2026-11-17 12:11:57
ᠲᠦᠷᠦᠬᠦᠬᠡᠨ ᠰᠤᠷᠪᠤᠯᠵᠢᠯᠠᠭᠴᠢ ᠤᠯᠠᠭᠠᠨᠬᠠᠳᠠ ᠬᠤᠲᠠ᠎ᠶ᠋ᠢᠨ ᠣᠷᠤᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠦᠭᠡᠨ ᠪᠠᠶ᠋ᠢᠭᠤᠯᠤᠯᠲᠠ᠎ᠶ᠋ᠢᠨ ᠲᠣᠪᠴᠢᠶ᠎ᠠ᠎ᠠᠴᠠ ᠣᠶ᠋ᠢᠯᠠᠭᠠᠭᠰᠠᠨ᠎ᠢᠶᠠᠷ᠂ ᠡᠨᠡ ᠵᠢᠯ ᠤᠯᠠᠭᠠᠨᠬᠠᠳᠠ ᠬᠤᠲᠠ ᠮᠠᠯᠵᠢᠬᠤ ᠲᠠᠷᠢᠶᠠᠯᠠᠬᠤ ᠣᠷᠤᠨ᠎ᠤ 1275 ᠨᠤᠷᠠᠬᠤ ᠠᠶᠤᠯᠲᠠᠢ ᠬᠡᠷ ᠪᠠᠶ᠋ᠢᠰᠢᠩ᠎ᠢ ᠵᠠᠰᠠᠨ ᠰᠢᠨᠡᠳᠭᠡᠬᠦ ᠡᠭᠦᠷᠭᠡ ᠲᠠᠢ ᠪᠠᠢᠵᠤ᠂ ᠣᠶ᠋ᠢᠷ᠎ᠠ᠎ᠶ᠋ᠢᠨ ᠵᠢᠯ᠎ᠤᠨ ᠲᠤᠷᠰᠢᠬᠢ ᠲᠤᠭ᠎ᠠ ᠬᠡᠮᠵᠢᠶ᠎ᠡ ᠪᠡᠷ ᠬᠠᠮᠤᠭ᠎ᠤᠨ ᠠᠷᠪᠢᠨ ᠵᠢᠯ ᠪᠤᠯᠤᠨ᠎ᠠ᠂ ᠣᠲᠤ᠌ ᠪᠣᠯᠲᠠᠯ᠎ᠠ ᠪᠦᠬᠦᠨ᠎ᠢ ᠵᠠᠰᠠᠨ ᠰᠢᠨᠡᠳᠭᠡᠭᠡᠳ ᠡᠭᠦᠷᠭᠡ ᠪᠠᠨ ᠨᠢᠭᠡᠨᠲᠡ ᠪᠡᠶᠡᠯᠡᠭᠦᠯᠵᠡᠢ᠃
ᠡᠨᠡ ᠵᠢᠯᠤᠯᠠᠭᠠᠨᠬᠠᠳᠠ ᠬᠤᠲᠠ ᠮᠠᠯᠵᠢᠬᠤ ᠲᠠᠷᠢᠶᠠᠯᠠᠬᠤ ᠣᠷᠤᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ ᠵᠠᠰᠠᠨ ᠰᠢᠨᠡᠳᠬᠡᠬᠦ ᠠᠵᠢᠯ᠎ᠢ ᠠᠷᠠᠳ᠎ᠤᠨ ᠠᠮᠢᠳᠤᠷᠠᠯ᠎ᠤᠨ ᠦᠨᠳᠦᠰᠦᠨ ᠵᠦᠢᠯ᠎ᠢ ᠪᠠᠲᠤᠯᠠᠬᠤ ᠢᠨᠵᠧᠨᠧᠷᠢᠩ ᠪᠣᠯᠭᠠᠨ ᠬᠠᠮᠢᠶ᠎ᠠ ᠪᠦᠬᠦᠢ ᠠᠵᠢᠯ᠎ᠢ ᠦᠷᠭᠦᠯᠵᠢᠯᠡᠨ ᠠᠬᠢᠭᠤᠯᠪᠠ᠃ ᠨᠠᠷᠢᠨ ᠨᠢᠭᠲᠠ ᠬᠢᠨᠠᠨ ᠬᠡᠮᠵᠢᠵᠤ᠂ 《ᠲᠠᠷᠢᠶᠠᠴᠢᠨ ᠡᠷᠦᠬᠡ ᠥᠪᠡᠰᠦᠪᠡᠨ ᠪᠠᠶ᠋ᠢᠴᠠᠭᠠᠬᠤ᠂ ᠭᠠᠴᠠᠭ᠎ᠠ ᠲᠣᠰᠭᠤᠨ ᠵᠢᠭᠰᠠᠭᠠᠨ ᠪᠠᠶ᠋ᠢᠴᠠᠭᠠᠬᠤ᠂ ᠰᠢᠶᠠᠩ ᠪᠠᠯᠭᠠᠰᠤ ᠬᠢᠨᠠᠨ ᠪᠠᠶ᠋ᠢᠴᠠᠭᠠᠬᠤ᠂ ᠣᠷᠤᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠶ᠋ᠢᠭᠤᠯᠤᠯᠲᠠ᠎ᠶ᠋ᠢᠨ ᠲᠤᠪᠴᠢᠶ᠎ᠠ ᠬᠢᠨᠠᠨ ᠲᠣᠭᠲᠠᠭᠠᠬᠤ》 ᠳᠥᠷᠪᠡᠨ ᠱᠠᠲᠤᠨ᠎ᠤ ᠬᠠᠮᠲᠤᠷᠠᠨ ᠬᠥᠳᠡᠯᠦᠯᠴᠡᠬᠦ᠌ ᠲᠣᠭᠲᠠᠴᠠ᠎ᠶ᠋ᠢ ᠪᠠᠶ᠋ᠢᠭᠤᠯᠵᠤ᠂ 《 ᠨᠢᠭᠡ ᠭᠡᠷ ᠨᠢᠭᠡ ᠳᠠᠩᠰᠠ ᠡᠪᠬᠡᠮᠡᠯ ᠪᠠᠶ᠋ᠢᠭᠤᠯᠵᠤ᠂ ᠲᠥᠷᠦᠯ ᠬᠤᠪᠢᠶᠠᠨ ᠴᠠᠭ ᠲᠤᠬᠠᠢ ᠳ᠋ᠤᠨᠢ ᠬᠠᠰᠤᠵᠤ ᠬᠠᠶᠠᠬᠤ》 ᠪᠢᠲᠡᠭᠦᠮᠵᠢ᠎ᠳᠤ ᠬᠠᠮᠢᠶᠠᠷᠤᠯᠲᠠ᠎ᠶ᠋ᠢ ᠬᠡᠷᠡᠭᠵᠢᠭᠦᠯᠵᠡᠢ᠃ ᠨᠠᠷᠢᠯᠢᠭ ᠣᠨᠤᠪᠴᠢᠲᠠᠢ ᠲᠥᠷᠦᠯ ᠬᠤᠪᠢᠶᠠᠨ ᠠᠷᠭ᠎ᠠ ᠪᠣᠳᠤᠯᠭ᠎ᠠ ᠬᠡᠷᠡᠭᠵᠢᠭᠦᠯᠵᠦ᠍᠂ ᠭᠡᠷ ᠪᠠᠶ᠋ᠢᠰᠢᠩ᠎ᠤᠨ ᠲᠦᠭᠰᠢᠭᠦᠷᠢ᠎ᠶ᠋ᠢᠨ ᠬᠡᠮᠵᠢᠶ᠎ᠡ᠂ ᠵᠠᠰᠠᠨ ᠰᠢᠨᠡᠳᠭᠡᠬᠦ ᠥᠪᠡᠷ᠎ᠤᠨ ᠥᠷᠲᠡᠭ ᠪᠠ ᠲᠠᠷᠢᠶᠠᠴᠢᠨ ᠡᠷᠦᠬᠡ᠎ᠶ᠋ᠢᠨ ᠬᠦᠰᠡᠯ ᠱᠠᠭᠠᠷᠳᠠᠯᠭ᠎ᠠ᠎ᠶ᠋ᠢ ᠦᠨᠳᠦᠰᠦᠯᠡᠨ᠂ ᠪᠠᠬᠢᠵᠢᠭᠦᠯᠦᠨ ᠵᠠᠰᠠᠨ ᠰᠢᠨᠡᠳᠭᠡᠬᠦ᠂ ᠨᠤᠷᠠᠭᠠᠵᠤ ᠳᠠᠬᠢᠨ ᠪᠦᠲᠦᠭᠡᠨ ᠪᠠᠶ᠋ᠢᠭᠤᠯᠬᠤ᠂ ᠭᠠᠵᠠᠷ ᠰᠣᠩᠭᠤᠵᠤ ᠰᠢᠨ᠎ᠡ᠎ᠪᠠᠷ ᠪᠠᠶ᠋ᠢᠭᠤᠯᠬᠤ ᠵᠡᠷᠭᠡ ᠠᠷᠭ᠎ᠠ ᠬᠡᠯᠪᠡᠷᠢ ᠵᠢ ᠠᠪᠴᠤ᠌᠂ 《ᠨᠢᠭᠡᠯᠡ ᠠᠳᠠᠯᠢ᠎ᠪᠠᠷ ᠰᠢᠢᠳᠪᠦᠷᠢᠯᠡᠬᠦ》 ᠡᠴᠡ ᠵᠠᠢᠯᠠᠰᠬᠢᠵᠠᠢ᠃ ᠶᠠᠰᠤ ᠴᠢᠨᠠᠷ᠎ᠢ ᠬᠠᠮᠢᠶᠠᠷᠤᠨ ᠡᠵᠡᠮᠳᠡᠬᠦ᠎ᠶ᠋ᠢ ᠴᠢᠩᠳᠠᠯᠠᠵᠤ᠂ ᠬᠥᠳᠡᠭᠡ ᠲᠣᠰᠭᠤᠨ᠎ᠤ ᠭᠡᠷ ᠪᠠᠶ᠋ᠢᠰᠢᠩ᠎ᠤᠨ ᠪᠦᠲᠦᠭᠡᠨ ᠪᠠᠶ᠋ᠢᠭᠤᠯᠤᠯᠲᠠ᠎ᠶ᠋ᠢᠨ ᠮᠡᠷᠭᠡᠵᠢᠯ᠎ᠤᠨ ᠭᠤᠤᠯᠳᠠᠯᠭ᠎ᠠ ᠪᠠ ᠠᠮᠤᠷ ᠲᠦᠪᠰᠢᠨ᠎ᠤ ᠭᠠᠷ ᠠᠪᠤᠯᠭ᠎ᠠ ᠵᠢ ᠳᠠᠷᠤᠮᠠᠯᠯᠠᠨ ᠲᠦᠭᠡᠭᠡᠵᠦ᠂ ᠨᠡᠶ᠋ᠢᠳᠡᠮ ᠬᠡᠷᠡᠭᠯᠡᠬᠦ᠌ ᠪᠠᠷᠢᠯᠭ᠎ᠠ᠎ᠶ᠋ᠢᠨ ᠵᠢᠷᠤᠭ᠎ᠢ ᠳᠡᠯᠭᠡᠷᠡᠭᠦᠯᠦᠨ᠂ ᠲᠣᠭᠲᠠᠮᠠᠯ ᠬᠤᠭᠤᠴᠠᠭᠠᠲᠠᠢᠪᠠᠶ᠋ᠢᠴᠠᠭᠠᠬᠤ᠂ ᠲᠣᠬᠢᠶᠠᠯᠳᠤᠯ᠎ᠢᠶᠠᠷ ᠰᠤᠭᠤᠴᠢᠨ ᠪᠠᠶ᠋ᠢᠴᠠᠭᠠᠬᠤ ᠵᠡᠷᠭᠡ ᠠᠷᠭ᠎ᠠ ᠮᠠᠶᠢᠬ᠎ᠢᠶᠠᠷ ᠳᠠᠮᠵᠢᠭᠤᠯᠤᠨ᠂ ᠭᠠᠵᠠᠷ ᠬᠥᠳᠡᠯᠦᠯᠲᠡ ᠵᠢ ᠲᠠᠭᠠᠭᠠᠵᠦ ᠳᠡᠢᠯᠬᠦ ᠪᠦᠲᠦᠴᠡ ᠵᠢᠨ ᠠᠷᠭ᠎ᠠ ᠬᠡᠮᠵᠢᠶ᠎ᠡ᠎ᠶ᠋ᠢ ᠨᠠᠶ᠋ᠢᠳᠠᠪᠤᠷᠢᠵᠢᠭᠤᠯᠬᠤ᠎ᠶ᠋ᠢ ᠱᠠᠯᠠᠪᠳᠠᠭᠤᠯᠤᠨ ᠪᠠᠶ᠋ᠢᠴᠠᠭᠠᠵᠤ᠂ ᠪᠠᠷᠢᠯᠭ᠎ᠠ ᠳᠠᠭᠤᠰᠤᠭᠰᠠᠨ᠎ᠤ ᠳᠠᠷᠠᠭ᠎ᠠ ᠰᠢᠶᠠᠩ ᠪᠠᠯᠭᠠᠰᠤᠨ ᠡᠴᠡ ᠡᠷᠦᠬᠡ ᠳᠠᠷᠠᠭᠠᠯᠠᠨ ᠬᠢᠨᠠᠨ ᠰᠢᠯᠭᠠᠵᠤ᠂ ᠣᠷᠤᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠶ᠋ᠢᠭᠤᠯᠤᠯᠲᠠ᠎ᠶ᠋ᠢᠨ ᠰᠠᠯᠠᠭ᠎ᠠ ᠮᠥᠴᠢᠷ ᠰᠤᠭᠤᠴᠢᠨ ᠪᠠᠶ᠋ᠢᠴᠠᠭᠠᠵᠤ᠂ ᠬᠦᠳᠡᠭᠡ ᠲᠤᠰᠬᠤᠨ᠎ᠤ ᠭᠡᠷ ᠪᠠᠢᠰᠢᠩ᠎ᠤᠨ ᠠᠮᠤᠷ ᠲᠦᠪᠰᠢᠨ᠎ᠢ ᠪᠠᠲᠤᠯᠠᠭᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃