2026-11-03 10:08:48
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠣᠯᠣᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶᠠᠶᠢᠨᠲᠡᠷᠢᠭᠦᠯᠡᠭᠴᠢ ᠰᠢ ᠵᠢᠨ ᠫᠢᠩ ᠤᠢᠷ᠎ᠠ᠎ᠳᠤ ᠬᠠᠲᠤᠨ ᠭᠣᠣᠯ᠎ᠢ ᠬᠠᠮᠠᠭᠠᠯᠠᠨ ᠵᠠᠰᠠᠬᠤ ᠠᠵᠢᠯ᠎ᠢ ᠴᠢᠨᠠᠬᠰᠢᠳᠠ ᠰᠠᠢᠲᠤᠷ ᠬᠢᠬᠦ ᠲᠤᠬᠠᠢ ᠴᠢᠬᠤᠯᠠ ᠵᠢᠭᠠᠪᠤᠷᠢ ᠦᠭᠴᠤ᠂ ᠨᠠᠮ ᠡᠴᠡ ᠠᠷᠠᠳ ᠲᠦᠮᠡᠨ᠎ᠢ ᠤᠳᠤᠷᠢᠳᠤᠨ ᠬᠠᠲᠤᠨ ᠭᠣᠣᠯ᠎ᠢ ᠵᠠᠰᠠᠭᠰᠠᠨ 80 ᠵᠢᠯ᠎ᠦᠨ ᠲᠤᠷᠰᠢ᠂ ᠲᠡᠦᠬᠡᠨ ᠳᠡᠭᠡᠷᠡᠬᠢ 《ᠭᠤᠷᠪᠠᠨ ᠵᠢᠯ᠎ᠳᠦ ᠬᠣᠶᠠᠷ ᠤᠳᠠᠭ᠎ᠠ ᠰᠡᠳᠡᠷᠡᠬᠦ》 ᠪᠠᠢᠳᠠᠯ᠎ᠢ ᠦᠨᠳᠦᠰᠦᠨ᠎ᠡᠴᠡ ᠨᠢ ᠬᠤᠪᠢᠷᠠᠭᠤᠯᠵᠤ᠂ ᠵᠢᠯ ᠪᠦᠷᠢ ᠭᠤᠤᠯ᠎ᠤᠨ ᠤᠷᠤᠰᠬᠠᠯ ᠨᠤᠮᠤᠬᠠᠨ ᠲᠦᠯᠬᠡᠨ ᠪᠠᠢᠬᠤ ᠭᠠᠢᠬᠠᠮᠰᠢᠭ᠋᠎ᠢ ᠡᠭᠦᠳᠴᠦ᠂ ᠨᠡᠢᠭᠡᠮ ᠵᠢᠷᠤᠮ ᠤ᠋ᠨ ᠪᠠᠢᠭᠤᠯᠤᠯ᠎ᠤᠨ ᠢᠯᠡᠷᠬᠡᠢ ᠳᠠᠪᠠᠭᠤᠯᠢᠭ᠋᠎ᠢ ᠭᠦᠢᠴᠡᠳ ᠢᠯᠡᠷᠡᠬᠦᠯᠦᠭᠰᠡᠨ ᠪᠠᠢᠨ᠎ᠠ ᠭᠡᠵᠤ ᠵᠢᠭᠠᠵᠤ ᠭᠠᠷᠭᠠᠪᠠ᠃
ᠰᠢ ᠵᠢᠨ ᠫᠢᠩ᠂ ᠰᠢᠨ᠎ᠡ ᠠᠶᠠᠨ᠎ᠳᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠬᠠᠮᠠᠭᠠᠯᠠᠬᠤ ᠪᠡᠷ ᠭᠤᠤᠯ ᠪᠤᠯᠭᠠᠬᠤ᠂ ᠵᠠᠰᠠᠬᠤ ᠪᠡᠷ ᠵᠠᠩᠬᠢᠯᠠᠭ᠎ᠠ ᠪᠤᠯᠭᠠᠬᠤ ᠪᠠᠢᠯᠳᠤᠬᠤ ᠪᠣᠳᠣᠯᠭ᠎ᠠ᠎ᠶᠢᠨ ᠱᠠᠭᠠᠷᠳᠠᠯᠭ᠎ᠠ᠎ᠶᠢ ᠪᠠᠳᠤ ᠡᠵᠡᠮᠳᠡᠵᠤ᠂ ᠤᠰᠤ ᠠᠷᠪᠢᠯᠠᠬᠤ᠎ᠶᠢ ᠤᠷᠢᠳ᠎ᠢᠶᠠᠷ ᠪᠣᠳᠣᠯᠬᠢᠯᠠᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ ᠬᠠᠳᠤᠨ ᠭᠤᠤᠯ᠎ᠤᠨ ᠵᠠᠰᠠᠯᠳᠠ ᠶ᠋ᠢᠨ ᠰᠡᠳᠬᠢᠮᠵᠢ᠎ᠶᠢ ᠪᠠᠷᠢᠮᠲᠠᠯᠠᠵᠤ᠂ ᠶᠡᠬᠡᠬᠠᠮᠠᠭᠠᠯᠠᠯᠳᠠ ᠶᠡᠬᠡᠬᠠᠮᠵᠢᠯᠴᠠᠭᠠᠶᠢᠨ ᠪᠠᠢᠷᠢᠰᠢᠯ᠎ᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠵᠤ᠂ ᠬᠠᠳᠤᠨ ᠭᠣᠣᠯ᠎ᠤᠨ ᠦᠨᠢᠳᠡ ᠵᠢᠨ ᠠᠮᠤᠷ ᠲᠤᠭᠳᠠᠭᠤᠨ᠎ᠢ ᠪᠠᠲᠤᠯᠠᠵᠤ᠂ ᠬᠠᠳᠤᠨ ᠭᠣᠣᠯ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠡᠵᠢ ᠭᠤᠤᠯ ᠵᠢᠡᠨ ᠤᠯᠠᠮ ᠦᠵᠡᠰᠭᠦᠯᠡᠩ ᠰᠠᠢᠬᠠᠨ ᠪᠤᠯᠭᠠᠬᠤ ᠪᠡᠷ ᠴᠢᠷᠮᠠᠢᠵᠤ᠂ ᠳᠤᠮᠳᠠᠳᠤ᠎ᠶᠢᠨ ᠦᠨᠳᠦᠰᠦᠲᠡᠨ᠎ᠳᠦ ᠡᠭᠦᠷᠢᠳᠡ ᠪᠤᠶᠠᠨ ᠦᠢᠯᠡᠳᠴᠦ᠂ ᠦᠷ᠎ᠡ ᠬᠣᠢᠴᠢᠰ ᠲᠤ᠌ ᠠᠰᠢᠭ᠋ ᠬᠦᠷᠲᠡᠭᠡᠬᠦᠬᠡᠷᠡᠭᠲᠡᠢ ᠭᠡᠵᠦ ᠴᠢᠬᠤᠯᠠᠴᠢᠯᠠᠪᠠ᠃
ᠬᠠᠲᠤᠨ ᠭᠣᠣᠯ᠎ᠢ ᠬᠠᠮᠠᠭᠠᠯᠠᠠᠵᠠᠰᠠᠬᠤ ᠠᠵᠢᠯ᠎ᠢ ᠪᠥᠬᠥ ᠲᠠᠯ᠎ᠠ᠎ᠪᠠᠷ ᠠᠬᠢᠭᠤᠯᠬᠤ ᠬᠤᠷᠠᠯ 2 ᠤ᠋ᠨ ᠡᠳᠦᠷ ᠾᠧᠨᠠᠨ᠎ᠤ ᠵᠧᠩᠵᠧᠦ᠎ᠳᠦ ᠬᠤᠷᠠᠯᠳᠤᠪᠠ᠃ ᠬᠤᠷᠠᠯ ᠳᠡᠭᠡᠷ᠎ᠡ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢ ᠤᠯᠠᠮᠵᠢᠯᠠᠪᠠ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠲᠦᠷᠦ᠎ᠶᠢᠨ ᠶᠠᠪᠤᠳᠠᠯ᠎ᠤᠨ ᠬᠤᠷᠢᠶ᠎ᠠ᠎ᠶᠢᠨ ᠳᠡᠳ᠋ ᠶᠡᠷᠦᠩᠬᠡᠢ ᠰᠠᠢᠳ ᠯᠢᠦ ᠭᠦᠸᠧ ᠵᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠮᠠᠰᠢ ᠴᠢᠩᠭ᠎ᠠ ᠤᠯᠤᠰ ᠲᠥᠷᠥᠴᠢ ᠴᠢᠨᠠᠷ ᠂ ᠦᠵᠡᠯ ᠰᠠᠨᠠᠭᠠᠴᠢ ᠴᠢᠨᠠᠷ ᠂ ᠵᠢᠯᠤᠭᠣᠳᠬᠤ ᠴᠢᠨᠠᠷᠲᠠᠢ ᠪᠠᠢᠵᠥ᠂ ᠰᠢᠨ᠎ᠡ ᠠᠶᠠᠨ᠎ᠳᠤ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ᠎ᠶᠢ ᠦᠷᠭᠦᠯᠵᠢᠯᠡᠨ ᠠᠬᠢᠭᠤᠯᠬᠤ᠎ᠳᠤ ᠴᠢᠬᠤᠯᠠ ᠵᠢᠷᠤᠮᠯᠠᠯ ᠬᠠᠩᠭᠠᠪᠠ᠂ ᠡᠷᠬᠡᠪᠰᠢ ᠭᠦᠨᠵᠡᠭᠡᠢ ᠰᠤᠷᠤᠯᠴᠠᠨ ᠣᠢᠯᠠᠭᠠᠵᠤ᠂ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ ᠪᠠ ᠡᠬᠦᠷᠬᠡ᠎ᠳᠤ ᠪᠤᠳᠤᠯ ᠵᠢᠡᠨ ᠦᠨᠡᠨ ᠬᠦ᠌ ᠴᠢᠩᠭᠠᠳᠬᠠᠵᠤ᠂ ᠨᠠᠮ᠎ᠤᠨ ᠲᠥᠪ ᠬᠤᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ᠂ ᠶᠡᠬᠡ ᠬᠠᠮᠠᠭᠠᠯᠠᠯᠳᠠ᠎ᠶᠢ ᠬᠠᠮᠲᠤ᠎ᠪᠠᠷ ᠰᠠᠢᠲᠤᠷ ᠠᠳᠬᠤᠵᠤ᠂ ᠶᠡᠬᠡ ᠵᠠᠰᠠᠯᠲᠠ᠎ᠶᠢ ᠬᠠᠮᠵᠢᠯᠴᠠᠨ ᠠᠬᠢᠭᠤᠯᠵᠤ᠂ ᠬᠠᠳᠤᠨ ᠭᠣᠣᠯ᠎ᠤᠨ ᠥᠨᠢᠳᠡ ᠵᠢᠨ ᠠᠮᠤᠷ ᠲᠤᠭᠳᠠᠭᠤᠨ᠎ᠢ ᠬᠦᠴᠦᠯᠡᠨ ᠪᠠᠲᠤᠯᠠᠵᠤ᠂ ᠤᠰᠤᠨ᠎ᠤ ᠡᠬᠢ ᠪᠠᠶᠠᠯᠢᠭ᠋᠎ᠢ ᠠᠷᠪᠢᠲᠠᠢ ᠡᠷᠴᠢᠮᠲᠡᠢ ᠠᠰᠢᠭ᠍ᠯᠠᠬᠤ᠎ᠶᠢ ᠴᠢᠩᠭᠠᠳᠬᠠᠵᠤ᠂ ᠤᠰᠤᠨ ᠠᠰᠢᠭᠯᠠᠯᠳᠠ ᠶ᠋ᠢᠨ ᠲᠣᠣᠷ᠎ᠤᠨ ᠢᠨᠵᠧᠨᠧᠷᠢᠩ᠎ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠴᠢᠩᠭᠠᠳᠬᠠᠵᠤ᠂ ᠬᠠᠳᠤᠨ ᠭᠣᠣᠯ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠬᠠᠳᠤᠨ ᠭᠣᠣᠯ᠎ᠢ ᠬᠠᠮᠠᠭᠠᠯᠠᠠ ᠵᠠᠰᠠᠬᠤ ᠠᠵᠢᠯ᠎ᠤᠨ ᠰᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠬᠦ ᠬᠡᠷᠡᠭᠲᠡᠢ ᠭᠡᠵᠦ ᠢᠯᠡᠳᠭᠡᠪᠡ᠃
ᠬᠤᠷᠠᠯ ᠳᠡᠭᠡᠷ᠎ᠡ ᠨᠠᠮ ᠡᠴᠡ ᠠᠷᠠᠳ ᠲᠦᠮᠡᠨ᠎ᠢ ᠤᠳᠤᠷᠢᠳᠤᠨ ᠬᠠᠲᠤᠨ ᠭᠣᠣᠯ᠎ᠢ ᠵᠠᠰᠠᠭᠰᠠᠨ 80 ᠵᠢᠯ᠎ᠦᠨ ᠬᠣᠯᠪᠣᠭᠳᠠᠯ ᠪᠦᠬᠦᠢ ᠪᠠᠢᠳᠠᠯ᠎ᠢ ᠵᠠᠷᠯᠠᠨ ᠮᠡᠳᠡᠭᠳᠡᠪᠡ᠃ ᠬᠥᠬᠡᠨᠠᠭᠤᠷ ᠮᠤᠵᠢ᠂ ᠭᠠᠨᠰᠤ ᠮᠤᠵᠢ᠂ ᠾᠧᠨᠠᠨ ᠮᠤᠵᠢ᠂ ᠱᠠᠨᠳᠦ᠋ᠩ ᠮᠤᠵᠢ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠤᠰᠤᠨ ᠠᠰᠢᠭ᠍ᠯᠠᠯᠲᠠ᠎ᠶᠢᠨ ᠶᠠᠮᠤᠨ᠎ᠤ ᠬᠠᠷᠢᠭᠤᠴᠠᠯᠭᠠᠲᠠᠨ ᠨᠥᠬᠥᠳ ᠬᠤᠷᠠᠯ ᠳᠡᠭᠡᠷ᠎ᠡ ᠦᠭᠡ ᠬᠡᠯᠡᠪᠡ᠃
ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠮᠤᠵᠢ ᠣᠷᠣᠨ᠎ᠤ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 11 ᠰᠠᠷ᠎ᠠ᠎ᠶᠢᠨ 2 ᠤ᠋ᠨ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃