ᠲᠡᠷᠢᠭᠦᠨ ᠨᠢᠭᠤᠷ - ᠵᠢᠷᠤᠭᠲᠤ ᠮᠡᠳᠡᠭᠡ

2026-11-13 10:15:18

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢ᠎ᠶᠢᠨ ᠫᠢᠩ ᠴᠢᠬᠤᠯᠠ ᠶᠠᠷᠢᠶ᠎ᠠ ᠲᠠᠯᠪᠢᠪᠠ

ᠯᠢ ᠴᠢᠶᠠᠩ   ᠵᠤᠤ ᠯᠸ ᠵᠢᠢ   ᠼᠠᠢ ᠴᠢ   ᠳ᠋ᠢᠩ ᠰᠢᠦᠸᠠᠢ ᠰᠢᠶᠠᠩ   ᠯᠢ ᠰᠢ ᠤᠷᠤᠯᠴᠠᠵᠠᠢ    ᠸᠠᠩ ᠬ᠍ᠤ ᠨᠢᠩ ᠬᠤᠷᠠᠯ᠎ᠢ ᠡᠷᠬᠢᠯᠡᠪᠡ


■ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠦᠬᠦ ᠳᠤᠮᠳᠠᠳᠤ᠎ᠶᠢᠨ ᠬᠥᠪᠡᠭᠦᠳ ᠥᠬᠢᠳ ᠨᠡᠩ ᠨᠢᠭ᠍ᠲᠠᠷᠠᠨ ᠪᠦᠯᠬᠦᠮᠳᠡᠵᠦ᠂ ᠰᠦᠨ ᠵᠦᠩ ᠱᠠᠨ ᠠᠪᠤᠭᠠᠢ᠎ᠶᠢᠨ ᠭᠡᠷᠢᠶᠡᠰ ᠵᠣᠷᠢᠭ᠋᠎ᠢ ᠵᠠᠯᠭᠠᠮᠵᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠠᠤᠭ᠎ᠠ ᠦᠢᠯᠡᠰ᠎ᠢ ᠰᠡᠳᠬᠢᠯ᠎ᠨᠢᠭᠡᠳᠦᠨ ᠬᠦᠴᠦ᠎ᠪᠡᠨ ᠬᠠᠮᠲᠤᠳᠬᠠᠨ ᠬᠠᠮᠲᠤ᠎ᠪᠠᠷ ᠴᠣᠭᠴᠠᠯᠠᠵᠤ᠂ ᠣᠢᠷ᠎ᠠ ᠦᠶ᠎ᠡ᠎ᠡᠴᠡ ᠨᠠᠭᠠᠰᠢᠬᠢ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠢᠷᠮᠠᠢᠨ ᠲᠡᠮᠡᠴᠡᠭᠰᠡᠨ ᠠᠭᠤᠤ ᠶᠡᠬᠡ ᠬᠦᠰᠡᠯ ᠵᠡᠭᠦᠳᠦ᠎ᠶᠢ ᠲᠠᠰᠤᠷᠠᠯᠳᠠ ᠦᠭᠡᠢ ᠰᠠᠢᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃

■ ᠰᠦᠨ ᠵᠦᠩ ᠱᠠᠨ ᠠᠪᠤᠭᠠᠢ ᠪᠣᠯ ᠠᠭᠤᠤ ᠶᠡᠬᠡ ᠦᠨᠳᠦᠰᠦᠲᠡᠨ᠎ᠦ ᠪᠠᠭᠠᠲᠤᠷ᠂ ᠠᠭᠤᠤ ᠶᠡᠬᠡ ᠤᠯᠤᠰ ᠵᠢᠡᠨ ᠬᠠᠢᠷᠠᠯᠠᠬᠤ ᠦᠵᠡᠯᠲᠡᠨ᠂ ᠳᠤᠮᠳᠠᠳᠤ ᠤᠯᠤᠰ᠎ᠤᠨ ᠠᠷᠠᠳᠴᠢᠯᠠᠭᠰᠠᠨ ᠬᠤᠪᠢᠰᠬᠠᠯ᠎ᠤᠨ ᠠᠭᠤᠤ ᠶᠡᠬᠡ ᠬᠣᠰᠢᠭᠤᠴᠢ ᠪᠠᠢᠵᠤ᠂ ᠳᠤᠮᠳᠠᠳᠤ ᠤᠯᠤᠰ᠎ᠢ ᠥᠭᠡᠷᠡᠴᠢᠯᠡᠬᠦ᠎ᠶᠢᠨ ᠲᠥᠯᠥᠭᠡ ᠨᠢᠭᠡ ᠨᠠᠰᠤ᠎ᠪᠠᠷ᠎ᠢᠶᠠᠨ ᠲᠡᠮᠡᠴᠡᠵᠦ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠣᠨ ᠳᠤᠮᠳᠠᠳᠤ᠎ᠶᠢᠨ ᠦᠨᠳᠦᠰᠦᠲᠡᠨ᠎ᠦ ᠲᠥᠯᠥᠭᠡ ᠭᠠᠷᠮᠠᠭᠠᠢ ᠬᠤᠪᠢ ᠨᠡᠮᠡᠷᠢ ᠦᠵᠡᠭᠦᠯᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠦᠬᠦ ᠳᠤᠮᠳᠠᠳᠤ᠎ᠶᠢᠨ ᠬᠥᠪᠡᠭᠦᠳ ᠥᠬᠢᠳ᠎ᠦᠨ ᠴᠢᠩ ᠰᠡᠳᠬᠢᠯ᠎ᠦᠨ ᠬᠦᠨᠳᠦᠳᠬᠡᠯ᠎ᠢ ᠣᠯᠣᠭᠰᠠᠨ ᠶᠤᠮ ᠃


ᠰᠦᠨ ᠵᠦᠩ ᠱᠠᠨ ᠠᠪᠤᠭᠠᠢ᠎ᠶᠢᠨ ᠮᠡᠨᠳᠦᠯᠡᠭᠰᠡᠨ 160 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ 12 ᠎ᠤ᠋ᠨ ᠦᠳᠡ᠎ᠶᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ ᠪᠡᠷ ᠶᠠᠪᠤᠭᠳᠠᠪᠠ᠃ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ ᠵᠢᠨ ᠲᠡᠷᠢᠭᠦᠯᠡᠭᠴᠢ  ᠰᠢ᠎ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠦᠬᠦ ᠳᠤᠮᠳᠠᠳᠤ᠎ᠶᠢᠨ ᠬᠥᠪᠡᠭᠦᠳ ᠥᠬᠢᠳ ᠨᠡᠩ ᠨᠢᠭ᠍ᠲᠠᠷᠠᠨ ᠪᠦᠯᠬᠦᠮᠳᠡᠵᠦ᠂ ᠰᠦᠨ ᠵᠦᠩ ᠱᠠᠨ ᠠᠪᠤᠭᠠᠢ᠎ᠶᠢᠨ ᠭᠡᠷᠢᠶᠡᠰ ᠵᠣᠷᠢᠭ᠋᠎ᠢ ᠵᠠᠯᠭᠠᠮᠵᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠠᠤᠭ᠎ᠠ ᠦᠢᠯᠡᠰ᠎ᠢ ᠰᠡᠳᠬᠢᠯ᠎ᠨᠢᠭᠡᠳᠦᠨ ᠬᠦᠴᠦ᠎ᠪᠡᠨ ᠬᠠᠮᠲᠤᠳᠬᠠᠨ ᠬᠠᠮᠲᠤ᠎ᠪᠠᠷ ᠴᠣᠭᠴᠠᠯᠠᠵᠤ᠂ ᠣᠢᠷ᠎ᠠ ᠦᠶ᠎ᠡ᠎ᠡᠴᠡ ᠨᠠᠭᠠᠰᠢᠬᠢ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠢᠷᠮᠠᠢᠨ ᠲᠡᠮᠡᠴᠡᠭᠰᠡᠨ ᠠᠭᠤᠤ ᠶᠡᠬᠡ ᠬᠦᠰᠡᠯ ᠵᠡᠭᠦᠳᠦ᠎ᠶᠢ ᠲᠠᠰᠤᠷᠠᠯᠳᠠ ᠦᠭᠡᠢ ᠰᠠᠢᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃

ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ ᠵᠢᠠ ᠲᠣᠪᠴᠢᠶ᠎ᠡ ᠵᠢᠨ ᠪᠠᠢ᠍ᠢᠨᠭᠭᠤ ᠵᠢᠠ ᠭᠡᠰᠢᠭᠦᠨ ᠯᠢ ᠴᠢᠶᠠᠩ᠂ ᠵᠣᠣ ᠯᠧ ᠵᠢᠢ᠂ ᠸᠠᠩ ᠬ᠍ᠤ ᠨᠢᠩ᠂ ᠼᠠᠢ ᠴᠢ᠂ ᠳ᠋ᠢᠩ ᠰᠢᠦᠸᠠᠢ ᠰᠢᠶᠠᠩ᠂ ᠯᠢ ᠰᠢ ᠶᠡᠬᠡ ᠬᠤᠷᠠᠯ᠎ᠳᠤ ᠣᠷᠣᠯᠴᠠᠪᠠ᠃




11 ᠰᠠᠷ᠎ᠠ ᠵᠢᠨ 12 ᠎ᠤ᠋ᠨ ᠡᠳᠦᠷ᠂  ᠰᠦᠨ ᠵᠦᠩ ᠱᠠᠨ ᠠᠪᠤᠭᠠᠢ᠎ᠶᠢᠨ ᠮᠡᠨᠳᠦᠯᠡᠭᠰᠡᠨ 160 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ ᠪᠡᠷ ᠶᠠᠪᠤᠭᠳᠠᠪᠠ᠃ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ ᠵᠢᠨ ᠲᠡᠷᠢᠭᠦᠯᠡᠭᠴᠢ ᠰᠢ᠎ᠶᠢᠨ ᠫᠢᠩ ᠴᠢᠬᠤᠯᠠ ᠶᠠᠷᠢᠶ᠎ᠠ ᠲᠠᠯᠪᠢᠪᠠ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ  ᠶᠤᠸᠠᠢ ᠶᠤᠸᠠᠢ ᠸᠸᠢ  ᠰᠡᠬᠦᠳᠡᠷᠯᠡᠪᠠ


ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠶᠣᠰᠣᠯᠠᠯ᠎ᠤᠨ ᠲᠠᠩᠬᠢᠮ᠎ᠳᠦ ᠲᠥᠪ ᠬᠢᠴᠢᠶᠡᠩᠭᠦᠢ ᠪᠦᠭᠡᠳ ᠬᠦᠭᠵᠢᠶᠡᠨᠳᠠᠢ ᠠᠭᠤᠷ ᠠᠮᠢᠰᠬᠤᠯ ᠵᠢᠡᠷ ᠪᠢᠯᠬᠠᠨ᠎ᠠ᠃ ᠲᠡᠷᠢᠭᠦᠯᠡᠭᠴᠢ᠎ᠶᠢᠨ ᠲᠠᠢᠰᠠᠨ᠎ᠤ ᠳᠡᠭᠡᠷ᠎ᠡ ᠲᠠᠯ᠎ᠠ᠎ᠳᠤ 《ᠰᠦᠨ ᠵᠦᠩ ᠱᠠᠨ ᠠᠪᠤᠭᠠᠢ᠎ᠶᠢᠨ ᠮᠡᠨᠳᠦᠯᠡᠭᠰᠡᠨ 160 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ》 ᠭᠡᠬᠦ ᠬᠤᠷᠠᠯ᠎ᠤᠨ ᠲᠡᠮᠳᠡᠭ᠎ᠢ ᠡᠯᠭᠦᠵᠦ᠂ ᠠᠷᠤ ᠬᠥᠰᠢᠭᠡ᠎ᠶᠢᠨ ᠭᠣᠣᠯ ᠳᠤᠮᠳᠠ ᠨᠢ ᠰᠦᠨ ᠵᠦᠩ ᠱᠠᠨ ᠠᠪᠤᠭᠠᠢ᠎ᠶᠢᠨ ᠬᠦᠷᠦᠭ᠎ᠢ ᠡᠯᠭᠦᠵᠦ᠂ ᠳᠣᠣᠷ᠎ᠠ ᠲᠠᠯ᠎ᠠ᠎ᠳᠤᠨᠢ 《1866 ︱ 2026》 ᠭᠡᠬᠦ ᠦᠰᠦᠭ᠎ᠪᠠᠢᠵᠤ᠂ 10 ᠤᠯᠠᠭᠠᠨ ᠲᠤᠭ᠎ᠢ ᠬᠣᠶᠠᠷ ᠲᠠᠯ᠎ᠠ᠎ᠳᠤᠨᠢ ᠵᠢᠭ᠍ᠰᠠᠭᠠᠪᠠ᠃

ᠦᠳᠡ᠎ᠶᠢᠨ ᠡᠮᠦᠨᠡᠬᠢ 10 ᠴᠠᠭ᠎ᠲᠤ ᠶᠡᠬᠡ ᠬᠤᠷᠠᠯ ᠡᠬᠢᠯᠡᠪᠡ᠃ ᠪᠦᠭᠦᠳᠡᠭᠡᠷ᠎ᠢᠶᠡᠨ ᠪᠣᠰᠴᠤ ᠵᠣᠭᠰᠣᠨ ᠤᠯᠤᠰ᠎ᠤᠨ ᠰᠦᠯᠳᠡ ᠳᠠᠭᠤᠤ᠎ᠶᠢ ᠬᠠᠩᠭᠢᠨᠠᠲᠠᠯ᠎ᠠ ᠳᠠᠭᠤᠯᠠᠪᠠ᠃

ᠬᠠᠯᠠᠭᠤᠨ ᠠᠯᠠᠭ᠎ᠠ ᠲᠡᠰᠢᠯᠲᠡ᠎ᠶᠢᠨ ᠳᠤᠮᠳᠠ ᠰᠢ᠎ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠦᠨ ᠵᠦᠩ ᠱᠠᠨ ᠠᠪᠤᠭᠠᠢ ᠪᠣᠯ ᠠᠭᠤᠤ ᠶᠡᠬᠡ ᠦᠨᠳᠦᠰᠦᠲᠡᠨ᠎ᠦ ᠪᠠᠭᠠᠲᠤᠷ᠂ ᠠᠭᠤᠤ ᠶᠡᠬᠡ ᠤᠯᠤᠰ ᠵᠢᠡᠨ ᠬᠠᠢᠷᠠᠯᠠᠬᠤ ᠦᠵᠡᠯᠲᠡᠨ᠂ ᠳᠤᠮᠳᠠᠳᠤ ᠤᠯᠤᠰ᠎ᠤᠨ ᠠᠷᠠᠳᠴᠢᠯᠠᠭᠰᠠᠨ ᠬᠤᠪᠢᠰᠬᠠᠯ᠎ᠤᠨ ᠠᠭᠤᠤ ᠶᠡᠬᠡ ᠬᠣᠰᠢᠭᠤᠴᠢ ᠪᠠᠢᠵᠤ᠂ ᠳᠤᠮᠳᠠᠳᠤ ᠤᠯᠤᠰ᠎ᠢ ᠥᠭᠡᠷᠡᠴᠢᠯᠡᠬᠦ᠎ᠶᠢᠨ ᠲᠥᠯᠥᠭᠡ ᠨᠢᠭᠡ ᠨᠠᠰᠤ᠎ᠪᠠᠷ᠎ᠢᠶᠠᠨ ᠲᠡᠮᠡᠴᠡᠵᠦ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠣᠨ ᠳᠤᠮᠳᠠᠳᠤ᠎ᠶᠢᠨ ᠦᠨᠳᠦᠰᠦᠲᠡᠨ᠎ᠦ ᠲᠥᠯᠥᠭᠡ ᠭᠠᠷᠮᠠᠭᠠᠢ ᠬᠤᠪᠢ ᠨᠡᠮᠡᠷᠢ ᠦᠵᠡᠭᠦᠯᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠦᠬᠦ ᠳᠤᠮᠳᠠᠳᠤ᠎ᠶᠢᠨ ᠬᠥᠪᠡᠭᠦᠳ ᠥᠬᠢᠳ᠎ᠦᠨ ᠴᠢᠩ ᠰᠡᠳᠬᠢᠯ᠎ᠦᠨ ᠬᠦᠨᠳᠦᠳᠬᠡᠯ᠎ᠢ ᠣᠯᠣᠭᠰᠠᠨ ᠶᠤᠮ ᠭᠡᠵᠦ ᠢᠯᠡᠳᠬᠡᠪᠡ᠃



11 ᠰᠠᠷ᠎ᠠ ᠵᠢᠨ 12 ᠎ᠤ᠋ᠨ ᠡᠳᠦᠷ᠂ ᠰᠦᠨ ᠵᠦᠩ ᠱᠠᠨ ᠠᠪᠤᠭᠠᠢ᠎ᠶᠢᠨ ᠮᠡᠨᠳᠦᠯᠡᠭᠰᠡᠨ 160 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ ᠪᠡᠷ ᠶᠠᠪᠤᠭᠳᠠᠪᠠ᠃ ᠰᠢ᠎ᠶᠢᠨ ᠫᠢᠩ᠂ ᠯᠢ ᠴᠢᠶᠠᠩ᠂ ᠵᠣᠣ ᠯᠧ ᠵᠢᠢ᠂ ᠸᠠᠩ  ᠬ᠍ᠤ ᠨᠢᠩ᠂ ᠼᠠᠢ ᠴᠢ᠂ ᠳ᠋ᠢᠩ ᠰᠢᠦᠸᠠᠢ ᠰᠢᠶᠠᠩ᠂ ᠯᠢ ᠰᠢ ᠨᠠᠷ ᠶᠡᠬᠡ ᠬᠤᠷᠠᠯ᠎ᠳᠤ ᠣᠷᠣᠯᠴᠠᠪᠠ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ  ᠰᠢᠶᠸ ᠬᠤᠸᠠᠨ ᡂᠢ   ᠰᠡᠬᠦᠳᠡᠷᠯᠡᠪᠠ


ᠰᠢ᠎ᠶᠢᠨ ᠫᠢᠩ᠂ ᠳᠤᠮᠳᠠᠳᠤ ᠤᠯᠤᠰ᠎ᠤᠨ ᠡᠪ ᠬᠠᠮᠲᠤᠴᠤᠳ ᠪᠣᠯ ᠰᠦᠨ ᠵᠦᠩ ᠱᠠᠨ ᠠᠪᠤᠭᠠᠢ᠎ᠶᠢᠨ ᠬᠤᠪᠢᠰᠬᠠᠯ᠎ᠤᠨ ᠦᠢᠯᠡᠰ᠎ᠦᠨ ᠬᠠᠮᠤᠭ᠎ᠤᠨ ᠡᠷᠡᠰ ᠪᠠᠲᠤ ᠳᠡᠮᠵᠢᠭᠴᠢ᠂ ᠬᠠᠮᠤᠭ᠎ᠤᠨ ᠦᠨᠡᠨᠴᠢ ᠰᠢᠳᠤᠷᠭᠤ ᠬᠠᠮᠲᠤᠷᠠᠨ ᠠᠵᠢᠯᠯᠠᠭ᠍ᠴᠢ᠂ ᠬᠠᠮᠤᠭ᠎ᠤᠨ ᠦᠨᠡᠨᠴᠢ ᠰᠢᠳᠤᠷᠭᠤ ᠵᠠᠯᠭᠠᠮᠵᠢᠯᠠᠭ᠍ᠴᠢ ᠮᠥᠨ᠃ 100 ᠭᠠᠷᠤᠢ ᠵᠢᠯ᠎ᠦᠨ ᠲᠤᠷᠰᠢ ᠮᠠᠨ᠎ᠤ ᠨᠠᠮ ᠠᠷᠠᠳ ᠲᠦᠮᠡᠨ᠎ᠢ ᠤᠳᠤᠷᠢᠳᠤᠨ ᠰᠢᠨ᠎ᠡ ᠠᠷᠠᠳᠴᠢᠯᠠᠭᠰᠠᠨ ᠬᠤᠪᠢᠰᠬᠠᠯ᠂ ᠨᠡᠢᠭᠡᠮ ᠵᠢᠷᠤᠮᠲᠦ ᠬᠤᠪᠢᠰᠬᠠᠯ ᠪᠠ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮᠲᠦ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠠᠮᠵᠢᠯᠲᠠ ᠪᠦᠲᠦᠮᠵᠢ᠎ᠶᠢ ᠡᠭᠦᠳᠴᠦ᠂ ᠳᠤᠮᠳᠠᠳᠤ᠎ᠶᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ᠎ᠳᠡᠬᠢ ᠬᠠᠮᠤᠭ᠎ᠤᠨ ᠠᠤᠭ᠎ᠠ ᠲᠤᠤᠯᠢᠰ᠎ᠢ ᠪᠢᠴᠢᠭᠯᠡᠪᠡ᠃ ᠡᠨᠡ ᠪᠦᠬᠦᠨ ᠨᠢ ᠰᠦᠨ ᠵᠦᠩ ᠱᠠᠨ ᠠᠪᠤᠭᠠᠢ᠎ᠶᠢᠨ ᠠᠷᠢᠭᠤᠨ ᠰᠦᠨᠡᠰᠦ᠎ᠶᠢ ᠪᠦᠷᠢᠮᠦᠰᠦᠨ ᠲᠠᠢᠳᠬᠤᠷᠠᠭᠤᠯᠵᠤ ᠪᠣᠯᠬᠤ ᠶᠤᠮ ᠭᠡᠵᠤ ᠵᠢᠭᠠᠵᠤ ᠭᠠᠷᠭᠠᠪᠠ᠃

ᠰᠢ᠎ᠶᠢᠨ ᠫᠢᠩ᠂ 100 ᠭᠠᠷᠤᠢ ᠵᠢᠯ᠎ᠦᠨ ᠲᠤᠷᠰᠢ ᠰᠦᠨ ᠵᠥᠩ ᠱᠠᠨ ᠠᠪᠤᠭᠠᠢ᠎ᠶᠢᠨ 《ᠳᠤᠮᠳᠠᠳᠤ ᠪᠠᠨ ᠬᠥᠭᠵᠢᠭᠦᠯᠦᠨ ᠮᠠᠨᠳᠤᠭᠤᠯᠬᠤ》 ᠤᠷᠢᠶ᠎ᠠ ᠨᠢ ᠦᠶ᠎ᠡ ᠦᠶ᠎ᠡ᠎ᠶᠢᠨ ᠳᠤᠮᠳᠠᠳᠤᠴᠤᠳ᠎ᠢ ᠵᠣᠷᠢᠭ᠍ᠵᠢᠭᠤᠯᠵᠤ᠂ ᠲᠠᠰᠤᠷᠠᠯᠲᠠ ᠦᠭᠡᠢ ᠰᠢᠨ᠎ᠡ ᠴᠠᠭ ᠦᠶ᠎ᠡ᠎ᠶᠢᠨ ᠠᠴᠢ ᠬᠣᠯᠪᠣᠭᠳᠠᠯ ᠪᠠ ᠠᠭᠤᠯᠤᠭᠳᠠᠬᠤᠨ᠎ᠢ ᠤᠯᠭᠤᠭᠰᠠᠨ ᠪᠠᠢᠨ᠎ᠠ᠃ ᠥᠨᠥᠳᠥᠷ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠨ᠂ ᠪᠠᠳᠠᠷᠠᠭᠤᠯᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠲᠠᠰᠤᠷᠠᠯᠳᠠ ᠦᠭᠡᠢ ᠲᠦᠯᠬᠢᠨ ᠤᠷᠤᠭᠰᠢᠯᠠᠭᠤᠯᠬᠤ ᠪᠣᠯ ᠪᠢᠳᠡᠨ᠎ᠤ ᠰᠦᠨ ᠵᠦᠩ ᠱᠠᠨ ᠠᠪᠤᠭᠠᠢ᠎ᠶᠢ ᠬᠠᠮᠤᠭ᠎ᠤᠨ ᠰᠠᠢᠨ ᠳᠤᠷᠠᠰᠬᠠᠵᠤ ᠪᠠᠢᠭ᠎ᠠ ᠶᠠᠪᠤᠳᠠᠯ ᠪᠣᠯᠣᠨ᠎ᠠ ᠭᠡᠵᠤ ᠴᠢᠬᠤᠯᠠᠴᠢᠯᠠᠪᠠ᠃

ᠰᠢ ᠵᠢᠨ ᠫᠢᠩ᠂ ᠰᠦᠨ ᠵᠦᠩ ᠱᠠᠨ ᠠᠪᠤᠭᠠᠢ ᠨᠠᠰᠤᠨ ᠲᠤᠷᠰᠢᠲᠠ ᠤᠯᠤᠰ᠎ᠢᠶᠠᠨ ᠬᠠᠢᠷᠠᠯᠠᠨ ᠤᠯᠤᠰ᠎ᠢᠶᠠᠨ ᠠᠪᠤᠷᠠᠭᠰᠠᠨ ᠶᠤᠮ᠃ ᠪᠢᠳᠡ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠨ᠂ ᠪᠠᠳᠠᠷᠠᠭᠤᠯᠬᠤ᠎ᠳᠤ ᠤᠯᠤᠰ ᠵᠢᠡᠨ ᠬᠠᠢᠷᠠᠯᠠᠬᠤ ᠦᠵᠡᠯ᠎ᠦᠨ ᠵᠣᠷᠢᠭ᠋ ᠰᠠᠨᠠᠭ᠎ᠠ᠎ᠶᠢ ᠥᠨᠳᠥᠷ ᠮᠠᠨᠳᠤᠭᠤᠯᠤᠨ᠂ ᠡᠬᠡ ᠤᠯᠤᠰ᠎ᠢᠶᠠᠨ ᠴᠡᠴᠡᠭᠯᠡᠭᠦᠯᠦᠨ ᠪᠠᠶᠠᠵᠢᠭᠤᠯᠤᠨ ᠬᠦᠴᠦᠷᠬᠡᠭᠵᠢᠭᠦᠯᠬᠦ᠎ᠪᠡᠷ ᠬᠦᠴᠦᠯᠡᠨ ᠴᠢᠷᠮᠠᠢᠬᠤ ᠬᠡᠷᠡᠭᠲᠡᠢ᠃ ᠰᠢᠨ᠎ᠡ ᠠᠶᠠᠨ ᠎ᠳᠤ ᠪᠢᠳᠠ ᠤᠯᠤᠰ᠎ᠢᠶᠠᠨ ᠬᠠᠢᠷᠠᠯᠠᠬᠤ ᠪᠠ ᠨᠠᠮ᠎ᠢᠶᠠᠨ ᠬᠠᠢᠷᠠᠯᠠᠬᠤ᠂ ᠨᠡᠢᠭᠡᠮ ᠵᠢᠷᠤᠮ᠎ᠢᠶᠠᠨ ᠬᠠᠢᠷᠠᠯᠠᠬᠤ᠎ᠶᠢ ᠨᠢᠭᠡᠳᠬᠡᠬᠦ᠎ᠶᠢ ᠪᠠᠷᠢᠮᠲᠠᠯᠠᠵᠤ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠦᠬᠦ ᠳᠤᠮᠳᠠᠳᠤ᠎ᠶᠢᠨ ᠬᠥᠪᠡᠭᠦᠳ ᠥᠬᠢᠳ᠎ᠦᠨ ᠤᠯᠤᠰ᠎ᠢᠶᠠᠨ ᠬᠠᠢᠷᠠᠯᠠᠬᠤ ᠰᠡᠳᠬᠢᠯᠭᠡ᠎ᠶᠢ ᠲᠠᠰᠤᠷᠠᠯᠳᠠ ᠦᠭᠡᠢ ᠵᠤᠵᠠᠭᠠᠳᠬᠠᠨ᠂ ᠤᠯᠤᠰ᠎ᠢᠶᠠᠨ ᠬᠦᠴᠦᠷᠬᠡᠭᠵᠢᠭᠦᠯᠬᠦ ᠵᠣᠷᠢᠭ᠋᠎ᠢ ᠬᠥᠪᠴᠢᠯᠡᠵᠦ᠂ ᠬᠠᠮᠲᠤ᠎ᠪᠠᠷ ᠠᠭᠤᠤ ᠶᠡᠬᠡ ᠡᠬᠡ ᠤᠯᠤᠰ᠎ᠢᠶᠠᠨ ᠨᠡᠩ ᠰᠠᠢᠨ ᠰᠠᠢᠬᠠᠨ ᠪᠣᠯᠭᠠᠨ ᠪᠦᠲᠦᠭᠡᠨ ᠪᠠᠶ᠋ᠢᠭᠤᠯᠬᠤ᠎ᠶᠢ ᠵᠣᠷᠢᠭ᠍ᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠰᠦᠨ ᠵᠦᠩ ᠱᠠᠨ ᠠᠪᠤᠭᠠᠢ ᠨᠠᠰᠤᠨ ᠲᠤᠷᠰᠢᠲᠠ ᠠᠷᠠᠳ ᠤᠯᠠᠨ᠎ᠲᠠᠢ ᠰᠡᠳᠬᠢᠯ ᠵᠢᠷᠦᠬᠡ᠎ᠪᠡᠨ ᠬᠣᠯᠪᠣᠭᠰᠠᠨ ᠶᠤᠮ᠃ ᠪᠢᠳᠡ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠵᠤ᠂ ᠪᠠᠳᠠᠷᠠᠭᠤᠯᠬᠤ᠎ᠳᠤ ᠢᠮᠠᠭᠲᠠ ᠠᠷᠠᠳ ᠲᠦᠮᠡᠨ᠎ᠢ ᠳᠡᠭᠡᠳᠦᠯᠡᠵᠦ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠬᠡᠷᠡᠭᠲᠡᠢ᠃ ᠰᠢᠨ᠎ᠡ ᠠᠶᠠᠨ᠎ᠳᠤ ᠪᠢᠳᠡ ᠲᠦᠷᠦ ᠭᠦᠷᠦᠨ ᠪᠣᠯ ᠳᠠᠷᠤᠢ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠲᠦᠷᠦ ᠭᠦᠷᠦᠨ ᠮᠥᠨ ᠭᠡᠳᠡᠭ᠎ᠢ ᠪᠠᠲᠤ ᠴᠡᠭᠡᠵᠢᠯᠡᠵᠦ᠂ ᠠᠷᠠᠳ ᠲᠦᠮᠡᠨ᠎ᠦ ᠵᠣᠭᠰᠣᠯᠲᠠ᠎ᠳᠤ ᠪᠠᠲᠤ ᠵᠣᠭᠰᠣᠵᠤ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠢ ᠡᠵᠡᠮᠳᠡᠵᠦ᠂ ᠠᠷᠠᠳ ᠲᠦᠮᠡᠨ᠎ᠦ ᠡᠭᠦᠳᠦᠨ ᠪᠦᠲᠦᠭᠡᠯᠲᠡ᠎ᠶᠢ ᠬᠦᠨᠳᠦᠳᠬᠡᠵᠦ᠂ ᠠᠷᠠᠳ ᠲᠦᠮᠡᠨ᠎ᠦ ᠤᠶᠤᠨ ᠤᠬᠠᠭᠠᠨ᠎ᠢ ᠲᠥᠪᠯᠡᠷᠡᠭᠦᠯᠵᠦ᠂ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠂ ᠪᠦᠬᠦ ᠠᠷᠠᠳ ᠬᠠᠮᠲᠤ᠎ᠪᠠᠷ ᠪᠠᠶᠠᠵᠢᠨ ᠴᠢᠨᠡᠭᠡᠯᠢᠭᠵᠢᠬᠦ᠎ᠶᠢ ᠠᠬᠢᠭᠤᠯᠬᠤ ᠢᠳᠡᠷᠡᠭᠦᠨ ᠠᠯᠬᠤᠭ᠎ᠠ᠎ᠶᠢ ᠠᠯᠬᠤᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢ ᠵᠢᠨ ᠫᠢᠩ᠂ ᠰᠦᠨ ᠵᠦᠩ ᠱᠠᠨ ᠠᠪᠤᠭᠠᠢ ᠨᠠᠰᠤᠨ ᠲᠤᠷᠰᠢᠲᠠ ᠦᠨᠡᠨ ᠶᠣᠰᠣ᠌᠎ᠶᠢ ᠬᠥᠭᠡᠭᠡᠴᠡᠯᠳᠦᠭᠰᠡᠨ ᠶᠤᠮ᠃ ᠪᠢᠳᠡ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠵᠤ᠂ ᠪᠠᠳᠠᠷᠠᠭᠤᠯᠬᠤ᠎ᠳᠤ 《ᠬᠣᠶᠠᠷ᠎ᠢ ᠤᠶᠠᠯᠳᠤᠭᠤᠯᠬᠤ》 ᠶ᠋ᠢ ᠪᠠᠷᠢᠮᠲᠠᠯᠠᠵᠤ᠂ ᠦᠢᠯᠡᠳᠦᠯᠭᠡ᠎ᠶᠢᠨ ᠰᠠᠭᠤᠷᠢᠨ ᠳᠡᠭᠡᠷᠡᠬᠢ ᠤᠨᠤᠯ᠎ᠤᠨ ᠰᠢᠨ᠎ᠡ ᠡᠭᠦᠳᠦᠯᠲᠡ᠎ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠰᠢᠨ᠎ᠡ ᠠᠶᠠᠨ᠎ᠳᠤ ᠪᠢᠳᠡ ᠤᠨᠤᠯ᠎ᠤᠨ ᠰᠦᠪᠡᠭᠴᠢᠯᠡᠯᠲᠡ ᠪᠠ ᠰᠢᠨ᠎ᠡ ᠡᠭᠦᠳᠦᠯᠲᠡ᠎ᠶᠢ ᠵᠣᠷᠢᠭ᠍ᠲᠠᠢ ᠬᠢᠵᠦ᠂ ᠳᠤᠮᠳᠠᠳᠤ ᠤᠯᠤᠰ᠎ᠤᠨ ᠠᠰᠠᠭᠤᠯᠲᠠ᠂ ᠳᠡᠯᠡᠬᠡᠢ᠎ᠶᠢᠨ ᠠᠰᠠᠭᠤᠯᠲᠠ᠂ ᠠᠷᠠᠳ ᠲᠦᠮᠡᠨ᠎ᠦ ᠠᠰᠠᠭᠤᠯᠲᠠ᠂ ᠴᠠᠭ ᠦᠶ᠎ᠡ᠎ᠶᠢᠨ ᠠᠰᠠᠭᠤᠯᠲᠠ᠎ᠶᠢ ᠰᠢᠨᠵᠢᠯᠡᠬᠦ ᠤᠬᠠᠭᠠᠨᠴᠢ᠎ᠪᠠᠷ ᠬᠠᠷᠢᠭᠤᠯᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠴᠠᠭ ᠦᠶ᠎ᠡ᠎ᠲᠠᠢ ᠵᠡᠷᠭᠡ᠎ᠪᠡᠷ ᠪᠠᠶᠠᠯᠢᠭ᠍ᠵᠢᠭᠤᠯᠤᠨ ᠬᠥᠭᠵᠢᠭᠦᠯᠵᠦ᠂ ᠮᠠᠷᠺᠰ᠎ᠤᠨ ᠦᠵᠡᠯ᠎ᠦᠨ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠬᠠᠭᠤᠳᠠᠰᠤ᠎ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ ᠭᠡᠵᠦ ᠵᠢᠭᠠᠨ ᠭᠠᠷᠭᠠᠪᠠ᠃

ᠰᠢ ᠵᠢᠨ ᠫᠢᠩ᠂ ᠰᠦᠨ ᠵᠦᠩ ᠱᠠᠨ ᠠᠪᠤᠭᠠᠢ ᠨᠠᠰᠤᠨ ᠲᠤᠷᠰᠢᠲᠠ ᠨᠤᠭᠤᠷᠠᠰᠢ ᠦᠭᠡᠢ ᠴᠢᠷᠮᠠᠢᠭᠰᠠᠨ ᠶᠤᠮ᠃ ᠪᠢᠳᠡ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠵᠤ᠂ ᠪᠠᠳᠠᠷᠠᠭᠤᠯᠬᠤ᠎ᠳᠤ ᠵᠣᠷᠢᠭ᠍ᠲᠠᠢ᠎ᠪᠠᠷ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠰᠢᠷᠭᠠᠭᠤ ᠲᠡᠮᠡᠴᠡᠯ᠎ᠳᠦ ᠲᠦᠰᠢᠭᠯᠡᠨ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠣᠷᠣᠨ ᠵᠠᠢ᠎ᠶᠢ ᠨᠡᠭᠡᠭᠡᠬᠦ ᠬᠡᠷᠡᠭᠲᠡᠢ᠃ ᠰᠢᠨ᠎ᠡ ᠠᠶᠠᠨ᠎ᠳᠤ ᠪᠢᠳᠡ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠶᠠᠷ ᠶᠡᠬᠡ ᠲᠠᠯ᠎ᠠ᠎ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠲᠡᠮᠡᠴᠡᠯ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠲᠡᠮᠡᠴᠡᠯ᠎ᠦᠨ ᠴᠢᠳᠠᠪᠤᠷᠢ᠎ᠪᠠᠨ ᠳᠡᠭᠡᠭᠰᠢᠯᠡᠭᠦᠯᠵᠦ᠂ ᠰᠠᠯᠬᠢ ᠪᠤᠷᠤᠭ᠎ᠠ ᠴᠢᠨᠠᠭᠰᠢᠯᠠᠪᠠᠯ ᠰᠢᠷᠦᠭᠦᠨ ᠳᠠᠪᠠᠯᠭᠠᠨ᠎ᠤ ᠴᠢᠬᠤᠯᠠ ᠶᠡᠬᠡ ᠰᠢᠯᠭᠠᠯᠲᠠ᠎ᠶᠢ ᠳᠠᠭᠠᠭᠠᠵᠤ ᠭᠠᠷᠬᠤ᠎ᠪᠠᠷ ᠴᠠᠭ ᠢᠮᠠᠭᠲᠠ ᠪᠡᠯᠡᠬᠡᠨ ᠪᠠᠢᠵᠤ᠂ ᠤᠷᠤᠭᠰᠢᠯᠠᠯᠲᠠ᠎ᠶᠢᠨ ᠵᠠᠮ ᠳᠡᠭᠡᠷᠡᠬᠢ ᠡᠯ᠎ᠡ ᠵᠦᠢᠯ᠎ᠦᠨ ᠠᠶᠤᠯ ᠲᠦᠭᠰᠢᠭᠦᠷᠢ ᠥᠷᠢᠰᠦᠯᠳᠦᠭᠡᠨ᠎ᠢ ᠪᠦᠬᠦ ᠬᠦᠴᠦ᠎ᠪᠡᠷ᠎ᠢᠶᠡᠨ ᠢᠯᠠᠨ ᠳᠠᠪᠠᠵᠤ᠂ ᠰᠢᠨ᠎ᠡ ᠴᠠᠭ ᠦᠶ᠎ᠡ᠎ᠶᠢᠨ ᠠᠭᠤᠤ ᠶᠡᠬᠡ ᠲᠡᠮᠡᠴᠡᠯ᠎ᠦᠨ ᠰᠢᠨ᠎ᠡ ᠢᠯᠠᠯᠲᠠ᠎ᠶᠢ ᠲᠠᠰᠤᠷᠠᠯᠳᠠ ᠦᠭᠡᠢ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢ ᠵᠢᠨ ᠫᠢᠩ᠂ ᠰᠦᠨ ᠵᠦᠩ ᠱᠠᠨ ᠠᠪᠤᠭᠠᠢ ᠨᠠᠰᠤᠨ ᠲᠤᠷᠰᠢᠲᠠ ᠪᠦᠯᠬᠦᠮᠳᠡᠯ᠎ᠢ ᠰᠠᠨᠠᠭᠠᠴᠢᠯᠠᠭᠰᠠᠨ ᠶᠤᠮ᠃ ᠪᠢᠳᠡ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠵᠤ᠂ ᠪᠠᠳᠠᠷᠠᠭᠤᠯᠬᠤ᠎ᠳᠤ ᠨᠢᠭᠡᠳᠦᠮᠡᠯ ᠹᠷᠣᠨᠲ᠂ ᠪᠦᠬᠦ ᠳᠤᠮᠳᠠᠳᠤ᠎ᠶᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠦᠷᠭᠦᠯᠵᠢᠯᠡᠨ ᠪᠡᠬᠢᠵᠢᠭᠦᠯᠦᠨ ᠬᠥᠭᠵᠢᠭᠦᠯᠬᠦ᠎ᠵᠢ ᠪᠠᠷᠢᠮᠲᠠᠯᠠᠬᠤ ᠬᠡᠷᠡᠭᠲᠡᠢ᠃ ᠰᠢᠨ᠎ᠡ ᠠᠶᠠᠨ᠎ᠳᠤ ᠪᠢᠳᠡ ᠪᠦᠯᠬᠦᠮᠳᠡᠵᠦ ᠪᠤᠯᠬᠤ ᠬᠦᠴᠦᠨ ᠪᠦᠭᠦᠨ᠎ᠲᠠᠢ ᠪᠦᠯᠬᠦᠮᠳᠡᠵᠦ᠂ ᠲᠠᠢ᠍ᠢᠴᠢᠯᠠᠵᠤ ᠪᠤᠯᠬᠤ ᠢᠳᠡᠪᠬᠢ ᠬᠦᠴᠦᠨ ᠵᠦᠢᠯ ᠪᠦᠭᠦᠨ᠎ᠢ ᠲᠠᠢ᠍ᠢᠴᠢᠯᠠᠵᠤ᠂ ᠲᠦᠷᠦ᠎ᠶᠢᠨ ᠨᠠᠮ᠎ᠤᠨ ᠬᠠᠷᠢᠴᠠᠭ᠎ᠠ᠂ ᠦᠨᠳᠦᠰᠦᠲᠡᠨ᠎ᠦ ᠬᠠᠷᠢᠴᠠᠭ᠎ᠠ᠂ ᠱᠠᠰᠢᠨ ᠰᠤᠷᠲᠠᠬᠤᠨ᠎ᠤ ᠬᠠᠷᠢᠴᠠᠭ᠎ᠠ᠂ ᠳᠠᠪᠬᠤᠷᠭ᠎ᠠ᠎ᠶᠢᠨ ᠬᠠᠷᠢᠴᠠᠭ᠎ᠠ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠠᠬ᠎ᠠ ᠳᠡᠭᠦᠦ ᠨᠠᠷ᠎ᠦᠨ ᠬᠠᠷᠢᠴᠠᠭ᠎ᠠ᠎ᠶᠢᠨ ᠡᠶ᠎ᠡ ᠵᠣᠬᠢᠴᠠᠯ᠎ᠢ ᠠᠬᠢᠭᠤᠯᠵᠤ᠂ ᠬᠠᠮᠤᠭ᠎ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ᠎ᠢ ᠪᠡᠬᠢᠵᠢᠭᠦᠯᠦᠨ ᠬᠥᠭᠵᠢᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠲᠦᠯᠬᠢᠨ ᠠᠬᠢᠭᠤᠯᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭᠲᠡᠢ ᠬᠡᠵᠦ ᠵᠢᠭᠠᠵᠦ ᠭᠠᠷᠭᠠᠪᠠ᠃

ᠰᠢ ᠵᠢᠨ ᠫᠢᠩ᠂ ᠰᠦᠨ ᠵᠦᠩ ᠱᠠᠨ ᠠᠪᠤᠭᠠᠢ ᠨᠠᠰᠤᠨ ᠲᠤᠷᠰᠢᠲᠠ᠎ᠪᠠᠨ ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭᠲᠠᠭᠠᠭᠰᠠᠨ ᠶᠤᠮ᠃ ᠪᠢᠳᠡ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠵᠤ᠂ ᠪᠠᠳᠠᠷᠠᠭᠤᠯᠬᠤ᠎ᠳᠤ ᠪᠦᠭᠦ ᠬᠥᠮᠥᠨ ᠲᠥᠷᠥᠯᠬᠢᠲᠡᠨ᠎ᠦ ᠬᠠᠮᠲᠤ᠎ᠶᠢᠨ ᠦᠷᠳᠡᠭ᠎ᠢ ᠶᠡᠬᠡ ᠪᠡᠷ ᠪᠠᠳᠠᠷᠠᠭᠤᠯᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠰᠢᠨ᠎ᠡ ᠠᠶᠠᠨ ᠳ᠋ᠦ ᠪᠢᠳᠡ ᠢᠮᠠᠭᠲᠠ ᠳᠡᠯᠡᠬᠡᠢ᠎ᠶᠢᠨ ᠬᠠᠷᠠᠴᠠ᠎ᠪᠠᠷ ᠬᠥᠮᠥᠨ ᠲᠥᠷᠥᠯᠬᠢᠲᠡᠨ᠎ᠦ ᠢᠷᠡᠭᠡᠳᠦᠢ ᠬᠤᠪᠢ ᠵᠠᠶᠠᠭ᠎ᠠ᠎ᠶᠢ ᠠᠩᠬᠠᠷᠴᠤ᠂ ᠬᠥᠮᠥᠨ ᠲᠥᠷᠥᠯᠬᠢᠲᠡᠨ᠎ᠦ ᠬᠥᠭᠵᠢᠯᠲᠡ᠎ᠶᠢᠨ ᠶᠡᠬᠡ ᠤᠷᠤᠰᠬᠠᠯ᠂ ᠳᠡᠯᠡᠬᠡᠢ᠎ᠶᠢᠨ ᠬᠤᠪᠢᠷᠠᠯᠲᠠ᠎ᠶᠢᠨ ᠶᠡᠬᠡ ᠪᠠᠢᠷᠢᠰᠢᠯ᠂ ᠳᠤᠮᠳᠠᠳᠤ ᠤᠯᠤᠰ᠎ᠤᠨ ᠬᠥᠭᠵᠢᠯᠲᠡ᠎ᠶᠢᠨ ᠶᠡᠬᠡ ᠲᠡᠦᠬᠡ ᠡᠴᠡ ᠭᠠᠳᠠᠭᠠᠳᠤ ᠶᠢᠷᠲᠢᠨᠴᠦ ᠯᠦ᠍ᠭᠡ᠎ᠶᠢᠨ ᠬᠠᠷᠢᠯᠴᠠᠭ᠎ᠠ᠎ᠶᠢ ᠵᠥᠪ᠎ᠢᠶᠡᠷ ᠲᠠᠨᠢᠨ ᠰᠢᠢᠳᠪᠦᠷᠢᠯᠡᠵᠦ᠂ ᠪᠦᠭᠦ ᠪᠥᠮᠪᠥᠷᠴᠡᠭ᠎ᠦᠨ ᠲᠦᠷᠪᠡᠨ ᠶᠡᠬᠡ ᠰᠠᠨᠠᠭᠠᠴᠢᠯᠠᠭ᠎ᠠ᠎ᠶᠢ ᠨᠠᠢᠳᠠᠪᠤᠷᠢᠵᠢᠭᠤᠯᠬᠤ᠎ᠶᠢ ᠢᠳᠡᠪᠬᠢᠲᠡᠢ ᠠᠬᠢᠭᠤᠯᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠳᠤᠮᠳᠠᠳᠤ ᠤᠯᠤᠰ᠎ᠤᠨ ᠬᠤᠪᠢ ᠨᠡᠮᠡᠷᠢ᠎ᠪᠡᠨ ᠦᠵᠡᠭᠦᠯᠬᠦ ᠭᠡᠷᠡᠭᠲᠡᠢ ᠬᠡᠵᠦ ᠴᠢᠬᠤᠯᠠᠴᠢᠯᠡᠪᠡ᠃

ᠰᠢ ᠵᠢᠨ ᠫᠢᠩ᠂ ᠰᠦᠨ ᠵᠦᠩ ᠱᠠᠨ ᠠᠪᠤᠭᠠᠢ ᠡᠬᠡ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠢᠮᠠᠭᠲᠠ ᠡᠷᠡᠰ ᠬᠠᠮᠠᠭᠠᠯᠠᠵᠤ᠂ ᠤᠯᠤᠰ ᠣᠷᠣᠨ᠎ᠢ ᠬᠠᠭᠠᠴᠠᠭᠤᠯᠬᠤ᠂ ᠦᠨᠳᠦᠰᠦᠲᠡᠨ᠎ᠢ ᠬᠠᠭᠠᠴᠠᠭᠤᠯᠬᠤ ᠠᠯᠢᠪᠠ ᠦᠭᠡ ᠶᠠᠷᠢᠶ᠎ᠠ ᠦᠢᠯᠡ ᠠᠵᠢᠯᠯᠠᠭ᠎ᠠ᠎ᠶᠢ ᠡᠷᠡᠰ ᠡᠰᠡᠷᠭᠦᠴᠡᠳᠡᠭ ᠶᠤᠮ᠃ ᠲᠡᠭᠦᠨ᠎ᠦ ᠡᠬᠡ ᠣᠷᠣᠨ᠎ᠤ ᠨᠢᠭᠡᠳᠦᠯ᠎ᠦᠨ ᠲᠤᠬᠠᠢ ᠴᠢᠩᠭ᠎ᠠ ᠬᠦᠰᠡᠯ ᠡᠷᠡᠮᠡᠯᠵᠡᠯ ᠪᠠ ᠡᠷᠡᠰ ᠪᠠᠲᠤ ᠵᠣᠷᠢᠭ᠋ ᠰᠠᠨᠠᠭ᠎ᠠ ᠨᠢ ᠳᠤᠮᠳᠠᠳᠤ᠎ᠶᠢᠨ ᠪᠦᠭᠦ ᠬᠥᠪᠡᠭᠦᠳ ᠥᠬᠢᠳ᠎ᠢ ᠰᠡᠩᠬᠡᠷᠡᠭᠦᠯᠵᠦ᠂ ᠬᠥᠮᠥᠵᠢᠭᠦᠯᠵᠦ᠂ ᠵᠣᠷᠢᠭ᠍ᠵᠢᠭᠤᠯᠤᠭᠰᠠᠭᠠᠷ ᠢᠷᠡᠭᠰᠡᠨ ᠶᠤᠮ᠃ ᠲᠠᠢᠸᠠᠨ᠎ᠤ ᠠᠰᠠᠭᠤᠳᠠᠯ᠎ᠢ ᠰᠢᠢᠳᠪᠦᠷᠢᠯᠡᠵᠦ᠂ ᠡᠬᠡ ᠤᠯᠤᠰ᠎ᠤᠨ ᠪᠦᠷᠢᠨ ᠨᠢᠭᠡᠳᠦᠯ᠎ᠢ ᠪᠡᠶᠡᠯᠡᠭᠦᠯᠬᠦ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠤᠢᠪᠢᠰᠢ ᠦᠭᠡᠢ ᠲᠡᠦᠬᠡᠨ ᠡᠭᠦᠷᠭᠡ ᠮᠥᠨ᠂ ᠪᠦᠭᠦ ᠳᠤᠮᠳᠠᠳᠤ᠎ᠶᠢᠨ ᠬᠥᠪᠡᠭᠦᠳ ᠥᠬᠢᠳ᠎ᠦᠨ ᠬᠠᠮᠲᠤ᠎ᠶᠢᠨ ᠬᠦᠰᠡᠯ ᠡᠷᠡᠮᠡᠯᠵᠡᠯ ᠮᠥᠨ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠲᠠᠢᠸᠠᠨ ᠬᠣᠭᠣᠯᠠᠢ᠎ᠶᠢᠨ ᠬᠣᠶᠠᠷ ᠬᠦᠪᠡᠬᠡ᠎ᠶᠢᠨ ᠠᠬ᠎ᠠ ᠳᠡᠭᠦᠦ ᠨᠠᠷ ᠵᠢᠴᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠦᠭᠦ ᠳᠤᠮᠳᠠᠳᠤ᠎ᠶᠢᠨ ᠬᠥᠪᠡᠭᠦᠳ ᠥᠬᠢᠳ ᠭᠠᠷ ᠬᠣᠯᠪᠣᠯᠴᠠᠨ᠂ 《ᠲᠠᠢᠸᠠᠨ᠎ᠢ ᠲᠤᠰᠠᠭᠠᠷ ᠲᠣᠭᠲᠠᠨᠢᠭᠤᠯᠬᠤ》 ᠬᠠᠭᠠᠴᠠᠭᠤᠯᠬᠤ ᠬᠦᠴᠦᠨ᠎ᠢ ᠬᠠᠮᠲᠤ᠎ᠪᠠᠷ ᠡᠰᠡᠷᠭᠦᠴᠡᠵᠦ᠂ ᠲᠠᠢᠸᠠᠨ ᠬᠣᠭᠣᠯᠠᠢ᠎ᠶᠢᠨ ᠬᠣᠶᠠᠷ ᠬᠦᠪᠡᠭᠡ᠎ᠶᠢᠨ ᠬᠠᠷᠢᠴᠠᠭ᠎ᠠ᠎ᠶᠢ ᠨᠠᠢᠷᠠᠮᠳᠠᠯ᠎ᠢᠶᠠᠷ ᠬᠥᠭᠵᠢᠭᠦᠯᠬᠦ᠂ ᠡᠬᠡ ᠤᠯᠤᠰ᠎ᠤᠨ ᠪᠦᠷᠢᠨ ᠨᠢᠭᠡᠳᠦᠯ᠎ᠢ ᠪᠡᠶᠡᠯᠡᠭᠦᠯᠬᠦ᠎ᠶᠢᠨ ᠲᠥᠯᠥᠭᠡ ᠬᠠᠮᠲᠤ᠎ᠪᠠᠷ ᠴᠢᠷᠮᠠᠢᠬᠤ ᠬᠡᠷᠡᠭᠲᠡᠢ ᠬᠡᠵᠦ ᠵᠢᠭᠠᠵᠦ ᠭᠠᠷᠭᠠᠪᠠ᠃

ᠸᠠᠩ ᠬᠣ᠌ ᠨᠢᠩ ᠶᠡᠬᠡ ᠬᠤᠷᠠᠯ᠎ᠢ ᠡᠷᠬᠢᠯᠡᠬᠦ᠌᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠰᠦᠨ ᠵᠦᠩ ᠱᠠᠨ ᠠᠪᠤᠭᠠᠢ᠎ᠶᠢᠨ ᠦᠨᠳᠦᠰᠦᠲᠡᠨ᠎ᠦ ᠲᠤᠰᠠᠭᠠᠷ ᠲᠣᠭᠲᠠᠨᠢᠯ᠂ ᠨᠡᠶ᠋ᠢᠭᠡᠮ᠎ᠦᠨ ᠳᠠᠪᠰᠢᠯᠲᠠ᠂ ᠠᠷᠠᠳ ᠲᠦᠮᠡᠨ᠎ᠦ ᠵᠣᠯ ᠵᠢᠷᠭᠠᠯ᠎ᠤᠨ ᠲᠦᠯᠦᠭᠡ ᠪᠠᠶ᠋ᠢᠭᠤᠯᠤᠭᠰᠠᠨ ᠪᠠᠯᠠᠷᠠᠰᠢ ᠦᠭᠡᠢ ᠭᠠᠪᠢᠶ᠎ᠠ ᠵᠢᠳᠬᠦᠯ᠎ᠢ ᠭᠦᠨ ᠮᠥᠷᠥᠭᠡᠳᠦᠨ ᠰᠠᠨᠠᠭᠠᠯᠵᠠᠨ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠰᠦᠨ ᠵᠦᠩ ᠱᠠᠨ ᠠᠪᠤᠭᠠᠢ᠎ᠶᠢᠨ ᠭᠡᠷᠢᠶᠡᠰ ᠵᠣᠷᠢᠭ᠎ᠢ ᠵᠠᠯᠭᠠᠮᠵᠢᠯᠠᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠥᠬᠥᠷᠡᠰᠢ ᠦᠭᠡᠢ ᠲᠡᠮᠡᠴᠡᠵᠦ᠍ ᠡᠭᠦᠳᠦᠨ ᠪᠦᠲᠦᠭᠡᠭᠰᠡᠨ ᠠᠭᠤᠤ ᠶᠡᠬᠡ ᠠᠮᠵᠢᠯᠲᠠ ᠪᠦᠲᠦᠮᠵᠢ ᠵᠢ ᠡᠷᠭᠢᠴᠡᠭᠦᠯᠦᠨ ᠳ᠋ᠦᠩᠨᠡᠵᠦ᠂ ᠰᠦᠨ ᠵᠦᠩ ᠱᠠᠨ ᠠᠪᠤᠭᠠᠢ᠎ᠶᠢᠨ ᠡᠷᠬᠢᠮ ᠨᠠᠨᠳᠢᠨ ᠵᠣᠷᠢᠭ ᠰᠠᠨᠠᠭ᠎ᠠ᠎ᠶᠢ ᠰᠤᠷᠤᠯᠴᠠᠨ ᠵᠠᠯᠭᠠᠮᠵᠢᠯᠠᠨ ᠪᠠᠳᠠᠷᠠᠭᠤᠯᠵᠤ᠂ ᠪᠦᠬᠦ᠌ ᠳᠤᠮᠳᠠᠳᠤ᠎ᠶᠢᠨ ᠬᠥᠪᠡᠭᠦᠳ ᠥᠬᠢᠳ᠎ᠦᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠵᠢᠨ ᠲᠥᠯᠥᠭᠡ ᠪᠦᠯᠬᠦᠮᠳᠡᠨ ᠲᠡᠮᠡᠴᠡᠬᠦ᠌ ᠵᠢ ᠵᠤᠷᠢᠭᠵᠢᠭᠤᠯᠬᠤ᠎ᠲᠤᠬᠠᠢ ᠲᠣᠳᠣᠷᠬᠠᠶ ᠱᠠᠭᠠᠷᠳᠠᠯᠭ᠎ᠠ ᠳᠤᠷᠠᠳᠴᠤ᠂ ᠲᠠᠶ᠋ᠢᠸᠠᠨ ᠬᠣᠭᠣᠯᠠᠢ᠎ᠶᠢᠨ ᠬᠣᠶᠠᠷ ᠬᠦᠪᠡᠭᠡᠨ᠎ᠤ ᠠᠬ᠎ᠠ ᠳᠡᠭᠦᠦ᠎ᠨᠡᠷ ᠵᠢᠴᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶᠢᠨ ᠬᠥᠪᠡᠭᠦᠳ ᠥᠬᠢᠳ᠎ᠦᠨ ᠲᠠᠶ᠋ᠢᠸᠠᠨ ᠬᠣᠭᠣᠯᠠᠢ᠎ᠶᠢᠨ ᠬᠣᠶᠠᠷ ᠬᠦᠪᠡᠭᠡᠨ᠎ᠤ ᠬᠠᠷᠢᠴᠠᠭ᠎ᠠ᠎ᠶᠢ ᠨᠠᠶ᠋ᠢᠷᠠᠮᠳᠠᠯ᠎ᠢᠶᠠᠷ ᠬᠥᠭᠵᠢᠭᠦᠯᠬᠦ᠌᠂ ᠡᠬᠡ ᠣᠷᠣᠨ᠎ᠤ ᠪᠦᠷᠢᠨ ᠨᠢᠭᠡᠳᠦᠯ᠎ᠢ ᠪᠡᠶᠡᠯᠡᠭᠦᠯᠬᠦ᠌᠎ᠶᠢᠨ ᠲᠥᠯᠥᠭᠡ ᠬᠠᠮᠲᠤ ᠪᠡᠷ ᠴᠢᠷᠮᠠᠶ᠋ᠢᠬᠤ ᠵᠢ ᠤᠷᠢᠶᠠᠯᠠᠪᠠ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠬᠤ ᠴᠢᠨᠠᠷ᠎ᠲᠠᠶ ᠶᠤᠮ᠂ ᠪᠢᠳᠡ ᠭᠦᠨᠵᠡᠭᠡᠢ ᠰᠤᠷᠤᠯᠴᠠᠨ ᠣᠶ᠋ᠢᠯᠠᠭᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠰᠠᠶ᠋ᠢᠲᠤᠷ ᠠᠳᠬᠤᠵᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠍᠂ ᠪᠦᠬᠦ᠌ ᠳᠤᠮᠳᠠᠳᠤ᠎ᠶᠢᠨ ᠬᠥᠪᠡᠭᠦᠳ ᠥᠬᠢᠳ᠎ᠦᠨ ᠰᠡᠳᠬᠢᠯ᠎ᠨᠢᠭᠡᠳᠦᠨ ᠬᠦᠴᠦ᠎ᠪᠡᠨ ᠬᠠᠮᠲᠤᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭᠲᠡᠢ ᠭᠡᠵᠦ ᠢᠯᠡᠳᠭᠡᠪᠡ᠃

ᠪᠡᠭᠡᠵᠢᠩ᠎ᠳᠦ ᠪᠠᠶ᠋ᠢᠭ᠎ᠠ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠲᠦᠷᠦ᠎ᠶᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ᠌ ᠬᠤᠷᠢᠶ᠎ᠠ ᠵᠢᠨ ᠳᠠᠷᠤᠭ᠎ᠠ᠂ ᠠᠷᠠᠳ᠎ᠤᠨ ᠳᠡᠭᠡᠳᠦ ᠪᠠᠶ᠋ᠢᠴᠠᠭᠠᠬᠤ ᠬᠤᠷᠢᠶ᠎ᠠ ᠵᠢᠨ ᠪᠠᠶ᠋ᠢᠴᠠᠭᠠᠬᠤ ᠳᠠᠷᠤᠭ᠎ᠠ᠂ ᠪᠦᠬᠦ᠌ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠶᠡᠬᠡ ᠬᠤᠷᠠᠯ᠎ᠳᠤ ᠣᠷᠣᠯᠴᠠᠪᠠ᠃

ᠲᠥᠪ᠎ᠦᠨ ᠨᠠᠮ ᠵᠠᠰᠠᠭ ᠴᠡᠷᠢᠭ ᠣᠯᠠᠨ ᠲᠦᠮᠡᠨ᠎ᠦ ᠡᠯ᠎ᠡ ᠰᠠᠯᠠᠭ᠎ᠠ ᠮᠥᠴᠢᠷ ᠪᠣᠯᠤᠨ ᠪᠡᠭᠡᠵᠢᠩ ᠬᠣᠲᠠ᠎ᠶᠢᠨ ᠭᠤᠤᠯ ᠬᠠᠷᠢᠭᠤᠴᠠᠯᠭᠠᠲᠠᠨ ᠨᠥᠬᠥᠳ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ᠂ ᠪᠥᠬᠥ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭᠴᠢ᠂ ᠪᠡᠭᠡᠵᠢᠩ᠎ᠳᠦ ᠪᠠᠶ᠋ᠢᠭ᠎ᠠ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠭᠡᠰᠢᠭᠦᠨ ᠵᠢᠴᠢ ᠬᠡᠰᠡᠭ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠪᠡᠭᠡᠵᠢᠩ᠎ᠳᠦ ᠪᠠᠶ᠋ᠢᠭ᠎ᠠ ᠪᠥᠬᠥ᠌ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠪᠠᠶ᠋ᠢᠩᠭᠤ᠎ᠶᠢᠨ ᠭᠡᠰᠢᠭᠦᠨ ᠵᠢᠴᠢ ᠬᠡᠰᠡᠭ ᠭᠡᠰᠢᠭᠦᠨ᠂ ᠦᠨᠳᠦᠰᠦᠲᠡᠨ᠂ ᠱᠠᠰᠢᠨ ᠰᠤᠷᠲᠠᠬᠤᠨ᠎ᠤ ᠡᠲᠡᠭᠡᠳ ᠪᠣᠯᠤᠨ ᠬᠣᠯᠪᠣᠭᠳᠠᠯ ᠪᠥᠬᠥᠶ ᠨᠡᠶ᠋ᠢᠭᠡᠮ᠎ᠦᠨ ᠪᠦᠯᠬᠦᠮ᠎ᠦᠨ ᠲᠥᠯᠥᠭᠡᠯᠡᠭᠴᠢ᠂ ᠳᠤᠮᠳᠠᠳᠤ ᠤᠯᠤᠰ᠎ᠲᠤ᠌ ᠰᠠᠭᠤᠭ᠎ᠠ ᠭᠠᠳᠠᠭᠠᠳᠤ ᠤᠯᠤᠰ᠎ᠤᠨ ᠬᠡᠰᠡᠭ ᠡᠯᠴᠢᠨ ᠰᠠᠶ᠋ᠢᠳ᠂ ᠰᠦᠨ ᠵᠥᠩ ᠱᠠᠨ ᠠᠪᠤᠭᠠᠶ᠎ᠶᠢᠨ ᠲᠥᠷᠥᠯ ᠰᠠᠳᠤᠨ᠎ᠤ ᠲᠥᠯᠥᠭᠡᠯᠡᠭᠴᠢ᠂ ᠰᠢᠶᠠᠩᠭᠠᠩ ᠣᠣᠮᠧᠨ ᠲᠠᠶ᠋ᠢᠸᠠᠨ᠎ᠤ ᠬᠠᠮᠢᠶ᠎ᠠ ᠪᠥᠬᠥᠶ ᠬᠥᠮᠦᠰ᠎ᠦᠨ ᠲᠥᠯᠥᠭᠡᠯᠡᠭᠴᠢ ᠵᠢᠴᠢ ᠭᠠᠳᠠᠭᠠᠳᠤ᠎ᠶᠢᠨ ᠵᠣᠴᠢᠨ᠂ ᠨᠡᠶ᠋ᠢᠰᠯᠡᠯ᠎ᠦᠨ ᠡᠯ᠎ᠡ ᠡᠲᠡᠭᠡᠳ᠎ᠦᠨ ᠣᠯᠠᠨ ᠲᠦᠮᠡᠨ᠎ᠦ ᠲᠥᠯᠥᠭᠡᠯᠡᠭᠴᠢ᠂ ᠪᠡᠭᠡᠵᠢᠩ᠎ᠳᠦ ᠰᠠᠭᠤᠭ᠎ᠠ ᠴᠡᠷᠢᠭ ᠠᠩᠭᠢ᠎ᠶᠢᠨ ᠳᠠᠷᠤᠭ᠎ᠠ ᠪᠠᠶ᠋ᠢᠯᠳᠤᠭᠴᠢ᠎ᠶᠢᠨ ᠲᠥᠯᠥᠭᠡᠯᠡᠭᠴᠢ ᠵᠡᠷᠭᠡ 3000 ᠰᠢᠬᠠᠮ ᠬᠥᠮᠦᠨ ᠶᠡᠬᠡ ᠬᠤᠷᠠᠯ᠎ᠳᠤ ᠣᠷᠣᠯᠴᠠᠵᠠᠶ᠃

ᠳᠤᠷᠠᠰᠬᠠᠬᠤ ᠶᠡᠬᠡ ᠬᠤᠷᠠᠯ᠎ᠡᠴᠡ ᠡᠮᠦᠨ᠎ᠡ ᠰᠢ ᠵᠢᠨ ᠫᠢᠩ᠎ᠨᠡᠷ ᠰᠦᠨ ᠵᠦᠩ ᠱᠠᠨ ᠠᠪᠤᠭᠠᠢ᠎ᠶᠢᠨ ᠲᠦᠷᠦᠯ ᠰᠠᠳᠤᠨ ᠵᠢᠴᠢ ᠭᠠᠳᠠᠭᠠᠳᠤ᠎ᠶᠢᠨ ᠵᠣᠴᠢᠳ᠎ᠤᠨ ᠲᠥᠯᠥᠭᠡᠯᠡᠭᠴᠢᠳ᠎ᠢ ᠳᠣᠲᠣᠨᠣ᠎ᠪᠠᠷ ᠬᠦᠯᠢᠶᠡᠨ ᠠᠪᠴᠤ ᠠᠭᠤᠯᠵᠠᠪᠠ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 11 ᠰᠠᠷ᠎ᠠ᠎ᠶᠢᠨ 12 ᠎ᠤ᠋ᠨ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面