ᠲᠡᠷᠢᠭᠦᠨ ᠨᠢᠭᠤᠷ - ᠵᠢᠷᠤᠭᠲᠤ ᠮᠡᠳᠡᠭᠡ

2026-11-07 16:44:18

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


ᠯᠢ ᠴᠢᠶᠠᠩ     ᠵᠤᠤ ᠯᠸ ᠵᠢᠢ      ᠸᠠᠩ ᠬᠤ᠌ ᠨᠢᠩ      ᠼᠠᠢ ᠴᠢ     ᠳ᠋ᠢᠩ ᠰᠢᠤᠸᠠᠢ ᠰᠢᠶᠠᠩ   ᠯᠢ ᠰᠢ   ᠬᠠᠨ ᠵᠧᠩ     ᠬᠤ᠌ ᠵᠢᠨ ᠲᠤᠤ ᠲᠤᠰ ᠲᠤᠰ᠎ᠦᠨ ᠰᠣᠩᠭᠣᠭᠤᠯᠢ᠎ᠶᠢᠨ ᠲᠣᠭᠣᠷᠢᠭ᠋᠎ᠲᠠᠭᠠᠨ ᠪᠢᠯᠧᠲ ᠥᠭᠬᠦ᠎ᠳᠦ ᠣᠷᠣᠯᠴᠠᠭᠰᠠᠨ ᠪᠤᠶᠤ ᠪᠤᠰᠤᠳ᠎ᠲᠤ ᠨᠠᠢᠳᠠᠵᠤ ᠪᠢᠯᠧᠲ ᠥᠭᠴᠠᠢ


11 ᠰᠠᠷ᠎ᠠ᠎ᠶᠢᠨ 6 ᠤ᠋ ᠡᠳᠦᠷ ᠪᠣᠯ ᠪᠡᠭᠡᠵᠢᠩ ᠬᠣᠲᠠ᠎ᠶᠢᠨ ᠲᠣᠭᠣᠷᠢᠭ᠋ ᠪᠠ ᠰᠢᠶᠠᠩ ᠪᠠᠯᠭᠠᠰᠤ ᠬᠣᠶᠠᠷ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠤ᠋ᠨ ᠲᠦᠯᠦᠭᠡᠯᠡᠭᠴᠢ ᠵᠢᠨ ᠬᠤᠭᠤᠴᠠᠭ᠎ᠠ ᠰᠣᠯᠢᠬᠤ ᠰᠣᠩᠭᠣᠭᠤᠯᠢ᠎ᠶᠢᠨ ᠪᠢᠯᠧᠲ ᠥᠭᠬᠦ ᠡᠳᠦᠷ ᠪᠣᠯᠣᠨ᠎ᠠ᠃ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠰᠢᠴᠧᠩ ᠲᠣᠭᠣᠷᠢᠭ᠋᠎ᠤᠨ ᠵᠦᠩ ᠨᠠᠨ ᠬᠠᠢ᠎ᠶᠢᠨ ᠰᠣᠩᠭᠣᠭᠤᠯᠢ᠎ᠶᠢᠨ ᠲᠣᠭᠣᠷᠢᠭ᠋ ᠎ᠤᠨ ᠬᠤᠸᠠᠢ ᠷᠧᠨ ᠲᠠᠩ  ᠤ᠋ᠨ ᠪᠢᠯᠧᠲ ᠥᠭᠬᠦ ᠦᠷᠳᠡᠭᠡ᠎ᠳᠦ ᠲᠣᠭᠣᠷᠢᠭ᠋᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠎ᠤᠨ ᠲᠥᠯᠥᠭᠡᠯᠡᠭᠴᠢ ᠵᠢᠨ ᠰᠣᠩᠭᠣᠭᠤᠯᠢ ᠳ᠋ᠤ ᠪᠢᠯᠧᠲ ᠥᠭᠬᠦ᠎ᠳᠡᠭᠡᠨ᠂ ᠠᠷᠠᠳ᠎ᠤᠨ ᠲᠥᠯᠥᠭᠡᠯᠡᠭᠴᠢᠳ ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢ ᠰᠣᠩᠭᠣᠬᠤ ᠪᠣᠯ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠎ᠤᠨ  ᠪᠠᠢᠭᠤᠯᠤᠯ᠎ᠢ ᠰᠠᠢᠲᠤᠷ ᠪᠠᠷᠢᠮᠲᠠᠯᠠᠵᠤ ᠰᠠᠢᠲᠤᠷ ᠲᠡᠭᠦᠯᠳᠡᠷᠵᠢᠭᠦᠯᠵᠦ ᠰᠠᠢᠲᠤᠷ ᠬᠡᠷᠡᠭᠵᠢᠭᠦᠯᠬᠦ᠎ᠶᠢᠨ ᠰᠠᠭᠤᠷᠢ ᠮᠥᠨ᠂ ᠤᠯᠤᠰ᠎ᠤᠨ ᠤᠯᠤᠰ ᠲᠦᠷᠦ᠎ᠶᠢᠨ ᠠᠮᠢᠳᠤᠷᠠᠯ ᠳᠤᠮᠳᠠᠬᠢ ᠨᠢᠭᠡᠨ ᠲᠣᠮᠣ᠌ ᠶᠠᠪᠤᠳᠠᠯ ᠮᠥᠨ᠃ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠵᠦ᠂ ᠨᠠᠮ ᠎ᠤᠨ ᠤᠳᠤᠷᠢᠳᠤᠯᠭ᠎ᠠ ᠎ᠶᠢ ᠪᠠᠷᠢᠮᠲᠠᠯᠠᠵᠤ᠂ ᠠᠷᠠᠳᠴᠢᠯᠠᠯ ᠎ᠢ ᠭᠦᠢᠴᠡᠳ ᠪᠠᠳᠠᠷᠠᠭᠤᠯᠵᠤ᠂ ᠬᠠᠤᠯᠢ᠎ᠶᠢ ᠴᠢᠩᠭ᠎ᠠ ᠵᠢᠷᠤᠮᠯᠠᠨ ᠤᠴᠢᠷ ᠶᠠᠪᠤᠳᠠᠯ ᠭᠦᠢᠴᠡᠳᠭᠡᠵᠤ᠂ ᠰᠣᠩᠭᠣᠭᠤᠯᠢ᠎ᠶᠢᠨ ᠪᠦᠬᠦ ᠶᠠᠪᠤᠴᠠ᠎ᠳᠤ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠰᠣᠩᠭᠣᠭᠤᠯᠢ᠎ᠶᠢᠨ ᠠᠵᠢᠯ᠎ᠤᠨ ᠴᠢᠭᠯᠡᠯ ᠵᠥᠪ᠂ ᠰᠤᠷᠲᠠᠯ ᠴᠢᠬᠡᠴᠢ ᠣᠪᠣᠷ ᠲᠥᠪ ᠪᠠᠢᠬᠤ᠎ᠶᠢ ᠪᠠᠲᠤᠯᠠᠵᠤ᠂ ᠠᠷᠠᠳ ᠲᠦᠮᠡᠨ᠎ᠦ ᠬᠠᠨᠤᠮᠵᠢᠲᠠᠢ ᠲᠥᠯᠥᠭᠡᠯᠡᠭᠴᠢ᠎ᠶᠢ ᠰᠣᠩᠭᠣᠨ ᠭᠠᠷᠭᠠᠬᠤ᠎ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃



 11 ᠰᠠᠷ᠎ᠠ᠎ᠶᠢᠨ 6 ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠰᠢᠴᠧᠩ ᠲᠣᠭᠣᠷᠢᠭ᠋᠎ᠤᠨ ᠵᠦᠩ ᠨᠠᠨ ᠬᠠᠢ᠎ᠶᠢᠨ ᠰᠣᠩᠭᠣᠭᠤᠯᠢ᠎ᠶᠢᠨ ᠲᠣᠭᠣᠷᠢᠭ᠋᠎ᠤᠨ ᠬᠤᠸᠠᠢ ᠷᠧᠨ ᠲᠠᠩ ᠤ᠋ᠨ ᠪᠢᠯᠧᠲ ᠥᠭᠬᠦ ᠦᠷᠳᠡᠭᠡ᠎ᠳᠦ ᠲᠣᠭᠣᠷᠢᠭ᠋᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠵᠢᠨ ᠰᠣᠩᠭᠣᠭᠤᠯᠢ ᠳ᠋ᠤ ᠪᠢᠯᠧᠲ ᠥᠭᠪᠡ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠰᠢᠶᠧ ᠬᠤᠸᠠᠨ ᡂᠢ  ᠰᠡᠬᠦᠳᠡᠷᠯᠡᠪᠡ

ᠬᠤᠸᠠᠢ ᠷᠧᠨ ᠲᠠᠩ᠎ᠤᠨ ᠪᠢᠯᠧᠲ ᠥᠭᠬᠦ ᠦᠷᠳᠡᠭᠡ᠎ᠳᠦ᠂ ᠲᠠᠪᠤᠨ ᠣᠳᠣᠲᠤ ᠤᠯᠠᠭᠠᠨ ᠲᠤᠭ ᠬᠠᠷᠠᠭ᠎ᠠ ᠪᠤᠯᠢᠶᠠᠵᠤ᠂ ᠤᠯᠤᠰ᠎ᠤᠨ ᠰᠦᠯᠳᠡ᠎ᠶᠢ ᠰᠢᠭᠢᠳᠬᠡᠭᠰᠡᠨ ᠤᠯᠠᠭᠠᠨ ᠥᠩᠭᠡ᠎ᠲᠠᠢ ᠪᠢᠯᠧᠲ᠎ᠦᠨ ᠬᠠᠢᠷᠴᠠᠭ᠎ᠢ ᠭᠣᠣᠯ ᠳᠤᠮᠳᠠ ᠨᠢ ᠲᠠᠯᠪᠢᠵᠤ᠂ ᠪᠢᠯᠧᠲ ᠥᠭᠬᠦ ᠠᠵᠢᠯ ᠵᠢᠷᠤᠮᠵᠢᠯ᠎ᠲᠠᠢ ᠡᠮᠬᠢ ᠳᠢᠭ᠌ᠯᠢᠮ᠎ᠲᠠᠢ ᠶᠠᠪᠤᠭᠳᠠᠵᠤ᠂ ᠲᠤᠬᠠᠢ᠎ᠶᠢᠨ ᠲᠠᠯᠠᠪᠠᠢ᠎ᠶᠢᠨ ᠠᠭᠤᠷ ᠠᠮᠢᠰᠬᠤᠯ ᠲᠥᠪ ᠬᠢᠴᠢᠶᠡᠩᠭᠦᠢ ᠬᠦᠷ ᠬᠥᠭᠵᠢᠶᠡᠨ᠎ᠲᠠᠢ ᠪᠠᠢᠯ᠎ᠠ᠃

ᠦᠳᠡ ᠵᠢᠨ ᠬᠣᠢᠨᠠᠬᠢ 3 ᠴᠠᠭ 30 ᠮᠢᠨᠦ᠋ᠲ᠎ᠦᠨ ᠦᠶ᠎ᠡ᠎ᠪᠡᠷ᠂ ᠰᠢ ᠵᠢᠨ ᠫᠢᠩ ᠬᠤᠸᠠᠢ ᠷᠧᠨ ᠲᠠᠩ᠎ᠤᠨ ᠪᠢᠯᠧᠲ ᠥᠭᠬᠦ ᠦᠷᠳᠡᠬᠡ᠎ᠳᠦ ᠬᠦᠷᠴᠦ᠂ ᠰᠣᠩᠭᠣᠭᠤᠯᠢ᠎ᠶᠢᠨ ᠶᠠᠪᠤᠳᠠᠯ᠎ᠤᠨ ᠲᠤᠬᠠᠢ ᠲᠣᠳᠣᠷᠬᠠᠢᠯᠠᠯᠲᠠ᠎ᠶᠢ ᠨᠠᠷᠢᠨ ᠬᠢᠨᠠᠮᠠᠭᠠᠢ ᠰᠣᠨᠣᠰᠴᠤ᠂ ᠰᠣᠩᠭᠣᠭᠤᠯᠢ᠎ᠶᠢᠨ ᠠᠷᠠᠳ᠎ᠤᠨ ᠦᠨᠡᠮᠯᠡᠯ᠎ᠢ ᠠᠵᠢᠯᠲᠠᠨ᠎ᠳᠤ ᠲᠤᠰᠢᠶᠠᠨ ᠬᠢᠨᠠᠨ ᠪᠠᠢᠴᠠᠭᠠᠯᠭᠠᠵᠤ᠂ ᠨᠢᠭᠡ ᠪᠢᠯᠧᠲ ᠠᠪᠴᠤ᠂ ᠪᠢᠯᠧᠲ ᠲᠠᠭᠯᠠᠬᠤ ᠭᠠᠵᠠᠷ᠎ᠲᠤ ᠰᠣᠩᠭᠣᠭᠤᠯᠢ᠎ᠶᠢᠨ ᠪᠢᠯᠧᠲ᠎ᠢ ᠨᠠᠷᠢᠨ ᠬᠢᠨᠠᠮᠠᠭᠠᠢ ᠲᠠᠭᠯᠠᠭᠰᠠᠨ᠎ᠤ ᠳᠠᠷᠠᠭ᠎ᠠ᠂ ᠪᠢᠯᠧᠲ᠎ᠦᠨ ᠬᠠᠢᠷᠴᠠᠭ᠎ᠤᠨ ᠡᠮᠦᠨ᠎ᠡ ᠬᠦᠷᠴᠦ ᠥᠪᠡᠷ᠎ᠦᠨ ᠪᠢᠯᠧᠲ᠎ᠢᠶᠡᠨ ᠲᠥᠪ ᠴᠢᠩᠭ᠎ᠠ᠎ᠪᠠᠷ ᠳᠡᠪᠰᠢᠭᠦᠯᠪᠡ᠃

ᠲᠤᠰ ᠡᠳᠦᠷ᠎ᠦᠨ ᠦᠳᠡ᠎ᠶᠢᠨ ᠬᠣᠢᠨ᠎ᠠ᠂ ᠯᠢ ᠴᠢᠶᠠᠩ ᠰᠢᠴᠸᠩ ᠲᠣᠭᠣᠷᠢᠭ᠋᠎ᠤᠨ ᠸᠸᠨ ᠵᠢᠨ ᠵᠡᠭᠡᠯᠢ᠎ᠶᠢᠨ ᠰᠣᠩᠭᠣᠭᠤᠯᠢ᠎ᠶᠢᠨ ᠲᠣᠭᠣᠷᠢᠭ᠋᠎ᠤᠨ ᠽᠢ ᠭᠤᠸᠠᠩ ᠭᠸ ᠵᠢᠨ ᠪᠢᠯᠧᠲ ᠥᠭᠬᠦ ᠦᠷᠳᠡᠭᠡ᠎ᠳᠦ ᠪᠢᠯᠧᠲ ᠥᠭᠴᠦ᠂ ᠵᠤᠤ ᠯᠸ ᠵᠢᠢ ᠰᠢᠴᠸᠩ ᠲᠣᠭᠣᠷᠢᠭ᠋᠎ᠤᠨ ᠵᠦᠩ ᠨᠠᠨ ᠬᠠᠢ᠎ᠶᠢᠨ ᠰᠣᠩᠭᠣᠭᠤᠯᠢ᠎ᠶᠢᠨ ᠲᠣᠭᠣᠷᠢᠭ᠋᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠪᠢᠯᠧᠲ ᠥᠭᠬᠦ ᠦᠷᠳᠡᠭᠡ᠎ᠳᠦ ᠪᠢᠯᠧᠲ ᠥᠭᠴᠦ᠂ ᠸᠠᠩ ᠬᠤ᠌ ᠨᠢᠩ ᠵᠦᠩ ᠨᠠᠨ ᠬᠠᠢ᠎ᠶᠢᠨ ᠰᠣᠩᠭᠣᠭᠤᠯᠢ᠎ᠶᠢᠨ ᠲᠣᠭᠣᠷᠢᠭ᠋᠎ᠤᠨ ᠬᠤᠸᠠᠢ ᠷᠧᠨ ᠲᠠᠩ᠎ᠤᠨ ᠪᠢᠯᠧᠲ ᠥᠭᠬᠦ ᠦᠷᠳᠡᠭᠡ᠎ᠳᠦ ᠪᠢᠯᠧᠲ ᠥᠭᠴᠦ᠂ ᠼᠠᠢ ᠴᠢ ᠵᠦᠩ ᠨᠠᠨ ᠬᠠᠢ᠎ᠶᠢᠨ ᠰᠣᠩᠭᠣᠭᠤᠯᠢ᠎ᠶᠢᠨ ᠲᠣᠭᠣᠷᠢᠭ᠋᠎ᠤᠨ ᠬᠤᠸᠠᠢ ᠷᠧᠨ ᠲᠠᠩ᠎ᠤᠨ ᠪᠢᠯᠧᠲ ᠥᠭᠬᠦ  ᠦᠷᠳᠡᠭᠡ᠎ᠳᠦ ᠪᠢᠯᠧᠲ ᠥᠭᠴᠦ᠂ ᠳ᠋ᠢᠩ ᠰᠢᠤᠸᠠᠢ ᠰᠢᠶᠠᠩ ᠸᠸᠨ ᠵᠢᠨ ᠵᠡᠭᠡᠯᠢ᠎ᠶᠢᠨ ᠰᠣᠩᠭᠣᠭᠤᠯᠢ᠎ᠶᠢᠨ ᠲᠣᠭᠣᠷᠢᠭ᠋᠎ᠤᠨ ᠽᠢ ᠭᠤᠸᠠᠩ ᠭᠸ ᠵᠢᠨ ᠪᠢᠯᠧᠲ ᠥᠭᠬᠦ ᠦᠷᠳᠡᠭᠡ᠎ᠳᠦ ᠪᠢᠯᠧᠲ ᠥᠭᠴᠦ᠂ ᠯᠢ ᠰᠢ ᠳ᠋ᠦᠩᠴᠸᠩ ᠲᠣᠭᠣᠷᠢᠭ᠋᠎ᠤᠨ ᠲᠠᠢ ᠵᠢᠢ ᠦᠢᠯᠡᠳᠪᠦᠷᠢ᠎ᠶᠢᠨ ᠰᠣᠩᠭᠣᠭᠤᠯᠢ᠎ᠶᠢᠨ ᠲᠣᠭᠣᠷᠢᠭ᠋᠎ᠤᠨ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ᠎ᠶᠢᠨ ᠪᠢᠯᠧᠲ ᠥᠭᠬᠦ ᠦᠷᠳᠡᠭᠡ᠎ᠳᠦ ᠪᠢᠯᠧᠲ ᠥᠭᠪᠡ᠃ ᠬᠠᠨ ᠵᠧᠩ ᠠᠵᠢᠯᠲᠠᠨ᠎ᠳᠤ ᠨᠠᠢᠳᠠᠵᠤ ᠵᠦᠩ ᠨᠠᠨ ᠬᠠᠢ᠎ᠶᠢᠨ ᠰᠣᠩᠭᠣᠭᠤᠯᠢ᠎ᠶᠢᠨ ᠲᠣᠭᠣᠷᠢᠭ᠋᠎ᠤᠨ ᠬᠤᠸᠠᠢ ᠷᠧᠨ ᠲᠠᠩ ᠤ᠋ᠨ ᠪᠢᠯᠧᠲ ᠥᠭᠬᠦ ᠦᠷᠳᠡᠭᠡ᠎ᠳᠦ ᠪᠢᠯᠧᠲ ᠥᠭᠪᠡ᠃

ᠬᠤ᠌ ᠵᠢᠨ ᠲᠤᠤ ᠠᠵᠢᠯᠲᠠᠨ᠎ᠳᠤ ᠨᠠᠢᠳᠠᠵᠤ ᠵᠥᠩ ᠨᠠᠨ ᠬᠠᠢ᠎ᠶᠢᠨ ᠰᠣᠩᠭᠣᠭᠤᠯᠢ᠎ᠶᠢᠨ ᠲᠣᠭᠣᠷᠢᠭ᠋᠎ᠤᠨ ᠬᠤᠸᠠᠢ ᠷᠧᠨ ᠲᠠᠩ ᠤ᠋ᠨ ᠪᠢᠯᠧᠲ ᠥᠭᠬᠦ ᠥᠷᠲᠡᠭᠡᠨ᠎ᠳᠦ ᠪᠢᠯᠧᠲ ᠦᠭᠴᠠᠢ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠤᠳᠤᠷᠢᠳᠬᠤ ᠨᠥᠬᠥᠳ ᠪᠠ ᠤᠳᠤᠷᠢᠳᠬᠤ ᠲᠤᠰᠢᠶᠠᠯ ᠡᠴᠡ᠎ᠪᠠᠨ ᠪᠠᠭᠤᠭᠰᠠᠨ ᠨᠥᠬᠥᠳ ᠲᠤᠰ ᠲᠤᠰ᠎ᠤᠨ ᠰᠣᠩᠭᠣᠭᠤᠯᠢ᠎ᠶᠢᠨ ᠲᠣᠭᠣᠷᠢᠭ᠋᠎ᠲᠠᠭᠠᠨ ᠪᠢᠯᠸᠲ ᠥᠭᠭᠦᠭᠰᠡᠨ ᠪᠤᠶᠤ ᠪᠤᠰᠤᠳ᠎ᠲᠤ ᠨᠠᠢᠳᠠᠵᠤ ᠪᠢᠯᠸᠲ ᠥᠭᠴᠠᠢ᠃

6  ᠤ᠋ ᠡᠳᠦᠷ᠂ ᠪᠡᠭᠡᠵᠢᠩ ᠬᠣᠲᠠ ᠨᠡᠶ᠋ᠢᠲᠡ 13054 ᠪᠢᠯᠧᠲ ᠥᠭᠬᠦ ᠥᠷᠲᠡᠭᠡ ᠲᠤᠬᠢᠷᠠᠭᠤᠯᠵᠤ᠂ ᠵᠥᠷᠢᠶ᠎ᠠ ᠲᠤᠭᠠᠳᠤ ᠰᠣᠩᠭᠣᠭᠤᠯᠢ᠎ᠪᠠᠷ ᠳᠡᠮᠵᠢᠨ᠂ ᠰᠢᠨ᠎ᠡ ᠨᠢᠭᠡ ᠬᠤᠭᠤᠴᠠᠭᠠᠨ᠎ᠤ ᠲᠣᠭᠣᠷᠢᠭ᠋᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠎ᠤᠨ ᠲᠥᠯᠥᠭᠡᠯᠡᠭᠴᠢ 4898 ᠬᠥᠮᠥᠨ᠂ ᠰᠢᠶᠠᠩ ᠪᠠᠯᠭᠠᠰᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ 11137 ᠬᠥᠮᠥᠨ᠎ᠢ ᠰᠣᠩᠭᠣᠨ ᠭᠠᠷᠭᠠᠨ᠎ᠠ᠃


(ᠰᠢᠨᠬᠤᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 6 ᠤ᠋ ᠴᠠᠬᠢᠯᠭᠠᠨ ᠮᠡᠳᠡᠭᠡ )


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面