ᠲᠡᠷᠢᠭᠦᠨ ᠨᠢᠭᠤᠷ>ᠲᠡᠷᠢᠭᠦᠨ ᠨᠢᠭᠤᠷ

2026-10-27 15:36:18

ᠵᠣᠬᠢᠶᠠᠭ᠍ᠴᠢ᠄ ᠰᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠣᠩᠱᠢᠭ᠍ᠰᠠᠨ ᠣᠳᠠᠭ᠎ᠠ᠄ 3

— ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠬᠥᠲᠥᠯᠥᠨ ᠳᠠᠭᠠᠭᠤᠯᠤᠭᠰᠠᠨ ᠪᠣᠳᠠᠲᠤ ᠲᠡᠮᠳᠡᠭᠯᠡᠯ


ᠤᠯᠤᠰ᠎ᠢ ᠵᠠᠰᠠᠬᠤ᠎ᠳᠤ ᠡᠷᠬᠡᠪᠰᠢ ᠤᠷᠢᠳ ᠵᠢᠡᠷ ᠨᠠᠮ᠎ᠢ ᠵᠠᠰᠠᠵᠤ᠂ ᠨᠠᠮ ᠮᠠᠨᠳᠤᠪᠠᠯ ᠰᠠᠶᠢ ᠤᠯᠤᠰ ᠬᠦᠷᠦᠨ ᠬᠦᠴᠦᠷᠬᠡᠭᠵᠢᠵᠦ ᠴᠢᠳᠠᠨ᠎ᠠ᠃

105 ᠵᠢᠯ᠎ᠦᠨ ᠰᠠᠯᠬᠢ ᠪᠣᠷᠣᠭᠠᠨ᠎ᠢ ᠲᠤᠭᠤᠯᠵᠥ᠂ ᠵᠢᠶᠠ ᠰᠢᠩ᠎ᠤᠨ ᠨᠠᠨ ᠬᠤ᠌ ᠨᠠᠭᠤᠷ᠎ᠤᠨ ᠨᠢᠭᠡᠨ ᠵᠢᠵᠢᠭᠬᠡᠨ ᠤᠯᠠᠭᠠᠨ ᠣᠩᠭᠣᠴᠠ ᠪᠡᠷ ᠠᠶᠠᠯᠠᠯ᠎ᠢᠶᠠᠨ ᠡᠬᠢᠯᠡᠭᠦᠯᠦᠭᠰᠡᠨ᠎ᠡᠴᠡ ᠳᠤᠮᠳᠠᠳᠤ ᠤᠯᠤᠰ ᠨᠡᠷᠡᠮᠵᠢᠲᠦ ᠬᠥᠯᠭᠡ ᠣᠩᠭᠣᠴᠠ᠎ᠶᠢᠨ ᠠᠶᠠᠯᠠᠯ᠎ᠢ ᠵᠢᠯᠤᠭᠤᠳᠴᠤ ᠳᠠᠪᠠᠯᠭᠠᠨ᠎ᠢ ᠵᠦᠰᠦᠨ ᠤᠷᠤᠭᠰᠢᠯᠠᠭᠰᠠᠨ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠬᠦᠴᠢᠷ ᠪᠡᠷᠬᠡ᠎ᠶᠢ ᠥᠩᠭᠡᠷᠡᠭᠦᠯᠦᠭᠰᠡᠨ ᠪᠣᠯᠪᠠᠴᠤ ᠵᠤᠷᠢᠭ ᠪᠤᠰᠤᠭ᠎ᠠ ᠵᠢᠪᠬᠤᠭ᠎ᠠ ᠲᠡᠬᠦᠯᠳᠡᠷ ᠪᠠᠢᠵᠤ᠂ ᠬᠠᠯᠠ ᠵᠣᠪᠠᠯᠠᠩ᠎ᠢ ᠬᠠᠰᠢᠷᠠᠲᠠᠯ᠎ᠠ ᠠᠮᠰᠠᠭᠰᠠᠨ ᠪᠣᠯᠪᠠᠴᠤ ᠦᠶ᠎ᠡ ᠤᠯᠠᠷᠢᠨ ᠣᠷᠣᠰᠢᠨ ᠲᠣᠭᠲᠠᠨᠢᠵᠤ ᠴᠢᠳᠠᠭᠰᠠᠨ ᠨᠢ ᠨᠠᠮ ᠨᠢ ᠨᠠᠮ᠎ᠢᠶᠠᠨ ᠬᠠᠮᠢᠶᠠᠷᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠢᠮᠠᠭᠲᠠ ᠪᠠᠷᠢᠮᠲᠠᠯᠠᠭᠰᠠᠨ᠎ᠳᠤ ᠪᠤᠢ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠣᠷᠢᠶ᠎ᠠ ᠪᠠᠲᠤ ᠴᠢᠩᠭ᠎ᠠ ᠲᠡᠦᠬᠡ᠎ᠶᠢᠨ ᠬᠠᠷᠢᠭᠤᠴᠠᠯᠭ᠎ᠠ ᠡᠭᠦᠷᠭᠡᠯᠡᠯ ᠪᠠ ᠡᠷᠡᠰ ᠬᠠᠲᠠᠭᠤ ᠵᠣᠷᠢᠭ᠋ ᠰᠠᠨᠠᠭ᠎ᠠ ᠪᠡᠷ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠦᠨ ᠭᠦᠨᠵᠡᠭᠡᠢᠷᠡᠨ ᠬᠥᠭᠵᠢᠬᠦ᠎ᠶᠢ ᠠᠬᠢᠭᠤᠯᠵᠤ᠂ ᠵᠠᠭᠤᠨ ᠵᠢᠯ᠎ᠦᠨ ᠲᠤᠮᠤ ᠨᠠᠮ ᠤ᠋ᠨ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠰᠢᠨ᠎ᠡ ᠠᠬᠤᠢ ᠪᠠᠢᠳᠠᠯ᠎ᠢ ᠲᠠᠰᠤᠷᠠᠯᠲᠠ ᠦᠭᠡᠢ ᠨᠡᠬᠡᠬᠡᠪᠡ᠃

10 ᠰᠠᠷ᠎ᠠ᠎ᠶᠢᠨ 26 ᠤ᠋ ᠡᠳᠦᠷ᠎ᠡᠴᠡ 29 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠪᠡᠭᠡᠵᠢᠩ᠎ᠳᠦ ᠬᠤᠷᠠᠯᠳᠤᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠢ ᠰᠤᠳᠤᠯᠤᠨ᠎ᠠ᠃ ᠡᠭᠦᠷᠢᠳᠡ ᠵᠣᠭᠰᠣᠰᠢ ᠦᠭᠡᠢ ᠰᠢᠯᠭᠠᠯᠲᠠ ᠳ᠋ᠤ ᠤᠷᠤᠯᠴᠠᠬᠤ ᠵᠠᠮ ᠳᠡᠭᠡᠷ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠤᠭ ᠰᠠᠨᠠᠭ᠎ᠠ᠎ᠪᠠᠷ᠎ᠢᠶᠠᠨ ᠴᠣ ᠰᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠵᠦ᠂ ᠬᠦᠴᠦᠷᠬᠡᠭ ᠤᠯᠤᠰ ᠤ᠋ᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠭᠡᠭᠡᠨ ᠰᠠᠷᠠᠭᠤᠯ ᠢᠷᠡᠭᠡᠳᠦᠢ ᠲᠡᠢᠰᠢ ᠡᠷᠡᠯᠬᠡᠭᠯᠡᠨ ᠤᠷᠤᠭᠰᠢᠯᠠᠨ᠎ᠠ᠃

《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠨᠠᠮ᠎ᠤᠨ ᠤᠷᠳᠤ ᠬᠤᠭᠤᠴᠠᠭᠠᠨ᠎ᠤ ᠪᠠᠢᠯᠳᠤᠬᠤ ᠪᠣᠳᠣᠯᠭ᠎ᠠ᠂ ᠥᠨᠢᠳᠡ᠎ᠶᠢᠨ ᠰᠡᠳᠦᠪ ᠪᠣᠯᠭᠠᠬᠤ ᠬᠡᠷᠡᠭᠲᠡᠢ 》

2026 ᠣᠨ᠎ᠤ 7 ᠰᠠᠷ᠎ᠠ᠎ᠶᠢᠨ 1 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠦᠪᠡᠳᠡᠭᠰᠢ ᠶᠡᠬᠡ᠎ᠪᠡᠷ ᠶᠠᠪᠤᠭᠳᠠᠪᠠ᠃ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠲᠦᠮᠡᠨ ᠬᠥᠮᠥᠨ᠎ᠦ ᠶᠣᠰᠣᠯᠠᠯ᠎ᠤᠨ ᠲᠠᠩᠬᠢᠮ᠎ᠳᠤ ᠥᠩᠭᠡᠲᠦ ᠳ᠋ᠧᠩ ᠳᠤᠸᠠᠯᠠᠵᠤ᠂ ᠬᠥᠷ ᠬᠥᠭᠵᠢᠶᠡᠨᠳᠤ ᠠᠭᠤᠷ ᠠᠮᠢᠰᠬᠤᠯ ᠵᠢᠡᠷ ᠪᠢᠯᠬᠠᠨ᠎ᠠ᠃ 《 1921 — 2026 》 ᠭᠡᠬᠦ ᠲᠤᠮᠤ ᠦᠰᠦᠭ ᠣᠨᠴᠠ᠎ᠶᠢᠨ ᠢᠯᠡ ᠲᠤᠳᠤ ᠬᠠᠷᠠᠭᠳᠠᠵᠤ᠂ ᠨᠢᠭᠡᠨ ᠠᠭᠤᠤ ᠶᠡᠬᠡ ᠲᠦᠷᠦ᠎ᠶᠢᠨ ᠨᠠᠮ᠎ᠤᠨ ᠰᠦᠷ ᠳᠠᠯᠠᠢᠴᠠᠲᠠᠢ ᠲᠡᠮᠡᠴᠡᠯ᠎ᠦᠨ ᠠᠶᠠᠨ᠎ᠢ ᠢᠯᠡᠷᠡᠭᠦᠯᠦᠨ᠎ᠠ᠃

105 ᠵᠢᠯ᠎ᠦᠨ ᠰᠠᠯᠬᠢ ᠪᠣᠷᠣᠭᠠᠨ᠎ᠢ ᠥᠩᠭᠡᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠮᠢᠩᠭᠠᠨ ᠣᠨ᠎ᠤ ᠠᠭᠤᠤ ᠦᠢᠯᠡᠰ᠎ᠢ ᠪᠦᠲᠦᠭᠡᠬᠦ᠎ᠪᠡᠷ ᠵᠣᠷᠢᠭ᠋ ᠰᠢᠭᠤᠳᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃

《ᠳᠤᠮᠳᠠᠳᠤ ᠤᠯᠤᠰ᠎ᠤᠨ ᠡᠪ ᠬᠠᠮᠲᠤ ᠨᠠᠮ 105 ᠵᠢᠯ᠎ᠦᠨ ᠲᠡᠮᠡᠴᠡᠯ᠎ᠦᠨ ᠶᠠᠪᠤᠴᠠ ᠳ᠋ᠤ ᠲᠠᠰᠤᠷᠠᠯᠳᠠ ᠦᠭᠡᠢ ᠬᠡᠷᠡᠯ ᠰᠠᠴᠤᠷᠠᠩᠭᠤᠢ ᠠᠮᠵᠢᠯᠲᠠ ᠪᠦᠳᠦᠮᠵᠢ ᠵᠢ ᠡᠬᠦᠳᠴᠤ᠎ᠴᠢᠳᠠᠭᠰᠠᠨ᠂ ᠲᠡᠦᠬᠡ ᠪᠣᠯᠣᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠰᠣᠩᠭᠣᠭᠰᠠᠨ᠎ᠤ ᠦᠨᠳᠦᠰᠦᠨ ᠰᠢᠯᠲᠠᠭᠠᠨ ᠨᠢ ᠮᠠᠨ᠎ᠤ ᠨᠠᠮ ᠪᠤᠰᠤᠳ ᠲᠦᠷᠦ᠎ᠶᠢᠨ ᠨᠠᠮ ᠪᠣᠯᠣᠨ ᠤᠯᠤᠰ ᠲᠦᠷᠦ᠎ᠶᠢᠨ ᠬᠦᠴᠦᠨ ᠲᠠᠢ ᠠᠳᠠᠯᠢᠳᠬᠠᠪᠠᠯ ᠵᠦᠢᠷᠯᠡᠰᠢ ᠦᠭᠡᠢ ᠰᠢᠯᠢᠳᠡᠭ ᠣᠨᠴᠠᠯᠢᠭ᠋ ᠰᠢᠨᠵᠢ᠎ᠲᠠᠢ ᠪᠠᠢᠬᠤ᠎ᠳᠤ ᠤᠷᠤᠰᠢᠨ᠎ᠠ》᠃ ᠪᠡᠯᠭᠡᠯᠡᠬᠦ ᠶᠡᠬᠡ ᠬᠤᠷᠠᠯ ᠳᠡᠭᠡᠷ᠎ᠡ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ 《ᠲᠤᠰ ᠪᠡᠶ᠎ᠡ᠎ᠪᠡᠨ ᠴᠢᠭᠢᠷᠠᠭᠵᠢᠭᠤᠯᠬᠤ᠎ᠶᠢ ᠴᠢᠬᠤᠯᠠᠴᠢᠯᠠᠵᠤ᠂ ᠢᠮᠠᠭᠲᠠ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ》 ᠪᠠᠢᠬᠤ ᠶ᠋ᠢ ᠮᠠᠨ᠎ᠤ ᠨᠠᠮ᠎ᠤᠨ ᠰᠢᠯᠢᠳᠡᠭ ᠣᠨᠴᠠᠯᠢᠭ᠋ ᠰᠢᠨᠵᠢ ᠵᠢᠨ ᠨᠢᠭᠡ ᠪᠣᠯᠭᠠᠵᠤ᠂ 《ᠢᠲᠡᠭᠡᠯ ᠵᠣᠷᠢᠭ᠋᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠬᠦ᠎ᠳᠦ ᠡᠷᠬᠡᠪᠰᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃

ᠵᠢᠪᠬᠤᠭ᠎ᠠ ᠰᠦᠷᠯᠢᠭ ᠤᠷᠳᠤᠨ ᠲᠠᠩᠭᠢᠮ ᠨᠢ ᠭᠦᠨ ᠭᠦᠨᠵᠡᠭᠡᠢ ᠲᠡᠦᠬᠡ᠎ᠶᠢᠨ ᠤᠬᠠᠮᠰᠠᠷ ᠢᠮᠠᠭᠲᠠ ᠲᠤᠭᠤᠰᠢᠯᠠᠭᠳᠠᠵᠤ᠂ ᠪᠡᠳᠤ  ᠴᠢᠩᠭ᠎ᠠ ᠡᠭᠦᠷᠭᠡ ᠬᠠᠷᠢᠭᠤᠴᠠᠯᠭ᠎ᠠ ᠶᠡᠷᠦ ᠡᠴᠡ ᠬᠤᠪᠢᠷᠠᠭ᠎ᠠ ᠦᠭᠡᠢ ᠪᠠᠢᠬᠤ ᠵᠢ ᠭᠡᠷᠡᠴᠢᠯᠡᠨ᠎ᠡ᠃

 2012 ᠣᠨ᠎ᠤ 11 ᠰᠠᠷ᠎ᠠ᠎ᠶᠢᠨ 15 ᠤ᠋ ᠡᠳᠦᠷ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠶᠡᠬᠡ ᠲᠢᠩᠬᠢᠮ᠎ᠳᠦ᠂ ᠳᠤᠮᠳᠠᠳᠤ ᠭᠠᠳᠠᠭᠠᠳᠤ᠎ᠶᠢᠨ ᠰᠤᠷᠪᠤᠯᠵᠢᠯᠠᠭ᠍ᠴᠢ᠎ᠶᠢᠨ ᠡᠮᠦᠨ᠎ᠡ᠂ ᠰᠠᠶᠢᠬᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠎ᠪᠡᠷ ᠰᠣᠩᠭᠣᠭᠳᠠᠭᠰᠠᠨ ᠰᠢ ᠵᠢᠨ ᠫᠢᠩ᠄《 ᠪᠦᠬᠦ ᠨᠠᠮ᠎ᠢᠶᠠᠷ᠎ᠢᠶᠠᠨ ᠡᠷᠬᠡᠪᠰᠢ ᠰᠤᠨᠤᠷ ᠰᠠᠷᠠᠮᠵᠢ ᠲᠠᠢ ᠪᠠᠢᠬᠤ ᠬᠡᠷᠡᠭᠲᠡᠢ᠃ ᠲᠡᠮᠦᠷ ᠎ᠢ ᠳᠠᠪᠲᠠᠬᠤ᠎ᠳᠤ ᠥᠪᠡᠷ᠎ᠢᠶᠡᠨ ᠬᠠᠲᠠᠭᠤ ᠪᠠᠢᠬᠤ ᠬᠡᠷᠡᠭᠲᠡᠢ》 ᠭᠡᠵᠤ ᠵᠢᠭᠠᠵᠤ ᠭᠠᠷᠭᠠᠵᠠᠢ᠃

ᠬᠣᠶᠠᠷ ᠡᠳᠦᠷ᠎ᠦᠨ ᠬᠢᠨᠢ ᠲᠠᠷᠠᠭ᠎ᠠ᠂ ᠠᠷᠪᠠᠨ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠤᠯᠤᠰ ᠤ᠋ᠨ ᠡᠪ ᠬᠠᠮᠳᠤ ᠨᠠᠮ ᠤ᠋ᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠠᠩᠬᠠᠳᠤᠭᠠᠷ ᠤᠳᠠᠭ᠎ᠠ ᠵᠢᠨ ᠬᠠᠮᠲᠤ᠎ᠶᠢᠨ ᠰᠤᠷᠤᠯᠴᠠᠯᠭ᠎ᠠ᠎ᠶᠢ ᠡᠷᠬᠢᠯᠡᠬᠦ᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠄《ᠶᠡᠬᠡ ᠬᠡᠮᠵᠢᠶᠠᠨ ᠤ᠋ ᠪᠤᠳᠠᠳᠤ ᠬᠡᠷᠡᠭ ᠪᠢᠳᠡᠨ ᠳ᠋ᠤ ᠬᠡᠯᠡᠵᠤ ᠦᠭᠭᠦᠭᠰᠡᠨ ᠨᠢ᠂ ᠢᠯᠵᠢᠷᠡᠯ᠎ᠦᠨ ᠠᠰᠠᠭᠤᠳᠠᠯ ᠶᠠᠪᠤᠬᠤ ᠲᠤᠳᠤᠮ ᠰᠢᠷᠦᠭᠦᠰᠪᠡᠯ ᠡᠴᠦᠰ᠎ᠲᠡᠬᠡᠨ ᠨᠠᠮ ᠮᠥᠬᠥᠵᠦ ᠤᠯᠤᠰ ᠮᠥᠬᠥᠬᠦ ᠨᠢ ᠵᠠᠢᠯᠠᠰᠢ ᠦᠭᠡᠢ !  ᠪᠢᠳᠡ ᠰᠤᠨᠤᠷ ᠰᠡᠷᠡᠮᠵᠢ ᠲᠠᠢ ᠪᠠᠢᠬᠤ ᠬᠡᠷᠡᠭᠳᠠᠢ!》 ᠭᠡᠵᠤ ᠴᠢᠩᠭ᠎ᠠ ᠬᠦᠴᠦᠳᠠᠢ ᠬᠡᠯᠡᠪᠡ᠃

ᠰᠢᠨ᠎ᠡ ᠴᠠᠭ ᠦᠶ᠎ᠡ᠎ᠳᠦ ᠣᠷᠣᠭᠰᠠᠨ᠎ᠤ ᠳᠠᠷᠠᠭ᠎ᠠ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠬᠦᠨᠳᠦ᠂ ᠤᠯᠠᠨ ᠵᠦᠢᠯ᠎ᠤᠨ ᠵᠥᠷᠢᠴᠡᠯ ᠠᠶᠤᠯ ᠲᠦᠭᠰᠢᠭᠦᠷᠢ ᠥᠷᠢᠰᠦᠯᠳᠦᠭᠡᠨ ᠤᠷᠤᠰᠢᠵᠤ᠂ ᠲᠥᠷᠥ᠎ᠶᠢ ᠵᠠᠰᠠᠬᠤ ᠶᠡᠬᠡ ᠰᠢᠯᠭᠠᠯᠲᠠ ᠤᠷᠢᠳ ᠡᠮᠦᠨ᠎ᠡ ᠪᠠᠢᠭ᠎ᠠ ᠦᠭᠡᠢ᠂ ᠳᠡᠯᠡᠬᠡᠢ ᠶᠢᠷᠳᠢᠨᠴᠤ ᠵᠢᠨ ᠵᠠᠭᠤᠨ ᠵᠢᠯ᠎ᠳᠦ ᠳᠤᠬᠢᠶᠠᠯᠳᠤᠭ᠎ᠠ ᠦᠭᠡᠢ ᠶᠡᠬᠡ ᠬᠤᠪᠢᠰᠤᠯᠲᠠ ᠤᠷᠢᠳ ᠡᠮᠦᠨ᠎ᠡ ᠪᠠᠢᠭ᠎ᠠ ᠦᠭᠡᠢ ᠬᠦᠨᠳᠤ ᠬᠡᠴᠡᠬᠦᠤ ᠪᠤᠯᠪᠠ᠃ ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠎ᠶᠢᠨ ᠵᠠᠩᠭᠢᠯᠠᠭ᠎ᠠ ᠨᠢ ᠨᠠᠮ᠎ᠳᠤ ᠪᠤᠢ᠂ ᠵᠠᠩᠭᠢᠯᠠᠭ᠎ᠠ ᠨᠢ ᠨᠠᠮ ᠨᠢ ᠨᠠᠮ᠎ᠢ ᠬᠠᠮᠢᠶᠠᠷᠴᠤ᠂ ᠪᠦᠬᠦ ᠲᠠᠯ᠎ᠠ ᠪᠡᠷ ᠨᠠᠮ᠎ᠢ ᠴᠢᠩᠭ᠎ᠠ ᠵᠠᠰᠠᠬᠤ᠎ᠳᠤ ᠪᠤᠢ᠃ 《ᠮᠠᠨ᠎ᠤ ᠨᠠᠮ ᠲᠤᠰ ᠪᠡᠶ᠎ᠡ᠎ᠶᠢᠨ ᠪᠠᠢᠭᠤᠯᠤᠯᠲᠠ᠎ᠪᠠᠨ ᠰᠠᠢᠲᠤᠷ ᠬᠢᠵᠦ᠂ ᠦᠨᠡᠨ ᠬᠦ᠌ ᠳᠡᠯᠡᠬᠡᠢ ᠳᠡᠭᠡᠷᠡᠬᠢ ᠬᠠᠮᠤᠭ᠎ᠤᠨ ᠬᠦᠴᠦᠷᠬᠡᠭ ᠶᠡᠬᠡ ᠲᠦᠷᠦ᠎ᠶᠢᠨ ᠨᠠᠮ ᠪᠣᠯᠬᠤ ᠬᠡᠷᠡᠭᠲᠡᠢ 》 ᠭᠡᠵᠦ ᠶᠡᠷᠦᠩᠬᠡᠢ ᠱᠦᠵᠢ ᠰᠢ ᠵᠢᠨ ᠫᠢᠩ ᠴᠢᠩᠭ᠎ᠠ ᠬᠦᠴᠦᠳᠠᠢ  ᠲᠤᠩᠬᠠᠭᠯᠠᠬᠰᠠᠨ ᠶᠤᠮ᠃

ᠰᠢᠨ᠎ᠡ ᠪᠠᠢᠳᠠᠯ ᠰᠢᠨ᠎ᠡ ᠥᠷᠢᠰᠦᠯᠳᠦᠭᠡᠨ᠎ᠦ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ ᠡᠷᠲᠡᠨ ᠡᠳᠦᠭᠡ ᠵᠢᠨ ᠠᠮᠤᠷ ᠲᠦᠪᠰᠢᠨ ᠰᠠᠮᠠᠭᠤᠷᠠᠯ ᠮᠠᠨᠳᠤᠵᠤ ᠪᠠᠭᠤᠷᠠᠬᠰᠠᠨ ᠲᠡᠦᠬᠡ᠎ᠳᠤ ᠰᠠᠭᠤᠷᠢᠯᠠᠨ᠂ ᠨᠠᠮ᠎ᠤᠨ ᠣᠷᠳᠣ᠌ ᠬᠤᠭᠤᠴᠠᠭ᠎ᠠ᠎ᠪᠠᠷ ᠲᠥᠷᠥ ᠪᠠᠷᠢᠬᠤ᠎ᠶᠢ ᠪᠠᠲᠤᠯᠠᠬᠤ ᠠᠯᠤᠰ ᠬᠡᠲᠦ᠎ᠶᠢᠨ ᠪᠣᠳᠣᠯᠬᠢᠯᠠᠯ ᠢ᠋ ᠳᠤᠷᠠᠳᠴᠠᠢ —

《ᠲᠡᠦᠬᠡ᠎ᠶᠢᠨ ᠦᠶᠡᠯᠡᠯ᠎ᠦᠨ ᠠᠰᠠᠭᠤᠳᠠᠯ᠎ᠤᠨ ᠲᠤᠬᠠᠢ ᠪᠢ ᠦᠷᠭᠦᠯᠵᠢ ᠶᠠᠷᠢᠳᠠᠭ᠂ ᠡᠨᠡ ᠪᠣᠯ ᠦᠨᠡᠬᠡᠷ ᠮᠠᠨ᠎ᠤ ᠤᠯᠤᠰ᠎ᠤᠨ ᠲᠡᠦᠬᠡᠨ ᠳᠡᠭᠡᠷᠡᠬᠢ ᠹᠧᠣᠳᠠᠯ᠎ᠤᠨ ᠸᠠᠩᠲᠤ ᠲᠦᠷᠦ᠎ᠶᠢᠨ ᠵᠠᠢᠯᠠᠵᠤ ᠲᠡᠢᠯᠦᠰᠢ ᠦᠭᠡᠢ ᠬᠤᠪᠢ ᠵᠠᠶᠠᠭ᠎ᠠ ᠶᠤᠮ》᠃ 2018 ᠣᠨ᠎ᠤ 1 ᠰᠠᠷ᠎ᠠ᠎ᠳᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ᠎ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠡᠷᠲᠡᠡ ᠡᠳᠦᠭᠡ᠎ᠶᠢᠨ ᠳᠤᠮᠳᠠᠳᠤ ᠭᠠᠳᠠᠭᠠᠳᠤ ᠵᠢᠨ ᠠᠮᠤᠷ ᠲᠦᠪᠰᠢᠨ ᠰᠠᠮᠠᠭᠤᠷᠠᠯ᠎ᠮᠠᠨᠳᠤᠯᠳᠠ ᠪᠠᠭᠤᠷᠠᠯᠳᠠ ᠵᠢᠨ ᠦᠯᠡᠳᠡᠭᠡᠭᠰᠡᠨ ᠰᠡᠳᠦᠪ᠎ᠢ ᠵᠠᠳᠠᠯᠵᠤ᠂ ᠲᠡᠭᠦᠨ᠎ᠦ ᠦᠨᠳᠦᠰᠦᠨ ᠰᠢᠯᠲᠠᠭᠠᠨ ᠨᠢ 《ᠥᠪᠡᠷ᠎ᠦᠨ ᠠᠰᠠᠭᠤᠳᠠᠯ᠎ᠢᠶᠠᠨ ᠰᠢᠢᠳᠪᠦᠷᠢᠯᠡᠵᠦ ᠳᠡᠶ᠋ᠢᠯᠬᠦ ᠦᠭᠡᠢ》 ᠡᠴᠡ ᠪᠣᠯᠵᠠᠢ ᠭᠡᠵᠦ ᠭᠦᠨᠵᠡᠭᠡᠢ ᠵᠢᠭᠠᠵᠤ ᠭᠠᠷᠭᠠᠪᠠ᠃

ᠠᠭᠤᠯᠠ ᠮᠡᠲᠦ ᠬᠦᠨᠳᠦ ᠡᠭᠦᠷᠭᠡ᠎ᠶᠢ ᠮᠦᠷᠦᠨ ᠲᠡᠬᠡᠷ᠎ᠡ ᠪᠠᠨ ᠡᠭᠦᠷᠭᠡᠯᠡᠵᠦ᠂ ᠨᠠᠮ᠎ᠢᠶᠡᠨ ᠮᠠᠨᠳᠤᠭᠤᠯᠵᠤ ᠤᠯᠤᠰ᠎ᠢᠶᠠᠨ ᠬᠦᠴᠦᠷᠬᠡᠭᠵᠢᠭᠦᠯᠬᠦ ᠵᠢ ᠪᠤᠳᠤᠯᠬᠢᠯᠠᠵᠤ᠂ ᠶᠡᠷᠦᠩᠬᠡᠢ ᠱᠦᠵᠢ ᠰᠢ ᠵᠢᠨ ᠫᠢᠩ ᠲᠤᠮᠤ ᠨᠠᠮ ᠳ᠋ᠤ ᠤᠨᠴᠠ ᠪᠠᠢᠳᠠᠭ ᠬᠦᠴᠢᠷ ᠠᠰᠠᠭᠤᠳᠠᠯ᠎ᠳᠤ ᠰᠢᠭᠤᠳ ᠬᠠᠨᠳᠤᠵᠤ᠂ ᠭᠦᠨᠵᠡᠭᠡᠢ ᠪᠣᠳᠣᠯᠬᠢᠯᠠᠯ ᠳᠤᠷᠠᠳᠴᠠᠢ —

《ᠬᠡᠷᠬᠢᠨ ᠢᠮᠠᠭᠲᠠ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠡᠷᠬᠢᠨ ᠢᠮᠠᠭᠲᠠ ᠦᠵᠡᠯ ᠰᠠᠨᠠᠭ᠎ᠠ᠎ᠪᠠᠨ ᠨᠢᠭᠡᠳᠬᠡᠵᠦ᠂ ᠵᠣᠷᠢᠭ᠋ ᠰᠠᠨᠠᠭ᠎ᠠ᠎ᠪᠠᠨ ᠨᠢᠭᠡᠳᠬᠡᠵᠦ᠂ ᠦᠢᠯᠡ ᠠᠵᠢᠯᠯᠠᠭ᠎ᠠ᠎ᠪᠠᠨ ᠨᠢᠭᠡᠳᠬᠡᠵᠦ᠂ ᠬᠡᠷᠬᠢᠨ ᠢᠮᠠᠭᠲᠠ ᠬᠦᠴᠦᠷᠬᠡᠭ ᠶᠡᠬᠡ ᠲᠦᠷᠦ ᠪᠠᠷᠢᠬᠤ ᠴᠢᠳᠠᠪᠤᠷᠢ ᠪᠣᠯᠣᠨ ᠤᠳᠤᠷᠢᠳᠬᠤ ᠲᠦᠪᠰᠢᠨ ᠲᠠᠢ ᠪᠠᠢᠵᠤ᠂ ᠬᠡᠷᠬᠢᠨ ᠢᠮᠠᠭᠲᠠ ᠠᠵᠢᠯ ᠬᠢᠵᠦ ᠦᠢᠯᠡᠰ ᠪᠣᠰᠬᠠᠬᠤ ᠵᠣᠷᠢᠭ᠋ ᠰᠠᠨᠠᠭᠠᠨ᠎ᠤ ᠪᠠᠢᠳᠠᠯ᠎ᠢᠶᠠᠨ ᠪᠠᠲᠤᠯᠠᠵᠤ᠂ ᠬᠡᠷᠬᠢᠨ ᠢᠮᠠᠭᠲᠠ ᠴᠠᠭ ᠲᠤᠬᠠᠢ ᠳ᠋ᠤᠨᠢ ᠥᠪᠡᠷ᠎ᠦᠨ ᠪᠡᠶ᠎ᠡ ᠳ᠋ᠡᠭᠡᠨ ᠣᠷᠣᠰᠢᠵᠤ ᠪᠠᠢᠭ᠎ᠠ ᠠᠰᠠᠭᠤᠳᠠᠯ᠎ᠢᠶᠠᠨ ᠢᠯᠡᠷᠡᠭᠦᠯᠦᠨ ᠰᠢᠢᠳᠪᠦᠷᠢᠯᠡᠵᠤ᠂ ᠬᠡᠷᠬᠢᠨ ᠢᠮᠠᠭᠲᠠ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠶᠢ ᠪᠠᠲᠤᠯᠠᠬᠤ ᠪᠣᠯ ᠴᠥᠮ ᠮᠠᠨ᠎ᠤ ᠡᠨᠡ ᠬᠦ᠌ ᠲᠤᠮᠤ ᠨᠠᠮ᠎ᠤᠨ ᠡᠷᠬᠡᠪᠰᠢ ᠰᠢᠢᠳᠪᠦᠷᠢᠯᠡᠬᠦ ᠬᠡᠷᠡᠭᠳᠡᠢ ᠤᠨᠴᠠ ᠪᠠᠢᠳᠠᠭ ᠬᠦᠴᠢᠷ ᠠᠰᠠᠭᠤᠳᠠᠯ ᠪᠣᠯᠣᠨ᠎ᠠ》᠃

2023 ᠣᠨ᠎ᠤ 1 ᠰᠠᠷ᠎ᠠ᠎ᠳᠤ᠂ ᠬᠣᠷᠢᠳᠤᠭᠠᠷ ᠬᠤᠭᠤᠴᠠᠭᠠᠨ᠎ᠤ ᠲᠥᠪ ᠤ᠋ᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠬᠣᠶᠠᠳᠤᠭᠠᠷ ᠪᠦᠬᠦᠳᠠ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ 《ᠵᠢᠷᠭᠤᠭᠠᠨ ᠬᠡᠷᠬᠢᠨ ᠢᠮᠠᠭᠲᠠ》 ᠪᠡᠷ ᠭᠦᠨᠵᠡᠭᠡᠢ ᠵᠠᠳᠠᠯᠤᠯᠲᠠ ᠬᠢᠵᠦ᠂ 《ᠨᠠᠮ᠎ᠤᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ᠂ ᠤᠯᠤᠰ᠎ᠤᠨ ᠥᠨᠢ ᠤᠳᠠᠭᠠᠨ ᠠᠮᠤᠷ ᠲᠣᠭᠲᠠᠭᠤᠨ᠂ ᠠᠷᠠᠳ ᠲᠦᠮᠡᠨ᠎ᠦ ᠵᠣᠯ ᠵᠢᠷᠭᠠᠯ ᠠᠮᠤᠷ ᠠᠮᠤᠭᠤᠯᠠᠩ᠎ᠳᠤ ᠬᠣᠯᠪᠣᠭᠳᠠᠬᠤ ᠥᠨᠳᠥᠷᠴᠡ ᠡᠴᠡ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠨᠠᠮ᠎ᠤᠨ ᠤᠷᠳᠤ ᠬᠤᠭᠤᠴᠠᠭᠠᠨ᠎ᠤ ᠪᠠᠢᠯᠳᠤᠬᠤ ᠪᠣᠳᠣᠯᠭ᠎ᠠ᠂ ᠥᠨᠢᠳᠡ᠎ᠶᠢᠨ ᠰᠡᠳᠦᠪ ᠪᠣᠯᠭᠠᠬᠤ ᠬᠡᠷᠡᠭᠲᠡᠢ》  ᠭᠡᠵᠦ ᠴᠢᠬᠤᠯᠠᠴᠢᠯᠠᠪᠠ᠃

ᠭᠦᠨᠵᠡᠭᠡᠢ ᠲᠠᠨᠢᠯᠲᠠ ᠡᠴᠡ ᠲᠤᠢᠯᠪᠤᠷᠢᠲᠠᠢ ᠠᠵᠢᠯᠯᠠᠭ᠎ᠠ᠃

ᠰᠢᠨ᠎ᠡ ᠴᠠᠭ ᠦᠶ᠎ᠡ ᠳ᠋ᠤ ᠤᠷᠤᠬᠰᠠᠨ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠲᠥᠪ᠎ᠦᠨ ᠨᠠᠢ᠍ᠮᠠᠨ ᠲᠣᠭᠲᠠᠭᠠᠯ᠎ᠢ ᠲᠣᠭᠲᠠᠭᠠᠨ ᠨᠠᠢᠳᠠᠪᠤᠷᠢᠵᠢᠭᠤᠯᠬᠤ᠎ᠪᠠᠷ ᠡᠬᠢᠯᠡᠯᠲᠡ ᠪᠣᠯᠭᠠᠨ ᠠᠰᠠᠭᠤᠳᠠᠯ ᠎ᠢ ᠰᠢᠢᠳᠪᠦᠷᠢᠯᠡᠵᠦ᠂ ᠨᠠᠮ᠎ᠳᠤ ᠲᠤᠯᠭᠠᠷᠠᠵᠤ ᠪᠠᠢᠭ᠎ᠠ ᠬᠦᠨᠳᠦ ᠶᠡᠬᠡ ᠠᠶᠤᠯ ᠲᠦᠭᠰᠢᠭᠦᠷᠢ ᠰᠢᠯᠭᠠᠯᠲᠠ ᠪᠣᠯᠣᠨ ᠨᠠᠮ᠎ᠤᠨ ᠳᠣᠲᠣᠭᠠᠳᠤ᠎ᠳᠤ ᠣᠷᠣᠰᠢᠵᠤ ᠪᠠᠢᠭ᠎ᠠ ᠲᠣᠪᠣᠢᠮ᠎ᠠ ᠠᠰᠠᠭᠤᠳᠠᠯ᠎ᠳᠤ ᠰᠢᠭᠤᠳ ᠬᠠᠨᠳᠤᠵᠤ᠂ ᠡᠷᠡᠰ ᠭᠤᠢᠪᠢᠰᠢ ᠦᠭᠡᠢ᠎ᠪᠡᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠬᠢᠲᠤᠭᠠᠨ ᠢᠷ᠎ᠢ ᠳᠣᠲᠣᠭ᠍ᠰᠢ ᠬᠠᠨᠳᠤᠭᠤᠯᠵᠤ᠂ ᠶᠠᠰᠤ᠎ᠶᠢ ᠬᠤᠰᠤᠨ ᠬᠣᠣᠷ᠎ᠢ ᠠᠷᠢᠯᠭᠠᠵᠤ᠂ ᠬᠦᠴᠦᠲᠡᠢ ᠡᠮ᠎ᠢᠶᠡᠷ ᠠᠷᠬᠠᠭ ᠡᠪᠡᠳᠴᠢᠨ᠎ᠢ ᠠᠷᠢᠯᠭᠠᠵᠤ᠂ ᠬᠦᠨᠳᠦ ᠰᠢᠢᠳᠭᠡᠬᠦ ᠪᠡᠷ ᠰᠠᠮᠠᠭᠤᠷᠠᠯ᠎ᠢ ᠵᠠᠰᠠᠵᠤ᠂ ᠨᠠᠮ᠎ᠤᠨ ᠰᠤᠷᠲᠠᠯ ᠵᠠᠰᠠᠭ᠎ᠤᠨ ᠰᠤᠷᠲᠠᠯ ᠴᠤ᠋ ᠰᠢᠨ᠎ᠠ ᠪᠡᠷ ᠰᠤᠯᠢᠬᠳᠠᠵᠤ᠂ ᠨᠡᠢᠭᠡᠮ᠎ᠦᠨ ᠰᠤᠷᠲᠠᠯ ᠠᠷᠠᠳ᠎ᠤᠨ ᠰᠤᠷᠲᠠᠯ ᠦᠷᠭᠦᠯᠵᠢᠯᠡᠨ ᠰᠠᠢᠵᠢᠷᠠᠵᠤ᠂ ᠨᠠᠮ᠎ᠤᠨ ᠠᠷᠠᠳ ᠲᠦᠮᠡᠨ᠎ᠦ ᠰᠡᠳᠬᠢᠯ᠎ᠳᠡᠬᠢ ᠳᠦᠷᠢ ᠲᠥᠷᠬᠦ᠎ᠶᠢ ᠲᠠᠬᠢᠨ ᠱᠤᠭᠤᠵᠠᠢ᠃

ᠮᠠᠭᠤ ᠪᠠᠨ ᠵᠠᠯᠠᠷᠠᠭᠤᠯᠵᠤ ᠰᠠᠢᠨ ᠵᠢᠡᠨ ᠪᠠᠳᠠᠷᠠᠭᠤᠯᠬᠤ᠂ ᠰᠦᠷ ᠳᠠᠯᠠᠢᠴᠠᠲᠠᠢ ᠲᠡᠦᠬᠡ᠎ᠶᠢᠨ ᠠᠬᠢᠴᠠ ᠳᠤᠮᠳᠠ᠂ ᠮᠠᠨ᠎ᠤ ᠨᠠᠮ ᠥᠭᠡᠷᠡᠴᠢᠯᠡᠯᠲᠡ᠎ᠶᠢᠨ ᠵᠣᠷᠢᠭ᠋ ᠰᠠᠨᠠᠭ᠎ᠠ ᠪᠣᠯᠣᠨ ᠴᠢᠩᠭ᠎ᠠ ᠪᠠᠢᠬᠤ ᠪᠠᠷᠢᠮᠵᠢᠶ᠎ᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠵᠤ᠂ ᠠᠯᠢ ᠤᠯᠠᠨ ᠤᠨᠤᠯ᠎ᠤᠨ ᠰᠢᠨ᠎ᠡ ᠵᠢ ᠡᠭᠦᠳᠬᠦ᠂ ᠦᠢᠯᠡᠳᠦᠯᠭᠡ᠎ᠶᠢᠨ ᠰᠢᠨ᠎ᠡ ᠵᠢ ᠡᠭᠦᠳᠬᠦ᠂ ᠳᠦᠷᠢᠮ᠎ᠦᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠣᠯᠪᠠ᠃

2014 ᠣᠨ᠎ᠤ 12 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠵᠢᠶᠠᠩᠰᠤ᠎ᠳᠦ ᠰᠢᠨᠵᠢᠯᠡᠨ ᠪᠠᠢᠴᠠᠭᠠᠬᠤ᠎ᠳᠠᠭᠠᠨ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ》 ᠶ᠋ᠢ ᠲᠣᠳᠣᠷᠬᠠᠢ ᠳᠤᠷᠠᠳᠤᠭᠰᠠᠨ ᠪᠥᠭᠡᠳ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠯᠤᠭ᠎ᠠ ᠵᠡᠷᠭᠡᠴᠡᠬᠦᠯᠦᠨ ᠦᠬᠦᠯᠡᠵᠤ᠂《ᠳᠦᠷᠪᠡᠨ ᠪᠦᠬᠦ ᠲᠠᠯ᠎ᠠ》 ᠵᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠶᠢ ᠪᠦᠷᠢᠯᠳᠦᠭᠦᠯᠪᠡ᠃

《ᠨᠠᠮ᠎ᠢ ᠴᠢᠩᠭ᠎ᠠ ᠵᠠᠰᠠᠬᠤ》 ᠡᠴᠡ 《ᠪᠦᠬᠦ ᠲᠠᠯ᠎ᠠ ᠪᠡᠷ ᠨᠠᠮ᠎ᠢ ᠴᠢᠩᠭ᠎ᠠ ᠵᠠᠰᠠᠬᠤ》 ᠬᠦᠷᠲᠡᠯ᠎ᠡ᠂ ᠭᠦᠨ ᠭᠦᠨᠵᠡᠭᠡᠢ ᠴᠠᠭ ᠦᠶ᠎ᠡ᠎ᠶᠢᠨ ᠠᠭᠤᠯᠤᠭᠳᠠᠬᠤᠨ ᠪᠠ ᠢᠯᠡ ᠲᠣᠳᠣ᠌ ᠠᠰᠠᠭᠤᠳᠠᠯ᠎ᠤᠨ ᠤᠳᠤᠷᠢᠳᠤᠮᠵᠢ᠎ᠶᠢ ᠢᠯᠡᠷᠡᠭᠦᠯᠵᠦ᠂ ᠨᠠᠮ᠎ᠢ ᠬᠠᠮᠢᠶᠠᠷᠬᠤ ᠨᠠᠮ᠎ᠢ ᠵᠠᠰᠠᠬᠤ ᠲᠠᠯ᠎ᠠ᠎ᠪᠠᠷ ᠬᠡᠰᠡᠭ ᠲᠠᠯ᠎ᠠ᠎ᠶᠢᠨ ᠭᠣᠣᠯᠳᠠᠯᠭ᠎ᠠ᠎ᠲᠠᠢ ᠰᠢᠪᠲᠤᠯᠤᠯᠲᠠ ᠬᠢᠵᠦ ᠪᠠᠢᠭᠰᠠᠨ᠎ᠡᠴᠡ ᠰᠢᠰᠲ᠋ᠸᠮᠵᠢᠬᠦᠯᠦᠨ ᠬᠤᠷᠠᠭᠤᠯᠬᠤ᠂ ᠪᠦᠬᠦᠯᠢ ᠴᠣᠭᠴᠠ᠎ᠪᠠᠷ ᠠᠬᠢᠭᠤᠯᠬᠤ ᠲᠡᠢᠰᠢ ᠰᠢᠯᠵᠢᠭᠰᠡᠨ᠎ᠢ ᠬᠠᠷᠠᠭᠤᠯᠪᠠ᠃

2017 ᠣᠨ᠎ᠤ 10 ᠰᠠᠷ᠎ᠠ᠎ᠳᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠡᠴᠡ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠪᠠᠷᠢᠮᠲᠠᠯᠠᠬᠤ》 ᠶ᠋ᠢ ᠰᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠦᠨᠳᠦᠰᠦᠨ ᠠᠷᠭ᠎ᠠ ᠪᠣᠳᠣᠯᠭ᠎ᠠ᠎ᠶᠢᠨ ᠨᠢᠭᠡ ᠪᠣᠯᠭᠠᠬᠤ᠎ᠪᠠᠷ ᠲᠣᠭᠲᠠᠭᠠᠪᠠ;

2021 ᠣᠨ᠎ᠤ 11 ᠰᠠᠷ᠎ᠠ᠎ᠳᠤ᠂ ᠨᠠᠮ᠎ᠤᠨ ᠭᠤᠷᠪᠠᠳᠤᠭᠠᠷ ᠲᠡᠦᠬᠡ᠎ᠶᠢᠨ ᠰᠢᠢᠳᠪᠦᠷᠢ᠎ᠳᠦ 《ᠥᠪᠡᠷ ᠪᠡᠶ᠎ᠡ᠎ᠵᠢᠨ ᠬᠤᠪᠢᠰᠬᠠᠯ ᠬᠢᠬᠦ᠎ᠶᠢ ᠪᠠᠷᠢᠮᠲᠠᠯᠠᠬᠤ》 ᠶ᠋ᠢ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠠᠷᠪᠠᠨ ᠵᠤᠷᠪᠤᠰ ᠲᠡᠦᠬᠡᠨ ᠲᠤᠷᠰᠢᠯᠭ᠎ᠠ᠎ᠶᠢᠨ ᠨᠢᠭᠡ ᠪᠣᠯᠭᠠᠪᠠ᠃ ᠶᠡᠷᠦᠩᠬᠡᠢ ᠱᠦᠵᠢ ᠰᠢ ᠵᠢᠨ ᠫᠢᠩ ᠲᠡᠦᠬᠡ᠎ᠶᠢᠨ ᠦᠶᠡᠯᠡᠯ᠎ᠤᠨ ᠲᠡᠪᠳᠡᠮᠵᠢ᠎ᠡᠴᠡ ᠮᠤᠯᠳᠤᠷᠠᠬᠤ ᠬᠣᠶᠠᠳᠤᠭᠠᠷ ᠬᠠᠷᠢᠭᠤᠯᠲᠠ ᠵᠢ ᠦᠭᠪᠡ᠂ ᠳᠠᠷᠤᠢ ᠥᠪᠡᠷ ᠪᠡᠶ᠎ᠡ ᠵᠢᠨ ᠬᠤᠪᠢᠰᠬᠠᠯ ᠬᠢᠬᠦ ᠶᠠᠪᠤᠳᠠᠯ ᠪᠤᠯᠤᠨ᠎ᠠ;

2022 ᠣᠨ᠎ᠤ 10 ᠰᠠᠷ᠎ᠠ᠎ᠳᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠠᠩᠬ᠎ᠠ ᠤᠳᠠᠭ᠎ᠠ  《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲᠧᠮ᠎ᠢ ᠪᠦᠷᠢᠨᠰᠢᠭᠦᠯᠬᠦ》 ᠵᠢ ᠳᠤᠷᠠᠳᠴᠤ᠂ ᠨᠠᠮ᠎ᠢ ᠬᠠᠮᠢᠶᠠᠷᠬᠤ ᠨᠠᠮ᠎ᠢ ᠵᠠᠰᠠᠬᠤ ᠪᠦᠬᠦ ᠲᠠᠯ᠎ᠠ᠎ᠶᠢᠨ ᠰᠢᠰᠲ᠋ᠸᠮ ᠲᠠᠢ ᠪᠠᠢᠷᠢᠰᠢᠭᠤᠯᠤᠯᠲᠠ᠎ᠶᠢ ᠴᠢᠩᠭᠠᠳᠬᠠᠵᠤ᠂ ᠬᠠᠮᠵᠢᠯᠴᠠᠨ ᠥᠨᠳᠥᠷ ᠪᠦᠲᠦᠮᠵᠢᠲᠡᠢ᠎ᠪᠡᠷ ᠠᠬᠢᠭᠤᠯᠪᠠ ;

᠁

2026 ᠣᠨ᠎ᠤ 6 ᠰᠠᠷ᠎ᠠ᠎ᠶᠢᠨ 15 ᠤ᠋ ᠡᠳᠦᠷ᠂ ᠪᠥᠬᠥ ᠤᠯᠤᠰ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠠᠷᠢᠯᠴᠠᠬᠤ ᠬᠤᠷᠠᠯ᠎ᠡᠴᠡ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠠᠵᠢᠯ᠎ᠢ ᠪᠠᠢᠷᠢᠯᠠᠭᠤᠯᠪᠡ᠃ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ 《ᠠᠷᠪᠠᠨ ᠳᠥᠷᠪᠡ ᠵᠢ ᠪᠠᠷᠢᠮᠲᠠᠯᠠᠬᠤ》 ᠵᠢᠨ ᠠᠭᠤᠯᠤᠭᠳᠠᠬᠤᠨ᠎ᠤ ᠴᠢᠬᠤᠯᠠ ᠠᠭᠤᠯᠭ᠎ᠠ ᠵᠢᠨ ᠨᠢᠭᠡ ᠨᠢ ᠪᠣᠯ ᠳᠠᠷᠤᠢ 《ᠪᠦᠬᠦ ᠲᠠᠯ᠎ᠠ ᠪᠡᠷ ᠨᠠᠮ᠎ᠢ ᠴᠢᠩᠭ᠎ᠠ ᠵᠠᠰᠠᠬᠤ᠎ᠶᠢ ᠪᠠᠷᠢᠮᠲᠠᠯᠠᠬᠤ》  ᠶᠠᠪᠤᠳᠠᠯ ᠪᠣᠯᠣᠨ᠎ᠠ᠃

ᠲᠠᠨᠢᠯᠲᠠ ᠦᠷᠭᠦᠯᠵᠢᠯᠡᠨ ᠭᠦᠨᠵᠡᠭᠡᠢᠷᠡᠵᠦ᠂ ᠲᠤᠷᠰᠢᠯᠭ᠎ᠠ ᠲᠠᠰᠤᠷᠠᠯᠳᠠ ᠦᠭᠡᠢ ᠬᠤᠷᠠᠮᠳᠤᠪᠠ᠃             ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ ᠰᠢᠨ᠎ᠡ ᠴᠠᠭ ᠦᠶ᠎ᠡ᠎ᠶᠢᠨ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢᠶᠡᠨ ᠮᠠᠨᠳᠤᠭᠤᠯᠵᠤ ᠨᠠᠮ᠎ᠢᠶᠡᠨ ᠬᠦᠴᠦᠷᠬᠡᠭᠵᠢᠭᠦᠯᠬᠦ᠎ᠶᠢ ᠶᠠᠭᠠᠬᠢᠵᠤ ᠬᠢᠬᠦ ᠲᠤᠬᠠᠢ ᠠᠯᠢ ᠤᠯᠠᠨ ᠴᠢᠬᠤᠯᠠ ᠶᠡᠬᠡ ᠠᠰᠠᠭᠤᠳᠠᠯ᠎ᠳᠤ ᠰᠢᠰᠲᠧᠮ᠎ᠲᠠᠢ ᠬᠠᠷᠢᠭᠤᠯᠲᠠ ᠥᠭᠴᠦ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠬᠤ᠎ᠳᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ ᠬᠠᠩᠭᠠᠪᠠ᠃

ᠮᠢᠩᠭᠠᠨ ᠠᠭᠤᠯᠠ ᠲᠦᠮᠡᠨ ᠤᠰᠤ᠎ᠶᠢ ᠦᠩᠬᠡᠷᠡᠬᠦᠯᠦᠭᠰᠡᠨ ᠪᠤᠯᠪᠠᠴᠤ ᠦᠷᠬᠦᠯᠵᠢᠯᠡᠨ ᠪᠡᠷᠬᠡ ᠵᠢ ᠲᠠᠪᠠᠵᠤ ᠪᠠᠷᠳᠠᠭ᠎ᠠ ᠲᠤᠭᠤᠯᠬᠤ ᠴᠢᠬᠤᠯᠠᠳᠠᠢ᠃

2026 ᠣᠨ᠎ᠤ 7 ᠰᠠᠷ᠎ᠠ᠎ᠳᠤ᠂ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢ ᠤᠬᠳᠤᠬᠤ ᠲᠠᠰᠢᠷᠠᠮ᠎ᠢᠶᠠᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠮᠡᠨᠳᠦᠯᠡᠭᠰᠡᠨ ᠭᠠᠵᠠᠷ ᠱᠠᠩᠬᠠᠢ᠎ᠳᠤ ᠢᠷᠡᠪᠡ᠃ ᠨᠡᠢᠭᠡᠮ ᠲᠣᠭᠣᠷᠢᠭ᠋᠎ᠤᠨ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠢᠯᠡᠴᠢᠯᠡᠭᠡᠨ᠎ᠦ ᠥᠷᠲᠡᠭᠡ᠎ᠳᠦ᠂ ᠶᠡᠷᠦᠩᠬᠡᠢ ᠱᠦᠵᠢ᠄ 《ᠳ᠋ᠦᠩᠰᠢᠭᠤᠷ ᠭᠠᠷᠤᠢ ᠨᠠᠮ᠎ᠤᠨ ᠭᠡᠰᠢᠭᠦᠨ᠎ᠲᠠᠢ ᠲᠣᠮᠣ᠌ ᠨᠠᠮ᠂  500 ᠭᠠᠷᠤᠢ ᠲᠦᠮᠡᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠣᠰ ᠲᠣᠰ ᠎ᠤᠨ ᠬᠠᠷᠢᠭᠤᠴᠠᠯᠭ᠎ᠠ᠎ᠪᠠᠨ ᠭᠦᠢᠴᠡᠳᠬᠡᠵᠦ᠂ ᠠᠷᠠᠳ ᠲᠦᠮᠡᠨ᠎ᠳᠦ ᠦᠢᠯᠡᠴᠢᠯᠡᠬᠦ ᠶᠠᠪᠤᠳᠠᠯ᠎ᠢ ᠦᠨᠡᠨ ᠬᠦ᠌ ᠰᠠᠢᠲᠤᠷ ᠬᠢᠬᠦ ᠬᠡᠷᠡᠭᠲᠡᠢ》 ᠭᠡᠵᠤ ᠴᠢᠩ ᠰᠡᠳᠭᠢᠯ ᠡᠴᠡ ᠪᠠᠨ ᠬᠦᠰᠡᠨ ᠨᠠᠢᠳᠠᠪᠠ᠃

ᠳᠡᠯᠡᠬᠡᠢ᠎ᠶᠢᠨ ᠬᠠᠮᠤᠭ᠎ᠤᠨ ᠲᠤᠮᠤ ᠮᠠᠷᠺᠰ᠎ᠤᠨ ᠦᠵᠡᠯ᠎ᠦᠨ ᠲᠦᠷᠦ ᠪᠠᠷᠢᠭ᠍ᠴᠢ ᠨᠠᠮ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠨᠢ ᠲᠤᠮᠤ ᠨᠠᠮ᠎ᠪᠤᠯᠤᠬᠰᠠᠨ ᠶᠠᠩᠵᠤ᠎ᠲᠠᠢ ᠪᠠᠢᠵᠤ᠂ ᠪᠠᠰᠠ ᠲᠤᠮᠤ ᠨᠠᠮ ᠪᠤᠯᠤᠬᠰᠠᠨ᠎ᠤ ᠬᠦᠴᠢᠷᠳᠡᠯ᠎ᠪᠠᠢᠬᠤ ᠶᠤᠮ᠃

ᠣᠳᠣᠬᠠᠨ᠎ᠳᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠠᠵᠢᠯ ᠰᠠᠭᠤᠷᠢ᠎ᠶᠢ ᠪᠡᠬᠢᠵᠢᠭᠦᠯᠬᠦ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠴᠠᠭ ᠦᠶ᠎ᠡ᠎ᠳᠦ ᠣᠷᠣᠵᠤ᠂ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ᠎ᠪᠡᠷ ᠣᠷᠣᠰᠢᠵᠤ᠂ ᠲᠣᠭᠲᠠᠭᠠᠯᠲᠤ ᠪᠤᠰᠤ ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠢᠨ᠎ᠠ᠂ ᠡᠭᠦᠨ᠎ᠦ ᠵᠡᠷᠭᠡ᠎ᠪᠡᠷ ᠨᠠᠮ᠎ᠳᠤ ᠲᠤᠯᠭᠠᠷᠠᠵᠤ ᠪᠠᠢᠭ᠎ᠠ 《ᠲᠦᠷᠪᠡᠨ ᠶᠡᠬᠡ ᠰᠢᠯᠭᠠᠯᠲᠠ》᠂ 《ᠲᠦᠷᠪᠡᠨ ᠵᠦᠢᠯ᠎ᠦᠨ ᠠᠶᠤᠯ ᠲᠦᠭᠰᠢᠭᠦᠷᠢ》 ᠪᠣᠯ ᠤᠷᠳᠤ ᠬᠤᠭᠤᠴᠠᠭᠠᠨ᠎ᠤ᠂ ᠨᠠᠷᠢᠨ ᠪᠤᠳᠤᠯᠢᠶᠠᠨᠲᠠᠢ᠂ ᠬᠠᠲᠠᠭᠤ ᠪᠡᠷᠬᠡ ᠶᠤᠮ᠃ ᠨᠡᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ᠎ᠳᠤ᠂ ᠡᠭᠦᠷᠭᠡ ᠬᠡᠳᠦᠢ ᠬᠦᠨᠳᠦ ᠪᠣᠯᠬᠤ ᠲᠤᠳᠤᠮ ᠰᠠᠭᠤᠷᠢ᠎ᠪᠠᠨ ᠤᠯᠠᠮ ᠪᠡᠬᠢᠵᠢᠭᠦᠯᠵᠦ᠂ ᠢᠷᠡᠭᠡᠳᠦᠢ ᠬᠡᠳᠦᠢ ᠭᠡᠭᠡᠨ ᠰᠠᠷᠠᠭᠤᠯ ᠪᠣᠯᠬᠤ ᠲᠤᠳᠤᠮ ᠤᠯᠠᠮ ᠰᠡᠷᠭᠡᠭ ᠰᠡᠷᠡᠮᠵᠢ ᠲᠠᠢ ᠪᠠᠢᠬᠤ ᠬᠡᠷᠡᠭᠲᠡᠢ᠂ ᠡᠷᠬᠡᠪᠰᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃

《ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠨᠢ ᠵᠠᠭᠤᠨ ᠵᠢᠯ᠎ᠦᠨ ᠲᠤᠮᠤ ᠨᠠᠮ᠎ᠤᠨ ᠥᠪᠡᠷ᠎ᠪᠡᠶ᠎ᠠ ᠵᠢᠨ ᠬᠤᠪᠢᠰᠬᠠᠯ ᠬᠢᠬᠦ᠌ ᠰᠢᠨ᠎ᠡ ᠠᠬᠤᠢ ᠪᠠᠶ᠋ᠢᠳᠠᠯ᠎ᠢ ᠨᠡᠭᠡᠭᠡᠪᠡ》

2026 ᠣᠨ᠎ᠤ 1 ᠰᠠᠷ᠎ᠠ᠎ᠶᠢᠨ 8 ᠎ᠤ᠋ ᠡᠳᠦᠷ᠂ ᠪᠡᠭᠡᠵᠢᠩ᠎ᠦᠨ ᠵᠥᠩ ᠨᠠᠨ ᠬᠠᠶ ᠳ᠋ᠤ᠂ ᠨᠢᠭᠡᠨ ᠴᠢᠬᠤᠯᠠ ᠬᠤᠷᠠᠯ ᠪᠦᠬᠦᠯᠢ ᠡᠳᠦᠷ ᠬᠤᠷᠠᠯᠳᠤᠪᠠ —

ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠪᠠᠶ᠋ᠢᠩᠭᠤ᠎ᠶᠢᠨ ᠬᠣᠷᠢᠶ᠎ᠠ ᠵᠢᠨ ᠬᠤᠷᠠᠯ᠎ᠢ ᠡᠷᠬᠢᠯᠡᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠂ ᠪᠦᠬᠦ᠌ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠂ ᠠᠷᠠᠳ᠎ᠤᠨ ᠳᠡᠭᠡᠳᠦ ᠰᠢᠭᠦᠬᠦ᠌ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭᠠᠬᠤ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠌᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠠᠵᠢᠯ᠎ᠤᠨ ᠮᠡᠳᠡᠭᠦᠯᠦᠯᠲᠡ᠎ᠶᠢ ᠰᠣᠨᠣᠰᠪᠠ᠃

2015 ᠣᠨ᠎ᠡᠴᠡ ᠤᠳᠤ ᠪᠣᠯᠲᠠᠯ᠎ᠠ᠂ ᠵᠢᠯ ᠪᠦᠷᠢ ᠨᠢᠭᠡ ᠤᠳᠠᠭ᠎ᠠ ᠢᠩᠭᠢᠵᠦ᠍ ᠬᠠᠷᠢᠭᠤ ᠮᠡᠳᠡᠭᠦᠯᠬᠦ᠌ ᠨᠢ ᠨᠢᠭᠡᠨᠲᠡ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠴᠢᠬᠤᠯᠠ ᠲᠦᠷᠢᠮ᠎ᠦᠨ ᠲᠤᠬᠢᠷᠠᠭᠤᠯᠤᠯᠳᠠ ᠪᠣᠯᠪᠠ᠃

ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠭᠣᠣᠯᠳᠠᠯᠭ᠎ᠠ ᠨᠢ ᠨᠠᠮ᠎ᠤᠨ ᠤᠳᠤᠷᠢᠳᠤᠯᠭ᠎ᠠ᠎ᠶᠢ ᠴᠢᠩᠭᠠᠳᠬᠠᠬᠤ ᠶᠠᠪᠤᠳᠠᠯ ᠪᠣᠯᠤᠨ᠎ᠠ᠃

ᠮᠠᠨ᠎ᠤ ᠡᠨᠡ ᠬᠦ᠌ ᠳᠡᠯᠡᠬᠡᠢ ᠳᠡᠭᠡᠷᠡᠬᠢ ᠬᠠᠮᠤᠭ᠎ᠤᠨ ᠲᠤᠮᠤ ᠲᠦᠷᠦ᠎ᠶᠢᠨ ᠨᠠᠮ᠎ᠢ ᠰᠠᠶ᠋ᠢᠲᠤᠷ ᠵᠠᠰᠠᠬᠤ᠎ᠳᠤ᠂ ᠡᠷᠬᠡᠪᠰᠢ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ ᠢᠯᠠᠩᠭᠤᠶ᠎ᠠ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠢᠮᠠᠭᠲᠠ ᠪᠦᠬᠦ᠌ ᠲᠠᠯ᠎ᠠ᠎ᠶᠢ ᠶᠡᠷᠦᠩᠬᠡᠶ᠋ᠢᠯᠡᠨ ᠡᠵᠡᠮᠳᠡᠵᠦ᠍᠂ ᠡᠯ᠎ᠡ ᠲᠠᠯ᠎ᠠ᠎ᠶᠢ ᠵᠣᠬᠢᠴᠠᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠳᠡᠭ᠎ᠢ ᠲᠡᠦᠬᠡ ᠪᠠ ᠪᠣᠳᠠᠲᠤ᠌ ᠠᠬᠤᠢ ᠴᠥᠮ ᠭᠦᠢᠴᠡᠳ ᠭᠡᠷᠡᠴᠢᠯᠡᠪᠠ᠃

2020 ᠣᠨ᠎ᠤ 4 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠱᠠᠨᠰᠢ᠎ᠳᠤ ᠰᠢᠨᠵᠢᠯᠡᠨ ᠪᠠᠶ᠋ᠢᠴᠠᠭᠠᠪᠠ᠃ ᠴᠢᠨᠯᠢᠩ ᠪᠣᠯ ᠨᠢᠭᠡᠳᠦᠭᠡᠷ ᠥᠷᠲᠡᠭᠡ ᠪᠤᠯᠤᠨ᠎ᠠ᠃

ᠥᠩᠭᠡᠷᠡᠭᠰᠡᠨ᠎ᠦ ᠴᠢᠨᠯᠢᠩ ᠳᠠᠪᠠᠭ᠎ᠠ᠎ᠶᠢᠨ ᠠᠷᠤ ᠬᠣᠷᠮᠣᠶ᠎ᠶᠢᠨ ᠰᠢ ᠠᠨ᠎ᠤ ᠬᠢᠯᠢ ᠳᠣᠲᠣᠷ᠎ᠠ᠂ ᠲᠣᠭᠲᠠᠭᠠᠯ᠎ᠢ ᠵᠥᠷᠢᠴᠡᠨ ᠵᠤᠰᠠᠯᠠᠩ ᠪᠠᠶ᠋ᠢᠭᠤᠯᠤᠭᠰᠠᠨ ᠨᠢ ᠰᠢᠷᠬ᠎ᠠ ᠰᠣᠷᠪᠢ᠎ᠮᠡᠳᠤ ᠦᠯᠡᠳᠡᠵᠤ᠂ ᠠᠭᠤᠯᠠ ᠤᠰᠤᠨ᠎ᠤ ᠦᠵᠡᠰᠬᠦᠯᠡᠨᠭᠳᠤ ᠰᠠᠢᠬᠠᠨ ᠦᠨᠭᠭᠡ ᠦᠵᠡᠮᠵᠢ ᠵᠢ ᠬᠤᠬᠢᠷᠠᠭᠤᠯᠪᠠ᠃ ᠶᠡᠷᠦᠩᠬᠡᠢ ᠱᠦᠵᠢ  ᠰᠢ ᠵᠢᠨ ᠫᠢᠩ 《ᠡᠩ ᠲᠡᠷᠢᠭᠦᠨ᠎ᠳᠦ ᠤᠯᠤᠰ ᠲᠦᠷᠦ᠎ᠶᠢᠨ ᠰᠠᠬᠢᠯᠭ᠎ᠠ ᠪᠠᠲᠤ᠎ᠡᠴᠡ ᠡᠬᠢᠯᠡᠨ ᠪᠠᠶ᠋ᠢᠴᠠᠭᠠᠬᠤ ᠬᠡᠷᠡᠭᠲᠡᠢ》 ᠭᠡᠵᠦ᠍ ᠲᠣᠳᠣᠷᠬᠠᠢ ᠱᠠᠭᠠᠷᠳᠠᠵᠤ᠂ ᠤᠷᠢᠳ ᠬᠣᠵᠢᠳ 6 ᠤᠳᠠᠭ᠎ᠠ ᠴᠢᠬᠤᠯᠠ ᠵᠢᠭᠠᠪᠤᠷᠢ ᠴᠣᠬᠣᠯᠠᠪᠤᠷᠢ ᠥᠭᠴᠦ᠍᠂ ᠡᠨᠡ ᠬᠦ᠌ ᠠᠰᠠᠭᠤᠳᠠᠯ᠎ᠢ ᠪᠠᠶ᠋ᠢᠴᠠᠭᠠᠨ ᠰᠢ᠌ᠳᠪᠦᠷᠢᠯᠡᠬᠦ᠌᠎ᠶᠢ ᠡᠷᠡᠰ ᠠᠬᠢᠭᠤᠯᠵᠤ᠂ ᠴᠢᠨᠯᠢᠩ᠎ᠲᠠᠪᠠᠭ᠎ᠠ ᠵᠢᠨ ᠥᠩᠭᠡᠷᠡᠭᠰᠡᠨ᠎ᠦ ᠨᠠᠮ ᠰᠡᠯᠡᠭᠦᠨ ᠦᠵᠡᠰᠬᠦᠯᠡᠩᠲᠦ᠍ ᠰᠠᠶ᠋ᠢᠬᠠᠨ᠎ᠢ ᠰᠡᠷᠭᠦᠭᠡᠪᠡ᠃

ᠴᠢ ᠯᠢᠶᠠᠨ ᠱᠠᠨ ᠠᠭᠤᠯᠠᠨ᠎ᠤ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠣᠷᠴᠢᠨ ᠲᠤᠭᠤᠷᠢᠨ᠎ᠤ ᠪᠣᠬᠢᠷᠲᠤᠯ ᠭᠡᠰᠡᠨ ᠥᠬᠡᠶ᠂ ᠮᠥ᠍ ᠯᠢ ᠠᠭᠤᠷᠬᠠᠶ᠎ᠶᠢᠨ ᠣᠷᠣᠨ᠎ᠤ ᠬᠠᠤᠯᠢ ᠪᠤᠰᠤ᠎ᠪᠠᠷ ᠨᠡᠭᠦᠷᠡᠰᠦ ᠮᠠᠯᠲᠠᠭᠰᠠᠨ᠂ ᠡᠰᠡᠬᠦᠯ᠎ᠡ ᠳ᠋ᠦᠩ ᠲᠢᠩ ᠬᠣ᠌ ᠨᠠᠭᠤᠷ᠎ᠤᠨ ᠬᠠᠤᠯᠢ ᠲᠣᠭᠲᠠᠭᠠᠯ᠎ᠢ ᠵᠥᠷᠢᠴᠡᠨ ᠪᠣᠭᠣᠨᠢ ᠬᠦᠷᠢᠶ᠎ᠡ ᠪᠠᠶ᠋ᠢᠭᠤᠯᠤᠭᠰᠠᠨ ᠠᠰᠠᠭᠤᠳᠠᠯ ᠭᠡᠰᠡᠨ ᠥᠬᠡᠶ ᠁ ᠠᠯᠢ ᠤᠯᠠᠨ ᠪᠣᠳᠠᠲᠠᠶ ᠠᠰᠠᠭᠤᠳᠠᠯ᠎ᠤᠨ ᠠᠷᠤ᠎ᠳᠤ ᠶᠡᠷᠦ᠍ ᠨᠢ ᠤᠯᠤᠰ ᠲᠥᠷᠥ᠎ᠶᠢᠨ ᠠᠮᠢ ᠠᠬᠤᠶ᠎ᠶᠢᠨ ᠠᠰᠠᠭᠤᠳᠠᠯ ᠢᠯᠡᠷᠡᠵᠦ᠍ ᠪᠠᠶ᠋ᠢᠳᠠᠭ᠃

ᠶᠡᠷᠦᠩᠬᠡᠶ ᠱᠦᠵᠢ ᠰᠢ ᠵᠢᠨ ᠫᠢᠩ ᠨᠠᠮ᠎ᠤᠨ ᠳᠣᠲᠣᠭᠠᠳᠤ᠎ᠳᠤ ᠣᠷᠣᠰᠢᠵᠤ ᠪᠠᠶ᠋ᠢᠭ᠎ᠠ ᠠᠯᠢᠪᠠ ᠠᠰᠠᠭᠤᠳᠠᠯ ᠪᠣᠯ ᠮᠥᠨ ᠴᠢᠨᠠᠷ ᠳᠡᠭᠡᠷ᠎ᠡ᠎ᠪᠡᠨ ᠴᠥᠮ ᠤᠯᠤᠰ ᠲᠥᠷᠥ᠎ᠶᠢᠨ ᠠᠰᠠᠭᠤᠳᠠᠯ ᠮᠥᠨ ᠭᠡᠳᠡᠭ᠎ᠢ ᠭᠦᠨᠵᠡᠭᠡᠶ ᠪᠦᠬᠡᠳ ᠨᠡᠪᠲᠡ ᠠᠵᠢᠭᠯᠠᠵᠤ᠂ 《ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠡᠩ ᠲᠡᠷᠢᠭᠦᠨ᠎ᠳᠦ ᠤᠯᠤᠰ ᠲᠥᠷᠥ᠎ᠶᠢᠨ ᠲᠠᠯ᠎ᠠ᠎ᠡᠴᠡ ᠦᠵᠡᠬᠦ᠌ ᠬᠡᠷᠡᠭᠲᠡᠶ》᠂ 《ᠤᠯᠤᠰ ᠲᠥᠷᠥ᠎ᠶᠢᠨ ᠠᠰᠠᠭᠤᠳᠠᠯ᠎ᠢ ᠤᠯᠤᠰ ᠲᠥᠷᠥ᠎ᠶᠢᠨ ᠲᠠᠯ᠎ᠠ᠎ᠡᠴᠡ ᠰᠢᠢᠳᠪᠦᠷᠢᠯᠡᠬᠦ᠌ ᠬᠡᠷᠡᠭᠲᠡᠶ》 ᠭᠡᠵᠦ᠍ ᠱᠠᠭᠠᠷᠳᠠᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠠᠯ᠎ᠠ᠎ᠪᠠᠷ ᠠᠭᠤᠵᠢᠭᠤ ᠰᠤᠯᠠ ᠵᠥᠭᠡᠯᠡᠨ ᠪᠠᠶ᠋ᠢᠭᠰᠠᠨ᠎ᠡᠴᠡ ᠴᠢᠩᠭ᠎ᠠ ᠨᠢᠭᠲᠠ ᠬᠠᠲᠠᠭᠤ ᠲᠡᠶ᠋ᠢᠰᠢ ᠰᠢᠯᠵᠢᠬᠦ᠌᠎ᠶᠢ ᠠᠬᠢᠭᠤᠯᠪᠠ᠃

《ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ ᠮᠥᠨ》 ᠭᠡᠬᠦ᠌ ᠬᠤᠯᠪᠤᠬᠳᠠᠯ ᠪᠦᠬᠦᠢ ᠥᠭᠦᠯᠡᠯᠲᠡ᠎ᠶᠢ ᠨᠠᠮ᠎ᠤᠨ ᠳᠦᠷᠢᠮ᠎ᠳᠦ ᠪᠢᠴᠢᠨ ᠣᠷᠣᠭᠤᠯᠵᠤ᠂ ᠦᠨᠳᠦᠰᠦᠨ ᠬᠠᠤᠯᠢ᠎ᠳᠤ ᠪᠢᠴᠢᠨ ᠣᠷᠣᠭᠤᠯᠪᠠ; ᠲᠥᠪ᠎ᠦᠨ ᠥᠭᠡᠷᠡᠴᠢᠯᠡᠯᠲᠡ᠎ᠶᠢ ᠪᠦᠬᠦ᠌ ᠲᠠᠯ᠎ᠠ᠎ᠪᠠᠷ ᠭᠦᠨᠵᠡᠭᠡᠶ᠋ᠢᠷᠡᠭᠦᠯᠬᠦ᠌ ᠬᠤᠷᠢᠶ᠎ᠠ᠂ ᠲᠥᠪ᠎ᠦᠨ ᠤᠯᠤᠰ᠎ᠤᠨ ᠠᠮᠤᠷ ᠲᠦᠪᠰᠢᠨ᠎ᠦ ᠬᠤᠷᠢᠶ᠎ᠠ᠂ ᠲᠥᠪ᠎ᠦᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠲᠠ᠎ᠶᠢᠨ ᠬᠤᠷᠢᠶ᠎ᠠ᠂ ᠲᠥᠪ᠎ᠦᠨ ᠡᠳ᠋᠎ᠦᠨ ᠵᠠᠰᠠᠭ ᠠᠵᠤ ᠠᠬᠤᠢ᠎ᠶᠢᠨ ᠬᠤᠷᠢᠶ᠎ᠠ ᠵᠡᠷᠭᠡ᠎ᠶᠢ ᠪᠠᠶ᠋ᠢᠭᠤᠯᠪᠠ; ᠲᠥᠪ᠎ᠦᠨ ᠤᠯᠤᠰ ᠲᠦᠷᠦ᠎ᠶᠢᠨ ᠲᠣᠪᠴᠢᠶᠠᠨ᠎ᠤ ᠨᠥᠬᠥᠳ ᠵᠢᠯ ᠪᠦᠷᠢ ᠨᠠᠮ᠎ᠤᠨ ᠲᠥᠪ ᠬᠣᠷᠢᠶ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠳᠦ ᠪᠢᠴᠢᠭ᠎ᠦᠨ ᠬᠡᠯᠪᠡᠷᠢ᠎ᠪᠡᠷ ᠲᠤᠰᠢᠶᠠᠯ᠎ᠤᠨ ᠮᠡᠳᠡᠭᠦᠯᠦᠯᠲᠡ ᠬᠢᠪᠡ; ᠲᠥᠪ᠎ᠦᠨ ᠰᠢᠢᠳᠪᠦᠷᠢᠲᠦ᠍ ᠪᠣᠳᠣᠯᠭ᠎ᠠ ᠲᠣᠭᠲᠠᠭᠠᠬᠤ ᠬᠡᠷᠡᠭ ᠵᠥᠪᠯᠡᠵᠦ᠍ ᠵᠣᠬᠢᠴᠠᠭᠤᠯᠬᠤ ᠠᠯᠢ ᠣᠯᠠᠨ ᠪᠠᠶ᠋ᠢᠭᠤᠯᠤᠮᠵᠢ᠎ᠶᠢᠨ ᠠᠵᠢᠯ᠎ᠤᠨ ᠲᠣᠭᠲᠠᠴᠠ᠎ᠶᠢ ᠪᠦᠷᠢᠨᠰᠢᠭᠦᠯᠪᠡ ᠁

ᠰᠢᠨ᠎ᠡ ᠴᠠᠭ ᠦᠶ᠎ᠡ᠎ᠳᠦ ᠤᠷᠤᠭᠰᠠᠨ᠎ᠤ ᠳᠠᠷᠠᠭ᠎ᠠ᠂ ᠠᠯᠢ ᠣᠯᠠᠨ ᠲᠦᠷᠢᠮ ᠪᠠ ᠠᠷᠭ᠎ᠠ ᠬᠡᠮᠵᠢᠶ᠎ᠡ ᠨᠢ ᠪᠥᠬᠥ᠌ ᠨᠠᠮ᠎ᠤᠨ ᠦᠵᠡᠯ ᠰᠠᠨᠠᠭ᠎ᠠ ᠤᠯᠤᠰ ᠲᠥᠷᠥ᠍ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠬᠰᠡᠨ ᠨᠠᠮ᠎ᠤᠨ ᠲᠥᠪ ᠬᠣᠷᠢᠶ᠎ᠠ᠎ᠯᠤᠭ᠎ᠠ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠶ᠋ᠢᠬᠤ᠎ᠳᠤ ᠬᠦᠴᠦᠲᠡᠶ ᠪᠠᠲᠤᠯᠠᠭ᠎ᠠ ᠬᠠᠩᠭᠠᠵᠤ᠂ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶᠢᠨ ᠨᠠᠩ ᠪᠠᠲᠤ᠌ ᠴᠢᠩᠭ᠎ᠠ ᠬᠦᠴᠦᠨ᠎ᠲᠡᠶ ᠪᠠᠶ᠋ᠢᠬᠤ᠎ᠶᠢ ᠦᠨᠡᠨ ᠬᠦ᠌ ᠪᠠᠲᠤᠯᠠᠪᠠ᠃

ᠨᠠᠮ᠎ᠤᠨ ᠰᠤᠷᠲᠠᠯ ᠪᠣᠯ ᠨᠠᠮ᠎ᠤᠨ ᠲᠦᠷᠢ ᠲᠥᠷᠬᠦ᠌᠎ᠲᠡᠶ ᠬᠣᠯᠪᠣᠭᠳᠠᠵᠤ᠂ ᠬᠥᠮᠦᠨ᠎ᠦ ᠰᠡᠳᠬᠢᠯ᠎ᠦᠨ ᠬᠠᠨᠳᠤᠰᠢ᠎ᠲᠠᠶ ᠬᠣᠯᠪᠣᠭᠳᠠᠵᠤ᠂ ᠨᠠᠮ᠎ᠤᠨ ᠮᠠᠨᠳᠤᠵᠤ ᠮᠥᠬᠥᠬᠦ᠌᠎ᠲᠡᠶ ᠬᠣᠯᠪᠣᠭᠳᠠᠨ᠎ᠠ᠃

2012 ᠣᠨ᠎ᠤ 12 ᠰᠠᠷ᠎ᠠ᠎ᠶᠢᠨ 4 ᠎ᠤ᠋ ᠡᠳᠦᠷ᠂ ᠲᠥᠪ ᠬᠣᠷᠢᠶ᠎ᠠ ᠵᠢᠨ ᠤᠯᠤᠰ ᠲᠥᠷᠥ᠎ᠶᠢᠨ ᠲᠣᠪᠴᠢᠶ᠎ᠠ ᠠᠵᠢᠯ᠎ᠤᠨ ᠰᠤᠷᠲᠠᠯ᠎ᠢᠶᠠᠨ ᠰᠠᠶ᠋ᠢᠵᠢᠷᠠᠭᠤᠯᠬᠤ᠂ ᠣᠯᠠᠨ ᠲᠦᠮᠡᠨ᠎ᠲᠡᠶ ᠨᠢᠭᠲᠠ ᠬᠠᠷᠢᠯᠴᠠᠬᠤ ᠲᠤᠬᠠᠶ ᠨᠠᠢ᠍ᠮᠠᠨ ᠲᠣᠭᠲᠠᠭᠠᠯ᠎ᠢ ᠬᠢᠨᠠᠨ ᠵᠦᠪᠯᠡᠵᠤ ᠪᠠᠲᠤᠯᠠᠪᠠ᠃ ᠤᠬᠤᠷᠬᠠᠨ 600 ᠭᠠᠷᠤᠢ ᠦᠰᠦᠭ᠎ᠲᠡᠶ᠂ ᠪᠠᠶ᠋ᠢᠴᠠᠭᠠᠨ ᠰᠤᠳᠤᠯᠤᠯᠲᠠ ᠬᠢᠬᠦ᠂ ᠬᠤᠷᠠᠯ᠎ᠤᠨ ᠠᠵᠢᠯᠯᠠᠭ᠎ᠠ ᠵᠡᠷᠭᠡ 8 ᠲᠠᠯ᠎ᠠ᠎ᠡᠴᠡ ᠰᠤᠷᠲᠠᠯ᠎ᠤᠨ ᠪᠠᠶ᠋ᠢᠭᠤᠯᠤᠯᠲᠠ᠎ᠶᠢ ᠴᠢᠩᠭᠠᠳᠬᠠᠬᠤ ᠲᠤᠬᠠᠢ ᠲᠦᠷᠢᠮ ᠲᠣᠭᠲᠠᠭᠠᠯ ᠲᠣᠭᠲᠠᠭᠠᠪᠠ᠃

ᠨᠠᠢ᠍ᠮᠠᠨ ᠲᠣᠭᠲᠠᠭᠠᠯ᠎ᠢ ᠨᠠᠢᠳᠠᠪᠤᠷᠢᠵᠢᠭᠤᠯᠤᠬᠰᠡᠨ ᠡᠴᠡ ᠰᠤᠷᠲᠠᠯ᠎ᠤᠨ ᠪᠠᠶ᠋ᠢᠭᠤᠯᠤᠯᠲᠠ ᠵᠢ ᠪᠦᠬᠦ᠌ ᠲᠠᠯ᠎ᠠ᠎ᠪᠠᠷ ᠠᠮᠢᠳᠤᠯᠢᠭᠵᠢᠭᠤᠯᠪᠠ᠃ ᠶᠧᠪᠡᠩ᠂ ᠪᠠᠶᠠᠷ ᠬᠦᠷᠬᠡᠬᠦ ᠺᠠᠷᠲ᠂ ᠬᠤᠸᠠᠷ ᠫᠤᠤᠵᠢᠩ ᠤ᠋ᠨ ᠪᠡᠯᠡᠭ ᠰᠡᠯᠳᠡ ᠵᠢᠨ ᠠᠰᠠᠭᠤᠳᠠᠯ᠎ᠢ ᠠᠳᠬᠤᠬᠤ᠎ᠡᠴᠡ ᠠᠪᠤᠭᠠᠳ ᠪᠠᠶᠠᠷ ᠳᠤᠷᠠᠰᠬᠠᠯ ᠠᠮᠠᠷᠠᠯᠲᠠ᠎ᠶᠢᠨ ᠡᠳᠦᠷ᠎ᠤᠨ ᠰᠠᠬᠢᠯᠭ᠎ᠠ ᠪᠠᠳᠤ᠎ᠵᠢ ᠠᠳᠬᠤᠬᠤ᠂ 《ᠨᠠᠢ᠍ᠮᠠᠨ ᠴᠠᠭ᠎ᠡᠴᠡ ᠭᠠᠳᠠᠨᠠᠬᠢ》 ᠰᠤᠷᠳᠠᠯ᠎ᠢ ᠠᠳᠬᠤᠬᠤ᠂ ᠡᠳᠦᠷ ᠲᠤᠲᠤᠮ᠎ᠤᠨ ᠠᠰᠠᠭᠤᠳᠠᠯ ᠢ᠋ ᠠᠳᠬᠤᠬᠤ ᠬᠦᠷᠳᠡᠯ᠎ᠠ ᠁ ᠨᠠᠢ᠍ᠮᠠᠨ ᠲᠣᠭᠲᠠᠭᠠᠯ᠎ᠢ ᠨᠡᠶ᠋ᠢᠲᠡᠯᠡᠭᠰᠡᠨ 14 ᠵᠢᠯ᠎ᠦᠨ ᠲᠤᠷᠰᠢ᠂ ᠠᠯᠢ ᠣᠯᠠᠨ ᠪᠣᠳᠠᠲᠠᠶ ᠠᠰᠠᠭᠤᠳᠠᠯ᠎ᠢ ᠰᠢᠢᠳᠪᠦᠷᠢᠯᠡᠬᠦ ᠵᠢ ᠰᠢᠪᠲᠤᠯᠤᠯᠲᠠ ᠭᠠᠷᠭᠠᠬᠤ᠎ᠪᠠᠷ ᠨᠡᠶ᠋ᠢᠳᠡᠮ᠎ᠦᠨ ᠠᠰᠠᠭᠤᠳᠠᠯ᠎ᠢ ᠰᠢᠢᠳᠪᠦᠷᠢᠯᠡᠬᠦ᠌᠎ᠶᠢ ᠳᠠᠶ᠋ᠢᠴᠢᠯᠠᠪᠠ᠃

ᠰᠤᠷᠲᠠᠯ᠎ᠤᠨ ᠪᠠᠶ᠋ᠢᠭᠤᠯᠤᠯᠲᠠ᠎ᠡᠨᠡ ᠬᠦ᠌ 《ᠠᠯᠲᠠᠨ ᠰᠢᠷᠭᠠᠯ ᠨᠡᠷ᠎ᠡ᠎ᠶᠢᠨ ᠬᠠᠭᠤᠳᠠᠰᠤ》 ᠵᠢ ᠬᠡᠷᠬᠢᠨ ᠤᠯᠠᠮ ᠬᠡᠷᠡᠯ ᠬᠢᠯᠪᠠᠭ᠎ᠠ ᠰᠠᠴᠤᠷᠠᠭᠤᠯᠬᠤ ᠪᠤᠶ? ᠶᠡᠷᠦᠩᠬᠡᠢ ᠱᠦᠵᠢ ᠰᠢ ᠵᠢᠨ ᠫᠢᠩ ᠡᠨᠡ ᠠᠰᠠᠭᠤᠳᠠᠯ᠎ᠢ ᠢᠮᠠᠭᠲᠠ ᠪᠣᠳᠣᠯᠬᠢᠯᠠᠬᠰᠠᠭᠠᠷ ᠪᠠᠢᠯ᠎ᠠ᠃

2025 ᠣᠨ᠎ᠤ ᠪᠥᠬᠥ᠌ ᠤᠯᠤᠰ᠎ᠤᠨ ᠬᠣᠶᠠᠷ ᠬᠤᠷᠠᠯ ᠰᠠᠶᠢᠬᠠᠨ ᠳᠠᠭᠤᠰᠤᠬᠰᠠᠨ ᠲᠠᠷᠤᠢ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠪᠥᠬᠥ᠌ ᠨᠠᠮ᠎ᠤᠨ ᠬᠡᠪᠴᠢᠶᠡᠨ᠎ᠳᠦ ᠦᠳᠲᠡᠷ ᠲᠦᠷᠭᠡᠨ ᠥᠷᠨᠢᠭᠦᠯᠪᠡ᠃

《ᠡᠳᠡᠭᠡᠷ ᠵᠢᠯ᠎ᠦᠳ᠎ᠲᠦ᠍᠂ ᠨᠠᠢ᠍ᠮᠠᠨ ᠲᠣᠭᠲᠠᠭᠠᠯ ᠨᠢ ᠦᠨᠡᠬᠡᠷ ᠦᠨᠳᠦᠰᠦᠨ ᠴᠢᠨᠠᠷᠲᠠᠶ ᠬᠤᠪᠢᠷᠠᠯᠲᠠ ᠭᠠᠷᠬᠤ᠎ᠶᠢ ᠠᠬᠢᠭᠤᠯᠵᠤ᠂ ᠬᠡᠪ ᠰᠤᠷᠲᠠᠯ ᠰᠢᠨᠡᠳᠴᠦ᠍᠂ ᠥᠩᠭᠡᠷᠡᠭᠰᠡᠨ᠎ᠦ ᠬᠦᠨᠳᠦ ᠭᠡᠴᠡᠬᠦᠤ ᠦᠵᠡᠭᠳᠡᠯ᠎ᠦᠨ ᠣᠯᠠᠩᠬᠢ ᠨᠢ ᠦᠭᠡᠢ ᠪᠣᠯᠵᠠᠶ᠃ ᠡᠭᠦᠨ᠎ᠦ ᠵᠡᠷᠭᠡ ᠪᠡᠷ᠂ ᠵᠠᠷᠢᠮ ᠭᠠᠵᠠᠷ᠎ᠲᠤ᠌ ᠡᠷᠴᠢ ᠰᠤᠯᠠᠷᠠᠭᠰᠠᠨ ᠪᠠᠶ᠋ᠢᠳᠠᠯ ᠭᠠᠷᠴᠤ᠌᠂ ᠵᠠᠷᠢᠮ ᠲᠠᠯ᠎ᠠ᠎ᠪᠠᠷ ᠪᠠᠰᠠ ᠬᠠᠮᠢᠶᠠᠷᠤᠯᠳᠠ ᠵᠢᠨ ᠬᠤᠭᠤᠰᠤᠨ ᠣᠷᠣᠨ ᠤᠷᠤᠰᠢᠵᠤ᠂ ᠵᠠᠷᠢᠮ ᠮᠠᠭᠤ ᠮᠠᠭᠤᠬᠠᠢ ᠬᠡᠪ ᠰᠤᠷᠲᠠᠯ ᠲᠠᠬᠢᠨ ᠢᠯᠡᠷᠡᠬᠦ᠌ ᠦᠵᠡᠭᠳᠡᠯ ᠭᠠᠷᠤᠭᠰᠠᠨ᠎ᠢ ᠣᠯᠵᠤ ᠬᠠᠷᠠᠬᠤ ᠬᠡᠷᠡᠭᠲᠡᠢ᠃ ᠬᠠᠳᠠᠭᠠᠰᠤ ᠬᠠᠳᠠᠬᠤ ᠵᠤᠷᠢᠭ ᠰᠠᠨᠠᠭ᠎ᠠ ᠵᠢ ᠪᠠᠳᠠᠷᠠᠭᠤᠯᠬᠤ ᠳ᠋ᠤ᠂ ᠲᠠᠬᠢᠨ ᠲᠠᠪᠳᠠᠨ ᠬᠢᠵᠤ᠂ ᠤᠳᠠᠭᠠᠨ ᠳᠠᠭᠠᠭᠠᠮᠠᠭᠠᠶ ᠵᠢᠳᠬᠦᠯ ᠴᠢᠷᠮᠠᠢᠯᠭ᠎ᠠ ᠭᠠᠷᠭᠠᠵᠤ᠂ ᠬᠡᠪ ᠵᠠᠩᠰᠢᠯ ᠪᠣᠯᠭᠠᠬᠤ ᠬᠡᠷᠡᠭᠲᠡᠶ》᠃

ᠨᠠᠮ᠎ᠤᠨ ᠳᠣᠲᠣᠭᠠᠳᠤ᠎ᠶᠢᠨ ᠤᠳᠠᠭ᠎ᠠ ᠪᠦᠷᠢ᠎ᠶᠢᠨ ᠰᠤᠷᠤᠯᠴᠠᠯᠭ᠎ᠠ ᠬᠦᠮᠦᠵᠢᠯ ᠨᠢ ᠰᠤᠷᠲᠠᠯ᠎ᠤᠨ ᠪᠠᠶ᠋ᠢᠭᠤᠯᠤᠯᠲᠠ᠎ᠶᠢ ᠢᠮᠠᠭᠲᠠ ᠴᠢᠬᠤᠯᠠ ᠠᠭᠤᠯᠭ᠎ᠠ ᠪᠣᠯᠭᠠᠭᠰᠠᠭᠠᠷ ᠢᠷᠡᠪᠡ; ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠤᠯᠤᠰ ᠲᠥᠷᠥ᠎ᠶᠢᠨ ᠲᠣᠪᠴᠢᠶ᠎ᠠ᠂ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠤᠯᠤᠰ ᠲᠥᠷᠥ᠎ᠶᠢᠨ ᠲᠣᠪᠴᠢᠶᠠᠨ᠎ᠤ ᠠᠩᠬᠠᠳᠤᠭᠠᠷ ᠬᠤᠷᠠᠯ᠎ᠨᠢ ᠴᠥᠮ ᠨᠠᠢ᠍ᠮᠠᠨ ᠲᠣᠭᠲᠠᠭᠠᠯ᠎ᠢ ᠬᠡᠷᠡᠭᠵᠢᠭᠦᠯᠬᠦ᠌ ᠨᠠᠷᠢᠨ ᠲᠦᠷᠢᠮ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ ᠨᠠᠷᠢᠯᠢᠬᠵᠢᠭᠤᠯᠪᠠ; ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠳᠤ 《ᠰᠤᠷᠲᠠᠯ᠎ᠤᠨ ᠪᠠᠶ᠋ᠢᠭᠤᠯᠤᠯᠲᠠ᠎ᠶᠢ ᠪᠠᠶ᠋ᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠠᠶ᠋ᠢᠯᠭᠠᠬᠤ᠎ᠶᠢ ᠪᠠᠷᠢᠮᠲᠠᠯᠠᠬᠤ ᠭᠡᠷᠡᠭᠳᠠᠢ》 ᠭᠡᠵᠦ᠍ ᠲᠣᠳᠣᠷᠬᠠᠶ ᠳᠤᠷᠠᠳᠤᠬᠰᠡᠨ ᠨᠢ ᠢᠯᠡ ᠲᠣᠳᠣ ᠠᠷᠠᠳ ᠲᠦᠮᠡᠨ᠎ᠦ ᠵᠣᠭᠰᠣᠯᠲᠠ ᠵᠢ ᠢᠯᠡᠷᠡᠭᠦᠯᠪᠡ᠃

ᠳᠡᠭᠡᠷ᠎ᠡ᠎ᠡᠴᠡ ᠳᠣᠷᠣᠭᠰᠢ᠂ ᠳᠡᠭᠡᠳᠦ᠎ᠱᠠᠳᠤ ᠨᠢ ᠳᠣᠤᠷᠠᠳᠤ ᠱᠠᠳᠤ ᠪᠡᠨ ᠳᠠᠭᠠᠭᠤᠯᠬᠤ᠎ᠶᠢ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠨᠠᠮ᠎ᠤᠨ ᠰᠤᠷᠲᠠᠯ᠎ᠤᠨ ᠪᠠᠶ᠋ᠢᠭᠤᠯᠤᠯᠲᠠ᠎ᠶᠢ ᠴᠥᠬᠥᠷᠡᠰᠢ ᠦᠭᠡᠢ  ᠪᠠᠷᠢᠮᠳᠠᠯᠠᠨ ᠰᠠᠶ᠋ᠢᠲᠤᠷ ᠠᠳᠬᠤᠵᠤ᠂ ᠤᠷᠳᠤ ᠬᠤᠭᠤᠴᠠᠭ᠎ᠠ᠎ᠪᠠᠷ ᠬᠣᠷᠢᠭᠯᠠᠵᠤ ᠳᠡᠶ᠋ᠢᠯᠦᠭᠡᠳᠦᠢ ᠪᠠᠶ᠋ᠢᠭᠰᠠᠨ ᠵᠠᠷᠢᠮ ᠭᠠᠵᠢᠭᠤ ᠰᠤᠷᠲᠠᠯ᠎ᠢ ᠬᠣᠷᠢᠭᠯᠠᠨ ᠵᠣᠭᠰᠣᠭᠠᠵᠤ᠂ ᠤᠯᠠᠨ ᠵᠢᠯ᠎ᠦᠨ ᠲᠤᠷᠰᠢ ᠠᠷᠢᠯᠭᠠᠭᠠᠳᠤᠢ ᠪᠠᠶ᠋ᠢᠭᠰᠠᠨ ᠵᠠᠷᠢᠮ ᠠᠷᠬᠠᠭ ᠭᠡᠮ᠎ᠢ ᠵᠠᠯᠠᠷᠠᠭᠤᠯᠤᠨ ᠵᠠᠰᠠᠵᠤ᠂ ᠰᠤᠷᠲᠠᠯ᠎ᠤᠨ ᠪᠠᠶ᠋ᠢᠭᠤᠯᠤᠯᠲᠠ᠎ᠶᠢᠨ ᠰᠢᠨ᠎ᠡ ᠳᠦᠷᠰᠦ ᠪᠠᠶ᠋ᠢᠳᠠᠯ᠎ᠢᠶᠠᠷ ᠠᠷᠠᠳ ᠤᠯᠠᠨ᠎ᠤ ᠴᠢᠩ ᠰᠡᠳᠬᠢᠯ᠎ᠦᠨ ᠬᠦᠷᠢᠶᠡᠯᠡᠯ᠎ᠢ ᠣᠯᠤᠭᠰᠠᠨ ᠪᠠᠶ᠋ᠢᠨ᠎ᠠ᠃

ᠢᠯᠵᠢᠷᠠᠯ ᠪᠣᠯ ᠨᠠᠮ ᠪᠤᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠶᠠᠪᠤᠴᠠ᠎ᠳᠠᠬᠢ  ᠬᠠᠷᠰᠢ ᠰᠠᠭᠠᠳ᠂ ᠲᠤᠱᠠ ᠲᠤᠳᠬᠠᠷ ᠮᠥᠨ᠂ ᠢᠯᠵᠢᠷᠠᠯ᠎ᠢ ᠡᠰᠡᠷᠭᠦᠴᠡᠬᠦ᠌ ᠪᠣᠯ ᠢᠯᠠᠭᠳᠠᠵᠤ ᠪᠣᠯᠤᠰᠢ ᠦᠭᠡᠢ ᠪᠥᠭᠡᠳ ᠶᠠᠭᠠᠬᠢᠭᠰᠠᠨ ᠴᠤ᠌ ᠢᠯᠠᠭᠳᠠᠵᠤ ᠪᠣᠯᠬᠤ ᠦᠭᠡᠢ ᠴᠢᠬᠤᠯᠠ ᠶᠡᠬᠡ ᠲᠡᠮᠡᠴᠡᠯ ᠮᠥᠨ᠃

2025 ᠣᠨ᠎ᠤ 10 ᠰᠠᠷ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ ᠪᠡᠭᠡᠵᠢᠩ᠎ᠳᠦ ᠬᠤᠷᠠᠯᠳᠤᠪᠠ᠃ ᠪᠦᠬᠦᠳᠡ ᠬᠤᠷᠠᠯ᠎ᠡᠴᠡ ᠤᠯᠠᠨ ᠤᠳᠤᠷᠢᠳᠬᠤ ᠺᠠᠳ᠋ᠷ᠎ᠤᠨ ᠰᠠᠬᠢᠯᠭ᠎ᠠ ᠪᠠᠲᠤ᠌ ᠬᠠᠤᠯᠢ ᠴᠠᠭᠠᠵᠠ᠎ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ᠎ᠤᠨ ᠲᠤᠬᠠᠢ ᠬᠢᠨᠠᠨ ᠪᠠᠶ᠋ᠢᠴᠠᠭᠠᠭᠰᠠᠨ ᠮᠡᠳᠡᠭᠦᠯᠦᠯᠲᠡ᠎ᠶᠢ ᠬᠢᠨᠠᠨ ᠵᠦᠪᠯᠡᠵᠤ ᠪᠠᠲᠤᠯᠠᠪᠠ᠃

《ᠬᠠᠲᠠᠭᠤ ᠴᠢᠩᠭ᠎ᠠ ᠠᠷᠭ᠎ᠠ ᠬᠡᠮᠵᠢᠶ᠎ᠡ᠎ᠪᠡᠷ ᠢᠯᠵᠢᠷᠠᠯ᠎ᠢ ᠡᠰᠡᠷᠭᠦᠴᠡᠬᠦ᠌ ᠥᠬᠡᠶ ᠪᠣᠯ ᠬᠤᠢᠰᠢᠳᠠ ᠵᠢᠨ ᠬᠦᠨᠦᠬᠡᠯ ᠬᠢᠵᠠᠭᠠᠷ ᠦᠬᠡᠢ᠃ 〈ᠵᠢᠪᠦᠭᠰᠡᠨ ᠵᠡᠪᠢ ᠵᠢᠨ ᠲᠡᠷᠭᠡᠳᠡᠬᠦᠷ ᠮᠢᠩᠭᠠᠨ ᠤᠨᠭᠭᠤᠴᠠ ᠥᠩᠭᠡᠷᠡᠨ᠂ ᠬᠤᠪᠠᠬᠠᠢᠷᠠᠬᠰᠡᠨ ᠮᠣᠳᠣᠨ᠎ᠤ ᠬᠠᠪᠢ ᠪᠡᠷ ᠲᠦᠮᠡᠨ ᠮᠣᠳᠣ ᠬᠦᠭᠡᠷᠡᠮᠤᠢ〉》᠃

ᠪᠦᠬᠦᠳᠠ ᠬᠤᠷᠠᠯ ᠳᠡᠭᠡᠷ᠎ᠡ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠶ᠋ᠢᠪᠢᠰᠢ ᠦᠭᠡᠢ ᠥᠷᠨᠢᠭᠦᠯᠬᠦ᠌ ᠲᠤᠬᠠᠢ ᠶᠠᠷᠢᠬᠤ᠎ᠳᠠᠭᠠᠨ ᠶᠡᠷᠦᠩᠬᠡᠢ ᠱᠦᠵᠢ ᠰᠢ ᠵᠢᠨ ᠫᠢᠩ᠄ 《ᠢᠯᠵᠢᠷᠠᠯ᠎ᠢ ᠡᠰᠡᠷᠭᠦᠴᠡᠬᠦ᠌ ᠰᠦᠷ ᠬᠦᠴᠦᠲᠦ᠍ ᠪᠠᠶ᠋ᠢᠳᠠᠯ᠎ᠢ ᠢᠮᠠᠭᠲᠠ ᠪᠠᠲᠤᠯᠠᠵᠤ᠂ ᠢᠯᠵᠢᠷᠠᠯ᠎ᠤᠨ ᠬᠡᠷᠡᠭ᠎ᠢ ᠬᠠᠤᠯᠢ ᠶᠣᠰᠣᠭᠠᠷ᠂ ᠲᠦᠷᠢᠮ ᠲᠣᠭᠲᠠᠭᠠᠯ ᠶᠣᠰᠣᠭᠠᠷ ᠪᠠᠶ᠋ᠢᠴᠠᠭᠠᠨ ᠰᠢ᠌ᠳᠪᠦᠷᠢᠯᠡᠵᠦ᠍᠂ ᠢᠯᠵᠢᠷᠠᠮᠠᠯ ᠡᠲᠡᠭᠡᠳ᠎ᠢ ᠴᠢᠩᠭ᠎ᠠ ᠵᠠᠯᠬᠠᠭᠠᠨ ᠰᠢ᠌ᠳᠬᠡᠵᠦ᠍᠂ ᠨᠢᠭᠡ ᠠᠯᠬᠤᠮ ᠴᠤ᠌ ᠵᠣᠭᠰᠣᠬᠤ ᠦᠭᠡᠢ᠂ ᠬᠠᠭᠠᠰ ᠠᠯᠬᠤᠮ ᠴᠤ᠌ ᠤᠬᠤᠷᠢᠬᠤ ᠦᠭᠡᠢ ᠪᠠᠶ᠋ᠢᠬᠤ ᠬᠡᠷᠡᠭᠲᠡᠢ᠂ ᠢᠯᠵᠢᠷᠠᠮᠠᠯ ᠡᠲᠡᠭᠡᠳ᠎ᠢ ᠶᠠᠮᠠᠷ ᠴᠤ᠌ ᠪᠡᠶ᠎ᠡ ᠳᠠᠯᠳᠠᠯᠠᠬᠤ ᠭᠠᠵᠠᠷ ᠦᠭᠡᠢ᠂ ᠶᠠᠮᠠᠷ ᠴᠤ᠌ ᠬᠥᠮᠦᠨ᠎ᠢ ᠴᠥᠮ ᠭᠣᠷᠢᠳᠠᠬᠤ ᠪᠤᠳᠤᠯ᠂ ᠬᠡᠢ ᠬᠦᠰᠡᠯ᠎ᠲᠡᠶ ᠪᠠᠶ᠋ᠢᠯᠭᠠᠵᠤ ᠪᠣᠯᠬᠤ ᠦᠭᠡᠢ》 ᠭᠡᠵᠤ ᠡᠷᠡᠰ ᠴᠢᠨᠭᠭ᠎ᠠ ᠤᠪᠤᠷ ᠲᠠᠢ ᠬᠡᠯᠡᠪᠡ᠃

ᠬᠡᠷᠡᠭ ᠪᠠᠶ᠋ᠢᠪᠠᠯ ᠵᠠᠪᠠᠯ ᠪᠠᠶ᠋ᠢᠴᠠᠭᠠᠵᠤ᠂ ᠱᠠᠮᠰᠢᠯ ᠪᠠᠶ᠋ᠢᠪᠠᠯ ᠵᠠᠪᠠᠯ ᠠᠷᠢᠯᠭᠠᠨ᠎ᠡ᠂ ᠰᠢᠨ᠎ᠡ ᠴᠠᠭ ᠦᠶ᠎ᠡ᠎ᠳᠦ ᠤᠷᠤᠭᠰᠠᠨ᠎ᠤ ᠳᠠᠷᠠᠭ᠎ᠠ᠂ ᠢᠯᠵᠢᠷᠠᠯ᠎ᠢ ᠡᠰᠡᠷᠭᠦᠴᠡᠬᠦ᠌ ᠡᠷᠴᠢᠮ ᠪᠠ ᠬᠡᠪᠴᠢᠶ᠎ᠡ᠎ᠶᠢᠨ ᠶᠡᠬᠡ ᠨᠢ ᠳᠡᠯᠡᠬᠡᠶ᠎ᠳᠦ ᠬᠣᠪᠣᠷᠬᠠᠨ᠂ ᠲᠡᠦᠬᠡᠨ᠎ᠳᠦ ᠬᠣᠪᠣᠷᠬᠠᠨ ᠶᠤᠮ᠃

《ᠪᠠᠷᠰ᠎ᠢ ᠴᠣᠬᠢᠬᠤ》 ᠳ᠋ᠤ ᠬᠣᠷᠢᠭᠠᠲᠤ᠌ ᠣᠷᠣᠨ ᠥᠬᠡᠶ ᠪᠠᠢᠵᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠮ᠎ᠤᠨ ᠬᠣᠷᠢᠳᠤᠭᠠᠷ ᠶᠡᠬᠡ ᠬᠤᠷᠠᠯ ᠬᠤᠷᠠᠯᠳᠤᠬᠤ ᠡᠴᠡ ᠡᠮᠤᠨᠡᠭᠡᠨ ᠪᠤᠯᠳᠠᠯ᠎ᠠ᠂ ᠲᠥᠪ᠎ᠡᠴᠡ ᠬᠠᠮᠢᠶᠠᠷᠴᠤ᠌ ᠪᠠᠶ᠋ᠢᠭ᠎ᠠ 500 ᠭᠠᠷᠤᠶ ᠺᠠᠳ᠋ᠷ᠎ᠢ ᠬᠡᠷᠡᠭ ᠪᠣᠯᠭᠠᠨ ᠳᠡᠩᠰᠡᠯᠡᠵᠦ᠍ ᠬᠢᠨᠠᠨ ᠪᠠᠶ᠋ᠢᠴᠠᠭᠠᠵᠤ᠂ 2023 ᠣᠨ᠂ 2024 ᠣᠨ᠂ 2025 ᠣᠨ ᠳ᠋ᠤ᠂ ᠲᠥᠪ᠎ᠦᠨ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠶ᠋ᠢᠴᠠᠭᠠᠬᠤ ᠵᠥᠪᠯᠡᠯ ᠲᠣᠰ ᠲᠣᠰ ᠲᠥᠪ᠎ᠡᠴᠡ ᠬᠠᠮᠢᠶᠠᠷᠴᠤ᠌ ᠪᠠᠶ᠋ᠢᠭ᠎ᠠ ᠺᠠᠳ᠋ᠷ ᠢ᠋ 87 ᠬᠦᠮᠦᠨ᠂ 92 ᠬᠥᠮᠦᠨ᠂ 181 ᠬᠥᠮᠦᠨ᠎ᠢ ᠬᠡᠷᠡᠭ ᠪᠣᠯᠭᠠᠨ ᠳᠡᠩᠰᠡᠯᠡᠵᠦ᠍ ᠬᠢᠨᠠᠨ ᠪᠠᠶ᠋ᠢᠴᠠᠭᠠᠵᠤ ᠪᠠᠶ᠋ᠢᠴᠠᠭᠠᠯᠲᠠ ᠬᠢᠪᠠ;

《ᠢᠯᠠᠭ᠎ᠠ ᠵᠢ ᠬᠦᠪᠢᠬᠦ》 ᠳ᠋ᠤ ᠴᠢᠨᠭᠭ᠎ᠠ ᠬᠠᠳᠠᠭᠤ ᠤᠷᠤᠵᠤ᠂ 2025 ᠣᠨ᠎ᠤ ᠨᠢᠭᠡ ᠯᠡ ᠵᠢᠯ᠎ᠳᠦ᠂ ᠲᠥᠪ᠎ᠦᠨ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠶ᠋ᠢᠴᠠᠭᠠᠬᠤ ᠵᠥᠪᠯᠡᠯ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ 8116 ᠬᠡᠷᠡᠭ᠎ᠢ ᠰᠢᠭᠤᠳ ᠪᠠᠶ᠋ᠢᠴᠠᠭᠠᠨ ᠰᠢᠢᠳᠪᠦᠷᠢᠯᠡᠵᠦ᠍ ᠬᠢᠨᠡᠨ ᠰᠢᠢᠳᠪᠦᠷᠢᠯᠡᠭᠦᠯᠵᠦ᠍᠂ ᠪᠥᠬᠥ᠌ ᠤᠯᠤᠰ᠎ᠢᠶᠡᠷ᠎ᠢᠶᠡᠨ ᠬᠣᠯᠪᠣᠭᠳᠠᠯ ᠪᠥᠬᠥᠶ ᠠᠰᠠᠭᠤᠳᠠᠯ᠎ᠢ ᠨᠡᠶ᠋ᠢᠲᠡ 96.7 ᠲᠦᠮᠡ ᠪᠠᠶ᠋ᠢᠴᠠᠭᠠᠨ ᠰᠢᠢᠳᠪᠦᠷᠢᠯᠡᠵᠦ᠍᠂ 62.7 ᠲᠦᠮᠡᠨ ᠬᠥᠮᠦᠨ᠎ᠳᠦ ᠰᠢᠢᠳᠬᠡᠯ ᠥᠭᠴᠦ᠍᠂ 2.2 ᠲᠦᠮᠡᠨ ᠬᠥᠮᠦᠨ᠎ᠢ ᠪᠠᠶ᠋ᠢᠴᠠᠭᠠᠬᠤ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠪᠡ;

《ᠦᠨᠡᠭᠡ ᠵᠢ ᠠᠪᠠᠯᠠᠬᠤ》 ᠠᠵᠢᠯᠯᠠᠭ᠎ᠠ ᠵᠣᠭᠰᠣᠰᠢ ᠥᠬᠡᠶ ᠪᠠᠢᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠡᠴᠡ ᠨᠠᠮ᠎ᠤᠨ ᠬᠣᠷᠢᠳᠤᠭᠠᠷ ᠶᠡᠬᠡ ᠬᠤᠷᠠᠯ ᠬᠤᠷᠠᠯᠳᠤᠬᠤ ᠡᠴᠡ ᠡᠮᠤᠨᠡᠭᠡᠨ ᠪᠣᠯᠲᠠᠯ᠎ᠠ᠂《ᠬᠠᠤᠯᠢ᠎ᠶᠢᠨ ᠲᠤᠤᠷ᠎ᠤᠨ ᠠᠵᠢᠯᠯᠠᠭ᠎ᠠ》 ᠨᠢ ᠭᠠᠳᠠᠭᠠᠳᠤ᠎ᠳᠤ ᠳᠤᠲᠠᠭᠠᠭᠰᠠᠨ 6900 ᠣᠷᠭᠣᠳᠤᠤᠯ ᠬᠡᠷᠡᠭᠲᠡᠨ᠎ᠢ ᠨᠡᠬᠡᠮᠵᠢᠯᠡᠨ ᠠᠪᠴᠢᠷᠠᠵᠤ᠂ 327.86 ᠳ᠋ᠦᠩᠰᠢᠭᠤᠷ ᠲᠥᠭᠥᠷᠢᠭ᠎ᠦᠨ ᠬᠠᠦᠯᠢ ᠪᠤᠰᠤ ᠵᠣᠭᠣᠰ᠎ᠢ ᠨᠡᠬᠡᠮᠵᠢᠯᠡᠨ ᠠᠪᠴᠢᠷᠠᠪᠠ᠃ 2025 ᠣᠨ᠎ᠳᠤ᠂ 505 ᠬᠡᠷᠡᠭ ᠎ᠢ ᠬᠢᠯᠢ ᠠᠯᠤᠰᠯᠠᠭᠰᠠᠨ ᠢᠯᠵᠢᠷᠠᠯ᠎ᠤᠨ ᠬᠡᠷᠡᠭ ᠪᠣᠯᠭᠠᠨ ᠳᠡᠩᠰᠡᠯᠡᠵᠦ᠍ ᠪᠠᠶ᠋ᠢᠴᠠᠭᠠᠨ ᠰᠢᠢᠳᠪᠦᠷᠢᠯᠡᠵᠦ᠍᠂ ᠭᠠᠳᠠᠭᠠᠳᠤ᠎ᠳᠤ ᠳᠤᠲᠠᠭᠠᠭᠰᠠᠨ 963 ᠣᠷᠭᠣᠳᠤᠤᠯ ᠬᠡᠷᠡᠭᠲᠡᠨ᠎ᠢ ᠨᠡᠬᠡᠮᠵᠢᠯᠡᠨ ᠠᠪᠴᠢᠷᠠᠵᠤ᠂ ᠠᠽᠢᠶ᠎ᠠ ᠲᠢᠪ᠎ᠦᠨ ᠭᠠᠵᠠᠷ ᠣᠷᠣᠨ᠎ᠳ᠋ᠤ 《ᠤᠯᠠᠭᠠᠨ ᠦᠩᠬᠡ ᠵᠢᠨ ᠨᠡᠬᠡᠮᠵᠢᠯᠠᠨ ᠪᠠᠷᠢᠪᠴᠢᠯᠠᠬᠤ ᠵᠠᠷ ᠨᠡᠢᠳᠡᠯᠡᠭᠰᠡᠨ ᠵᠠᠭᠤᠨ ᠬᠡᠷᠡᠭᠲᠡᠨ》 ᠢ᠋ ᠪᠦᠬᠦᠨ᠎ᠢ ᠪᠠᠷᠢᠪᠴᠢᠯᠠᠬᠤ᠎ᠶᠢ ᠪᠡᠶᠡᠯᠡᠭᠦᠯᠪᠡ;

᠁

ᠵᠠᠷᠢᠮ ᠭᠠᠳᠠᠭᠠᠳᠤ᠎ᠶᠢᠨ ᠵᠠᠭᠤᠴᠢᠯᠠᠭᠤᠷ᠎ᠤᠨ ᠦᠵᠡᠬᠦ᠌᠎ᠪᠡᠷ᠂ ᠳᠤᠮᠳᠠᠳᠤ ᠤᠯᠤᠰ᠎ᠤᠨ ᠣᠳᠣᠬᠠᠨ᠎ᠤ ᠢᠯᠵᠢᠷᠠᠯ᠎ᠢ ᠡᠰᠡᠷᠭᠦᠴᠡᠭᠰᠡᠨ ᠠᠮᠵᠢᠯᠲᠠ ᠪᠦᠲᠦᠮᠵᠢ ᠪᠣᠯ 《ᠳᠤᠮᠳᠠᠳᠤ ᠤᠯᠤᠰ ᠰᠢᠭ᠋ ᠡᠶ᠋ᠢᠮᠦ᠍ ᠳᠡᠯᠡᠬᠡᠶ ᠳᠡᠭᠡᠷᠡᠬᠢ ᠬᠥᠮᠦᠨ ᠠᠮᠠ᠎ᠪᠠᠷ ᠬᠠᠮᠤᠭ᠎ᠤᠨ ᠣᠯᠠᠨ ᠤᠯᠤᠰ᠎ᠲᠤ᠌ ᠢᠳᠡᠵᠦ᠍ ᠡᠮᠦᠰᠬᠦ᠌᠎ᠳᠡᠭᠡᠨ ᠵᠥᠪ ᠪᠣᠯᠬᠤ ᠠᠰᠠᠭᠤᠳᠠᠯ᠎ᠢ ᠰᠢᠢᠳᠪᠦᠷᠢᠯᠡᠵᠦ᠍᠂ ᠲᠤᠶ᠋ᠢᠯ᠎ᠤᠨ ᠶᠡᠬᠡ ᠶᠠᠳᠠᠭᠤ ᠬᠦᠴᠢᠷᠳᠡᠯ ᠢ᠋ ᠠᠷᠢᠯᠭᠠᠬᠤ᠎ᠲᠠᠶ ᠵᠡᠷᠭᠡᠴᠡᠭᠦᠯᠦᠨ ᠦᠬᠦᠯᠡᠵᠤ ᠳᠡᠶ᠋ᠢᠯᠬᠦ᠌ ᠯᠤᠲᠤ᠌ ᠶᠡᠬᠡ ᠬᠤᠪᠢ ᠨᠡᠮᠡᠷᠢ ᠮᠥᠨ》 ᠃

ᠠᠷᠪᠠ ᠭᠠᠷᠤᠢ ᠵᠢᠯ ᠬᠠᠲᠠᠭᠤᠵᠢᠨ ᠲᠠᠪᠳᠠᠬᠳᠠᠵᠤ᠂ ᠠᠷᠪᠠ ᠭᠠᠷᠤᠢ ᠵᠢᠯ ᠪᠣᠯᠣᠳ ᠮᠡᠳᠤ ᠬᠠᠳᠠᠨ ᠪᠠᠳᠤ ᠪᠤᠯᠪᠠ᠃

ᠤᠯᠤᠰ ᠲᠦᠷᠦ᠎ᠪᠡᠷ ᠬᠦᠳᠤᠯᠤᠨ ᠲᠠᠭᠠᠭᠤᠯᠬᠤ᠂ ᠦᠵᠡᠯ ᠰᠠᠨᠠᠭ᠎ᠠ ᠪᠡᠷ ᠰᠦᠭ ᠰᠦᠨᠡᠰᠦ᠎ᠶᠢ ᠱᠤᠭᠤᠬᠤ᠂ ᠵᠣᠬᠢᠶᠠᠨ ᠪᠠᠶ᠋ᠢᠭᠤᠯᠤᠯᠲᠠ᠎ᠪᠡᠷ ᠰᠠᠭᠤᠷᠢ᠎ᠶᠢ ᠪᠡᠬᠢᠵᠢᠭᠦᠯᠬᠦ᠌᠂ ᠰᠤᠷᠲᠠᠯ᠎ᠵᠢᠡᠷ ᠲᠦᠷᠢ ᠲᠦᠷᠬᠦ ᠵᠢ ᠱᠤᠭᠤᠬᠤ᠂ ᠰᠠᠬᠢᠯᠭ᠎ᠠ ᠪᠠᠲᠤ᠎ᠪᠡᠷ ᠦᠨᠳᠦᠰᠦ᠎ᠶᠢ ᠪᠡᠬᠢᠵᠢᠭᠦᠯᠬᠦ᠌ ᠪᠠ ᠲᠦᠷᠢᠮ᠎ᠢᠶᠡᠷ ᠨᠠᠮ᠎ᠢ ᠵᠠᠰᠠᠬᠤ᠎ᠶᠢ ᠴᠢᠩᠭᠠᠳᠬᠠᠵᠤ᠂ ᠢᠯᠵᠢᠷᠡᠬᠦ᠎ᠡᠴᠡ ᠵᠢᠷᠦᠬᠡᠰᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠡᠬᠦ᠎ᠶᠢ ᠪᠤᠳᠤᠬᠤ ᠦᠭᠡᠢ ᠪᠠᠶ᠋ᠢᠬᠤ᠎ᠶᠢ ᠨᠢᠭᠡ ᠴᠤᠬᠴᠠᠵᠢᠭᠤᠯᠤᠨ ᠠᠬᠢᠭᠤᠯᠪᠠ ᠁ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠨ ᠵᠢᠯᠤᠭᠤᠳᠤᠯᠭ᠎ᠠ ᠪᠠ ᠠᠬᠢᠭᠤᠯᠤᠯ ᠳᠣᠣᠷ᠎ᠠ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠷᠴᠢᠮ ᠤᠷᠢᠳ ᠡᠮᠦᠨ᠎ᠡ ᠪᠠᠶ᠋ᠢᠭ᠎ᠠ ᠦᠭᠡᠢ ᠴᠢᠩᠭᠠᠷᠠᠵᠤ᠂ ᠲᠡᠦᠬᠡᠲᠦ᠍ ᠴᠢᠨᠠᠷᠲᠠᠢ᠂ ᠪᠦᠲᠦᠭᠡᠯᠴᠢ ᠴᠢᠨᠠᠷᠲᠠᠢ ᠠᠮᠵᠢᠯᠲᠠ ᠣᠯᠵᠤ᠂ ᠪᠦᠬᠦ᠌ ᠲᠠᠯ᠎ᠠ᠎ᠶᠢᠨ᠂ ᠭᠦᠨ ᠳᠠᠪᠬᠤᠷᠭ᠎ᠠ᠎ᠶᠢᠨ ᠨᠥᠯᠥᠭᠡ ᠵᠢ ᠡᠭᠦᠰᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠪᠠᠲᠤ᠌ ᠴᠢᠩᠭ᠎ᠠ ᠬᠦᠴᠦᠲᠡᠢ ᠪᠠᠲᠤᠯᠠᠭ᠎ᠠ ᠬᠠᠩᠭᠠᠪᠠ᠃

《 ᠮᠠᠨ᠎ᠤ ᠨᠠᠮ᠎ᠤᠨ ᠲᠡᠦᠬᠡᠨ ᠳᠡᠭᠡᠷᠡᠬᠢ ᠪᠦᠲᠦᠮᠵᠢᠲᠡᠢ ᠰᠠᠢᠨ ᠲᠤᠷᠰᠢᠯᠭ᠎ᠠ ᠰᠠᠢᠨ ᠠᠷᠭ᠎ᠠ ᠬᠢᠳᠡᠯ᠎ᠢ ᠪᠠᠳᠠᠷᠠᠭᠤᠯᠬᠤ᠎ᠶᠢ ᠪᠠᠷᠢᠮᠲᠠᠯᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠭᠦᠨᠵᠡᠭᠡᠢᠷᠡᠭᠦᠯᠵᠦ᠂ ᠰᠢᠨ᠎ᠡ ᠲᠤᠷᠰᠢᠯᠭ᠎ᠠ᠎ᠶᠢ ᠡᠭᠦᠳᠪᠡ 》

ᠢᠦᠢ ᠳᠦ ᠾᠸ ᠭᠣᠣᠯ᠎ᠤᠨ ᠬᠥᠪᠡᠭᠡᠨ᠎ᠳᠦ᠂ ᠲᠥᠪ᠎ᠦᠨ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠡᠬᠢᠯᠡᠭᠰᠡᠨ ᠳᠤᠷᠠᠰᠬᠠᠯ᠎ᠤᠨ ᠬᠥᠰᠢᠶ᠎ᠡ ᠰᠡᠬᠦᠢᠨ ᠰᠦᠨᠳᠡᠷᠯᠡᠵᠦ᠂ 92 ᠵᠢᠯ᠎ᠦᠨ ᠡᠮᠦᠨ᠎ᠡ᠂ ᠲᠥᠪ᠎ᠦᠨ ᠤᠯᠠᠭᠠᠨ ᠴᠡᠷᠢᠭ᠎ᠦᠨ ᠭᠣᠣᠯ ᠬᠦᠴᠦᠨ ᠡᠨᠳᠡ ᠴᠤᠭᠯᠠᠷᠠᠵᠤ᠂ ᠠᠭᠤᠤ ᠶᠡᠬᠡ ᠠᠶᠠᠨ ᠲᠠᠢ᠍ᠢᠨ᠎ᠢ ᠡᠬᠢᠯᠡᠭᠦᠯᠪᠡ᠃

《ᠪᠢᠳᠡ ᠨᠠᠮ᠎ᠤᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ᠎ᠶᠢ ᠮᠠᠷᠲᠠᠵᠤ ᠪᠣᠯᠬᠤ ᠦᠭᠡᠢ᠂ ᠬᠤᠪᠢᠰᠬᠠᠯ᠎ᠤᠨ ᠬᠦᠰᠡᠯᠡᠩ ᠪᠣᠯᠣᠨ ᠬᠤᠪᠢᠰᠬᠠᠯ᠎ᠤᠨ ᠵᠣᠷᠢᠯᠲᠠ᠎ᠶᠢ ᠮᠠᠷᠲᠠᠵᠤ ᠪᠣᠯᠬᠤ ᠦᠭᠡᠢ᠂ ᠬᠤᠪᠢᠰᠬᠠᠯ᠎ᠤᠨ ᠲᠤᠭ᠎ᠢ ᠦᠷᠭᠦᠯᠵᠢᠯᠡᠨ ᠥᠨᠳᠥᠷ ᠮᠠᠨᠳᠤᠭᠤᠯᠵᠤ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠬᠠᠷᠠᠯᠲᠠ ᠲᠡᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ》᠃ 2019 ᠣᠨ᠎ᠤ 5 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠡᠨᠳᠡ ᠢᠷᠡᠵᠦ᠂ ᠭᠠᠢᠬᠠᠮᠰᠢᠭ᠍ᠲᠤ ᠲᠡᠦᠬᠡ᠎ᠶᠢ ᠲᠠᠬᠢᠨ ᠡᠷᠭᠢᠴᠡᠭᠦᠯᠪᠡ᠃

ᠶᠠᠨ ᠠᠨ᠎ᠤ ᠪᠦᠦ ᠲᠠ ᠱᠠᠨ ᠠᠭᠤᠯᠠᠨ ᠳᠣᠣᠷᠠᠬᠢ ᠬᠤᠪᠢᠰᠬᠠᠯ᠎ᠤᠨ ᠬᠠᠭᠤᠴᠢᠨ ᠪᠠᠭᠤᠷᠢ᠎ᠡᠴᠡ ᠲᠠᠢ ᠬᠠᠩ ᠱᠠᠨ ᠠᠭᠤᠯᠠᠨ᠎ᠤ ᠭᠦᠨ᠎ᠳᠡᠬᠢ ᠬᠤᠪᠢᠰᠬᠠᠯ᠎ᠤᠨ ᠰᠠᠭᠤᠷᠢᠨ ᠭᠠᠵᠠᠷ ᠬᠦᠷᠲᠡᠯ᠎ᠡ᠂ ᠲᠠᠬᠢᠭᠠᠳ ᠳᠠ ᠪᠢᠶᠸ ᠱᠠᠨ᠎ᠳᠠᠬᠢ ᠬᠤᠪᠧᠢ ᠾᠧᠨᠠᠨ ᠠᠨᠾᠦ᠋ᠢ ᠵᠢᠨ ᠰᠣᠪᠢᠶᠠᠳ ᠣᠷᠣᠨ᠎ᠤ ᠲᠥᠪ᠎ᠦᠨ ᠬᠤᠪᠢᠰᠬᠠᠯ᠎ᠤᠨ ᠮᠦᠽᠧᠢ ᠬᠦᠷᠲᠡᠯ᠎ᠡ ᠁ ᠶᠡᠷᠦᠩᠬᠡᠢ ᠱᠦᠵᠢ ᠰᠢ ᠵᠢᠨ ᠫᠢᠩ 《ᠳᠤᠮᠳᠠᠳᠤ ᠤᠯᠤᠰ᠎ᠤᠨ ᠬᠤᠪᠢᠰᠬᠠᠯ᠎ᠤᠨ ᠠᠶᠠᠨ ᠵᠠᠮ᠎ᠢᠶᠠᠷ ᠤᠭ ᠰᠠᠨᠠᠭ᠎ᠠ᠎ᠪᠠᠨ ᠳᠠᠪᠲᠠᠨ ᠪᠣᠯᠪᠠᠰᠤᠷᠠᠭᠤᠯᠵᠤ》᠂ ᠪᠦᠬᠦ ᠨᠠᠮ᠎ᠢ ᠬᠥᠲᠥᠯᠥᠨ ᠳᠠᠭᠠᠭᠤᠯᠵᠤ ᠬᠦᠰᠡᠯᠡᠩ᠎ᠦᠨ ᠣᠴᠢ᠂ ᠢᠲᠡᠭᠡᠯ ᠪᠢᠰᠢᠷᠡᠯ᠎ᠦᠨ ᠭᠡᠷᠡᠯ ᠭᠢᠯᠪᠠᠭ᠎ᠠ᠎ᠶᠢ ᠤᠯᠠᠮᠵᠢᠯᠠᠨ ᠪᠠᠳᠠᠷᠠᠭᠤᠯᠪᠠ᠃

《ᠳᠦᠷᠰᠦᠯᠢᠭ᠎ᠢᠶᠡᠷ ᠬᠡᠯᠡᠪᠡᠯ᠂ ᠬᠦᠰᠡᠯᠡᠩ ᠢᠲᠡᠭᠡᠯ ᠪᠢᠰᠢᠷᠡᠯ ᠪᠣᠯ ᠡᠪ ᠬᠠᠮᠲᠤᠴᠤᠳ᠎ᠤᠨ ᠤᠶᠤᠨ ᠰᠠᠨᠠᠭᠠᠨ᠎ᠤ 〈 ᠺᠠᠯᠼ〉 ᠮᠥᠨ᠂ ᠬᠦᠰᠡᠯᠡᠩ ᠢᠲᠡᠭᠡᠯ ᠪᠢᠰᠢᠷᠡᠯ ᠦᠭᠡᠢ᠂ ᠬᠦᠰᠡᠯᠡᠩ ᠢᠲᠡᠭᠡᠯ ᠪᠢᠰᠢᠷᠡᠯ ᠪᠠᠲᠤ ᠪᠢᠰᠢ ᠪᠣᠯ ᠤᠶᠤᠨ ᠰᠠᠨᠠᠭᠠᠨ᠎ᠤ ᠲᠠᠯ᠎ᠠ᠎ᠪᠠᠷ 〈 ᠺᠠᠯᠼ〉 ᠳᠤᠲᠠᠭᠳᠠᠵᠤ᠂ 〈ᠶᠠᠰᠤ ᠵᠥᠭᠡᠯᠡᠷᠡᠬᠦ ᠡᠪᠡᠳᠴᠢᠨ〉 ᠣᠯᠣᠨ᠎ᠠ》᠃

ᠨᠠᠮ᠎ᠤᠨ ᠣᠯᠠᠨ ᠲᠦᠮᠡᠨᠴᠢ ᠱᠤᠭᠤᠮ᠎ᠤᠨ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠡᠴᠡ  《ᠭᠤᠷᠪᠠᠨ ᠴᠢᠩᠭ᠎ᠠ ᠭᠤᠷᠪᠠᠨ ᠪᠣᠳᠠᠲᠠᠢ》 ᠲᠤᠰᠬᠠᠢ ᠰᠡᠳᠦᠪᠲᠦ ᠬᠥᠮᠦᠵᠢᠯ ᠬᠦᠷᠲᠡᠯ᠎ᠡ᠂ 《ᠬᠣᠶᠠᠷ᠎ᠢ ᠰᠤᠷᠤᠯᠴᠠᠵᠤ ᠨᠢᠭᠡ᠎ᠳᠦ ᠲᠡᠩᠴᠡᠬᠦᠯᠬᠦ》 ᠰᠤᠷᠤᠯᠴᠠᠯᠭ᠎ᠠ ᠬᠥᠮᠦᠵᠢᠯ᠎ᠡᠴᠡ 《ᠤᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ ᠬᠥᠮᠦᠵᠢᠯ ᠬᠦᠷᠳᠡᠯ᠎ᠠ᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠡᠴᠡ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ ᠬᠦᠷᠲᠡᠯ᠎ᠡ᠂ ᠳᠠᠬᠢᠭᠠᠳ ᠨᠠᠮ᠎ᠤᠨ ᠰᠠᠬᠢᠯᠭ᠎ᠠ ᠪᠠᠲᠤ᠎ᠶᠢᠨ ᠰᠤᠷᠤᠯᠴᠠᠯᠭ᠎ᠠ ᠬᠥᠮᠦᠵᠢᠯ ᠬᠦᠷᠲᠡᠯ᠎ᠡ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠦᠮᠦᠵᠢᠯ ᠬᠦᠷᠳᠡᠯ᠎ᠠ ᠁ ᠰᠢᠨ᠎ᠡ ᠴᠠᠭ ᠦᠶ᠎ᠡ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠨᠠᠮ᠎ᠤᠨ ᠳᠣᠲᠣᠭᠠᠳᠤ᠎ᠶᠢᠨ ᠲᠥᠪᠯᠡᠷᠡᠩᠭᠦᠢ ᠬᠥᠮᠦᠵᠢᠯ᠎ᠢ 9 ᠤᠳᠠᠭ᠎ᠠ ᠪᠠᠢᠷᠢᠯᠠᠭᠤᠯᠵᠦ᠂ ᠦᠵᠡᠯ ᠰᠠᠨᠠᠭᠠᠨ᠎ᠤ ᠰᠠᠭᠤᠷᠢ᠎ᠶᠢ ᠲᠠᠰᠤᠷᠠᠯᠳᠡ ᠦᠬᠡᠢ ᠪᠠᠲᠤᠳᠬᠠᠪᠠ᠃

ᠦᠵᠡᠯ ᠰᠠᠨᠠᠭ᠎ᠠ᠎ᠪᠠᠷ ᠨᠠᠮ ᠪᠠᠶ᠋ᠢᠭᠤᠯᠬᠤ ᠪᠠ ᠳᠦᠷᠢᠮ᠎ᠢᠶᠡᠷ ᠨᠠᠮ᠎ᠢ ᠵᠠᠰᠠᠬᠤ᠎ᠶᠢ ᠵᠡᠷᠭᠡ᠎ᠪᠡᠷ ᠬᠦᠴᠦᠯᠡᠬᠦ᠎ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ᠎ᠳᠦ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠡᠷᠬᠢᠮ ᠨᠠᠨᠳᠢᠨ ᠲᠤᠷᠰᠢᠯᠭ᠎ᠠ ᠮᠥᠨ᠃

2017 ᠣᠨ᠎ᠤ 8 ᠰᠠᠷ᠎ᠠ᠎ᠶᠢᠨ 30᠎ᠤ᠋ ᠡᠳᠦᠷ᠂ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠲᠣᠭᠣᠷᠢᠨ ᠪᠠᠢᠴᠠᠭᠠᠬᠤ ᠠᠵᠢᠯ ᠲᠡᠭᠦᠰ ᠠᠮᠵᠢᠯᠲᠠ᠎ᠲᠠᠢ ᠥᠨᠳᠥᠷᠯᠡᠭᠰᠡᠨ ᠨᠢ ᠨᠠᠮ᠎ᠤᠨ ᠲᠡᠦᠬᠡᠨ ᠳᠡᠭᠡᠷ᠎ᠡ ᠠᠩᠬ᠎ᠠ ᠤᠳᠠᠭ᠎ᠠ ᠨᠢᠭᠡ ᠬᠤᠭᠤᠴᠠᠭᠠᠨ᠎ᠤ ᠲᠤᠰᠢᠶᠠᠯ᠎ᠤᠨ ᠬᠤᠭᠤᠴᠠᠭᠠᠨ᠎ᠳᠤ ᠲᠥᠪ᠎ᠦᠨ ᠲᠣᠭᠣᠷᠢᠨ ᠪᠠᠢᠴᠠᠭᠠᠯᠲᠠ᠎ᠶᠢ ᠪᠦᠬᠦᠨ᠎ᠢ ᠪᠦᠷᠬᠦᠭᠦᠯᠬᠦ᠎ᠶᠢ ᠪᠡᠶᠡᠯᠡᠭᠦᠯᠦᠭᠰᠡᠨ᠎ᠢ ᠬᠠᠷᠠᠭᠤᠯᠵᠤ ᠪᠠᠢᠨ᠎ᠠ᠃

ᠪᠦᠬᠦᠨ᠎ᠢ ᠪᠦᠷᠬᠦᠭᠦᠯᠬᠦ ᠨᠢ ᠬᠠᠲᠠᠭᠤ᠎ᠲᠠᠢ ᠨᠢ ᠬᠠᠯᠳᠠᠬᠤ ᠣᠪᠣᠷ᠎ᠢ ᠢᠯᠡᠷᠡᠭᠦᠯᠵᠦ᠂ ᠨᠡᠩ ᠴᠤ᠌ ᠳᠦᠷᠢᠮ᠎ᠢᠶᠡᠷ ᠨᠠᠮ᠎ᠢ ᠵᠠᠰᠠᠬᠤ ᠤᠶᠤᠨ ᠤᠬᠠᠭᠠᠨ᠎ᠢ ᠢᠯᠡᠷᠡᠭᠦᠯᠪᠡ᠃

ᠡᠭᠡᠯᠵᠢ ᠪᠦᠷᠢ᠎ᠶᠢᠨ ᠲᠣᠭᠣᠷᠢᠨ ᠪᠠᠢᠴᠠᠭᠠᠯᠲᠠ ᠳᠠᠭᠤᠰᠬᠤ ᠪᠦᠷᠢ᠂ ᠶᠡᠷᠦᠩᠬᠡᠢ ᠱᠦᠵᠢ ᠰᠢ ᠵᠢᠨ ᠫᠢᠩ ᠲᠣᠭᠣᠷᠢᠨ ᠪᠠᠢᠴᠠᠭᠠᠭᠰᠠᠨ ᠮᠡᠳᠡᠭᠦᠯᠦᠯᠲᠡ᠎ᠶᠢ ᠨᠠᠷᠢᠨ ᠨᠢᠮᠪᠠᠢ ᠬᠢᠨᠠᠨ ᠦᠵᠡᠵᠦ᠂ ᠲᠣᠭᠣᠷᠢᠨ ᠪᠠᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ᠎ᠳᠤ ᠦᠨᠡᠯᠡᠯᠲᠡ ᠬᠢᠵᠦ᠂ ᠲᠣᠭᠣᠷᠢᠨ ᠪᠠᠢᠴᠠᠭᠠᠬᠤ ᠠᠵᠢᠯ᠎ᠤᠨ ᠲᠠᠰᠤᠷᠠᠯᠳᠡ ᠦᠭᠡᠢ ᠭᠦᠨᠵᠡᠭᠡᠢᠷᠡᠬᠦ᠎ᠶᠢ ᠠᠬᠢᠭᠤᠯᠪᠠ᠃

ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠲᠣᠭᠣᠷᠢᠨ ᠪᠠᠢᠴᠠᠭᠠᠯᠲᠠ᠎ᠡᠴᠡ ᠠᠩᠬ᠎ᠠ ᠤᠳᠠᠭ᠎ᠠ 《ᠡᠷᠭᠢᠨ ᠬᠠᠷᠠᠬᠤ》 ᠠᠵᠢᠯ ᠥᠷᠨᠢᠭᠦᠯᠵᠦ᠂ ᠲᠤᠰᠬᠠᠢ ᠲᠣᠭᠣᠷᠢᠨ ᠪᠠᠢᠴᠠᠭᠠᠯᠲᠠ᠎ᠶᠢ ᠰᠦᠪᠡᠭᠴᠢᠯᠡᠨ ᠥᠷᠨᠢᠭᠦᠯᠵᠦ᠂ 《ᠬᠥᠳᠡᠯᠦᠩᠭᠦᠢ ᠮᠠᠶᠢᠭ᠋》 ᠎ᠤ᠋ᠨ ᠲᠣᠭᠣᠷᠢᠨ ᠪᠠᠢᠴᠠᠭᠠᠯᠲᠠ᠎ᠶᠢ ᠲᠤᠷᠰᠢᠨ ᠥᠷᠨᠢᠭᠦᠯᠪᠡ; ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ᠎ᠶᠢᠨ ᠲᠣᠭᠣᠷᠢᠨ ᠪᠠᠢᠴᠠᠭᠠᠯᠲᠠ ᠪᠣᠯᠬᠤ᠎ᠳᠤ ᠤᠯᠤᠰ ᠲᠦᠷᠦ᠎ᠶᠢᠨ ᠲᠣᠭᠣᠷᠢᠨ ᠪᠠᠢᠴᠠᠭᠠᠯᠲᠠ᠎ᠶᠢ ᠭᠦᠨᠵᠡᠭᠡᠢᠷᠡᠭᠦᠯᠵᠦ᠂ 《ᠨᠢᠭᠡᠳᠦᠭᠡᠷ ᠬᠠᠷᠢᠭᠤᠴᠠᠯᠭᠠᠳᠡᠨ》 ᠪᠣᠯᠣᠨ ᠵᠠᠩᠭᠢᠯᠠᠭ᠎ᠠ᠎ᠶᠢᠨ ᠴᠥᠭᠡᠨ ᠲᠣᠭᠠᠲᠠᠨ᠎ᠢ ᠴᠢᠩᠭ᠎ᠠ ᠠᠩᠬᠠᠷᠴᠤ᠂ ᠠᠷᠠᠳ ᠤᠯᠠᠨ᠎ᠤ ᠲᠤᠰᠬᠠᠯ ᠴᠢᠩᠭ᠎ᠠ ᠪᠠᠢᠭ᠎ᠠ ᠲᠣᠪᠣᠢᠮ᠎ᠠ ᠠᠰᠠᠭᠤᠳᠠᠯ᠎ᠢ ᠴᠢᠩᠭ᠎ᠠ ᠠᠩᠬᠠᠷᠴᠡᠢ; ᠳᠠᠬᠢᠭᠠᠳ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠲᠣᠭᠣᠷᠢᠨ ᠪᠠᠢᠴᠠᠭᠠᠯᠲᠠ ᠨᠢ ᠡᠩ᠎ᠦᠨ ᠲᠣᠭᠣᠷᠢᠨ ᠪᠠᠢᠴᠠᠭᠠᠯᠲᠠ᠂ ᠬᠥᠳᠡᠯᠦᠩᠭᠦᠢ ᠲᠣᠭᠣᠷᠢᠨ ᠪᠠᠢᠴᠠᠭᠠᠯᠲᠠ ᠪᠠ ᠲᠣᠭᠣᠷᠢᠨ ᠪᠠᠢᠴᠠᠭᠠᠯᠲᠠ᠎ᠶᠢᠨ 《ᠡᠷᠬᠢᠨ ᠬᠠᠷᠠᠬᠤ》 ᠵᠡᠷᠭᠡ᠎ᠶᠢ ᠰᠢᠨᠵᠢᠯᠡᠬᠦ ᠤᠬᠠᠭᠠᠨᠴᠢ᠎ᠪᠠᠷ ᠨᠢᠭᠡᠳᠦᠯᠲᠡᠢ ᠲᠥᠯᠥᠪᠵᠢᠭᠦᠯᠵᠦ᠂ ᠳᠡᠰ ᠳᠡᠪᠰᠢᠭᠦᠯᠬᠦ ᠲᠣᠭᠣᠷᠢᠨ ᠪᠠᠢᠴᠠᠭᠠᠯᠲᠠ᠎ᠶᠢ ᠠᠮᠢᠳᠤᠯᠢᠭ᠋᠎ᠢᠶᠠᠷ ᠥᠷᠨᠢᠭᠦᠯᠵᠦ᠂ ᠲᠣᠭᠣᠷᠢᠨ ᠪᠠᠢᠴᠠᠭᠠᠯᠲᠠ᠎ᠪᠠᠷ ᠴᠡᠭᠴᠡᠯᠡᠨ ᠰᠠᠢᠵᠢᠷᠠᠭᠤᠯᠬᠤ᠎ᠶᠢ ᠠᠬᠢᠭᠤᠯᠬᠤ᠂ ᠲᠣᠭᠣᠷᠢᠨ ᠪᠠᠢᠴᠠᠭᠠᠯᠲᠠ᠎ᠪᠠᠷ ᠪᠠᠢᠭᠤᠯᠤᠯᠲᠠ᠎ᠶᠢ ᠠᠬᠢᠭᠤᠯᠬᠤ᠂ ᠲᠣᠭᠣᠷᠢᠨ ᠪᠠᠢᠴᠠᠭᠠᠯᠲᠠ᠎ᠪᠠᠷ ᠵᠠᠰᠠᠯᠲᠠ᠎ᠶᠢᠨ ᠪᠣᠳᠠᠲᠤ ᠦᠷ᠎ᠡ ᠪᠦᠲᠦᠮᠵᠢ᠎ᠶᠢ ᠠᠬᠢᠭᠤᠯᠬᠤ᠎ᠶᠢ ᠴᠢᠩᠭᠠᠳᠬᠠᠪᠠ᠃

ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠤᠮᠵᠢ᠎ᠶᠢᠨ ᠥᠭᠡᠷᠡᠴᠢᠯᠡᠯᠲᠡ᠎ᠶᠢᠨ ᠦᠷᠭᠦᠯᠵᠢᠯᠡᠨ ᠭᠦᠨᠵᠡᠭᠡᠢᠷᠡᠨ ᠪᠣᠳᠠᠲᠠᠢᠵᠢᠬᠤ᠎ᠶᠢ ᠳᠠᠭᠠᠯᠳᠤᠨ᠂ ᠰᠠᠬᠢᠯᠭ᠎ᠠ ᠪᠠᠲᠤ᠎ᠶᠢᠨ ᠬᠢᠨᠠᠯᠲᠠ ᠲᠠᠯᠪᠢᠬᠤ᠂ ᠬᠢᠨᠠᠨ ᠪᠠᠢᠴᠠᠭᠠᠯᠲᠠ᠎ᠶᠢᠨ ᠬᠢᠨᠠᠯᠲᠠ ᠲᠠᠯᠪᠢᠬᠤ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ᠂ ᠲᠣᠭᠣᠷᠢᠨ ᠪᠠᠢᠴᠠᠭᠠᠵᠤ ᠬᠢᠨᠠᠯᠲᠠ ᠲᠠᠯᠪᠢᠬᠤ᠎ᠶᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ᠎ᠶᠢ ᠳᠠᠭᠠᠯᠳᠤᠨ᠂ ᠲᠣᠭᠣᠷᠢᠨ ᠪᠠᠢᠴᠠᠭᠠᠬᠤ ᠴᠠᠭᠳᠠᠨ ᠪᠠᠢᠴᠠᠭᠠᠬᠤ ᠳᠡᠭᠡᠳᠦ ᠳᠣᠣᠷᠠᠳᠤ ᠱᠠᠲᠤ ᠬᠣᠯᠪᠤᠭᠠᠯᠠᠨ ᠬᠥᠳᠡᠯᠦᠯᠴᠡᠬᠦ ᠪᠠᠢᠷᠢᠰᠢᠯ ᠲᠠᠰᠤᠷᠠᠯᠲᠠ ᠦᠭᠡᠢ ᠲᠡᠭᠦᠯᠳᠡᠷᠵᠢᠵᠦ᠂ ᠨᠠᠮ ᠎ᠡᠴᠡ ᠨᠢᠭᠡᠳᠦᠯᠲᠡᠢ ᠤᠳᠤᠷᠢᠳᠤᠭᠰᠠᠨ᠂ ᠪᠥᠬᠥ ᠲᠠᠯ᠎ᠠ᠎ᠵᠢ᠎ᠪᠦᠷᠬᠦᠬᠦᠯᠦᠭᠰᠡᠨ᠂ ᠡᠷᠬᠡ ᠰᠦᠷ᠎ᠲᠠᠢ ᠥᠨᠳᠥᠷ ᠪᠦᠲᠦᠮᠵᠢᠲᠡᠶ ᠬᠢᠨᠠᠯᠲᠠ ᠲᠠᠯᠪᠢᠬᠤ ᠰᠢᠰᠲᠧᠮ ᠠᠯᠬᠤᠮ ᠠᠯᠬᠤᠮ᠎ᠢᠶᠠᠷ ᠪᠦᠷᠢᠨᠰᠢᠪᠡ᠃

ᠬᠢᠨᠠᠨ ᠪᠠᠢᠴᠠᠭᠠᠬᠤ ᠪᠠᠢᠭᠤᠯᠤᠮᠵᠢ᠎ᠶᠢᠨ ᠥᠭᠡᠷᠡᠴᠢᠯᠡᠯᠲᠡ ᠲᠦᠷᠭᠡᠨ ᠪᠥᠭᠡᠳ ᠯᠠᠪᠳᠠᠭᠤᠨ᠎ᠢᠶᠠᠷ ᠶᠠᠪᠤᠭᠳᠠᠭᠰᠠᠨ᠎ᠡᠴᠡ᠂ ᠠᠯᠢ ᠤᠯᠠᠨ ᠰᠠᠭᠤᠷᠢ ᠴᠢᠨᠠᠷᠲᠠᠢ ᠵᠠᠩᠭᠢᠯᠠᠭ᠎ᠠ᠎ᠶᠢᠨ ᠴᠢᠨᠠᠷᠲᠠᠢ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠎ᠢ ᠲᠣᠭᠲᠠᠭᠠᠵᠤ ᠵᠠᠰᠠᠪᠤᠷᠢ ᠣᠷᠣᠭᠤᠯᠤᠭᠰᠠᠨ ᠬᠦᠷᠲᠡᠯ᠎ᠡ᠂ ᠲᠠᠬᠢᠭᠠᠳ ᠤᠯᠤᠰ ᠲᠦᠷᠦ᠎ᠶᠢᠨ ᠬᠢᠨᠠᠯᠲᠠ ᠲᠠᠯᠪᠢᠬᠤ᠎ᠶᠢ ᠪᠣᠳᠠᠲᠠᠢᠵᠢᠭᠤᠯᠵᠤ᠂ ᠣᠨᠣᠪᠴᠢᠲᠠᠢ ᠪᠣᠯᠭᠠᠵᠤ᠂ ᠪᠠᠢᠩᠭᠤᠵᠢᠭᠤᠯᠤᠨ ᠯᠠᠪᠳᠠᠭᠤᠨ ᠪᠠᠲᠤᠲᠠᠢ ᠠᠬᠢᠭᠤᠯᠤᠭᠰᠠᠨ ᠬᠦᠷᠲᠡᠯ᠎ᠡ ᠁ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠦᠢᠯᠡᠳᠦᠯᠭᠡ ᠪᠣᠯᠣᠨ ᠤᠨᠤᠯ᠎ᠤᠨ ᠰᠦᠪᠡᠭᠴᠢᠯᠡᠯᠲᠡ᠎ᠶᠢ ᠦᠷᠭᠦᠯᠵᠢᠯᠡᠨ ᠠᠬᠢᠭᠤᠯᠵᠤ᠂ ᠨᠠᠮ᠎ᠤᠨ ᠪᠠᠢᠭᠤᠯᠤᠯᠲᠠ᠎ᠶᠢ ᠰᠢᠨᠵᠢᠯᠡᠬᠦ ᠤᠬᠠᠭᠠᠨᠴᠢᠯᠠᠬᠤ᠂ ᠳᠦᠷᠢᠮᠵᠢᠭᠦᠯᠬᠦ᠂ ᠵᠢᠷᠤᠮᠵᠢᠭᠤᠯᠬᠤ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠪᠡ᠃

2026 ᠣᠨ᠎ᠤ 7 ᠰᠠᠷ᠎ᠠ᠎ᠶᠢᠨ 30᠎ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ ᠬᠤᠷᠠᠯ ᠬᠤᠷᠠᠯᠳᠤᠭᠤᠯᠵᠤ᠂ ᠢᠲᠡᠭᠡᠯ ᠵᠣᠷᠢᠭ᠋᠎ᠢᠶᠠᠨ ᠪᠠᠲᠤᠳᠬᠠᠵᠤ᠂ ᠲᠣᠭᠲᠠᠯ ᠬᠦᠴᠦᠨ᠎ᠢᠶᠡᠨ ᠪᠠᠲᠤᠯᠠᠵᠤ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠢ ᠠᠷᠭ᠎ᠠ ᠬᠡᠮᠵᠢᠶ᠎ᠡ᠎ᠪᠡᠷ ᠰᠢᠨ᠎ᠡ ᠴᠠᠭ ᠦᠶ᠎ᠡ᠎ᠶᠢᠨ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠷᠬᠢᠮ ᠨᠠᠨᠳᠢᠨ ᠲᠤᠷᠰᠢᠯᠭ᠎ᠠ᠎ᠶᠢ ᠰᠠᠢᠲᠤᠷ ᠪᠠᠷᠢᠮᠲᠠᠯᠠᠵᠤ᠂ ᠰᠠᠢᠲᠤᠷ ᠬᠡᠷᠡᠭᠯᠡᠵᠦ᠂ ᠨᠠᠮ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠲᠣᠪᠣᠢᠮ᠎ᠠ ᠠᠰᠠᠭᠤᠳᠠᠯ ᠎ᠢ ᠰᠠᠢᠲᠤᠷ ᠴᠡᠭᠴᠡᠯᠡᠨ ᠵᠠᠰᠠᠵᠤ᠂ ᠰᠠᠢᠲᠤᠷ ᠰᠢᠢᠳᠪᠦᠷᠢᠯᠡᠵᠦ᠂ ᠨᠠᠮ᠎ᠢ ᠬᠠᠮᠢᠶᠠᠷᠴᠤ ᠨᠠᠮ᠎ᠢ ᠵᠠᠰᠠᠬᠤ ᠰᠠᠢᠨ ᠰᠠᠢᠬᠠᠨ ᠤᠯᠤᠰ ᠲᠥᠷᠥ᠎ᠶᠢᠨ ᠪᠠᠢᠳᠠᠯ᠎ᠢ ᠰᠠᠢᠲᠤᠷ ᠪᠡᠬᠢᠵᠢᠭᠦᠯᠵᠦ᠂ ᠰᠠᠢᠲᠤᠷ ᠬᠥᠭᠵᠢᠭᠦᠯᠬᠦ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃

ᠳᠡᠯᠡᠬᠡᠢ᠎ᠶᠢᠨ ᠨᠢᠭᠡᠳᠦᠭᠡᠷ ᠶᠡᠬᠡ ᠲᠦᠷᠦ ᠪᠠᠷᠢᠭ᠍ᠴᠢ ᠨᠠᠮ᠎ᠢ ᠰᠠᠢᠲᠤᠷ ᠬᠠᠮᠢᠶᠠᠷᠴᠤ ᠰᠠᠢᠲᠤᠷ ᠵᠠᠰᠠᠬᠤ ᠨᠢ ᠠᠰᠤᠷᠤ ᠶᠡᠬᠡ ᠪᠤᠳᠤᠯᠢᠶᠠᠨᠲᠠᠢ ᠰᠢᠰᠲᠧᠮᠲᠦ ᠢᠨᠵᠧᠨᠧᠷᠢᠩ ᠲᠡᠳᠦᠢ ᠶᠤᠮ᠃ ᠶᠣᠰᠣ᠌᠎ᠶᠢ ᠨᠢ ᠮᠡᠳᠡᠪᠡᠯ ᠠᠷᠭ᠎ᠠ᠎ᠶᠢ ᠨᠢ ᠣᠯᠵᠤ ᠴᠢᠳᠠᠨ᠎ᠠ; ᠠᠷᠭ᠎ᠠ᠎ᠶᠢ ᠨᠢ ᠣᠯᠪᠠᠯ ᠰᠠᠶᠢ ᠵᠠᠰᠠᠯᠲᠠ᠎ᠶᠢ ᠰᠠᠢᠵᠢᠷᠠᠭᠤᠯᠵᠤ ᠴᠢᠳᠠᠨ᠎ᠠ᠃

ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠲᠣᠳᠣᠷᠬᠠᠢ ᠳᠤᠷᠠᠳᠴᠤ᠂ ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠂ ᠦᠵᠡᠯ ᠰᠠᠨᠠᠭᠠᠨ᠎ᠤ ᠪᠠᠢᠭᠤᠯᠤᠯᠲᠠ᠂ ᠵᠣᠬᠢᠶᠠᠨ ᠪᠠᠢᠭᠤᠯᠤᠯᠲᠠ᠎ᠶᠢᠨ ᠴᠤᠭᠴᠠᠯᠠᠯᠲᠠ᠂ ᠰᠤᠷᠲᠠᠯ᠎ᠤᠨ ᠪᠠᠢᠭᠤᠯᠤᠯᠲᠠ᠂ ᠰᠠᠬᠢᠯᠭ᠎ᠠ ᠪᠠᠲᠤ᠎ᠶᠢᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠵᠤ᠂ ᠳᠦᠷᠢᠮ᠎ᠦᠨ ᠪᠠᠢᠭᠤᠯᠤᠯᠲᠠ᠎ᠶᠢ ᠡᠭᠦᠨ᠎ᠳᠦ ᠲᠤᠭᠤᠰᠢᠯᠠᠭᠤᠯᠵᠤ᠂ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

《ᠮᠠᠨ᠎ᠤ ᠨᠠᠮ᠎ᠤᠨ ᠲᠡᠦᠬᠡᠨ ᠳᠡᠭᠡᠷᠡᠬᠢ ᠪᠦᠲᠦᠮᠵᠢᠲᠡᠢ ᠰᠠᠢᠨ ᠲᠤᠷᠰᠢᠯᠭ᠎ᠠ ᠰᠠᠢᠨ ᠠᠷᠭ᠎ᠠ ᠬᠢᠳᠡᠯ᠎ᠢ ᠪᠠᠳᠠᠷᠠᠭᠤᠯᠬᠤ᠎ᠶᠢ ᠪᠠᠷᠢᠮᠲᠠᠯᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠭᠦᠨᠵᠡᠭᠡᠢᠷᠡᠭᠦᠯᠵᠦ᠂ ᠰᠢᠨ᠎ᠡ ᠲᠤᠷᠰᠢᠯᠭ᠎ᠠ᠎ᠶᠢ ᠡᠭᠦᠳᠬᠦ ᠭᠡᠷᠡᠭᠲᠡᠢ》᠃ ᠠᠷᠪᠠ ᠶᠢᠰᠦᠳᠦᠭᠡᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠬᠣᠶᠠᠳᠤᠭᠠᠷ ᠪᠦᠬᠦᠳᠠ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠭᠰᠠᠨ ᠠᠮᠵᠢᠯᠲᠠ ᠪᠣᠯᠣᠨ ᠲᠤᠷᠰᠢᠯᠭ᠎ᠠ᠎ᠶᠢᠨ ᠲᠤᠬᠠᠢ ᠰᠢᠰᠲᠧᠮ᠎ᠲᠠᠢ ᠳ᠋ᠦᠩᠨᠡᠯᠲᠡ ᠬᠢᠵᠦ᠂ 《ᠦᠵᠡᠯ ᠰᠠᠨᠠᠭ᠎ᠠ᠎ᠪᠠᠷ ᠨᠠᠮ ᠪᠠᠶ᠋ᠢᠭᠤᠯᠬᠤ ᠪᠠ ᠳᠦᠷᠢᠮ᠎ᠢᠶᠡᠷ ᠨᠠᠮ᠎ᠢ ᠵᠠᠰᠠᠬᠤ᠎ᠶᠢ ᠨᠢᠭᠡᠳᠬᠡᠬᠦ》᠂ 《ᠡᠭᠦᠷᠭᠡ ᠬᠠᠷᠢᠭᠤᠴᠠᠯᠭ᠎ᠠ᠎ᠪᠠᠷ ᠬᠥᠲᠥᠯᠥᠨ ᠳᠠᠭᠠᠭᠤᠯᠬᠤ ᠪᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠨᠢᠭᠡᠳᠬᠡᠬᠦ》᠂ 《〈ᠵᠠᠩᠭᠢᠯᠠᠭ᠎ᠠ᠎ᠶᠢᠨ ᠴᠥᠭᠡᠨ ᠲᠣᠭᠠᠲᠠᠨ〉  ᠢ᠋ ᠠᠳᠬᠤᠬᠤ ᠪᠠ 〈ᠵᠣᠩᠬᠢᠯᠠᠬᠤ ᠤᠯᠠᠨ ᠲᠣᠭᠠᠲᠠᠨ〉᠎ᠢ᠋ ᠬᠠᠮᠢᠶᠠᠷᠬᠤ᠎ᠶᠢ ᠨᠢᠭᠡᠳᠬᠡᠬᠦ》᠂ 《ᠡᠷᠬᠡ᠎ᠪᠡᠨ ᠬᠡᠷᠡᠭᠵᠢᠭᠦᠯᠬᠦ ᠪᠠ ᠬᠠᠷᠢᠭᠤᠴᠠᠯᠭ᠎ᠠ ᠡᠭᠦᠷᠭᠡᠯᠡᠬᠦ᠎ᠶᠢ ᠨᠢᠭᠡᠳᠬᠡᠬᠦ》᠂ 《ᠴᠢᠩᠭ᠎ᠠ ᠬᠠᠮᠢᠶᠠᠷᠬᠤ ᠪᠠ ᠬᠠᠯᠠᠮᠵᠢᠯᠠᠨ ᠢᠲᠡᠭᠡᠬᠦ᠎ᠶᠢ ᠨᠢᠭᠡᠳᠬᠡᠬᠦ》᠂ 《ᠨᠠᠮ᠎ᠤᠨ ᠳᠣᠲᠣᠭᠠᠳᠤ᠎ᠶᠢᠨ ᠬᠢᠨᠠᠯᠲᠠ ᠲᠠᠯᠪᠢᠬᠤ ᠪᠠ ᠤᠯᠠᠨ ᠲᠦᠮᠡᠨ᠎ᠦ ᠬᠢᠨᠠᠯᠲᠠ ᠲᠠᠯᠪᠢᠬᠤ᠎ᠶᠢ ᠨᠢᠭᠡᠳᠬᠡᠬᠦ》  ᠵᠢ ᠳᠤᠷᠠᠳᠴᠠᠢ᠃

ᠵᠠᠰᠠᠯᠲᠠ᠎ᠳᠦ ᠲᠦᠷᠢᠮ ᠲᠤᠭᠳᠠᠭᠠᠯ᠎ᠢ ᠬᠡᠷᠡᠭᠵᠢᠬᠦᠯᠵᠦ᠂ ᠵᠠᠰᠠᠯᠲᠠ᠎ᠵᠢ ᠡᠮᠬᠢ ᠵᠢᠷᠤᠮ᠎ᠲᠠᠢ ᠶᠠᠪᠤᠭᠳᠠᠭᠤᠯᠪᠠ᠃

ᠨᠠᠮ᠎ᠤᠨ ᠪᠠᠢᠭᠤᠯᠤᠯᠲᠠ᠎ᠶᠢᠨ ᠡᠯ᠎ᠡ ᠲᠠᠯ᠎ᠠ᠎ᠶᠢ ᠣᠷᠭᠠᠨᠢᠭ᠋᠎ᠢᠶᠠᠷ ᠵᠣᠯᠭᠠᠯᠳᠤᠭᠤᠯᠬᠤ᠂ ᠬᠣᠯᠪᠤᠭᠠᠯᠠᠨ ᠬᠥᠳᠡᠯᠦᠯᠴᠡᠵᠦ ᠬᠠᠮᠵᠢᠯᠴᠠᠬᠤ᠎ᠶᠢ ᠨᠡᠩ ᠲᠤᠪᠤᠢ᠍ᠢᠯᠭᠠᠵᠤ᠂ ᠪᠠᠢᠭᠤᠯᠤᠯ ᠲᠣᠭᠲᠡᠴᠡ᠎ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠪᠠ ᠬᠠᠤᠯᠢ ᠲᠣᠭᠲᠠᠭᠠᠯ ᠳᠦᠷᠢᠮ᠎ᠢ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ ᠪᠠᠢᠯᠭᠠᠬᠤ᠎ᠶᠢ ᠨᠡᠩ ᠲᠤᠪᠤᠢ᠍ᠢᠯᠭᠠᠵᠤ᠂ ᠵᠠᠰᠠᠯᠲᠠ᠎ᠶᠢᠨ ᠣᠢᠯᠠᠭᠠᠭᠳᠠᠬᠤᠨ᠂ ᠰᠢᠰᠲᠧᠮ᠎ᠦᠨ ᠣᠢᠯᠠᠭᠠᠭᠳᠠᠬᠤᠨ᠂ ᠬᠤᠪᠢᠰᠤᠩᠭᠤᠢ ᠰᠡᠳᠬᠢᠬᠦᠢ᠎ᠶᠢ ᠬᠡᠷᠡᠭᠯᠡᠨ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠎ᠶᠢ ᠨᠡᠩ ᠲᠤᠪᠤᠢ᠍ᠢᠯᠭᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠯ᠎ᠡ ᠵᠦᠢᠯ᠎ᠦᠨ ᠠᠵᠢᠯ᠎ᠤᠨ ᠴᠠᠭ ᠦᠶᠡᠴᠢ ᠴᠢᠨᠠᠷ᠎ᠢ ᠨᠡᠩ ᠰᠠᠢᠨ ᠢᠯᠡᠷᠡᠭᠦᠯᠵᠦ᠂ ᠵᠢᠮ᠎ᠡ ᠶᠣᠰᠣᠴᠢ ᠴᠢᠨᠠᠷ᠎ᠢ ᠡᠵᠡᠮᠳᠡᠵᠦ᠂ ᠪᠦᠲᠦᠭᠡᠯᠴᠢ ᠴᠢᠨᠠᠷ᠎ᠢᠶᠠᠷ ᠨᠡᠩ ᠪᠠᠶᠠᠯᠢᠭ᠋ ᠪᠣᠯᠭᠠᠬᠤ ᠬᠡᠷᠡᠭᠲᠡᠢ᠃

ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠨᠢ ᠨᠢᠭᠡ ᠯᠡ ᠳᠡᠭᠡᠷ᠎ᠡ ᠪᠦᠲᠦᠴᠢᠬᠡᠬᠦ ᠶᠠᠪᠤᠳᠠᠯ ᠪᠢᠰᠢ᠂ ᠨᠡᠩ ᠴᠤ᠌ ᠨᠢᠭᠡ ᠯᠡ ᠳᠡᠭᠡᠷ᠎ᠡ ᠰᠢᠢᠳᠪᠦᠷᠢᠯᠡᠭᠡᠳ ᠨᠢᠭᠡᠮᠦᠰᠦᠨ ᠰᠠᠨᠠᠭ᠎ᠠ ᠠᠮᠠᠷᠠᠴᠢᠬᠠᠬᠤ ᠶᠠᠪᠤᠳᠠᠯ ᠪᠢᠰᠢ᠂ ᠡᠷᠬᠡᠪᠰᠢ 《ᠪᠠᠢᠩᠭᠤ》 ᠪᠠ  《ᠤᠷᠳᠤ ᠬᠤᠭᠤᠴᠠᠭᠠᠨ᠎ᠤ ᠬᠢ》 ᠪᠠᠢᠬᠤ᠎ᠶᠢ ᠨᠢᠭᠡᠳᠬᠡᠬᠦ ᠬᠡᠷᠡᠭᠲᠡᠢ᠃

2026 ᠣᠨ᠎ᠤ 8 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠵᠢᠭᠠᠪᠤᠷᠢ ᠥᠭᠴᠦ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠪᠣᠯ ᠨᠢᠭᠡ ᠵᠦᠢᠯ᠎ᠦᠨ ᠤᠷᠳᠤ ᠬᠤᠭᠤᠴᠠᠭᠠᠨ᠎ᠤ ᠡᠭᠦᠷᠭᠡ ᠮᠥᠨ᠂ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠲᠠᠰᠤᠷᠠᠯᠳᠠ ᠦᠭᠡᠢ ᠪᠡᠬᠢᠵᠢᠭᠦᠯᠦᠨ ᠥᠷᠭᠡᠳᠬᠡᠵᠦ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠎ᠤᠨ ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ᠎ᠶᠢ ᠦᠷᠭᠦᠯᠵᠢᠯᠡᠨ ᠠᠬᠢᠭᠤᠯᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠳᠡᠶ᠋ᠢᠯᠬᠦ ᠪᠣᠳᠠᠲᠤ ᠠᠮᠵᠢᠯᠲᠠ᠎ᠶᠢ ᠴᠢᠷᠮᠠᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃

《ᠪᠢᠳᠡᠨ᠎ᠳᠦ ᠲᠤᠯᠭᠠᠷᠠᠵᠤ ᠪᠠᠢᠭ᠎ᠠ ᠠᠶᠤᠯ ᠲᠦᠭᠰᠢᠭᠦᠷᠢ ᠰᠢᠯᠭᠠᠯᠲᠠ ᠶᠠᠪᠤᠬᠤ ᠲᠤᠳᠤᠮ ᠪᠤᠳᠤᠯᠢᠶᠠᠨᠲᠠᠢ ᠪᠣᠯᠵᠤ᠂ ᠴᠢᠨᠠᠭᠰᠢᠯᠠᠪᠠᠯ ᠲᠤᠬ᠍ᠰᠢᠨ ᠳᠠᠪᠠᠯᠭᠠᠨ ᠰᠢᠷᠦᠭᠦᠨ ᠳᠣᠯᠭᠢᠶᠠᠨ᠎ᠳᠤ ᠲᠤᠯᠭᠠᠷᠠᠵᠦ ᠮᠡᠳᠡᠨ᠎ᠠ᠃ ᠪᠢᠳᠡᠨ᠎ᠳᠦ ᠲᠤᠯᠭᠠᠷᠠᠵᠤ ᠪᠠᠢᠭ᠎ᠠ ᠡᠯ᠎ᠡ ᠵᠦᠢᠯ᠎ᠦᠨ ᠲᠡᠮᠡᠴᠡᠯ ᠪᠣᠯ ᠣᠬᠣᠷ ᠬᠤᠭᠤᠴᠠᠭᠠᠨ᠎ᠤ ᠪᠢᠰᠢ ᠬᠠᠷᠢᠨ ᠤᠷᠳᠤ ᠬᠤᠭᠤᠴᠠᠭᠠᠨ᠎ᠤ ᠶᠤᠮ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ ᠪᠦᠬᠦ ᠶᠠᠪᠤᠴᠠ᠎ᠳᠤ ᠳᠠᠭᠠᠯᠳᠤᠬᠤ ᠪᠣᠯᠣᠨ᠎ᠠ》᠃ ᠡᠭᠦᠷᠭᠡ ᠬᠡᠳᠦᠢ ᠬᠦᠨᠳᠦ᠂ ᠠᠶᠤᠯ ᠲᠦᠭᠰᠢᠭᠦᠷᠢ᠎ᠶᠢᠨ ᠰᠢᠯᠭᠠᠯᠲᠠ ᠬᠡᠳᠦᠢ ᠶᠡᠬᠡ ᠪᠣᠯᠬᠤ ᠲᠤᠳᠤᠮ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠲᠡᠳᠦᠢ ᠪᠠᠷᠢᠮᠲᠠᠯᠠᠬᠤ ᠬᠡᠷᠡᠭᠲᠡᠢ᠃

ᠨᠠᠷᠢᠨ ᠬᠢᠨᠠᠮᠠᠭᠠᠢ ᠣᠪᠣᠷ ᠪᠠ ᠰᠢᠨᠵᠢᠯᠡᠬᠦ ᠤᠬᠠᠭᠠᠨᠴᠢ ᠵᠣᠷᠢᠭ᠋ ᠰᠠᠨᠠᠭ᠎ᠠ᠎ᠪᠠᠷ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠡᠷᠬᠢᠮ ᠨᠠᠨᠳᠢᠨ ᠲᠤᠷᠰᠢᠯᠭ᠎ᠠ᠎ᠶᠢ ᠰᠠᠢᠲᠤᠷ ᠪᠠᠷᠢᠮᠲᠠᠯᠠᠵᠤ᠂ ᠰᠠᠢᠲᠤᠷ ᠬᠡᠷᠡᠭᠯᠡᠵᠦ᠂ ᠡᠭᠦᠷᠢᠳᠡ ᠵᠤᠬᠰᠤᠰᠢ ᠦᠭᠡᠢ ᠪᠠᠢᠬᠤ ᠬᠠᠳᠠᠨ ᠵᠣᠷᠢᠭ᠋ ᠪᠠ ᠴᠥᠬᠥᠷᠡᠰᠢ ᠦᠭᠡᠢ ᠪᠠᠷᠢᠮᠲᠠᠯᠠᠯ᠎ᠢᠶᠠᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠪᠠᠯ᠂ ᠮᠠᠨ᠎ᠤ ᠨᠠᠮ ᠯᠠᠪᠲᠠᠢ ᠲᠡᠷᠢᠭᠦᠨ᠎ᠦ ᠴᠢᠨᠠᠷ ᠴᠡᠪᠡᠷ ᠴᠢᠨᠠᠷ᠎ᠢᠶᠠᠨ ᠡᠭᠦᠷᠢᠳᠡ ᠪᠠᠲᠤᠯᠠᠵᠤ᠂ ᠢᠮᠠᠭᠲᠠ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠬᠤ᠂ ᠠᠷᠠᠳ ᠲᠦᠮᠡᠨ ᠴᠢᠩ ᠰᠡᠳᠬᠢᠯ᠎ᠡᠴᠡ᠎ᠪᠡᠨ ᠬᠦᠷᠢᠶᠡᠯᠡᠬᠦ᠂ ᠡᠯ᠎ᠡ ᠵᠦᠢᠯ᠎ᠦᠨ ᠰᠠᠯᠬᠢ ᠳᠠᠪᠠᠯᠭᠠᠨ᠎ᠤ ᠰᠢᠯᠭᠠᠯᠲᠠ᠎ᠶᠢ ᠳᠠᠭᠠᠭᠠᠵᠤ ᠳᠡᠶ᠋ᠢᠯᠬᠦ᠂ ᠴᠤᠭ ᠪᠠᠳᠠᠷᠠᠩᠭᠤᠢ ᠮᠠᠷᠺᠰ᠎ᠤᠨ ᠦᠵᠡᠯ᠎ᠦᠨ ᠲᠦᠷᠦ ᠪᠠᠷᠢᠭ᠍ᠴᠢ ᠨᠠᠮ ᠪᠣᠯᠵᠤ ᠴᠢᠳᠠᠨ᠎ᠠ᠃

《ᠨᠠᠮ ᠢᠮᠠᠭᠲᠠ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠦᠨᠡᠨ᠎ᠬᠦ ᠪᠠᠲᠤᠯᠠᠪᠠ》

《 ᠪᠠᠲᠤᠯᠠᠪᠠ!》

2026 ᠣᠨ᠎ᠤ 3 ᠰᠠᠷ᠎ᠠ᠎ᠶᠢᠨ 12 ᠎ᠤ᠋ᠨ ᠡᠳᠦᠷ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠨᠢᠵᠢᠭᠢᠨᠡᠭᠰᠡᠨ ᠠᠯᠠᠭ᠎ᠠ ᠲᠡᠰᠢᠯᠲᠡ᠎ᠶᠢᠨ ᠲᠠᠭᠤᠨ ᠭᠠᠷᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠡᠴᠡ ᠰᠢᠢᠳᠪᠦᠷᠢ ᠪᠠᠲᠤᠯᠠᠵᠤ᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠬᠦᠲᠦᠯᠪᠦᠷᠢ᠎ᠶᠢ ᠵᠥᠪᠰᠢᠶᠡᠷᠡᠪᠡ᠃

ᠡᠨᠡ ᠬᠦ᠌ ᠠᠤᠭ᠎ᠠ ᠲᠥᠰᠥᠪ᠎ᠢ ᠰᠡᠬᠦᠵᠦ᠂ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠬᠤ》᠂ 《 ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ》 ᠵᠡᠷᠭᠡ ᠴᠢᠬᠤᠯᠠ ᠠᠷᠭ᠎ᠠ ᠬᠡᠮᠵᠢᠶ᠎ᠡ ᠨᠢ ᠮᠠᠰᠢ ᠶᠡᠬᠡ ᠬᠦᠴᠦᠨ ᠲᠠᠢ ᠪᠠᠢᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠤᠷᠳᠤ ᠬᠤᠭᠤᠴᠠᠭᠠᠲᠤ ᠴᠢᠨᠠᠷ ᠵᠢᠴᠢ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠬᠤ᠎ᠳᠤ ᠲᠤᠢᠯ᠎ᠤᠨ ᠴᠢᠬᠤᠯᠠ ᠴᠢᠨᠠᠷ᠎ᠢ ᠢᠯᠡᠷᠡᠭᠦᠯᠪᠡ᠃

ᠬᠠᠷᠠᠯᠲᠠ ᠬᠡᠳᠦᠢ ᠬᠤᠯᠠ᠂ ᠡᠭᠦᠷᠭᠡ ᠬᠡᠳᠦᠢ ᠬᠠᠲᠠᠭᠤ ᠪᠡᠷᠬᠡ ᠪᠣᠯᠬᠤ ᠲᠤᠳᠤᠮ ᠨᠠᠮ ᠲᠤᠬ᠍ᠰᠢᠨ ᠳᠠᠪᠠᠯᠭᠠᠨ ᠰᠢᠷᠦᠭᠦᠨ ᠳᠤᠯᠭᠢᠶᠠᠨ᠎ᠤ ᠳᠤᠮᠳᠠ ᠠᠶᠠᠯᠠᠯ᠎ᠤᠨ ᠴᠢᠭᠯᠡᠯ᠎ᠢᠶᠡᠨ ᠣᠨᠣᠪᠴᠢᠲᠠᠢ ᠲᠣᠭᠲᠠᠭᠠᠵᠤ᠂ ᠮᠢᠩᠭᠠᠨ ᠳᠠᠷᠪᠠᠭᠤᠯ ᠮᠦᠴᠡᠭᠡᠷᠬᠡᠨ ᠤᠷᠤᠭᠰᠢᠯᠠᠬᠤ ᠳᠤᠮᠳᠠ ᠤᠷᠤᠰᠬᠠᠯ᠎ᠤᠨ ᠡᠮᠦᠨ᠎ᠡ ᠭᠠᠪᠰᠢᠭᠠᠢᠯᠠᠬᠤ ᠬᠡᠷᠡᠭᠲᠡᠢ᠃

ᠢᠷᠡᠭᠡᠳᠦᠢ᠎ᠳᠦ ᠬᠠᠨᠳᠤᠬᠤᠶ᠎ᠠ᠂ ᠴᠠᠭ ᠦᠶ᠎ᠡ᠎ᠶᠢᠨ ᠬᠥᠭᠵᠢᠯᠲᠡ᠎ᠶᠢᠨ ᠱᠠᠭᠠᠷᠳᠠᠯᠭ᠎ᠠ᠎ᠪᠠᠷ ᠥᠪᠡᠷ᠎ᠢ᠎ᠪᠡᠨ ᠬᠢᠨᠠᠵᠤ᠂ᠴᠢᠩᠭ᠎ᠠ ᠰᠠᠨᠠᠭᠠᠰᠢᠷᠠᠬᠤ ᠤᠬᠠᠮᠰᠠᠷ᠎ᠢᠶᠠᠷ ᠥᠪᠡᠷ᠎ᠢ᠎ᠪᠡᠨ ᠰᠡᠷᠡᠮᠵᠢᠯᠡᠭᠦᠯᠵᠦ᠂ ᠵᠠᠭᠤᠨ ᠵᠢᠯ᠎ᠦᠨ ᠲᠡᠦᠬᠡ᠎ᠲᠠᠢ ᠲᠣᠮᠣ᠌ ᠨᠠᠮ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ ᠂ ᠨᠠᠮ ᠢᠮᠠᠭᠲᠠ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠪᠠᠲᠤᠯᠠᠬᠤ ᠬᠡᠷᠡᠭᠲᠡᠢ》᠃

ᠲᠤᠭ᠎ᠢ ᠡᠷᠭᠦᠨ ᠡᠷᠡᠮᠡᠬᠡᠢᠯᠡᠨ ᠤᠷᠤᠭᠰᠢᠯᠠᠵᠤ᠂ᠰᠠᠭᠤᠷᠢ᠎ᠶᠢ ᠪᠠᠲᠤᠳᠬᠠᠨ ᠦᠨᠳᠦᠰᠦ᠎ᠶᠢ ᠪᠡᠬᠢᠵᠢᠭᠦᠯᠵᠦ᠂ ᠨᠠᠮ᠎ᠤᠨ ᠤᠳᠤᠷᠢᠳᠤᠯᠭ᠎ᠠ᠎ᠶᠢ ᠭᠤᠢᠪᠢᠰᠢ ᠦᠭᠡᠢ ᠪᠠᠷᠢᠮᠲᠠᠯᠠᠨ ᠴᠢᠩᠭᠠᠳᠬᠠᠪᠠ —

ᠰᠢᠶᠦ᠋ᠩ ᠠᠨ᠎ᠤ ᠡᠬᠡ ᠭᠠᠵᠠᠷ᠎ᠲᠤ᠂ᠠᠤᠭ᠎ᠠ ᠦᠢᠯᠡᠰ ᠲᠠᠬᠢᠨ ᠴᠤᠬᠴᠠᠯᠠᠭᠳᠠᠨ᠎ᠠ᠃ 2026 ᠣᠨ᠎ᠤ 3 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠡᠨᠳᠡ ᠢᠷᠡᠵᠦ᠂ ᠰᠢᠶᠦ᠋ᠩ ᠠᠨ ᠰᠢᠨ᠎ᠡ ᠲᠣᠭᠣᠷᠢᠭ᠋᠎ᠤᠨ ᠴᠢᠨᠠᠷ ᠰᠠᠢᠲᠠᠢ ᠪᠦᠲᠦᠭᠡᠨ ᠪᠠᠢᠭᠤᠯᠤᠯᠲᠠ ᠪᠠ ᠬᠥᠭᠵᠢᠯᠲᠡ᠎ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠪᠠ᠃

ᠶᠡᠷᠦᠩᠬᠡᠢ ᠱᠦᠵᠢ᠎ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠨᠢᠭᠡ ᠬᠤᠳᠠ ᠨᠢᠭᠡ ᠣᠷᠣᠨ᠎ᠳᠤ ᠲᠥᠪᠯᠡᠷᠡᠵᠦ ᠪᠠᠢᠬᠤ᠎ᠪᠠᠷ ᠪᠠᠷᠠᠬᠤ ᠦᠭᠡᠢ᠂ ᠨᠡᠩ ᠴᠤ᠌ ᠪᠦᠬᠦ ᠨᠠᠮ ᠪᠦᠬᠦ ᠲᠠᠯ᠎ᠠ᠎ᠳᠤ ᠬᠠᠨᠳᠤᠵᠤ᠂  《ᠨᠠᠮ᠎ᠤᠨ ᠤᠳᠤᠷᠢᠳᠤᠯᠭ᠎ᠠ᠎ᠶᠢ ᠴᠢᠩᠭᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠢᠮᠠᠭᠲᠠ ᠲᠤᠭᠤᠰᠢᠯᠠᠭᠤᠯᠬᠤ᠎ᠶᠢ ᠠᠬᠢᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃

ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ᠋ ᠮᠥᠨ᠂ ᠴᠢᠭᠯᠡᠯ᠎ᠦᠨ ᠴᠢᠨᠠᠷᠲᠠᠢ ᠠᠰᠠᠭᠤᠳᠠᠯ ᠮᠥᠨ᠂ ᠡᠷᠬᠡᠪᠰᠢ ᠲᠤᠭ ᠲᠡᠮᠳᠡᠭ ᠲᠣᠳᠣᠷᠬᠠᠢ᠂ ᠵᠣᠭᠰᠣᠯᠲᠠ ᠪᠠᠲᠤ ᠪᠠᠢᠬᠤ ᠬᠡᠷᠡᠭᠲᠡᠢ᠃

ᠰᠢᠨ᠎ᠡ ᠠᠶᠠᠨ᠎ᠳᠤ᠂ ᠡᠷᠬᠡᠪᠰᠢ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠠᠴᠢ ᠬᠣᠯᠪᠣᠭᠳᠠᠯ᠎ᠢ ᠨᠡᠩ ᠭᠦᠨᠵᠡᠭᠡᠢ ᠣᠢᠯᠠᠭᠠᠵᠤ᠂ 《 ᠬᠣᠶᠠᠷ᠎ᠢ ᠬᠠᠮᠠᠭᠠᠯᠠᠬᠤ》 ᠶ᠋ᠢ ᠨᠡᠩ ᠡᠷᠡᠰ ᠪᠡᠶᠡᠯᠡᠭᠦᠯᠵᠦ᠂ ᠵᠠᠮ ᠬᠤᠪᠢᠷᠠᠬᠤ ᠦᠭᠡᠢ᠂ ᠵᠣᠷᠢᠭ᠋ ᠬᠤᠪᠢᠷᠠᠬᠤ ᠦᠭᠡᠢ ᠪᠠᠢᠬᠤ ᠲᠣᠭᠲᠠᠯ ᠬᠦᠴᠦᠨ᠎ᠢ ᠪᠠᠲᠤᠯᠠᠵᠤ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠪᠠᠷᠠᠭᠠᠨ ᠡᠭᠦᠯᠡ ᠬᠠᠷᠠᠭ᠎ᠠ ᠬᠠᠯᠬᠠᠯᠠᠬᠤ᠎ᠡᠴᠡ ᠠᠶᠤᠬᠤ ᠦᠭᠡᠢ᠂ ᠰᠠᠯᠬᠢ ᠳᠠᠪᠠᠯᠭᠠᠨ᠎ᠢ ᠰᠥᠷᠦᠨ ᠤᠷᠤᠭᠰᠢᠯᠠᠬᠤ᠎ᠳᠤ ᠲᠦᠭᠡᠷᠢᠬᠦ᠎ᠦᠭᠡᠢ ᠪᠠᠢᠬᠤ ᠬᠡᠷᠡᠭᠲᠡᠢ᠃

ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ᠎ᠲᠠᠢ ᠨᠡᠢᠭᠡᠮ ᠵᠢᠷᠤᠮᠲᠤ ᠲᠣᠮᠣ᠌ ᠤᠯᠤᠰ᠎ᠢ ᠤᠳᠤᠷᠢᠳᠬᠤ᠎ᠳᠤ ᠮᠠᠨ᠎ᠤ ᠨᠠᠮ ᠤᠯᠤᠰ ᠲᠦᠷᠦ᠎ᠶᠢᠨ ᠲᠠᠯ᠎ᠠ᠎ᠪᠠᠷ ᠪᠠᠲᠤ ᠴᠢᠩᠭ᠎ᠠ ᠪᠠᠢᠬᠤ ᠬᠡᠷᠡᠭᠲᠡᠢ ᠮᠥᠷᠲᠡᠭᠡᠨ ᠪᠠᠰᠠ ᠡᠷᠳᠡᠮ ᠴᠢᠳᠠᠪᠤᠷᠢ᠎ᠶᠢᠨ ᠲᠠᠯ᠎ᠠ᠎ᠪᠠᠷ ᠪᠠᠲᠤ ᠴᠢᠩᠭ᠎ᠠ ᠪᠠᠢᠬᠤ ᠬᠡᠷᠡᠭᠲᠡᠢ᠃

《〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠬᠠᠷᠠᠯᠲᠠ ᠡᠭᠦᠷᠭᠡ᠎ᠶᠢ ᠤᠷᠤᠭᠰᠢᠲᠠᠢ ᠪᠡᠶᠡᠯᠡᠭᠦᠯᠵᠦ ᠳᠡᠶ᠋ᠢᠯᠬᠦ ᠡᠰᠡᠬᠦ᠎ᠳᠤ ᠨᠠᠮ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠤᠳᠤᠷᠢᠳᠬᠤ ᠴᠢᠳᠠᠪᠤᠷᠢ ᠪᠣᠯᠣᠨ ᠲᠦᠪᠰᠢᠨ ᠰᠢᠢᠳᠪᠦᠷᠢᠯᠡᠭᠴᠢ ᠦᠢᠯᠡᠳᠦᠯ ᠦᠵᠡᠭᠦᠯᠵᠦ ᠪᠠᠢᠨ᠎ᠠ᠂ ᠪᠦᠬᠦ ᠨᠠᠮ᠎ᠢᠶᠠᠷ᠎ᠢᠶᠠᠨ ᠡᠨᠡ ᠲᠠᠯ᠎ᠠ᠎ᠪᠠᠷ ᠶᠡᠬᠡ ᠬᠦᠴᠦ ᠣᠷᠣᠭᠤᠯᠬᠤ ᠬᠡᠷᠡᠭᠲᠡᠢ 》᠃ 2026 ᠣᠨ᠎ᠤ ᠡᠬᠢ᠎ᠪᠡᠷ᠂ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠬᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠤᠳᠤᠷᠢᠳᠤᠯᠭ᠎ᠠ᠎ᠶᠢ ᠴᠢᠩᠭᠠᠳᠬᠠᠬᠤ ᠲᠤᠬᠠᠢ ᠰᠢᠨ᠎ᠡ ᠬᠦᠰᠡᠯ ᠨᠠᠶ᠋ᠢᠳᠠᠯᠭ᠎ᠠ ᠳᠤᠷᠠᠳᠴᠠᠢ᠃

ᠤᠷᠤᠭᠰᠢᠯᠠᠯᠲᠠ᠎ᠶᠢᠨ ᠵᠠᠮ ᠳᠡᠭᠡᠷ᠎ᠡ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠳᠠᠪᠤᠷᠢ᠂ ᠤᠯᠠᠨ ᠲᠦᠮᠡᠨ᠎ᠳᠦ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ ᠴᠢᠳᠠᠪᠤᠷᠢ᠎ᠪᠠᠨ ᠬᠦᠴᠦᠯᠡᠨ ᠳᠡᠭᠡᠭᠰᠢᠯᠡᠭᠦᠯᠵᠦ᠂ ᠨᠠᠮ᠎ᠤᠨ ᠤᠳᠤᠷᠢᠳᠤᠯᠭ᠎ᠠ᠎ᠶᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠲᠠᠯ᠎ᠠ ᠪᠦᠬᠦ ᠶᠠᠪᠤᠴᠠ᠎ᠳᠤ ᠦᠨᠡᠨ ᠬᠦ᠌ ᠲᠤᠭᠤᠰᠢᠯᠠᠭᠤᠯᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ ᠳᠤᠮᠳᠠ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠣᠷᠣᠨ ᠵᠠᠢ᠎ᠶᠢ ᠨᠡᠭᠡᠭᠡᠬᠦ ᠬᠡᠷᠡᠭᠲᠡᠢ᠃

ᠠᠷᠠᠳ ᠲᠦᠮᠡᠨ᠎ᠢ ᠳᠡᠭᠡᠳᠦᠯᠡᠵᠦ᠂ ᠠᠷᠠᠳ ᠲᠦᠮᠡᠨ᠎ᠲᠠᠢ ᠰᠡᠳᠬᠢᠯ ᠵᠢᠷᠦᠬᠡ᠎ᠪᠡᠨ ᠬᠣᠯᠪᠣᠵᠤ᠂ ᠨᠠᠮ᠎ᠤᠨ ᠲᠥᠷᠥ ᠪᠠᠷᠢᠬᠤ ᠰᠠᠭᠤᠷᠢ᠎ᠶᠢ ᠵᠤᠵᠠᠭᠠᠳᠬᠠᠨ᠎ᠠ —

2026 ᠣᠨ᠎ᠤ 6 ᠰᠠᠷ᠎ᠠ᠎ᠳᠤ᠂ ᠱᠠᠨᠳᠦ᠋ᠩ᠎ᠦᠨ ᠳ᠋ᠸᠵᠸᠤ ᠳ᠋ᠦ᠍ ᠵᠤᠨ᠎ᠤ ᠦᠵᠡᠮᠵᠢ ᠭᠤᠢᠳᠠᠬᠠᠨ ᠪᠠᠢᠯ᠎ᠠ᠃ ᠶᠡᠷᠦᠩᠬᠡᠢ ᠱᠦᠵᠢ ᠰᠢ ᠵᠢᠨ ᠫᠢᠩ ᠡᠨᠳᠡ ᠢᠷᠡᠵᠦ᠂ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ ᠪᠠ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠲᠤᠬᠠᠢ ᠪᠠᠢᠴᠠᠭᠠᠨ ᠰᠤᠳᠤᠯᠵᠤ᠂ ᠲᠠᠷᠢᠶᠠᠴᠢᠳ᠎ᠤᠨ ᠭᠡᠷ᠎ᠲᠦ ᠬᠦᠷᠴᠦ ᠵᠣᠯ ᠵᠢᠷᠭᠠᠯᠲᠤ ᠠᠮᠢᠳᠤᠷᠠᠯ᠎ᠤᠨ ᠲᠤᠬᠠᠢ ᠬᠠᠮᠲᠤ᠎ᠪᠠᠷ ᠶᠠᠷᠢᠯᠴᠠᠪᠠ᠃

ᠰᠢᠨᠵᠢᠯᠡᠨ ᠪᠠᠢᠴᠠᠭᠠᠬᠤ ᠳᠤᠮᠳᠠ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠭᠡᠰᠢᠭᠦᠨ᠂ ᠺᠠᠳ᠋ᠷ᠎ᠲᠦ ᠄ 《ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠳᠦ᠂ ᠡᠴᠦᠰ᠎ᠲᠡᠬᠡᠨ ᠠᠷᠠᠳ ᠲᠦᠮᠡᠨ᠎ᠳᠦ ᠪᠤᠶᠠᠨ ᠦᠢᠯᠡᠳᠬᠦ ᠳᠡᠭᠡᠷ᠎ᠡ ᠨᠠᠢᠳᠠᠪᠤᠷᠢᠵᠢᠭᠤᠯᠬᠤ ᠬᠡᠷᠡᠭᠲᠡᠢ᠃ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠠᠯᠪᠠᠨ ᠵᠠᠷᠤᠴᠠ᠎ᠶᠢᠨ ᠤᠬᠠᠮᠰᠠᠷ᠎ᠢᠶᠠᠨ ᠴᠢᠩᠭᠠᠳᠬᠠᠵᠤ᠂ ᠠᠷᠠᠳ᠎ᠤᠨ ᠲᠥᠯᠥᠭᠡ ᠵᠢᠳᠬᠦᠬᠦ ᠬᠠᠢᠷ᠎ᠠ ᠰᠡᠳᠬᠢᠯᠭᠡ ᠪᠠᠨ ᠵᠤᠵᠠᠭᠠᠳᠬᠠᠵᠤ᠂ ᠤᠯᠠᠨ ᠲᠦᠮᠡᠨ᠎ᠳᠦ ᠢᠯᠡᠭᠦᠬᠡᠨ ᠰᠠᠢᠨ ᠶᠠᠪᠤᠳᠠᠯ ᠬᠢᠵᠦ᠂ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ᠎ᠢ ᠨᠢ ᠰᠢᠢᠳᠪᠦᠷᠢᠯᠡᠵᠦ᠂ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ᠎ᠦ ᠲᠥᠷᠥᠭᠳᠡᠯ᠎ᠢ ᠦᠨᠡᠨ᠎ᠬᠦ ᠨᠡᠮᠡᠭᠳᠡᠭᠦᠯᠬᠦ ᠬᠡᠷᠡᠭᠲᠡᠢ》 ᠭᠡᠵᠦ ᠴᠢᠩ ᠰᠡᠳᠬᠢᠯ ᠡᠴᠡ ᠪᠠᠨ ᠰᠠᠨᠠᠭᠤᠯᠪᠠ᠃

《ᠠᠷᠠᠳ ᠲᠦᠮᠡᠨ᠎ᠦ ᠳᠤᠮᠳᠠ ᠭᠦᠨ ᠦᠨᠳᠦᠰᠦᠯᠡᠵᠦ᠂ ᠢᠮᠠᠭᠲᠠ ᠪᠠᠲᠤ ᠪᠡᠬᠢ ᠰᠠᠭᠤᠷᠢ᠎ᠲᠠᠢ ᠪᠠᠢᠬᠤ》 ᠪᠣᠯ ᠵᠠᠭᠤ ᠭᠠᠷᠤᠢ ᠵᠢᠯ᠎ᠦᠨ ᠰᠠᠯᠬᠢ ᠪᠣᠷᠣᠭᠠᠨ᠎ᠢ ᠰᠥᠷᠦᠨ ᠤᠷᠤᠭᠰᠢᠯᠠᠭᠰᠠᠨ ᠭᠦᠨᠵᠡᠭᠡᠢ ᠰᠡᠩᠬᠡᠷᠡᠭᠦᠯᠦᠯ ᠮᠥᠨ᠂ ᠨᠡᠩ ᠴᠤ᠌ ᠲᠡᠦᠬᠡ᠎ᠶᠢᠨ ᠠᠭᠤᠤ ᠦᠢᠯᠡᠰ᠎ᠢ ᠲᠠᠬᠢᠨ ᠡᠭᠦᠳᠬᠦ ᠬᠦᠴᠦᠨ ᠴᠢᠳᠠᠯ᠎ᠤᠨ ᠡᠬᠢ ᠪᠤᠯᠠᠭ ᠮᠥᠨ᠃

ᠠᠷᠠᠳ ᠲᠦᠮᠡᠨ᠎ᠲᠠᠢ ᠡᠷᠡᠰ ᠪᠠᠲᠤ ᠬᠠᠮᠲᠤ ᠵᠣᠭᠰᠣᠵᠤ᠂ ᠪᠤᠳᠤᠯ᠎ᠵᠢᠡᠨ ᠨᠢᠭᠡᠳᠭᠡᠵᠦ ᠬᠦᠴᠦ ᠪᠠᠨ ᠬᠠᠮᠲᠤᠳᠬᠠᠵᠤ᠂ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠎ᠶᠢ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠪᠠᠯ᠂ ᠨᠠᠮ᠎ᠤᠨ ᠦᠢᠯᠡᠰ ᠯᠠᠪᠲᠠᠢ ᠨᠡᠩ ᠬᠥᠭᠵᠢᠨ ᠴᠡᠴᠡᠭᠯᠡᠬᠦ ᠶᠤᠮ᠃

ᠠᠮᠤᠷ ᠲᠦᠪᠰᠢᠨ ᠪᠠᠢᠬᠤ᠎ᠳᠠᠭᠠᠨ ᠠᠶᠤᠯ ᠲᠦᠭᠰᠢᠭᠦᠷᠢ᠎ᠶᠢ ᠪᠣᠳᠣᠯᠬᠢᠯᠠᠵᠤ᠂ ᠦᠷᠭᠦᠯᠵᠢ ᠬᠤᠯᠠ᠎ᠶᠢ ᠪᠤᠳᠤᠵᠤ᠂ ᠢᠮᠠᠭᠲᠠ ᠬᠢᠨᠠᠭᠤᠷ ᠪᠣᠯᠭᠣᠮᠵᠢᠲᠠᠢ ᠣᠪᠣᠷ᠎ᠢ ᠪᠠᠷᠢᠮᠳᠠᠯᠠᠨ᠎ᠠ —

ᠪᠡᠭᠡᠵᠢᠩ᠎ᠦᠨ ᠨᠣᠮ᠎ᠪᠢᠴᠢᠭ᠎ᠤᠨ ᠲᠣᠮᠣ᠌ ᠠᠰᠠᠷ᠎ᠲᠤ ᠣᠷᠣᠬᠤ᠎ᠳᠤ᠂ 《ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠲᠤᠬᠠᠢ ᠵᠣᠬᠢᠶᠠᠯ᠎ᠤᠨ ᠲᠡᠭᠦᠪᠦᠷᠢ》 ᠵᠢᠨ ᠨᠢᠭᠡᠳᠦᠭᠡᠷ ᠪᠣᠳᠢ᠂ ᠬᠣᠶᠠᠳᠤᠭᠠᠷ ᠪᠣᠳᠢ᠎ᠶᠢ ᠢᠯᠡ ᠪᠠᠢᠷᠢᠨ᠎ᠳᠤ ᠲᠠᠯᠪᠢᠵᠤ᠂ ᠮᠠᠰᠢ ᠣᠯᠠᠨ ᠤᠩᠰᠢᠭ᠍ᠴᠢᠳ᠎ᠤᠨ ᠠᠩᠬᠠᠷᠤᠯ᠎ᠢ ᠲᠠᠲᠠᠨ᠎ᠠ᠃

ᠡᠨᠡ ᠬᠦ᠌ ᠡᠷᠬᠡ ᠰᠦᠷᠲᠦ ᠵᠢᠭᠠᠬᠤ ᠮᠠᠲᠧᠷᠢᠶᠠᠯ᠎ᠢ ᠰᠤᠷᠤᠯᠴᠠᠵᠦ᠂ 《ᠲᠦᠷᠦᠭᠡ᠎ᠪᠡᠨ ᠴᠢᠩᠭᠠᠯᠠᠨ ᠠᠶᠠᠨ ᠵᠠᠮ᠎ᠳᠠᠭᠠᠨ ᠲᠠᠬᠢᠨ ᠮᠣᠷᠳᠠᠵᠤ᠂ ᠡᠭᠦᠷᠢᠳᠡ ᠵᠣᠭᠰᠣᠰᠢ ᠦᠭᠡᠢ ᠪᠠᠢᠬᠤ ᠪᠠᠷᠢᠮᠲᠠᠯᠠᠯ᠎ᠢᠶᠠᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠦᠨᠵᠡᠭᠡᠢᠷᠡᠭᠦᠯᠬᠦ ᠬᠡᠷᠡᠭᠲᠡᠢ》᠂《ᠲᠤᠮᠤ ᠨᠠᠮ᠎ᠤᠨ ᠥᠪᠡᠷᠮᠢᠴᠡ ᠬᠦᠴᠢᠷ ᠠᠰᠠᠭᠤᠳᠠᠯ᠎ᠢ ᠰᠢᠢᠳᠪᠦᠷᠢᠯᠡᠬᠦ ᠰᠡᠷᠭᠡᠭ ᠴᠢᠨᠠᠷ ᠪᠤᠯᠤᠨ ᠡᠷᠡᠰ ᠪᠠᠲᠤ ᠪᠠᠢᠬᠤ᠎ᠶᠢ ᠴᠠᠭ ᠢᠮᠠᠭᠲᠠ ᠪᠠᠲᠤᠯᠠᠬᠤ ᠬᠡᠷᠡᠭᠲᠡᠢ》 ᠵᠡᠷᠭᠡ ᠵᠣᠬᠢᠶᠠᠯ ᠬᠥᠮᠥᠰ᠎ᠢ ᠭᠦᠨ ᠰᠡᠳᠬᠢᠭᠦᠯᠵᠦ᠂ ᠲᠤᠮᠤ ᠨᠠᠮ ᠲᠤᠮᠤ ᠤᠯᠤᠰ᠎ᠤᠨ ᠤᠳᠤᠷᠢᠳᠤᠭ᠍ᠴᠢ᠎ᠶᠢᠨ ᠤᠯᠤᠰ ᠲᠦᠷᠦ᠎ᠶᠢᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠂ ᠤᠷᠢᠳᠴᠢᠯᠠᠨ ᠰᠡᠷᠭᠡᠢᠯᠡᠬᠦ ᠬᠣᠷᠢᠭ᠎ᠠ ᠱᠤᠭᠤᠮ᠎ᠤᠨ ᠰᠡᠳᠬᠢᠬᠦᠢ ᠠᠭᠤᠯᠤᠭᠳᠠᠵᠤ ᠪᠠᠢᠨ᠎ᠠ᠃

ᠠᠮᠤᠷ ᠲᠦᠪᠰᠢᠨ ᠪᠠᠢᠬᠤ᠎ᠳᠠᠭᠠᠨ ᠠᠶᠤᠯ ᠲᠦᠭᠰᠢᠭᠦᠷᠢ᠎ᠶᠢ ᠮᠠᠷᠲᠠᠬᠤ ᠦᠭᠡᠢ᠂ ᠣᠷᠣᠰᠢᠨ ᠲᠣᠭᠲᠠᠨᠢᠬᠤ᠎ᠳᠠᠭᠠᠨ ᠮᠥᠬᠥᠵᠦ ᠰᠥᠨᠥᠬᠦ᠎ᠶᠢ ᠮᠠᠷᠲᠠᠬᠤ ᠦᠭᠡᠢ᠂ ᠠᠮᠤᠷ ᠲᠠᠢᠪᠤᠩ ᠪᠠᠢᠬᠤ᠎ᠳᠠᠭᠠᠨ ᠰᠠᠮᠠᠭᠤᠷᠠᠯ᠎ᠢ ᠮᠠᠷᠲᠠᠬᠤ ᠦᠭᠡᠢ᠂ ᠡᠨᠡ ᠪᠣᠯ ᠵᠠᠭᠤᠨ ᠵᠢᠯ᠎ᠦᠨ ᠲᠣᠮᠣ᠌ ᠨᠠᠮ᠎ᠤᠨ ᠭᠦᠨ ᠴᠢᠬᠢᠮᠡᠢ ᠲᠡᠦᠬᠡᠨ ᠤᠬᠠᠮᠰᠠᠷ ᠮᠥᠨ᠃

ᠠᠯᠢ ᠡᠷᠲᠡ ᠳᠠᠶ᠋ᠢᠨ᠎ᠦ ᠦᠶ᠎ᠡ᠎ᠳᠦ᠂ ᠨᠠᠮ᠎ᠤᠨ ᠲᠥᠪ ᠬᠣᠷᠢᠶ᠎ᠠ᠎ᠡᠴᠡ 《ᠬᠥᠬᠡ ᠪᠡᠴᠢᠨ ᠵᠢᠯ᠎ᠦᠨ ᠭᠤᠷᠪᠠᠨ ᠵᠠᠭᠤᠨ ᠵᠢᠯ᠎ᠦᠨ ᠳᠠᠬᠢᠯᠭ᠎ᠠ》 ᠵᠢ ᠰᠤᠷᠤᠯᠴᠠᠬᠤ᠎ᠶᠢ ᠤᠷᠢᠶᠠᠯᠠᠭᠰᠠᠨ ᠪᠥᠭᠡᠳ ᠪᠦᠬᠦ ᠨᠠᠮ᠎ᠢ  《ᠡᠭᠦᠨ᠎ᠢᠶᠡᠷ ᠴᠡᠭᠡᠷᠯᠡᠯ ᠪᠣᠯᠭᠠᠵᠤ᠂ ᠢᠯᠠᠯᠲᠠ᠎ᠶᠢᠨ ᠦᠶ᠎ᠡ᠎ᠳᠦ ᠣᠮᠣᠭ᠍ᠰᠢᠨ ᠪᠠᠷᠳᠠᠮᠨᠠᠬᠤ ᠠᠯᠳᠠᠭ᠎ᠠ᠎ᠶᠢ ᠳᠠᠬᠢᠨ ᠪᠢᠲᠡᠭᠡᠢ ᠭᠠᠷᠭᠠᠳᠤᠭᠠᠢ》 ᠭᠡᠵᠦ ᠰᠡᠷᠡᠮᠵᠢᠯᠡᠭᠦᠯᠵᠡᠢ᠃ ᠡᠩᠬᠡ ᠲᠠᠢᠪᠤᠩ ᠴᠠᠭ ᠦᠶ᠎ᠡ᠎ᠳᠦ᠂ 《ᠴᠣᠬᠢᠭ᠍ᠳᠠᠵᠤ ᠮᠡᠳᠡᠬᠦ ᠡᠴᠡ ᠡᠬᠦᠰᠴᠦ ᠮᠠᠨ᠎ᠤ ᠠᠵᠢᠯ᠎ᠢᠶᠠᠨ ᠪᠠᠢᠷᠢᠯᠠᠭᠤᠯᠬᠤ》 ᠵᠢ ᠳᠤᠷᠠᠳᠤᠭᠰᠠᠨ᠎ᠡᠴᠡ ᠠᠪᠤᠭᠠᠳ 《ᠠᠵᠢᠯ᠎ᠤᠨ ᠰᠠᠭᠤᠷᠢ᠎ᠪᠠᠨ ᠨᠡᠯᠢᠶᠡᠳ ᠶᠡᠬᠡ ᠠᠶᠤᠯ ᠲᠦᠭᠰᠢᠭᠦᠷᠢ ᠭᠠᠷᠬᠤ ᠳᠡᠭᠡᠷ᠎ᠡ ᠲᠠᠯᠪᠢᠬᠤ 》 ᠵᠢ ᠲᠣᠳᠣᠷᠬᠠᠢ ᠪᠣᠯᠭᠠᠭᠰᠠᠨ ᠬᠦᠷᠲᠡᠯ᠎ᠡ᠂ ᠮᠠᠨ᠎ᠤ ᠨᠠᠮ ᠢᠮᠠᠭᠲᠠ ᠰᠤᠯᠠᠷᠠᠰᠢ ᠦᠭᠡᠢ ᠪᠠᠢᠨᠭᠭᠤ ᠪᠡᠯᠡᠳᠬᠡᠯ᠎ᠲᠠᠢ ᠪᠠᠢᠪᠠ᠃

ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠴᠠᠭ ᠢᠮᠠᠭᠲᠠ ᠰᠠᠨᠠᠭᠠᠰᠢᠷᠠᠬᠤ ᠬᠠᠷᠢᠭᠤᠴᠠᠯᠭᠠᠲᠤ ᠰᠡᠳᠬᠢᠯᠭᠡ᠎ᠪᠡᠷ  《ᠰᠠᠨᠠᠭᠠᠰᠢᠷᠠᠬᠤ ᠤᠬᠠᠮᠰᠠᠷ᠎ᠢᠶᠠᠨ ᠴᠢᠩᠭᠠᠳᠬᠠᠵᠤ᠂ ᠬᠣᠷᠢᠭ᠎ᠠ ᠱᠤᠭᠤᠮ᠎ᠤᠨ ᠰᠡᠳᠬᠢᠬᠦᠢ᠎ᠶᠢ ᠪᠠᠷᠢᠮᠲᠠᠯᠠᠬᠤ》 ᠶ᠋ᠢ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠰᠦᠷ ᠳᠠᠯᠠᠢᠴᠠᠲᠠᠢ ᠦᠢᠯᠡᠳᠦᠯᠭᠡ᠎ᠶᠢᠨ ᠳᠤᠮᠳᠠ ᠳᠠᠪᠲᠠᠨ ᠪᠣᠯᠪᠠᠰᠤᠷᠠᠭᠤᠯᠪᠠ᠃

ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠵᠢᠯᠣᠭᠣᠳᠤᠯᠭ᠎ᠠ ᠳᠣᠣᠷ᠎ᠠ᠂ ᠪᠦᠬᠦ ᠨᠠᠮ᠎ᠢᠶᠠᠷ᠎ᠢᠶᠠᠨ ᠲᠡᠮᠡᠴᠡᠯ᠎ᠦᠨ ᠵᠣᠷᠢᠭ᠋ ᠰᠠᠨᠠᠭ᠎ᠠ ᠪᠠᠨ ᠲᠠᠰᠤᠷᠠᠯᠳᠠ ᠦᠭᠡᠢ ᠪᠠᠳᠠᠷᠠᠭᠤᠯᠵᠤ᠂ ᠲᠡᠮᠡᠴᠡᠯ᠎ᠦᠨ ᠴᠢᠳᠠᠪᠤᠷᠢ᠎ᠪᠠᠨ ᠳᠡᠭᠡᠭᠰᠢᠯᠡᠭᠦᠯᠵᠦ᠂ᠰᠢᠨᠵᠢᠯᠡᠬᠦ ᠤᠬᠠᠭᠠᠨᠴᠢ᠎ᠪᠠᠷ ᠬᠤᠪᠢᠷᠠᠯᠲᠠ᠎ᠶᠢ ᠲᠥᠰᠥᠭᠡᠯᠡᠬᠦ᠂ ᠠᠶᠤᠯ ᠲᠦᠭᠰᠢᠭᠦᠷᠢ᠎ᠶᠢ ᠴᠠᠭ ᠲᠤᠬᠠᠢ ᠳ᠋ᠤᠨᠢ ᠨᠡᠪᠲᠡ ᠠᠵᠢᠭ᠍ᠯᠠᠬᠤ᠂ᠥᠷᠢᠰᠦᠯᠳᠦᠭᠡᠨ᠎ᠢ ᠪᠦᠲᠦᠮᠵᠢᠲᠡᠢ ᠠᠷᠭᠠᠴᠡᠭᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ᠳᠤᠮᠳᠠᠳᠤ᠎ᠶᠢᠨ ᠰᠡᠷᠭᠦᠨ ᠮᠠᠨᠳᠤᠯᠲᠠ ᠨᠡᠷᠡᠮᠵᠢᠲᠦ ᠲᠣᠮᠣ᠌ ᠬᠥᠯᠭᠡ ᠣᠩᠭᠣᠴᠠ᠎ᠶᠢᠨ ᠳᠠᠪᠠᠯᠭᠠᠨ᠎ᠢ ᠵᠦᠰᠦᠨ ᠤᠷᠤᠭᠰᠢᠯᠠᠬᠤ᠂ ᠯᠠᠪᠳᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠪᠠ᠃

ᠠᠭᠤᠤ ᠶᠡᠬᠡ ᠰᠡᠷᠭᠦᠨ ᠮᠠᠨᠳᠤᠯᠲᠠ᠎ᠶᠢᠨ ᠠᠶᠠᠨ ᠵᠠᠮ ᠰᠣᠯᠣᠩᠭᠠᠷᠠᠵᠤ᠂ ᠬᠥᠮᠥᠰ᠎ᠦᠨ ᠰᠡᠳᠬᠢᠯ᠎ᠢ ᠳᠣᠭᠳᠣᠯᠤᠭᠤᠯᠤᠨ᠎ᠠ; ᠠᠭᠤᠤ ᠶᠡᠬᠡ ᠦᠢᠯᠡᠰ᠎ᠤᠨ ᠠᠶᠠᠨ ᠵᠠᠮ ᠤᠷᠲᠦ ᠪᠦᠭᠡᠳ ᠬᠠᠷᠰᠢ ᠰᠠᠭᠠᠳ᠎ᠲᠠᠢ᠂ ᠬᠦᠮᠦᠰ᠎ᠤᠨ ᠲᠡᠮᠡᠴᠡᠯ᠎ᠦᠨ ᠵᠣᠷᠢᠭ᠋᠎ᠢ ᠬᠥᠪᠴᠢᠯᠡᠨ᠎ᠡ᠃

ᠢᠷᠠᠭᠤ ᠠᠯᠳᠠᠷ ᠪᠠ ᠬᠦᠰᠡᠯ ᠵᠡᠭᠦᠳᠦ᠎ᠪᠡᠷ ᠪᠢᠯᠬᠠᠭᠰᠠᠨ ᠠᠶᠠᠨ ᠳᠠᠢ᠍ᠢᠨ᠎ᠳᠦ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠠᠷᠢᠭᠤᠴᠠᠯᠭ᠎ᠠ ᠬᠢᠵᠠᠭᠠᠯᠠᠰᠢ ᠦᠭᠡᠢ ᠬᠦᠨᠳᠦ ᠶᠡᠬᠡ᠂ ᠡᠭᠦᠷᠭᠡ ᠬᠢᠵᠠᠭᠠᠯᠠᠰᠢ ᠦᠭᠡᠢ ᠡᠷᠬᠢᠮ ᠳᠡᠭᠡᠳᠦ ᠶᠤᠮ᠂ ᠶᠡᠷᠦᠩᠬᠡᠢ ᠱᠦᠵᠢ ᠰᠢ ᠵᠢᠨ ᠫᠢᠩ ᠴᠢᠩᠭ᠎ᠠ ᠬᠦᠴᠦᠲᠡᠢ ᠤᠷᠢᠶᠠᠯᠠᠭ᠎ᠠ ᠭᠠᠷᠭᠠᠪᠠ —

《ᠪᠦᠬᠦ ᠨᠠᠮ ᠎ᠤᠨ ᠨᠥᠬᠥᠳ ᠡᠷᠬᠡᠪᠰᠢ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠡᠷᠬᠡᠪᠰᠢ ᠳᠠᠷᠤᠤ ᠬᠢᠴᠢᠶᠡᠩᠭᠦᠢ ᠪᠠᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠡᠷᠬᠡᠪᠰᠢ ᠵᠣᠷᠢᠭ᠍ᠲᠠᠢ ᠲᠡᠮᠡᠴᠡᠵᠦ᠂ ᠴᠢᠳᠠᠮᠠᠭᠠᠢ᠎ᠪᠠᠷ ᠲᠡᠮᠡᠴᠡᠵᠦ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠴᠢᠩᠭ᠎ᠠ ᠲᠦᠰᠢᠭᠯᠡᠨ ᠪᠦᠯᠬᠦᠮᠳᠡᠭᠦᠯᠦᠨ ᠳᠠᠭᠠᠭᠤᠯᠵᠤ ᠪᠠᠢᠭᠠᠳ ᠰᠢᠨ᠎ᠡ ᠠᠶᠠᠨ᠎ᠳᠠᠭᠠᠨ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠵᠤ᠂ ᠲᠡᠦᠬᠡ᠎ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ᠎ᠶᠢ ᠴᠢᠷᠮᠠᠢᠨ ᠡᠭᠦᠳᠬᠦ ᠬᠡᠷᠡᠭᠲᠡᠢ》 !

( ᠰᠢᠨᠬᠤᠸᠠ ᠬᠣᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 24 ᠎ᠤ᠋ ᠴᠠᠬᠢᠯᠭᠠᠨ ᠮᠡᠳᠡᠭᠡ )


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面