ᠲᠡᠷᠢᠭᠦᠨ ᠨᠢᠭᠤᠷ - ᠵᠢᠷᠤᠭᠲᠤ ᠮᠡᠳᠡᠭᠡ

2026-11-16 11:43:22

ᠵᠣᠬᠢᠶᠠᠭ᠍ᠴᠢ᠄ ᠮᠦᠩᠭᠡᠴᠢᠯᠠᠭᠤ ᠣᠩᠱᠢᠭ᠍ᠰᠠᠨ ᠣᠳᠠᠭ᠎ᠠ᠄ 3



ᠪᠤᠭᠤᠲᠤ᠌ ᠬᠣᠲᠠ᠎ᠶᠢᠨ ᠵᠢᠦᠶᠤᠸᠠᠨ ᠲᠣᠭᠣᠷᠢᠭ᠎ᠲᠤ᠌ ᠪᠠᠶ᠋ᠢᠷᠢᠯᠠᠭ᠎ᠠ ᠤᠯᠤᠰ᠎ᠤᠨ ᠡᠨᠧᠷᠭᠢ᠎ᠶᠢᠨ ᠪᠦᠯᠦᠭᠯᠡᠯ ᠤ᠋ᠨ ᠪᠤᠭᠤᠲᠤ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠬᠢᠵᠠᠭᠠᠷᠲᠤ᠌ ᠺᠣᠮᠫᠠᠨᠢ᠎ᠶᠢᠨ ᠨᠡᠭᠦᠷᠡᠰᠦ᠎ᠪᠡᠷ ᠠᠯᠺᠸᠨ ᠦᠢᠯᠡᠳᠬᠦ᠌ ᠲᠠᠰ ᠳᠡᠪᠰᠢᠭᠰᠡᠨ ᠵᠢᠱ᠌ᠢᠶ᠎ᠡ ᠦᠵᠡᠭᠦᠯᠬᠦ᠌ ᠲᠦᠷᠦᠯ ᠵᠦᠢᠯ ᠢ᠋ ᠪᠦᠳᠤᠭᠡᠨ ᠪᠠᠶ᠋ᠢᠭᠤᠯᠵᠤ ᠳᠠᠭᠤᠰᠬᠠᠨ ᠠᠰᠢᠭᠯᠠᠯᠲᠠ᠎ᠳᠤ ᠣᠷᠣᠭᠤᠯᠬᠤ᠎ᠨᠢ ᠨᠡᠭᠦᠷᠡᠰᠦ᠎ᠪᠡᠷ ᠠᠯᠺᠸᠨ ᠦᠢᠯᠡᠳᠬᠦ᠌ ᠮᠡᠷᠭᠡᠵᠢᠯ᠎ᠦᠨ ᠪᠥᠬᠥ᠌ ᠶᠠᠪᠤᠴᠠ᠎ᠶᠢ ᠤᠯᠤᠰ᠎ᠲᠠᠭᠠᠨ ᠦᠢᠯᠡᠳᠪᠦᠷᠢᠯᠡᠬᠦ᠌ ᠪᠣᠯᠭᠠᠵᠤ᠂ ᠮᠡᠷᠭᠡᠵᠢᠯ᠎ᠤᠨ ᠲᠥᠬᠥᠭᠡᠷᠦᠮᠵᠢ᠎ᠶᠢ ᠤᠯᠤᠰ᠎ᠲᠠᠭᠠᠨ ᠦᠢᠯᠡᠳᠪᠦᠷᠢᠯᠡᠬᠦ᠌ ᠨᠣᠷᠮ᠎ᠠ᠎ᠶᠢ 98% ᠡᠴᠡ ᠳᠠᠪᠠᠭᠤᠯᠵᠤ᠂ ᠭᠤᠤᠯᠯᠠᠬᠤ ᠮᠡᠷᠭᠡᠵᠢᠯ ᠬᠢᠭᠡᠳ ᠵᠠᠩᠭᠢᠯᠠᠭ᠎ᠠ᠎ᠶᠢᠨ ᠲᠣᠨᠣᠭᠯᠠᠯ ᠢ᠋ ᠣᠷᠳᠣ ᠬᠤᠭᠤᠴᠠᠭᠠᠨ᠎ᠤ ᠲᠤᠷᠰᠢ ᠭᠠᠳᠠᠭᠠᠳᠤ ᠡᠴᠡ ᠤᠷᠤᠭᠤᠯᠵᠤ ᠪᠠᠢᠭᠰᠠᠨ ᠪᠠᠢᠳᠠᠯ ᠢ᠋ ᠡᠴᠦᠰᠯᠡᠭᠦᠯᠬᠦ ᠪᠣᠯᠤᠨ᠎ᠠ᠃ ᠲᠦᠷᠦᠯ ᠵᠦᠢᠯ ᠢ᠋ ᠪᠦᠳᠤᠭᠡᠨ ᠪᠠᠢᠭᠤᠯᠵᠤ ᠲᠠᠭᠤᠰᠬᠠᠬᠰᠡᠨ ᠤ᠋ ᠲᠠᠷᠠᠭ᠎ᠠ᠂ ᠲᠤᠰ ᠺᠣᠮᠫᠠᠨᠢ᠎ᠶᠢᠨ ᠵᠢᠯ᠎ᠤᠨ ᠮᠸᠲ᠋ᠢᠯ ᠠᠯᠺᠤᠤᠯ ᠪᠠ ᠪᠥᠭᠡᠭᠡᠨᠡᠷᠡᠯ ᠠᠯᠺᠸᠨ ᠦᠢᠯᠡᠳᠪᠦᠷᠢᠯᠡᠬᠦ᠌ ᠴᠢᠳᠠᠪᠤᠷᠢ ᠲᠤᠰ ᠲᠤᠰ 180 ᠲᠦᠮᠡᠨ ᠲᠣᠨ᠂ 60 ᠲᠦᠮᠡᠨ ᠲᠣᠨ ᠪᠠᠢᠬᠰᠠᠨ ᠎ᠡᠴᠡ᠎ᠪᠠᠨ ᠲᠤᠰ ᠲᠤᠰ 380 ᠲᠦᠮᠡᠨ ᠲᠣᠨ᠂ 135 ᠲᠦᠮᠡᠨ ᠲᠣᠨ ᠪᠣᠯᠵᠦ ᠳᠡᠭᠡᠭᠰᠢᠯᠡᠬᠦ᠌ ᠪᠣᠯᠤᠨ᠎ᠠ᠃ ᠵᠢᠷᠤᠭ ᠪᠤᠯ 11 ᠰᠠᠷ᠎ᠠ᠎ᠶᠢᠨ 14᠎ᠤ᠋ ᠡᠳᠦᠷ᠂ ᠠᠵᠢᠯᠴᠢᠳ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢᠨ ᠲᠤᠬᠠᠶ᠎ᠶᠢᠨ ᠲᠠᠯᠠᠪᠠᠶ᠎ᠳᠤ ᠲᠥᠬᠥᠭᠡᠷᠦᠮᠵᠢ ᠤᠭᠰᠠᠷᠠᠵᠤ ᠪᠠᠢᠭ᠎ᠠ ᠨᠢ᠃ 

   ᠰᠤᠷᠪᠤᠯᠵᠢᠯᠠᠭᠴᠢ  ᠮᠦᠩᠭᠡᠴᠢᠯᠠᠭᠤ  ᠰᠡᠭᠦᠳᠡᠷᠯᠡᠪᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面