢᠵᠠᠯᠠᠨ ᠨᠦᠬᠦᠷᠯᠡᠬᠦ ᠳ᠋ᠤ ᠶᠡᠷᠦᠩᠬᠡᠶ᠋ᠢᠯᠡᠭᠰᠡᠨ ᠲᠠᠪᠴᠠᠩ᠎ᠢ ᠪᠠᠶ᠋ᠢᠭᠤᠯᠵᠤ ᠦᠭᠬᠦ᠎ᠶ᠋ᠢᠨ ᠲᠥᠯᠦᠭᠡ ᠲᠦᠷᠦᠬᠦᠬᠡᠨ ᠬᠦᠬᠡᠬᠤᠳᠠ ᠵᠢᠨ ᠡᠪᠯᠡᠯ᠎ᠤᠨ ᠬᠤᠷᠢᠶ᠎ᠠ ᠡᠴᠡ ᠭᠤᠤᠯᠯᠠᠨ ᠡᠷᠭᠢᠯᠡᠭᠰᠡᠨ 《ᠬᠤᠨ ᠭᠠᠯᠠᠭᠤ ᠠᠵᠢᠯᠯᠠᠬᠤ ᠦᠷᠦᠭᠡ》 ᠵᠠᠯᠠᠭᠤᠴᠤᠳ᠎ᠤᠨ ᠬᠥᠭᠵᠢᠯᠲᠡ᠎ᠶ᠋ᠢᠨ ᠬᠡᠯᠪᠡᠷᠢ᠎ᠶ᠋ᠢᠨ ᠵᠡᠭᠡᠯᠢ ᠭᠤᠳᠤᠮᠵᠢ ᠵᠢ ᠪᠦᠳᠦᠭᠡᠨ ᠪᠠᠢᠭᠤᠯᠬᠤ ᠠᠵᠢᠯᠯᠠᠭ᠎ᠠ ᠵᠢᠨ ᠬᠦᠰᠢᠭᠡ ᠰᠡᠭᠦᠭᠦ ᠶᠣᠰᠤᠯᠠᠯ ᠵᠢᠴᠢ 《ᠬᠤᠪᠢ ᠪᠠᠷᠢᠯᠳᠤᠯᠭ᠎ᠠ᠎ᠶ᠋ᠢᠨ ᠭᠠᠵᠠᠷ·ᠢᠷᠦᠭᠡᠯ ᠲᠠᠢ᠎ᠳᠤ ᠪᠠᠨ ᠵᠤᠯᠭᠠᠨᠠᠮ》 ᠭᠡᠬᠦ ᠵᠠᠯᠠᠭᠤᠴᠤᠳ᠎ᠤᠨ ᠨᠥᠬᠦᠷᠯᠡᠯ᠎ᠤᠨ ᠠᠵᠢᠯᠯᠠᠭ᠎ᠠ ᠠᠮᠵᠢᠯᠳᠠ ᠳᠠᠢ ᠶᠠᠪᠤᠬᠳᠠᠪᠠ᠃ ᠲᠣᠰ ᠤᠳᠠᠭᠠᠨ᠎ᠤ ᠠᠵᠢᠯᠯᠠᠭ᠎ᠠ᠎ᠨᠢ ᠵᠠᠯᠠᠭᠤᠴᠤᠳ᠎ᠤᠨ ᠬᠥᠭᠵᠢᠯᠲᠡ᠎ᠶ᠋ᠢᠨ ᠵᠢᠭᠰᠠᠭᠠᠯ᠎ᠤᠨ ᠭᠠᠵᠠᠷ᠎ᠤᠨ ᠪᠥᠲᠦᠭᠡᠨ ᠪᠠᠶ᠋ᠢᠭᠤᠯᠤᠯᠲᠠ ᠬᠢᠭᠡᠳ ᠵᠠᠯᠠᠭᠤᠴᠤᠳ᠎ᠤᠨ ᠨᠡᠶ᠋ᠢᠭᠡᠮ᠎ᠤᠨ ᠬᠠᠷᠢᠯᠴᠠᠭᠠᠨ᠎ᠤ ᠦᠢᠯᠡᠴᠢᠯᠡᠭᠡ᠎ᠶ᠋ᠢ ᠣᠷᠭᠠᠨᠢᠭ᠎ᠢᠶᠠᠷ ᠤᠶᠠᠯᠳᠤᠭᠤᠯᠵᠤ᠂ ᠰᠤᠯᠠ ᠲᠠᠯᠪᠢᠭᠳᠠᠵᠤ ᠪᠠᠶ᠋ᠢᠭ᠎ᠠ ᠬᠤᠲᠠ᠎ᠶ᠋ᠢᠨ ᠣᠷᠤᠨ ᠵᠠᠢ᠎ᠵᠢ ᠪᠦᠲᠦᠮᠵᠢᠲᠡᠢ ᠠᠮᠢᠯᠠᠭᠤᠯᠵᠤ᠂ ᠬᠥᠬᠡᠬᠤᠲᠠ᠎ᠶ᠋ᠢᠨ ᠵᠠᠯᠠᠭᠤᠴᠤᠳ᠎ᠢ ᠲᠠᠳᠠᠬᠤ ᠬᠦᠴᠦᠨ᠎ᠢ ᠨᠡᠮᠡᠭᠳᠡᠬᠦᠯᠪᠡ᠃
ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ 《ᠵᠠᠯᠠᠭᠤᠴᠤᠳ᠎ᠤᠨ ᠵᠢᠵᠢᠭ ᠳᠡᠯᠭᠡᠭᠦᠷ》 ᠤ᠋ᠨ ᠫᠠᠶ᠋ᠢᠰᠠ ᠣᠯᠭᠤᠬᠤ ᠶᠣᠰᠤᠯᠠᠯ ᠶᠠᠪᠤᠭᠤᠯᠵᠤ᠂ ᠵᠠᠯᠠᠭᠤᠴᠤᠳ᠎ᠤᠨ ᠵᠡᠭᠡᠯᠢ ᠭᠤᠳᠤᠮᠵᠢ ᠵᠢᠨ ᠠᠵᠤ ᠦᠢᠯᠡᠰ᠎ᠤᠨ ᠡᠵᠡᠩᠨᠡᠯᠲᠡ᠎ᠶ᠋ᠢᠨ ᠲᠣᠭᠲᠠᠴᠠ᠎ᠶ᠋ᠢ ᠴᠢᠨᠠᠭᠰᠢᠳᠠ ᠪᠦᠷᠢᠨᠰᠢᠬᠦᠯᠵᠦ᠍᠂ ᠵᠠᠯᠠᠭᠤᠴᠤᠳ᠎ᠤᠨ ᠦᠢᠯᠡᠰ ᠪᠦᠳᠦᠭᠡᠬᠦ ᠶ᠋ᠢ ᠲᠡᠮᠵᠢᠵᠦ᠍᠂ ᠨᠡᠩ ᠤᠯᠠᠨ ᠵᠠᠯᠠᠭᠤᠴᠤᠳ᠎ᠤᠨ ᠬᠥᠬᠡᠬᠤᠲᠠ᠎ᠳᠤ ᠦᠯᠡᠳᠡᠵᠦ᠂ ᠰᠢᠨ᠎ᠡ᠎ᠶ᠋ᠢ ᠡᠭᠦᠳᠦᠨ ᠦᠢᠯᠡᠰ ᠪᠦᠳᠦᠭᠡᠬᠦ ᠵᠢ ᠲᠠᠢᠴᠢᠯᠠᠪᠠ᠃ 《ᠬᠤᠪᠢ ᠪᠠᠷᠢᠯᠳᠤᠯᠭ᠎ᠠ᠎ᠶ᠋ᠢᠨ ᠭᠠᠵᠠᠷ · ᠢᠷᠦᠭᠡᠯ ᠲᠠᠢ ᠳᠦ ᠪᠠᠨ ᠵᠤᠯᠭᠠᠨᠠᠮ》 ᠭᠡᠬᠦ ᠨᠥᠬᠦᠷᠯᠡᠯ᠎ᠦᠨ ᠠᠵᠢᠯᠯᠠᠭ᠎ᠠ ᠲᠡᠭᠡᠷ᠎ᠡ ᠬᠡᠢ ᠪᠥᠮᠪᠦᠭᠡ᠎ᠶ᠋ᠢᠨ ᠪᠤᠤᠬᠢᠶ᠎ᠠ ᠳᠠᠮᠵᠢᠭᠤᠯᠬᠤ᠂ ᠤᠰᠤ ᠲᠤᠰᠬᠤ ᠥᠷᠢᠰᠦᠯᠳᠦᠭᠡᠨ ᠬᠢᠬᠦ᠂ ᠡᠯᠡᠰᠦᠨ ᠤᠭᠤᠳᠠ ᠴᠣᠬᠢᠬᠤ ᠵᠡᠷᠭᠡ ᠰᠣᠨᠢᠷᠬᠠᠯᠲᠠᠢ ᠲᠣᠭᠯᠠᠭᠠᠮ ᠲᠤᠬᠢᠷᠠᠭᠤᠯᠵᠤ᠂ ᠵᠠᠯᠠᠭᠤᠴᠤᠳ᠎ᠤᠨ ᠬᠤᠭᠤᠷᠤᠨᠳᠤᠬᠢ ᠣᠶ᠋ᠢᠯᠠᠭᠠᠯᠲᠠ᠎ᠵᠢ ᠨᠡᠮᠡᠭᠳᠡᠭᠦᠯᠵᠦ᠍᠂ ᠵᠠᠢ ᠵᠢ ᠣᠶ᠋ᠢᠷᠠᠲᠤᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃