ᠲᠡᠷᠢᠭᠦᠨ ᠨᠢᠭᠤᠷ>ᠬᠦᠮᠦᠨ ᠨᠡᠢᠭᠡᠮ>ᠳᠤᠷᠠᠨ ᠬᠠᠷᠠᠭᠠᠰᠤ

2026-10-21 11:38:43

ᠵᠣᠬᠢᠶᠠᠭ᠍ᠴᠢ᠄ ᠵᠢᠨᠨ᠎ᠠ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 17᠎ᠤ  ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ᠎ᠤ 《ᠤᠶᠠᠩᠭ᠎ᠠ 》ᠤᠯᠠᠨ ᠤᠯᠤᠰ᠎ᠤᠨ ᠤᠷᠠᠨ ᠪᠢᠴᠢᠯᠭᠡ ᠤᠷᠠᠨ ᠵᠢᠷᠤᠭ᠎ᠤᠨ ᠦᠵᠡᠰᠭᠦᠯᠡᠩ ᠬᠥᠯᠥᠨ ᠪᠤᠢᠷ ᠬᠤᠲᠠ ᠵᠢᠨ ᠰᠣᠶᠣᠯ᠎ᠤᠨ ᠣᠷᠳᠣᠨ᠎ᠳᠦ ᠡᠬᠢᠯᠡᠪᠡ᠃ ᠳᠤᠮᠳᠠᠲᠤ᠂ ᠤᠷᠤᠰ᠂ ᠮᠣᠩᠭᠣᠯ ᠭᠤᠷᠪᠠᠨ ᠤᠯᠤᠰ᠎ᠤᠨ ᠤᠷᠠᠨ ᠪᠢᠴᠢᠯᠭᠡ ᠤᠷᠠᠨ ᠵᠢᠷᠤᠭ᠎ᠤᠨ ᠪᠠᠬᠠᠲᠠᠳ ᠪᠣᠯᠣᠨ ᠡᠯ᠎ᠡ ᠲᠠᠯ᠎ᠠ ᠵᠢᠨ ᠲᠥᠯᠥᠭᠡᠯᠡᠭᠴᠢᠳ ᠤᠷᠤᠯᠴᠠᠵᠤ᠂ ᠪᠢᠷ ᠪᠡᠬᠡᠰ ᠵᠢᠡᠷ ᠵᠠᠭᠤᠴᠢ ᠪᠣᠯᠭᠠᠨ᠂ ᠤᠷᠠᠨ ᠪᠢᠴᠢᠯᠭᠡ ᠤᠷᠠᠨ ᠵᠢᠷᠤᠭ ᠵᠢᠡᠷ ᠬᠥᠭᠥᠷᠭᠡ ᠪᠣᠯᠭᠠᠨ᠂ ᠰᠣᠶᠣᠯ᠎ᠤᠨ ᠦᠪᠡᠳᠡᠭᠰᠢ ᠠᠵᠢᠯᠯᠠᠭ᠎ᠠ ᠶ᠋ᠢ ᠶᠠᠪᠤᠭᠳᠠᠭᠤᠯᠤᠭᠰᠠᠨ ᠪᠠᠢᠨ᠎ᠠ᠃


 ᠤᠷᠠᠨ ᠵᠢᠷᠤᠭ ᠰᠤᠨᠢᠷᠬᠠᠨ᠎ᠠ

            ᠦᠵᠡᠯ  ᠪᠤᠲᠤᠯ᠎ᠢᠶᠠᠨ  ᠰᠤᠯᠢᠯᠴᠠᠨ᠎ᠠ


《ᠤᠶᠠᠩᠭᠠᠲᠤ ᠪᠢᠴᠢᠭ ᠵᠢᠡᠷ ᠲᠠᠯ᠎ᠠ ᠶ᠋ᠢ ᠲᠤᠭᠤᠯᠵᠤ· ᠤᠷᠠᠯᠢᠭ᠋ ᠵᠢᠡᠷ ᠳᠦᠷᠪᠡᠨ ᠵᠦᠭ᠎ᠤᠨ ᠬᠥᠷᠰᠢ ᠨᠦ᠍ᠭᠦᠳ ᠵᠢᠡᠨ ᠬᠣᠯᠪᠣᠬᠤ》 ᠭᠣᠣᠯ ᠰᠡᠳᠦᠪᠲᠦ ᠲᠤᠰ ᠤᠳᠠᠭᠠᠨ᠎ᠤ ᠦᠵᠡᠰᠭᠦᠯᠡᠩ ᠨᠢ ᠤᠯᠠᠮᠵᠢᠯᠠᠯᠲᠤ ᠤᠷᠠᠨ ᠪᠢᠴᠢᠯᠭᠡ᠂ ᠤᠷᠠᠨ ᠵᠢᠷᠤᠭ᠎ᠤᠨ ᠰᠣᠯᠢᠯᠴᠠᠭᠠᠨ ᠎ᠤ ᠤᠯᠠᠮᠵᠢᠯᠠᠯ᠎ᠢ ᠦᠷᠭᠦᠯᠵᠢᠯᠡᠭᠦᠯᠬᠦ ᠵᠢᠨ ᠵᠡᠷᠭᠡᠴᠡᠭᠡ ᠰᠢᠨ᠎ᠡ ᠪᠡᠷ ᠭᠠᠷ ᠤᠷᠠᠯᠠᠯ᠎ᠤᠨ ᠪᠦᠲᠦᠭᠡᠯ᠎ᠢ ᠨᠡᠮᠡᠵᠦ᠂ ᠤᠷᠠᠨ ᠪᠢᠴᠢᠯᠭᠡ ᠵᠢᠨ ᠭᠤᠸ᠎ᠠ ᠰᠠᠢᠬᠠᠨ᠂ ᠤᠷᠠᠨ ᠵᠢᠷᠤᠭ᠎ᠤᠨ  ᠤᠷᠠᠨ ᠰᠡᠳᠬᠢᠮᠵᠢ᠂ ᠤᠷᠠᠯᠠᠨ ᠪᠦᠲᠦᠭᠡᠬᠦ ᠴᠢᠯᠦᠭᠡᠲᠦ  ᠰᠡᠳᠬᠢᠬᠦᠢ᠎ᠶᠢ  ᠤᠶᠠᠯᠳᠤᠭᠤᠯᠤᠭᠰᠠᠨ  ᠪᠢᠯᠡ᠃


ᠤᠷᠠᠨ ᠪᠢᠴᠢᠯᠭᠡ ᠰᠤᠨᠢᠷᠬᠠᠨ᠎ᠠ

              ᠤᠷᠠᠨ ᠪᠢᠴᠢᠯᠭᠡ᠎ᠶᠢᠨ  ᠦᠵᠡᠰᠬᠦᠯᠡᠩ

ᠬᠥᠯᠥᠨ ᠪᠤᠢᠷ ᠬᠤᠲᠠ ᠵᠢᠨ ᠬᠠᠮ ᠵᠠᠭᠤᠴᠢᠯᠠᠭᠤᠷ᠎ᠤᠨ ᠲᠥᠪ᠂ ᠰᠢᠨ᠎ᠡ ᠪᠠᠷᠭᠤ ᠪᠠᠷᠠᠭᠤᠨ ᠬᠣᠰᠢᠭᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ ᠡᠴᠡ ᠭᠣᠣᠯᠯᠠᠨ ᠡᠷᠭᠢᠯᠡᠭᠰᠡᠨ  ᠡᠨᠡ  ᠬᠦ᠌ ᠦᠵᠡᠰᠭᠦᠯᠡᠩ ᠨᠢ  ᠳᠤᠮᠳᠠᠲᠤ᠂ ᠤᠷᠤᠰ᠂ ᠮᠣᠩᠭᠣᠯ᠎ᠤᠨ 300 ᠭᠠᠷᠤᠢ ᠤᠷᠠᠨ ᠪᠢᠴᠢᠯᠭᠡ᠂ ᠤᠷᠠᠨ ᠵᠢᠷᠤᠭ᠂ ᠭᠠᠷ ᠤᠷᠠᠯᠠᠯ᠎ᠤᠨ ᠪᠦᠲᠦᠭᠡᠯ᠎ᠢ ᠳᠡᠯᠭᠡᠨ ᠦᠵᠡᠭᠦᠯᠵᠦ᠂ ᠲᠠᠯ᠎ᠠ ᠨᠤᠲᠤᠭ᠎ᠤᠨ ᠠᠮᠢ ᠠᠬᠤᠢ᠂ ᠮᠣᠩᠭᠣᠯ ᠮᠣᠷᠢᠨ᠎ᠤ ᠴᠤᠭ ᠵᠢᠪᠬᠤᠭ᠎ᠠ᠂ ᠨᠡᠭᠦᠳᠡᠯᠴᠢᠳ᠎ᠤᠨ ᠵᠠᠩ ᠵᠠᠩᠰᠢᠯ᠂ ᠰᠣᠶᠣᠯ᠎ᠤᠨ ᠥᠪ ᠂ ᠬᠢᠯᠢ ᠬᠢᠵᠠᠭᠠᠷ ᠨᠤᠲᠤᠭ᠎ᠤᠨ ᠣᠨᠴᠠᠯᠢᠭ᠋᠂ ᠰᠣᠶᠣᠯ᠎ᠤᠨ ᠤᠯᠠᠨ ᠲᠠᠯᠠᠲᠤ ᠠᠭᠤᠰᠤᠯᠴᠠᠯ ᠎ᠤᠨ ᠰᠡᠳᠦᠪ ᠪᠦᠬᠦᠢ ᠡᠯᠪᠡᠭ ᠪᠠᠶᠠᠯᠢᠭ᠋ ᠠᠭᠤᠯᠭ᠎ᠠ ᠶ᠋ᠢ ᠬᠠᠮᠤᠷᠴᠤ᠂ 10 ᠰᠠᠷ᠎ᠠ ᠵᠢᠨ 27᠎ᠤ ᠡᠳᠦᠷ ᠪᠤᠯᠳᠠᠯ᠎ᠠ ᠶᠠᠪᠤᠭᠳᠠᠬᠤ ᠪᠤᠯᠤᠨ᠎ᠠ ᠃

ᠬᠠᠮᠲᠤ᠎ᠶᠢᠨ  ᠵᠢᠷᠤᠭ ᠠᠪᠬᠠᠭᠤᠯᠤᠨ᠎ᠠ

ᠦᠵᠡᠰᠭᠦᠯᠡᠩ ᠎ᠤᠨ ᠨᠢᠭᠡ ᠭᠡᠰᠡᠭ 
    ᠣᠢᠯᠠᠭᠠᠭᠰᠠᠨ ᠵᠢᠡᠷ᠂ 《ᠤᠶᠠᠩᠭ᠎ᠠ》 ᠤᠯᠠᠨ ᠤᠯᠤᠰ᠎ᠤᠨ ᠤᠷᠠᠨ ᠪᠢᠴᠢᠯᠭᠡ ᠤᠷᠠᠨ ᠵᠢᠷᠤᠭ᠎ᠤᠨ ᠦᠵᠡᠰᠭᠦᠯᠡᠩ᠎ᠢ 2014 ᠣᠨ᠎ᠳᠦ ᠠᠩᠬ᠎ᠠ ᠤᠳᠠᠭ᠎ᠠ ᠶᠠᠪᠤᠬᠳᠠᠭᠤᠯᠤᠬᠰᠠᠨ ᠡᠴᠡ ᠨᠠᠭᠠᠰᠢ᠂ ᠠᠷᠪᠠᠨ ᠭᠤᠷᠪᠠᠨ ᠬᠤᠭᠤᠴᠠᠭ᠎ᠠ ᠠᠮᠵᠢᠯᠲᠠᠲᠠᠢ ᠡᠷᠬᠢᠯᠡᠵᠦ᠂ ᠤᠯᠤᠰ᠎ᠤᠨ ᠳᠣᠲᠣᠭᠠᠳᠤ ᠭᠠᠳᠠᠭᠠᠳᠤ ᠵᠢᠨ ᠰᠣᠶᠣᠯ ᠤᠷᠠᠯᠢᠭ᠋᠎ᠤᠨ ᠭᠢᠨ᠎ᠤ ᠬᠠᠮᠳᠤᠷᠠᠯᠴᠠᠭ᠎ᠠ ᠬᠢᠬᠦ᠂ ᠤᠯᠤᠰ ᠠᠯᠤᠰᠯᠠᠭᠰᠠᠨ ᠰᠣᠶᠣᠯ᠎ᠤᠨ ᠰᠣᠯᠢᠯᠴᠠᠭ᠎ᠠ ᠶ᠋ᠢ ᠠᠬᠢᠭᠤᠯᠬᠤ ᠴᠢᠬᠤᠯᠠ ᠬᠥᠭᠥᠷᠭᠡ ᠪᠣᠯᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面