ᠲᠡᠷᠢᠭᠦᠨ ᠨᠢᠭᠤᠷ - ᠵᠢᠷᠤᠭᠲᠤ ᠮᠡᠳᠡᠭᠡ

2026-11-02 17:31:03

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ 9 ᠰᠠᠷ᠎ᠠ᠎ᠶᠢᠨ ᠰᠡᠭᠦᠯᠴᠢ ᠪᠣᠯᠲᠠᠯ᠎ᠠ ᠥᠪᠥᠷ ᠮᠣᠩᠭᠣᠯ᠎ᠤᠨ ᠡᠨᠡ ᠵᠢᠯ᠎ᠤᠨ ᠠᠵᠢᠯ ᠡᠬᠢᠯᠡᠭᠦᠯᠦᠭᠰᠡᠨ ᠡᠯᠡᠰᠦ ᠵᠢ ᠲᠤᠭᠤᠯᠤᠭᠰᠠᠨ ᠵᠠᠰᠠᠮᠠᠯ ᠵᠠᠮ᠎ᠤᠨ ᠪᠠᠷᠢᠯᠭ᠎ᠠ 2667 ᠺᠢᠯᠣᠮᠧᠲᠷ ᠬᠦᠷᠴᠦ᠂ ᠵᠢᠯ᠎ᠳᠦ 2600 ᠺᠢᠯᠣᠮᠧᠲᠷ᠎ᠦᠨ ᠠᠵᠢᠯ ᠡᠬᠢᠯᠡᠭᠦᠯᠬᠦ ᠬᠠᠷᠠᠯᠲᠠ᠎ᠪᠠᠨ ᠤᠷᠢᠳᠴᠢᠯᠠᠨ ᠪᠡᠶᠡᠯᠡᠭᠦᠯᠵᠡᠢ᠃



ᠣᠢᠷ᠎ᠠ᠎ᠶᠢᠨ ᠬᠤᠭᠤᠴᠠᠭᠠᠨ᠎ᠳᠤ ᠰᠢᠯᠢ᠎ᠶᠢᠨ ᠭᠣᠣᠯ ᠠᠢᠮᠠᠭ᠎ᠤᠨ ᠰᠥᠨᠢᠳ ᠵᠡᠭᠦᠨ ᠬᠣᠰᠢᠭᠤᠨ᠎ᠤ ᠡᠯᠡᠰᠦ ᠵᠢ ᠲᠤᠭᠤᠯᠤᠭᠰᠠᠨ ᠬᠣᠶᠠᠷ ᠵᠠᠰᠠᠮᠠᠯ ᠵᠠᠮ᠎ᠤᠨ ᠪᠥᠬᠥ ᠱᠤᠭᠤᠮ ᠪᠠᠷᠢᠯᠭ᠎ᠠ ᠳᠠᠭᠤᠰᠴᠤ᠂ ᠲᠥᠷᠥᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ 3300 ᠭᠠᠷᠤᠢ ᠲᠦᠮᠡᠨ ᠲᠥᠭᠥᠷᠢᠭ ᠪᠠᠢᠵᠤ᠂ ᠵᠠᠮ᠎ᠤᠨ ᠣᠷᠳᠣ᠌ ᠨᠢ 49.1 ᠺᠢᠯᠣᠮᠧᠲᠷ ᠬᠦᠷᠴᠦ᠂ ᠵᠠᠰᠠᠵᠤ ᠪᠣᠯᠬᠤ ᠡᠯᠡᠰᠦᠷᠬᠡᠭᠵᠢᠭᠰᠡᠨ ᠭᠠᠵᠠᠷ ᠰᠢᠷᠣᠢ ᠨᠢ ᠪᠠᠷᠤᠭ 3 ᠲᠦᠮᠡᠨ ᠮᠦ᠍ ᠪᠠᠢᠵᠤ᠂ ᠡᠯᠡᠰᠦᠷᠬᠡᠭ ᠭᠠᠵᠠᠷ᠎ᠤᠨ ᠵᠠᠮ ᠨᠡᠪᠲᠡᠷᠡᠯᠭᠡ᠎ᠶᠢᠨ ᠴᠢᠳᠠᠪᠤᠷᠢ ᠪᠣᠯᠣᠨ ᠣᠷᠣᠨ ᠪᠦᠰᠡ᠎ᠶᠢᠨ ᠠᠮᠢ ᠠᠬᠤᠢ᠎ᠶᠢᠨ ᠵᠠᠰᠠᠯᠲᠠ᠎ᠶᠢᠨ ᠬᠢᠷᠢ ᠲᠦᠪᠰᠢᠨ᠎ᠢ ᠪᠦᠲᠦᠮᠵᠢᠲᠡᠶ ᠳᠡᠭᠡᠭᠰᠢᠯᠡᠭᠦᠯᠪᠡ᠃ ᠲᠦᠩᠯᠢᠶᠣᠣ ᠬᠣᠲᠠ᠎ᠶᠢᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠭᠤᠭᠤᠳᠳᠠᠢ᠎ᠡᠴᠡ ᠳᠠᠷᠬᠠᠨ ᠬᠦᠷᠬᠦ ᠵᠠᠰᠠᠮᠠᠯ ᠵᠠᠮ᠎ᠢ ᠤᠷᠤᠭᠰᠢᠲᠠᠢ ᠨᠠᠪᠲᠠᠷᠡᠭᠦᠯᠵᠦ᠂ ᠲᠤᠬᠠᠢ᠎ᠶᠢᠨ ᠭᠠᠵᠠᠷ᠎ᠤᠨ ᠰᠤᠮᠤ ᠰᠢᠶᠠᠩ ᠪᠠᠯᠭᠠᠰᠤ᠎ᠶᠢᠨ ᠭᠤᠷᠪᠠᠨ ᠱᠠᠲᠤᠨ ᠪ ᠵᠢᠴᠢ ᠲᠡᠭᠦᠨ᠎ᠡᠴᠡ ᠳᠡᠭᠡᠭᠰᠢᠬᠢ ᠵᠠᠰᠠᠮᠠᠯ ᠵᠠᠮ᠎ᠢ ᠪᠦᠬᠦᠨ᠎ᠢ ᠬᠠᠮᠤᠷᠪᠡ᠃

ᠣᠯᠠᠨ ᠵᠢᠯ᠎ᠦᠨ ᠲᠤᠷᠰᠢ᠂ ᠥᠪᠥᠷ ᠮᠣᠩᠭᠣᠯ᠎ᠡᠯᠡᠰᠦ᠎ᠶᠢ ᠲᠤᠭᠤᠯᠤᠭᠰᠠᠨ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ ᠵᠢ ᠬᠦᠨᠵᠡᠭᠡᠢᠷᠡᠬᠦᠯᠵᠦ᠂ ᠵᠠᠮ᠎ᠤᠨ ᠲᠣᠣᠷ᠎ᠤᠨ ᠪᠦᠲᠦᠭᠡᠨ ᠪᠠᠢᠭᠤᠯᠤᠯᠲᠠ᠎ᠶᠢ ᠴᠦᠯᠯᠡᠷᠬᠡᠭᠵᠢᠯ᠎ᠢ ᠵᠠᠰᠠᠬᠤ ᠯᠤᠭ᠎ᠠ ᠭᠦᠨᠵᠡᠭᠡᠢ ᠠᠭᠤᠰᠤᠯᠴᠠᠭᠤᠯᠵᠤ᠂ 《ᠵᠠᠮ ᠤᠷᠤᠭᠰᠢᠯᠠᠵᠤ ᠡᠯᠡᠰᠦ᠎ᠶᠢ ᠤᠬᠤᠷᠢᠭᠤᠯᠬᠤ》 ᠵᠠᠰᠠᠯᠲᠠ ᠶ᠋ᠢᠨ ᠰᠢᠨ᠎ᠡ ᠵᠠᠮ᠎ᠢᠶᠠᠷ ᠵᠠᠮᠨᠠᠭᠰᠠᠨ ᠪᠠᠢᠨ᠎ᠠ᠃ 1996 ᠣᠨ᠎ᠳᠤ ᠠᠩᠬᠠᠳᠠᠭ᠍ᠴᠢ ᠡᠯᠡᠰᠦ ᠵᠢ ᠲᠤᠭᠤᠯᠤᠭᠰᠠᠨ ᠵᠠᠰᠠᠮᠠᠯ ᠵᠠᠮ ᠪᠠᠢᠭᠤᠯᠤᠭᠳᠠᠭᠰᠠᠨ ᠠ᠋ᠴᠠ ᠨᠠᠭᠠᠰᠢ ᠡᠯ᠎ᠡ ᠭᠠᠵᠠᠷ᠎ᠤᠨ ᠬᠢᠨ ᠵᠠᠮ᠎ᠤᠨ ᠲᠣᠣᠷ᠎ᠲᠤ ᠲᠦᠰᠢᠭᠯᠡᠨ ᠣᠯᠠᠨ ᠲᠠᠰ ᠳᠠᠪᠬᠤᠷᠭ᠎ᠠ᠎ᠶᠢᠨ ᠬᠠᠮᠠᠭᠠᠯᠠᠯᠲᠠ᠎ᠶᠢᠨ ᠰᠢᠰᠲᠧᠮ ᠢ᠋ ᠪᠠᠢᠭᠤᠯᠵᠤ᠂ ᠤᠮᠠᠷᠠᠲᠤ ᠬᠢᠯᠢ ᠶ᠋ᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠦᠭᠰᠡᠨ ᠮᠥᠷᠲᠡᠭᠡᠨ ᠮᠠᠯᠴᠢᠳ᠎ᠤᠨ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠵᠠᠮ ᠢ᠋ ᠨᠡᠪᠲᠡᠷᠡᠭᠦᠯᠵᠡᠢ᠃



ᠰᠢᠰᠲᠧᠮᠵᠢᠭᠦᠯᠦᠭᠰᠡᠨ ᠲᠥᠯᠦᠪᠵᠢᠭᠦᠯᠭᠡ᠎ᠪᠡᠷ ᠬᠥᠲᠥᠯᠥᠨ ᠳᠠᠭᠠᠭᠤᠯᠬᠤ᠎ᠳᠤ ᠲᠦᠰᠢᠭᠯᠡᠨ᠂ ᠥᠪᠥᠷ ᠮᠣᠩᠭᠣᠯ ᠡᠯᠡᠰᠦ᠎ᠶᠢ ᠵᠠᠰᠠᠬᠤ ᠵᠠᠰᠠᠮᠠᠯ ᠵᠠᠮ᠎ᠤᠨ ᠰᠢᠰᠲᠧᠮ᠎ᠢ ᠦᠷᠭᠦᠯᠵᠢᠯᠡᠨ ᠲᠡᠭᠦᠯᠳᠡᠷᠵᠢᠭᠦᠯᠪᠡ᠃ 2024 ᠣᠨ᠎ᠤ 7 ᠰᠠᠷ᠎ᠠ᠎ᠳᠤ ᠥᠪᠥᠷ ᠮᠣᠩᠭᠣᠯ ᠲᠤᠰᠬᠠᠢ ᠬᠥᠭᠵᠢᠯᠲᠡ᠎ᠶᠢᠨ ᠲᠥᠯᠦᠪᠵᠢᠭᠦᠯᠭᠡ ᠨᠡᠢᠲᠡᠯᠡᠵᠦ᠂ 5 ᠠᠢᠮᠠᠭ ᠬᠣᠲᠠ᠎ᠶᠢᠨ 39 ᠬᠣᠰᠢᠭᠤ ᠰᠢᠶᠠᠨ ᠲᠣᠭᠣᠷᠢᠭ᠋᠎ᠲᠤ ᠠᠩᠬᠠᠷᠤᠯ᠎ᠢᠶᠠᠨ ᠲᠥᠪᠯᠡᠷᠡᠭᠦᠯᠦᠨ ᠡᠯᠡᠰᠦ ᠵᠢ ᠲᠤᠭᠤᠯᠤᠭᠰᠠᠨ ᠵᠠᠰᠠᠮᠠᠯ ᠵᠠᠮ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠠᠬᠢᠭᠤᠯᠪᠠ᠃ 2025 ᠣᠨ᠎ᠳᠤ 《ᠵᠠᠮ᠎ᠢᠶᠠᠷ ᠡᠯᠡᠰᠦ᠎ᠶᠢ ᠵᠠᠰᠠᠬᠤ》 ᠲᠤᠷᠰᠢᠯᠭ᠎ᠠ᠎ᠶᠢ ᠪᠥᠬᠥ ᠲᠠᠯ᠎ᠠ᠎ᠪᠠᠷ ᠳᠡᠯᠭᠡᠷᠡᠭᠦᠯᠵᠦ᠂ ᠪᠠᠰᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠶᠡᠬᠡ ᠲᠤᠬᠤᠢ ᠵᠢᠨ ᠪᠤᠭᠤᠮᠳᠠ ᠰᠢᠪᠲᠤᠯᠬᠤ ᠣᠷᠣᠨ᠂ ᠡᠸᠾᠰᠢ ᠵᠢᠨ ᠬᠣᠩᠭᠢᠯ ︱ ᠲᠠᠺᠠᠯᠢᠮᠠᠺᠠᠨ ᠡᠯᠡᠰᠦᠨ ᠴᠥᠯ᠎ᠦᠨ ᠬᠥᠪᠡᠭᠡ ᠵᠠᠬ᠎ᠠ᠎ᠶᠢᠨ ᠬᠣᠷᠢᠭ᠍ᠯᠠᠨ ᠴᠣᠬᠢᠬᠤ ᠣᠷᠣᠨ᠎ᠤ〈ᠵᠠᠮ᠎ᠢᠶᠠᠷ ᠡᠯᠡᠰᠦ᠎ᠶᠢ ᠵᠠᠰᠠᠬᠤ〉 ᠬᠡᠷᠡᠭᠵᠢᠭᠦᠯᠬᠦ ᠲᠥᠰᠥᠯ (2025 ︱ 2030 ᠣᠨ)》᠎ᠢ ᠨᠠᠢᠷᠠᠭᠤᠯᠤᠨ ᠲᠣᠭᠲᠠᠭᠠᠵᠤ᠂ ᠬᠥᠳᠡᠭᠡ ᠲᠣᠰᠬᠣᠨ᠎ᠤ ᠵᠠᠮ᠎ᠤᠨ ᠲᠣᠣᠷ᠎ᠢ ᠬᠣᠯᠪᠣᠯᠳᠤᠭᠤᠯᠬᠤ᠂ ᠰᠢᠰᠲᠧᠮᠵᠢᠭᠦᠯᠦᠨ ᠠᠷᠠᠴᠢᠯᠠᠨ ᠬᠠᠮᠠᠭᠠᠯᠠᠬᠤ᠂ ᠠᠮᠢ ᠠᠬᠤᠢ᠎ᠶᠢ ᠵᠠᠰᠠᠬᠤ ᠭᠤᠷᠪᠠᠨ ᠶᠡᠬᠡ ᠢᠨᠵᠧᠨᠧᠷᠢᠩ᠎ᠢ ᠬᠡᠷᠡᠭᠵᠢᠭᠦᠯᠪᠡ᠃

ᠪᠦᠷᠢᠳᠬᠡᠯ᠎ᠢ ᠦᠨᠳᠦᠰᠦᠯᠡᠪᠡᠯ᠂ 2024 ᠣᠨ᠎ᠠᠴᠠ ᠨᠠᠭᠠᠰᠢ᠂ ᠥᠪᠥᠷ ᠮᠣᠩᠭᠣᠯ ᠨᠡᠢ᠍ᠢᠳᠡ 4468 ᠺᠢᠯᠤᠮᠸᠲᠷ ᠡᠯᠡᠰᠦ ᠵᠢ ᠲᠤᠭᠤᠯᠤᠭᠰᠠᠨ ᠵᠠᠰᠠᠮᠠᠯ ᠵᠠᠮ᠎ᠢ ᠡᠬᠢᠯᠡᠨ ᠵᠠᠰᠠᠪᠠ᠂ ᠡᠭᠦᠨ᠎ᠳᠦ ᠬᠣᠷᠴᠢᠨ᠂ ᠬᠤᠯᠠᠨ ᠰᠢᠷᠭ᠎ᠠ ᠳᠠᠭ᠎ᠠ᠎ᠶᠢᠨ ᠡᠯᠡᠰᠦᠷᠬᠡᠭ ᠭᠠᠵᠠᠷ᠎ᠤᠨ ᠰᠥᠨᠥᠭᠡᠯᠲᠡ᠎ᠶᠢᠨ ᠳᠠᠢᠯᠠᠯᠳᠤᠭᠠᠨ᠎ᠤ ᠵᠠᠯᠭᠠᠯᠳᠤᠭᠰᠠᠨ ᠣᠷᠣᠨ ᠳ᠋ᠤ 3827 ᠺᠢᠯᠤᠮᠸᠲᠷ᠂ ᠬᠠᠳᠤᠨ ᠭᠣᠣᠯ᠎ᠤᠨ ᠶᠡᠬᠡ ᠲᠤᠬᠤᠢ ᠵᠢᠨ ᠪᠣᠭᠣᠮᠲᠠ ᠰᠢᠪᠲᠤᠯᠬᠤ ᠣᠷᠣᠨ ᠳ᠋ᠤ 641 ᠺᠢᠯᠤᠮᠸᠲᠷ ᠪᠠᠢᠵᠤ᠂ 787.45 ᠲᠦᠮᠡᠨ ᠮᠦ᠍ ᠡᠯᠡᠰᠦ᠎ᠶᠢ ᠵᠠᠰᠠᠬᠤ ᠵᠢ ᠳᠠᠢᠴᠢᠯᠠᠪᠠ᠃

 ᠢᠷᠡᠯᠳᠡ᠄ ᠦᠪᠦᠷ ᠮᠤᠨᠭᠭᠤᠯ᠎ᠤᠨ ᠰᠤᠨᠢᠨ ᠮᠡᠳᠡᠭᠡ ᠵᠢᠨ ᠰᠦᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面