ᠲᠡᠷᠢᠭᠦᠨ ᠨᠢᠭᠤᠷ>ᠬᠦᠮᠦᠨ ᠨᠡᠢᠭᠡᠮ>ᠳᠤᠷᠠᠨ ᠬᠠᠷᠠᠭᠠᠰᠤ

2026-04-15 10:13:30

ᠵᠣᠬᠢᠶᠠᠭ᠍ᠴᠢ᠄ ᠰᠡᠷᠭᠦᠯᠡᠩᠴᠡᠴᠡᠭ ᠤᠯᠠᠭᠠᠨᠲᠤᠶᠠᠭ᠎ᠠ ᠰᠡᠴᠡᠨᠮᠦ᠋ᠩᠬᠡ ᠣᠩᠱᠢᠭ᠍ᠰᠠᠨ ᠣᠳᠠᠭ᠎ᠠ᠄ 3

ᠤᠷᠢᠬᠠᠨ ᠬᠠᠪᠤᠷ ᠰᠠᠭᠠᠲᠠᠵᠤ ᠠᠭᠤᠷ ᠠᠮᠢᠰᠬᠤᠯ ᠳᠤᠯᠠᠭᠠᠷᠠᠬᠤ ᠪᠡᠷ ᠪᠠᠭᠠᠷᠢᠨ ᠪᠠᠷᠠᠭᠤᠨ ᠬᠣᠰᠢᠭᠤᠨ᠎ᠤ ᠵᠢᠷᠭᠠᠯ ᠵᠠᠮ ᠰᠤᠮᠤᠨ ᠎ᠤ ᠴᠣᠩᠵᠢᠨ ᠭᠠᠴᠠᠭ᠎ᠠ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃

ᠲᠤᠰ ᠭᠠᠴᠠᠭ᠎ᠠ ᠨᠢ ᠰᠠᠢᠬᠠᠨ ᠬᠠᠨ ᠠᠭᠤᠯᠠ ᠵᠢᠨ ᠤᠯᠤᠰ᠎ᠤᠨ ᠳᠡᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠥᠷᠥᠴᠡᠨ᠎ᠳᠦ ᠪᠠᠢᠷᠢᠯᠠᠵᠤ᠂ 17.2 ᠲᠦᠮᠡᠨ ᠮᠦ᠍ ᠥᠩ ᠰᠢᠮᠡᠯᠢᠭ ᠨᠤᠲᠤᠭ ᠪᠡᠯᠴᠢᠭᠡᠷ᠎ᠲᠠᠢ᠂ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠎ᠪᠡᠷ ᠭᠣᠣᠯ ᠪᠣᠯᠭᠠᠭᠰᠠᠨ᠂ ᠬᠥᠳᠡᠭᠡ ᠲᠣᠰᠬᠣᠨ᠎ᠤ ᠵᠢᠭᠤᠯᠴᠢᠯᠠᠯ᠎ᠢᠶᠠᠷ ᠬᠠᠪᠰᠤᠷᠤᠮᠵᠢ ᠪᠣᠯᠭᠠᠭᠰᠠᠨ ᠣᠨᠴᠠᠯᠢᠭ᠍ᠲᠤ ᠮᠠᠯᠵᠢᠬᠤ ᠲᠣᠰᠬᠣᠨ ᠪᠠᠢᠵᠤ᠂ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ 《ᠨᠢᠭᠡ ᠲᠣᠰᠬᠣᠨ ᠨᠢᠭᠡ ᠪᠦᠲᠦᠭᠡᠭᠳᠡᠭᠦᠨ》᠎ᠤ᠋ ᠵᠢᠱ᠌ᠢᠶ᠎ᠡ ᠦᠵᠡᠭᠦᠯᠬᠦ ᠲᠣᠰᠬᠣᠨ ᠪᠠᠯᠭᠠᠰᠤ᠂ ᠳᠤᠮᠳᠠᠳᠤ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠣᠨᠴᠠᠯᠢᠭ᠍ᠲᠤ ᠲᠣᠰᠬᠣᠨ᠂ ᠳᠤᠮᠳᠠᠳᠤ ᠤᠯᠤᠰ᠎ᠤᠨ ᠦᠵᠡᠰᠬᠦᠯᠡᠩᠲᠦ ᠰᠠᠢᠬᠠᠨ ᠰᠡᠯᠡᠭᠦᠴᠡᠯ᠎ᠦᠨ ᠬᠥᠳᠡᠭᠡ ᠲᠣᠰᠬᠣᠨ ᠵᠡᠷᠭᠡ ᠢᠷᠠᠭᠤ ᠠᠯᠳᠠᠷ᠎ᠢ ᠬᠦᠷᠲᠡᠵᠦ ᠦᠨᠭᠭᠡᠷᠡᠵᠡᠢ᠃


d228d43d-cd70-48ee-b2fe-f893133d067e.png


ᠴᠤᠨᠭᠵᠢᠨ ᠨᠤᠲᠤᠭ᠎ᠤᠨ ᠦᠵᠡᠮᠵᠢ


ᠤᠢᠷ᠎ᠠ ᠵᠢᠨ ᠵᠢᠯ᠂ ᠴᠣᠩᠵᠢᠨ ᠭᠠᠴᠠᠭ᠎ᠠ ᠨᠢ ᠮᠢᠬᠠᠨ᠎ᠤ ᠦᠬᠡᠷ᠎ᠦᠨ ᠠᠵᠤ ᠦᠢᠯᠡᠰ᠎ᠢ ᠬᠦᠭᠵᠢᠬᠦᠯᠵᠦ᠂ ᠬᠠᠰᠢᠶᠠᠯᠠᠨ ᠲᠡᠵᠢᠭᠡᠵᠦ ᠦᠷᠡᠵᠢᠭᠦᠯᠬᠦ ᠬᠡᠪᠴᠢᠶᠡᠵᠢᠯᠲᠡ ᠵᠢ ᠠᠬᠢᠭᠤᠯᠵᠤ᠂ ᠲᠡᠵᠢᠭᠡᠨ ᠦᠷᠡᠵᠢᠭᠦᠯᠬᠦ ᠡᠷᠦᠬᠡ᠎ᠶᠢᠨ ᠣᠷᠣᠯᠭ᠎ᠠ ᠵᠢ ᠲᠣᠭᠲᠠᠭᠤᠨ᠎ᠢᠶᠠᠷ ᠳᠡᠭᠡᠭᠰᠢᠯᠡᠭᠦᠯᠪᠡ; ᠲᠡᠦᠬᠡ ᠰᠣᠶᠣᠯ᠎ᠤᠨ ᠦᠯᠡᠳᠡᠭᠳᠡᠯ ᠪᠣᠯᠣᠨ ᠤᠤᠭᠠᠯ ᠠᠮᠢ ᠠᠬᠤᠢ ᠲᠠᠯ᠎ᠠ ᠨᠤᠲᠤᠭ᠎ᠤᠨ ᠦᠵᠡᠮᠵᠢ ᠪᠠᠨ ᠠᠰᠢᠬᠯᠠᠨ ᠬᠥᠳᠡᠭᠡ ᠲᠣᠰᠬᠣᠨ᠎ᠤ ᠵᠢᠭᠤᠯᠴᠢᠯᠠᠯ᠎ᠢ ᠰᠡᠷᠭᠦᠭᠡᠨ ᠮᠠᠨᠳᠤᠭᠤᠯᠪᠠ᠃ ᠠᠮᠢ ᠠᠬᠤᠢ᠎ᠶᠢᠨ ᠳᠠᠪᠠᠭᠤᠯᠢᠭ᠋ ᠪᠠ ᠲᠥᠷᠥ᠎ᠶᠢᠨ ᠪᠣᠳᠣᠯᠭ᠎ᠠ ᠵᠢᠨ ᠳᠡᠮᠵᠢᠯᠭᠡ᠎ᠳᠤ ᠲᠦᠰᠢᠭᠯᠡᠨ᠂ ᠰᠠᠭᠤᠷᠢ ᠲᠥᠬᠦᠭᠡᠷᠦᠮᠵᠢ᠎ᠪᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠤ ᠦᠢᠯᠡᠰ᠎ᠦᠨ ᠬᠥᠭᠵᠢᠯᠲᠡ᠎ᠶᠢᠨ ᠳᠤᠲᠠᠭᠤᠳᠠᠯ᠎ᠢ ᠨᠥᠬᠥᠪᠦᠷᠢᠯᠡᠨ᠂ ᠣᠨᠴᠠᠯᠢᠭ᠍ᠲᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠲᠦᠷᠦᠯ ᠲᠡᠮᠳᠡᠭ᠎ᠢ ᠡᠭᠦᠳᠴᠦ᠂ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠎ᠶᠢ ᠠᠬᠢᠭᠤᠯᠪᠠ᠃

ᠴᠤᠨᠭᠵᠢᠨ ᠭᠠᠴᠠᠭ᠎ᠠ ᠨᠢ ᠤᠳᠤᠬᠢᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠬᠦᠭᠵᠢᠭᠦᠯᠵᠦ᠂ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ᠂ ᠠᠵᠤ ᠦᠢᠯᠡᠰ ᠬᠥᠭᠵᠢᠭᠰᠠᠨ ᠬᠥᠳᠡᠭᠡ ᠲᠣᠰᠬᠣᠨ ᠎ᠢ ᠬᠥᠭᠵᠢᠭᠦᠯᠦᠨ ᠮᠠᠨᠳᠤᠭᠤᠯᠬᠤ ᠵᠠᠮ᠎ᠢᠶᠠᠷ ᠵᠠᠮᠨᠠᠵᠤ᠂ ᠴᠤ ᠰᠢᠨ᠎ᠡ ᠢᠷᠡᠭᠡᠳᠦᠢ ᠲᠡᠢᠰᠢ ᠡᠷᠡᠮᠡᠬᠡᠢᠯᠡᠨ ᠤᠷᠤᠭᠰᠢᠯᠠᠨ᠎ᠠ᠃


7772d17b-f998-4929-a0b7-c758fb1bc700.png


ᠬᠦᠭᠵᠢᠯ ᠬᠤᠷᠤᠢᠯᠠᠭᠰᠠᠨ ᠬᠦᠳᠡᠭᠡ ᠨᠤᠲᠤᠭ


7.png


ᠤᠭᠳᠠᠷᠭᠤᠢ ᠵᠢᠨ ᠮᠠᠨᠳᠠᠯ


ac827f8a-f575-4fd6-9440-74703c93f5c3.png


ᠲᠠᠢᠪᠤᠩ ᠢᠳᠡᠰᠢᠯᠡᠬᠦ ᠠᠳᠤᠭᠤᠳ


3.png


ᠬᠡᠢᠮᠦᠷᠢ ᠰᠡᠷᠭᠦᠭᠡᠭᠰᠡᠨ ᠮᠤᠷᠢᠨ ᠤᠷᠤᠯᠳᠤᠭᠠᠨ


1.png


ᠠᠮᠤᠭᠤᠯᠠᠩ ᠲᠠᠯ᠎ᠠ ᠨᠤᠲᠤᠭ


6.png


ᠲᠠᠪᠠᠳᠠᠢ ᠪᠡᠯᠴᠢᠬᠦ ᠮᠠᠯ ᠤᠨᠤᠭ᠎ᠠ


2.png


ᠵᠢᠷᠭᠠᠬᠤ ᠨᠠᠷᠠᠨ᠎ᠤ ᠲᠤᠶᠠᠭ᠎ᠠ


dff674e1-f830-44d3-bd2d-4bdd07f75f29.png


ᠪᠤᠶᠠᠨᠳᠤ ᠨᠤᠲᠤᠭ᠎ᠤᠨ ᠲᠠᠷᠬᠠᠨ ᠤᠪᠤᠭ᠎ᠠ


c64fc787-9971-4a12-b443-5f8988dcdd83.png


ᠨᠤᠲᠤᠭ ᠵᠢᠡᠨ ᠮᠠᠨᠠᠭᠰᠠᠨ ᠰᠡᠷᠪᠡᠭᠡᠷ ᠬᠠᠳᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面