ᠲᠡᠷᠢᠭᠦᠨ ᠨᠢᠭᠤᠷ - ᠵᠢᠷᠤᠭᠲᠤ ᠮᠡᠳᠡᠭᠡ

2026-11-16 14:05:58

ᠵᠣᠬᠢᠶᠠᠭ᠍ᠴᠢ᠄ ​ᠪᠦᠦ ᠴᠢᠩ ᠱᠧᠩ ᠣᠩᠱᠢᠭ᠍ᠰᠠᠨ ᠣᠳᠠᠭ᠎ᠠ᠄ 3

ᠥᠢᠷ᠎ᠠ ᠵᠢᠨ ᠡᠳᠥᠷ ᠲᠦᠩᠯᠢᠶᠣᠣ ᠬᠤᠳᠠ᠎ᠶᠢᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠱᠤᠩᠬᠤᠷ ᠨᠤᠭᠤ ᠭᠠᠵᠠᠷ᠎ᠲᠤ ᠬᠡᠳᠦᠨ ᠲᠦᠮᠡᠨ ᠨᠡᠭᠦᠳᠡᠯ᠎ᠦᠨ ᠰᠢᠪᠠᠭᠤ ᠦᠷᠲᠡᠭᠡᠯᠡᠨ ᠠᠮᠠᠷᠠᠵᠤ᠂ ᠤᠰᠤᠨ᠎ᠳᠤ ᠨᠠᠭᠠᠳᠴᠤ ᠢᠳᠡᠰᠢ ᠡᠷᠢᠬᠥ ᠪᠤᠶᠤ ᠬᠠᠯᠢᠨ ᠨᠢᠰᠴᠤ ᠂ ᠬᠦᠴᠦ ᠲᠠᠮᠢᠷ ᠵᠢᠡᠨ ᠰᠡᠯᠭᠦᠨ᠎ᠡ᠃



ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠳᠤ ᠨᠤᠭᠤ ᠭᠠᠵᠠᠷ᠎ᠤᠨ ᠡᠬᠢ ᠪᠠᠶᠠᠯᠢᠭ᠋ ᠠᠷᠪᠢᠨ ᠪᠠᠢᠵᠤ᠂ ᠪᠥᠬᠥ ᠬᠣᠰᠢᠭᠤᠨ᠎ᠤ ᠨᠤᠭᠤ ᠭᠠᠵᠠᠷ᠎ᠤᠨ ᠶᠡᠷᠦᠩᠬᠡᠢ ᠲᠠᠯᠠᠪᠠᠶ ᠨᠢ 27744.4 ᠾᠧᠺᠲ᠋ᠠᠷ᠎ᠲᠦ ᠬᠥᠷᠴᠥ᠂ 50 ᠾᠧᠺᠲ᠋ᠠᠷ᠎ᠠᠴᠠ ᠳᠡᠭᠡᠭᠰᠢᠬᠢ ᠤᠰᠤᠨ ᠣᠷᠣᠨ ᠨᠡᠶ᠋ᠢᠲᠡ 87 ᠪᠠᠢᠵᠤ᠂ ᠵᠡᠭᠦᠨ ᠠᠽᠢᠶ᠎ᠠ ︱ ᠠᠦ᠋ᠰᠲᠷᠠᠯᠢᠶ᠎ᠠ᠎ᠶᠢᠨ ᠨᠡᠭᠦᠳᠡᠯ᠎ᠦᠨ ᠰᠢᠪᠠᠭᠤᠨ᠎ᠤ ᠨᠡᠭᠦᠳᠡᠯ᠎ᠦᠨ ᠵᠠᠮ ᠳᠡᠭᠡᠷᠡᠬᠢ ᠵᠠᠩᠭᠢᠯᠠᠭ᠎ᠠ᠎ᠶᠢᠨ ᠦᠷᠲᠡᠭᠡ ᠪᠣᠯᠣᠨ᠎ᠠ᠃ ᠵᠢᠯ ᠪᠦᠷᠢ᠎ᠬᠠᠪᠤᠷ ᠨᠠᠮᠤᠷ᠎ᠪᠤᠯᠪᠠᠯ ᠬᠡᠳᠦᠨ ᠠᠷᠪᠠᠨ ᠲᠦᠮᠡᠨ ᠨᠡᠭᠦᠳᠡᠯ᠎ᠦᠨ ᠰᠢᠪᠠᠭᠤ ᠡᠳᠡᠭᠡᠷ ᠨᠤᠭᠤ ᠭᠠᠵᠠᠷ ᠲᠦ᠍ ᠥᠷᠳᠡᠭᠡᠯᠡᠨ ᠠᠮᠠᠷᠠᠳᠠᠬ᠃

ᠱᠤᠩᠬᠤᠷ ᠨᠤᠭᠤ ᠭᠠᠵᠠᠷ᠂ ᠬᠤᠯᠤᠰᠤᠲᠠᠢ ᠨᠠᠭᠤᠷ᠎ᠤᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ ᠵᠡᠷᠭᠡ ᠣᠷᠣᠨ᠎ᠳᠤ ᠤᠰᠤ ᠠᠷᠪᠢᠨ ᠢᠳᠡᠰᠢ ᠡᠯᠪᠡᠭ ᠪᠤᠯᠬᠤᠷ ᠲᠤᠭᠤᠳᠠᠬ᠂ ᠬᠤᠨ ᠭᠠᠯᠠᠭᠤ᠂ ᠴᠠᠭᠠᠨ ᠳᠡᠭᠡᠯᠡᠢ ᠵᠡᠷᠭᠡ ᠤᠰᠤᠨ ᠰᠢᠪᠠᠭᠤᠤᠨ ᠎ᠤᠨ ᠣᠷᠣᠰᠢᠨ ᠠᠮᠢᠳᠤᠷᠠᠬᠤ ᠴᠢᠬᠤᠯᠠ ᠥᠷᠲᠡᠭᠡ ᠪᠣᠯᠵᠤ᠂ ᠬᠣᠷᠴᠢᠨ᠎ᠤ ᠡᠯᠡᠰᠦᠷᠬᠡᠭ ᠭᠠᠵᠠᠷ᠎ᠤᠨ ᠭᠣᠣᠯ ᠪᠣᠯᠬᠤ ᠤᠰᠤᠨ᠎ᠤ ᠡᠬᠢ ᠰᠤᠷᠪᠤᠯᠵᠢ᠎ᠶᠢ ᠬᠠᠳᠠᠭᠠᠯᠠᠬᠤ ᠪᠠ ᠠᠮᠢ ᠠᠬᠤᠢ᠎ᠶᠢ ᠰᠠᠢᠵᠢᠷᠠᠭᠤᠯᠬᠤ ᠴᠢᠳᠠᠮᠵᠢ᠎ᠶᠢ ᠦᠷᠭᠦᠯᠵᠢᠯᠡᠨ ᠪᠠᠳᠠᠷᠠᠭᠤᠯᠵᠤ ᠪᠠᠢᠳᠠᠬ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面