2026-11-10 10:29:38
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ 11 ᠰᠠᠷ᠎ᠠ᠎ᠶᠢᠨ 5 ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠠᠮᠤ ᠪᠤᠳᠠᠭᠠᠨ᠎ᠤ ᠲᠠᠷᠢᠮᠠᠯ᠎ᠤᠨ ᠬᠤᠷᠢᠶᠠᠯᠲᠠ ᠶᠢᠰᠦᠨ ᠬᠤᠪᠢ᠎ᠶᠢ ᠳᠠᠪᠠᠵᠤ᠂ ᠡᠭᠦᠨ᠎ᠳᠦ ᠰᠢᠷ᠎ᠠ ᠪᠤᠷᠴᠠᠭ᠎ᠤᠨ ᠬᠤᠷᠢᠶᠠᠯᠲᠠ ᠶᠢᠰᠦᠨ ᠬᠤᠪᠢ᠎ᠶᠢ ᠳᠠᠪᠠᠵᠤ᠂ ᠡᠷᠳᠡᠨᠢ ᠰᠢᠰᠢ᠎ᠶᠢᠨ ᠬᠤᠷᠢᠶᠠᠯᠲᠠ ᠶᠢᠰᠦᠨ ᠬᠤᠪᠢ᠎ᠶᠢ ᠳᠠᠪᠠᠵᠠᠶ᠃ ᠠᠮᠤ ᠪᠤᠳᠠᠭᠠᠨ᠎ᠤ ᠲᠠᠷᠢᠮᠠᠯ᠎ᠳᠤ ᠪᠤᠭᠤᠳᠠᠢ᠂ ᠲᠤᠲᠤᠷᠭ᠎ᠠ᠂ ᠲᠥᠮᠥᠰᠥ᠍᠂ ᠡᠯᠳᠡᠪ ᠠᠮᠤ ᠪᠤᠷᠴᠠᠭ ᠬᠤᠷᠢᠶᠠᠬᠤ ᠠᠵᠢᠯ ᠦᠨᠳᠦᠰᠦᠨ᠎ᠳᠡᠭᠡᠨ ᠳᠠᠭᠤᠰᠪᠠ; ᠲᠣᠰᠣᠯᠢᠭ ᠲᠠᠷᠢᠮᠠᠯ᠎ᠳᠤ ᠰᠢᠯᠢᠮᠳᠡᠭ᠂ ᠨᠡᠷᠡᠨ ᠬᠤᠸᠠᠷ ᠤᠨ ᠬᠤᠷᠢᠶᠠᠯᠲᠠ ᠦᠨᠳᠦᠰᠦᠨ᠎ᠳᠡᠭᠡᠨ ᠳᠠᠭᠤᠰᠴᠠᠶ᠃ ᠪᠥᠬᠥ᠌ ᠣᠷᠣᠨ᠎ᠤ ᠨᠠᠮᠤᠷ᠎ᠤᠨ ᠬᠤᠷᠢᠶᠠᠯᠲᠠ᠎ᠶᠢᠨ ᠦᠢᠯᠡᠳᠪᠦᠷᠢᠯᠡᠯ ᠶᠡᠷᠦᠩᠬᠡᠶ᠎ᠳᠡᠭᠡᠨ ᠲᠣᠭᠲᠠᠭᠤᠨ ᠪᠥᠭᠡᠳ ᠡᠮᠬᠢ ᠵᠢᠷᠤᠮ᠎ᠲᠠᠶ᠂ ᠥᠨᠳᠥᠷ ᠪᠦᠲᠦᠮᠵᠢᠲᠡᠶ ᠠᠭᠢᠪᠠ᠃

ᠡᠨᠡ ᠵᠢᠯ᠂ ᠥᠪᠥᠷ ᠮᠣᠩᠭᠣᠯ ᠠᠮᠤ ᠪᠤᠳᠠᠭᠠᠨ ᠤ ᠦᠢᠯᠡᠳᠪᠦᠷᠢᠯᠡᠯ᠎ᠦᠨ ᠴᠢᠳᠠᠪᠤᠷᠢ᠎ᠶᠢ ᠳᠡᠭᠡᠭᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠰᠢᠰᠲ᠋ᠧᠮ᠎ᠲᠡᠶ ᠠᠷᠭ᠎ᠠ ᠪᠣᠳᠣᠯᠭ᠎ᠠ ᠬᠡᠷᠡᠭᠵᠢᠭᠦᠯᠵᠦ᠍᠂ ᠣᠨᠢᠨ ᠳᠡᠭᠡᠷ᠎ᠡ᠎ᠨᠢ ᠬᠦᠴᠦᠯᠡᠵᠦ᠍᠂ ᠠᠮᠤ ᠲᠣᠰᠣᠨ᠎ᠤ ᠲᠠᠷᠢᠮᠠᠯ᠎ᠤᠨ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ᠌ ᠪᠥᠲᠥᠭᠡᠨ ᠪᠠᠶ᠋ᠢᠭᠤᠯᠤᠯᠲᠠ᠎ᠶᠢᠨ ᠣᠨ᠎ᠤ ᠠᠵᠢᠯᠯᠠᠭ᠎ᠠ᠎ᠶᠢ ᠭᠦᠨᠵᠡᠭᠡᠶ ᠬᠡᠷᠡᠭᠵᠢᠭᠦᠯᠵᠦ᠍᠂ ᠰᠠᠶ᠋ᠢᠨ ᠲᠠᠷᠢᠶ᠎ᠠ᠂ ᠰᠠᠶ᠋ᠢᠨ ᠡᠭᠦᠯᠳᠡᠷ᠂ ᠰᠠᠶ᠋ᠢᠨ ᠠᠵᠠ ᠲᠣᠬᠢᠶᠠᠯ᠂ ᠰᠠᠶ᠋ᠢᠨ ᠠᠷᠭ᠎ᠠ 《ᠳᠥᠷᠪᠡᠨ ᠰᠠᠶ᠋ᠢᠨ》 ᠢ ᠭᠦᠨᠵᠡᠭᠡᠶ ᠠᠭᠤᠰᠤᠯᠴᠠᠭᠤᠯᠬᠤ᠎ᠶᠢ ᠪᠥᠬᠥ᠌ ᠬᠦᠴᠦᠨ᠎ᠢᠶᠡᠷ ᠠᠬᠢᠭᠤᠯᠵᠤ᠂ ᠠᠮᠤ ᠪᠤᠳᠠᠭᠠᠨ ᠤ ᠤᠨᠠᠯᠲᠠ᠎ᠶᠢ ᠨᠡᠮᠡᠭᠳᠡᠭᠦᠯᠬᠦ᠌ ᠳᠠᠯᠳᠠ ᠬᠦᠴᠦᠨ᠎ᠢ ᠦᠷᠭᠦᠯᠵᠢᠯᠡᠨ ᠠᠭᠤᠳᠠᠯᠪᠠ᠃
ᠣᠶ᠋ᠢᠯᠠᠭᠠᠭᠰᠠᠨ᠎ᠢᠶᠠᠷ᠂ ᠥᠪᠥᠷ ᠮᠣᠩᠭᠣᠯ ᠣᠳᠣᠬᠠᠨ᠎ᠳᠤ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ᠎ᠢ ᠨᠡᠶ᠋ᠢᠲᠡ 6281 ᠲᠦᠮᠡᠨ ᠮᠥ᠍ ᠪᠠᠶ᠋ᠢᠭᠤᠯᠵᠤ᠂ 47%᠎ᠶᠢᠨ ᠦᠨᠳᠦᠰᠦᠨ ᠲᠠᠷᠢᠶᠠᠨ ᠭᠠᠵᠠᠷ᠎ᠢ ᠪᠦᠷᠬᠦᠪᠡ; 《ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ᠎ᠢ ᠪᠠᠶ᠋ᠢᠭᠤᠯᠬᠤ᠂ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ᠌ ᠮᠡᠷᠭᠡᠵᠢᠯ᠎ᠢ ᠵᠡᠷᠭᠡ᠎ᠪᠡᠷ ᠠᠬᠢᠭᠤᠯᠬᠤ᠂ ᠨᠡᠶ᠋ᠢᠭᠡᠮᠴᠢᠯᠡᠭᠰᠡᠨ ᠦᠢᠯᠡᠴᠢᠯᠡᠭᠡ᠎ᠶᠢ ᠵᠡᠷᠭᠡ᠎ᠪᠡᠷ ᠠᠬᠢᠭᠤᠯᠬᠤ》ᠨᠢᠭᠡ ᠴᠤᠭᠴᠠᠵᠢᠭᠤᠯᠤᠭᠰᠠᠨ ᠠᠬᠢᠭᠤᠯᠬᠤ ᠵᠠᠭᠪᠤᠷ᠎ᠢ ᠬᠡᠷᠡᠭᠵᠢᠭᠦᠯᠵᠦ᠍᠂ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠂ ᠮᠡᠷᠭᠡᠵᠢᠯ ᠳᠡᠯᠭᠡᠷᠡᠭᠦᠯᠬᠦ᠌᠂ ᠦᠢᠯᠡᠴᠢᠯᠡᠭᠡᠨ᠎ᠦ ᠪᠠᠲᠤᠯᠠᠭ᠎ᠠ᠎ᠶᠢ ᠵᠡᠷᠭᠡ᠎ᠪᠡᠷ ᠨᠠᠶ᠋ᠢᠳᠠᠪᠤᠷᠢᠵᠢᠭᠤᠯᠬᠤ᠎ᠶᠢ ᠪᠡᠶᠡᠯᠡᠭᠦᠯᠪᠠ᠃ ᠦᠷ᠎ᠡ ᠪᠣᠶ᠋ᠢᠵᠢᠭᠤᠯᠬᠤ ᠪᠡᠷᠬᠡ ᠰᠡᠳᠦᠪ᠎ᠢ ᠬᠠᠮᠵᠢᠯᠴᠠᠨ ᠰᠢ᠌ᠳᠪᠦᠷᠢᠯᠡᠬᠦ᠌ ᠠᠵᠢᠯ᠎ᠢ ᠥᠷᠨᠢᠭᠦᠯᠵᠦ᠍᠂ ᠡᠨᠡ ᠵᠢᠯ ᠤᠯᠤᠰ᠎ᠤᠨ ᠲᠡᠰ᠎ᠤᠨ ᠦᠷ᠎ᠡ ᠪᠣᠶ᠋ᠢᠵᠢᠭᠤᠯᠬᠤ ᠲᠣᠮᠣ ᠰᠢᠶᠠᠨ ᠪᠠ ᠣᠷᠣᠨ ᠪᠦᠰᠡ᠎ᠶᠢᠨ ᠴᠢᠨᠠᠷᠲᠠᠢ ᠰᠠᠶ᠋ᠢᠨ ᠡᠭᠦᠯᠳᠡᠷ᠎ᠢ ᠪᠣᠶ᠋ᠢᠵᠢᠭᠤᠯᠬᠤ ᠰᠠᠭᠤᠷᠢᠨ᠎ᠢ ᠰᠢᠨ᠎ᠡ᠎ᠪᠡᠷ 2 ᠨᠡᠮᠡᠭᠳᠡᠭᠦᠯᠵᠦ᠍᠂ ᠶᠡᠷᠦᠩᠬᠡᠢ ᠲᠣᠭ᠎ᠠ 11 ᠪᠣᠯᠪᠠ;《ᠲᠠᠷᠢᠶᠠᠨ ᠦᠷ᠎ᠡ ᠰᠣᠩᠭᠣᠬᠤ》 ᠲᠠᠪᠴᠠᠩ᠎ᠳᠤ ᠲᠦᠰᠢᠭᠯᠡᠨ᠂ ᠡᠨᠡ ᠵᠢᠯ ᠴᠢᠨᠠᠷ ᠰᠠᠶ᠋ᠢᠲᠠᠶ ᠥᠨᠳᠥᠷ ᠤᠨᠠᠯᠲᠠ᠎ᠲᠠᠶ᠂ ᠡᠪᠡᠳᠴᠢᠨ ᠡᠰᠡᠷᠭᠦᠴᠡᠬᠦ᠌ ᠪᠠ ᠰᠥᠷᠭᠡᠤ ᠨᠦᠯᠦᠭᠡ ᠵᠢ ᠡᠰᠡᠷᠭᠦᠴᠡᠭᠦ ᠡᠭᠦᠯᠳᠡᠷ᠎ᠢ 60 ᠰᠣᠩᠭᠣᠨ ᠲᠠᠨᠢᠯᠴᠠᠭᠤᠯᠵᠤ᠂ ᠨᠡᠶ᠋ᠢᠲᠡ 2500 ᠡᠭᠦᠯᠳᠡᠷ᠎ᠢ ᠳᠡᠯᠭᠡᠨ ᠦᠵᠡᠭᠦᠯᠵᠦ᠍᠂ ᠪᠥᠬᠥ᠌ ᠣᠷᠣᠨ᠎ᠤ ᠰᠠᠶ᠋ᠢᠨ ᠡᠭᠦᠯᠳᠡᠷ᠎ᠦᠨ ᠪᠦᠷᠬᠦᠴᠡ᠎ᠶᠢᠨ ᠨᠣᠷᠮ᠎ᠠ᠎ᠶᠢ 98% ᠳ᠋ᠤ ᠬᠦᠷᠭᠡᠪᠡ᠃ ᠪᠦᠬᠦ᠌ ᠣᠷᠣᠨ᠎ᠤ ᠲᠠᠷᠢᠵᠤ ᠬᠤᠷᠢᠶᠠᠬᠤ ᠶᠡᠷᠦᠩᠬᠡᠶ᠋ᠢᠯᠡᠭᠰᠡᠨ ᠮᠠᠰᠢᠨᠴᠢᠯᠠᠯᠲᠠ᠎ᠶᠢᠨ ᠨᠣᠷᠮ᠎ᠠ 90.7% ᠳᠤ ᠬᠦᠷᠴᠦ᠍᠂ ᠥᠨᠳᠥᠷ ᠴᠢᠳᠠᠪᠬᠢᠲᠤ᠌ ᠲᠠᠷᠢᠬᠤ ᠮᠠᠰᠢᠨ 2.8 ᠲᠦᠮᠡᠨ ᠰᠠᠤᠷᠢ᠂ ᠳᠤᠭᠢᠭᠤᠷ ᠳᠤᠯᠤᠭᠠᠨ ᠤᠳᠤ ᠨᠡᠷᠡᠮᠵᠢᠳᠦ ᠠᠶᠠᠯᠠᠯ ᠵᠠᠯᠠᠬᠤ ᠰᠢᠰᠲ᠋ᠧᠮ 11 ᠲᠦᠮᠡᠨ ᠰᠠᠤᠷᠢ(ᠢᠵᠢ)ᠪᠠᠶ᠋ᠢᠵᠤ᠂ ᠪᠦᠷᠬᠦᠬᠦᠯᠦᠭᠰᠡᠨ ᠲᠠᠷᠢᠬᠤ ᠲᠠᠯᠠᠪᠠᠶ ᠨᠢ 4000 ᠲᠦᠮᠡᠨᠮᠦ᠎ᠡᠴᠡ ᠳᠡᠭᠡᠭᠰᠢ ᠪᠤᠯᠵᠠᠢ; ᠲᠠᠷᠢᠶᠠᠯᠠᠩ᠎ᠳᠤ ᠬᠡᠷᠡᠭᠯᠡᠬᠦ᠌ ᠵᠢᠯᠣᠭᠣᠴᠢ ᠥᠬᠡᠶ ᠨᠢᠰᠬᠡᠯ᠎ᠦᠨ ᠲᠣᠭ᠎ᠠ 1.7 ᠲᠦᠮᠡ᠎ᠳᠦ ᠬᠦᠷᠴᠦ᠍᠂ ᠵᠢᠯ᠎ᠦᠨ ᠵᠢᠯᠤᠭᠤᠴᠢ ᠦᠭᠡᠢ ᠨᠢᠰᠭᠡᠯ ᠵᠢᠠᠷ ᠠᠵᠢᠯᠯᠠᠭᠤᠯᠤᠬᠰᠠᠨ ᠭᠡᠮᠵᠢᠶ᠎ᠠ 8000 ᠭᠠᠷᠤᠶ ᠲᠦᠮᠡᠨ ᠮᠥᠳᠦ ᠬᠦᠷᠴᠡᠶ᠃ ᠯᠢ ᠫᠸᠢ ᠦ᠋ ᠠᠺᠠᠳᠧᠮᠢᠴᠢ᠂ ᠯᠢ ᠱᠤᠤ ᠺᠦᠨ ᠰᠤᠳᠤᠯᠤᠭᠴᠢ ᠵᠡᠷᠭᠡ 4 ᠠᠺᠠᠳᠧᠮᠢᠴᠢ ᠲᠤᠰᠬᠠᠶ ᠮᠡᠷᠭᠡᠵᠢᠯᠲᠡᠨ᠎ᠢ ᠤᠷᠢᠵᠤ 《ᠠᠮᠤ ᠪᠤᠳᠠᠭᠠᠨ᠎ᠤ ᠦᠢᠯᠡᠳᠪᠦᠷᠢᠯᠡᠯ᠎ᠦᠨ ᠵᠥᠪᠯᠡᠭᠴᠢ》 ᠪᠣᠯᠭᠠᠵᠤ᠂ 300 ᠭᠠᠷᠤᠶ ᠬᠥᠮᠦᠨ᠎ᠢ ᠵᠣᠬᠢᠶᠠᠨ ᠪᠠᠶ᠋ᠢᠭᠤᠯᠤᠨ 《424》 ᠵᠢᠭᠰᠠᠭᠠᠯ᠎ᠤᠨ ᠬᠡᠯᠪᠡᠷᠢ᠎ᠶᠢᠨ ᠪᠦᠯᠬᠦᠮ ᠨᠡᠶ᠋ᠢᠲᠡ᠎ᠪᠡᠷ ᠳᠠᠭᠠᠭᠠᠴᠢᠯᠠᠨ ᠬᠣᠯᠪᠣᠭᠠᠯᠠᠬᠤ ᠠᠵᠢᠯᠯᠠᠭ᠎ᠠ (40 ᠭᠤᠤᠯᠳᠠᠯᠭ᠎ᠠ᠎ᠲᠠᠶ ᠰᠢᠶᠠᠨ᠂ 20 ᠭᠤᠷᠪᠠᠳᠤᠭᠠᠷ ᠳᠡᠰ᠎ᠤᠨ ᠵᠢᠱ᠌ᠢᠶ᠎ᠡ ᠦᠵᠡᠭᠦᠯᠬᠦ᠌ ᠰᠢᠶᠠᠨ᠂ 4 ᠳᠥᠷᠪᠡᠳᠦᠭᠡᠷ ᠳᠡᠰ᠎ᠤᠨ ᠬᠣᠯᠪᠣᠭᠠᠯᠠᠨ ᠡᠭᠦᠳᠬᠦ᠌ ᠰᠢᠶᠠᠨ) ᠥᠷᠨᠢᠭᠦᠯᠵᠦ᠍᠂ ᠳᠠᠭᠠᠭᠠᠴᠢᠯᠠᠨ ᠬᠣᠯᠪᠣᠭᠠᠯᠠᠬᠤ ᠬᠡᠪᠴᠢᠶ᠎ᠡ᠎ᠶᠢᠨ ᠪᠡᠶᠡᠴᠢ ᠴᠣᠭᠴᠠ 500 ᠪᠣᠯᠪᠠ; ᠡᠨᠡ ᠵᠢᠯ 39 ᠵᠦᠢᠯ᠎ᠦᠨ ᠭᠤᠤᠯ ᠳᠡᠯᠭᠡᠷᠡᠭᠦᠯᠬᠦ᠌ ᠮᠡᠷᠭᠡᠵᠢᠯ᠎ᠢ ᠨᠡᠶ᠋ᠢᠲᠡᠯᠡᠵᠦ᠍᠂ 5000 ᠲᠠᠷᠢᠶᠠᠯᠠᠩ᠎ᠤᠨ ᠮᠡᠷᠭᠡᠵᠢᠯ᠎ᠦᠨ ᠠᠵᠢᠯᠲᠠᠨ᠎ᠢ ᠦᠨᠳᠦᠰᠦᠨ ᠱᠠᠲᠤᠨ᠎ᠳᠤ ᠪᠠᠭᠤᠯᠭᠠᠨ ᠪᠠᠶ᠋ᠢᠩᠭᠤ ᠵᠢᠭᠠᠨ ᠵᠢᠯᠣᠭᠣᠳᠴᠤ᠌᠂ 3.85 ᠲᠦᠮᠡᠨ ᠡᠵᠡᠩᠨᠡᠯᠲᠡ᠎ᠶᠢᠨ ᠪᠡᠶᠡᠴᠢ ᠴᠣᠭᠴᠠ᠎ᠶᠢ ᠬᠠᠮᠤᠷᠤᠭᠰᠠᠨ ᠪᠠᠶ᠋ᠢᠨ᠎ᠠ; 2 ᠲᠦᠮᠡᠨ ᠨᠡᠶ᠋ᠢᠭᠡᠮᠴᠢᠯᠡᠭᠰᠡᠨ ᠦᠢᠯᠡᠴᠢᠯᠡᠭᠡᠨ᠎ᠦ ᠭᠣᠣᠯ ᠴᠣᠭᠴᠠ᠎ᠶᠢ ᠳᠠᠶ᠋ᠢᠴᠢᠯᠠᠵᠤ᠂ ᠪᠦᠬᠦ᠌ ᠵᠢᠯ᠎ᠳᠦ 98.8 ᠲᠦᠮᠡᠨ ᠲᠠᠷᠢᠶᠠᠴᠢᠨ ᠡᠷᠦᠬᠡ᠎ᠳᠦ ᠦᠢᠯᠡᠴᠢᠯᠡᠵᠦ᠍᠂ ᠨᠡᠶ᠋ᠢᠭᠡᠮᠴᠢᠯᠡᠭᠰᠡᠨ ᠦᠢᠯᠡᠴᠢᠯᠡᠭᠡᠨ᠎ᠦ ᠲᠠᠯᠠᠪᠠᠢ 4300 ᠲᠦᠮᠡᠨ ᠳᠦ ᠬᠦᠷᠪᠡ᠃
2025 ᠣᠨ᠎ᠳᠤ᠂ ᠪᠥᠬᠥ᠌ ᠣᠷᠣᠨ᠎ᠤ ᠠᠮᠤ ᠪᠤᠳᠠᠭᠠᠨ᠎ᠤ ᠳᠤᠮᠳᠠᠴᠢ ᠲᠠᠯᠠᠪᠠᠶ ᠨᠢᠭᠡᠴᠢ᠎ᠶᠢᠨ ᠤᠨᠠᠯᠲᠠ 795.6 ᠵᠢᠩ᠎ᠳᠦ ᠬᠦᠷᠴᠦ᠍᠂《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠨ ᠦ ᠬᠤᠭᠤᠴᠠᠭᠠᠨ᠎ᠤ᠎ᠬᠢ᠎ᠡᠴᠡ 7%᠎ᠪᠠᠷ ᠳᠡᠭᠡᠭᠰᠢᠯᠡᠵᠦ᠍᠂ ᠲᠠᠯᠠᠪᠠᠶ ᠨᠢᠭᠡᠴᠢ ᠶᠢᠨ ᠤᠨᠠᠯᠲᠠ ᠶᠢᠨ ᠳᠡᠭᠡᠭᠰᠢᠯᠡᠯᠲᠡ᠎ᠶᠢᠨ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠌᠎ᠳᠦ ᠦᠵᠡᠭᠦᠯᠬᠦ᠌ ᠬᠤᠪᠢ ᠨᠡᠮᠡᠷᠢ᠎ᠶᠢᠨ ᠨᠣᠷᠮ᠎ᠠ 80% ᠡᠴᠠ ᠳᠡᠭᠡᠭᠰᠢ ᠪᠠᠶ᠋ᠢᠬᠤ᠎ᠶᠢ ᠪᠠᠲᠤᠯᠠᠵᠤ᠂ ᠠᠮᠤ ᠪᠤᠳᠠᠭᠠᠨ ᠤ ᠤᠨᠠᠯᠲᠠ᠎ᠶᠢ ᠨᠡᠮᠡᠭᠳᠡᠭᠦᠯᠬᠦ᠌ ᠴᠢᠬᠤᠯᠠ ᠬᠥᠳᠡᠯᠭᠡᠬᠦ᠌ ᠬᠦᠴᠦᠨ ᠪᠣᠯᠵᠠᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃