ᠲᠡᠷᠢᠭᠦᠨ ᠨᠢᠭᠤᠷ>ᠬᠦᠮᠦᠨ ᠨᠡᠢᠭᠡᠮ>ᠳᠤᠷᠠᠨ ᠬᠠᠷᠠᠭᠠᠰᠤ

2026-10-06 13:18:38

ᠵᠣᠬᠢᠶᠠᠭ᠍ᠴᠢ᠄ ᠬᠦᠭᠵᠢᠯᠳᠦ ᠭᠤᠤ ᠬᠤᠩ ᠯᠢᠶᠠᠨ ᠣᠩᠱᠢᠭ᠍ᠰᠠᠨ ᠣᠳᠠᠭ᠎ᠠ᠄ 3

ᠪᠠᠶᠠᠨ ᠳᠠᠩᠰᠤᠭ ᠨᠠᠮᠤᠷ᠎ᠢᠶᠡᠷ᠂ ᠬᠦᠷ ᠨᠠᠷᠬᠢᠶᠠᠨ ᠦᠷᠬᠦᠯᠵᠢᠯᠡᠨ᠎ᠠ᠃ ᠥᠷᠭᠡᠨ ᠠᠭᠤᠳᠠᠮ ᠥᠪᠥᠷ ᠮᠣᠩᠭᠣᠯ᠎ᠤᠨ ᠭᠠᠵᠠᠷ᠎ᠪᠤᠯᠭᠠᠨ᠎ᠳᠦ ᠪᠠᠶᠠᠷ ᠪᠠᠶᠠᠰᠬᠤᠯᠠᠩᠲᠤ ᠪᠠᠶᠠᠷ᠎ᠤᠨ ᠡᠳᠦᠷ᠎ᠦᠨ ᠠᠭᠤᠷ ᠠᠮᠢᠰᠬᠤᠯ᠎ᠢᠶᠠᠷ ᠪᠢᠯᠬᠠᠨ᠎ᠠ᠃ ᠵᠡᠭᠡᠯᠢ ᠭᠤᠳᠤᠮᠵᠢ᠎ᠪᠠᠷ ᠤᠯᠠᠭᠠᠨ ᠲᠤᠭ ᠨᠠᠮᠢᠷᠠᠨ᠂ ᠭᠠᠯ ᠤᠯᠠᠭᠠᠨ ᠳ᠋ᠧᠩᠯᠦ ᠥᠨᠳᠥᠷ᠎ᠲᠦ ᠡᠯᠭᠦᠭᠳᠡᠵᠦ᠂ ᠲᠠᠯ᠎ᠠ ᠨᠤᠲᠤᠭ᠎ᠤᠨ ᠬᠤᠲᠠ ᠬᠥᠳᠡᠭᠡ᠂ ᠠᠭᠤᠯᠠ ᠤᠰᠤ ᠦᠵᠡᠮᠵᠢ ᠪᠦᠷᠢᠳᠦᠨ᠂ ᠲᠦᠷᠦ ᠲᠦᠪᠰᠢᠨ ᠲᠦᠮᠡᠨ ᠠᠮᠤᠭᠤᠯᠠᠩ ᠪᠠᠢᠬᠤ ᠰᠠᠢᠨ ᠰᠠᠢᠬᠠᠨ ᠲᠦᠷᠢ ᠵᠢᠷᠤᠭ᠎ᠢ ᠬᠠᠷᠠᠭᠤᠯᠤᠨ᠎ᠠ᠃ ᠦᠨᠳᠦᠰᠦᠲᠡᠨ᠎ᠨᠦᠭᠦᠳ᠎ᠦᠨ ᠤᠯᠠᠨ ᠲᠦᠮᠡᠨ ᠲᠥᠪ ᠵᠣᠭᠰᠣᠨ᠂ ᠤᠯᠤᠰ᠎ᠤᠨ ᠰᠦᠯᠳᠡ ᠳᠠᠭᠤᠤ᠎ᠶᠢ ᠬᠠᠩᠭᠢᠨᠠᠲᠠᠯ᠎ᠠ ᠳᠠᠭᠤᠯᠠᠵᠤ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠬᠤ ᠠᠷᠢᠭᠤᠨ ᠲᠠᠷᠬᠠᠨ ᠴᠠᠭ ᠮᠥᠴᠡ᠎ᠶᠢ ᠬᠠᠮᠲᠤ᠎ᠪᠠᠷ ᠭᠡᠷᠡᠴᠢᠯᠡᠵᠦ᠂ ᠡᠬᠡ ᠣᠷᠣᠨᠴᠢ ᠴᠢᠩ ᠦᠨᠡᠨᠴᠢ ᠬᠠᠢᠷ᠎ᠠ ᠰᠡᠳᠬᠢᠯᠭᠡ᠎ᠪᠡᠨ ᠢᠯᠡᠳᠬᠡᠨ᠎ᠠ᠃


QQ截图20261006132031.png


ᠬᠦᠭᠡ ᠲᠡᠭᠷᠢ ᠵᠢᠨ ᠮᠠᠨᠳᠠᠯ᠎ᠳᠤ


QQ截图20261006132052.png


ᠭᠡᠦᠭᠡᠳ᠎ᠤᠨ ᠰᠡᠳᠬᠢᠯ᠎ᠳᠤ


QQ截图20261006132111.png


ᠵᠢᠭᠤᠯᠴᠢᠯᠠᠭᠰᠠᠳ᠎ᠤᠨ ᠰᠡᠭᠦᠳᠡᠷ ᠲᠦ᠍


ᠤᠯᠤᠰ᠎ᠤᠨ ᠪᠠᠶᠠᠷ᠎ᠤᠨ ᠬᠤᠭᠤᠴᠠᠭᠠᠨ᠎ᠳᠤ᠂ ᠦᠪᠦᠷ ᠮᠤᠨᠭᠭᠤᠯ᠎ᠤᠨ ᠡᠯ᠎ᠠ ᠦᠨᠳᠦᠰᠦᠳᠡᠨ᠎ᠤ ᠠᠷᠠᠳ ᠲᠦᠮᠡᠨ ᠵᠢᠷᠭᠠᠯ᠎ᠤᠨ ᠮᠦᠰᠢᠶᠡᠳᠦ ᠪᠢᠯᠬᠠᠭᠤᠯᠤᠨ᠂ ᠰᠠᠢᠨ ᠰᠠᠢᠬᠠᠨ ᠢᠷᠡᠭᠡᠳᠦᠢ ᠪᠠᠨ ᠤᠭᠳᠤᠬᠤ ᠪᠡᠷ ᠢᠳᠡᠭᠡᠯ ᠳᠡᠬᠦᠯᠳᠡᠷ᠃ ᠬᠥᠬᠡᠬᠣᠲᠠ᠎ᠶᠢᠨ ᠬᠢᠨ 9 ᠰᠠᠷ᠎ᠠ᠎ᠶᠢᠨ 30 ᠡᠴᠡ10 ᠰᠠᠷ᠎ᠠ᠎ᠶᠢᠨ 7᠎ᠤ᠋ ᠡᠳᠦᠷ ᠪᠣᠯᠲᠠᠯ᠎ᠠ᠂ 《ᠪᠢᠳᠡᠨ᠎ᠦ ᠰᠠᠢᠨ ᠰᠠᠢᠬᠠᠨ ᠠᠮᠢᠳᠤᠷᠠᠯ》 ᠤᠯᠤᠰ᠎ᠤᠨ ᠪᠠᠶᠠᠷ᠎ᠤᠨ ᠭᠣᠣᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠵᠦ᠂ ᠴᠡᠯᠡᠭᠡᠷ ᠲᠠᠯ᠎ᠠ ᠨᠤᠲᠤᠭ᠎ᠲᠤ ᠪᠥᠬᠥ ᠤᠯᠤᠰ᠎ᠤᠨ ᠵᠠᠯᠠᠭᠤᠴᠤᠳ ᠪᠠᠭᠠᠴᠤᠳ᠎ᠤᠨ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠵᠠᠭᠪᠤᠷ᠎ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠡᠷᠭᠢᠯᠡᠵᠦ᠂ ᠪᠤᠭᠤᠮᠳᠠ᠎ᠶᠢᠨ ᠬᠠᠭᠤᠴᠢᠨ ᠵᠡᠭᠡᠯᠢ᠂ ᠶᠡᠬᠡ ᠲᠦᠷᠭᠡᠨ ᠭᠣᠣᠯ᠎ᠤᠨ ᠴᠡᠷᠢᠭ᠎ᠦᠨ ᠶᠠᠪᠤᠳᠠᠯ᠎ᠤᠨ ᠰᠣᠶᠣᠯ᠎ᠤᠨ ᠬᠦᠷᠢᠶᠡᠯᠡᠩ᠎ᠳᠦ ᠣᠯᠠᠨ ᠲᠦᠮᠡᠨᠴᠢ ᠤᠷᠠᠨ ᠰᠠᠢᠬᠠᠨ᠎ᠤ ᠲᠣᠭᠯᠠᠯᠲᠠ᠂ ᠬᠤᠪᠢᠰᠬᠠᠯ᠎ᠤᠨ ᠭᠣᠣᠯ ᠰᠡᠳᠦᠪᠲᠦ ᠦᠵᠡᠭᠦᠯᠭᠡ᠎ᠶᠢᠨ ᠲᠣᠭᠯᠠᠯᠲᠠ ᠥᠷᠨᠢᠭᠦᠯᠵᠦ᠂ ᠤᠯᠤᠰ᠎ᠤᠨ ᠪᠠᠶᠠᠷ᠎ᠢ ᠤᠳᠬ᠎ᠠ ᠠᠭᠤᠯᠭ᠎ᠠ ᠲᠠᠢ ᠪᠡᠯᠭᠡᠯᠡᠵᠡᠭᠡᠨ᠎ᠡ᠃ ᠬᠥᠬᠡᠬᠣᠲᠠ᠎ᠶᠢᠨ ᠬᠤᠳᠠ᠎ᠶᠢᠨ ᠠᠷᠠᠳ ᠸᠠᠩ ᠹᠠᠩ᠄《ᠵᠡᠬᠡᠯᠢ ᠲᠦᠬᠦᠷᠡᠩ ᠲᠠᠪᠤᠨ ᠣᠳᠣᠲᠤ ᠤᠯᠠᠭᠠᠨ ᠲᠤᠭ ᠨᠠᠮᠢᠷᠠᠨ᠂ ᠡᠭᠦᠳᠡᠨ᠎ᠳᠡᠭᠡᠨ ᠡᠢᠮᠦ ᠤᠯᠠᠨ ᠤᠯᠤᠰ᠎ᠤᠨ ᠪᠠᠶᠠᠷ᠎ᠤᠨ ᠠᠵᠢᠯᠯᠠᠭ᠎ᠠ ᠰᠤᠨᠢᠷᠬᠠᠭᠠᠳ ᠣᠮᠣᠭ ᠪᠠᠬᠠᠳᠤᠯᠲᠤ ᠰᠡᠳᠬᠢᠯᠭᠡ ᠪᠢᠯᠬᠠᠵᠦ ᠪᠠᠢᠨ᠎ᠠ》 ᠬᠡᠵᠦ ᠬᠡᠯᠡᠨ᠎ᠠ᠃ ᠤᠯᠠᠭᠠᠨᠮᠥ᠋ᠴᠢᠷ᠎ᠦᠨ ᠬᠢᠨ ᠨᠡᠢᠭᠡᠮ ᠲᠣᠭᠣᠷᠢᠭ᠋᠂ ᠬᠥᠳᠡᠭᠡ ᠲᠣᠰᠬᠣᠨ᠎ᠳᠤ ᠬᠦᠷᠴᠦ᠂ ᠳᠠᠭᠤᠤ ᠪᠥᠵᠢᠭ᠂ ᠬᠣᠯᠪᠣᠭ᠎ᠠ ᠵᠡᠷᠭᠡ ᠠᠷᠠᠳ᠎ᠲᠤ ᠠᠰᠢᠭ᠋ ᠬᠦᠷᠲᠡᠭᠡᠬᠦ ᠲᠣᠭᠯᠠᠯᠲᠠ ᠭᠠᠷᠭᠠᠵᠤ᠂ ᠪᠠᠶᠠᠷ᠎ᠤᠨ ᠡᠳᠦᠷ᠎ᠲᠦ ᠬᠦᠷ ᠨᠠᠷᠬᠢᠶᠠᠨ ᠨᠡᠮᠡᠨ᠎ᠠ᠃


QQ截图20261006132139.png


ᠵᠡᠭᠡᠯᠢ ᠭᠤᠳᠤᠮᠵᠢ᠎ᠳᠤ


QQ截图20261006132744.png


ᠵᠢᠭᠤᠯᠴᠢᠯᠠᠯ᠎ᠤᠨ ᠴᠡᠭ ᠲᠦ᠍


QQ截图20261006132800.png


ᠲᠠᠷᠳᠠᠩ ᠵᠡᠮ ᠲᠡᠭᠡᠷ᠎ᠡ


ᠣᠷᠳᠣᠰ᠎ᠬᠤᠳᠠ᠎ᠶᠢᠨ ᠬᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠪᠡᠳᠡᠭᠰᠢ ᠴᠤᠭᠯᠠᠭᠠᠨ᠂ ᠤᠯᠠᠭᠠᠨᠮᠥ᠋ᠴᠢᠷ᠎ᠦᠨ ᠲᠤᠰᠬᠠᠢ ᠲᠣᠭᠯᠠᠯᠲᠠ ᠭᠠᠷᠭᠠᠵᠤ᠂ ᠠᠷᠠᠰᠤᠨ ᠡᠳ᠋ᠯᠡᠯ᠂ ᠴᠠᠭᠠᠰᠤᠨ ᠬᠠᠢᠴᠢᠯᠠᠮᠠᠯ ᠵᠡᠷᠭᠡ ᠤᠯᠠᠮᠵᠢᠯᠠᠯᠲᠤ ᠤᠷ᠎ᠠ ᠮᠡᠷᠭᠡᠵᠢᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠵᠢᠭᠤᠯᠴᠢᠯᠠᠭᠰᠠᠳ ᠲᠦ᠍ ᠳᠠᠯ᠎ᠠ ᠨᠤᠲᠤᠭ᠎ᠤᠨ ᠰᠣᠶᠣᠯ᠎ᠤᠨ ᠷᠢᠳᠢ ᠰᠢᠳᠢ᠎ᠶᠢ ᠮᠡᠳᠡᠷᠡᠭᠦᠯᠪᠡ; ᠡᠷᠢᠶᠡᠨ ᠬᠣᠲᠠ ᠮᠣᠩᠭᠣᠯ ᠮᠣᠷᠢᠨ᠎ᠤ ᠬᠣᠯᠪᠣᠭᠠᠲᠤ ᠤᠷᠤᠯᠳᠤᠭᠠᠨ᠂ ᠣᠯᠠᠨ ᠤᠯᠤᠰ᠎ᠤᠨ ᠨᠠᠮᠨᠠᠭᠠᠴᠢᠨ᠎ᠤ ᠤᠷᠤᠯᠳᠤᠭᠠᠨ᠎ᠢ ᠡᠷᠭᠢᠯᠡᠵᠦ᠂ ᠮᠣᠷᠢᠨ ᠨᠢᠷᠤᠭᠤᠨ ᠳᠡᠭᠡᠷᠡᠬᠢ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠢᠶᠠᠷ ᠤᠯᠤᠰ᠎ᠤᠨ ᠪᠠᠶᠠᠷ᠎ᠢ ᠳᠡᠮᠳᠡᠭᠯᠡᠵᠦ᠂ ᠬᠢᠯᠢ᠎ᠶᠢᠨ ᠬᠣᠲᠠ᠎ᠶᠢᠨ ᠠᠮᠢᠵᠢᠷᠠᠯ᠎ᠤᠨ ᠬᠦᠴᠦᠨ᠎ᠢ ᠢᠯᠡᠷᠡᠭᠦᠯᠪᠡ; ᠲᠦᠩᠯᠢᠶᠣᠣ ᠬᠣᠲᠠ ᠬᠤᠪᠢᠰᠬᠠᠯᠳᠦ ᠳᠠᠭᠤᠤ᠎ᠶᠢᠨ ᠴᠤᠭᠯᠠᠭᠠᠨ᠂ ᠠᠨᠳᠠᠢ ᠪᠥᠵᠢᠭ᠎ᠦᠨ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠠᠬ᠎ᠠ ᠳᠡᠯᠭᠡᠭᠦᠷ ᠵᠡᠷᠭᠡ ᠣᠯᠠᠨ ᠲᠦᠮᠡᠨᠴᠢ ᠠᠵᠢᠯᠯᠠᠭ᠎ᠠ᠎ᠶᠢ ᠥᠷᠨᠢᠭᠦᠯᠪᠡ; ᠬᠢᠩᠭᠠᠨ ᠠᠢᠮᠠᠭ ᠠᠷᠠᠳ᠎ᠤᠨ ᠵᠠᠩ ᠦᠢᠯᠡ᠎ᠶᠢᠨ ᠨᠠᠭᠠᠳᠤᠮ ᠡᠷᠬᠢᠯᠡᠵᠦ᠂ ᠦᠯᠢᠭᠡᠷ᠎ᠦᠨ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ᠎ᠢ ᠪᠡᠶᠡᠴᠢᠯᠡᠨ ᠣᠢᠯᠠᠭᠠᠪᠠ; ᠡᠵᠡᠨ᠎ᠠ ᠬᠣᠰᠢᠭᠤ ᠲᠣᠣᠷᠠᠢ᠎ᠶᠢᠨ ᠤᠢ᠎ᠶᠢᠨ ᠭᠣᠣᠯ ᠰᠡᠳᠦᠪᠲᠦ ᠤᠷᠤᠯᠳᠤᠭᠠᠨ᠂ ᠲᠦᠳᠡᠭ ᠭᠠᠯ᠎ᠤᠨ ᠨᠠᠢᠷ ᠡᠷᠬᠢᠯᠡᠪᠡ; ᠬᠥᠯᠥᠨ ᠪᠣᠶ᠋ᠢᠷ ᠶᠡᠬᠡ ᠬᠢᠩᠭᠠᠨ ᠳᠠᠪᠠᠭ᠎ᠠ᠎ᠶᠢᠨ ᠠᠯᠲᠠᠨ ᠨᠠᠮᠤᠷ᠎ᠤᠨ ᠰᠠᠢᠬᠠᠨ ᠦᠵᠡᠮᠵᠢ᠎ᠳᠦ ᠲᠦᠰᠢᠭᠯᠡᠨ᠂ ᠬᠤᠪᠢ ᠵᠢᠨ ᠮᠠᠰᠢᠨ ᠲᠡᠷᠭᠡ ᠵᠢᠯᠤᠭᠣᠳᠴᠤ ᠮᠠᠲᠧᠷᠢᠶᠠᠯ ᠴᠤᠭᠯᠠᠭᠤᠯᠬᠤ᠂ ᠠᠷᠠᠳ᠎ᠤᠨ ᠵᠠᠩ ᠦᠶ᠋ᠯᠡ᠎ᠶᠢᠨ ᠦᠵᠡᠭᠦᠯᠭᠡ᠎ᠶᠢᠨ ᠲᠣᠭᠯᠠᠯᠲᠠ ᠭᠠᠷᠭᠠᠵᠤ᠂ ᠮᠠᠨᠵᠤᠤᠷ ᠬᠤᠳᠠ ᠤᠯᠤᠰ᠎ᠤᠨ ᠡᠭᠦᠳᠡᠨ᠎ᠦ ᠭᠣᠣᠯ ᠰᠡᠳᠦᠪᠲᠦ ᠲᠣᠭ ᠮᠠᠨᠳᠤᠭᠤᠯᠬᠤ ᠶᠣᠰᠣᠯᠠᠯ ᠬᠢᠭᠡᠳ ᠣᠯᠠᠨ ᠲᠦᠮᠡᠨ ᠬᠠᠮᠳᠦ᠎ᠶᠢᠨ ᠳᠠᠭᠤᠤ ᠳᠠᠭᠤᠯᠠᠬᠤ ᠠᠵᠢᠯᠯᠠᠭ᠎ᠠ ᠥᠷᠨᠢᠭᠦᠯᠪᠡ᠃


QQ截图20261006132823.png


ᠡᠷᠳᠡᠨ᠎ᠤ ᠪᠠᠷᠢᠯᠭ᠎ᠠ ᠵᠢᠨ ᠡᠬᠦᠳᠡᠨ᠎ᠡ


QQ截图20261006133117.png


ᠬᠤᠳᠠᠯᠳᠤᠭᠠᠨ᠎ᠤ ᠲᠡᠯᠭᠡᠭᠦᠷ ᠲᠦ᠍


QQ截图20261006133132.png


ᠰᠤᠷᠭᠠᠭᠤᠯᠢ ᠵᠢᠨ ᠬᠦᠷᠢᠶᠡᠨ᠎ᠳᠤ


ᠪᠥᠬᠥ ᠣᠷᠣᠨ᠎ᠤ ᠡᠯ᠎ᠡ ᠭᠠᠵᠠᠷ᠎ᠤᠨ ᠬᠢᠨ ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ᠂ ᠮᠠᠯᠴᠢᠨ ᠲᠠᠷᠢᠶᠠᠴᠢᠨ᠎ᠤ ᠰᠠᠭᠰᠤᠨ ᠪᠥᠮᠪᠥᠭᠡ᠎ᠶᠢᠨ ᠤᠷᠤᠯᠳᠤᠭᠠᠨ ᠵᠡᠷᠭᠡ ᠣᠯᠠᠨ ᠲᠦᠮᠡᠨᠴᠢ ᠴᠢᠨᠠᠷᠲᠠᠢ ᠠᠵᠢᠯᠯᠠᠭ᠎ᠠ᠎ᠶᠢ ᠵᠡᠷᠭᠡ᠎ᠪᠡᠷ ᠥᠷᠨᠢᠭᠦᠯᠵᠦ᠂ ᠰᠦᠯᠵᠢᠶᠡᠨ ᠳᠡᠭᠡᠷ᠎ᠡ ᠪᠠ ᠠᠬᠤᠢ ᠳᠠᠯᠠᠪᠠᠢ ᠬᠣᠯᠪᠤᠭᠠᠯᠠᠨ ᠬᠥᠳᠡᠯᠦᠯᠴᠡᠵᠦ᠂ ᠭᠠᠵᠠᠷ ᠪᠣᠯᠭᠠᠨ᠎ᠳᠤ ᠪᠦᠯᠬᠦᠮᠳᠡᠯ᠎ᠲᠠᠢ ᠪᠠᠶᠠᠷ ᠪᠠᠶᠠᠰᠬᠤᠯᠠᠩᠲᠤ ᠠᠭᠤᠷ ᠠᠮᠢᠰᠬᠤᠯ᠎ᠢᠶᠠᠷ ᠪᠢᠯᠬᠠᠪᠠ᠃

ᠲᠠᠯ᠎ᠠ ᠨᠤᠲᠤᠭ᠎ᠤᠨ ᠬᠥᠪᠡᠭᠦᠳ ᠥᠬᠢᠳ ᠳᠠᠭᠤᠯᠠᠨ ᠪᠥᠵᠢᠭᠯᠡᠵᠦ᠂ ᠢᠷᠠᠭᠤ ᠰᠠᠢᠬᠠᠨ ᠬᠤᠭᠤᠷ᠎ᠤᠨ ᠠᠶᠠᠰ ᠲᠠᠯ᠎ᠠ ᠨᠤᠲᠤᠭ᠎ᠲᠤ ᠴᠤᠤᠷᠢᠶᠠᠲᠤᠵᠤ᠂ ᠤᠯᠤᠰ᠎ᠢᠶᠠᠨ ᠬᠠᠢᠷᠠᠯᠠᠬᠤ ᠳᠠᠭᠤᠤ ᠦᠪᠦᠷ ᠮᠤᠨᠭᠭᠤᠯ᠎ᠳᠦ ᠳᠠᠮᠵᠢᠭᠳᠠᠨ᠎ᠠ᠃ ᠦᠨᠳᠦᠰᠦᠲᠡᠨ᠎ᠨᠦᠭᠦᠳ᠎ᠦᠨ ᠤᠯᠠᠨ ᠲᠦᠮᠡᠨ ᠤᠯᠠᠨ ᠶᠠᠩᠵᠤ᠎ᠶᠢᠨ ᠰᠣᠶᠣᠯ ᠪᠡᠶ᠎ᠡ᠎ᠶᠢᠨ ᠲᠠᠮᠢᠷ᠎ᠤᠨ ᠠᠵᠢᠯᠯᠠᠭ᠎ᠠ ᠦᠷᠨᠢᠬᠦᠯᠵᠦ᠂ ᠬᠡᠬᠦᠳᠡᠭ ᠳᠦᠭᠦᠷᠡᠩ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠤᠯᠤᠰ᠎ᠤᠨ ᠪᠠᠶᠠᠷ᠎ᠢᠶᠠᠨ ᠪᠠᠶᠠᠷᠯᠠᠨ ᠪᠡᠯᠭᠡᠯᠡᠵᠦ᠂ ᠡᠬᠡ ᠤᠯᠤᠰ᠎ᠲᠠᠭᠠᠨ ᠬᠠᠨᠳᠤᠭᠤᠯᠤᠭᠰᠠᠨ ᠭᠦᠨ ᠵᠤᠵᠠᠭᠠᠨ ᠬᠠᠢᠷ᠎ᠠ ᠰᠡᠳᠬᠢᠯᠭᠡ ᠪᠠ ᠰᠠᠢᠨ ᠰᠠᠢᠬᠠᠨ ᠬᠦᠰᠡᠯ ᠵᠥᠩᠨᠡᠯ᠎ᠢᠶᠡᠨ ᠳᠡᠪᠰᠢᠭᠦᠯᠪᠡ᠃ ᠳᠡᠳᠡ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠦᠷᠭᠦᠯᠵᠢᠯᠡᠨ ᠭᠠᠷ ᠭᠠᠷ᠎ᠢᠶᠡᠨ ᠬᠣᠯᠪᠣᠨ ᠡᠷᠡᠮᠡᠬᠡᠢᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠶᠢᠨ ᠴᠢᠨᠠᠷ ᠰᠠᠢᠲᠠᠢ ᠬᠥᠭᠵᠢᠯᠲᠡ᠎ᠶᠢᠨ ᠴᠣ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面