ᠲᠡᠷᠢᠭᠦᠨ ᠨᠢᠭᠤᠷ - ᠵᠢᠷᠤᠭᠲᠤ ᠮᠡᠳᠡᠭᠡ

2026-11-03 10:45:00

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠠᠷ᠎ᠠ᠎ᠶᠢᠨ 2 ᠎ᠤ᠋ᠨ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠣᠯᠤᠨ ᠫᠸᠷᠦ᠋ ᠵᠢᠨ ᠶᠡᠷᠦᠩᠬᠡᠶ᠋ᠢᠯᠡᠭᠴᠢ ᠺᠠᠢᠺᠤ ᠹᠦᠵᠢᠮᠦᠢ᠍ᠷᠢ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ 55 ᠵᠢᠯ᠎ᠦᠨ ᠤᠢ᠎ᠶᠢ ᠪᠡᠯᠭᠡᠯᠡᠪᠡ᠃

ᠰᠢ ᠵᠢᠨ ᠫᠢᠩ᠂ ᠳᠤᠮᠳᠠᠳᠤ ᠤᠯᠤᠰ ᠪᠣᠯᠤᠨ ᠫᠸᠷᠦ᠋ ᠪᠣᠯ ᠪᠦᠬᠦ᠌ ᠲᠠᠯ᠎ᠠ᠎ᠶᠢᠨ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ ᠮᠥᠨ᠃ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ 55 ᠵᠢᠯ᠎ᠦᠨ ᠲᠤᠷᠰᠢ᠂ ᠳᠤᠮᠳᠠᠳᠤ ᠫᠸᠷᠦ᠋ ᠵᠢᠨ ᠬᠠᠷᠢᠯᠴᠠᠭ᠎ᠠ ᠳᠡᠯᠡᠬᠡᠢ᠎ᠶᠢᠨ ᠤᠷᠪᠠᠭᠠᠨ ᠬᠥᠷᠪᠡᠭᠡᠨ᠎ᠢ ᠥᠩᠭᠡᠷᠡᠭᠡᠵᠦ᠍᠂ ᠰᠠᠢ᠌ᠨ ᠰᠠᠶ᠋ᠢᠬᠠᠨ ᠬᠥᠭᠵᠢᠯᠲᠡ᠎ᠶᠢᠨ ᠪᠠᠶ᠋ᠢᠳᠠᠯ᠎ᠢᠶᠠᠨ ᠪᠠᠲᠤᠯᠠᠪᠠ᠃ ᠬᠣᠶᠠᠷ ᠲᠠᠯ᠎ᠠ᠎ᠶᠢᠨ ᠤᠯᠤᠰ ᠲᠦᠷᠦ᠎ᠶᠢᠨ ᠢᠲᠡᠭᠡᠯᠴᠡᠭᠡ ᠡᠳᠦᠷ ᠢᠷᠡᠬᠦᠶ᠎ᠡ ᠪᠡᠬᠢᠵᠢᠵᠦ᠍᠂ ᠡᠯ᠎ᠡ ᠬᠦᠷᠢᠶᠡᠨ᠎ᠳ᠋ᠡᠬᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠦ ᠨᠥᠬᠥᠷᠯᠡᠯ ᠬᠥᠮᠦᠰ᠎ᠦᠨ ᠰᠡᠳᠬᠢᠯ᠎ᠳᠦ ᠭᠦᠨ ᠬᠠᠳᠠᠩᠰᠢᠪᠠ᠃ ᠳᠤᠮᠳᠠᠳᠤ ᠤᠯᠤᠰ ᠫᠸᠷᠦ᠋᠎ᠵᠢᠨ ᠬᠢᠨ᠎ᠦ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠤᠷᠳᠤ ᠬᠤᠭᠤᠴᠠᠭ᠎ᠠ᠎ᠪᠠᠷ ᠪᠠᠷᠢᠮᠲᠠᠯᠠᠭᠰᠠᠨ᠎ᠢ ᠮᠠᠭᠲᠠᠨ ᠰᠠᠶ᠋ᠢᠰᠢᠶᠠᠵᠤ ᠪᠠᠶ᠋ᠢᠨ᠎ᠠ᠃ ᠬᠣᠶᠠᠷ ᠤᠯᠤᠰ᠎ᠤᠨ ᠴᠢᠯᠥᠭᠡᠲᠦ᠍ ᠠᠷᠠᠯᠵᠢᠶᠠᠨ᠎ᠤ ᠬᠡᠯᠡᠯᠴᠡᠭᠡᠷ᠎ᠢ ᠳᠡᠰ ᠳᠡᠪᠰᠢᠭᠦᠯᠬᠦ᠌ ᠵᠦᠪᠯᠡᠨ ᠲᠤᠭᠳᠠᠭᠠᠬᠤ ᠪᠢᠴᠢᠭ 11 ᠰᠠᠷ᠎ᠠ᠎ᠶᠢᠨ 1 ᠎ᠤ᠋ ᠡᠳᠦᠷ᠎ᠡᠴᠡ ᠵᠢᠩᠬᠢᠨᠢ᠎ᠪᠡᠷ ᠬᠦᠴᠦᠨ᠎ᠲᠡᠶ ᠪᠣᠯᠵᠤ᠂ ᠳᠤᠮᠳᠠᠳᠤ ᠫᠸᠷᠦ᠋ ᠵᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠳᠡᠰ ᠳᠡᠪᠰᠢᠭᠦᠯᠬᠦ᠌᠎ᠶᠢ ᠬᠦᠴᠦᠲᠡᠢ ᠠᠬᠢᠭᠤᠯᠵᠤ᠂ ᠬᠣᠶᠠᠷ ᠲᠠᠯ᠎ᠠ᠎ᠶᠢᠨ ᠬᠠᠷᠢᠯᠴᠠᠭᠠᠨ᠎ᠤ ᠬᠥᠭᠵᠢᠯᠲᠡ᠎ᠳᠦ ᠰᠢᠨ᠎ᠡ ᠬᠥᠳᠡᠯᠭᠡᠬᠦ᠌ ᠬᠦᠴᠦᠨ ᠨᠡᠮᠡᠷᠢᠯᠡᠬᠦ᠌᠎ᠶᠢ ᠢᠲᠡᠭᠡᠵᠦ᠍ ᠪᠠᠶ᠋ᠢᠨ᠎ᠠ᠃ ᠪᠢ ᠳᠤᠮᠳᠠᠳᠤ ᠫᠸᠷᠦ᠋ ᠵᠢᠨ ᠬᠠᠷᠢᠯᠴᠠᠭ᠎ᠠ᠎ᠶᠢᠨ ᠬᠥᠭᠵᠢᠯᠲᠡ᠎ᠶᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠶᠡᠷᠦᠩᠬᠡᠶ᠋ᠢᠯᠡᠭᠴᠢ ᠺᠠᠢᠺᠤ ᠹᠦᠵᠢᠮᠦᠢ᠍ᠷᠢ ᠲᠠᠢ ᠬᠠᠮᠲᠤ᠎ᠪᠠᠷ ᠴᠢᠷᠮᠠᠶ᠋ᠢᠵᠤ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ 55 ᠵᠢᠯ᠎ᠦᠨ ᠤᠢ᠎ᠪᠠᠷ ᠰᠢᠨ᠎ᠡ ᠭᠠᠷᠤᠭ᠎ᠠ ᠪᠣᠯᠭᠠᠵᠤ᠂ ᠳᠤᠮᠳᠠᠳᠤ ᠫᠸᠷᠦ᠋ ᠵᠢᠨ ᠬᠠᠷᠢᠯᠴᠠᠭ᠎ᠠ᠎ᠶᠢᠨ ᠲᠠᠬᠢᠨ ᠰᠢᠨ᠎ᠡ ᠳᠡᠭᠲᠡᠷ᠎ᠲᠦ᠍ ᠭᠠᠷᠬᠤ᠎ᠶᠢ ᠬᠦᠳᠦᠯᠦᠨ ᠳᠠᠭᠠᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠳᠤᠷ ᠪᠤᠶᠠᠨ ᠦᠢᠯᠡᠳᠦᠨ᠎ᠡ ᠭᠡᠵᠦ᠍ ᠵᠢᠭᠠᠵᠤ ᠭᠠᠷᠭᠠᠪᠠ᠃

ᠺᠠᠢᠺᠤ ᠹᠦᠵᠢᠮᠦᠢ᠍ᠷᠢ᠂ ᠬᠣᠶᠠᠷ ᠤᠯᠤᠰ ᠬᠠᠮᠲᠤ ᠪᠠᠷ ᠨᠥᠬᠥᠷᠯᠡᠯ᠂ ᠬᠠᠷᠢᠯᠴᠠᠨ ᠬᠦᠨᠳᠦᠳᠬᠡᠬᠦ᠌ ᠪᠠ ᠬᠠᠮᠲᠤᠷᠠᠯᠴᠠᠬᠤ ᠪᠠᠲᠤ᠌ ᠪᠡᠬᠢ ᠬᠣᠯᠪᠣᠭᠠᠰᠤ᠎ᠶᠢ ᠴᠣᠭᠴᠠᠯᠠᠪᠠ᠃ ᠬᠣᠶᠠᠷ ᠲᠠᠯ᠎ᠠ᠎ᠶᠢᠨ ᠬᠠᠷᠢᠯᠴᠠᠭ᠎ᠠ ᠬᠣᠶᠠᠷ ᠤᠯᠤᠰ᠎ᠤᠨ ᠠᠷᠠᠳ ᠲᠦᠮᠡᠨ᠎ᠦ ᠤᠯᠠᠮᠵᠢᠯᠠᠯᠲᠤ᠌ ᠨᠥᠬᠥᠷᠯᠡᠯ᠎ᠡᠴᠡ ᠲᠠᠰᠤᠷᠠᠯᠲᠠ ᠦᠭᠡᠢ ᠰᠢᠮ᠎ᠡ ᠬᠦᠷᠲᠡᠵᠦ᠍᠂ ᠪᠦᠬᠦ᠌ ᠲᠠᠯ᠎ᠠ᠎ᠶᠢᠨ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠪᠣᠷᠣ ᠲᠥᠯᠥᠪ᠎ᠦᠨ ᠳᠣᠣᠷ᠎ᠠ ᠲᠠᠰᠤᠷᠠᠯᠲᠠ ᠦᠭᠡᠢ ᠭᠦᠨᠵᠡᠭᠡᠶ᠋ᠢᠷᠡᠨ ᠥᠷᠭᠡᠵᠢᠪᠡ᠃ ᠫᠸᠷᠦ᠋᠎ᠵᠢᠨ ᠬᠢᠨ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠡᠷᠡᠰ ᠪᠠᠷᠢᠮᠲᠠᠯᠠᠬᠤ ᠪᠠᠨ ᠳᠠᠪᠲᠠᠨ ᠢᠯᠡᠷᠬᠡᠶ᠋ᠢᠯᠡᠬᠦ ᠵᠢᠨ ᠬᠠᠮᠳᠤ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠤᠰ ᠲᠦᠷᠦ᠎ᠶᠢᠨ ᠶᠠᠷᠢᠯᠴᠠᠭ᠎ᠠ ᠪᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭᠠᠳᠬᠠᠨ᠎ᠠ ᠭᠡᠵᠤ ᠢᠯᠡᠳᠭᠡᠪᠡ᠃

         (ᠰᠢᠨᠬᠤᠸᠠ ᠬᠤᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 2 ᠎ᠤ᠋ᠨ ᠴᠠᠬᠢᠯᠭᠠᠨ ᠮᠡᠳᠡᠭᠡ 11) 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面