2026-10-31 16:45:58
10 ᠰᠠᠷ᠎ᠠ᠎ᠶᠢᠨ 30 ᠤ᠋ ᠦᠳᠡ᠎ᠶᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ᠌ ᠠᠵᠢᠯ᠎ᠤᠨ ᠠᠶ᠋ᠢᠯᠴᠢᠯᠠᠯᠲᠠ ᠬᠢᠬᠦ᠌᠎ᠪᠡᠷ ᠢᠷᠡᠭᠰᠡᠨ ᠰᠸᠢᠰ᠎ᠦᠨ ᠬᠣᠯᠪᠣᠭᠠᠨ᠎ᠤ ᠲᠡᠷᠢᠭᠦᠯᠡᠭᠴᠢ ᠫᠠᠮᠷᠠᠨ ᠲᠠᠢ ᠠᠭᠤᠯᠵᠠᠪᠠ᠃

10 ᠰᠠᠷ᠎ᠠ᠎ᠶᠢᠨ 30 ᠤ᠋ ᠦᠳᠡ᠎ᠶᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ᠌ ᠠᠵᠢᠯ᠎ᠤᠨ ᠠᠶ᠋ᠢᠯᠴᠢᠯᠠᠯᠲᠠ ᠬᠢᠬᠦ᠌᠎ᠪᠡᠷ ᠢᠷᠡᠭᠰᠡᠨ ᠰᠸᠢᠰ᠎ᠦᠨ ᠬᠣᠯᠪᠣᠭᠠᠨ᠎ᠤ ᠲᠡᠷᠢᠭᠦᠯᠡᠭᠴᠢ ᠫᠠᠮᠷᠠᠨ ᠲᠠᠢ ᠠᠭᠤᠯᠵᠠᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠯᠢ ᠰᠢᠶᠠᠩ ᠰᠡᠬᠦᠳᠡᠷᠯᠡᠪᠡ
ᠰᠢ ᠵᠢᠨ ᠫᠢᠩ᠂ ᠰᠸᠢᠰ ᠪᠣᠯ ᠳᠤᠮᠳᠠᠳᠤ ᠤᠯᠤᠰ᠎ᠤᠨ ᠧᠦ᠋ᠷᠣᠫᠠ ᠲᠢᠪᠲᠡᠬᠢ ᠴᠢᠬᠤᠯᠠ ᠬᠠᠨᠢᠲᠠᠨ ᠮᠥᠨ᠂ ᠳᠤᠮᠳᠠᠳᠤ ᠤᠯᠤᠰ᠎ᠯᠤᠭ᠎ᠠ᠎ᠶᠢᠨ ᠬᠠᠮᠲᠤᠷᠠᠯᠴᠠᠭ᠎ᠠ ᠢᠮᠠᠭᠲᠠ ᠧᠦ᠋ᠷᠣᠫᠠ ᠲᠢᠪ᠎ᠦᠨ ᠤᠯᠤᠰ᠎ᠤᠳ᠎ᠤᠨ ᠡᠮᠦᠨ᠎ᠡ ᠡᠩᠨᠡᠭᠡᠨ᠎ᠳᠦ ᠶᠠᠪᠤᠬᠰᠠᠭᠠᠷ ᠢᠷᠡᠵᠡᠢ᠃ ᠭᠠᠭᠴᠠ ᠲᠠᠯᠠᠲᠤ᠌ ᠦᠵᠡᠯ᠂ ᠬᠠᠮᠠᠭᠠᠯᠠᠬᠤ ᠦᠵᠡᠯ᠎ᠦᠨ ᠰᠥᠷᠭᠡᠦ ᠤᠷᠤᠰᠬᠠᠯ ᠰᠢᠷᠦᠬᠦᠰᠴᠦ ᠪᠠᠶ᠋ᠢᠭ᠎ᠠ ᠣᠳᠣᠬᠠᠨ᠎ᠤ ᠪᠠᠶ᠋ᠢᠳᠠᠯ ᠳᠣᠣᠷ᠎ᠠ᠂ ᠴᠢᠯᠥᠭᠡᠲᠦ᠍ ᠠᠷᠠᠯᠵᠢᠶᠠᠨ᠎ᠤ ᠬᠠᠮᠲᠤᠷᠠᠯᠴᠠᠭ᠎ᠠ ᠨᠢ ᠳᠤᠮᠳᠠᠳᠤ ᠰᠸᠢᠰ᠎ᠦᠨ ᠬᠠᠷᠢᠯᠴᠠᠭ᠎ᠠ᠎ᠶᠢᠨ ᠬᠠᠮᠤᠭ᠎ᠤᠨ ᠬᠢᠯᠠᠯᠵᠠᠬᠰᠠᠨ ᠨᠡᠷ᠎ᠡ᠎ᠶᠢᠨ ᠬᠠᠭᠤᠳᠠᠰᠤ ᠪᠤᠯᠵᠤ᠂ ᠬᠣᠶᠠᠷ ᠤᠯᠤᠰ᠎ᠤᠨ ᠨᠡᠭᠡᠭᠡᠯᠲᠡᠲᠦ᠍ ᠬᠠᠮᠲᠤᠷᠠᠯᠴᠠᠭ᠎ᠠ᠎ᠶᠢ ᠪᠠᠷᠢᠮᠲᠠᠯᠠᠬᠤ ᠤᠯᠤᠰ ᠲᠦᠷᠦ᠎ᠶᠢᠨ ᠰᠥᠰᠥ᠍ ᠵᠣᠷᠢᠭ ᠪᠣᠯᠤᠨ ᠬᠠᠷᠢᠭᠤᠴᠠᠯᠭ᠎ᠠ ᠡᠭᠦᠷᠭᠡᠯᠡᠯ᠎ᠢ ᠭᠦᠢᠴᠡᠳ ᠢᠯᠡᠷᠡᠭᠦᠯᠵᠦ᠍᠂ ᠬᠣᠶᠠᠷ ᠲᠠᠯ᠎ᠠ᠎ᠶᠢᠨ ᠨᠡᠭᠡᠭᠡᠯᠲᠡᠲᠦ᠍ ᠮᠠᠶᠢᠭ᠎ᠤᠨ ᠳᠡᠯᠡᠬᠡᠢ᠎ᠶᠢᠨ ᠠᠵᠤ ᠠᠬᠤᠢ᠎ᠶᠢ ᠪᠠᠶ᠋ᠢᠭᠤᠯᠬᠤ᠎ᠶᠢ ᠠᠬᠢᠭᠤᠯᠬᠤ ᠥᠪᠡᠷᠮᠢᠴᠡ ᠬᠦᠳᠦᠯᠥᠨ ᠳᠠᠭᠠᠭᠤᠯᠬᠤ ᠦᠢᠯᠡᠳᠦᠯ᠎ᠢ ᠢᠯᠡᠷᠡᠭᠦᠯᠪᠡ᠃ ᠡᠯ᠎ᠡ ᠤᠯᠤᠰ᠎ᠤᠨ ᠠᠵᠤ ᠠᠬᠤᠢ ᠬᠠᠷᠢᠯᠴᠠᠨ ᠨᠡᠪᠲᠡᠷᠡᠯᠴᠡᠪᠡᠯ ᠬᠠᠮᠲᠤ᠎ᠪᠠᠷ ᠤᠷᠤᠭᠰᠢᠯᠠᠵᠤ᠂ ᠬᠠᠷᠢᠯᠴᠠᠨ ᠲᠦᠭᠵᠢᠪᠡᠯ ᠲᠤᠰ ᠲᠤᠰ᠎ᠲᠠᠭᠠᠨ ᠤᠬᠤᠷᠢᠨ᠎ᠠ᠃ ᠳᠤᠮᠳᠠᠳᠤ ᠤᠯᠤᠰ ᠳᠤᠷᠠᠲᠠᠶ᠎ᠠ ᠰᠸᠢᠰ᠎ᠤ᠋ᠨ ᠬᠢᠨ ᠯᠤᠭᠡ ᠬᠠᠮᠲᠤ᠎ᠪᠠᠷ ᠨᠡᠭᠡᠭᠡᠯᠲᠡ ᠬᠢᠬᠦ ᠲᠤᠭ᠎ᠢ ᠥᠨᠳᠥᠷ ᠮᠠᠨᠳᠤᠭᠤᠯᠵᠤ᠂ ᠬᠠᠮᠲᠤᠷᠠᠯᠴᠠᠭᠠᠨ᠎ᠤ ᠬᠣᠯᠪᠣᠭᠠᠰᠤ᠎ᠪᠠᠨ ᠴᠢᠩᠭᠠᠯᠠᠵᠤ᠂ ᠲᠦᠭᠡᠮᠡᠯ ᠬᠠᠷᠠᠭᠠᠯᠵᠠᠯᠳᠤ᠌ ᠪᠠᠭᠲᠠᠭᠠᠮᠵᠢᠲᠠᠢ ᠠᠵᠤ ᠠᠬᠤᠢ᠎ᠶᠢᠨ ᠳᠡᠯᠡᠬᠡᠶ᠋ᠢᠵᠢᠯᠲᠡ᠎ᠶᠢ ᠠᠬᠢᠭᠤᠯᠵᠤ᠂ ᠬᠠᠮᠳᠤ ᠪᠡᠷ ᠳᠤᠮᠳᠠᠳᠤ ᠧᠦ᠋ᠷᠣᠫᠠ᠎ᠶᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠪᠣᠯᠤᠨ ᠪᠦᠬᠦ᠌ ᠪᠥᠮᠪᠥᠷᠴᠡᠭ᠎ᠦᠨ ᠠᠵᠤ ᠠᠬᠤᠢ᠎ᠶᠢᠨ ᠬᠥᠭᠵᠢᠯᠲᠡ᠎ᠳᠦ ᠡᠷᠬᠢᠮ ᠨᠠᠨᠳᠢᠨ ᠢᠲᠡᠭᠡᠯ ᠪᠣᠯᠤᠨ ᠨᠡᠩ ᠤᠯᠠᠨ ᠲᠣᠭᠲᠠᠭᠠᠯᠲᠤ᠌ ᠴᠢᠨᠠᠷ ᠨᠡᠮᠡᠷᠢᠯᠡᠨ᠎ᠡ ᠭᠡᠵᠤ ᠵᠢᠭᠠᠵᠤ ᠭᠠᠷᠭᠠᠪᠠ᠃
ᠰᠢ ᠵᠢᠨ ᠫᠢᠩ᠂ ᠳᠤᠮᠳᠠᠳᠤ ᠰᠸᠢᠰ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ᠎ᠡᠴᠡ ᠨᠠᠭᠠᠰᠢ᠂ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠠᠮᠵᠢᠯᠲᠠ ᠪᠦᠲᠦᠮᠵᠢ ᠤᠯᠵᠤ᠂ ᠵᠣᠷᠢᠭᠲᠠᠶ᠎ᠪᠠᠷ ᠲᠦᠷᠦᠭᠦᠯᠡᠬᠦ᠌᠎ᠶᠢ ᠪᠠᠷᠢᠮᠲᠠᠯᠠᠵᠤ᠂ ᠪᠣᠳᠠᠲᠠᠶ᠎ᠶᠢ ᠡᠷᠬᠢᠮᠯᠡᠭᠰᠡᠨ ᠦᠷ᠎ᠡ ᠪᠦᠲᠦᠭᠡᠯ᠎ᠢᠶᠡᠷ᠎ᠢᠶᠡᠨ 《ᠡᠷᠬᠡ ᠲᠡᠭᠰᠢ᠂ ᠰᠢᠨ᠎ᠡ᠎ᠶᠢ ᠡᠭᠦᠳᠬᠦ᠌᠂ ᠬᠠᠮᠲᠤ᠎ᠪᠠᠷ ᠠᠰᠢᠭ ᠭᠥᠷᠳᠡᠬᠦ᠌》 ᠳᠤᠮᠳᠠᠳᠤ ᠰᠸᠢᠰ᠎ᠦᠨ ᠬᠠᠮᠲᠤᠷᠠᠯᠴᠠᠭᠠᠨ᠎ᠤ ᠵᠣᠷᠢᠭ ᠰᠠᠨᠠᠭ᠎ᠠ᠎ᠶᠢ ᠲᠠᠰᠤᠷᠠᠯᠲᠠ ᠥᠬᠡᠶ ᠲᠠᠶ᠋ᠢᠯᠪᠤᠷᠢᠯᠠᠵᠤ᠂ ᠠᠳᠠᠯᠢ ᠪᠤᠰᠤ ᠶᠡᠬᠡ ᠪᠠᠭ᠎ᠠ᠂ ᠠᠳᠠᠯᠢ ᠪᠤᠰᠤ ᠨᠡᠶ᠋ᠢᠭᠡᠮ᠎ᠦᠨ ᠪᠠᠶ᠋ᠢᠭᠤᠯᠤᠯ ᠤ᠋ᠨ ᠤᠯᠤᠰ ᠤ᠋ᠳᠤᠨ ᠶᠠᠪᠤᠯᠴᠠᠭᠠᠨ᠎ᠤ ᠥᠯᠢᠭᠡᠷ ᠳᠠᠭᠤᠷᠢᠶᠠᠯ ᠪᠣᠯᠵᠠᠶ᠃ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠬᠦᠨᠳᠦᠳᠬᠡᠵᠦ᠍᠂ ᠡᠷᠬᠡ ᠲᠡᠭᠰᠢ᠎ᠪᠡᠷ ᠬᠠᠨᠳᠤᠵᠤ᠂ ᠡᠯ᠎ᠡ ᠲᠡᠰ ᠳᠠᠪᠬᠤᠷᠭ᠎ᠠ᠎ᠶᠢᠨ ᠰᠣᠯᠢᠯᠴᠠᠭ᠎ᠠ ᠪᠣᠯᠤᠨ ᠲᠦᠷᠦ᠎ᠶᠢᠨ ᠪᠤᠳᠤᠯᠭ᠎ᠠ᠎ᠶᠢᠨ ᠵᠣᠯᠭᠠᠯᠴᠠᠭ᠎ᠠ᠎ᠶᠢ ᠪᠦᠬᠦ᠌ ᠲᠠᠯ᠎ᠠ᠎ᠪᠠᠷ ᠴᠢᠩᠭᠠᠳᠬᠠᠶ᠎ᠠ᠃ ᠳᠤᠮᠳᠠᠳᠤ ᠤᠯᠤᠰ ᠶᠠᠭ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠥᠭᠵᠢᠭᠦᠯᠵᠦ᠍᠂ ᠲᠦᠷᠢᠮ᠎ᠦᠨ ᠬᠡᠯᠪᠡᠷᠢ ᠵᠢᠨ ᠨᠡᠭᠡᠭᠡᠯᠳᠠ ᠬᠢᠬᠦ᠎ᠶᠢ ᠲᠣᠭᠲᠠᠭᠤᠨ᠎ᠢᠶᠠᠷ ᠥᠷᠭᠡᠳᠬᠡᠵᠦ᠍᠂ ᠳᠤᠷᠠᠲᠠᠶ᠎ᠠ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠢ ᠳᠡᠯᠡᠬᠡᠢ᠎ᠶᠢᠨ ᠵᠠᠬ᠎ᠠ ᠳᠡᠯᠭᠡᠭᠦᠷ᠂ ᠬᠠᠮᠲᠤ᠎ᠪᠠᠷ ᠡᠳ᠋ᠯᠡᠬᠦ᠌ ᠵᠠᠬ᠎ᠠ ᠳᠡᠯᠭᠡᠭᠦᠷ ᠪᠣᠯᠭᠠᠨ ᠪᠠᠶ᠋ᠢᠭᠤᠯᠤᠨ᠎ᠠ᠃ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠲᠡᠬᠦ᠌᠎ᠶᠢ ᠪᠠᠷᠢᠮᠲᠠᠯᠠᠵᠤ᠂ ᠨᠡᠭᠡᠭᠡᠯᠲᠡ ᠬᠢᠵᠦ᠍ ᠬᠠᠮᠲᠤᠷᠠᠯᠴᠠᠬᠤ ᠠᠯᠤᠰ ᠤ᠋ᠨ ᠲᠥᠰᠦᠪ᠎ᠢ ᠨᠢᠳᠦᠨ᠎ᠳᠦ ᠦᠵᠡᠭᠳᠡᠮ᠎ᠡ ᠭᠠᠷ᠎ᠲᠤ᠌ ᠪᠠᠷᠢᠭᠳᠠᠮ᠎ᠠ ᠪᠣᠳᠠᠲᠤ᠌ ᠠᠬᠤᠢ ᠪᠣᠯᠭᠠᠶ᠎ᠠ᠃ ᠰᠢᠨ᠎ᠡ᠎ᠶᠢ ᠡᠭᠦᠳᠬᠦ᠌ ᠬᠠᠮᠲᠤᠷᠠᠯᠴᠠᠭ᠎ᠠ᠎ᠶᠢ ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠶ᠂ ᠪᠣᠬᠢᠷᠲᠤᠯ ᠥᠬᠡᠶ ᠡᠨᠧᠷᠭᠢ ᠨᠦᠬᠡᠴᠡᠯᠡᠬᠦ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠬᠠᠮᠲᠤᠷᠠᠯᠴᠠᠭ᠎ᠠ᠎ᠶᠢ ᠬᠦᠴᠦᠯᠡᠨ ᠪᠣᠶ᠋ᠢᠵᠢᠭᠤᠯᠵᠤ᠂ ᠬᠠᠮᠵᠢᠯᠴᠠᠨ ᠰᠢᠨ᠎ᠡ᠎ᠶᠢ ᠡᠭᠦᠳᠬᠦ᠌᠂ ᠠᠰᠢᠭ ᠲᠤᠰᠠ᠎ᠶᠢ ᠬᠠᠮᠲᠤ᠎ᠪᠠᠷ ᠡᠳ᠋ᠯᠡᠬᠦ᠌ ᠴᠢᠨᠠᠷ ᠰᠠᠶ᠋ᠢᠲᠠᠶ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢ ᠪᠠᠶ᠋ᠢᠭᠤᠯᠵᠤ᠂ ᠵᠣᠬᠢᠶᠠᠮᠠᠯ ᠣᠶᠤᠨ ᠴᠢᠳᠠᠪᠤᠷᠢ᠎ᠶᠢᠨ ᠥᠭᠡᠳᠡᠷᠬᠡᠭ ᠰᠠᠢᠨ ᠰᠠᠢᠬᠠᠨ ᠲᠡᠢᠰᠢ ᠬᠦᠭᠵᠢᠵᠤ᠂ ᠬᠥᠮᠦᠨ ᠲᠥᠷᠥᠯᠬᠢᠲᠡᠨ᠎ᠳᠦ ᠪᠤᠶᠠᠨ ᠦᠢᠯᠡᠳᠬᠦ᠎ᠶᠢ ᠬᠠᠮᠲᠤ᠎ᠪᠠᠷ ᠠᠬᠢᠭᠤᠯᠤᠨ᠎ᠠ ᠭᠡᠵᠤ ᠴᠢᠬᠤᠯᠠᠴᠢᠯᠠᠪᠠ᠃
ᠰᠢ ᠵᠢᠨ ᠫᠢᠩ᠂ ᠰᠸᠢᠰ ᠤᠷᠳᠤ ᠬᠤᠭᠤᠴᠠᠭ᠎ᠠ᠎ᠪᠠᠷ ᠳᠤᠮᠳᠠᠳᠤ ᠧᠦ᠋ᠷᠣᠫᠠ᠎ᠶᠢᠨ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ ᠳᠤᠮᠳᠠ ᠴᠢᠬᠤᠯᠠ ᠵᠢᠱ᠌ᠢᠢ᠎ᠡ ᠦᠵᠡᠭᠦᠯᠬᠦ᠌ ᠦᠢᠯᠡᠳᠦᠯ ᠦᠵᠡᠭᠦᠯᠵᠡᠢ᠂ ᠰᠸᠢᠰ᠎ᠦᠨ ᠬᠢᠨ ᠲᠤᠰ ᠪᠡᠶ᠎ᠡ᠎ᠶᠢᠨ ᠥᠪᠡᠷᠮᠢᠴᠡ ᠨᠥᠯᠥᠭᠡ᠎ᠪᠡᠨ ᠪᠠᠳᠠᠷᠠᠭᠤᠯᠵᠤ᠂ ᠳᠤᠮᠳᠠᠳᠤ ᠧᠦ᠋ᠷᠣᠫᠠ᠎ᠶᠢᠨ ᠠᠷᠠᠯᠵᠢᠶᠠᠨ᠎ᠤ ᠲᠡᠩᠴᠡᠭᠦᠷᠢᠲᠡᠢ᠂ ᠯᠠᠪᠳᠠᠭᠤᠨ᠎ᠢᠶᠠᠷ ᠬᠥᠭᠵᠢᠬᠦ᠌᠎ᠶᠢ ᠠᠬᠢᠭᠤᠯᠬᠤ᠎ᠳᠤ ᠢᠳᠡᠪᠬᠢᠲᠡᠢ ᠦᠢᠯᠡᠳᠦᠯ ᠦᠵᠡᠭᠦᠯᠬᠦ᠌᠎ᠶᠢ ᠬᠦᠰᠡᠵᠦ᠍ ᠪᠠᠶ᠋ᠢᠨ᠎ᠠ᠃ ᠳᠤᠮᠳᠠᠳᠤ ᠰᠸᠢᠰ ᠬᠣᠶᠠᠷ ᠤᠯᠤᠰ᠎ᠤᠨ ᠤᠯᠠᠨ ᠲᠠᠯᠠᠲᠤ᠌ ᠦᠵᠡᠯ᠎ᠢ ᠳᠡᠮᠵᠢᠬᠦ᠌ ᠵᠣᠭᠰᠣᠯᠲᠠ ᠠᠳᠠᠯᠢᠪᠲᠤᠷ᠂ ᠤᠢ᠌ᠯᠠᠭᠠᠭᠳᠠᠬᠤᠨ ᠠᠳᠠᠯᠢᠬᠠᠨ ᠶᠤᠮ᠃ ᠬᠣᠶᠠᠷ ᠲᠠᠯ᠎ᠠ᠎ᠪᠠᠷ᠎ᠢᠶᠠᠨ ᠤᠯᠠᠨ ᠲᠠᠯ᠎ᠠ᠎ᠶᠢᠨ ᠵᠣᠬᠢᠴᠠᠭᠤᠯᠭ᠎ᠠ ᠪᠣᠯᠤᠨ ᠬᠠᠷᠢᠯᠴᠠᠨ ᠳᠡᠮᠵᠢᠬᠦ᠌᠎ᠪᠡᠨ ᠭᠦᠨᠵᠡᠭᠡᠶ᠋ᠢᠷᠡᠭᠦᠯᠵᠦ᠍᠂ ᠤᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ᠎ᠪᠠᠷ ᠭᠣᠣᠯ ᠪᠣᠯᠭᠠᠭᠰᠠᠨ ᠤᠯᠠᠨ ᠤᠯᠤᠰ᠎ᠤᠨ ᠰᠢᠰᠲ᠋ᠧᠮ ᠪᠣᠯᠤᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭᠠᠭᠰᠠᠨ ᠤᠯᠠᠨ ᠤᠯᠤᠰ᠎ᠤᠨ ᠡᠮᠬᠢ ᠳᠢᠭᠯᠢᠮ᠎ᠢ ᠡᠷᠡᠰ ᠬᠠᠮᠠᠭᠠᠯᠠᠵᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶᠢᠨ ᠰᠢᠰᠲ᠋ᠧᠮ᠎ᠢ ᠥᠭᠡᠷᠡᠴᠢᠯᠡᠨ ᠲᠡᠭᠦᠯᠳᠡᠷᠵᠢᠭᠦᠯᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠤᠶ᠎ᠠ ᠭᠡᠵᠦ᠍ ᠵᠢᠭᠠᠵᠤ ᠭᠠᠷᠭᠠᠪᠠ᠃
ᠫᠠᠮᠷᠠᠨ᠂ ᠬᠠᠮᠤᠭ᠎ᠤᠨ ᠡᠷᠲᠡ ᠰᠢᠨ᠎ᠡ ᠳᠤᠮᠳᠠᠳᠤ ᠤᠯᠤᠰ᠎ᠢ ᠮᠡᠳᠡᠷᠡᠭᠰᠡᠨ ᠥᠷᠥᠨᠡᠳᠠᠬᠢᠨ᠎ᠤ ᠤᠯᠤᠰ᠎ᠤᠨ ᠨᠢᠭᠡ ᠪᠣᠯᠤᠭᠰᠠᠨ᠎ᠤ ᠬᠤᠪᠢ᠎ᠳᠤ᠂ ᠰᠸᠢᠰ ᠤ᠋ᠨ ᠬᠢᠨ ᠶᠡᠷᠦ᠍ ᠨᠢ ᠡᠭᠦᠨ᠎ᠦ ᠲᠥᠯᠥᠭᠡ ᠣᠮᠣᠭᠰᠢᠭᠰᠠᠭᠠᠷ ᠢᠷᠡᠵᠠᠢ᠂ ᠡᠨᠡ ᠨᠢ ᠬᠣᠶᠠᠷ ᠤᠯᠤᠰ᠎ᠤᠨ ᠥᠨᠢ ᠤᠳᠠᠭᠠᠨ ᠪᠥᠭᠡᠳ ᠠᠮᠢᠵᠢᠷᠠᠯ᠎ᠤᠨ ᠬᠦᠴᠦᠨ᠎ᠲᠡᠶ ᠬᠠᠨᠢᠲᠠᠨ᠎ᠤ ᠬᠠᠷᠢᠯᠴᠠᠭ᠎ᠠ᠎ᠶᠢ ᠡᠬᠢᠯᠡᠭᠦᠯᠵᠡᠢ᠃ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ᠎ᠡᠴᠡ ᠨᠠᠭᠠᠰᠢ᠂ ᠬᠣᠶᠠᠷ ᠲᠠᠯ᠎ᠠ᠎ᠪᠠᠷ᠎ᠢᠶᠠᠨ ᠢᠮᠠᠭᠲᠠ ᠬᠠᠷᠢᠯᠴᠠᠨ ᠬᠦᠨᠳᠦᠳᠬᠡᠵᠦ᠍᠂ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠨᠢᠭᠲᠠᠷᠠᠭᠤᠯᠵᠤ᠂ ᠠᠷᠠᠯᠵᠢᠶ᠎ᠠ ᠪᠡᠯᠡ ᠣᠷᠣᠭᠤᠯᠤᠯᠲᠠ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠢᠨ᠎ᠡ᠎ᠶᠢ ᠡᠭᠦᠳᠬᠦ᠌᠂ ᠬᠥᠳᠡᠯᠮᠦᠷᠢ ᠠᠵᠢᠯ ᠣᠯᠭᠣᠯᠲᠠ ᠵᠡᠷᠭᠡ ᠤᠯᠠᠨ ᠬᠦᠷᠢᠶᠡᠨ᠎ᠳᠦ ᠡᠯᠪᠡᠭ ᠪᠠᠶᠠᠯᠢᠭ ᠬᠠᠮᠲᠤᠷᠠᠯᠴᠠᠭᠠᠨ᠎ᠤ ᠦᠷ᠎ᠡ ᠪᠦᠲᠦᠭᠡᠯ ᠤᠯᠪᠠ᠃ ᠡᠨᠡ ᠵᠢᠯ ᠪᠣᠯ ᠰᠸᠢᠰ ᠳᠤᠮᠳᠠᠳᠤ ᠵᠢᠨ ᠰᠢᠨ᠎ᠡ᠎ᠶᠢ ᠡᠭᠦᠳᠬᠦ᠌ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ᠎ᠤ ᠬᠠᠷᠢᠯᠴᠠᠭ᠎ᠠ ᠪᠠᠶ᠋ᠢᠭᠤᠯᠤᠭᠰᠠᠨ 10 ᠵᠢᠯ᠎ᠦᠨ ᠤᠢ ᠪᠣᠯᠤᠨ᠎ᠠ᠂ ᠬᠣᠶᠠᠷ ᠲᠠᠯ᠎ᠠ᠎ᠪᠠᠷ᠎ᠢᠶᠠᠨ ᠣᠬᠣᠷᠬᠠᠨ ᠬᠤᠭᠤᠴᠠᠭᠠᠨ᠎ᠳᠤ ᠴᠢᠯᠥᠭᠡᠲᠦ᠍ ᠠᠷᠠᠯᠵᠢᠶᠠᠨ᠎ᠤ ᠬᠡᠯᠡᠯᠴᠡᠭᠡᠷ᠎ᠤᠨ ᠳᠡᠰ ᠳᠡᠪᠰᠢᠭᠦᠯᠬᠦ᠌ ᠬᠡᠯᠡᠯᠴᠡᠭᠡ᠎ᠶᠢ ᠴᠢᠨᠠᠷ ᠰᠠᠶ᠋ᠢᠲᠠᠢ ᠪᠡᠶᠡᠯᠡᠭᠦᠯᠦᠭᠰᠡᠨ ᠨᠢ ᠬᠣᠶᠠᠷ ᠲᠠᠯ᠎ᠠ᠎ᠶᠢᠨ ᠳᠡᠭᠡᠳᠦ ᠬᠡᠮᠵᠢᠶᠡᠨ᠎ᠦ ᠢᠲᠡᠭᠡᠯᠴᠡᠭᠡ᠎ᠶᠢ ᠬᠠᠷᠠᠭᠤᠯᠵᠤ᠂ ᠬᠣᠶᠠᠷ ᠤᠯᠤᠰ᠎ᠤᠨ ᠠᠵᠤ ᠠᠬᠤᠶ᠋ᠢᠯᠠᠯ ᠪᠣᠯᠤᠨ ᠡᠯ᠎ᠡ ᠲᠠᠯ᠎ᠠ᠎ᠶᠢᠨ ᠬᠦᠰᠡᠯ ᠡᠷᠡᠮᠡᠯᠵᠡᠯ᠎ᠲᠡᠶ ᠨᠡᠶ᠋ᠢᠴᠡᠵᠦ᠍᠂ ᠰᠸᠢᠰ ᠳᠤᠮᠳᠠᠳᠤ᠎ᠶᠢᠨ ᠬᠠᠷᠢᠯᠴᠠᠭᠠᠨ᠎ᠤ ᠬᠥᠭᠵᠢᠯᠲᠡ᠎ᠳᠦ ᠰᠢᠨ᠎ᠡ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃ ᠰᠸᠢᠰ᠎ᠦᠨ ᠬᠢᠨ ᠨᠢᠭᠡ ᠳᠤᠮᠳᠠᠳᠤ ᠤᠯᠤᠰ ᠪᠠᠶ᠋ᠢᠬᠤ ᠲᠦᠷᠦ᠎ᠶᠢᠨ ᠪᠤᠳᠤᠯᠭ᠎ᠠ᠎ᠶᠢ ᠡᠷᠡᠰ ᠬᠡᠷᠡᠭᠵᠢᠭᠦᠯᠵᠦ᠍᠂ ᠳᠤᠮᠳᠠᠳᠤ ᠤᠯᠤᠰ᠎ᠯᠤᠭ᠎ᠠ ᠶᠠᠷᠢᠯᠴᠠᠭ᠎ᠠ ᠰᠣᠯᠢᠯᠴᠠᠭ᠎ᠠ᠎ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠶᠢ ᠪᠠᠷᠢᠮᠲᠠᠯᠠᠵᠤ᠂ ᠡᠯ᠎ᠡ ᠬᠦᠷᠢᠶᠡᠨ᠎ᠳ᠋ᠡᠬᠢ ᠬᠠᠮᠲᠤᠷᠠᠯᠴᠠᠭ᠎ᠠ ᠨᠡᠩ ᠶᠡᠬᠡ ᠬᠥᠭᠵᠢᠯᠲᠡ᠎ᠲᠡᠶ ᠪᠣᠯᠬᠤ᠎ᠶᠢ ᠠᠬᠢᠭᠤᠯᠬᠤ᠎ᠶᠢ ᠬᠦᠰᠡᠵᠦ᠍ ᠪᠠᠶ᠋ᠢᠨ᠎ᠠ᠃ ᠰᠸᠢᠰ᠎ᠦᠨ ᠬᠢᠨ ᠳᠤᠮᠳᠠᠳᠤ᠎ᠤᠯᠤᠰ ᠤ᠋ᠨ ᠳᠡᠯᠡᠬᠡᠢ᠎ᠶᠢᠨ ᠬᠡᠷᠡᠭ ᠶᠠᠪᠤᠳᠠᠯ ᠳᠤᠮᠳᠠ ᠦᠵᠡᠭᠦᠯᠬᠦ᠌ ᠢᠳᠡᠪᠬᠢᠲᠡᠢ ᠦᠢᠯᠡᠳᠦᠯ᠎ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ᠎ᠶᠢᠨ ᠲᠠᠯ᠎ᠠ᠎ᠲᠠᠶ ᠨᠢᠭᠲᠠ ᠵᠣᠬᠢᠴᠠᠭᠤᠯᠵᠤ᠂ ᠤᠯᠠᠨ ᠲᠠᠯᠠᠲᠤ᠌ ᠦᠵᠡᠯ᠎ᠢ ᠪᠠᠷᠢᠮᠲᠠᠯᠠᠵᠤ᠂ ᠴᠢᠯᠥᠭᠡᠲᠦ᠍ ᠠᠷᠠᠯᠵᠢᠶ᠎ᠠ᠎ᠶᠢ ᠬᠠᠮᠠᠭᠠᠯᠠᠵᠤ᠂ ᠳᠡᠯᠡᠬᠡᠢ᠎ᠶᠢᠨ ᠬᠥᠭᠵᠢᠯ ᠴᠡᠴᠡᠭᠯᠡᠯ ᠪᠣᠯᠤᠨ ᠡᠩᠬᠡ ᠲᠠᠶ᠋ᠢᠪᠤᠩ ᠲᠣᠭᠲᠠᠭᠤᠨ᠎ᠳᠤ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠬᠡᠪᠡ᠃
ᠠᠭᠤᠯᠵᠠᠯᠲᠠ᠎ᠶᠢᠨ ᠳᠠᠷᠠᠭ᠎ᠠ᠂ ᠬᠣᠶᠠᠷ ᠤᠯᠤᠰ᠎ᠤᠨ ᠲᠡᠷᠢᠭᠦᠨ ᠳᠤᠮᠳᠠᠳᠤ ᠰᠸᠢᠰ᠎ᠦᠨ ᠴᠢᠯᠥᠭᠡᠲᠦ᠍ ᠠᠷᠠᠯᠵᠢᠶᠠᠨ᠎ᠤ ᠬᠡᠯᠡᠯᠴᠡᠭᠡᠷ᠎ᠢ ᠳᠡᠰ ᠳᠡᠪᠰᠢᠭᠦᠯᠬᠦ᠌ ᠵᠥᠪᠯᠡᠨ ᠲᠤᠭᠳᠠᠭᠠᠬᠤ ᠪᠢᠴᠢᠭ ᠪᠣᠯᠤᠨ ᠰᠢᠨᠵᠢᠯᠡᠬᠦ᠌ ᠤᠬᠠᠭᠠᠨ᠎ᠤ ᠰᠤᠳᠤᠯᠭᠠᠨ᠂ ᠬᠥᠳᠡᠯᠮᠦᠷᠢ ᠠᠵᠢᠯ ᠣᠯᠭᠣᠯᠲᠠ᠂ ᠵᠠᠭᠤᠴᠢᠯᠠᠭᠤᠷ ᠵᠡᠷᠭᠡ ᠬᠦᠷᠢᠶᠡᠨ᠎ᠳ᠋ᠡᠬᠢ ᠤᠯᠠᠨ ᠵᠦᠢᠯ᠎ᠦᠨ ᠬᠠᠮᠲᠤᠷᠠᠯᠴᠠᠭᠠᠨ᠎ᠤ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠬᠤ᠎ᠶᠢ ᠬᠠᠮᠲᠤ᠎ᠪᠠᠷ ᠭᠡᠷᠡᠴᠢᠯᠡᠪᠡ᠃
ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 30 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃