2026-11-10 11:24:46
11 ᠰᠠᠷ᠎ᠠ᠎ᠶᠢᠨ 4 ᠦ ᠡᠳᠦᠷ᠎ᠡᠴᠡ 7 ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠮᠧᠬᠠᠨᠢᠭ᠋᠎ᠤᠨ ᠠᠵᠤ ᠦᠢᠯᠡᠳᠪᠦᠷᠢ᠎ᠶᠢᠨ ᠬᠣᠯᠪᠣᠭᠠᠲᠤ ᠬᠤᠷᠠᠯ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠳᠤᠮᠳᠠᠳᠤ᠎ᠶᠢᠨ ᠪᠥᠬᠥ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠡᠴᠡ ᠬᠠᠮᠲᠤᠷᠠᠨ ᠡᠷᠭᠢᠯᠡᠭᠰᠡᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠵᠣᠬᠢᠶᠠᠮᠠᠯ ᠣᠶᠤᠨ ᠴᠢᠳᠠᠪᠤᠷᠢ᠎ᠶᠢᠨ ᠬᠡᠷᠡᠭᠯᠡᠭᠡᠨ᠎ᠦ ᠮᠡᠷᠭᠡᠵᠢᠯ ᠴᠢᠳᠠᠪᠤᠷᠢ᠎ᠶᠢᠨ ᠤᠷᠤᠯᠳᠤᠭᠠᠨ ᠬᠤᠪᠧᠢ ᠮᠤᠵᠢ᠎ᠶᠢᠨ ᠵᠢᠩᠵᠧᠦ ᠬᠣᠲᠠ᠎ᠳᠤ ᠡᠬᠢᠯᠡᠪᠡ᠂ ᠪᠥᠬᠥ ᠤᠯᠤᠰ᠎ᠤᠨ 29 ᠮᠤᠵᠢ᠎ᠶᠢᠨ ᠱᠠᠲᠤᠨ᠎ᠤ ᠲᠥᠯᠥᠭᠡᠯᠡᠭᠴᠢᠳ᠎ᠦᠨ ᠠᠩᠭᠢ᠎ᠶᠢᠨ 627 ᠤᠷᠤᠯᠴᠠᠬᠴᠢ ᠳᠤᠰ ᠤᠷᠤᠯᠳᠤᠭᠠᠨ ᠳᠦ ᠥᠷᠢᠰᠦᠯᠳᠦᠵᠦ᠂ ᠪᠥᠬᠥ ᠤᠯᠤᠰ᠎ᠤᠨ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ᠂ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ 479 ᠪᠠᠭ᠍ᠰᠢ ᠰᠣᠷᠣᠭ᠍ᠴᠢ᠂ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠠᠵᠤ ᠦᠢᠯᠡᠳᠪᠦᠷᠢ᠂ ᠤᠯᠤᠰ᠎ᠤᠨ ᠴᠠᠬᠢᠯᠭᠠᠨ ᠲᠣᠣᠷ ᠵᠡᠷᠭᠡ ᠳᠠᠭᠠᠭᠤᠯᠤᠭ᠍ᠴᠢ ᠠᠵᠤ ᠠᠬᠤᠢᠯᠠᠯ᠎ᠤᠨ ᠨᠢᠭᠡᠳᠦᠭᠡᠷ ᠹᠷᠣᠨᠲ᠎ᠤᠨ 134 ᠠᠵᠢᠯᠲᠠᠨ ᠠᠵᠢᠯᠴᠢᠨ ᠪᠣᠯᠣᠨ ᠪᠡᠭᠡᠵᠢᠩ᠎ᠦᠨ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠶᠡᠬᠡ ᠰᠤᠷᠭᠠᠭᠤᠯᠢ᠂ ᠪᠡᠭᠡᠵᠢᠩ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠶᠢᠨ 14 ᠰᠣᠷᠣᠭ᠍ᠴᠢ ᠤᠷ᠎ᠠ ᠮᠡᠷᠬᠡᠵᠢᠯ ᠵᠢᠡᠨ ᠮᠦᠷᠦᠢᠴᠡᠵᠠᠢ᠃

ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ 12 ᠤᠷᠤᠯᠴᠠᠬᠴᠢ ᠵᠢ ᠥᠪᠥᠷ ᠮᠣᠩᠭᠣᠯ᠎ᠢ ᠲᠥᠯᠥᠭᠡᠯᠡᠨ ᠤᠷᠤᠯᠳᠤᠭᠠᠨ ᠳ᠋ᠤ ᠤᠷᠤᠯᠴᠠᠭᠤᠯᠵᠤ᠂ ᠪᠥᠬᠥ 6 ᠲᠥᠷᠥᠯ᠎ᠦᠨ ᠤᠷᠤᠯᠳᠤᠭᠠᠨ᠎ᠳᠤ ᠮᠦᠷᠦᠢᠴᠡᠪᠡ᠃ ᠡᠬᠦᠨ᠎ᠳᠦ ᠣᠷᠳᠣᠰ ᠬᠣᠲᠠ᠎ᠶᠢᠨ ᠤᠷᠤᠯᠴᠠᠬᠴᠢ ᠵᠠᠩ ᠯᠢ ᠹᠧᠩ ᠬᠠᠲᠠᠭᠤ ᠲᠣᠨᠣᠭ ᠤᠭᠰᠠᠷᠠᠭ᠍ᠴᠢᠶᠢᠨ ᠤᠷᠤᠯᠳᠤᠭᠠᠨ᠎ᠤ ᠨᠢᠭᠡᠳᠦᠭᠡᠷ ᠳᠡᠰ᠎ᠤᠨ ᠱᠠᠩᠨᠠᠯ᠎ᠢ ᠣᠯᠵᠤ᠂ ᠳᠤᠰ ᠤᠷᠤᠯᠳᠤᠭᠠᠨ᠎ᠢ ᠡᠷᠭᠢᠯᠡᠭᠰᠡᠨ᠎ᠡᠴᠡ ᠨᠠᠭᠠᠰᠢᠬᠢ ᠮᠠᠨ᠎ᠤ ᠣᠷᠣᠨ᠎ᠤ ᠬᠢᠷᠢ ᠪᠦᠲᠦᠮᠵᠢ᠎ᠶᠢᠨ ᠰᠢᠨ᠎ᠡ ᠰᠢᠪᠲᠤᠯᠤᠯᠲᠠ᠎ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠤ ᠵᠣᠬᠢᠶᠠᠮᠠᠯ ᠣᠶᠤᠨ ᠴᠢᠳᠠᠪᠤᠷᠢ᠎ᠶᠢᠨ ᠬᠦᠷᠢᠶᠡᠨ᠎ᠳᠡᠬᠢ ᠴᠠᠭᠠᠷᠠᠭᠰᠠᠨ ᠤᠷ᠎ᠠ ᠴᠢᠳᠠᠪᠤᠷᠢ ᠪᠠ ᠶᠡᠷᠦᠩᠬᠡᠢᠯᠡᠭᠰᠡᠨ ᠪᠣᠳᠠᠲᠤ ᠬᠦᠴᠦᠨ᠎ᠢ ᠢᠯᠡᠷᠡᠭᠦᠯᠪᠡ᠃
ᠢᠷᠡᠯᠲᠡ ᠄ ᠥᠪᠥᠷ ᠮᠣᠩᠭᠣᠯ᠎ᠤᠨ ᠬᠥᠮᠥᠨ᠎ᠦ ᠬᠦᠴᠦᠨᠤᠡᠬᠢ ᠪᠠᠶᠠᠯᠢᠬ ᠪᠠ ᠨᠡᠢᠭᠡᠮ᠎ᠤᠨ ᠪᠠᠲᠤᠯᠠᠭ᠎ᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃