2026-11-03 10:03:31
11 ᠰᠠᠷ᠎ᠠ᠎ᠶᠢᠨ 2 ᠤ᠋ᠨ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ᠌ ᠲᠦᠷᠦ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠌᠎ᠪᠡᠷ ᠢᠷᠡᠭᠰᠡᠨ ᠤᠮᠠᠨᠤ ᠰᠦᠳᠠᠨ ᠬᠠᠶ᠋ᠢᠰᠠᠶ᠋ᠢᠮ ᠲᠠᠢ ᠬᠡᠯᠡᠯᠴᠡᠭᠡ ᠬᠢᠪᠡ᠃

11 ᠰᠠᠷ᠎ᠠ᠎ᠶᠢᠨ 2 ᠤ᠋ᠨ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ᠌ ᠲᠦᠷᠦ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠌᠎ᠪᠡᠷ ᠢᠷᠡᠭᠰᠡᠨ ᠤᠮᠠᠨᠤ ᠰᠦᠳᠠᠨ ᠬᠠᠶ᠋ᠢᠰᠠᠶ᠋ᠢᠮ ᠲᠠᠢ ᠬᠡᠯᠡᠯᠴᠡᠭᠡ ᠬᠢᠪᠡ᠃
ᠰᠢᠨᠬᠤᠸᠠ ᠬᠤᠷᠢᠶᠠᠨ ᠤ᠋ ᠰᠤᠷᠪᠤᠯᠵᠢᠯᠠᠬᠴᠢ ᠯᠢ ᠰᠢᠶᠠᠩ ᠰᠡᠬᠦᠳᠡᠷᠯᠡᠪᠡ
ᠰᠢ ᠵᠢᠨ ᠫᠢᠩ᠂ ᠳᠤᠮᠳᠠᠳᠤ ᠤᠮᠠᠨ ᠤ᠋ ᠨᠥᠬᠥᠷᠯᠡᠯ ᠥᠨᠢ ᠤᠳᠠᠭᠠᠨ ᠲᠡᠦᠬᠡ᠎ᠲᠡᠶ ᠪᠠᠢᠵᠥ᠂ ᠬᠤᠷᠠᠮᠳᠤᠨ ᠭᠦᠨᠵᠡᠭᠡᠢᠷᠡᠵᠤ᠂ ᠪᠠᠲᠤ᠌ ᠪᠡᠬᠢ ᠰᠠᠭᠤᠷᠢ᠎ᠲᠠᠶ᠂ ᠰᠠᠷᠠᠭᠤᠯ ᠢᠷᠡᠭᠡᠳᠦᠢ᠎ᠲᠡᠶ ᠶᠤᠮ᠃ ᠬᠣᠶᠠᠷ ᠲᠠᠯ᠎ᠠ᠎ᠪᠠᠷ᠎ᠢᠶᠠᠨ ᠢᠮᠠᠭᠲᠠ ᠢᠲᠡᠭᠡᠯ᠎ᠢ ᠡᠷᠬᠢᠮᠯᠡᠨ ᠨᠥᠬᠥᠷᠯᠡᠵᠦ᠍᠂ ᠦᠨᠡᠨᠴᠢ᠎ᠪᠡᠷ ᠬᠠᠨᠳᠤᠵᠤ᠂ ᠶᠣᠰᠣᠯᠠᠯ᠎ᠢ ᠬᠢᠴᠢᠶᠡᠨ ᠬᠦᠨᠳᠦᠳᠬᠡᠵᠦ᠍᠂ ᠵᠢᠷᠤᠮ᠎ᠢ ᠪᠠᠷᠢᠮᠳᠠᠯᠠᠨ ᠬᠠᠮᠳᠤ ᠤᠷᠤᠭᠰᠢᠯᠠᠵᠤ᠂ ᠮᠢᠩᠭᠠᠨ ᠤᠨ ᠦᠷᠭᠦᠯᠵᠢᠯᠡᠭᠰᠡᠨ ᠳᠤᠮᠳᠠᠳᠤ ᠤᠮᠠᠨ ᠤ᠋ ᠨᠥᠬᠥᠷᠯᠡᠯ ᠶᠠᠪᠤᠬᠤ ᠲᠤᠳᠤᠮ ᠪᠠᠲᠤᠵᠢᠪᠠ᠃ ᠤᠢ᠌ᠷ᠎ᠠ᠎ᠶᠢᠨ ᠵᠢᠯ᠎ᠳ᠋ᠤ᠂ ᠬᠣᠶᠠᠷ ᠤᠯᠤᠰ᠎ᠤᠨ ᠤᠯᠤᠰ ᠲᠦᠷᠦ᠎ᠶᠢᠨ ᠢᠲᠡᠭᠡᠯᠴᠡᠭᠡ ᠡᠳᠦᠷ ᠢᠷᠡᠬᠦᠶ᠎ᠡ ᠪᠡᠬᠢᠵᠢᠵᠦ᠍᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠤᠯᠠᠮᠵᠢᠯᠠᠯᠲᠤ᠌ ᠨᠥᠬᠥᠷᠯᠡᠯ ᠬᠥᠮᠦᠰ᠎ᠦᠨ ᠰᠡᠳᠬᠢᠯ᠎ᠳᠦ ᠭᠦᠨ ᠬᠠᠳᠠᠩᠰᠢᠪᠠ᠃ ᠳᠤᠮᠳᠠᠳᠤ ᠤᠮᠠᠨ ᠤ᠋ ᠬᠠᠷᠢᠯᠴᠠᠭ᠎ᠠ᠎ᠶᠢ ᠥᠷᠭᠡᠳᠬᠡᠨ ᠭᠦᠨᠵᠡᠭᠡᠶ᠋ᠢᠷᠡᠭᠦᠯᠬᠦ᠌ ᠪᠣᠯ ᠬᠣᠶᠠᠷ ᠲᠠᠯ᠎ᠠ᠎ᠶᠢᠨ ᠬᠠᠮᠲᠤ᠎ᠶᠢᠨ ᠪᠠᠶ᠋ᠢᠯᠳᠤᠬᠤ ᠪᠤᠳᠤᠯᠭ᠎ᠠ᠎ᠶᠢᠨ ᠰᠣᠩᠭᠣᠯᠲᠠ ᠮᠥᠨ᠂ ᠴᠠᠭ ᠦᠶ᠎ᠡ᠎ᠶᠢᠨ ᠤᠷᠤᠰᠬᠠᠯ ᠪᠣᠯᠤᠨ ᠲᠡᠦᠬᠡ᠎ᠶᠢᠨ ᠶᠡᠬᠡ ᠬᠠᠨᠳᠤᠰᠢ᠎ᠲᠠᠶ ᠵᠣᠬᠢᠴᠠᠵᠤ᠂ ᠬᠣᠶᠠᠷ ᠤᠯᠤᠰ᠎ᠤᠨ ᠠᠷᠠᠳ ᠲᠦᠮᠡᠨ᠎ᠦ ᠬᠠᠮᠲᠤ᠎ᠶᠢᠨ ᠬᠦᠰᠡᠯ ᠡᠷᠡᠮᠡᠯᠵᠡᠯ᠎ᠲᠡᠶ ᠨᠡᠶ᠋ᠢᠴᠡᠨ᠎ᠡ᠃ ᠳᠤᠮᠳᠠᠳᠤ ᠤᠯᠤᠰ ᠳᠤᠷᠠᠲᠠᠶ᠎ᠠ ᠤᠮᠠᠨ ᠤ᠋ ᠬᠢᠨ᠎ᠲᠡᠶ ᠬᠠᠮᠲᠤ᠎ᠪᠠᠷ᠂ ᠳᠤᠮᠳᠠᠳᠤ ᠤᠮᠠᠨ ᠤ᠋ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠨᠡᠩ ᠥᠨᠳᠥᠷ ᠲᠦᠪᠰᠢᠨ ᠲᠡᠶ᠋ᠢᠰᠢ ᠤᠷᠤᠭᠰᠢᠯᠠᠬᠤ᠎ᠶᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠳᠤᠷ ᠪᠤᠶᠠᠨ ᠦᠢᠯᠡᠳᠴᠦ᠍᠂ ᠭᠠᠵᠠᠷ ᠣᠷᠣᠨ᠎ᠤ ᠡᠩᠬᠡ ᠲᠠᠶ᠋ᠢᠪᠤᠩ᠂ ᠲᠣᠭᠲᠠᠭᠤᠨ᠂ ᠬᠥᠭᠵᠢᠯ ᠴᠡᠴᠡᠭᠯᠡᠯ᠎ᠳᠦ ᠬᠤᠪᠢ ᠨᠡᠮᠡᠷᠢ ᠦᠵᠡᠭᠦᠯᠦᠨ᠎ᠡ ᠭᠡᠵᠦ᠍ ᠵᠢᠭᠠᠵᠤ ᠭᠠᠷᠭᠠᠪᠠ᠃
ᠰᠢ ᠵᠢᠨ ᠫᠢᠩ᠂ ᠡᠨᠡ ᠤᠳᠠᠭ᠎ᠠ᠎ᠶᠢᠨ ᠠᠶ᠋ᠢᠯᠴᠢᠯᠠᠯᠲᠠ ᠪᠣᠯ ᠳᠤᠮᠳᠠᠳᠤ ᠤᠮᠠᠨ ᠤ᠋ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ 48 ᠵᠢᠯ᠎ᠦᠨ ᠲᠤᠷᠰᠢ ᠤᠮᠠᠨ ᠤ᠋ ᠤᠯᠤᠰ᠎ᠤᠨ ᠲᠡᠷᠢᠭᠦᠨ ᠠᠩᠬ᠎ᠠ ᠤᠳᠠᠭ᠎ᠠ ᠳᠤᠮᠳᠠᠳᠤ ᠤᠯᠤᠰ᠎ᠲᠤ᠌ ᠠᠶ᠋ᠢᠯᠴᠢᠯᠠᠯᠳᠠ ᠬᠢᠵᠤ ᠪᠠᠶ᠋ᠢᠭ᠎ᠠ ᠶᠠᠪᠤᠳᠠᠯ ᠪᠣᠯᠤᠨ᠎ᠠ᠂ ᠡᠨᠡ ᠤᠳᠠᠭ᠎ᠠ᠎ᠶᠢᠨ ᠬᠡᠯᠡᠯᠴᠡᠭᠡ ᠨᠢ ᠳᠤᠮᠳᠠᠳᠤ ᠤᠮᠠᠨ ᠤ᠋ ᠬᠠᠷᠢᠯᠴᠠᠭ᠎ᠠ ᠵᠢᠨ ᠲᠡᠦᠬᠡᠨ ᠳᠡᠭᠡᠷᠡᠬᠢ ᠴᠢᠬᠤᠯᠠ ᠨᠢᠭᠡᠨ ᠬᠠᠭᠤᠳᠠᠰᠤ ᠪᠤᠯᠵᠤ᠂ ᠬᠣᠶᠠᠷ ᠲᠠᠯ᠎ᠠ᠎ᠶᠢᠨ ᠬᠠᠷᠢᠯᠴᠠᠭ᠎ᠠ ᠵᠢᠨ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ᠌᠎ᠶᠢ ᠢᠲᠡᠭᠡᠵᠦ᠍ ᠪᠠᠶ᠋ᠢᠨ᠎ᠠ᠃ ᠳᠤᠮᠳᠠᠳᠤ ᠤᠮᠠᠨ ᠬᠤᠶᠠᠷ ᠤᠯᠤᠰ ᠤᠯᠤᠰ ᠲᠦᠷᠦ᠎ᠶᠢᠨ ᠢᠲᠡᠭᠡᠯᠴᠡᠭᠡ᠎ᠪᠡᠨ ᠨᠡᠮᠡᠭᠳᠡᠭᠦᠯᠵᠦ᠍᠂ ᠲᠦᠷᠦ᠎ᠶᠢ ᠵᠠᠰᠠᠬᠤ ᠲᠤᠷᠰᠢᠯᠭ᠎ᠠ᠎ᠶᠢᠨ ᠰᠣᠯᠢᠯᠴᠠᠭ᠎ᠠ᠎ᠪᠠᠨ ᠴᠢᠩᠭᠠᠳᠬᠠᠵᠤ᠂ ᠳᠤᠮᠳᠠᠳᠤ ᠤᠮᠠᠨ ᠤ᠋ ᠬᠠᠷᠢᠯᠴᠠᠭ᠎ᠠ᠎ᠶᠢᠨ ᠪᠠᠶ᠋ᠢᠯᠳᠤᠬᠤ ᠪᠤᠳᠤᠯᠭ᠎ᠠ᠎ᠶᠢᠨ ᠳᠡᠪᠢᠰᠬᠡᠷ ᠦᠩᠭᠡ᠎ᠶᠢ ᠤᠯᠠᠮ ᠨᠢᠭᠡ ᠠᠯᠬᠤᠮ ᠬᠢᠯᠠᠯᠵᠠᠭᠤᠯᠤᠶᠠ᠃ ᠳᠤᠮᠳᠠᠳᠤ ᠤᠯᠤᠰ ᠤᠮᠠᠨ ᠤ᠋ ᠤᠯᠤᠰ᠎ᠤᠨ᠎ᠢᠶᠠᠨ ᠲᠤᠰᠠᠭᠠᠷ ᠲᠣᠭᠲᠠᠨᠢᠯ᠂ ᠡᠷᠬᠡ ᠮᠡᠳᠡᠯ᠂ ᠠᠮᠤᠷ ᠲᠦᠪᠰᠢᠨ ᠪᠠ ᠲᠣᠭᠲᠠᠭᠤᠨ᠎ᠢᠶᠠᠨ ᠬᠠᠮᠠᠭᠠᠯᠠᠵᠤ᠂ ᠲᠤᠰ ᠤᠯᠤᠰ᠎ᠤᠨ᠎ᠢᠶᠠᠨ ᠪᠠᠶ᠋ᠢᠳᠠᠯ᠎ᠳᠤ ᠨᠡᠶ᠋ᠢᠴᠡᠭᠰᠡᠨ ᠬᠥᠭᠵᠢᠯᠲᠡ᠎ᠶᠢᠨ ᠵᠠᠮ᠎ᠢᠶᠠᠨ ᠪᠡᠶ᠎ᠡ᠎ᠪᠡᠨ ᠳᠠᠭᠠᠭᠠᠵᠤ ᠰᠦᠪᠡᠭᠴᠢᠯᠡᠬᠦ᠌᠎ᠶᠢ ᠲᠡᠮᠵᠢᠵᠥ᠍᠂ ᠳᠤᠷᠠᠲᠠᠶ᠎ᠠ ᠤᠮᠠᠨ ᠤ᠋ ᠬᠢᠨ᠎ᠲᠡᠶ ᠬᠠᠮᠳᠤ ᠪᠡᠷ ᠦᠷᠭᠦᠯᠵᠢᠯᠡᠨ ᠬᠠᠷᠢᠯᠴᠠᠨ ᠡᠷᠡᠰ ᠲᠡᠮᠵᠢᠯᠴᠡᠨᠡ᠃ ᠬᠣᠶᠠᠷ ᠲᠠᠯ᠎ᠠ᠎ᠪᠠᠷ᠎ᠢᠶᠠᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠥᠷᠭᠡᠳᠬᠡᠵᠦ᠍᠂ ᠬᠣᠶᠠᠷ ᠤᠯᠤᠰ᠎ᠤᠨ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ᠌ ᠰᠠᠭᠤᠷᠢ᠎ᠶᠢ ᠲᠠᠰᠤᠷᠠᠯᠳᠠ ᠦᠭᠡᠢ ᠪᠡᠬᠢᠵᠢᠭᠦᠯᠦᠶ᠎ᠡ᠃ ᠳᠤᠮᠳᠠᠳᠤ ᠤᠯᠤᠰ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ᠎ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ᠎ᠪᠡᠨ ᠥᠷᠭᠡᠳᠬᠡᠬᠦ᠌ ᠨᠢ ᠤᠮᠠ᠎ᠨᠢ ᠪᠠᠭᠲᠠᠭᠠᠭᠰᠠᠨ ᠳᠡᠯᠡᠬᠡᠢ᠎ᠶᠢᠨ ᠡᠯ᠎ᠡ ᠤᠯᠤᠰ᠎ᠲᠤ᠌ ᠨᠡᠩ ᠶᠡᠬᠡ ᠠᠵᠠ ᠲᠣᠬᠢᠶᠠᠯ ᠠᠪᠴᠢᠷᠠᠬᠤ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠤᠮᠠᠨ ᠤ᠋ ᠬᠢᠨᠯᠤᠭᠠ ᠬᠥᠭᠵᠢᠯᠲᠡ᠎ᠶᠢᠨ ᠪᠠᠶ᠋ᠢᠯᠳᠤᠬᠤ ᠪᠤᠳᠤᠯᠭ᠎ᠠ᠎ᠶᠢᠨ ᠵᠣᠯᠭᠠᠯᠴᠠᠭ᠎ᠠ᠎ᠪᠠᠨ ᠭᠦᠨᠵᠡᠭᠡᠶ᠋ᠢᠷᠡᠭᠦᠯᠵᠦ᠍᠂ ᠲᠣᠭᠲᠠᠭᠤᠨ ᠨᠠᠶ᠋ᠢᠳᠠᠪᠤᠷᠢᠲᠠᠢ ᠡᠨᠧᠷᠭᠢ᠎ᠶᠢᠨ ᠬᠠᠮᠲᠤᠷᠠᠯᠴᠠᠭᠠᠨ᠎ᠤ ᠬᠠᠨᠢᠲᠠᠨ᠂ ᠲᠡᠯᠳᠡ ᠬᠦᠴᠦᠨ ᠪᠦᠬᠦᠢ ᠪᠡᠯᠡ ᠣᠷᠣᠭᠤᠯᠤᠯᠲᠠ᠎ᠶᠢᠨ ᠬᠠᠮᠲᠤᠷᠠᠯᠴᠠᠭᠠᠨ᠎ᠤ ᠬᠠᠨᠢᠲᠠᠨ᠂ ᠬᠠᠮᠵᠢᠯᠴᠠᠨ ᠰᠢᠨ᠎ᠡ᠎ᠶᠢ ᠡᠭᠦᠳᠬᠦ᠌ ᠳᠡᠭᠡᠳᠦ ᠮᠡᠷᠭᠡᠵᠢᠯ᠎ᠦᠨ ᠬᠠᠮᠲᠤᠷᠠᠯᠴᠠᠭᠠᠨ᠎ᠤ ᠬᠠᠨᠢᠲᠠᠨ ᠪᠤᠯᠵᠥ᠍᠂ ᠬᠣᠶᠠᠷ ᠤᠯᠤᠰ᠎ᠤᠨ ᠡᠨᠧᠷᠭᠢ᠎ᠶᠢᠨ ᠬᠠᠮᠲᠤᠷᠠᠯᠴᠠᠭ᠎ᠠ᠎ᠶᠢᠨ ᠨᠡᠩ ᠪᠤᠰᠤᠭ᠎ᠠ ᠴᠤᠬᠴᠠᠳᠤ ᠪᠦᠬᠦ᠌ ᠲᠠᠯ᠎ᠠ᠎ᠶᠢᠨ ᠪᠣᠯᠬᠤ᠎ᠶᠢ ᠠᠬᠢᠭᠤᠯᠵᠤ᠂ ᠠᠵᠤ ᠦᠢᠯᠡᠰ᠂ ᠪᠡᠯᠡ ᠣᠷᠣᠭᠤᠯᠤᠯᠲᠠ᠂ ᠵᠣᠬᠢᠶᠠᠮᠠᠯ ᠤᠶᠤᠨ ᠴᠢᠳᠠᠪᠤᠷᠢ ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠡᠨ ᠴᠢᠩᠭᠠᠳᠬᠠᠵᠤ᠂ ᠲᠤᠰ ᠲᠤᠰ᠎ᠤᠨ᠎ᠢᠶᠠᠨ ᠬᠥᠭᠵᠢᠯᠲᠡ ᠮᠠᠨᠳᠤᠯᠲᠠ ᠪᠣᠯᠤᠨ ᠣᠳᠣᠬᠢᠴᠢᠯᠠᠯᠲᠠ᠎ᠶᠢ ᠪᠡᠶᠡᠯᠡᠭᠦᠯᠬᠦ᠌ ᠵᠠᠮ ᠳᠡᠭᠡᠷ᠎ᠡ ᠭᠠᠷ ᠬᠣᠯᠪᠣᠨ ᠬᠠᠮᠲᠤ᠎ᠪᠠᠷ ᠤᠷᠤᠭᠰᠢᠯᠠᠨ᠎ᠠ᠃ ᠬᠣᠶᠠᠷ ᠲᠠᠯ᠎ᠠ᠎ᠪᠠᠷ᠎ᠢᠶᠠᠨ ᠤᠯᠠᠮᠵᠢᠯᠠᠯᠲᠤ᠌ ᠨᠥᠬᠥᠷᠯᠡᠯ᠎ᠢᠶᠡᠨ ᠦᠷᠭᠦᠯᠵᠢᠯᠡᠭᠦᠯᠵᠦ᠍᠂ ᠠᠷᠠᠳ᠎ᠤᠨ ᠰᠡᠳᠬᠢᠯ᠎ᠦᠨ ᠨᠡᠪᠲᠡᠷᠡᠯᠴᠡᠭᠡ᠎ᠶᠢᠨ ᠬᠣᠯᠪᠣᠭᠠᠰᠤ᠎ᠪᠠᠨ ᠴᠢᠩᠭᠠᠳᠬᠠᠵᠤ᠂ ᠰᠤᠷᠭᠠᠨ ᠬᠥᠮᠦᠵᠢᠯ᠂ ᠵᠢᠭᠤᠯᠴᠢᠯᠠᠯ᠂ ᠡᠷᠡᠭᠦᠯ ᠬᠠᠮᠠᠭᠠᠯᠠᠯ᠂ ᠰᠣᠨᠢᠨ ᠮᠡᠳᠡᠭᠡ᠂ ᠪᠡᠶ᠎ᠡ᠎ᠶᠢᠨ ᠲᠠᠮᠢᠷ ᠵᠡᠷᠭᠡ ᠲᠠᠯ᠎ᠠ᠎ᠶᠢᠨ ᠬᠠᠮᠲᠤᠷᠠᠯᠴᠠᠭ᠎ᠠ᠎ᠪᠠᠨ ᠨᠢᠭᠲᠠᠷᠠᠭᠤᠯᠵᠤ᠂ ᠳᠤᠮᠳᠠᠳᠤ ᠤᠮᠠᠨ ᠤ᠋ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠠᠭᠤᠯᠤᠭᠳᠠᠬᠤᠨ᠎ᠢ ᠲᠠᠰᠤᠷᠠᠯᠳᠠ ᠦᠭᠡᠢ ᠪᠠᠶᠠᠯᠢᠭᠵᠢᠭᠤᠯᠤᠨ ᠥᠷᠭᠡᠳᠬᠡᠶ᠎ᠡ ᠭᠡᠵᠤ ᠴᠢᠬᠤᠯᠠᠴᠢᠯᠠᠪᠠ᠃
ᠰᠢ ᠵᠢᠨ ᠫᠢᠩ᠂ ᠣᠳᠣᠬᠠᠨ᠎ᠤ ᠳᠡᠯᠡᠬᠡᠢ ᠳ᠋ᠠᠬᠢᠨ ᠤ᠋ ᠵᠠᠭᠤᠨ ᠵᠢᠯ᠎ᠳ᠋ᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠤᠨ ᠤᠯᠠᠷᠢᠵᠤ᠂ ᠪᠦᠬᠦ᠌ ᠪᠥᠮᠪᠥᠷᠴᠡᠭ᠎ᠦᠨ ᠴᠢᠨᠠᠷᠲᠠᠢ ᠠᠰᠠᠭᠤᠳᠠᠯ ᠲᠠᠰᠤᠷᠠᠯᠳᠠ ᠦᠭᠡᠢ ᠭᠠᠷᠴᠤ᠌ ᠪᠠᠶ᠋ᠢᠨ᠎ᠠ᠃ ᠳᠤᠮᠳᠠᠳᠤ ᠳᠣᠷᠣᠨᠠᠲᠤ᠎ᠶᠢᠨ ᠲᠠᠯᠠᠢ᠎ᠶᠢᠨ ᠪᠤᠯᠤᠩ᠎ᠤᠨ ᠣᠷᠣᠨ ᠨᠢ ᠲᠤᠮᠤ ᠤᠯᠤᠰ᠎ᠤᠨ ᠦᠵᠡᠯᠴᠡᠭᠡᠨ ᠪᠠ ᠭᠠᠵᠠᠷ ᠣᠷᠣᠨ᠎ᠤ ᠮᠥᠷᠭᠥᠯᠳᠦᠭᠡᠨ᠎ᠦ ᠬᠦᠴᠦ ᠦᠵᠡᠯᠴᠡᠬᠦ ᠲᠠᠯᠠᠪᠤᠷ ᠪᠤᠯᠬᠤ ᠦᠭᠡᠢ ᠪᠠᠢᠪᠡᠯ ᠵᠤᠬᠢᠨ᠎ᠠ᠃ ᠭᠠᠵᠠᠷ ᠣᠷᠣᠨ᠎ᠤ ᠡᠩᠬᠡ ᠲᠠᠶ᠋ᠢᠪᠤᠩ ᠲᠣᠭᠲᠠᠭᠤᠨ᠎ᠢ ᠡᠯ᠎ᠡ ᠲᠠᠯ᠎ᠠ᠎ᠶᠢᠨ ᠬᠢᠨ ᠬᠠᠮᠲᠤ᠎ᠪᠠᠷ ᠪᠤᠢ ᠪᠣᠯᠭᠠᠬᠤ ᠬᠡᠷᠡᠭᠲᠡᠢ᠃ ᠳᠤᠮᠳᠠᠳᠤ᠎ᠤᠯᠤᠰ ᠢᠮᠠᠭᠲᠠ ᠳᠠᠢ᠌ᠨ᠎ᠢ ᠵᠣᠭᠰᠣᠭᠠᠵᠤ ᠡᠩᠬᠡ ᠲᠠᠶ᠋ᠢᠪᠤᠩ᠎ᠢ ᠠᠬᠢᠭᠤᠯᠬᠤ᠎ᠪᠠᠷ ᠢᠳᠡᠪᠬᠢᠲᠡᠢ ᠴᠢᠷᠮᠠᠶ᠋ᠢᠵᠤ ᠪᠤᠢ᠂ ᠭᠠᠵᠠᠷ ᠣᠷᠣᠨ᠎ᠤ ᠠᠮᠤᠷ ᠲᠦᠪᠰᠢᠨ᠎ᠦ ᠬᠦᠴᠢᠷᠳᠡᠯ᠎ᠢ ᠰᠢ᠌ᠳᠪᠦᠷᠢᠯᠡᠬᠦ᠌᠎ᠳᠦ ᠤᠶᠤᠨ ᠤᠬᠠᠭᠠᠨ ᠪᠠ ᠲᠥᠰᠦᠯ ᠨᠡᠮᠡᠷᠢᠯᠡᠬᠦ᠌᠎ᠶᠢ ᠬᠦᠰᠡᠵᠦ᠍ ᠪᠠᠶ᠋ᠢᠨ᠎ᠠ᠃ ᠪᠢᠳᠡ ᠤᠯᠤᠰ ᠲᠦᠷᠦ᠎ᠶᠢᠨ ᠭᠠᠳᠠᠭᠠᠳᠤ ᠬᠠᠷᠢᠯᠴᠠᠭᠠᠨ᠎ᠤ ᠠᠷᠭ᠎ᠠ ᠵᠠᠮ᠎ᠢᠶᠠᠷ ᠮᠠᠷᠭᠤᠯᠳᠤᠭᠠᠨ᠎ᠢ ᠰᠢ᠌ᠳᠪᠦᠷᠢᠯᠡᠬᠦ᠌᠎ᠶᠢ ᠦᠷᠭᠦᠯᠵᠢᠯᠡᠨ ᠰᠠᠨᠠᠭᠠᠴᠢᠯᠠᠵᠤ᠂ ᠭᠠᠵᠠᠷ ᠣᠷᠣᠨ᠎ᠤ ᠤᠯᠤᠰ᠎ᠤᠳ᠎ᠤᠨ ᠡᠶᠡᠯᠳᠡᠭ ᠬᠥᠷᠰᠢ᠂ ᠬᠥᠭᠵᠢᠯᠲᠡ᠂ ᠠᠮᠤᠷ ᠲᠦᠪᠰᠢᠨ᠂ ᠬᠠᠮᠲᠤᠷᠠᠯᠴᠠᠭᠠᠨ᠎ᠤ ᠬᠠᠮᠲᠤ᠎ᠶᠢᠨ ᠭᠡᠷ ᠣᠷᠣᠨ᠎ᠢ ᠪᠠᠶ᠋ᠢᠭᠤᠯᠬᠤ᠎ᠶᠢ ᠳᠡᠮᠵᠢᠨ᠎ᠠ᠃ ᠳᠤᠮᠳᠠᠳᠤ᠎ᠤᠯᠤᠰ ᠳᠤᠷᠠᠲᠠᠶ᠎ᠠ ᠤᠮᠠᠨᠤ ᠲᠠᠯ᠎ᠠ᠎ᠶᠢ ᠪᠠᠭᠲᠠᠭᠠᠭᠰᠠᠨ ᠠᠷᠠᠪ᠎ᠤᠨ ᠤᠯᠤᠰ᠎ᠤᠳ᠂ ᠳᠠᠯᠠᠢ᠎ᠶᠢᠨ ᠪᠤᠯᠤᠩ᠎ᠤᠨ ᠠᠷᠠᠪ᠎ᠤᠨ ᠤᠯᠤᠰ᠎ᠤᠳ᠎ᠤᠨ ᠬᠠᠮᠳᠤᠷᠠᠯᠴᠠᠭᠠᠨ᠎ᠤ ᠵᠦᠪᠯᠡᠯ᠎ᠤᠨ ᠤᠯᠤᠰ᠎ᠤᠳ᠎ᠲᠠᠶ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠬᠠᠵᠤ᠂ ᠭᠠᠵᠠᠷ ᠣᠷᠣᠨ᠎ᠤ ᠡᠩᠬᠡ ᠲᠠᠶ᠋ᠢᠪᠤᠩ ᠠᠮᠤᠷ ᠲᠣᠭᠲᠠᠭᠤᠨ᠎ᠢ ᠡᠷᠲᠡᠬᠡᠨ ᠰᠡᠷᠭᠦᠭᠡᠬᠦ᠌᠂ ᠥᠨᠢ ᠤᠳᠠᠭᠠᠨ ᠠᠮᠤᠷ ᠲᠦᠪᠰᠢᠨ ᠪᠠᠶ᠋ᠢᠬᠤ᠎ᠶᠢ ᠪᠡᠶᠡᠯᠡᠭᠦᠯᠬᠦ᠌᠎ᠶᠢᠨ ᠲᠥᠯᠥᠭᠡ ᠬᠠᠮᠲᠤ᠎ᠪᠠᠷ ᠴᠢᠷᠮᠠᠶ᠋ᠢᠨ᠎ᠠ ᠭᠡᠵᠦ᠍ ᠵᠢᠭᠠᠵᠤ ᠭᠠᠷᠭᠠᠪᠠ᠃
ᠬᠠᠢ᠌ᠰᠠᠶ᠋ᠢᠮ᠂ ᠠᠭᠤᠤ ᠶᠡᠬᠡ ᠨᠥᠬᠥᠷᠰᠡᠭ ᠳᠤᠮᠳᠠᠳᠤ ᠤᠯᠤᠰ᠎ᠲᠤ᠌ ᠠᠶ᠋ᠢᠯᠴᠢᠯᠠᠭᠰᠠᠨ᠎ᠳᠠᠭᠠᠨ ᠮᠠᠰᠢ ᠪᠠᠶᠠᠷ ᠲᠠᠢ ᠪᠠᠶ᠋ᠢᠨ᠎ᠠ᠃ ᠲᠡᠷᠢᠭᠦᠯᠡᠭᠴᠢ ᠰᠢ ᠵᠢᠨ ᠫᠢᠩ᠎ᠦᠨ ᠪᠠᠲᠤ᠌ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ᠎ᠶᠢᠨ ᠤᠯᠤᠰ ᠲᠦᠷᠦ᠍ ᠠᠵᠤ ᠠᠬᠤᠢ᠎ᠶᠢᠨ ᠲᠤᠮᠤ ᠤᠯᠤᠰ ᠪᠤᠯᠵᠤ᠂ ᠳᠡᠯᠡᠬᠡᠢ᠎ᠶᠢᠨ ᠬᠥᠭᠵᠢᠯ ᠴᠡᠴᠡᠭᠯᠡᠯ ᠲᠣᠭᠲᠠᠭᠤᠨ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠤᠮᠠᠨ ᠳᠤᠮᠳᠠᠳᠤ ᠤᠯᠠᠮᠵᠢᠯᠠᠯᠲᠤ᠌ ᠨᠥᠬᠥᠷᠯᠡᠯ ᠳᠠᠢ ᠪᠠᠢᠵᠥ᠂ ᠢᠮᠠᠭᠲᠠ ᠬᠠᠷᠢᠯᠴᠠᠨ ᠬᠦᠨᠳᠦᠳᠬᠡᠵᠦ᠍᠂ ᠬᠠᠷᠢᠯᠴᠠᠨ ᠢᠲᠡᠭᠡᠯᠴᠡᠭᠰᠡᠭᠡᠷ ᠢᠷᠡᠵᠠᠢ᠃ ᠤᠮᠠᠨ ᠤ᠋ ᠬᠢᠨ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠡᠷᠡᠰ ᠪᠠᠷᠢᠮᠲᠠᠯᠠᠵᠤ᠂ ᠳᠤᠮᠳᠠᠳᠤ ᠤᠯᠤᠰ᠎ᠤᠨ ᠤᠯᠤᠰ᠎ᠤᠨ ᠡᠷᠬᠡ ᠮᠡᠳᠡᠯ ᠪᠣᠯᠤᠨ ᠨᠤᠲᠤᠭ ᠳᠡᠪᠢᠰᠬᠡᠷ᠎ᠦᠨ ᠪᠦᠷᠢᠨ ᠪᠦᠲᠦᠨ ᠪᠠᠶ᠋ᠢᠬᠤ᠎ᠶᠢ ᠬᠠᠮᠠᠭᠠᠯᠠᠬᠤ᠎ᠶᠢ ᠳᠡᠮᠵᠢᠨ᠎ᠠ᠃ ᠲᠤᠰ ᠤᠳᠠᠭ᠎ᠠ᠎ᠶᠢᠨ ᠠᠶ᠋ᠢᠯᠴᠢᠯᠠᠯᠲᠠ᠎ᠪᠠᠷ ᠰᠢᠨ᠎ᠡ ᠭᠠᠷᠤᠭ᠎ᠠ ᠪᠣᠯᠭᠠᠵᠤ᠂ ᠨᠡᠩ ᠤᠯᠠᠨ ᠬᠠᠮᠲᠤᠷᠠᠯᠴᠠᠭᠠᠨ᠎ᠤ ᠠᠵᠠ ᠲᠣᠬᠢᠶᠠᠯ᠎ᠢ ᠣᠯᠵᠤ᠂ ᠢᠷᠡᠭᠡᠳᠦᠢ᠎ᠳᠦ ᠬᠠᠨᠳᠤᠭᠰᠠᠨ ᠬᠠᠨᠢᠲᠠᠨ᠎ᠤ ᠬᠠᠷᠢᠯᠴᠠᠭ᠎ᠠ᠎ᠶᠢ ᠪᠠᠶ᠋ᠢᠭᠤᠯᠵᠤ᠂ ᠬᠣᠶᠠᠷ ᠤᠯᠤᠰ᠎ᠤᠨ ᠬᠠᠷᠢᠯᠴᠠᠭ᠎ᠠ᠎ᠶᠢᠨ ᠨᠡᠩ ᠶᠡᠬᠡ ᠬᠥᠭᠵᠢᠯᠲᠡ᠎ᠲᠡᠶ ᠪᠣᠯᠬᠤ᠎ᠶᠢ ᠠᠬᠢᠭᠤᠯᠬᠤ᠎ᠶᠢ ᠬᠦᠰᠡᠵᠦ᠍ ᠪᠠᠶ᠋ᠢᠨ᠎ᠠ᠃ ᠳᠤᠮᠳᠠᠳᠤ ᠤᠯᠤᠰ ᠤᠯᠠᠨ ᠵᠢᠯ᠎ᠦᠨ ᠲᠤᠷᠰᠢ ᠤᠮᠠᠨᠤ ᠨᠢᠭᠡᠳᠦᠭᠡᠷ ᠲᠤᠮᠤ ᠠᠷᠠᠯᠵᠢᠶᠠᠨ᠎ᠤ ᠬᠠᠨᠢᠲᠠᠨ ᠪᠠᠶ᠋ᠢᠵᠤ᠂ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠤᠮᠠᠨ᠎ᠳᠠᠬᠢ ᠪᠡᠯᠡ ᠣᠷᠣᠭᠤᠯᠤᠯᠲᠠ ᠲᠠᠰᠤᠷᠠᠯᠳᠠ ᠦᠭᠡᠢ ᠨᠡᠮᠡᠭᠳᠡᠵᠦ᠍᠂ ᠬᠣᠶᠠᠷ ᠤᠯᠤᠰ᠎ᠤᠨ ᠠᠵᠤ ᠠᠬᠤᠢ᠎ᠶᠢᠨ ᠬᠠᠷᠢᠯᠴᠠᠭ᠎ᠠ ᠨᠡᠩ ᠪᠦᠬᠦ᠌ ᠲᠠᠯ᠎ᠠ᠎ᠪᠠᠷ ᠤᠯᠠᠨ ᠡᠰᠢᠵᠢᠪᠡ᠃ ᠤᠮᠠᠨᠤ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠣᠶᠠᠷ ᠤᠯᠤᠰ᠎ᠤᠨ ᠬᠥᠭᠵᠢᠯᠲᠡ᠎ᠶᠢᠨ ᠪᠠᠶ᠋ᠢᠯᠳᠤᠬᠤ ᠪᠤᠳᠤᠯᠭ᠎ᠠ᠎ᠪᠠᠨ ᠵᠣᠯᠭᠠᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠠᠵᠤ ᠦᠢᠯᠡᠳᠪᠦᠷᠢ᠂ ᠰᠠᠭᠤᠷᠢ ᠲᠥᠬᠥᠭᠡᠷᠦᠮᠵᠢ᠎ᠶᠢᠨ ᠪᠦᠳᠦᠭᠡᠨ ᠪᠠᠶ᠋ᠢᠭᠤᠯᠤᠯᠲᠠ᠂ ᠵᠣᠬᠢᠶᠠᠮᠠᠯ ᠤᠶᠤᠨ ᠴᠢᠳᠠᠪᠤᠷᠢ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ᠎ᠳ᠋ᠡᠬᠢ ᠬᠠᠮᠲᠤᠷᠠᠯᠴᠠᠭ᠎ᠠ᠎ᠪᠠᠨ ᠴᠢᠩᠭᠠᠳᠬᠠᠨ᠎ᠠ᠃ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠨᠡᠮᠡᠭᠳᠡᠭᠦᠯᠵᠦ᠍᠂ ᠬᠣᠶᠠᠷ ᠤᠯᠤᠰ᠎ᠤᠨ ᠠᠷᠠᠳ ᠲᠦᠮᠡᠨ᠎ᠦ ᠬᠠᠷᠢᠯᠴᠠᠨ ᠣᠶ᠋ᠢᠯᠠᠭᠠᠯᠴᠠᠵᠤ ᠬᠠᠷᠢᠯᠴᠠᠨ ᠳᠣᠲᠣᠨᠣ ᠪᠠᠶ᠋ᠢᠬᠤ᠎ᠶᠢ ᠠᠬᠢᠭᠤᠯᠤᠨ᠎ᠠ᠃ ᠳᠤᠮᠳᠠᠳᠤ ᠤᠯᠤᠰ ᠳᠡᠯᠡᠬᠡᠢ᠎ᠶᠢᠨ ᠡᠩᠬᠡ ᠲᠠᠶ᠋ᠢᠪᠤᠩ ᠲᠣᠭᠲᠠᠭᠤᠨ᠎ᠢ ᠬᠠᠮᠠᠭᠠᠯᠠᠬᠤ᠎ᠳᠤ ᠳᠤᠲᠠᠭᠳᠠᠵᠤ ᠪᠣᠯᠤᠰᠢ ᠦᠭᠡᠢ ᠤᠳᠤᠷᠢᠳᠬᠤ ᠦᠢᠯᠡᠳᠦᠯ᠎ᠢᠶᠡᠨ ᠪᠠᠳᠠᠷᠠᠭᠤᠯᠵᠤ ᠪᠠᠶ᠋ᠢᠨ᠎ᠠ᠃ ᠤᠮᠠᠨᠤ ᠬᠢᠨ ᠳᠤᠮᠳᠠᠳᠤ ᠤᠯᠤᠰ᠎ᠤᠨ ᠳᠤᠮᠳᠠᠳᠤ ᠳᠣᠷᠣᠨᠠᠲᠤ᠎ᠶᠢᠨ ᠠᠰᠠᠭᠤᠳᠠᠯ ᠳᠡᠭᠡᠷᠡᠬᠢ ᠲᠥᠪ ᠭᠣᠣᠯᠴᠢ ᠵᠣᠭᠰᠣᠯᠲᠠ᠎ᠶᠢ ᠳᠡᠭᠡᠳᠦ ᠬᠡᠮᠵᠢᠢ᠎ᠡ᠎ᠪᠡᠷ ᠮᠠᠭᠲᠠᠨ ᠰᠠᠶ᠋ᠢᠰᠢᠶᠠᠵᠤ ᠪᠠᠢᠨ᠎ᠠ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠨᠢᠭᠲᠠ ᠵᠣᠬᠢᠴᠠᠭᠤᠯᠵᠤ᠂ ᠤᠯᠠᠨ ᠤᠯᠤᠰ᠎ᠤᠨ ᠬᠠᠤᠯᠢ᠎ᠶᠢ ᠬᠠᠮᠠᠭᠠᠯᠠᠵᠤ᠂ ᠨᠠᠶ᠋ᠢᠷᠠᠮᠳᠠᠯ᠎ᠤᠨ ᠠᠷᠭ᠎ᠠ᠎ᠪᠠᠷ ᠵᠥᠷᠢᠯᠳᠦᠭᠡᠨ᠎ᠢ ᠰᠢ᠌ᠳᠪᠦᠷᠢᠯᠡᠬᠦ᠌᠎ᠶᠢ ᠪᠠᠷᠢᠮᠲᠠᠯᠠᠵᠤ᠂ ᠭᠠᠵᠠᠷ ᠣᠷᠣᠨ ᠪᠣᠯᠤᠨ ᠳᠡᠯᠡᠬᠡᠢ᠎ᠶᠢᠨ ᠠᠮᠤᠷ ᠲᠦᠪᠰᠢᠨ ᠲᠣᠭᠲᠠᠭᠤᠨ᠎ᠢ ᠬᠠᠮᠲᠤ᠎ᠪᠠᠷ ᠠᠬᠢᠭᠤᠯᠤᠨ᠎ᠠ ᠭᠡᠵᠦ᠍ ᠢᠯᠡᠳᠬᠡᠪᠡ᠃
ᠬᠡᠯᠡᠯᠴᠡᠭᠡ ᠲᠡᠭᠦᠰᠦᠭᠰᠡᠨ᠎ᠦ ᠳᠠᠷᠠᠭ᠎ᠠ᠂ ᠬᠣᠶᠠᠷ ᠤᠯᠤᠰ᠎ᠤᠨ ᠲᠡᠷᠢᠭᠦᠨ ᠦᠢᠯᠡᠳᠪᠦᠷᠢᠯᠡᠯ ᠬᠠᠩᠭᠠᠯᠭ᠎ᠠ᠎ᠶᠢᠨ ᠬᠡᠯᠬᠢᠶ᠎ᠡ᠂ ᠪᠣᠬᠢᠷᠲᠤᠯ ᠦᠭᠡᠢ ᠬᠥᠭᠵᠢᠯᠲᠡ᠂ ᠲᠣᠭᠠᠴᠢᠯᠠᠭᠰᠠᠨ ᠮᠥᠩᠭᠥᠨ ᠭᠦᠢᠯᠭᠡᠭᠡᠨ ᠵᠡᠷᠭᠡ ᠬᠦᠷᠢᠶᠡᠨ᠎ᠳ᠋ᠡᠬᠢ ᠤᠯᠠᠨ ᠵᠦᠢᠯ᠎ᠦᠨ ᠬᠠᠮᠲᠤᠷᠠᠯᠴᠠᠭᠠᠨ᠎ᠤ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠬᠤ᠎ᠶᠢ ᠬᠠᠮᠲᠤ᠎ᠪᠠᠷ ᠭᠡᠷᠡᠴᠢᠯᠡᠪᠡ᠃
ᠠᠶ᠋ᠢᠯᠴᠢᠯᠠᠯᠲᠠ ᠬᠢᠬᠦ ᠬᠤᠭᠤᠴᠠᠭᠠᠨ᠎ᠳᠤ᠂ ᠬᠣᠶᠠᠷ ᠲᠠᠯ᠎ᠠ᠎ᠪᠠᠷ᠎ᠢᠶᠠᠨ《ᠳᠤᠮᠳᠠᠳᠤ ᠤᠮᠠᠨᠤ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢ ᠭᠦᠨᠵᠡᠭᠡᠶ᠋ᠢᠷᠡᠭᠦᠯᠬᠦ᠌ ᠲᠤᠬᠠᠢ ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠤᠮᠠᠨᠤ ᠰᠦᠳᠠᠨ ᠤᠯᠤᠰ᠎ᠤᠨ ᠬᠠᠮᠲᠤᠷᠠᠭᠰᠠᠨ ᠢᠯᠡᠷᠬᠡᠶ᠋ᠢᠯᠡᠯᠲᠡ》ᠵᠢ ᠨᠡᠶ᠋ᠢᠲᠡᠯᠡᠪᠡ᠃
ᠬᠡᠯᠡᠯᠴᠡᠭᠡ ᠬᠢᠬᠦ᠌᠎ᠡᠴᠡ ᠡᠮᠦᠨ᠎ᠡ᠂ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠶ᠋ᠢᠲᠤ᠌ ᠶᠡᠬᠡ ᠲᠢᠩᠬᠢᠮ᠎ᠳᠦ ᠬᠠᠢ᠌ᠰᠠᠶ᠋ᠢᠮᠢ᠋ ᠤᠭᠲᠤᠬᠤ ᠶᠣᠰᠣᠯᠠᠯ ᠶᠠᠪᠤᠭᠤᠯᠪᠠ᠃
ᠬᠠᠶ᠋ᠢᠰᠠᠶ᠋ᠢᠮ ᠬᠦᠷᠴᠦ᠍ ᠢᠷᠡᠬᠦ᠌ᠦᠶᠡᠳᠦ᠂ ᠶᠣᠰᠣᠯᠠᠯ᠎ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠬᠣᠶᠠᠷ ᠤᠯᠤᠰ᠎ᠤᠨ ᠲᠡᠷᠢᠭᠦᠨ ᠰᠢᠯᠭᠠᠨ ᠦᠵᠡᠬᠦ᠌ ᠲᠠᠶ᠋ᠢᠰᠠᠨ᠎ᠳᠤ ᠭᠠᠷᠴᠤ᠌᠂ ᠴᠡᠷᠢᠭ᠎ᠦᠨ ᠬᠥᠭᠵᠢᠮ᠎ᠦᠨ ᠪᠦᠯᠬᠦᠮ ᠳᠤᠮᠳᠠᠳᠤ ᠤᠮᠠᠨ ᠬᠣᠶᠠᠷ ᠤᠯᠤᠰ᠎ᠤᠨ ᠤᠯᠤᠰ᠎ᠤᠨ ᠰᠦᠯᠳᠡ ᠳᠠᠭᠤᠤ᠎ᠶᠢ ᠬᠥᠭᠵᠢᠮᠳᠡᠵᠦ᠍᠂ ᠲᠢᠶᠠᠨ ᠠᠨ ᠮᠸᠨ ᠲᠠᠯᠠᠪᠠᠢ᠎ᠳᠤ ᠶᠣᠰᠣᠯᠠᠯ᠎ᠤᠨ ᠫᠤᠤ ᠵᠢ 21 ᠳᠤᠤᠭᠠᠷᠭᠠᠪᠠ᠃ ᠬᠠᠶ᠋ᠢᠰᠠᠶ᠋ᠢᠮ ᠰᠢ ᠵᠢᠨ ᠫᠢᠩ᠎ᠦᠨ ᠪᠠᠷ᠎ᠠ ᠪᠤᠯᠤᠯᠭ᠎ᠠ᠎ᠲᠠᠶ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠶᠣᠰᠣᠯᠠᠯ᠎ᠤᠨ ᠠᠩᠬᠢ᠎ᠶᠢ ᠰᠢᠯᠭᠠᠨ ᠦᠵᠡᠭᠰᠡᠨ ᠪᠥᠭᠡᠳ ᠵᠢᠭᠰᠠᠭᠠᠯᠢ ᠰᠣᠨᠢᠷᠬᠠᠵᠠᠢ᠃
ᠲᠤᠰ ᠡᠳᠦᠷ᠎ᠦᠨ ᠦᠳᠡ᠎ᠳᠦ᠂ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠰᠢᠵᠢᠷ ᠠᠯᠳᠠᠨ ᠶᠡᠬᠡ ᠲᠢᠩᠬᠢᠮ᠎ᠳᠦ ᠬᠠᠢ᠌ᠰᠠᠶ᠋ᠢᠮᠢ ᠤᠭᠲᠤᠬᠤ ᠳᠠᠶ᠋ᠢᠯᠠᠯᠭ᠎ᠠ ᠬᠢᠪᠡ᠃
ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 2 ᠤ᠋ᠨ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃