ᠲᠡᠷᠢᠭᠦᠨ ᠨᠢᠭᠤᠷ>ᠬᠦᠮᠦᠨ ᠨᠡᠢᠭᠡᠮ>ᠳᠤᠷᠠᠨ ᠬᠠᠷᠠᠭᠠᠰᠤ

2025-11-25 09:37:07

ᠵᠣᠬᠢᠶᠠᠭ᠍ᠴᠢ᠄ ᠰᠠᠷᠠᠭᠤᠯᠬᠠᠨ ᠠᠯᠤᠰ ᠯᠢᠦ ᠬᠦᠰᠡᠯᠡᠩ ᠣᠩᠱᠢᠭ᠍ᠰᠠᠨ ᠣᠳᠠᠭ᠎ᠠ᠄ 3

《ᠪᠣᠭᠣᠮᠲᠠ᠎ᠶᠢᠨ ᠭᠠᠳᠠᠨᠠᠬᠢ ᠪᠠᠭ᠎ᠠ ᠶᠠᠨ ᠠᠨ》 ᠲᠠᠢ ᠲᠠᠨᠢᠯᠴᠠᠬᠤᠢ

ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠫᠠᠷᠲ᠋ᠢᠽᠠᠨ ᠠᠩᠭᠢ᠎ᠶᠢᠨ ᠰᠠᠭᠤᠷᠢᠨ ᠭᠠᠵᠠᠷ᠎ᠤᠨ ᠬᠠᠭᠤᠴᠢᠨ ᠪᠠᠭᠤᠷᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠦᠭᠡᠬᠣᠲᠠ ᠶ᠋ᠢᠨ ᠦᠴᠦᠸᠠᠨ ᠰᠢᠶᠠᠨ᠎ᠤ ᠳ᠋ᠸ ᠱᠧᠩ ᠭᠧᠦ ᠰᠢᠶᠠᠩ᠎ᠳᠤ ᠪᠠᠢᠵᠤ᠂ ᠲᠤᠬᠠᠢ᠎ᠶᠢᠨ ᠵᠢᠯ᠎ᠦᠨ ᠨᠠᠢ᠍ᠮᠠᠳᠤᠭᠠᠷ ᠵᠠᠮ᠎ᠤᠨ ᠴᠡᠷᠢᠭ᠎ᠦᠨ ᠳᠠᠯᠠᠨ ᠬᠠᠷ᠎ᠠ ᠠᠭᠤᠯᠠ᠎ᠶᠢᠨ ᠰᠠᠯᠪᠤᠷᠢ ᠠᠩᠭᠢ᠎ᠶᠢᠨ ᠵᠠᠬᠢᠷᠭ᠎ᠠ᠂ ᠰᠦᠢᠶᠤᠸᠠᠨ᠎ᠤ ᠮᠤᠵᠢ᠎ᠶᠢᠨ ᠨᠠᠮ᠎ᠤᠨ ᠬᠣᠷᠢᠶ᠎ᠠ᠂ ᠮᠤᠵᠢ᠎ᠶᠢᠨ ᠵᠠᠬᠢᠷᠭ᠎ᠠ᠎ᠶᠢᠨ ᠪᠠᠢᠭᠤᠯᠭ᠎ᠠ᠎ᠶᠢᠨ ᠰᠠᠭᠤᠭ᠎ᠠ ᠭᠠᠵᠠᠷ ᠪᠠᠢᠵᠤ᠂ ᠬᠥᠮᠥᠰ ᠲᠡᠭᠦᠨ᠎ᠢ 《ᠪᠣᠭᠣᠮᠲᠠ᠎ᠶᠢᠨ ᠭᠠᠳᠠᠨᠠᠬᠢ ᠪᠠᠭ᠎ᠠ ᠶᠠᠨ ᠠᠨ》 ᠭᠡᠵᠦ ᠨᠡᠷᠡᠢᠳᠴᠡᠢ᠃ 2008 ᠣᠨ᠎ᠤ 9 ᠰᠠᠷ᠎ᠠ᠎ᠶᠢᠨ 9᠎ᠦ ᠡᠳᠦᠷ 《ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠫᠠᠷᠲ᠋ᠢᠽᠠᠨ ᠠᠩᠭᠢ᠎ᠶᠢᠨ ᠰᠠᠭᠤᠷᠢᠨ ᠭᠠᠵᠠᠷ᠎ᠤᠨ ᠦᠵᠡᠭᠦᠯᠭᠡ᠎ᠶᠢᠨ ᠣᠷᠳᠣᠨ》 ᠵᠢᠩᠬᠢᠨᠢ᠎ᠪᠡᠷ ᠪᠠᠢᠭᠤᠯᠤᠭᠳᠠᠪᠠ᠃


QQ截图20250224163936.png


ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠫᠠᠷᠲ᠋ᠢᠽᠠᠨ ᠠᠩᠭᠢ᠎ᠶᠢᠨ ᠰᠠᠭᠤᠷᠢᠨ

ᠭᠠᠵᠠᠷ᠎ᠤᠨ ᠦᠵᠡᠭᠦᠯᠭᠡ᠎ᠶᠢᠨ ᠣᠷᠳᠣᠨ


QQ截图20251001113555.png


ᠤᠬ ᠰᠠᠨᠠᠭ᠎ᠠ ᠪᠠᠨ ᠦᠯᠦ ᠮᠠᠷᠲᠠᠨ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠎ᠡ


QQ截图20251117161443.png


ᠲᠤᠬᠠᠢ᠎ᠶᠢᠨ ᠦᠶ᠎ᠡ᠎ᠳᠤ ᠬᠡᠷᠡᠭᠯᠡᠵᠦ ᠪᠠᠢᠬᠰᠠᠨ ᠲᠡᠷᠭᠡ


QQ截图20251001104448.png


ᠦᠵᠡᠭᠦᠯᠭᠡ᠎ᠶᠢᠨ ᠨᠢᠭᠡᠨ ᠦᠨᠴᠦᠭ


ᠭᠦᠭᠡᠬᠣᠲᠠ᠎ᠶᠢᠨ ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠫᠠᠷᠲ᠋ᠢᠽᠠᠨ ᠠᠩᠭᠢ᠎ᠶᠢᠨ ᠰᠠᠭᠤᠷᠢᠨ ᠭᠠᠵᠠᠷ᠎ᠤᠨ ᠬᠠᠭᠤᠴᠢᠨ ᠪᠠᠭᠤᠷᠢ᠎ᠶᠢ 1964 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠎ᠶᠢᠨ ᠨᠢᠭᠡᠴᠢ ᠪᠡᠷ ᠲᠣᠭᠲᠠᠭᠠᠵᠤ᠂ 2005 ᠣᠨ᠎ᠳᠤ ᠤᠯᠤᠰ᠎ᠤᠨ ᠬᠤᠪᠢᠰᠬᠠᠯᠲᠤ ᠵᠢᠭᠤᠯᠴᠢᠯᠠᠯ᠎ᠤᠨ ᠲᠥᠯᠦᠪᠵᠢᠭᠦᠯᠭᠡ᠎ᠶᠢᠨ ᠬᠥᠲᠥᠯᠪᠦᠷᠢ᠎ᠳᠦ ᠵᠢᠭ᠍ᠰᠠᠭᠠᠵᠤ᠂ ᠲᠥᠪ᠎ᠦᠨ ᠤᠬᠠᠭᠤᠯᠬᠤ ᠬᠡᠯᠲᠡᠰ ᠵᠡᠷᠭᠡ 6 ᠶᠠᠮᠤᠨ ᠬᠣᠷᠢᠶ᠎ᠠ᠎ᠠᠴᠠ ᠪᠦᠭᠦ ᠤᠯᠤᠰ᠎ᠤᠨ ᠶᠠᠫᠤᠨ᠎ᠢ ᠡᠰᠡᠷᠭᠦᠴᠡᠬᠦ 19 ᠫᠠᠷᠲ᠋ᠢᠽᠠᠨ ᠎ᠠᠩᠭᠢ᠎ᠶᠢᠨ ᠰᠠᠭᠤᠷᠢᠨ ᠭᠠᠵᠠᠷ᠎ᠤᠨ ᠨᠢᠭᠡ ᠪᠠ ᠪᠦᠭᠦ ᠤᠯᠤᠰ᠎ᠤᠨ ᠵᠠᠭᠤᠨ ᠬᠤᠪᠢᠰᠬᠠᠯ᠎ᠤᠨ ᠰᠣᠩᠭᠣᠳᠠᠭ ᠦᠵᠡᠮᠵᠢ᠎ᠶᠢᠨ ᠣᠷᠣᠨ᠎ᠤ ᠨᠢᠭᠡ ᠭᠡᠵᠦ ᠨᠡᠷᠡᠯᠡᠵᠡᠢ᠃ ᠡᠳᠦᠭᠡ᠂ ᠥᠩᠭᠡᠷᠡᠭᠰᠡᠨ᠎ᠦ ᠳᠠᠢ᠍ᠢᠨ᠎ᠦ ᠲᠠᠯᠠᠪᠤᠷ ᠨᠢᠭᠡᠨᠲᠡ ᠬᠤᠪᠢᠰᠬᠠᠯᠲᠤ ᠵᠢᠭᠤᠯᠴᠢᠯᠠᠯ᠎ᠤᠨ ᠦᠵᠡᠮᠵᠢᠲᠦ ᠣᠷᠣᠨ ᠪᠣᠯᠵᠤ᠂ ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠫᠠᠷᠲ᠋ᠢᠽᠠᠨ ᠠᠩᠭᠢ᠎ᠶᠢᠨ ᠰᠠᠭᠤᠷᠢᠨ ᠭᠠᠵᠠᠷ᠎ᠤᠨ ᠦᠵᠡᠭᠦᠯᠭᠡ᠎ᠶᠢᠨ ᠣᠷᠳᠣᠨ ᠨᠢ ᠬᠣᠵᠢᠮ᠎ᠤᠨ ᠬᠥᠮᠥᠨ ᠠᠷᠠᠳ᠎ᠲᠤ ᠦᠨᠡᠨ ᠲᠡᠦᠬᠡ᠂ ᠴᠢᠰᠤᠲᠤ ᠪᠠᠢᠯᠳᠤᠭᠠᠨ᠎ᠢ ᠬᠠᠷᠠᠭᠤᠯᠤᠨ᠎ᠠ᠃ ᠮᠥᠩᠬᠡ ᠨᠣᠢᠷᠰᠤᠭᠰᠠᠨ ᠪᠠᠭᠠᠲᠤᠷᠴᠤᠳ ᠬᠡᠳᠦᠢᠪᠡᠷ ᠥᠨᠥᠳᠥᠷ᠎ᠦᠨ ᠵᠣᠯ ᠵᠢᠷᠭᠠᠯᠲᠤ ᠠᠮᠤᠷ ᠠᠮᠤᠭᠤᠯᠠᠩ ᠠᠮᠢᠳᠤᠷᠠᠯ᠎ᠢ ᠣᠯᠵᠤ ᠬᠠᠷᠠᠵᠤ ᠴᠢᠳᠠᠭ᠎ᠠ ᠦᠭᠡᠢ ᠪᠤᠯᠪᠠᠴᠤ ᠲᠡᠳᠡᠨ᠎ᠦ ᠦᠯᠡᠳᠡᠭᠡᠭᠰᠡᠨ ᠬᠤᠪᠢᠰᠬᠠᠯ᠎ᠤᠨ ᠵᠣᠷᠢᠭ᠋ ᠰᠠᠨᠠᠭ᠎ᠠ ᠨᠢ ᠠᠯᠢ ᠬᠡᠳᠦᠢᠨ ᠠᠳᠬᠤ ᠰᠢᠷᠣᠢ ᠰᠢᠷᠬᠡᠭ ᠴᠢᠯᠠᠭᠤᠨ᠎ᠳᠤ ᠨᠢ ᠭᠦᠷᠲᠡᠯ᠎ᠡ ᠰᠢᠩᠭᠡᠵᠦ᠂ ᠬᠥᠮᠥᠨ ᠠᠷᠠᠳ᠎ᠤᠨ ᠭᠢᠨ ᠴᠢᠰᠤ ᠮᠢᠬᠠᠨ᠎ᠳᠤᠨᠢ ᠬᠠᠳᠠᠩᠰᠢᠪᠠ᠃ ᠦᠷᠡᠭᠳᠡᠭᠰᠡᠨ ᠪᠠᠭᠠᠲᠤᠷᠴᠤᠳ ᠡᠭᠦᠷᠢᠳᠡ ᠮᠥᠩᠬᠡᠷᠡᠵᠦ᠂ ᠬᠤᠪᠢᠰᠬᠠᠯ᠎ᠤᠨ ᠵᠣᠷᠢᠭ᠋ ᠰᠠᠨᠠᠭ᠎ᠠ ᠮᠥᠩᠬᠡᠳᠡ ᠤᠯᠠᠮᠵᠢᠯᠠᠭᠳᠠᠨ᠎ᠠ᠃


QQ截图20251001104448.png


ᠲᠤᠬᠠᠢ᠎ᠶᠢᠨ ᠦᠶ᠎ᠡ ᠎ᠶᠢᠨ ᠪᠠᠢᠳᠠᠯ᠎ᠢ ᠰᠡᠷᠭᠦᠭᠡᠨ ᠬᠠᠷᠠᠭᠤᠯᠤᠨ᠎ᠠ


QQ截图20251001113555.png


ᠬᠠᠭᠤᠴᠢ ᠪᠤᠳᠠᠰ


QQ截图20251117161443.png


ᠮᠤᠷᠢᠲᠤ ᠴᠡᠷᠢᠭ


QQ截图20250825102238.png


ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠫᠠᠷᠲ᠋ᠢᠽᠠᠨ ᠠᠩᠭᠢ᠎ᠶᠢᠨ ᠰᠠᠭᠤᠷᠢᠨ

ᠭᠠᠵᠠᠷ᠎ᠤᠨ ᠦᠵᠡᠭᠦᠯᠭᠡ᠎ᠶᠢᠨ ᠣᠷᠳᠣᠨ᠎ᠤ ᠭᠠᠳᠠᠷ ᠦᠵᠡᠮᠵᠢ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面