2026-11-18 11:15:01
ᠨᠠᠰᠤᠨ ᠰᠡᠭᠦᠳᠡᠷ 87᠎ᠶᠢ ᠵᠣᠭᠣᠭᠯᠠᠵᠤ ᠪᠠᠢᠭ᠎ᠠ ᠠᠭᠤᠯᠠ ᠡᠮᠴᠢ ᠵᠤᠷᠰᠢᠯ ᠶᠣᠰᠣᠭᠠᠷ ᠨᠡᠢᠲᠡ᠎ᠶᠢᠨ ᠮᠠᠰᠢᠨᠳᠤ ᠰᠠᠭᠤᠵᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠨ ᠤᠯᠤᠰ᠎ᠤᠨ ᠮᠣᠩᠭᠣᠯ ᠡᠮᠨᠡᠯᠭᠡ᠎ᠶᠢᠨ ᠬᠣᠷᠢᠶᠠᠨ᠎ᠤ ᠡᠭᠦᠳᠡᠨ ᠡᠮᠨᠡᠯᠭᠡ᠎ᠳᠤ ᠡᠮᠴᠢᠯᠡᠭᠡᠨ᠎ᠦ ᠠᠵᠢᠯ᠎ᠢᠶᠠᠨ ᠬᠢᠬᠦ᠎ᠪᠡᠷ ᠶᠠᠪᠤᠨ᠎ᠠ᠃

ᠡᠮ ᠤᠨ ᠵᠤᠷ ᠪᠢᠴᠢᠨ᠎ᠠ

ᠱᠠᠪᠢ ᠨᠠᠷ ᠵᠢᠨᠨ ᠵᠢᠭᠠᠨ ᠵᠢᠯᠤᠭᠤᠳᠤᠨ᠎ᠠ

ᠰᠤᠳᠠᠯ ᠪᠠᠷᠢᠨ᠎ᠠ
1940 ᠣᠨ᠎ᠤ 10 ᠰᠠᠷ᠎ᠠ᠎ᠳᠤ ᠲᠥᠷᠥᠭᠰᠡᠨ ᠠᠨᠠᠭᠠᠬᠤ ᠤᠬᠠᠭᠠᠨ ᠤ ᠡᠷᠳᠡᠮᠲᠡᠨ ᠠᠭᠤᠯᠠ ᠭᠤᠸᠠᠢ ᠪᠣᠯ ᠤᠯᠤᠰ ᠤᠨ ᠨᠡᠷᠡᠳᠤ ᠮᠣᠩᠭᠣᠯ ᠡᠮᠴᠢ᠂ ᠡᠷᠭᠢᠯᠡᠭᠴᠢ ᠡᠮᠴᠢ᠂ ᠠᠰᠫᠢᠷᠠᠨᠲ᠎ᠤᠨ ᠵᠢᠯᠣᠭᠣᠳᠤᠭ᠍ᠴᠢ ᠪᠠᠭ᠍ᠰᠢ᠂ ᠲᠥᠷᠥ᠎ᠶᠢᠨ ᠶᠠᠪᠤᠳᠠᠯ᠎ᠤᠨ ᠬᠣᠷᠢᠶᠠᠨ ᠤ ᠣᠨᠴᠠ ᠨᠡᠮᠡᠭᠦᠷᠢ ᠬᠦᠷᠲᠡᠵᠦ ᠪᠠᠢᠭ᠎ᠠ ᠮᠡᠷᠭᠡᠵᠢᠯᠲᠡᠨ᠂ ᠲᠣᠮᠳᠠᠳᠤ ᠤᠯᠤᠰ᠎ᠤᠨ ᠡᠪ ᠬᠠᠮᠲᠤ ᠨᠠᠮ ᠤᠨ ᠭᠡᠰᠢᠭᠦᠨ᠃ ᠲᠡᠷᠡᠪᠡᠷ 16 ᠨᠠᠰᠤᠨ᠎ᠠᠴᠠ᠎ᠪᠠᠨ ᠡᠬᠢᠯᠡᠨ ᠡᠮᠴᠢᠯᠡᠵᠦ᠂ ᠮᠣᠩᠭᠣᠯ ᠠᠨᠠᠭᠠᠬᠤ ᠤᠬᠠᠭᠠᠨ᠎ᠤ ᠬᠥᠭᠵᠢᠯ ᠪᠠᠳᠠᠷᠠᠯ᠎ᠤᠨ ᠲᠥᠯᠥᠭᠡ ᠴᠥᠬᠥᠷᠡᠯ ᠦᠭᠡᠢ ᠵᠢᠳᠬᠦᠵᠦ᠂ ᠡᠮᠴᠢᠯᠡᠭᠡ᠂ ᠵᠢᠭᠠᠨ ᠰᠤᠷᠭᠠᠯᠲᠠ᠂ ᠰᠤᠳᠤᠯᠭᠠᠨ᠎ᠤ ᠠᠵᠢᠯ ᠵᠡᠷᠭᠡ᠎ᠳᠦ ᠬᠦᠴᠦᠨ ᠴᠢᠳᠠᠯ᠂ ᠤᠶᠤᠨ ᠤᠬᠠᠭᠠᠨ᠎ᠢᠶᠡᠨ ᠬᠠᠷᠠᠮ ᠦᠭᠡᠢ ᠬᠠᠨᠳᠢᠪᠯᠡᠭ᠍ᠰᠠᠨ᠎ᠢᠶᠠᠷ ᠪᠠᠷᠠᠬᠤ ᠦᠭᠡᠢ 60 ᠭᠠᠷᠤᠢ ᠵᠢᠯ᠎ᠦᠨ ᠲᠤᠷᠰᠢ 200 ᠭᠠᠷᠤᠢ ᠱᠠᠪᠢ ᠬᠥᠮᠥᠵᠢᠭᠦᠯᠦᠨ᠂ ᠡᠭᠦᠨ᠎ᠳᠦ ᠤᠯᠤᠰ᠎ᠤᠨ ᠬᠣᠶᠠᠳᠤᠭᠠᠷ ᠲᠡᠰ᠎ᠦᠨ ᠫᠷᠤᠹᠸᠰᠰᠤᠷ᠂ ᠴᠢ ᠬᠤᠸᠠᠩ ᠡᠷᠳᠡᠮᠲᠡᠨ᠂ ᠥᠪᠥᠷ ᠮᠣᠩᠭᠣᠯ ᠤᠨ ᠨᠡᠷᠡᠳᠤ ᠮᠣᠩᠭᠣᠯ ᠡᠮᠴᠢ᠂ ᠣᠷᠣᠨ ᠤ ᠭᠦᠳᠡᠯᠮᠤᠷᠢ ᠶᠢᠨ ᠵᠢᠱ᠌ᠢᠶᠡᠴᠢ᠂ ᠲᠠᠯ᠎ᠠ ᠨᠤᠲᠤᠭ᠎ᠤᠨ ᠴᠢᠳᠠᠪᠤᠷᠢᠲᠠᠨ ᠁ ᠵᠡᠷᠭᠡ ᠮᠠᠰᠢ ᠤᠯᠠᠨ ᠡᠷᠳᠡᠮᠲᠡᠨ ᠴᠢᠳᠠᠪᠤᠷᠢᠲᠠᠨ ᠢ ᠬᠥᠮᠥᠵᠢᠭᠦᠯᠵᠡᠢ᠃ ᠠᠭᠤᠯᠠ ᠡᠮᠴᠢ ᠤᠲᠤ ᠴᠤ᠌ ᠭᠡᠰᠡᠨ ᠱᠠᠪᠢ ᠳᠠᠭᠠᠭᠤᠯᠤᠨ ᠡᠷᠳᠡᠮ ᠰᠢᠨᠵᠢᠯᠡᠭᠡᠨ ᠦ ᠠᠵᠢᠯ᠎ᠢᠶᠠᠨ ᠦᠷᠭᠦᠯᠵᠢᠯᠡᠭᠦᠯᠵᠦ ᠪᠠᠢᠭ᠎ᠠ᠎ᠪᠠᠷ ᠪᠠᠷᠠᠬᠤ ᠦᠭᠡᠢ ᠭᠠᠷᠠᠭ ᠲᠤ 3 ᠤᠳᠠᠭ᠎ᠠ ᠡᠭᠦᠳᠡᠨ ᠡᠮᠨᠡᠯᠭᠡ᠎ᠳᠦ ᠭᠠᠷᠴᠤ ᠡᠮᠴᠢᠯᠡᠭᠡᠨ᠎ᠦ ᠠᠵᠢᠯ᠎ᠢᠶᠠᠨ ᠬᠢᠭᠰᠡᠭᠡᠷ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃