2026-11-19 10:18:45
11 ᠰᠠᠷ᠎ᠠ᠎ᠶᠢᠨ 18 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ ᠦ ᠴᠢᠶᠠᠨᠬᠠᠢ ᠤᠯᠠᠨ ᠤᠯᠤᠰ᠎ᠤᠨ ᠬᠤᠷᠠᠯ᠎ᠤᠨ ᠲᠥᠪ᠎ᠲᠦ 2026 ᠣᠨ᠎ᠤ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠦᠢᠯᠡᠳᠪᠦᠷᠢ ᠬᠤᠳᠠᠯᠳᠤᠭᠠᠨ᠎ᠤ ᠤᠳᠤᠷᠢᠳᠬᠤ ᠬᠥᠮᠥᠰ᠎ᠦᠨ ᠲᠦᠷᠦᠭᠦᠴᠦᠳ᠎ᠦᠨ ᠬᠤᠷᠠᠯ᠎ᠤᠨ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠥᠭᠡᠳ 《ᠢᠲᠡᠭᠡᠯ ᠵᠣᠷᠢᠭ᠋᠎ᠢᠶᠠᠨ ᠪᠠᠲᠤᠳᠬᠠᠵᠤ᠂ ᠡᠷᠡᠰ ᠰᠢᠭᠤᠷᠬᠠᠢ ᠪᠡᠷ ᠤᠷᠤᠭᠰᠢᠯᠠᠵᠤ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠭᠡᠭᠡᠨ ᠰᠠᠷᠠᠭᠤᠯ ᠢᠷᠡᠭᠡᠳᠦᠢ᠎ᠶᠢ ᠬᠠᠮᠲᠤ᠎ᠪᠠᠷ ᠴᠣᠭᠴᠠᠯᠠᠶ᠎ᠠ》 ᠬᠡᠬᠥ ᠰᠡᠳᠦᠪ ᠵᠢᠨᠷ ᠭᠣᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃
ᠰᠢ ᠵᠢᠨ ᠫᠢᠩ᠂ ᠣᠳᠣᠬᠠᠨ᠎ᠳᠤ ᠳᠡᠯᠡᠬᠡᠢ᠎ᠶᠢᠨ ᠪᠠᠢᠳᠠᠯ ᠡᠭᠡᠳᠡᠷᠡᠭᠡᠨ ᠪᠤᠳᠤᠯᠢᠶᠠᠨᠲᠠᠢ ᠪᠠᠢᠵᠦ᠂ ᠳᠡᠯᠡᠬᠡᠢ᠎ᠶᠢᠨ ᠠᠵᠤ ᠠᠬᠤᠢ᠎ᠶᠢᠨ ᠨᠡᠮᠡᠭᠳᠡᠯ᠎ᠦᠨ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠶᠡᠬᠡᠳᠡ ᠬᠡᠴᠡᠭᠦᠳᠡᠵᠤ ᠪᠠᠢᠨ᠎ᠠ᠃ ᠡᠭᠦᠨ᠎ᠦ ᠵᠡᠷᠭᠡ᠎ᠪᠡᠷ᠂ ᠪᠦᠬᠦ ᠪᠥᠮᠪᠥᠷᠴᠡᠭ᠎ᠦᠨ ᠠᠷᠠᠯᠵᠢᠶ᠎ᠠ ᠰᠥᠷᠭᠡᠦ ᠪᠠᠢᠳᠠᠯ ᠤᠨ ᠳᠤᠮᠳᠠ ᠨᠡᠮᠡᠭᠳᠡᠯ᠎ᠢᠶᠡᠨ ᠪᠠᠲᠤᠯᠠᠵᠤ᠂ ᠰᠢᠨ᠎ᠡ᠎ᠪᠡᠷ ᠮᠠᠨᠳᠤᠭᠰᠠᠨ ᠮᠡᠷᠭᠡᠵᠢᠯ ᠲᠦᠷᠭᠡᠨ ᠰᠢᠪᠲᠤᠯᠤᠯᠲᠠ᠎ᠲᠠᠢ ᠪᠣᠯᠵᠤ᠂ ᠳᠡᠯᠡᠬᠡᠢ᠎ᠶᠢᠨ ᠬᠥᠭᠵᠢᠯᠲᠡ᠎ᠶᠢᠨ ᠪᠠᠢᠷᠢᠰᠢᠯ᠎ᠢ ᠭᠦᠨᠵᠡᠭᠡᠢ ᠨᠥᠯᠥᠭᠡᠯᠡᠪᠡ᠃ ᠨᠡᠬᠡᠬᠡᠯᠳᠡ ᠬᠢᠬᠦ ᠦᠦ ᠪᠢᠲᠡᠭᠦᠮᠵᠢᠯᠡᠬᠦ ᠦᠦ᠂ ᠬᠠᠮᠲᠤᠷᠠᠯᠴᠠᠬᠤ ᠦᠦ ᠵᠠᠳᠠᠷᠠᠬᠤ ᠦᠦ᠂ ᠥᠭᠡᠷᠡᠴᠢᠯᠡᠯᠲᠡ ᠬᠢᠬᠦ ᠦᠦ ᠬᠠᠭᠤᠴᠢᠨ᠎ᠢᠶᠠᠨ ᠪᠠᠷᠢᠮᠲᠠᠯᠠᠬᠤ ᠦᠦ ᠭᠡᠳᠡᠭ ᠪᠣᠯ ᠡᠷᠬᠡᠪᠰᠢ ᠬᠠᠷᠢᠭᠤᠯᠬᠤ ᠴᠠᠭ ᠦᠶ᠎ᠡ᠎ᠶᠢᠨ ᠰᠡᠳᠦᠪ ᠮᠥᠨ᠃ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠨᠢ ᠠᠵᠤ ᠠᠬᠤᠢ ᠶᠢᠨ ᠳᠡᠯᠡᠬᠡᠢᠵᠢᠯᠲᠡ᠎ᠶᠢᠨ ᠤᠷᠤᠰᠬᠠᠯ᠎ᠢ ᠳᠠᠭᠠᠯᠳᠤᠨ ᠪᠤᠢ ᠪᠣᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠴᠠᠭ ᠦᠶ᠎ᠡ᠎ᠶᠢᠨ ᠬᠡᠪ ᠰᠤᠷᠲᠠᠯ᠎ᠢ ᠬᠥᠲᠥᠯᠥᠨ ᠳᠠᠭᠠᠭᠤᠯᠬᠤ ᠬᠣᠰᠢᠭᠤᠴᠢ ᠪᠣᠯᠬᠤ᠎ᠶᠢ ᠠᠬᠢᠭᠤᠯᠪᠠ᠃ ᠡᠨᠡ ᠵᠢᠯ᠂ ᠳᠤᠮᠳᠠᠳᠤ ᠤᠯᠤᠰ ᠭᠤᠷᠪᠠᠳᠠᠭᠢ ᠤᠳᠠᠭ᠎ᠠ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠡᠷᠬᠢᠯᠡᠭᠴᠢ ᠤᠯᠤᠰ ᠪᠣᠯᠪᠠ᠂ ᠳᠤᠷᠠᠲᠠᠶ᠎ᠠ ᠡᠯ᠎ᠡ ᠲᠠᠯ᠎ᠠ᠎ᠶᠢᠨ ᠬᠢᠨ᠎ᠲᠠᠢ ᠬᠠᠮᠲᠤ᠎ᠪᠠᠷ ᠢᠲᠡᠭᠡᠯ ᠵᠣᠷᠢᠭ᠋᠎ᠢᠶᠠᠨ ᠪᠠᠲᠤᠳᠬᠠᠵᠤ᠂ ᠵᠤᠷᠢᠭᠳᠠᠢ ᠤᠷᠤᠭᠰᠢᠯᠠᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠭᠠᠷ ᠬᠣᠯᠪᠣᠯᠴᠠᠨ ᠪᠠᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠬᠥᠭᠵᠢᠯ ᠴᠡᠴᠡᠭᠯᠡᠯ᠎ᠢ ᠠᠬᠢᠭᠤᠯᠤᠨ᠎ᠠ ᠭᠡᠵᠤ ᠵᠢᠭᠠᠵᠤ ᠭᠠᠷᠭᠠᠪᠠ᠃

11 ᠰᠠᠷ᠎ᠠ᠎ᠶᠢᠨ 18 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠦ ᠴᠢᠶᠠᠨᠬᠠᠢ ᠤᠯᠠᠨ ᠤᠯᠤᠰ᠎ᠤᠨ ᠬᠤᠷᠠᠯ᠎ᠤᠨ ᠲᠥᠪ᠎ᠲᠦ 2026 ᠣᠨ᠎ᠤ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠦᠢᠯᠡᠳᠪᠦᠷᠢ ᠬᠤᠳᠠᠯᠳᠤᠭᠠᠨ᠎ᠤ ᠤᠳᠤᠷᠢᠳᠬᠤ ᠬᠥᠮᠥᠰ᠎ᠦᠨ ᠲᠦᠷᠦᠭᠦᠴᠦᠳ᠎ᠦᠨ ᠬᠤᠷᠠᠯ᠎ᠤᠨ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠥᠭᠡᠳ 《ᠢᠲᠡᠭᠡᠯ ᠵᠣᠷᠢᠭ᠋᠎ᠢᠶᠠᠨ ᠪᠠᠲᠤᠳᠬᠠᠵᠤ᠂ ᠡᠷᠡᠰ ᠰᠢᠭᠤᠷᠬᠠᠢ ᠪᠡᠷ ᠤᠷᠤᠭᠰᠢᠯᠠᠵᠤ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠭᠡᠭᠡᠨ ᠰᠠᠷᠠᠭᠤᠯ ᠢᠷᠡᠭᠡᠳᠦᠢ᠎ᠶᠢ ᠬᠠᠮᠲᠤ᠎ᠪᠠᠷ ᠴᠣᠭᠴᠠᠯᠠᠶ᠎ᠠ》 ᠬᠡᠬᠥ ᠰᠡᠳᠦᠪ ᠵᠢᠨᠷ ᠭᠣᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠯᠢ ᠲᠤᠤ ᠰᠡᠬᠦᠳᠡᠷᠯᠡᠪᠡ
ᠰᠢ ᠵᠢᠨ ᠫᠢᠩ ᠡᠨᠡ ᠲᠤᠬᠠᠢ 4 ᠰᠠᠨᠠᠭᠤᠯᠭ᠎ᠠ ᠳᠤᠷᠠᠳᠪᠠ ᠄
ᠨᠢᠭᠡ᠎ᠳᠦ᠂ ᠡᠩᠬᠡ ᠲᠠᠢᠪᠤᠩ ᠲᠣᠭᠲᠠᠭᠤᠨ ᠤ᠋ ᠶᠡᠬᠡ ᠲᠠᠯ᠎ᠠ᠎ᠶᠢ ᠬᠠᠮᠠᠭᠠᠯᠠᠶ᠎ᠠ᠃ ᠭᠠᠳᠠᠭᠠᠳᠤ ᠪᠠᠢᠳᠠᠯ ᠤᠯᠠᠮ ᠪᠤᠳᠤᠯᠢᠶᠠᠨᠲᠠᠢ ᠪᠣᠯᠬᠤ ᠲᠤᠳᠤᠮ᠂ ᠲᠠᠢ᠍ᠢᠨ᠎ᠦ ᠳᠠᠷᠠᠭᠠᠬᠢ ᠤᠯᠠᠨ ᠤᠯᠤᠰ᠎ᠤᠨ ᠡᠮᠬᠢ ᠳᠢᠭ᠌ᠯᠢᠮ᠎ᠢ ᠤᠯᠠᠮ ᠡᠷᠡᠰ ᠬᠠᠮᠠᠭᠠᠯᠠᠵᠤ᠂ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ᠎ᠶᠢᠨ ᠤᠯᠠᠨ ᠲᠤᠢᠯᠵᠢᠯᠳᠡ᠂ ᠲᠦᠭᠡᠮᠡᠯ ᠬᠠᠷᠠᠭᠠᠯᠵᠠᠯᠳᠤ ᠪᠠᠭᠲᠠᠭᠠᠮᠵᠢᠲᠠᠢ ᠠᠵᠤ ᠠᠬᠤᠢ᠎ᠶᠢᠨ ᠳᠡᠯᠡᠬᠡᠢᠵᠢᠯᠲᠡ᠎ᠶᠢ ᠠᠬᠢᠭᠤᠯᠤᠶ᠎ᠠ; ᠶᠠᠷᠢᠯᠴᠠᠭ᠎ᠠ ᠵᠥᠪᠳᠡᠯᠴᠡᠭᠡ᠎ᠪᠡᠷ ᠳᠠᠮᠵᠢᠨ ᠵᠥᠷᠢᠯᠳᠦᠭᠡᠨ᠎ᠢᠶᠡᠨ ᠰᠢᠢᠳᠪᠦᠷᠢᠯᠡᠬᠦ ᠶᠢ ᠤᠯᠠᠮ ᠪᠠᠷᠢᠮᠲᠠᠯᠠᠵᠤ᠂ ᠪᠦᠯᠬᠦᠮᠳᠡᠨ ᠬᠠᠮᠵᠢᠯᠴᠠᠬᠤ᠎ᠪᠠᠷ ᠳᠠᠮᠵᠢᠨ ᠥᠷᠢᠰᠦᠯᠳᠦᠭᠡᠨ᠎ᠢ ᠠᠷᠭᠠᠴᠠᠭᠠᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠥᠨᠢ ᠤᠳᠠᠭᠠᠨ ᠠᠮᠤᠷ ᠲᠤᠭᠳᠠᠭᠤᠨ ᠪᠠᠢᠬᠤ᠎ᠳᠤ ᠪᠠᠲᠤ ᠰᠠᠭᠤᠷᠢ ᠲᠠᠯᠪᠢᠵᠤ ᠥᠭᠬᠦᠶ᠎ᠠ᠃
ᠬᠣᠶᠠᠷ᠎ᠲᠤ᠂ ᠨᠡᠭᠡᠭᠡᠯᠲᠡᠲᠤ ᠬᠠᠮᠲᠤᠷᠠᠯᠴᠠᠭᠠᠨ᠎ᠤ ᠬᠥᠭᠥᠷᠭᠡ᠎ᠶᠢ ᠪᠠᠢᠭᠤᠯᠤᠶ᠎ᠠ᠃ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠪᠠᠷ ᠭᠣᠣᠯ ᠪᠣᠯᠭᠠᠭᠰᠠᠨ᠂ ᠳᠦᠷᠢᠮ᠎ᠢᠶᠡᠷ ᠰᠠᠭᠤᠷᠢ ᠪᠣᠯᠭᠠᠭᠰᠠᠨ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠯ ᠢ᠋ ᠡᠷᠡᠰ ᠬᠠᠮᠠᠭᠠᠯᠠᠵᠤ᠂ ᠴᠢᠯᠦᠭᠡᠲᠡᠢ ᠨᠡᠭᠡᠭᠡᠯᠲᠡᠲᠤ ᠠᠷᠠᠯᠵᠢᠶ᠎ᠠ ᠪᠣᠯᠣᠨ ᠪᠡᠯᠡ ᠣᠷᠣᠭᠤᠯᠤᠯᠲᠠ᠎ᠶᠢ ᠳᠡᠮᠵᠢᠵᠦ᠂ ᠪᠦᠬᠦ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ᠎ᠶᠢ ᠬᠠᠮᠠᠭᠠᠯᠠᠶ᠎ᠠ᠃ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠴᠢᠯᠦᠭᠡᠲᠦ ᠠᠷᠠᠯᠵᠢᠶᠠᠨ᠎ᠤ ᠣᠷᠣᠨ᠎ᠤ ᠠᠬᠢᠴᠠ᠎ᠶᠢ ᠯᠠᠪᠳᠠᠭᠤᠨ᠎ᠢᠶᠠᠷ ᠠᠬᠢᠭᠤᠯᠵᠤ᠂ ᠪᠦᠬᠦ ᠲᠠᠯ᠎ᠠ᠎ᠪᠠᠷ ᠬᠣᠯᠪᠣᠯᠳᠤᠨ ᠨᠡᠪᠲᠡᠷᠡᠯᠴᠡᠬᠦ ᠲᠣᠣᠷ᠎ᠢ ᠪᠠᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠨᠢᠭᠡ ᠴᠣᠭᠴᠠᠵᠢᠯᠲᠠ᠎ᠶᠢᠨ ᠪᠦᠲᠦᠭᠡᠨ ᠪᠠᠢᠭᠤᠯᠤᠯᠲᠠ᠎ᠳᠤ ᠵᠠᠮ ᠳᠡᠪᠢᠰᠴᠦ ᠬᠥᠭᠥᠷᠭᠡ ᠲᠠᠯᠪᠢᠶ᠎ᠠ᠃
ᠭᠤᠷᠪᠠ᠎ᠳᠤ᠂ ᠰᠢᠨ᠎ᠡ᠎ᠶᠢ ᠡᠭᠦᠳᠬᠦ ᠨᠡᠮᠡᠭᠳᠡᠯ᠎ᠦᠨ ᠬᠥᠳᠡᠯᠭᠡᠬᠦ ᠬᠦᠴᠦᠨ ᠢ ᠬᠥᠭᠵᠢᠭᠡᠶᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠠᠨᠢᠲᠠᠨ ᠤ ᠬᠠᠷᠢᠯᠴᠠᠭ᠎ᠠ᠎ᠶᠢ ᠢᠳᠡᠪᠬᠢᠲᠡᠢ ᠪᠠᠢᠭᠤᠯᠵᠤ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢᠰᠢ ᠬᠡᠯᠪᠡᠷᠢ ᠪᠠᠨ ᠬᠤᠪᠢᠷᠠᠭᠤᠯᠬᠤ᠎ᠶᠢ ᠠᠬᠢᠭᠤᠯᠵᠤ᠂ ᠰᠢᠨ᠎ᠡ᠎ᠶᠢ ᠡᠭᠦᠳᠬᠦ ᠳᠠᠪᠠᠭᠤᠯᠢᠭ᠋᠎ᠢ ᠲᠠᠰᠤᠷᠠᠯᠲᠠ ᠦᠭᠡᠢ ᠨᠡᠮᠡᠭᠳᠡᠯ᠎ᠦᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠨᠡᠮᠡᠭᠳᠡᠯ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠬᠠᠩᠭᠠᠨ᠎ᠠ᠃
ᠳᠥᠷᠪᠡ᠎ᠳᠦ᠂ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠬᠦᠷᠳᠡᠬᠦ ᠵᠠᠮ ᠢ ᠥᠷᠭᠡᠳᠬᠡᠶᠠ᠃ ᠠᠷᠠᠯᠵᠢᠶ᠎ᠠ ᠪᠠ ᠪᠡᠯᠡ ᠣᠷᠣᠭᠤᠯᠤᠯᠲᠠ᠎ᠶᠢᠨ ᠪᠡᠬᠢᠯᠡᠯᠲᠡ᠎ᠶᠢ ᠠᠷᠢᠯᠭᠠᠵᠤ᠂ ᠨᠡᠭᠡᠭᠡᠯᠲᠡᠲᠤ ᠬᠡᠯᠪᠡᠷᠢ᠎ᠶᠢᠨ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢ ᠪᠦᠲᠦᠭᠡᠨ ᠪᠠᠶ᠋ᠢᠭᠤᠯᠬᠤ ᠮᠥᠷᠲᠡᠭᠡᠨ ᠪᠠᠰᠠ ᠲᠦᠭᠡᠮᠡᠯ ᠬᠠᠷᠠᠭᠠᠯᠵᠠᠯᠲᠤ ᠲᠡᠩᠴᠡᠭᠦᠷᠢᠲᠡᠢ ᠬᠥᠭᠵᠢᠯᠲᠡ᠎ᠶᠢ ᠠᠬᠢᠭᠤᠯᠵᠤ᠂ ᠦᠷ᠎ᠡ ᠪᠦᠲᠦᠮᠵᠢ ᠪᠠ ᠲᠥᠪ ᠭᠣᠣᠯᠴᠢ᠎ᠶᠢ ᠬᠠᠮᠲᠤ ᠳ᠋ᠤᠨᠢ ᠬᠠᠷᠠᠭᠠᠯᠵᠠᠨ᠎ᠠ᠃ ᠠᠷᠠᠳᠲᠦᠮᠡᠨᠢᠶᠡᠷ ᠭᠣᠣᠯ ᠪᠣᠯᠭᠠᠬᠤ ᠬᠥᠭᠵᠢᠯᠲᠡ᠎ᠶᠢᠨ ᠣᠢᠯᠠᠭᠠᠭᠳᠠᠬᠤᠨ᠎ᠢ ᠪᠠᠷᠢᠮᠲᠠᠯᠠᠵᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠡᠯ᠎ᠡ ᠠᠵᠤ ᠠᠬᠤᠢ᠎ᠶᠢᠨ ᠴᠣᠭᠴᠠ ᠪᠣᠯᠣᠨ ᠠᠳᠠᠯᠢ ᠪᠤᠰᠤ ᠳᠠᠪᠬᠤᠷᠭ᠎ᠠ ᠵᠢᠴᠢ ᠬᠥᠮᠥᠰ᠎ᠲᠦ ᠬᠦᠷᠲᠡᠭᠡᠨ᠎ᠡ᠃ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠳᠤ ᠳᠡᠯᠡᠬᠡᠢ ᠳᠡᠭᠡᠷᠡᠬᠢ ᠬᠠᠮᠤᠭ᠎ᠤᠨ ᠴᠢᠬᠤᠯᠠ ᠪᠤᠯᠤᠩ᠎ᠤᠨ ᠣᠷᠣᠨ ᠴᠤᠭᠯᠠᠷᠠᠵᠦ᠂ ᠳᠤᠮᠳᠠᠳᠤ᠎ᠶᠢᠨ ᠲᠠᠯ᠎ᠠ᠎ᠶᠢᠨ ᠬᠢᠨ ᠳᠡᠯᠡᠬᠡᠢ᠎ᠶᠢᠨ ᠪᠤᠯᠤᠩ᠎ᠤᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠬᠣᠯᠪᠣᠭ᠎ᠠ ᠪᠠᠶ᠋ᠢᠭᠤᠯᠬᠤ᠎ᠶᠢ ᠳᠡᠮᠵᠢᠵᠦ᠂ ᠡᠯ᠎ᠡ ᠪᠤᠯᠤᠩ᠎ᠤᠨ ᠣᠷᠣᠨ᠎ᠤ ᠰᠣᠯᠢᠯᠴᠠᠭ᠎ᠠ ᠬᠤᠷᠰᠢᠯ᠎ᠢ ᠭᠦᠨᠵᠡᠭᠡᠢᠷᠡᠭᠦᠯᠵᠦ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠰᠢᠨ᠎ᠡ ᠠᠷᠭ᠎ᠠ ᠵᠠᠮ᠎ᠢ ᠬᠠᠢᠨ ᠰᠦᠪᠡᠭᠴᠢᠯᠡᠨ᠎ᠡ᠃
ᠰᠢ ᠵᠢᠨ ᠫᠢᠩ᠂ ᠳᠤᠮᠳᠠᠳᠤ ᠤᠯᠤᠰ ᠤᠨ ᠠᠵᠤ ᠠᠬᠤᠢ ᠰᠢᠨ᠎ᠡ ᠰᠢᠯᠢᠳᠡᠭ ᠰᠠᠢᠨ ᠲᠡᠢᠰᠢ᠎ᠬᠢ ᠬᠥᠭᠵᠢᠯᠲᠡ᠎ᠶᠢᠨ ᠪᠠᠢᠳᠠᠯ᠎ᠢᠶᠠᠨ ᠪᠠᠲᠤᠯᠠᠵᠤ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢᠶᠡᠨ ᠢᠯᠡᠷᠡᠭᠦᠯᠪᠡ᠃ ᠲᠦᠷᠦᠭᠦᠦ ᠭᠤᠷᠪᠠᠨ ᠤᠯᠠᠷᠢᠯ᠎ᠳᠤ᠂ ᠳᠤᠮᠳᠠᠳᠤ ᠤᠯᠤᠰ᠎ᠤᠨ ᠠᠵᠤ ᠠᠬᠤᠢ᠎ᠶᠢᠨ ᠨᠡᠮᠡᠭᠳᠡᠯ᠎ᠦᠨ ᠬᠤᠷᠳᠤᠴᠠ 4.6%᠎ᠳᠦ ᠬᠦᠷᠴᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠲᠦᠷᠭᠡᠨ ᠬᠥᠭᠵᠢᠵᠦ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠢᠭᠤᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠲᠡᠢᠰᠢ ᠬᠡᠯᠪᠡᠷᠢ ᠪᠠᠨ ᠬᠤᠪᠢᠷᠠᠭᠤᠯᠬᠤ ᠠᠬᠢᠴᠠ ᠲᠦᠷᠭᠡᠨ ᠪᠥᠭᠡᠳ ᠯᠠᠪᠳᠠᠭᠤᠨ ᠪᠤᠯᠪᠠ᠃ ᠳᠤᠮᠳᠠᠳᠤ ᠤᠯᠤᠰ᠎ᠤᠨ《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ ᠨᠢ ᠲᠤᠰ ᠪᠡᠶ᠎ᠡ᠎ᠶᠢᠨ ᠬᠥᠭᠵᠢᠯᠲᠡ᠎ᠶᠢᠨ ᠵᠢᠷᠤᠭ ᠲᠥᠯᠥᠪᠯᠡᠭᠡ ᠪᠣᠯᠬᠤ᠎ᠪᠠᠷ ᠪᠠᠷᠠᠬᠤ ᠦᠭᠡᠢ᠂ ᠪᠠᠰᠠ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ ᠴᠢᠨᠠᠭᠰᠢᠯᠠᠪᠠᠯ ᠪᠦᠬᠦ ᠪᠥᠮᠪᠥᠷᠴᠡᠭ᠎ᠦᠨ ᠠᠵᠤ ᠠᠬᠤᠢ᠎ᠶᠢᠨ ᠨᠡᠮᠡᠭᠳᠡᠯ᠎ᠳᠦ ᠠᠵᠠ ᠲᠣᠬᠢᠶᠠᠯ᠎ᠤᠨ ᠨᠠᠷᠢᠨ ᠲᠠᠩᠰᠠ ᠬᠠᠩᠭᠠᠵᠤ᠂ ᠳᠤᠮᠳᠠᠳᠤ ᠤᠯᠤᠰ᠎ᠤᠨ ᠪᠦᠬᠦ ᠪᠥᠮᠪᠥᠷᠴᠡᠭ᠎ᠦᠨ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠲᠦ ᠲᠠᠯᠪᠢᠭ᠍ᠰᠠᠨ ᠬᠠᠮᠲᠤᠷᠠᠯᠴᠠᠭᠠᠨ᠎ᠤ ᠪᠣᠯᠵᠣᠭ᠎ᠠ ᠪᠣᠯᠣᠨ᠎ᠠ ᠬᠡᠵᠦ ᠵᠢᠭᠠᠵᠦ ᠭᠠᠷᠭᠠᠪᠠ᠃
— ᠳᠤᠮᠳᠠᠳᠤ ᠤᠯᠤᠰ ᠪᠦᠬᠦ ᠪᠥᠮᠪᠥᠷᠴᠡᠭ ᠦᠨ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠲᠦ ᠬᠡᠳᠦ ᠶᠡᠬᠡ ᠬᠡᠪᠴᠢᠶᠡᠨ᠎ᠦ ᠨᠡᠭᠡᠭᠡᠯᠲᠡᠲᠤ ᠵᠠᠬ᠎ᠠ ᠳᠡᠯᠭᠡᠭᠦᠷ ᠬᠠᠩᠭᠠᠨ᠎ᠠ᠃ ᠳᠤᠮᠳᠠᠳᠤ ᠤᠯᠤᠰ ᠪᠣᠯ ᠪᠥᠬᠥ ᠪᠥᠮᠪᠥᠷᠴᠡᠭ᠎ᠦᠨ ᠬᠣᠶᠠᠳᠤᠭᠠᠷ ᠲᠣᠮᠣ᠌ ᠬᠡᠷᠡᠭᠯᠡᠭᠡᠨ᠎ᠦ ᠵᠠᠬ᠎ᠠ ᠳᠡᠯᠭᠡᠭᠦᠷ ᠮᠥᠨ᠂ ᠪᠥᠬᠥ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠳᠤᠮᠳᠠ ᠵᠡᠷᠭᠡ᠎ᠶᠢᠨ ᠣᠷᠣᠯᠭ᠎ᠠ᠎ᠲᠠᠢ ᠬᠦᠮᠦᠰ ᠲᠠᠢ ᠪᠠᠢᠵᠤ᠂ ᠪᠡᠯᠡ ᠣᠷᠣᠭᠤᠯᠤᠯᠲᠠ ᠪᠠ ᠬᠡᠷᠡᠭᠯᠡᠭᠡᠨ᠎ᠦ ᠳᠠᠯᠳᠠ ᠬᠦᠴᠦᠨ ᠯᠤᠲᠤ ᠶᠡᠬᠡ ᠪᠠᠢᠨ᠎ᠠ᠃ ᠳᠤᠮᠳᠠᠳᠤ ᠤᠯᠤᠰ ᠶᠠᠭ ᠨᠡᠭᠡᠭᠡᠯᠲᠡᠲᠡᠢ ᠲᠣᠮᠣ᠌ ᠵᠠᠬ᠎ᠠ ᠳᠡᠯᠭᠡᠭᠦᠷ ᠢ ᠲᠦᠷᠭᠡᠳᠬᠡᠨ ᠪᠠᠢᠭᠤᠯᠵᠤ᠂ ᠴᠢᠨᠠᠷ ᠰᠠᠢᠲᠠᠢ ᠦᠢᠯᠡᠳᠬᠦᠨ ᠪᠠ ᠦᠢᠯᠡᠴᠢᠯᠡᠭᠡ᠎ᠶᠢ ᠭᠠᠳᠠᠭᠠᠳᠤ ᠠᠴᠠ ᠣᠷᠣᠭᠤᠯᠬᠤ᠎ᠶᠢ ᠥᠷᠭᠡᠳᠬᠡᠵᠦ ᠪᠠᠢᠭ᠎ᠠ ᠪᠣᠯᠬᠣᠷ ᠤᠯᠠᠨ ᠶᠠᠩᠵᠤᠴᠢᠯᠠᠭᠰᠠᠨ ᠰᠢᠨ᠎ᠡ ᠬᠡᠷᠡᠭᠴᠡᠭᠡ᠎ᠶᠢ ᠲᠠᠰᠤᠷᠠᠯᠳᠠ ᠦᠭᠡᠢ ᠪᠤᠢ ᠪᠣᠯᠭᠠᠬᠤ ᠪᠣᠯᠣᠨ᠎ᠠ᠃ ᠳᠤᠮᠳᠠᠳᠤ ᠤᠯᠤᠰ 《ᠭᠠᠳᠠᠭᠠᠳᠤ ᠳ᠋ᠦ ᠭᠠᠷᠭᠠᠬᠤ ᠳᠤᠮᠳᠠᠳᠤ ᠤᠯᠤᠰ 》 ᠵᠡᠷᠭᠡ ᠰᠢᠷᠢᠰ ᠠᠵᠢᠯᠯᠠᠭ᠎ᠠ᠎ᠶᠢ ᠦᠷᠭᠦᠯᠵᠢᠯᠡᠨ ᠡᠷᠬᠢᠯᠡᠵᠦ᠂ ᠡᠯ᠎ᠡ ᠤᠯᠤᠰ᠎ᠤᠨ ᠴᠢᠨᠠᠷ ᠰᠠᠢᠲᠠᠢ ᠲᠠᠸᠠᠷ᠎ᠢ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠦ ᠣᠷᠣᠭᠤᠯᠬᠤ ᠥᠨᠳᠥᠷ ᠪᠦᠲᠦᠮᠵᠢᠲᠡᠢ ᠵᠠᠮ᠎ᠢ ᠪᠠᠢᠭᠤᠯᠤᠨ᠎ᠠ᠃
— ᠳᠤᠮᠳᠠᠳᠤ ᠤᠯᠤᠰ ᠪᠦᠬᠦ᠌ ᠪᠥᠮᠪᠥᠷᠴᠡᠭ᠎ᠦᠨ ᠦᠢᠯᠡᠳᠪᠦᠷᠢ ᠬᠤᠳᠠᠯᠳᠤᠭᠠᠨ᠎ᠤ ᠡᠲᠡᠭᠡᠳᠲᠦ᠍ ᠰᠠᠷᠠᠭᠤᠯ ᠠᠭᠤᠳᠠᠮ ᠬᠥᠭᠵᠢᠯᠲᠡ᠎ᠶᠢᠨ ᠣᠷᠣᠨ ᠵᠠᠢ ᠬᠠᠨᠭᠭᠠᠨ᠎ᠠ᠃ ᠰᠢᠨ᠎ᠡ᠎ᠶᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠂ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ ᠪᠣᠯ ᠳᠤᠮᠳᠠᠳᠤ ᠤᠯᠤᠰ᠎ᠤᠨ ᠠᠵᠤ ᠠᠬᠤᠢ᠎ᠶᠢᠨ ᠵᠠᠩᠭᠢᠯᠠᠭ᠎ᠠ᠎ᠶᠢᠨ ᠦᠭᠡ ᠪᠣᠯᠤᠨ᠎ᠠ᠃ ᠳᠤᠮᠳᠠᠳᠤ ᠤᠯᠤᠰ᠎ᠤᠨ ᠬᠡᠲᠦ᠍ ᠶᠡᠬᠡ ᠬᠡᠪᠴᠢᠶᠡᠨ᠎ᠦ ᠰᠢᠨ᠎ᠡ᠎ᠶᠢ ᠡᠭᠦᠳᠬᠦ᠌ ᠲᠤᠷᠰᠢᠯᠲᠠ᠎ᠶᠢᠨ ᠲᠠᠯᠠᠪᠠᠶ᠎ᠨᠢ ᠬᠣᠰᠢᠭᠤᠷᠠᠯ ᠮᠡᠷᠭᠡᠵᠢᠯ ᠢ ᠦᠨᠡᠨ ᠪᠣᠳᠠᠲᠠᠶ ᠠᠬᠤᠶ ᠲᠠᠯᠠᠪᠠᠶ᠎ᠳᠤ ᠰᠢᠯᠭᠠᠨ ᠪᠠᠶ᠋ᠢᠴᠠᠭᠠᠯᠲᠠ ᠬᠢᠯᠭᠡᠵᠦ᠍᠂ ᠲᠡᠰ ᠲᠡᠪᠰᠢᠭᠦᠯᠦᠨ ᠳᠠᠪᠲᠠᠨ ᠪᠤᠯᠪᠠᠰᠤᠷᠠᠭᠤᠯᠵᠤ᠂ ᠴᠢᠨᠠᠷ ᠰᠠᠶ᠋ᠢᠲᠠᠶ ᠬᠥᠭᠵᠢᠯᠲᠡ᠎ᠶᠢᠨ ᠠᠮᠢᠵᠢᠷᠠᠯ᠎ᠤᠨ ᠬᠦᠴᠦᠨ ᠪᠣᠯᠭᠠᠨ ᠲᠠᠰᠤᠷᠠᠯᠲᠠ ᠥᠬᠡᠶ ᠬᠤᠪᠢᠷᠠᠭᠤᠯᠤᠨ᠎ᠠ᠃ ᠳᠤᠮᠳᠠᠳᠤ ᠤᠯᠤᠰ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ᠎ᠢ ᠲᠦᠷᠭᠡᠨ ᠪᠠᠶ᠋ᠢᠭᠤᠯᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠌᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠤᠯᠠᠮᠵᠢᠯᠠᠯᠲᠤ᠌ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠳᠡᠰ ᠳᠡᠪᠰᠢᠭᠦᠯᠬᠦ᠌᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠬᠥᠭᠵᠢᠨ ᠪᠤᠵᠠᠭᠠᠢ᠌ᠷᠠᠬᠤ᠂ ᠢᠷᠡᠭᠡᠳᠦᠢ᠎ᠶᠢᠨ ᠠᠵᠤ ᠦᠢᠯᠡᠰ᠎ᠦᠨ ᠠᠯᠤᠰ ᠬᠡᠳᠦ᠎ᠶᠢᠨ ᠪᠠᠶ᠋ᠢᠷᠢᠰᠢᠭᠤᠯᠤᠯᠲᠠ᠎ᠶᠢ ᠳᠡᠮᠵᠢᠵᠦ᠍᠂ ᠪᠦᠬᠦ᠌ ᠪᠥᠮᠪᠥᠷᠴᠡᠭ᠎ᠦᠨ ᠠᠵᠤ ᠠᠬᠤᠶ᠋ᠢᠯᠠᠯ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠠ ᠬᠥᠭᠵᠢᠨ ᠪᠤᠵᠠᠭᠠᠢ᠌ᠷᠠᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠬᠠᠩᠭᠠᠬᠤ ᠪᠤᠯᠤᠨ᠎ᠠ᠃
— ᠳᠤᠮᠳᠠᠳᠤ ᠤᠯᠤᠰ ᠪᠦᠬᠦ᠌ ᠪᠥᠮᠪᠥᠷᠴᠡᠭ᠎ᠦᠨ ᠦᠢᠯᠡᠳᠪᠦᠷᠢ ᠬᠤᠳᠠᠯᠳᠤᠭᠠᠨ᠎ᠤ ᠡᠲᠡᠭᠡᠳᠲᠦ᠍ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭᠰᠢᠯᠠᠬᠤ ᠬᠠᠮᠲᠤᠷᠠᠯᠴᠠᠭᠠᠨ᠎ᠤ ᠣᠷᠴᠢᠨ ᠲᠣᠭᠣᠷᠢᠨ᠎ᠢ ᠬᠠᠩᠭᠠᠨ᠎ᠠ᠃ ᠭᠠᠭᠴᠠ ᠲᠠᠯᠠᠲᠤ᠌ ᠦᠵᠡᠯ᠂ ᠬᠠᠮᠠᠭᠠᠯᠠᠬᠤ ᠦᠵᠡᠯ᠎ᠦᠨ ᠲᠠᠭᠠᠷᠢᠯᠲᠠ᠎ᠶᠢᠨ ᠡᠮᠦᠨ᠎ᠡ᠂ ᠳᠤᠮᠳᠠᠳᠤ ᠤᠯᠤᠰ ᠢᠮᠠᠭᠲᠠ ᠵᠢᠩᠬᠢᠨᠢ ᠣᠯᠠᠨ ᠲᠠᠯᠠᠲᠤ᠌ ᠦᠵᠡᠯ ᠢ ᠦᠢᠯᠡᠳᠦᠯᠭᠡᠵᠢᠭᠦᠯᠵᠦ᠍᠂ ᠳᠡᠯᠡᠬᠡᠶ᠎ᠶᠢᠨ ᠠᠵᠤ ᠠᠬᠤᠶ᠎ᠶᠢᠨ ᠨᠡᠮᠡᠭᠳᠡᠯ ᠪᠠ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠳᠤ ᠲᠣᠭᠲᠠᠪᠤᠷᠢᠲᠤ᠌ ᠴᠢᠨᠠᠷ ᠪᠠ ᠲᠣᠭᠲᠠᠭᠠᠯᠲᠤ᠌ ᠴᠢᠨᠠᠷ ᠨᠡᠮᠡᠷᠢᠯᠡᠪᠡ᠃ ᠳᠡᠯᠡᠬᠡᠢ᠎ᠶᠢᠨ ᠪᠠᠶ᠋ᠢᠳᠠᠯ ᠶᠠᠭᠠᠬᠢᠵᠤ ᠬᠤᠪᠢᠷᠠᠭᠰᠠᠨ ᠴᠤ᠌᠂ ᠳᠤᠮᠳᠠᠳᠤ ᠤᠯᠤᠰ᠎ᠤᠨ ᠳᠡᠯᠡᠬᠡᠢ᠎ᠶᠢᠨ ᠡᠯ᠎ᠡ ᠤᠯᠤᠰ᠎ᠯᠤᠭ᠎ᠠ ᠬᠠᠮᠲᠤᠷᠠᠯᠴᠠᠨ ᠬᠠᠮᠲᠤ᠎ᠪᠠᠷ ᠠᠰᠢᠭ ᠬᠦᠷᠳᠡᠬᠦ᠌ ᠵᠣᠷᠢᠭ ᠪᠦᠷ ᠬᠤᠪᠢᠷᠠᠬᠤ ᠦᠭᠡᠢ᠂ ᠪᠦᠬᠦ᠌ ᠪᠥᠮᠪᠥᠷᠴᠡᠭ᠎ᠦᠨ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠤ᠌ ᠢᠷᠡᠵᠦ᠍ ᠪᠡᠯᠡ ᠣᠷᠣᠭᠤᠯᠤᠨ ᠦᠢᠯᠡᠰ᠎ᠢᠶᠡᠨ ᠬᠥᠭᠵᠢᠭᠦᠯᠬᠦ᠌᠎ᠳᠦ ᠨᠡᠩ ᠲᠣᠭᠲᠠᠭᠤᠨ᠂ ᠨᠡᠩ ᠵᠢᠱ᠌ᠢᠵᠦ᠍ ᠪᠣᠯᠬᠤᠶ᠋ᠢᠴᠠ ᠴᠢᠨᠠᠷ ᠰᠠᠶ᠋ᠢᠲᠠᠢ ᠣᠷᠴᠢᠨ ᠲᠣᠭᠣᠷᠢᠨ᠎ᠢ ᠬᠠᠩᠭᠠᠬᠤ ᠪᠣᠯᠤᠨ᠎ᠠ᠃
ᠰᠢ ᠵᠢᠨ ᠫᠢᠩ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ ᠪᠣᠯ ᠪᠢᠳᠡᠨ᠎ᠦ ᠬᠠᠮᠲᠤ᠎ᠪᠠᠷ ᠬᠥᠭᠵᠢᠬᠦ᠌ ᠣᠷᠣᠨ ᠵᠠᠢ ᠪᠣᠯᠬᠤ ᠪᠥᠭᠡᠳ ᠮᠥᠷᠥ᠍ ᠵᠡᠷᠭᠡᠴᠡᠨ ᠬᠠᠮᠲᠤᠷᠠᠯᠴᠠᠬᠤ ᠲᠠᠪᠴᠠᠩ ᠪᠣᠯᠤᠨ᠎ᠠ᠃ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠦᠢᠯᠡᠳᠪᠦᠷᠢ ᠬᠤᠳᠠᠯᠳᠤᠭᠠᠨ᠎ᠤ ᠡᠲᠡᠭᠡᠳ ᠪᠣᠯ ᠪᠦᠬᠦ᠌ ᠪᠥᠮᠪᠥᠷᠴᠡᠭ᠎ᠦᠨ ᠠᠵᠤ ᠠᠬᠤᠢ᠎ᠶᠢᠨ ᠭᠠᠪᠰᠢᠭᠠᠶ᠋ᠢᠯᠠᠭᠴᠢ ᠮᠥᠨ᠃ ᠲᠠ ᠪᠦᠬᠦᠨ᠎ᠦ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠳᠡ ᠪᠠ ᠣᠳᠣᠬᠢᠴᠢᠯᠠᠭᠰᠠᠨ ᠪᠦᠳᠦᠭᠡᠨ ᠪᠠᠶ᠋ᠢᠭᠤᠯᠤᠯᠲᠠ᠎ᠳᠤ ᠦᠷᠭᠦᠯᠵᠢᠯᠡᠨ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠬᠦ᠌᠎ᠶᠢ ᠪᠠᠶᠠᠷᠯᠠᠨ ᠤᠭᠲᠤᠵᠤ ᠪᠠᠶ᠋ᠢᠨ᠎ᠠ᠃ ᠪᠢᠳᠡ ᠭᠠᠷ ᠬᠣᠯᠪᠣᠯᠴᠠᠨ᠂ ᠨᠡᠭᠡᠭᠡᠯᠲᠡ᠎ᠪᠡᠷ ᠬᠥᠭᠵᠢᠯᠲᠡ᠎ᠶᠢᠨ ᠬᠦᠴᠢᠷᠳᠡᠯ᠎ᠢ ᠰᠢ᠌ᠳᠪᠦᠷᠢᠯᠡᠵᠦ᠍᠂ ᠰᠢᠨ᠎ᠡ᠎ᠶᠢ ᠡᠭᠦᠳᠬᠦ᠌᠎ᠪᠡᠷ ᠨᠡᠮᠡᠭᠳᠡᠯ᠎ᠦᠨ ᠪᠠᠶ᠋ᠢᠳᠠᠯ᠎ᠢ ᠰᠠᠢᠳᠤᠷ ᠪᠤᠢ ᠪᠤᠯᠭᠠᠵᠦ᠂ ᠬᠠᠮᠲᠤᠷᠠᠯᠴᠠᠭ᠎ᠠ ᠪᠠᠷ ᠬᠠᠮᠲᠤ᠎ᠪᠠᠷ ᠡᠳ᠋ᠯᠡᠬᠦ᠌ ᠠᠵᠠ ᠵᠢᠷᠭᠠᠯ᠎ᠢ ᠡᠷᠢᠯᠬᠢᠯᠡᠵᠦ᠍᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠭᠡᠭᠡᠨ ᠰᠠᠷᠠᠭᠤᠯ ᠢᠷᠡᠭᠡᠳᠦᠢ᠎ᠶᠢ ᠬᠠᠮᠲᠤ᠎ᠪᠠᠷ ᠴᠣᠭᠴᠠᠯᠠᠶ᠎ᠠ! ᠭᠡᠵᠦ ᠴᠢᠬᠤᠯᠠᠴᠢᠯᠠᠪᠠ᠃
ᠴᠢᠯᠢ ᠶᠢᠨ ᠶᠡᠷᠦᠩᠬᠡᠶ᠋ᠢᠯᠡᠭᠴᠢ ᠺᠠᠷᠰᠲ᠂ ᠮᠠᠯᠠᠶ᠋ᠢᠰᠢᠶ᠎ᠠ᠎ᠶᠢᠨ ᠶᠡᠷᠦᠩᠬᠡᠶ ᠰᠠᠶ᠋ᠢᠳ ᠠᠨᠸᠠᠷ ᠨᠡᠷ ᠬᠤᠷᠠᠯ᠎ᠳᠤ ᠣᠷᠣᠯᠴᠠᠪᠠ᠃
ᠼᠠᠢ ᠴᠢ᠂ ᠸᠠᠩ ᠢ᠂ ᠾᠧ ᠯᠢ ᠹᠸᠩ᠂ ᠬᠤᠸᠠᠩ ᠺᠦᠨ ᠮᠢᠩ᠂ ᠸᠠᠩ ᠰᠢᠶᠤᠤ ᠬᠣᠩᠨᠠᠷ ᠣᠷᠣᠯᠴᠠᠪᠠ᠃
(ᠰᠢᠨᠬᠤᠸᠠ ᠬᠣᠷᠢᠶ᠎ᠠ ᠵᠢᠨ ᠱᠧᠨᠵᠧᠨ᠎ᠦ 11 ᠰᠠᠷ᠎ᠠ᠎ᠶᠢᠨ 18 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃