2026-11-19 15:27:17
ᠤᠢᠷ᠎ᠠ ᠳ᠋ᠤ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ᠎ᠦᠨ ᠲᠠᠪᠤᠳᠤᠭᠠᠷ ᠬᠤᠭᠤᠴᠠᠭᠠᠨ᠎ᠤ ᠲᠤᠬᠠᠢᠯᠠᠭᠰᠠᠨ ᠠᠵᠢᠯ ᠤᠨ ᠤᠷ᠎ᠠ ᠮᠡᠷᠭᠡᠵᠢᠯ ᠤᠨ ᠤᠷᠤᠯᠳᠤᠭᠠᠨ ᠬᠥᠬᠡᠬᠣᠲᠠ᠎ᠳᠤ ᠶᠠᠪᠤᠭᠳᠠᠪᠠ᠃ 14 ᠪᠦᠷᠢᠯᠳᠦᠭᠦᠨ ᠠᠵᠤ ᠠᠬᠤᠢᠯᠠᠯ᠎ᠤᠨ 133 ᠣᠷᠣᠯᠴᠠᠭᠰᠠᠳ ᠬᠠᠮᠲᠦ ᠪᠡᠷ ᠮᠥᠷᠥᠢᠴᠡᠵᠦ᠂ ᠤᠷ᠎ᠠ ᠮᠡᠷᠭᠡᠵᠢᠯ᠎ᠢᠶᠡᠨ ᠰᠣᠯᠢᠯᠴᠠᠨ᠂ ᠭᠤᠷᠪᠠᠨ ᠡᠳᠦᠷ᠎ᠦᠨ ᠰᠢᠷᠦᠭᠦᠨ ᠥᠷᠢᠰᠦᠯᠳᠦᠭᠡᠨ᠎ᠢᠶᠡᠷ ᠳᠡᠮᠵᠢᠨ᠂ᠨᠢᠭᠡᠳᠦᠭᠡᠷ᠂ ᠬᠣᠶᠠᠳᠤᠭᠠᠷ᠂ ᠭᠤᠷᠪᠠᠳᠤᠭᠠᠷ ᠳᠡᠰ᠎ᠤᠨ ᠱᠠᠩᠨᠠᠯᠳᠤ ᠲᠣᠰ ᠲᠣᠰ 11 ᠨᠡᠷᠡᠰ᠂ ᠰᠢᠯᠢᠳᠡᠭ ᠱᠠᠩᠨᠠᠯᠳᠤ 33 ᠨᠡᠷᠡᠰ ᠵᠢᠴᠢ 3 ᠪᠦᠯᠬᠦᠮ᠎ᠦᠨ ᠱᠠᠩᠨᠠᠯ ᠢ᠋ ᠰᠢᠯᠭᠠᠷᠠᠭᠤᠯᠪᠠ᠃
ᠲᠤᠰ ᠤᠳᠠᠭ᠎ᠠ᠎ᠶᠢᠨ ᠤᠷᠤᠯᠳᠤᠭᠠᠨ᠎ᠳᠤ ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ᠂ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭᠠᠨ᠎ᠢᠶᠠᠷ ᠠᠵᠢᠯ᠎ᠢ ᠠᠬᠢᠭᠤᠯᠬᠤ᠎ᠶᠢ ᠪᠠᠷᠢᠮᠲᠠᠯᠠᠵᠤ᠂ ᠤᠷᠤᠯᠳᠤᠭᠠᠨ᠎ᠢ ᠠᠵᠢᠯᠲᠠᠨ ᠠᠵᠢᠯᠴᠢᠨ᠎ᠤ ᠪᠣᠯᠪᠠᠰᠤᠷᠠᠯ᠂ ᠠᠵᠢᠯ᠎ᠤᠨ ᠪᠠᠢᠷᠢ᠎ᠶᠢᠨ ᠪᠣᠯᠪᠠᠰᠤᠷᠠᠯ᠂ ᠦᠰᠦᠨ ᠪᠣᠶ᠋ᠢᠵᠢᠯᠲᠠ ᠶᠢᠨ ᠤᠷᠮᠠᠰᠢᠭᠤᠯᠤᠯ ᠯᠤᠭ᠎ᠠ ᠭᠦᠨᠵᠡᠭᠡᠢ ᠠᠭᠤᠰᠤᠯᠴᠠᠭᠤᠯᠵᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠳᠤ ᠠᠪᠢᠶᠠᠰ ᠴᠢᠳᠠᠪᠤᠷᠢ᠎ᠪᠠᠨ ᠢᠯᠡᠷᠡᠭᠦᠯᠬᠦ ᠲᠠᠪᠴᠠᠩ ᠪᠠᠢᠭᠤᠯᠵᠤ ᠥᠭᠴᠡᠢ᠃ᠤᠷᠤᠯᠳᠤᠭᠠᠨ᠎ᠤ ᠲᠥᠷᠥᠯ ᠵᠦᠢᠯ ᠦᠨ ᠲᠣᠬᠢᠷᠠᠭᠤᠯᠤᠯᠲᠠ ᠨᠢ ᠠᠵᠢᠯ ᠲᠥᠷᠥᠯ᠎ᠦᠨ ᠬᠡᠯᠪᠡᠷᠢ ᠪᠡᠨ ᠬᠤᠪᠢᠷᠠᠭᠤᠯᠬᠤ ᠬᠠᠨᠳᠤᠰᠢ᠎ᠲᠠᠢ ᠨᠢᠭ᠍ᠲᠠ ᠤᠶᠠᠯᠳᠤᠭᠤᠯᠤᠨ᠂ ᠡᠭᠦᠳᠡᠨ ᠳᠡᠯᠭᠡᠭᠦᠷ᠎ᠦᠨ ᠪᠣᠳᠠᠲᠤ ᠬᠡᠷᠡᠭᠴᠡᠭᠡ ᠱᠠᠭᠠᠷᠳᠠᠯᠭ᠎ᠠ᠎ᠳᠤ ᠨᠡᠢᠴᠡᠭᠦᠯᠵᠦ᠂ ᠤᠯᠠᠮᠵᠢᠯᠠᠯᠲᠤ ᠦᠨᠳᠦᠰᠦᠨ ᠪᠣᠯᠪᠠᠰᠤᠷᠠᠯ ᠪᠠ ᠰᠢᠨ᠎ᠡ᠎ᠶᠢ ᠡᠭᠦᠳᠬᠦ ᠡᠵᠡᠩᠨᠡᠯᠲᠡ᠎ᠶᠢᠨ ᠬᠡᠯᠪᠡᠷᠢ ᠵᠢ ᠬᠠᠮᠲᠤ ᠳ᠋ᠤᠨᠢ ᠬᠠᠷᠠᠭᠠᠯᠵᠠᠪᠠ᠃ᠤᠯᠠᠮᠵᠢᠯᠠᠯᠲᠤ ᠤᠷᠤᠯᠳᠤᠭᠠᠨ᠎ᠤ ᠲᠠᠯᠠᠪᠤᠷ᠎ᠲᠤ᠂ ᠨᠣᠮ ᠬᠤᠳᠠᠯᠳᠤᠬᠤ᠂ ᠨᠣᠮ᠎ᠤᠨ ᠳᠡᠯᠭᠡᠭᠦᠷ᠎ᠦᠨ ᠡᠵᠡᠩᠨᠡᠯᠲᠡ ᠵᠠᠳᠠᠯᠤᠯᠲᠠ᠂ ᠨᠣᠮ ᠵᠡᠷᠭᠡᠯᠡᠬᠦ ᠵᠡᠷᠭᠡ ᠲᠦᠷᠦᠯ ᠵᠦᠢᠯ ᠢ᠋ᠢᠡᠷ ᠮᠦᠷᠦᠢᠴᠡᠵᠦ᠂ ᠰᠢᠨ᠎ᠡ ᠵᠢ ᠡᠭᠦᠳᠬᠦ ᠤᠷᠤᠯᠳᠤᠭᠠᠨ᠎ᠳᠤ᠂ ᠣᠬᠣᠷ ᠸᠢᠳᠢᠤ᠋ AI ᠵᠢᠨ ᠵᠣᠬᠢᠶᠠᠨ ᠪᠦᠲᠦᠭᠡᠯᠭᠡ᠂ ᠵᠢᠵᠢᠭᠯᠡᠨ ᠬᠤᠳᠠᠯᠳᠤᠬᠤ ᠰᠢᠭᠤᠳ ᠨᠡᠪᠲᠡᠷᠡᠭᠦᠯᠭᠡ ᠵᠡᠷᠭᠡ ᠲᠣᠭᠠᠴᠢᠯᠠᠭᠰᠠᠨ ᠲᠦᠷᠦᠯ ᠵᠦᠢᠯ ᠢ᠋ᠢᠡᠷ ᠶᠠᠪᠤᠬᠲᠠᠵᠦ᠂ ᠰᠢᠨ᠎ᠡ ᠮᠡᠷᠭᠡᠵᠢᠯ᠂ ᠰᠢᠨ᠎ᠡ ᠠᠷᠭ᠎ᠠ᠎ᠪᠠᠷ ᠳᠡᠯᠭᠡᠭᠦᠷ᠎ᠦᠨ ᠡᠵᠡᠩᠨᠡᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠪᠠ; ᠰᠢᠨ᠎ᠡ᠎ᠪᠡᠷ ᠨᠡᠮᠡᠭᠰᠡᠨ ᠨᠣᠮ᠎ᠤᠨ ᠳᠡᠯᠭᠡᠭᠦᠷ᠎ᠦᠨ ᠭᠤᠤᠯ ᠰᠡᠲᠦᠪ᠎ᠤᠨ ᠵᠢᠷᠤᠭ ᠲᠦᠯᠦᠪᠯᠡᠭᠡ ᠂ ᠤᠩᠰᠢᠯᠭ᠎ᠠ᠎ᠶᠢᠨ ᠠᠵᠢᠯᠯᠠᠭ᠎ᠠ ᠶᠢᠨ ᠪᠣᠳᠠᠲᠤ ᠦᠢᠯᠡᠲᠦᠯᠭᠡ᠂ᠲᠤᠤᠷᠵᠢᠭᠤᠯᠤᠬᠰᠠᠨ ᠡᠵᠡᠩᠨᠡᠯᠲᠡ ᠪᠣᠷᠣᠯᠠᠭᠤᠯᠤᠯᠲᠠ ᠵᠡᠷᠭᠡ ᠤᠷᠤᠯᠳᠤᠭᠠᠨ᠎ᠤ ᠲᠥᠷᠥᠯ ᠵᠦᠢᠯ ᠨᠢ ᠰᠢᠨ᠎ᠡ ᠡᠵᠡᠩᠨᠡᠯᠲᠡ᠎ᠶᠢᠨ ᠬᠡᠯᠪᠡᠷᠢ᠂ ᠰᠢᠨ᠎ᠡ ᠠᠬᠤᠢ ᠪᠠᠢᠳᠠᠯ ᠳᠤ ᠠᠩᠬᠠᠷᠤᠯ᠎ᠢᠶᠠᠨ ᠲᠥᠪᠯᠡᠷᠡᠭᠦᠯᠵᠦ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃
ᠣᠢᠯᠠᠭᠠᠭᠰᠠᠨ᠎ᠢᠶᠠᠷ᠂ ᠲᠣᠰ ᠤᠷ᠎ᠠ ᠮᠡᠷᠭᠡᠵᠢᠯ᠎ᠤᠨ ᠤᠷᠤᠯᠳᠤᠭᠠᠨ᠎ᠨᠢ ᠬᠣᠶᠠᠷ ᠵᠢᠯ᠎ᠳᠦ ᠨᠢᠭᠡ ᠤᠳᠠᠭ᠎ᠠ ᠶᠠᠪᠤᠭᠳᠠᠵᠤ᠂ ᠤᠳᠤ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ᠂ ᠭᠣᠣᠯᠯᠠᠭ᠍ᠴᠢ ᠡᠩᠨᠡᠭᠡ᠎ᠶᠢ ᠳᠠᠪᠲᠠᠨ ᠪᠣᠯᠪᠠᠰᠤᠷᠠᠭᠤᠯᠬᠤ ᠴᠢᠬᠤᠯᠠ ᠠᠴᠢᠶᠠᠯᠠᠪᠤᠷᠢ ᠪᠤᠯᠵᠠᠢ᠂ ᠡᠨᠡ ᠨᠢ ᠠᠳᠠᠯᠢᠳᠬᠠᠬᠤ ᠰᠤᠷᠬᠤ ᠭᠦᠢᠴᠡᠬᠦ ᠳᠠᠪᠠᠬᠤ᠂ ᠨᠢᠭ᠍ᠲᠠ ᠡᠴᠡ ᠨᠢᠭ᠍ᠲᠠ ᠪᠠᠢᠬᠤ ᠤᠷᠴᠢᠨ ᠠᠬᠤᠢ ᠵᠢ ᠪᠦᠲᠦᠮᠵᠢᠲᠡᠶ ᠪᠣᠶ ᠪᠣᠯᠭᠠᠪᠠ᠃ ᠥᠪᠥᠷ ᠮᠣᠩᠭᠣᠯ ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ᠎ᠦᠨ ᠬᠢᠨ ᠲᠤᠰ ᠤᠳᠠᠭ᠎ᠠ ᠶᠢᠨ ᠤᠷᠤᠯᠳᠤᠭᠠᠨ᠎ᠢᠶᠠᠷ ᠠᠵᠠ ᠲᠣᠬᠢᠶᠠᠯ ᠪᠣᠯᠭᠠᠵᠤ᠂ ᠪᠦᠬᠦ ᠠᠷᠠᠳ᠎ᠤᠨ ᠤᠩᠰᠢᠯᠭ᠎ᠠ᠎ᠶᠢᠨ ᠭᠣᠣᠯ ᠵᠢᠭ᠍ᠰᠠᠭᠠᠯ᠎ᠤᠨ ᠭᠠᠵᠠᠷ᠎ᠢ ᠦᠷᠭᠦᠯᠵᠢᠯᠡᠨ ᠭᠦᠨᠵᠡᠭᠡᠢᠷᠡᠭᠦᠯᠵᠦ᠂ ᠴᠢᠳᠠᠪᠤᠷᠢᠲᠠᠨ᠎ᠤ ᠰᠢᠨ᠎ᠡ ᠶᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠤᠷᠠᠨ ᠳᠠᠷᠬᠠᠨ ᠤ ᠤᠭ ᠰᠠᠨᠠᠭ᠎ᠠ᠎ᠪᠠᠨ ᠪᠠᠳᠦ ᠰᠠᠬᠢᠵᠤ᠂ ᠤᠷ᠎ᠠ ᠮᠡᠷᠭᠡᠵᠢᠯ᠎ᠢᠶᠡᠷ ᠰᠢᠨ᠎ᠡ ᠠᠶᠠᠨ᠎ᠢ ᠡᠬᠢᠯᠡᠭᠦᠯᠵᠦ᠂ ᠰᠣᠶᠣᠯ ᠤᠨ ᠠᠵᠤ ᠠᠬᠤᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠥᠭᠵᠢᠯᠲᠡ᠎ᠶᠢᠨ ᠰᠢᠨ᠎ᠡ ᠠᠶᠠᠨ᠎ᠳᠤ ᠬᠦᠴᠦᠷᠬᠡᠭ ᠶᠡᠬᠡ ᠨᠣᠮ᠎ᠤᠨ ᠦᠨᠦᠷ ᠠᠮᠲᠠᠲᠠᠢ ᠬᠥᠳᠡᠯᠭᠡᠬᠦ ᠬᠦᠴᠦᠨ ᠨᠡᠮᠡᠷᠢᠯᠡᠬᠦᠪᠤᠯᠤᠨᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃