ᠲᠡᠷᠢᠭᠦᠨ ᠨᠢᠭᠤᠷ - ᠵᠢᠷᠤᠭᠲᠤ ᠮᠡᠳᠡᠭᠡ

2026-11-11 10:33:09

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 10 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠭᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠭᠦᠭᠡᠬᠣᠲᠠ᠎ᠳᠤ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠡᠷᠭᠢᠯᠡᠭᠴᠢ ᠯᠧᠢ ᠬᠠᠢ ᠴᠤᠤ᠎ᠲᠠᠢ ᠠᠭᠤᠯᠵᠠᠪᠠ᠃




11 ᠰᠠᠷ᠎ᠠ᠎ᠶᠢᠨ 10 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠭᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠭᠦᠭᠡᠬᠣᠲᠠ᠎ᠳᠤ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠡᠷᠭᠢᠯᠡᠭᠴᠢ ᠯᠧᠢ ᠬᠠᠢ ᠴᠤᠤ᠎ᠲᠠᠢ ᠠᠭᠤᠯᠵᠠᠪᠠ᠃

               ᠰᠤᠷᠪᠤᠯᠵᠢᠯᠠᠭᠴᠢ    ᠮᠠ ᠵᠢᠶᠠᠨ ᠪᠢᠩ   ᠰᠡᠭᠦᠳᠡᠷᠯᠡᠪᠡ


ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠯᠧᠢ ᠬᠠᠢ ᠴᠤᠤ ᠨᠠᠷ᠎ᠢ ᠪᠠᠶᠠᠷᠯᠠᠨ ᠤᠭᠲᠤᠵᠤ ᠪᠠᠢᠬᠤ᠎ᠪᠠᠨ ᠢᠯᠡᠳᠬᠡᠵᠦ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠤᠨ ᠠᠵᠢᠯ᠎ᠢ ᠳᠡᠮᠵᠢᠭᠰᠡᠭᠡᠷ ᠢᠷᠡᠭᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠬᠡᠪᠡ᠃ ᠲᠡᠷᠡ᠂ ᠣᠳᠣᠬᠠᠨ᠎ᠳᠤ ᠣᠷᠣᠨ᠎ᠲᠠᠶᠠᠭᠠᠷ᠎ᠢᠶᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ ᠤ᠋ᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠣᠯᠣᠨ ᠨᠠᠮ᠎ᠤᠨ ᠪᠠᠢᠭᠤᠯᠤᠯᠲᠠ᠎ᠶᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠵᠦ ᠪᠠᠢᠨ᠎ᠠ᠃ ᠪᠢᠳᠡ ᠠᠷᠠᠳ ᠲᠦᠮᠡᠨ᠎ᠦ ᠡᠷᠡᠭᠦᠯ ᠮᠡᠨᠳᠦ᠎ᠶᠢ ᠪᠠᠲᠤᠯᠠᠬᠤ᠎ᠶᠢ ᠢᠮᠠᠭᠲᠠ ᠤᠷᠢᠳ᠎ᠢᠶᠡᠷ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢᠨ ᠪᠠᠢᠷᠢᠨ᠎ᠳᠤ ᠲᠠᠯᠪᠢᠵᠤ᠂ ᠶᠡᠷᠦᠩᠬᠡᠢ ᠱᠦᠵᠢ᠎ᠰᠢ᠎ᠶᠢᠨ ᠫᠢᠩ ᠤ᠋ᠨ ᠡᠷᠡᠭᠦᠯ ᠡᠩᠬᠡ ᠳᠤᠮᠳᠠᠳᠤ ᠤᠯᠤᠰ᠎ᠤᠨ ᠪᠠᠢᠭᠤᠯᠤᠯᠲᠠ᠎ᠶᠢᠨ ᠲᠤᠬᠠᠢ ᠴᠢᠬᠤᠯᠠ ᠥᠭᠦᠯᠡᠯᠲᠡ ᠪᠠ ᠪᠦᠭᠦ ᠤᠯᠤᠰ᠎ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ᠎ᠶᠢᠨ ᠶᠡᠬᠡ ᠬᠤᠷᠠᠯ᠎ᠤᠨ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢᠨ᠎ᠡ ᠴᠠᠭ ᠦᠶ᠎ᠡ᠎ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ᠎ᠶᠢᠨ ᠠᠵᠢᠯ᠎ᠤᠨ ᠴᠢᠭᠯᠡᠯᠲᠡ᠎ᠶᠢ ᠲᠤᠭᠤᠰᠢᠯᠠᠭᠤᠯᠤᠨ᠂ ᠡᠷᠡᠭᠦᠯ ᠡᠩᠬᠡ ᠥᠪᠥᠷ ᠮᠣᠩᠭᠣᠯ᠎ᠤᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠭᠦ ᠣᠷᠣᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠪᠠ᠃ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠡᠴᠡ ᠥᠪᠥᠷ ᠮᠣᠩᠭᠣᠯ᠎ᠤᠨ ᠬᠥᠭᠵᠢᠯᠲᠡ᠎ᠶᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠡᠮᠴᠢᠯᠡᠭᠡᠨ᠎ᠦ ᠡᠬᠢ ᠪᠠᠶᠠᠯᠢᠭ᠋᠎ᠤᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠬᠤ᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢ ᠤᠯᠠᠮᠵᠢᠯᠠᠨ ᠬᠥᠭᠵᠢᠭᠦᠯᠬᠦ᠎ᠶᠢ ᠠᠬᠢᠭᠤᠯᠬᠤ᠂ ᠴᠢᠳᠠᠪᠤᠷᠢᠲᠠᠨ᠎ᠢ ᠬᠥᠮᠥᠵᠢᠭᠦᠯᠬᠦ᠎ᠶᠢ ᠴᠢᠩᠭᠠᠳᠬᠠᠬᠤ ᠵᠡᠷᠭᠡ ᠲᠠᠯ᠎ᠠ᠎ᠪᠠᠷ ᠨᠠᠩ ᠣᠯᠠᠨ ᠳᠡᠮᠵᠢᠯᠭᠡ ᠦᠵᠡᠭᠦᠯᠵᠦ᠂ ᠥᠪᠥᠷ ᠮᠣᠩᠭᠣᠯ᠎ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠡᠷᠡᠭᠦᠯ ᠮᠡᠨᠳᠦ ᠪᠤᠶᠠᠨ ᠵᠢᠷᠭᠠᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠵᠢ ᠬᠦᠰᠡᠵᠦ ᠪᠠᠢᠨ᠎ᠠ ᠭᠡᠵᠡᠢ᠃

ᠯᠧᠢ ᠬᠠᠢ ᠴᠤᠤ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠡᠮᠦᠨ᠎ᠡ ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ᠎ᠶᠢᠨ ᠦᠢᠯᠡᠰ᠎ᠦᠨ ᠬᠥᠭᠵᠢᠯᠲᠡ᠎ᠳᠦ ᠦᠵᠡᠭᠦᠯᠦᠭᠰᠡᠨ ᠳᠡᠮᠵᠢᠯᠭᠡ᠎ᠳᠦ ᠲᠠᠯᠠᠷᠬᠠᠨ᠂ ᠥᠪᠥᠷ ᠮᠣᠩᠭᠣᠯ᠎ᠤᠨ ᠣᠢᠷ᠎ᠠ᠎ᠶᠢᠨ ᠵᠢᠯ᠎ᠦᠳ᠎ᠲᠦ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠬᠦᠷᠢᠶᠡᠨ᠎ᠳᠦ ᠣᠯᠣᠭᠰᠠᠨ ᠠᠮᠵᠢᠯᠲᠠ ᠪᠦᠲᠦᠮᠵᠢ᠎ᠶᠢ ᠨᠤᠲᠠᠯᠠᠪᠠ᠃ ᠲᠡᠷᠡ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠡᠴᠡ ᠶᠡᠷᠦᠩᠬᠡᠢ ᠱᠦᠵᠢ ᠰᠢ᠎ᠶᠢᠨ ᠫᠢᠩ ᠤ᠋ᠨ ᠴᠢᠬᠤᠯᠠ ᠶᠠᠷᠢᠶ᠎ᠠ ᠪᠣᠯᠣᠨ ᠪᠦᠭᠦ ᠤᠯᠤᠰ᠎ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ᠎ᠶᠢᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠡᠷᠡᠭᠦᠯ ᠮᠡᠨᠳᠦ᠎ᠶᠢ ᠤᠷᠢᠳ ᠵᠢᠨᠷ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠬᠦ᠎ᠶᠢ ᠳᠡᠮᠵᠢᠵᠦ᠂ ᠬᠦᠨᠳᠦ ᠶᠡᠬᠡ ᠬᠠᠯᠳᠠᠪᠤᠷᠢᠲᠤ ᠡᠪᠡᠳᠴᠢᠨ᠎ᠦ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠭᠠᠳᠠᠨ᠎ᠠ ᠡᠴᠡ ᠬᠠᠯᠳᠠᠪᠦᠷᠢᠯᠠᠨ ᠣᠷᠣᠵᠤ ᠢᠷᠡᠬᠦ᠎ᠶᠢ ᠰᠡᠷᠭᠡᠢᠯᠡᠬᠦ ᠠᠵᠢᠯ᠎ᠢ ᠴᠢᠩᠭᠠᠳᠬᠠᠵᠤ᠂ ᠬᠥᠮᠥᠨ ᠮᠠᠯ᠎ᠳᠤ ᠵᠡᠷᠭᠡ ᠪᠡᠷ ᠬᠠᠯᠳᠠᠪᠤᠷᠢᠯᠠᠳᠠᠬ ᠡᠪᠡᠳᠴᠢᠨ ᠪᠠ ᠣᠷᠣᠨ ᠨᠤᠲᠤᠭ᠎ᠤᠨ ᠡᠪᠡᠳᠴᠢᠨ᠎ᠢ ᠰᠡᠷᠭᠡᠢᠯᠡᠨ ᠵᠠᠰᠠᠬᠤ ᠠᠵᠢᠯ᠎ᠢ ᠦᠷᠭᠦᠯᠵᠢᠯᠡᠨ ᠪᠣᠳᠠᠲᠠᠢ ᠠᠳᠬᠤᠵᠤ᠂ ᠡᠮᠴᠢᠯᠡᠬᠡ ᠡᠷᠡᠭᠦᠯ ᠬᠠᠮᠠᠭᠠᠯᠠᠯ᠎ᠤᠨ ᠰᠠᠭᠤᠷᠢ᠎ᠶᠢ ᠴᠢᠩᠭᠠᠳᠬᠠᠬᠤ ᠢᠨᠵᠧᠨᠧᠷᠢᠩ᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠠᠵᠢᠯ ᠲᠥᠷᠥᠯ᠎ᠢᠶᠡᠷ ᠲᠤᠰᠠᠯᠠᠬᠤ ᠪᠠ ᠵᠡᠭᠦᠨ ᠪᠠᠷᠠᠭᠤᠨ ᠣᠷᠣᠨ᠎ᠤ ᠡᠷᠡᠭᠦᠯ ᠬᠠᠮᠠᠭᠠᠯᠠᠯ᠎ᠤᠨ ᠬᠠᠮᠵᠢᠯᠴᠠᠭ᠎ᠠ᠎ᠶᠢ ᠭᠦᠨᠵᠡᠭᠡᠢᠷᠡᠭᠦᠯᠦᠨ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠳᠤᠲᠠᠭᠤᠳᠠᠯ᠎ᠢ ᠨᠥᠬᠥᠪᠦᠷᠢᠯᠡᠵᠦ᠂ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷ᠎ᠢᠶᠠᠷ ᠤᠳᠤᠷᠢᠳᠤᠮᠵᠢ ᠪᠤᠯᠭᠠᠬ᠍ᠰᠠᠨ ᠠᠯᠪᠠᠨ ᠡᠴᠡ ᠪᠠᠢᠭᠤᠯᠤᠭᠰᠠᠨ ᠡᠮᠨᠡᠯᠭᠡ᠎ᠶᠢᠨ ᠬᠣᠷᠢᠶ᠎ᠠ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠣᠷᠣᠨ ᠲᠣᠭ᠎ᠠ᠂ ᠦᠨ᠎ᠡ ᠬᠠᠩᠰᠢ᠂ ᠴᠠᠯᠢᠩ ᠬᠥᠯᠥᠰᠦ᠂ ᠬᠢᠨᠠᠨ ᠬᠠᠮᠢᠶᠠᠷᠬᠤ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠦᠨ᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠶ᠋ᠢ ᠤᠯᠠᠮᠵᠢᠯᠠᠨ ᠰᠢᠨ᠎ᠡ᠎ᠶᠢ ᠡᠭᠦᠳᠦᠨ ᠬᠥᠭᠵᠢᠭᠦᠯᠬᠦ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠴᠢᠨᠠᠷ ᠰᠠᠢᠲᠠᠢ ᠡᠷᠡᠭᠦᠯ ᠮᠡᠨᠳᠦ᠎ᠶᠢᠨ ᠦᠢᠯᠡᠴᠢᠯᠡᠭᠡ ᠬᠠᠩᠭᠠᠨ᠎ᠠ ᠭᠡᠵᠦ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠰᠦᠨ ᠵᠢᠶᠦ᠋ᠨ ᠴᠢᠩ ᠣᠷᠣᠯᠴᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面