ᠲᠡᠷᠢᠭᠦᠨ ᠨᠢᠭᠤᠷ>ᠬᠦᠮᠦᠨ ᠨᠡᠢᠭᠡᠮ>ᠳᠤᠷᠠᠨ ᠬᠠᠷᠠᠭᠠᠰᠤ

2025-09-17 10:59:54

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

9 ᠰᠠᠷ᠎ᠠ᠎ᠶᠢᠨ 11᠎ᠦ ᠡᠳᠦᠷ᠂ 《 ᠬᠥᠯᠥᠨ ᠪᠣᠶ᠋ᠢᠷ᠎ᠤᠨ ᠲᠠᠯ᠎ᠠ ᠨᠤᠲᠤᠭ 》 ᠲᠥᠷᠥᠯ ᠲᠡᠮᠳᠡᠭᠳᠦ ᠎ᠶᠢᠨ ᠦᠷ᠎ᠡ ᠪᠦᠲᠦᠭᠡᠯ ᠎ᠦᠨ ᠲᠠᠨᠢᠯᠴᠠᠭᠤᠯᠭ᠎ᠠ ᠵᠢᠴᠢ ᠠᠯᠲᠠᠨ ᠨᠠᠮᠤᠷ᠎ᠤᠨ ᠪᠣᠷᠤᠯᠠᠭᠤᠯᠭ᠎ᠠ ᠎ᠶᠢᠨ ᠤᠯᠠᠷᠢᠯ ᠎ᠤᠨ ᠠᠵᠢᠯᠯᠠᠭ᠎ᠠ ᠬᠥᠬᠡᠬᠣᠲᠠ᠎ᠶᠢᠨ 《ᠬᠥᠯᠥᠨ ᠪᠣᠶ᠋ᠢᠷ᠎ᠤᠨ ᠲᠠᠯ᠎ᠠ ᠨᠤᠲᠤᠭ 》 ᠲᠥᠷᠥᠯ ᠲᠡᠮᠳᠡᠭᠲᠦ᠎ᠶᠢᠨ ᠪᠣᠷᠤᠯᠠᠭᠤᠯᠭ᠎ᠠ᠎ᠶᠢᠨ ᠲᠥᠪ᠎ᠲᠦ ᠶᠠᠪᠤᠬ᠍ᠳᠠᠪᠠ᠃

ᠲᠤᠰ ᠲᠥᠪ ᠎ᠢ ᠬᠥᠯᠥᠨ ᠪᠣᠶ᠋ᠢᠷ ᠎ᠤᠨ ᠨᠦᠩ ᠺᠸᠨ ᠪᠦᠯᠦᠭᠯᠡᠯ ᠪᠠᠢᠭᠤᠯᠵᠤ᠂ ᠶᠡᠷᠦᠩᠬᠡᠢ ᠪᠠᠷᠢᠯᠭ᠎ᠠ᠎ᠶᠢᠨ ᠲᠠᠯᠠᠪᠠᠶ ᠨᠢ 3500 ᠲᠡᠭᠰᠢ ᠳᠥᠷᠪᠡᠯᠵᠢᠨ ᠮᠧᠲᠷ᠂ 《ᠠᠮᠢ ᠠᠬᠤᠢ ᠎ᠶᠢ ᠲᠡᠷᠢᠭᠦᠨ ᠎ᠳᠦ ᠲᠠᠯᠪᠢᠵᠤ᠂ ᠪᠣᠬᠢᠷᠲᠤᠯ ᠦᠭᠡᠢ᠎ᠪᠡᠷ ᠬᠥᠭᠵᠢᠭᠦᠯᠬᠦ》 ᠣᠢᠯᠠᠭᠠᠭᠳᠠᠬᠤᠨ᠎ᠢ ᠪᠠᠷᠢᠮᠲᠠᠯᠠᠨ᠂ ᠲᠠᠪᠤᠨ ᠶᠡᠬᠡ ᠭᠣᠣᠯᠯᠠᠬᠤ ᠴᠢᠳᠠᠮᠵᠢᠲᠤ ᠬᠡᠰᠡᠭ᠎ᠢ ᠲᠣᠬᠢᠷᠠᠭᠤᠯᠪᠠ ᠄ 340 ᠲᠡᠭᠰᠢ ᠳᠥᠷᠪᠡᠯᠵᠢᠨ ᠮᠧᠲᠷ᠎ᠦᠨ 33 ᠠᠵᠤ ᠠᠬᠤᠢᠯᠠᠯ᠎ᠤᠨ 420 ᠭᠠᠷᠤᠢ ᠵᠦᠢᠯ᠎ᠦᠨ ᠪᠦᠳᠦᠭᠡᠭᠳᠡᠭᠦᠨ᠎ᠢ ᠪᠠᠬ᠍ᠳᠠᠭᠠᠬ᠍ᠰᠠᠨ ᠬᠡᠲᠤ ᠲᠡᠯᠭᠡᠬᠦᠷ᠂ 270 ᠲᠡᠭᠰᠢ ᠳᠥᠷᠪᠡᠯᠵᠢᠨ ᠮᠧᠲᠷ ᠎ᠦᠨ ᠨᠦᠩ ᠺᠸᠨ ᠲᠦᠷᠭᠡᠨ ᠬᠣᠭᠣᠯᠠᠠ ᠎ᠤ ᠭᠠᠵᠡᠷ᠂ 260 ᠲᠡᠭᠰᠢ ᠳᠥᠷᠪᠡᠯᠵᠢᠨ ᠮᠧᠲᠷ ᠎ᠦᠨ ᠣᠶᠤᠨᠲᠤ ᠮᠠᠯᠵᠢᠯ ᠎ᠤᠨ ᠲᠠᠯᠠᠪᠠᠶ᠎ᠶᠢᠨ ᠦᠵᠡᠭᠦᠯᠭᠡ᠎ᠶᠢᠨ ᠲᠢᠩᠬᠢᠮ᠂ 400 ᠲᠡᠭᠰᠢ ᠳᠥᠷᠪᠡᠯᠵᠢᠨ ᠮᠧᠲᠷ ᠎ᠦᠨ ᠬᠠᠯᠠᠭᠤᠨ ᠲᠤᠭᠤᠭ᠎ᠠ᠎ᠶᠢᠨ ᠦᠷᠦᠭᠡ ᠵᠢᠴᠢ ᠭᠠᠵᠠᠷ ᠣᠷᠣᠨ᠎ᠤ ᠰᠣᠶᠣᠯ᠎ᠢ ᠠᠭᠤᠰᠬᠠᠭᠰᠠᠨ ᠢᠰᠡᠭᠡᠢ ᠭᠡᠷ᠎ᠤᠨ ᠵᠤᠴᠢᠯᠠᠭ᠎ᠠ ᠵᠡᠷᠭᠡ ᠪᠠᠬ᠍ᠲᠠᠨ᠎ᠠ᠃

QQ20250917-105458.png

ᠰᠢᠭᠤᠳ ᠨᠡᠪᠳᠡᠷᠡᠭᠦᠯᠭᠡ ᠪᠡᠷ ᠰᠦᠯᠵᠢᠶᠡᠨ ᠪᠤᠷᠤᠯᠠᠭᠤᠯᠭ᠎ᠠ ᠬᠢᠨ᠎ᠡ


QQ20250917-105508.png


ᠭᠡᠷᠡᠭᠯᠡᠭᠴᠢᠳ᠎ᠲᠦ ᠨᠠᠷᠢᠨ ᠬᠢᠨᠠᠮᠠᠭᠠᠢ ᠲᠠᠨᠢᠯᠴᠠᠭᠤᠯᠤᠨ᠎ᠠ


QQ20250917-105446.png


ᠮᠠᠯᠴᠢᠨ ᠠᠳᠢᠶᠠᠰᠦᠢ᠍ᠷᠦᠩ ᠲᠤᠩᠭᠠᠯᠠᠭ ᠢᠷᠡᠭᠰᠡᠨ ᠵᠤᠴᠢᠳ ᠎ᠲᠠᠭᠠᠨ ᠰᠢᠬᠦᠰᠦ ᠠᠮᠰᠠᠭᠤᠯᠤᠨ ᠴᠠᠢ ᠠᠶᠠᠭᠠᠯᠠᠵᠤ ᠪᠠᠢᠭ᠎ᠠ ᠨᠢ


QQ20250917-105523.png


ᠲᠤᠬᠠᠢ᠎ᠶᠢᠨ ᠲᠠᠯᠠᠪᠠᠢ᠎ᠳᠤ ᠬᠤᠷᠤᠳ ᠰᠢᠷᠠᠵᠤ ᠵᠤᠴᠢᠳ ᠲᠠᠭᠠᠨ ᠠᠮᠰᠠᠭᠤᠯᠤᠨ᠎ᠠ


ᠲᠤᠰ ᠲᠥᠪ ᠨᠢ ᠬᠥᠬᠡᠬᠣᠲᠠ ᠎ᠶᠢᠨ ᠤᠷᠤᠨ ᠪᠦᠰᠡ ᠎ᠶᠢᠨ ᠳᠠᠪᠠᠭᠤᠯᠢᠭ᠋᠎ᠲᠤ ᠲᠦᠰᠢᠭᠯᠡᠨ᠂ 《 ᠬᠥᠯᠥᠨ ᠪᠣᠶ᠋ᠢᠷ ᠎ᠤᠨ ᠪᠦᠳᠦᠭᠡᠭᠳᠡᠭᠦᠨ ︱ ᠬᠥᠬᠡᠬᠣᠲᠠ ᠎ᠶᠢᠨ ᠲᠡᠯᠭᠡᠨ ᠦᠵᠡᠭᠦᠯᠭᠡ ︱ ᠪᠥᠬᠥ ᠤᠯᠤᠰ ᠎ᠤᠨ ᠵᠠᠬ᠎ᠠ ᠳᠡᠯᠭᠡᠭᠦᠷ 》 ᠎ᠤᠨ ᠬᠡᠯᠬᠢᠶ᠎ᠡ᠎ᠶᠢ ᠨᠠᠪᠲᠠᠷᠡᠭᠦᠯᠵᠦ᠂ ᠣᠷᠣᠨ ᠪᠦᠰᠡ ᠎ᠶᠢᠨ ᠠᠵᠤ ᠠᠬᠤᠢ᠎ᠶᠢᠨ 《 ᠲᠥᠷᠥᠯ ᠲᠡᠮᠳᠡᠭᠲᠦ᠎ᠪᠡᠷ ᠬᠥᠳᠡᠯᠭᠡᠭᠦᠷ ᠪᠣᠯᠭᠠᠬᠤ》 ᠴᠢᠨᠠᠷ ᠰᠠᠢᠲᠠᠢ ᠬᠥᠭᠵᠢᠯᠲᠡ ᠳᠠᠢᠰᠢ ᠬᠡᠯᠪᠡᠷᠢ ᠎ᠪᠡᠨ ᠬᠤᠪᠢᠷᠠᠭᠤᠯᠬᠤ ᠎ᠶᠢ ᠲᠦᠯᠬᠢᠨ ᠠᠬᠢᠭᠤᠯᠬᠤ᠎ᠪᠡᠷ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面