ᠲᠡᠷᠢᠭᠦᠨ ᠨᠢᠭᠤᠷ>ᠬᠦᠮᠦᠨ ᠨᠡᠢᠭᠡᠮ>ᠳᠤᠷᠠᠨ ᠬᠠᠷᠠᠭᠠᠰᠤ

2026-06-10 10:20:27

ᠵᠣᠬᠢᠶᠠᠭ᠍ᠴᠢ᠄ ᠰᠠᠷᠠᠭᠤᠯᠬᠠᠨ ᠣᠩᠱᠢᠭ᠍ᠰᠠᠨ ᠣᠳᠠᠭ᠎ᠠ᠄ 3

ᠨᠠᠭᠠᠳᠤᠮ ᠪᠣᠯ ᠤᠯᠠᠨ ᠲᠦᠮᠡᠨᠴᠢ ᠴᠢᠨᠠᠷᠲᠠᠢ ᠦᠨᠳᠦᠰᠦᠲᠡᠨ᠎ᠤ ᠣᠨᠴᠠᠯᠢᠭ᠋ ᠲᠠᠢ ᠤᠯᠠᠮᠵᠢᠯᠠᠯᠲᠤ ᠲᠠᠮᠢᠷ᠎ᠤᠨ ᠬᠦᠳᠡᠯᠭᠡᠭᠡᠨ ᠪᠠᠢᠵᠤ᠂ ᠲᠤᠮᠳᠠᠳᠤ ᠵᠢᠨ ᠣᠷᠣᠨ ᠨᠤᠲᠤᠭ᠎ᠤᠨ ᠥᠪᠡᠷᠮᠢᠴᠡ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ᠎ᠤᠨ ᠨᠢᠭᠡᠨ ᠲᠦᠷᠦᠯ ᠲᠡᠮᠳᠡᠭ ᠪᠣᠯᠤᠭᠰᠠᠨ ᠪᠠᠢᠨ᠎ᠠ᠃ 6 ᠰᠠᠷ᠎ᠠ᠎ᠶᠢᠨ 6᠎ᠦ ᠡᠳᠤᠷ᠂ ᠵᠢᠷᠭᠤᠳᠤᠭᠠᠷ ᠬᠤᠭᠤᠴᠠᠭᠠᠨ᠎ᠤ ᠭᠦᠭᠡᠬᠣᠲᠠ᠎ᠶᠢᠨ ᠪᠠᠶᠠᠰᠬᠤᠯᠠᠩᠳᠤ ᠨᠠᠭᠠᠳᠤᠮ ᠶᠡᠬᠡ ᠲᠦᠷᠭᠡᠨ ᠭᠣᠣᠯ᠎ᠤᠨ ᠴᠡᠷᠢᠭ᠎ᠦᠨ ᠶᠠᠪᠤᠳᠠᠯ᠎ᠤᠨ ᠰᠣᠶᠣᠯ᠎ᠤᠨ ᠬᠦᠷᠢᠶᠡᠯᠡᠩ᠎ᠳᠦ ᠨᠢᠵᠢᠭᠢᠷ ᠰᠠᠢᠬᠠᠨ ᠶᠠᠪᠤᠬ᠍ᠳᠠᠵᠤ᠂ ᠬᠤᠳᠠ ᠵᠢᠨ ᠠᠷᠠᠳ᠎ᠤᠨ ᠰᠣᠶᠣᠯ᠎ᠤᠨ ᠠᠮᠢᠳᠤᠷᠠᠯ᠎ᠢ ᠶᠡᠬᠡᠳᠡ ᠪᠠᠶᠠᠯᠢᠭ᠍ᠵᠢᠭᠤᠯᠤᠭᠰᠠᠨ ᠪᠠᠢᠨ᠎ᠠ᠃


1.png


ᠡᠬᠢᠯᠡᠯᠳᠡ᠎ᠶᠢᠨ ᠶᠤᠰᠤᠯᠠᠯ


ᠲᠣᠰ ᠬᠤᠭᠤᠴᠠᠭᠠᠨ᠎ᠤ ᠨᠠᠭᠠᠳᠤᠮ ᠨᠢ 《ᠤᠯᠠᠮᠵᠢᠯᠠᠯᠲᠤ ᠰᠣᠶᠣᠯ + ᠪᠡᠶ᠎ᠡ᠎ᠶᠢᠨ ᠲᠠᠮᠢᠷ᠎ᠤᠨ ᠤᠷᠤᠯᠳᠤᠭᠠᠨ + ᠬᠣᠲᠠ᠎ᠶᠢᠨ ᠨᠠᠢᠷ ᠨᠠᠭᠠᠳᠤᠮ》 ᠢ᠋ᠶ᠋ᠠᠷ ᠣᠨᠴᠠᠯᠢᠭ᠋ ᠪᠤᠯᠭᠠᠵᠤ᠂ ᠮᠣᠩᠭᠣᠯ ᠦᠨᠳᠦᠰᠦᠲᠡᠨ᠎ᠦ 《ᠡᠷ᠎ᠡ᠎ᠶᠢᠨ ᠭᠤᠷᠪᠠᠨ ᠨᠠᠭᠠᠳᠤᠮ》 ᠪᠤᠯᠬᠤ ᠪᠦᠭᠡ ᠪᠠᠷᠢᠯᠳᠤᠬᠤ᠂ ᠰᠤᠷ ᠬᠠᠷᠪᠤᠯᠲᠠ᠎ᠶᠢᠨ ᠠᠭᠤᠯᠭ᠎ᠠ ᠶ᠋ᠢ ᠲᠣᠬᠢᠷᠠᠭᠤᠯᠤᠭᠰᠠᠨ ᠡᠴᠡ ᠭᠠᠳᠠᠨ᠎ᠠ ᠪᠠᠰᠠ ᠬᠡᠤᠬᠡᠳ᠎ᠤᠨ ᠪᠦᠭᠡ᠂ ᠰᠢᠲᠠᠷ᠎ᠠ᠎ᠶᠢᠨ ᠤᠷᠤᠯᠳᠤᠭᠠᠨ᠂ ᠱᠠᠭ᠎ᠠ᠎ᠪᠠᠷ ᠮᠣᠷᠢ ᠤᠷᠤᠯᠳᠤᠭᠤᠯᠬᠤ᠂ ᠬᠦᠵᠦᠷ᠎ᠦᠨ ᠤᠷᠤᠯᠳᠤᠭᠠᠨ᠂ ᠲᠦᠳᠡᠭ ᠭᠠᠯ᠎ᠤᠨ ᠦᠳᠡᠰᠢᠯᠡᠭᠡ ᠵᠡᠷᠭᠡ ᠲᠥᠷᠥᠯ ᠵᠦᠢᠯ᠎ᠢ ᠠᠭᠤᠰᠤᠯᠴᠠᠭᠤᠯᠤᠭᠰᠠᠨ ᠡᠴᠡ ᠬᠤᠷᠠᠭᠰᠠᠨ ᠤᠯᠠᠨ᠎ᠢᠶᠠᠨ ᠪᠠᠶᠠᠰᠬᠠᠭᠰᠠᠨ ᠨᠢᠵᠢᠭᠢᠷ ᠰᠠᠢᠬᠠᠨ ᠨᠠᠢᠷ ᠪᠣᠯᠪᠠ᠃


2.png


ᠦᠨᠳᠦᠰᠦᠳᠡᠨ᠎ᠦ ᠪᠦᠳᠦᠭᠡᠭᠳᠡᠭᠦᠨ ᠬᠦᠮᠦᠰ᠎ᠦᠨ ᠠᠩᠬᠠᠷᠤᠯ᠎ᠳᠤ ᠬᠦᠷᠦᠨ᠎ᠡ


ᠰᠣᠶᠣᠯ᠎ᠤᠨ ᠪᠦᠲᠦᠭᠡᠯᠴᠢ ᠦᠢᠯᠡᠳᠬᠦᠨ᠎ᠤ ᠵᠠᠬ᠎ᠠ ᠳᠡᠯᠭᠡᠭᠦᠷ ᠨᠢ ᠪᠠᠰᠠ ᠬᠣᠲᠠ᠎ᠶᠢᠨ ᠨᠠᠭᠠᠳᠤᠮ᠎ᠤᠨ ᠨᠢᠭᠡᠨ ᠭᠢᠯᠠᠰ ᠴᠡᠭ ᠪᠣᠯᠪᠠ᠃ ᠡᠯ᠎ᠡ ᠵᠦᠢᠯ᠎ᠦᠨ ᠰᠣᠶᠣᠯ᠎ᠤᠨ ᠪᠦᠲᠦᠭᠡᠯᠴᠢ ᠦᠢᠯᠡᠳᠬᠦᠨ ᠪᠠ ᠮᠣᠩᠭᠣᠯ ᠲᠡᠷᠯᠢᠭ᠂ ᠴᠠᠭᠠᠨ ᠢᠳᠡᠭᠡ᠂ ᠨᠤᠮ ᠲᠡᠪᠳᠡᠷ ᠵᠡᠷᠭᠡ ᠨᠢ ᠴᠦ᠍ ᠵᠢᠭᠤᠯᠴᠢᠯᠠᠬ᠍ᠰᠠᠳ᠎ᠤᠨ ᠪᠠᠬᠠᠷᠬᠠᠯ᠎ᠢ ᠲᠠᠲᠠᠨ᠎ᠠ; ᠠᠮᠲᠠᠲᠤ ᠢᠳᠡᠭᠡᠨ᠎ᠦ ᠲᠤᠭᠤᠷᠢᠭ᠎ᠲᠤ᠂ ᠱᠤᠷᠤᠯᠠᠭ᠂ ᠰᠦ ᠲᠡᠶ ᠴᠠᠢ᠂ ᠪᠤᠷᠴᠡ᠂ ᠥᠷᠥᠮ᠎ᠡ ᠵᠡᠷᠭᠡ ᠢᠳᠡᠭᠡᠨ ᠤᠮᠳᠠᠭᠠᠨ ᠨᠢ ᠮᠣᠩᠭᠣᠯ ᠦᠨᠳᠦᠰᠦᠲᠡᠨ᠎ᠦ ᠥᠪᠡᠷᠮᠢᠴᠡ ᠣᠨᠴᠠᠯᠢᠭ᠋᠎ᠲᠠᠢ ᠢᠳᠡᠭᠡᠨ ᠤᠮᠳᠠᠭᠠᠨ᠎ᠤ ᠰᠣᠶᠣᠯ᠎ᠢ ᠢᠯᠡᠷᠡᠭᠦᠯᠵᠦ᠂ ᠬᠤᠲᠡ ᠵᠢᠨ ᠠᠷᠠᠳ ᠪᠤᠯᠤᠨ ᠵᠢᠭᠤᠯᠴᠢᠯᠠᠬ᠍ᠰᠠᠳ᠎ᠲᠤ ᠥᠪᠥᠷ ᠮᠣᠩᠭᠣᠯ᠎ᠤᠨ ᠨᠤᠲᠤᠭ ᠤᠰᠤᠨ᠎ᠤ ᠵᠠᠩ ᠦᠢᠯᠡ ᠶ᠋ᠢ ᠭᠦᠨᠵᠡᠭᠡᠢ ᠣᠢᠯᠠᠭᠠᠭᠤᠯᠪᠠ᠃


3.png


ᠤᠷ᠎ᠠ ᠠᠪᠢᠶᠠᠰ ᠵᠢᠡᠨ ᠬᠠᠷᠠᠭᠤᠯᠤᠨ᠎ᠠ


4.png


ᠰᠢᠲᠠᠷ᠎ᠠ᠎ᠶᠢᠨ ᠤᠷᠤᠯᠳᠤᠭᠠᠨ


5.png


ᠡᠷᠡᠬᠡᠢ ᠮᠡᠷᠭᠡᠨ ᠬᠠᠷᠪᠤᠭᠠᠴᠢᠨ


6.png


ᠡᠮᠡᠭᠳᠡᠢ ᠪᠦᠭᠡ᠎ᠶᠢᠨ ᠲᠡᠷᠢᠭᠦᠨ᠎ᠳᠦ ᠱᠠᠩᠨᠠᠯ ᠭᠠᠷᠳᠠᠭᠤᠯᠤᠨ᠎ᠠ

7.png


ᠱᠠᠭ᠎ᠠ᠎ᠪᠠᠷ ᠮᠣᠷᠢ ᠤᠷᠤᠯᠳᠤᠭᠤᠯᠤᠨ᠎ᠠ



9.png


ᠪᠦᠭᠡ᠎ᠶᠢᠨ ᠪᠠᠷᠢᠯᠳᠤᠭᠠᠨ


8.png


ᠪᠢᠴᠢᠬᠠᠨ ᠵᠠᠩᠭᠠᠷᠴᠢᠳ


(ᠭᠡᠰᠡᠭ ᠭᠡᠷᠡᠯ ᠵᠢᠷᠤᠭ᠎ᠢ ᠨᠠᠭᠠᠳᠤᠮ᠎ᠢ ᠡᠷᠭᠢᠯᠡᠭᠰᠡᠨ ᠬᠦᠴᠦᠨ ᠺᠤᠮᠫᠠᠨᠢ ᠬᠠᠩᠭᠠᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面