ᠲᠡᠷᠢᠭᠦᠨ ᠨᠢᠭᠤᠷ - ᠵᠢᠷᠤᠭᠲᠤ ᠮᠡᠳᠡᠭᠡ

2026-11-13 10:16:18

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

ᠲᠢᠶᠠᠨ ᠫᠸᠢ ᠶᠠᠨ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠬᠢᠪᠠ ᠸᠠᠩ ᠸᠧᠶ ᠵᠥᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ  ᠪᠦᠦ ᠭᠠᠩ  ᠵᠠᠩ ᠶᠠᠨ ᠺᠦᠨ  ᠱ᠌ᠢ ᠭᠤᠸᠠᠩ ᠬᠤᠢ ᠣᠷᠣᠯᠴᠠᠪᠠ


ᠨᠠᠮ᠎ᠤᠨ ᠲᠥᠪ ᠬᠤᠷᠢᠶ᠎ᠠ ᠵᠢᠨ ᠨᠢᠭᠡᠳᠦᠯᠲᠡᠢ ᠪᠠᠶ᠋ᠢᠷᠢᠯᠠᠭᠤᠯᠤᠯᠲᠠ ᠶᠣᠰᠣᠭᠠᠷ᠂ 11 ᠰᠠᠷ᠎ᠠ᠎ᠶᠢᠨ 12 ᠤ᠋ᠨ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠮᠡᠳᠡᠭᠦᠯᠦᠯᠲᠡ᠎ᠶᠢᠨ ᠬᠤᠷᠠᠯ ᠬᠥᠬᠡᠬᠣᠲᠠ᠎ᠳᠤ ᠶᠠᠪᠤᠭᠳᠠᠵᠤ᠂ ᠲᠥᠪ᠎ᠦᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠲᠥᠪ᠎ᠦᠨ ᠲᠦᠷᠦ᠎ᠶᠢᠨ ᠪᠤᠳᠤᠯᠭ᠎ᠠ ᠰᠤᠳᠤᠯᠬᠤ ᠲᠠᠰᠤᠭ᠎ᠤᠨ ᠤᠤᠯ᠎ᠤᠨ ᠳᠡᠳ᠋ ᠡᠷᠬᠢᠯᠡᠭᠴᠢ ᠲᠢᠶᠠᠨ ᠫᠸᠢ ᠶᠠᠨ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠶ ᠵᠥᠩ ᠮᠡᠳᠡᠭᠦᠯᠦᠯᠲᠡ᠎ᠶᠢᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃




11 ᠰᠠᠷ᠎ᠠ᠎ᠶᠢᠨ 12 ᠤ᠋ᠨ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠮᠡᠳᠡᠭᠦᠯᠦᠯᠲᠡ᠎ᠶᠢᠨ ᠬᠤᠷᠠᠯ ᠬᠥᠬᠡᠬᠣᠲᠠ᠎ᠳᠤ ᠶᠠᠪᠤᠭᠳᠠᠵᠤ᠂ ᠲᠥᠪ᠎ᠦᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠲᠥᠪ᠎ᠦᠨ ᠲᠦᠷᠦ᠎ᠶᠢᠨ ᠪᠤᠳᠤᠯᠭ᠎ᠠ ᠰᠤᠳᠤᠯᠬᠤ ᠲᠠᠰᠤᠭ᠎ᠤᠨ ᠤᠤᠯ᠎ᠤᠨ ᠳᠡᠳ᠋ ᠡᠷᠬᠢᠯᠡᠭᠴᠢ ᠲᠢᠶᠠᠨ ᠫᠸᠢ ᠶᠠᠨ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠶ ᠵᠥᠩ ᠮᠡᠳᠡᠭᠦᠯᠦᠯᠲᠡ᠎ᠶᠢᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃

ᠰᠤᠷᠪᠤᠯᠵᠢᠯᠠᠭᠴᠢ   ᠮᠠ ᠵᠢᠶᠠᠨ ᠪᠢᠩ  ᠰᠡᠬᠦᠳᠡᠷᠯᠡᠪᠠ


ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶᠢᠨ ᠬᠤᠷᠢᠶ᠎ᠠ ᠵᠢᠨ ᠱᠦᠵᠢ ᠱ᠌ᠢ ᠭᠤᠸᠠᠩ ᠬᠣᠶ ᠮᠡᠳᠡᠭᠦᠯᠦᠯᠲᠡ᠎ᠶᠢᠨ ᠬᠤᠷᠠᠯ᠎ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶᠢᠨ ᠵᠥᠪᠯᠡᠯᠭᠡᠨ᠎ᠦ ᠤᠳᠤᠷᠢᠳᠬᠤ ᠨᠥᠬᠥᠳ᠂ ᠰᠢᠭᠦᠬᠦ᠌ ᠬᠣᠷᠢᠶ᠎ᠠ ᠪᠠᠶ᠋ᠢᠴᠠᠭᠠᠬᠤ ᠬᠣᠷᠢᠶ᠎ᠠ᠎ᠶᠢᠨ ᠳᠠᠷᠤᠭ᠎ᠠ᠂ ᠵᠡᠪᠰᠡᠭᠲᠦ᠍ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠶ ᠠᠩᠭᠢ᠎ᠶᠢᠨ ᠤᠳᠤᠷᠢᠳᠬᠤ ᠨᠥᠬᠥᠳ᠂ ᠬᠡᠰᠡᠭ ᠮᠤᠵᠢ᠎ᠶᠢᠨ ᠲᠠᠰ᠎ᠤᠨ ᠠᠵᠢᠯ᠎ᠡᠴᠡ᠎ᠪᠠᠨ ᠠᠮᠠᠷᠠᠭᠰᠠᠨ ᠠᠬᠠᠮᠠᠳ ᠨᠥᠬᠥᠳ ᠬᠤᠷᠠᠯ᠎ᠳᠤ ᠣᠷᠣᠯᠴᠠᠵᠠᠶ᠃

ᠮᠡᠳᠡᠭᠦᠯᠦᠯᠲᠡ᠎ᠶᠢᠨ ᠬᠤᠷᠠᠯ ᠳᠡᠭᠡᠷ᠎ᠡ ᠲᠢᠶᠠᠨ ᠫᠸᠢ ᠶᠠᠨ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠴᠢ ᠪᠦᠬᠦᠳᠡ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭᠰᠠᠨ 《ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠤᠷᠢᠶ᠎ᠠ ᠵᠢᠨ ᠲᠣᠭᠲᠠᠭᠠᠯ》 ᠲᠠᠢ ᠨᠢᠭᠲᠠ ᠤᠶᠠᠯᠳᠤᠭᠤᠯᠤᠨ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠶ ᠲᠠᠨᠢᠬᠤ》᠂ 《ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠣᠶ᠋ᠢᠯᠠᠭᠠᠬᠤ》᠂ 《ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠶᠡᠷᠦᠩᠬᠡᠢ ᠱᠠᠭᠠᠷᠳᠠᠯᠭ᠎ᠠ᠂ ᠪᠠᠶ᠋ᠢᠯᠳᠤᠬᠤ ᠪᠣᠳᠣᠯᠭ᠎ᠠ᠎ᠶᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ ᠵᠢ ᠪᠦᠬᠦ᠌ ᠲᠠᠯ᠎ᠠ᠎ᠪᠠᠷ ᠵᠦᠪ ᠣᠨᠣᠪᠴᠢᠲᠠᠢ ᠣᠶ᠋ᠢᠯᠠᠭᠠᠬᠤ》 ᠵᠡᠷᠭᠡ ᠲᠠᠯ᠎ᠠ ᠵᠢᠨ ᠲᠣᠭᠣᠷᠢᠨ᠎ᠳᠤ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠤᠬᠠᠭᠤᠯᠤᠨ ᠲᠠᠶ᠋ᠢᠯᠪᠤᠷᠢᠯᠠᠵᠤ ᠰᠢᠰᠲᠧᠮ ᠲᠠᠢ ᠲᠠᠢᠯᠤᠮᠵᠢ ᠬᠢᠪᠡ᠃ ᠲᠡᠷᠡ ᠰᠢᠨ᠎ᠡ ᠴᠠᠭ ᠦᠶ᠎ᠡ᠎ᠳᠦ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠭᠰᠠᠨ ᠠᠭᠤᠤ ᠶᠡᠬᠡ ᠠᠮᠵᠢᠯᠲᠠ ᠪᠦᠲᠦᠮᠵᠢ ᠪᠣᠯ ᠲᠡᠦᠬᠡᠲᠦ᠍ ᠴᠢᠨᠠᠷᠲᠠᠢ᠂ ᠪᠦᠲᠦᠭᠡᠯᠴᠢ ᠴᠢᠨᠠᠷᠲᠠᠢ ᠶᠤᠮ᠂ ᠦᠵᠡᠭᠦᠯᠦᠭᠰᠡᠨ ᠨᠥᠯᠥᠭᠡ ᠪᠣᠯ ᠪᠦᠬᠦ᠌ ᠲᠠᠯ᠎ᠠ᠎ᠶᠢᠨ᠂ ᠭᠦᠨ ᠳᠠᠪᠬᠤᠷᠭ᠎ᠠ᠎ᠶᠢᠨ ᠶᠤᠮ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠨᠢ ᠬᠠᠭᠤᠴᠢᠨ ᠠᠷᠬᠠᠭ ᠭᠡᠮ᠎ᠢ ᠠᠷᠢᠯᠭᠠᠵᠤ᠂ ᠬᠡᠪ ᠰᠤᠷᠲᠠᠯ᠎ᠢ ᠴᠡᠭᠴᠡᠯᠡᠨ᠂ ᠠᠷᠠᠳ᠎ᠤᠨ ᠰᠡᠳᠬᠢᠯ᠎ᠢ ᠨᠢᠭᠲᠠᠷᠠᠭᠤᠯᠵᠤ᠂ ᠶᠡᠬᠡ ᠲᠠᠯ᠎ᠠ᠎ᠶᠢ ᠲᠣᠭᠲᠠᠪᠤᠷᠢᠵᠢᠭᠤᠯᠵᠤ᠂ ᠢᠷᠡᠭᠡᠳᠦᠢ᠎ᠶᠢ ᠲᠡᠮᠡᠴᠡᠨ ᠣᠯᠬᠤ ᠶᠠᠪᠤᠳᠠᠯ ᠶᠤᠮ᠃ ᠡᠳᠡᠭᠡᠷ ᠠᠮᠵᠢᠯᠲᠠ ᠪᠦᠲᠦᠮᠵᠢ᠎ᠶᠢ ᠣᠯᠤᠭᠰᠠᠨ᠎ᠤ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠣᠷᠢᠢ᠎ᠠ ᠵᠢᠨ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠤ ᠪᠠᠶ᠋ᠢᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢᠨ ᠰᠢᠨᠵᠢᠯᠡᠬᠦ᠌ ᠤᠬᠠᠭᠠᠨᠴᠢ᠎ᠵᠢᠯᠤᠭᠤᠳᠤᠯᠭ᠎ᠠ᠎ᠳᠤ ᠪᠠᠶ᠋ᠢᠨ᠎ᠠ᠃ ᠨᠠᠮ᠎ᠤᠨ ᠲᠥᠪ ᠬᠤᠷᠢᠶ᠎ᠠ ᠵᠢᠨ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠪᠣᠯᠭᠠᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ᠎ᠲᠠᠶ ᠨᠢᠭᠲᠠ ᠤᠶᠠᠯᠳᠤᠭᠤᠯᠵᠤ᠂ ᠡᠳᠦᠷ ᠲᠤᠲᠤᠮ᠎ᠤᠨ ᠴᠢᠬᠤᠯᠠ ᠵᠥᠪᠯᠡᠬᠦ᠌ ᠵᠦᠢᠯ᠎ᠳᠡᠭᠡᠨ ᠣᠷᠣᠭᠤᠯᠵᠤ᠂ ᠨᠠᠷᠢᠨ ᠨᠢᠮᠪᠠᠶ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ᠌ ᠬᠡᠷᠡᠭᠲᠡᠶ᠃ 《ᠲᠣᠭᠲᠠᠭᠠᠯ》 ᠳ᠋ᠤ᠌ ᠳᠤᠷᠠᠳᠤᠭᠰᠠᠨ ᠴᠢᠬᠤᠯᠠ ᠶᠡᠬᠡ ᠪᠠᠶ᠋ᠢᠷᠢᠯᠠᠭᠤᠯᠤᠯᠲᠠ᠂ ᠴᠢᠬᠤᠯᠠ ᠡᠭᠦᠷᠭᠡ᠂ ᠭᠣᠣᠯᠳᠠᠯᠭ᠎ᠠ᠎ᠲᠠᠶ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ ᠪᠣᠳᠠᠲᠠᠢ ᠲᠥᠰᠦᠯ ᠲᠣᠭᠲᠠᠭᠠᠨ ᠨᠠᠶ᠋ᠢᠳᠠᠪᠤᠷᠢᠵᠢᠭᠤᠯᠤᠯᠲᠠ᠎ᠶᠢ ᠠᠳᠬᠤᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠵᠤ᠂ ᠨᠡᠩ ᠡᠷᠡᠰ ᠪᠠᠲᠤ᠌ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠵᠣᠷᠢᠭ ᠰᠠᠨᠠᠭ᠎ᠠ᠂ ᠨᠡᠩ ᠢᠲᠡᠭᠡᠯ ᠲᠡᠭᠦᠯᠳᠡᠷ ᠲᠡᠮᠡᠴᠡᠯ᠎ᠦᠨ ᠵᠣᠷᠢᠭ᠎ᠢᠶᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠵᠦ᠍᠂ ᠪᠣᠳᠠᠲᠤ᠌ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠸᠠᠩ ᠸᠧᠢ ᠵᠦᠩ ᠮᠡᠳᠡᠭᠦᠯᠦᠯᠲᠡ᠎ᠶᠢᠨ ᠬᠤᠷᠠᠯ᠎ᠢ ᠡᠷᠬᠢᠯᠡᠬᠦ᠌᠎ᠳᠡᠭᠡᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠠᠶ᠋ᠢᠲᠤᠷ ᠰᠤᠷᠤᠯᠴᠠᠨ ᠰᠠᠢᠳᠤᠷ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠶ᠋ᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠤᠨ᠎ᠠ᠃ ᠪᠢᠳᠠ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠰᠢᠨ᠎ᠡ ᠴᠠᠭ ᠦᠶ᠎ᠡ᠎ᠳᠦ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠭᠰᠠᠨ ᠠᠭᠤᠤ ᠶᠡᠬᠡ ᠠᠮᠵᠢᠯᠲᠠ ᠪᠦᠲᠦᠮᠵᠢ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢᠨ ᠴᠢᠬᠤᠯᠠ ᠶᠡᠬᠡ ᠵᠢᠯᠣᠭᠣᠳᠬᠤ ᠠᠴᠢ ᠬᠣᠯᠪᠣᠭᠳᠠᠯ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠵᠢ ᠦᠨᠢ ᠡᠭᠦᠷᠢᠲᠡ ᠪᠠᠷᠢᠮᠳᠠᠯᠠᠨ ᠠᠬᠢᠭᠤᠯᠬᠤ ᠵᠢᠨ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠯᠠᠭᠤᠯᠤᠯᠲᠠ᠎ᠶᠢ ᠭᠦᠨᠵᠡᠭᠡᠢ ᠣᠶ᠋ᠢᠯᠠᠭᠠᠵᠤ᠂ 《ᠬᠣᠶᠠᠷ᠎ᠢ ᠲᠣᠭᠲᠠᠭᠠᠭᠰᠠᠨ》 ᠤ᠋ ᠰᠢ᠌ᠳᠪᠦᠷᠢᠯᠡᠭᠴᠢ ᠠᠴᠢ ᠬᠣᠯᠪᠣᠭᠳᠠᠯ᠎ᠢ ᠨᠡᠩ ᠭᠦᠨᠵᠡᠭᠡᠢ ᠣᠶ᠋ᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭᠲᠡᠢ᠃ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ᠎ᠶᠢ ᠦᠷᠭᠦᠯᠵᠢᠯᠡᠨ ᠪᠤᠢ ᠪᠤᠯᠭᠠᠵᠤ᠂ ᠬᠥᠮᠦᠵᠢᠯ ᠪᠣᠯᠪᠠᠰᠤᠷᠠᠯ ᠪᠠ ᠤᠬᠠᠭᠤᠯᠤᠨ ᠲᠠᠶ᠋ᠢᠯᠪᠤᠷᠢᠯᠠᠯᠲᠠ᠎ᠶᠢ ᠨᠠᠷᠢᠨ ᠨᠢᠮᠪᠠᠶ ᠥᠷᠨᠢᠭᠦᠯᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠬᠥᠮᠦᠰ᠎ᠦᠨ ᠰᠡᠳᠬᠢᠯ᠎ᠳᠦ ᠭᠦᠨ ᠬᠠᠳᠠᠩᠰᠢᠭᠤᠯᠬᠤ᠎ᠶᠢ ᠠᠬᠢᠭᠤᠯᠬᠤ ᠬᠡᠷᠡᠭᠲᠡᠶ᠃ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠪᠦᠷᠢᠨ ᠪᠦᠲᠦᠨ ᠵᠦᠪ ᠣᠨᠣᠪᠴᠢᠲᠠᠢ ᠪᠦᠬᠦ᠌ ᠲᠠᠯ᠎ᠠ᠎ᠪᠠᠷ ᠰᠠᠶ᠋ᠢᠲᠤᠷ ᠠᠳᠬᠤᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠤᠯᠠᠷᠢᠭᠤᠯᠵᠤ᠂ ᠢᠯᠠᠩᠭᠤᠶ᠎ᠠ ᠰᠦᠨ ᠱᠤᠤ ᠴᠧᠩ᠎ᠤᠨ ᠬᠡᠷᠡᠭ᠂ ᠸᠠᠩ ᠯᠢ ᠰᠢᠶᠠ᠎ᠶᠢᠨ ᠬᠡᠷᠡᠭ᠎ᠢᠶᠡᠷ ᠲᠤᠯᠢ ᠪᠣᠯᠭᠠᠨ ᠬᠡᠷᠡᠭ᠎ᠢᠶᠡᠷ ᠴᠡᠭᠴᠡᠯᠡᠨ ᠰᠠᠢᠵᠢᠷᠠᠭᠤᠯᠬᠤ᠎ᠶᠢ ᠠᠬᠢᠭᠤᠯᠵᠤ ᠵᠠᠰᠠᠯᠲᠠ᠎ᠶᠢ ᠠᠬᠢᠭᠤᠯᠬᠤ᠎ᠶᠢ ᠭᠦᠨᠵᠡᠭᠡᠶ᠋ᠢᠷᠡᠭᠦᠯᠵᠦ᠍᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠣᠮᠲᠠ ᠰᠢᠪᠲᠤᠯᠬᠤ ᠰᠢ᠌ᠳᠪᠦᠷᠢᠲᠦ᠍ ᠳᠠᠶ᠋ᠢᠯᠠᠯᠳᠤᠭᠠᠨ᠎ᠤ ᠢᠯᠠᠯᠲᠠ᠎ᠶᠢ ᠴᠢᠨᠠᠷ ᠰᠠᠢᠲᠠᠢ ᠲᠡᠮᠡᠴᠡᠨ ᠣᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ ᠪᠣᠯᠤᠨ ᠬᠥᠭᠵᠢᠯᠲᠡ᠎ᠶᠢᠨ ᠰᠠᠢ᠌ᠨ ᠰᠠᠶ᠋ᠢᠬᠠᠨ ᠣᠷᠴᠢᠨ ᠨᠦᠭᠦᠴᠡᠯ᠎ᠢ ᠪᠤᠢ ᠪᠣᠯᠭᠠᠬᠤ ᠬᠡᠷᠡᠭᠲᠡᠢ᠃  ᠤᠨ᠎ᠤ ᠰᠡᠭᠦᠯᠴᠢ ᠵᠢᠯ᠎ᠦᠨ ᠡᠬᠢᠨ᠎ᠦ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠡᠨᠡ ᠵᠢᠯ᠎ᠦᠨ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ ᠡᠭᠦᠷᠭᠡ᠎ᠶᠢ ᠪᠡᠶᠡᠯᠡᠭᠦᠯᠬᠦ᠌᠎ᠶᠢ ᠦᠨᠡᠨ ᠬᠦ᠌ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠶ᠋ᠢᠬᠠᠨ ᠡᠬᠢᠯᠡᠯᠲᠡ᠎ᠶᠢ ᠪᠡᠶᠡᠯᠡᠭᠦᠯᠬᠦ᠌ ᠬᠡᠷᠡᠭᠲᠡᠢ ᠭᠡᠵᠦ ᠵᠢᠭᠠᠵᠤ ᠭᠠᠷᠭᠠᠪᠠ᠃

ᠮᠡᠳᠡᠭᠦᠯᠦᠯᠲᠡ᠎ᠶᠢᠨ ᠬᠤᠷᠠᠯ᠎ᠨᠢ ᠲᠤᠬᠠᠶ᠎ᠶᠢᠨ ᠲᠠᠯᠠᠪᠠᠶ ᠪᠠ ᠸᠢᠳᠢᠣ᠋ ᠬᠡᠯᠪᠡᠷᠢ᠎ᠪᠡᠷ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ ᠨᠢᠭᠡᠴᠢ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠦᠨ ᠨᠢᠭᠡᠴᠢ᠎ᠶᠢᠨ ᠭᠤᠤᠯ ᠬᠠᠷᠢᠭᠤᠴᠠᠯᠭᠠᠲᠠᠨ ᠨᠥᠬᠥᠳ ᠨᠠᠷ ᠭᠤᠤᠯ ᠬᠤᠷᠠᠯ᠎ᠤᠨ ᠲᠠᠯᠠᠪᠠᠶ᠎ᠳᠤ ᠮᠡᠳᠡᠭᠦᠯᠦᠯᠲᠡ᠎ᠶᠢ ᠰᠣᠨᠣᠰᠴᠠᠶ᠃ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠳ᠋ᠤ ᠬᠤᠪᠢᠶᠠᠷᠢ ᠬᠤᠷᠠᠯ᠎ᠤᠨ ᠲᠠᠯᠠᠪᠠᠶ ᠲᠣᠬᠢᠷᠠᠭᠤᠯᠪᠠ᠃

12 ᠤ᠋ᠨ ᠦᠳᠡ᠎ᠶᠢᠨ ᠬᠣᠶ᠋ᠢᠨ᠎ᠠ ᠲᠢᠶᠠᠨ ᠫᠸᠢ ᠶᠠᠨ ᠤᠯᠠᠭᠠᠨᠴᠠᠪ ᠬᠤᠳᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ᠍ ᠬᠣᠰᠢᠭᠤᠨ᠎ᠤ ᠲᠡᠭᠰᠢ ᠪᠤᠯᠠᠭ ᠪᠠᠯᠭᠠᠰᠤ᠎ᠶᠢᠨ ᠡᠮᠦᠨ᠎ᠡ ᠠᠢᠯ ᠪᠣᠯᠤᠨ ᠵᠢᠨ᠎ᠲᠡᠶ ᠨᠡᠶ᠋ᠢᠭᠡᠮ ᠲᠣᠭᠣᠷᠢᠭ᠎ᠲᠤ᠌ ᠬᠦᠷᠴᠦ᠍᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢᠨ ᠲᠣᠭᠣᠷᠢᠨ᠎ᠳᠤ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠲᠡᠶ ᠨᠢᠭᠤᠷᠲᠠᠨ ᠰᠠᠨᠠᠯ᠎ᠢᠶᠠᠨ ᠰᠣᠯᠢᠯᠴᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面