2026-11-20 09:53:27
11 ᠰᠠᠷ᠎ᠠ᠎ᠶᠢᠨ 19 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠦ ᠤᠯᠠᠨ ᠤᠯᠤᠰ᠎ᠤᠨ ᠰᠣᠯᠢᠯᠴᠠᠭᠠᠨ᠎ᠤ ᠲᠥᠪ᠎ᠲᠦ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠭᠤᠴᠢᠨ ᠭᠤᠷᠪᠠᠳᠤᠭᠠᠷ ᠤᠳᠠᠭ᠎ᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠢ ᠡᠷᠬᠢᠯᠡᠭᠰᠡᠨ ᠪᠥᠭᠡᠳ 《ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠢᠭᠤᠯᠵᠤ᠂ 〈ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠭᠠᠢᠬᠠᠮᠰᠢᠭ᠋〉 ᠤ᠋ᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠶ᠎ᠡ》 ᠭᠡᠬᠦ ᠰᠡᠳᠦᠪ᠎ᠢᠶᠡᠷ ᠴᠢᠬᠤᠯᠠ ᠶᠠᠷᠢᠶ᠎ᠠ ᠲᠠᠯᠪᠢᠪᠠ᠃

11 ᠰᠠᠷ᠎ᠠ᠎ᠶᠢᠨ 19 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠦ ᠣᠯᠠᠨ ᠤᠯᠤᠰ᠎ᠤᠨ ᠰᠣᠯᠢᠯᠴᠠᠭᠠᠨ᠎ᠤ ᠲᠥᠪ᠎ᠲᠦ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠭᠤᠴᠢᠨ ᠭᠤᠷᠪᠠᠳᠤᠭᠠᠷ ᠤᠳᠠᠭ᠎ᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠢ ᠡᠷᠭᠢᠯᠡᠭᠰᠡᠨ ᠪᠥᠭᠡᠳ 《ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠢᠭᠤᠯᠵᠤ᠂ 〈ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠭᠠᠢᠬᠠᠮᠰᠢᠭ᠋〉᠎ᠤ᠋ᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠶ᠎ᠡ》 ᠭᠡᠬᠦ ᠰᠡᠳᠦᠪ᠎ᠢᠶᠡᠷ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭ᠍ᠴᠢ ᠶᠢᠨ ᠪᠥᠸᠧ ᠬᠥ ᠰᠡᠭᠦᠳᠡᠷᠯᠡᠪᠡ

11 ᠰᠠᠷ᠎ᠠ᠎ᠶᠢᠨ 19 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠦ ᠣᠯᠠᠨ ᠤᠯᠤᠰ᠎ᠤᠨ ᠰᠣᠯᠢᠯᠴᠠᠭᠠᠨ᠎ᠤ ᠲᠥᠪ᠎ᠲᠦ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠭᠤᠴᠢᠨ ᠭᠤᠷᠪᠠᠳᠤᠭᠠᠷ ᠤᠳᠠᠭ᠎ᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠢ ᠡᠷᠭᠢᠯᠡᠭᠰᠡᠨ ᠪᠥᠭᠡᠳ 《ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠢᠭᠤᠯᠵᠤ᠂ 〈ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠭᠠᠢᠬᠠᠮᠰᠢᠭ᠋〉᠎ᠤ᠋ᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠶ᠎ᠡ》 ᠭᠡᠬᠦ ᠰᠡᠳᠦᠪ᠎ᠢᠶᠡᠷ ᠴᠢᠬᠤᠯᠠ ᠶᠠᠷᠢᠶ᠎ᠠ ᠲᠠᠯᠪᠢᠪᠠ᠃ ᠵᠢᠷᠤᠭ ᠪᠣᠯ ᠬᠤᠷᠠᠯ᠎ᠠᠴᠠ ᠡᠮᠦᠨ᠎ᠡ ᠰᠢ ᠵᠢᠨ ᠫᠢᠩ ᠬᠤᠷᠠᠯ᠎ᠳᠤ ᠣᠷᠣᠯᠴᠠᠭᠰᠠᠨ ᠡᠯ᠎ᠡ ᠠᠵᠤ ᠠᠬᠤᠢ᠎ᠶᠢᠨ ᠴᠣᠭᠴᠠ᠎ᠶᠢᠨ ᠤᠳᠤᠷᠢᠳᠬᠤ ᠬᠥᠮᠥᠰ᠂ ᠲᠥᠯᠥᠭᠡᠯᠡᠭᠴᠢᠳ ᠲᠠᠢ ᠬᠠᠮᠲᠤ᠎ᠶᠢᠨ ᠬᠡᠷᠡᠯ ᠵᠢᠷᠤᠬ ᠲᠠᠳᠠᠭᠤᠯᠵᠦ ᠪᠠᠢᠭ᠎ᠠ ᠨᠢ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭ᠍ᠴᠢ ᠶᠣᠣ ᠳᠠ ᠸᠧᠢ ᠰᠡᠭᠦᠳᠡᠷᠯᠡᠪᠡ
11 ᠰᠠᠷ᠎ᠠ᠎ᠶᠢᠨ ᠱᠧᠨᠵᠧᠨ᠎ᠳᠦ ᠤᠷᠢᠬᠠᠨ ᠰᠠᠯᠬᠢ ᠰᠡᠷᠴᠢᠬᠢᠨᠡᠵᠦ᠂ ᠰᠣᠷᠭᠣᠭ ᠴᠡᠴᠡᠭ ᠪᠠᠳᠠᠷᠠᠨ ᠳᠡᠯᠭᠡᠷᠡᠨ᠎ᠡ᠃
ᠰᠢ ᠵᠢᠨ ᠫᠢᠩ ᠬᠤᠷᠠᠯ᠎ᠳᠤ ᠣᠷᠣᠯᠴᠠᠭᠰᠠᠨ ᠡᠯ᠎ᠡ ᠠᠵᠤ ᠠᠬᠤᠢ᠎ᠶᠢᠨ ᠴᠣᠭᠴᠠ᠎ᠶᠢᠨ ᠤᠳᠤᠷᠢᠳᠬᠤ ᠬᠥᠮᠥᠰ᠂ ᠲᠥᠯᠥᠭᠡᠯᠡᠭᠴᠢ ᠵᠢᠴᠢ ᠣᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ᠎ᠢ ᠬᠠᠯᠠᠭᠤᠨ᠎ᠢᠶᠠᠷ ᠤᠭᠲᠤᠵᠤ᠂ ᠲᠡᠳᠡᠨ᠎ᠲᠠᠢ ᠳᠣᠲᠣᠨᠣ᠌᠎ᠪᠠᠷ ᠭᠠᠷ ᠠᠳᠬᠤᠵᠤ ᠬᠠᠮᠲᠤ᠎ᠶᠢᠨ ᠬᠡᠷᠡᠯ ᠵᠢᠷᠤᠬ ᠲᠠᠲᠠᠭᠤᠯᠤᠭᠰᠠᠨᠤ ᠳᠠᠷᠠᠭ᠎ᠠ ᠬᠤᠷᠠᠯ ᠢ᠋ ᠡᠷᠭᠢᠯᠡᠪᠡ᠃
ᠰᠢ ᠵᠢᠨ ᠫᠢᠩ᠂ 30 ᠭᠠᠷᠤᠢ ᠵᠢᠯ᠎ᠦᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠴᠠᠭ ᠤ᠋ᠨ ᠪᠠᠢᠳᠠᠯ ᠢ᠋ ᠳᠠᠭᠠᠨ ᠪᠤᠢ ᠪᠣᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠰᠦᠷ ᠳᠠᠯᠠᠢᠴᠠᠲᠠᠢ ᠲᠡᠦᠬᠡᠨ ᠶᠠᠪᠤᠴᠠ᠎ᠶᠢ ᠡᠬᠢᠯᠡᠭᠦᠯᠪᠡ᠃ 30 ᠭᠠᠷᠤᠢ ᠵᠢᠯ᠎ᠦᠨ ᠲᠤᠷᠰᠢ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠳᠦᠷᠰᠦ ᠪᠠᠢᠳᠠᠯ ᠡᠳᠦᠷ᠎ᠡᠴᠡ ᠡᠳᠦᠷ ᠰᠢᠨᠡᠳᠴᠦ᠂ ᠠᠵᠤ ᠠᠬᠤᠢ ᠲᠦᠷᠭᠡᠨ ᠬᠦᠭᠵᠢᠭᠰᠡᠨ 《ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠭᠠᠢᠬᠠᠮᠰᠢᠭ᠋》 ᠢ᠋ ᠡᠭᠦᠳᠴᠡᠢ᠃ ᠰᠢᠨ᠎ᠡ ᠠᠵᠠ ᠲᠣᠬᠢᠶᠠᠯ ᠪᠣᠯᠣᠨ ᠥᠷᠢᠰᠦᠯᠳᠦᠭᠡᠨ᠎ᠦ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤᠷᠠᠯᠴᠠᠭ᠎ᠠ ᠡᠷᠬᠡᠪᠰᠢ ᠰᠢᠨ᠎ᠡ ᠪᠠᠢᠳᠠᠯ᠎ᠳᠤ ᠵᠣᠬᠢᠴᠠᠵᠤ᠂ ᠰᠢᠨ᠎ᠡ ᠠᠯᠬᠤᠮ᠎ᠢ ᠠᠯᠬᠤᠵᠤ᠂ ᠰᠢᠨ᠎ᠡ ᠪᠠᠢᠳᠠᠯ᠎ᠢ ᠡᠭᠦᠳᠴᠦ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠬᠤ᠂ ᠨᠡᠭᠡᠭᠡᠯᠲᠡ ᠬᠢᠵᠦ ᠠᠭᠤᠰᠤᠯᠴᠠᠨ ᠨᠡᠪᠲᠡᠷᠡᠯᠴᠡᠬᠦ᠂ ᠵᠠᠮ ᠨᠡᠭᠡᠭᠡᠨ ᠰᠢᠨ᠎ᠡ᠎ᠶᠢ ᠡᠭᠦᠳᠬᠦ᠂ ᠪᠠᠭᠲᠠᠭᠠᠮᠵᠢᠲᠠᠢ ᠬᠥᠭᠵᠢᠬᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠬᠤ ᠬᠡᠷᠡᠭᠳᠠᠢ᠃
ᠨᠢᠭᠡ᠎ᠳᠦ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠬᠠᠮᠲᠤ᠎ᠶᠢᠨ ᠠᠰᠢᠭ᠋ ᠲᠤᠰᠠ᠎ᠶᠢᠨ ᠬᠣᠯᠪᠣᠭᠠᠰᠤ᠎ᠪᠠᠨ ᠴᠢᠩᠭᠠᠳᠬᠠᠵᠤ᠂ ᠭᠠᠷ ᠬᠣᠯᠪᠣᠯᠴᠠᠨ ᠬᠦᠴᠢᠷᠳᠡᠯ ᠪᠣᠯᠣᠨ ᠥᠷᠢᠰᠦᠯᠳᠦᠭᠡᠨ᠎ᠢ ᠠᠷᠭᠠᠴᠠᠭᠠᠵᠤ᠂ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠦᠷᠭᠦᠯᠵᠢᠯᠡᠨ ᠪᠣᠢᠵᠢᠭᠤᠯᠤᠶᠠ᠃ ᠬᠣᠶᠠᠷ᠎ᠲᠤ᠂ ᠨᠡᠭᠡᠭᠡᠯᠲᠡ ᠬᠢᠵᠦ ᠠᠭᠤᠰᠤᠯᠴᠠᠨ ᠨᠡᠪᠲᠡᠷᠡᠯᠴᠡᠬᠦ᠎ᠶᠢ ᠪᠠᠷᠢᠮᠲᠠᠯᠠᠵᠤ᠂ ᠠᠵᠤ ᠠᠬᠤᠢ᠎ᠶᠢᠨ ᠨᠢᠭᠡ ᠴᠣᠭᠴᠠᠵᠢᠯᠲᠠ ᠵᠢᠨ ᠠᠬᠢᠴᠠ᠎ᠶᠢ ᠯᠠᠪᠳᠠᠭᠤᠨ᠎ᠢᠶᠠᠷ ᠠᠬᠢᠭᠤᠯᠵᠤ᠂ ᠨᠡᠭᠡᠭᠡᠯᠲᠡ ᠬᠢᠬᠦ᠎ᠡᠴᠡ ᠪᠢᠰᠢ ᠪᠤᠰᠤᠳ᠎ᠢ ᠭᠠᠳᠠᠭᠤᠷᠴᠢᠯᠠᠬᠤ ᠦᠭᠡᠢ᠂ ᠠᠭᠤᠰᠤᠯᠴᠠᠬᠤ᠎ᠠᠴᠠ ᠪᠢᠰᠢ ᠵᠠᠳᠠᠷᠠᠬᠤ ᠦᠭᠡᠢ ᠬᠠᠮᠲᠤᠷᠠᠯᠴᠠᠭᠠᠨ᠎ᠤ ᠪᠠᠢᠷᠢᠰᠢᠯ᠎ᠢ ᠪᠠᠢᠭᠤᠯᠵᠤ᠂ ᠴᠢᠯᠦᠭᠡᠲᠤ ᠨᠡᠭᠡᠭᠡᠯᠳᠡᠳᠤ ᠠᠷᠠᠯᠵᠢᠶ᠎ᠠ ᠪᠣᠯᠣᠨ ᠪᠡᠯᠡ ᠣᠷᠣᠭᠤᠯᠤᠯᠲᠠ᠎ᠶᠢ ᠰᠠᠨᠠᠭᠠᠴᠢᠯᠠᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠨᠡᠮᠡᠭᠳᠡᠯ᠎ᠳᠦ ᠨᠡᠩ ᠥᠷᠭᠡᠨ ᠠᠭᠤᠳᠠᠮ ᠣᠷᠣᠨ ᠵᠠᠢ᠎ᠶᠢ ᠨᠡᠭᠡᠭᠡᠵᠦ ᠦᠭᠭᠦᠶ᠎ᠠ᠃ ᠭᠤᠷᠪᠠ᠎ᠳᠤ᠂ ᠵᠠᠮ ᠨᠡᠭᠡᠭᠡᠨ ᠰᠢᠨ᠎ᠡ᠎ᠶᠢ ᠡᠭᠦᠳᠬᠦ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠣᠯᠢᠯᠴᠠᠭ᠎ᠠ ᠬᠠᠮᠲᠤᠷᠠᠯᠴᠠᠭ᠎ᠠ᠎ᠶᠢ ᠵᠣᠷᠢᠭ᠍ᠵᠢᠭᠤᠯᠵᠤ᠂ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠤᠨᠳᠤᠤᠰᠢᠭᠤᠯᠬᠤ᠎ᠶᠢ ᠠᠬᠢᠭᠤᠯᠵᠤ᠂ ᠨᠡᠭᠡᠭᠡᠯᠲᠡᠲᠤ᠂ ᠡᠷᠬᠡ ᠲᠡᠭᠰᠢ᠂ ᠲᠥᠪ ᠭᠣᠣᠯᠴᠢ᠂ ᠭᠠᠳᠠᠭᠤᠷᠴᠢᠯᠠᠯ ᠦᠭᠡᠢ ᠬᠠᠮᠲᠤᠷᠠᠯᠴᠠᠭᠠᠨ᠎ᠤ ᠣᠷᠴᠢᠨ ᠨᠦᠭᠦᠴᠡᠯ᠎ᠢ ᠪᠤᠢ ᠪᠣᠯᠭᠠᠵᠤ᠂ ᠲᠣᠭᠲᠠᠴᠠ᠎ᠶᠢᠨ ᠣᠢᠯᠠᠭᠠᠭᠳᠠᠬᠤᠨ᠎ᠤ ᠰᠢᠨ᠎ᠡ᠎ᠶᠢ ᠡᠭᠦᠳᠬᠦ ᠪᠠ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠠᠮᠢᠵᠢᠷᠠᠯ᠎ᠤᠨ ᠬᠦᠴᠦᠨ ᠪᠠ ᠳᠠᠯᠳᠠ ᠬᠦᠴᠦᠨ᠎ᠢ ᠲᠠᠰᠤᠷᠠᠯᠲᠠ ᠦᠭᠡᠢ ᠪᠠᠳᠠᠷᠠᠭᠤᠯᠤᠶ᠎ᠠ᠃ ᠳᠥᠷᠪᠡ᠎ᠳᠦ᠂ ᠪᠠᠭᠲᠠᠭᠠᠮᠵᠢᠲᠠᠢ ᠬᠥᠭᠵᠢᠯᠲᠡ᠎ᠶᠢ ᠪᠠᠷᠢᠮᠲᠠᠯᠠᠵᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠲᠦᠭᠡᠮᠡᠯ ᠬᠠᠷᠠᠭᠠᠯᠵᠠᠯ ᠲᠠᠢ ᠬᠠᠮᠲᠤ᠎ᠪᠠᠷ ᠡᠳ᠋ᠯᠡᠭᠦᠯᠵᠦ᠂ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ᠎ᠢ ᠨᠡᠮᠡᠭᠳᠡᠭᠦᠯᠵᠦ᠂ ᠡᠯ᠎ᠡ ᠲᠠᠯ᠎ᠠ᠎ᠶᠢᠨ ᠲᠠᠭᠠᠯᠠᠮᠵᠢ᠎ᠶᠢᠨ ᠬᠡᠮᠵᠢᠶ᠎ᠡ᠎ᠶᠢ ᠬᠠᠷᠠᠭᠠᠯᠵᠠᠵᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢᠨ ᠬᠠᠷᠠᠯᠲᠠ᠎ᠶᠢ ᠪᠡᠶᠡᠯᠡᠭᠦᠯᠬᠦ᠎ᠳᠦ ᠠᠰᠢᠭ᠍ᠲᠠᠢ ᠨᠥᠬᠥᠴᠡᠯ ᠬᠤᠷᠠᠮᠳᠤᠭᠤᠯᠤᠶ᠎ᠠ ᠭᠡᠵᠤ ᠵᠢᠭᠠᠵᠤ ᠭᠠᠷᠭᠠᠪᠠ᠃
ᠰᠢ ᠵᠢᠨ ᠫᠢᠩ᠂ ᠳᠤᠮᠳᠠᠳᠤ ᠤᠯᠤᠰ ᠪᠣᠯ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠰᠠᠨᠠᠭᠠᠴᠢᠯᠠᠭ᠍ᠴᠢ᠂ ᠠᠬᠢᠭᠤᠯᠤᠭ᠍ᠴᠢ᠂ ᠬᠣᠰᠢᠭᠤᠴᠢ ᠮᠥᠨ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ᠎ᠶᠢᠨ ᠬᠢᠨ᠎ᠲᠠᠢ ᠬᠠᠮᠲᠤ᠎ᠪᠠᠷ᠂ ᠣᠯᠠᠨ᠎ᠤ ᠣᠶᠤᠨ ᠤᠬᠠᠭᠠᠨ᠎ᠢ ᠲᠥᠪᠯᠡᠷᠡᠭᠦᠯᠵᠦ᠂ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠬᠠᠮᠲᠤ᠎ᠶᠢᠨ ᠴᠣᠭᠴᠠ᠎ᠶᠢᠨ 《ᠨᠢᠷᠤᠭᠤ ᠲᠤᠯᠭᠠᠭᠤᠷᠢ》 ᠵᠢ ᠭᠠᠷ ᠬᠣᠯᠪᠣᠯᠴᠠᠨ ᠪᠠᠢᠭᠤᠯᠤᠨ᠎ᠠ ᠭᠡᠵᠦ ᠴᠢᠬᠤᠯᠠᠴᠢᠯᠠᠪᠠ᠃
ᠨᠢᠭᠡᠳᠦᠭᠡᠷ᠎ᠲᠦ᠂ ᠠᠵᠤ ᠠᠬᠤᠢ ᠠᠷᠠᠯᠵᠢᠶᠠᠨ᠎ᠤ ᠲᠤᠯᠭᠠᠭᠤᠷᠢ᠎ᠶᠢ ᠴᠢᠩᠭᠠᠳᠬᠠᠶ᠎ᠠ᠃ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠴᠢᠯᠦᠭᠡᠲᠦ ᠠᠷᠠᠯᠵᠢᠶᠠᠨ᠎ᠤ ᠣᠷᠣᠨ ᠪᠣᠯ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠪᠦᠷᠢᠯᠳᠦᠭᠦᠨ᠎ᠦ ᠬᠠᠮᠲᠤ᠎ᠶᠢᠨ ᠬᠦᠰᠡᠯ ᠡᠷᠡᠮᠡᠯᠵᠡᠯ ᠮᠥᠨ᠂ ᠲᠣᠭᠲᠠᠭᠤᠨ᠎ᠢᠶᠠᠷ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠪᠠᠢᠷᠢᠰᠢᠯ᠎ᠢ ᠪᠤᠢ ᠪᠣᠯᠭᠠᠶ᠎ᠠ᠃ ᠣᠷᠣᠨ ᠪᠦᠰᠡ᠎ᠶᠢᠨ ᠠᠵᠤ ᠠᠬᠤᠢ ᠠᠷᠠᠯᠵᠢᠶᠠᠨ᠎ᠤ ᠵᠦᠪᠳᠡᠯᠴᠡᠭᠡᠷ᠎ᠢ ᠵᠣᠯᠭᠠᠭᠤᠯᠬᠤ᠎ᠶᠢ ᠠᠬᠢᠭᠤᠯᠵᠤ᠂ ᠠᠷᠠᠯᠵᠢᠶ᠎ᠠ ᠪᠡᠯᠡ ᠣᠷᠣᠭᠤᠯᠤᠯᠲᠠ᠎ᠶᠢᠨ ᠳᠥᠭᠥᠮᠴᠢᠯᠡᠯᠲᠡ᠂ ᠲᠣᠭᠠᠴᠢᠯᠠᠯᠲᠠ᠎ᠶᠢᠨ ᠲᠦᠪᠰᠢᠨ᠎ᠢ ᠳᠡᠭᠡᠭᠰᠢᠯᠡᠭᠦᠯᠵᠦ᠂ ᠠᠷᠠᠯᠵᠢᠶ᠎ᠠ ᠪᠡᠯᠡ ᠣᠷᠣᠭᠤᠯᠤᠯᠲᠠ᠎ᠶᠢᠨ ᠪᠡᠬᠢᠯᠡᠯᠲᠡ᠎ᠶᠢ ᠪᠠᠭᠠᠰᠬᠠᠶ᠎ᠠ᠃ ᠲᠦᠷᠦ᠎ᠶᠢᠨ ᠪᠣᠳᠣᠯᠭ᠎ᠠ᠎ᠶᠢᠨ ᠶᠠᠷᠢᠯᠴᠠᠭ᠎ᠠ᠎ᠶᠢ ᠴᠢᠩᠭᠠᠳᠬᠠᠵᠤ᠂ ᠲᠤᠷᠰᠢᠯᠭ᠎ᠠ᠎ᠶᠢᠨ ᠰᠣᠯᠢᠯᠴᠠᠭ᠎ᠠ ᠪᠠ ᠮᠡᠷᠭᠡᠵᠢᠯ᠎ᠦᠨ ᠬᠠᠮᠲᠤᠷᠠᠯᠴᠠᠭ᠎ᠠ ᠥᠷᠨᠢᠭᠦᠯᠵᠦ᠂ ᠡᠯ᠎ᠡ ᠲᠠᠯ᠎ᠠ᠎ᠶᠢᠨ ᠬᠢᠨ᠎ᠦ ᠥᠨᠳᠥᠷ ᠲᠦᠪᠰᠢᠨ ᠪᠦᠬᠦᠢ ᠠᠵᠤ ᠠᠬᠤᠢ ᠠᠷᠠᠯᠵᠢᠶᠠᠨ᠎ᠤ ᠲᠣᠬᠢᠷᠠᠭᠤᠯᠤᠯᠲᠠ᠎ᠳᠤ ᠣᠷᠣᠯᠴᠠᠬᠤ ᠴᠢᠳᠠᠪᠤᠷᠢ᠎ᠶᠢ ᠳᠡᠭᠡᠭᠰᠢᠯᠡᠭᠦᠯᠦᠶᠠ᠃
ᠬᠣᠶᠠᠳᠤᠭᠠᠷ᠎ᠲᠤ᠂ ᠬᠤᠯᠪᠤᠯᠳᠤᠨ ᠨᠡᠪᠳᠡᠷᠡᠯᠴᠡᠬᠦ ᠲᠤᠯᠭᠠᠭᠤᠷᠢ᠎ᠶᠢ ᠴᠢᠩᠭᠠᠳᠬᠠᠶ᠎ᠠ᠃ ᠬᠣᠯᠪᠣᠯᠳᠤᠨ ᠨᠡᠪᠲᠡᠷᠡᠯᠴᠡᠬᠦ ᠪᠣᠯ ᠣᠷᠣᠨ ᠪᠦᠰᠡ᠎ᠶᠢᠨ ᠠᠵᠤ ᠠᠬᠤᠢ᠎ᠶᠢᠨ ᠨᠢᠭᠡ ᠴᠣᠭᠴᠠᠵᠢᠯᠲᠠ ᠵᠢᠨ ᠬᠣᠯᠪᠣᠭᠠᠰᠤ ᠮᠥᠨ᠃ 《ᠬᠠᠲᠠᠭᠤ ᠬᠣᠯᠪᠣᠯᠳᠤᠨ ᠨᠡᠪᠲᠡᠷᠡᠯᠴᠡᠬᠡ》 ᠶ᠋ᠢ ᠪᠡᠬᠢᠵᠢᠭᠦᠯᠵᠦ᠂ ᠰᠠᠭᠤᠷᠢ ᠲᠥᠬᠦᠭᠡᠷᠦᠮᠵᠢ᠎ᠶᠢᠨ ᠲᠣᠣᠷ᠎ᠢ ᠲᠡᠭᠦᠯᠳᠡᠷᠵᠢᠭᠦᠯᠦᠶᠠ; 《ᠵᠥᠭᠡᠯᠡᠨ ᠬᠣᠯᠪᠣᠯᠳᠤᠨ ᠨᠡᠪᠲᠡᠷᠡᠯᠴᠡᠬᠡ》 ᠵᠢ ᠴᠢᠩᠭᠠᠳᠬᠠᠵᠤ᠂ ᠲᠦᠷᠦ᠎ᠶᠢᠨ ᠪᠣᠳᠣᠯᠭ᠎ᠠ ᠪᠠ ᠬᠢᠨᠠᠯᠲᠠ ᠬᠠᠮᠢᠶᠠᠷᠤᠯᠲᠠ᠎ᠶᠢᠨ ᠵᠣᠬᠢᠴᠠᠭᠤᠯᠭ᠎ᠠ᠎ᠶᠢ ᠠᠬᠢᠭᠤᠯᠤᠶ᠎ᠠ; 《ᠰᠡᠳᠬᠢᠯᠵᠢᠡᠷ ᠵᠢᠡᠨ ᠬᠣᠯᠪᠣᠯᠳᠤᠨ ᠨᠡᠪᠲᠡᠷᠡᠯᠴᠡᠬᠦ》 ᠵᠢ ᠨᠢᠭ᠍ᠲᠠᠷᠠᠭᠤᠯᠵᠤ᠂ ᠬᠤᠳᠠᠯᠳᠤᠭ᠎ᠠ ᠵᠢᠭᠤᠯᠴᠢᠯᠠᠯ ᠪᠠ ᠬᠥᠮᠥᠰ᠎ᠦᠨ ᠶᠠᠪᠤᠯᠴᠠᠭ᠎ᠠ᠎ᠳᠤ ᠲᠥᠬᠥᠮ ᠦᠵᠡᠭᠦᠯᠵᠦ᠂ ᠰᠣᠶᠣᠯ ᠢᠷᠭᠡᠨᠰᠢᠯ᠎ᠦᠨ ᠰᠣᠯᠢᠯᠴᠠᠭ᠎ᠠ ᠪᠠ ᠠᠷᠠᠳ ᠣᠯᠠᠨ᠎ᠤ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠤᠴᠢᠯᠠᠬᠤᠶᠢ ᠠᠬᠢᠭᠤᠯᠤᠶ᠎ᠠ᠃
ᠭᠤᠷᠪᠠᠳᠤᠭᠠᠷ᠎ᠲᠤ᠌᠂ ᠰᠢᠨ᠎ᠡ᠎ᠶᠢ ᠡᠭᠦᠳᠬᠦ᠌ ᠲᠤᠯᠭᠠᠭᠤᠷᠢ ᠵᠢ ᠴᠣᠭᠴᠠᠯᠠᠶ᠎ᠠ᠃ ᠲᠣᠭᠠᠴᠢᠯᠠᠭᠰᠠᠨ ᠠᠵᠤ ᠠᠬᠤᠢ ᠪᠣᠯᠤᠨ ᠵᠣᠬᠢᠶᠠᠮᠠᠯ ᠤᠶᠤᠨ ᠴᠢᠳᠠᠪᠤᠷᠢ ᠪᠣᠯ ᠰᠢᠨ᠎ᠡ᠎ᠶᠢ ᠡᠭᠦᠳᠬᠦ᠌ ᠨᠡᠮᠡᠭᠳᠡᠯ᠎ᠦᠨ ᠬᠥᠳᠡᠯᠭᠡᠭᠦᠷ ᠮᠥᠨ᠃ ᠲᠣᠭᠠᠴᠢᠯᠠᠭᠰᠠᠨ ᠰᠠᠭᠤᠷᠢ ᠲᠥᠬᠥᠭᠡᠷᠦᠮᠵᠢ᠎ᠶᠢᠨ ᠪᠦᠳᠦᠭᠡᠨ ᠪᠠᠶ᠋ᠢᠭᠤᠯᠤᠯᠲᠠ᠎ᠶᠢ ᠴᠢᠩᠭᠠᠳᠬᠠᠵᠤ᠂ ᠣᠷᠣᠨ ᠪᠦᠰᠡ᠎ᠶᠢᠨ ᠲᠣᠭ᠎ᠠ ᠪᠠᠷᠢᠮᠲᠠ᠎ᠵᠢᠨ ᠵᠠᠰᠠᠯᠳᠠ ᠪᠠ ᠬᠠᠮᠵᠢᠯᠴᠠᠭ᠎ᠠ ᠬᠠᠮᠲᠤᠷᠠᠯᠴᠠᠭ᠎ᠠ᠎ᠶᠢ ᠲᠡᠭᠦᠯᠳᠡᠷᠵᠢᠭᠦᠯᠵᠦ᠍᠂ ᠥᠨᠳᠥᠷ ᠪᠦᠲᠦᠮᠵᠢᠲᠡᠢ᠂ ᠳᠥᠭᠥᠮ ᠳᠥᠲᠡ᠂ ᠠᠮᠤᠷ ᠲᠦᠪᠰᠢᠨ ᠬᠢᠯᠢ ᠠᠯᠤᠰᠯᠠᠭᠰᠠᠨ ᠲᠣᠭ᠎ᠠ ᠪᠠᠷᠢᠮᠲᠠ᠎ᠶᠢᠨ ᠭᠦᠢᠯᠭᠡᠭᠡ᠎ᠶᠢ ᠪᠡᠶᠡᠯᠡᠭᠦᠯᠤᠶ᠎ᠠ᠃ ᠨᠡᠭᠡᠭᠡᠯᠲᠡ ᠬᠢᠵᠦ᠍ ᠰᠢᠨ᠎ᠡ᠎ᠶᠢ ᠡᠭᠦᠳᠬᠦ᠌ ᠠᠮᠢ ᠠᠬᠤᠶ᠎ᠶᠢ ᠪᠤᠢ ᠪᠣᠯᠭᠠᠵᠤ᠂ ᠵᠣᠬᠢᠶᠠᠮᠠᠯ ᠣᠶᠤᠨ ᠴᠢᠳᠠᠪᠤᠷᠢ᠎ᠶᠢ ᠥᠷᠭᠡᠨ᠎ᠢᠶᠡᠷ ᠬᠡᠷᠡᠭᠯᠡᠬᠦ᠌᠎ᠶᠢ ᠠᠬᠢᠭᠤᠯᠵᠤ᠂ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠬᠦ᠌᠂ ᠰᠢᠨ᠎ᠡ ᠲᠡᠢᠰᠢ ᠬᠥᠭᠵᠢᠬᠦ᠌᠎ᠶᠢ ᠠᠬᠢᠭᠤᠯᠤᠶ᠎ᠠ᠃
ᠳᠥᠷᠪᠡᠳᠦᠭᠡᠷᠲᠦ᠍᠂ ᠬᠥᠭᠵᠢᠯᠲᠡ᠎ᠶᠢᠨ ᠲᠤᠯᠭᠠᠭᠤᠷᠢ ᠵᠢ ᠪᠡᠬᠢᠵᠢᠭᠦᠯᠤᠶᠠ᠃ ᠴᠢᠳᠠᠪᠤᠷᠢ᠎ᠶᠢᠨ ᠪᠠᠶ᠋ᠢᠭᠤᠯᠤᠯᠲᠠ᠎ᠶᠢ ᠴᠢᠩᠭᠠᠳᠬᠠᠵᠤ᠂ ᠣᠷᠣᠨ ᠪᠦᠰᠡ᠎ᠶᠢᠨ ᠡᠨᠧᠷᠭᠢ ᠪᠣᠯᠤᠨ ᠠᠮᠤ ᠪᠤᠳᠠᠭᠠᠨ᠎ᠤ ᠠᠮᠤᠷ ᠲᠦᠪᠰᠢᠨ᠎ᠦ ᠬᠠᠮᠲᠤᠷᠠᠯᠴᠠᠭ᠎ᠠ᠎ᠶᠢ ᠠᠬᠢᠭᠤᠯᠵᠤ᠂ ᠬᠢᠯᠢ ᠠᠯᠤᠰᠯᠠᠭᠰᠠᠨ ᠢᠯᠵᠢᠷᠡᠯ᠎ᠦᠨ ᠵᠠᠰᠠᠯᠲᠠ᠎ᠶᠢ ᠭᠦᠨᠵᠡᠭᠡᠶ᠋ᠢᠷᠡᠭᠦᠯᠤᠶᠠ᠃ ᠡᠬᠢ ᠪᠠᠶᠠᠯᠢᠭ᠂ ᠣᠷᠴᠢᠨ ᠲᠤᠭᠤᠷᠢᠨ᠂ ᠬᠥᠮᠦᠨ ᠠᠮᠠ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥᠢ᠍ᠷᠥᠭᠴᠢᠳᠤ ᠬᠠᠮᠲᠤᠷᠠᠯᠴᠠᠭ᠎ᠠ᠎ᠶᠢ ᠥᠷᠭᠡᠳᠬᠡᠵᠦ᠍᠂ ᠠᠵᠤ ᠠᠬᠤᠢ᠎ᠶᠢᠨ ᠦᠷᠭᠦᠯᠵᠢᠯᠡᠬᠦ᠌ ᠨᠡᠮᠡᠭᠳᠡᠯ᠎ᠢ ᠪᠡᠶᠡᠯᠡᠭᠦᠯᠦᠶ᠎ᠠ᠃ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠪᠠ ᠬᠥᠮᠦᠨ᠎ᠳᠦ ᠪᠠᠯᠠ ᠣᠷᠣᠭᠤᠯᠬᠤ᠎ᠶᠢ ᠳᠡᠮᠵᠢᠵᠦ᠍᠂ ᠡᠷᠡᠭᠦᠯ ᠮᠡᠨᠳᠦ ᠨᠠᠰᠤᠵᠢᠯᠳᠠ ᠵᠢᠨ ᠠᠵᠢᠯᠯᠠᠭ᠎ᠠ᠎ᠶᠢ ᠬᠡᠷᠡᠭᠵᠢᠭᠦᠯᠦᠨ᠂ ᠠᠵᠢᠯ ᠣᠯᠭᠣᠯᠲᠠ ᠪᠠ ᠠᠵᠢᠯ ᠮᠡᠷᠭᠡᠵᠢᠯ᠎ᠦᠨ ᠤᠷ᠎ᠠ ᠮᠡᠷᠭᠡᠵᠢᠯ ᠤ᠋ᠨ ᠨᠡᠭᠡᠭᠡᠨ ᠬᠥᠭᠵᠢᠭᠦᠯᠬᠦ᠌᠎ᠶᠢ ᠠᠬᠢᠭᠤᠯᠵᠤ᠂ ᠡᠮᠡᠭᠲᠡᠶ᠋ᠢᠴᠦᠳ᠎ᠦᠨ ᠠᠵᠤ ᠠᠬᠤᠶ᠎ᠶᠢᠨ ᠡᠷᠬᠡ ᠣᠯᠭᠣᠬᠤ ᠪᠠ ᠵᠠᠯᠠᠭᠤ ᠴᠢᠳᠠᠪᠤᠷᠢᠲᠠᠨ᠎ᠤ ᠰᠣᠯᠢᠯᠴᠠᠭ᠎ᠠ ᠬᠢᠬᠦ᠌᠎ᠶᠢ ᠳᠡᠮᠵᠢᠵᠦ᠍᠂ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠶᠠ᠃
ᠰᠢ ᠵᠢᠨ ᠫᠢᠩ ᠲᠤᠮᠳᠠᠳᠤ ᠤᠯᠤᠰ ᠤ᠋ᠨ ᠠᠽᠢᠶ᠎ᠠ ᠲᠢᠪ ᠨᠤᠮᠤᠬᠠᠨ ᠲᠠᠯᠠᠢ ᠵᠢᠨ ᠤᠷᠤᠨ ᠤ᠋ ᠬᠠᠮᠳᠤᠷᠠᠯᠴᠠᠭᠠᠨ ᠤ᠋ ᠬᠠᠮᠤᠭ ᠤ᠋ᠨ ᠰᠢᠨ᠎ᠠ ᠠᠷᠭ᠎ᠠ ᠬᠡᠮᠵᠢᠶ᠎ᠠ ᠵᠢ ᠨᠠᠢᠳᠠᠯᠡᠵᠤ᠂ 2000 ᠲᠦᠮᠡᠨ ᠳ᠋ᠣᠯᠯᠠᠷ ᠬᠠᠩᠭᠠᠵᠤ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠥᠷᠨᠢᠭᠦᠯᠬᠦ᠌᠎ᠳᠦ ᠲᠤᠰᠠᠯᠠᠮᠵᠢ ᠦᠵᠡᠭᠦᠯᠦᠨ᠎ᠡ; ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢᠨ ᠰᠤᠳᠤᠯᠭᠠᠨ᠎ᠤ ᠲᠥᠪ ᠢ᠋ ᠪᠠᠶ᠋ᠢᠭᠤᠯᠵᠤ᠂ ᠲᠦᠷᠦ᠎ᠶᠢᠨ ᠪᠤᠳᠤᠯᠭ᠎ᠠ᠎ᠶᠢᠨ ᠰᠤᠳᠤᠯᠭᠠᠨ ᠪᠠ ᠰᠣᠯᠢᠯᠴᠠᠭ᠎ᠠ ᠥᠷᠨᠢᠭᠦᠯᠵᠦ᠍᠂ ᠤᠶᠤᠨ᠎ᠤ ᠲᠤᠯᠭᠠᠭᠤᠷᠢᠯᠠᠯ ᠬᠠᠩᠭᠠᠨ᠎ᠠ; ᠲᠣᠭᠠᠴᠢᠯᠠᠭᠰᠠᠨ ᠮᠡᠷᠭᠡᠵᠢᠯ᠂ ᠲᠣᠭ᠎ᠠ ᠪᠠᠷᠢᠮᠲᠠ᠎ᠶᠢᠨ ᠬᠢᠯᠢ ᠠᠯᠤᠰᠯᠠᠭᠰᠠᠨ ᠰᠢᠯᠵᠢᠯᠲᠡ᠂ ᠴᠡᠪᠡᠷ ᠡᠨᠧᠷᠭᠢ᠂ ᠳᠤᠮᠳᠠ ᠪᠠᠭ᠎ᠠ ᠠᠵᠤ ᠠᠬᠤᠶ᠋ᠢᠯᠠᠯ᠎ᠤᠨ ᠬᠥᠭᠵᠢᠯᠲᠡ ᠵᠡᠷᠭᠡ ᠬᠦᠷᠢᠶᠡᠨ᠎ᠳᠦ ᠬᠠᠮᠲᠤᠷᠠᠯᠴᠠᠭᠠᠨ᠎ᠤ ᠪᠠᠶ᠋ᠢᠭᠤᠯᠤᠮᠵᠢ ᠪᠠᠶ᠋ᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠰᠢᠨ᠎ᠡ᠎ᠶᠢ ᠡᠭᠦᠳᠬᠦ᠌᠂ ᠪᠣᠬᠢᠷᠲᠤᠯ ᠦᠭᠡᠢ ᠨᠡᠮᠡᠭᠳᠡᠯ᠎ᠳᠦ ᠬᠦᠴᠦᠨ ᠨᠡᠮᠡᠷᠢᠯᠡᠨ᠎ᠡ᠃
ᠡᠯ᠎ᠡ ᠠᠵᠤ ᠠᠬᠤᠢ᠎ᠶᠢᠨ ᠴᠣᠭᠴᠠ᠎ᠶᠢᠨ ᠤᠳᠤᠷᠢᠳᠬᠤ ᠬᠥᠮᠦᠰ ᠵᠢᠴᠢ ᠲᠥᠯᠥᠭᠡᠯᠡᠭᠴᠢᠳ ᠬᠤᠷᠠᠯ᠎ᠤᠨ 《ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠵᠤ᠂ ᠬᠠᠮᠲᠤ᠎ᠶᠢᠨ ᠴᠡᠴᠡᠭᠯᠡᠯ ᠬᠥᠭᠵᠢᠯ᠎ᠢ ᠠᠬᠢᠭᠤᠯᠤᠶ᠎ᠠ》 ᠭᠡᠬᠦ᠌ ᠭᠣᠣᠯ ᠰᠡᠳᠦᠪ᠎ᠦᠨ ᠲᠣᠭᠣᠷᠢᠨ᠎ᠳᠤ ᠳᠡᠰ ᠲᠠᠷᠠᠭᠠᠯᠠᠨ ᠦᠭᠡ ᠬᠡᠯᠡᠪᠡ᠃ ᠡᠯ᠎ᠡ ᠲᠠᠯ᠎ᠠ᠎ᠶᠢᠨ ᠬᠢᠨ APEC ᠤ᠋ᠨ 《ᠳᠤᠮᠳᠠᠳᠤ ᠤᠯᠤᠰ᠎ᠤᠨ ᠣᠨ》 ᠤ᠋ ᠣᠯᠤᠭᠰᠠᠨ ᠪᠠᠶᠠᠯᠢᠭ ᠦᠷ᠎ᠡ ᠪᠦᠲᠦᠭᠡᠯ᠎ᠢ ᠳᠡᠭᠡᠳᠦ ᠬᠡᠮᠵᠢᠶ᠎ᠡ᠎ᠪᠡᠷ ᠦᠨᠡᠯᠡᠵᠦ᠍ ᠪᠠᠶ᠋ᠢᠨ᠎ᠠ᠂ ᠳᠤᠮᠳᠠᠳᠤ᠎ᠤᠯᠤᠰ ᠤ᠋ᠨ ᠭᠠᠷᠮᠠᠭᠠᠶ ᠠᠵᠢᠯ ᠬᠢᠭᠰᠡᠨ᠎ᠳᠦ ᠲᠠᠯᠠᠷᠬᠠᠵᠤ ᠪᠠᠶ᠋ᠢᠨ᠎ᠠ᠂ ᠲᠡᠷᠢᠭᠦᠯᠡᠭᠴᠢ ᠰᠢ ᠵᠢᠨ ᠫᠢᠩ᠎ᠦᠨ ᠳᠤᠷᠠᠳᠤᠭᠰᠠᠨ ᠴᠢᠬᠤᠯᠠ ᠶᠡᠬᠡ ᠰᠠᠨᠠᠭᠠᠴᠢᠯᠠᠭ᠎ᠠ ᠠᠷᠭ᠎ᠠ ᠬᠡᠮᠵᠢᠶ᠎ᠡ᠎ᠶᠢ ᠢᠳᠡᠪᠬᠢᠲᠡᠶ ᠴᠤᠤᠷᠢᠶᠠᠲᠤᠨ ᠳᠠᠭᠠᠵᠤ ᠪᠠᠶ᠋ᠢᠨ᠎ᠠ᠃ ᠡᠯ᠎ᠡ ᠲᠠᠯ᠎ᠠ᠎ᠶᠢᠨ ᠬᠢᠨ᠂ ᠳᠤᠷᠠᠲᠠᠶ᠎ᠠ ᠡᠯ᠎ᠡ ᠬᠦᠷᠢᠶᠡᠨ᠎ᠳ᠋ᠡᠬᠢ ᠬᠠᠮᠲᠤᠷᠠᠯᠴᠠᠭ᠎ᠠ᠎ᠪᠠᠨ ᠨᠢᠭᠲᠠᠷᠠᠭᠤᠯᠵᠤ᠂ ᠠᠶᠤᠯ ᠲᠦᠭᠰᠢᠭᠦᠷᠢ ᠥᠷᠢᠰᠥᠯᠳᠦᠭᠡᠨ᠎ᠢ ᠭᠠᠷ ᠬᠣᠯᠪᠣᠯᠴᠠᠨ ᠠᠷᠭᠠᠴᠠᠭᠠᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠨᠡᠩ ᠶᠡᠬᠡ ᠬᠥᠭᠵᠢᠯᠲᠡ᠎ᠶᠢ ᠪᠡᠶᠡᠯᠡᠭᠦᠯᠬᠦ᠌᠎ᠶᠢ ᠠᠬᠢᠭᠤᠯᠵᠤ᠂ ᠭᠠᠵᠠᠷ ᠣᠷᠣᠨ ᠪᠣᠯᠤᠨ ᠳᠡᠯᠡᠬᠡᠢ᠎ᠶᠢᠨ ᠡᠩᠬᠡ ᠲᠠᠶ᠋ᠢᠪᠤᠩ᠂ ᠲᠣᠭᠲᠠᠭᠤᠨ᠂ ᠬᠥᠭᠵᠢᠯ ᠴᠡᠴᠡᠭᠯᠡᠯ᠎ᠳᠦ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠬᠡᠵᠡᠭᠡᠪᠡ᠃ ᠣᠯᠠᠨ ᠤᠯᠤᠰ᠎ᠤᠨ ᠵᠣᠭᠣᠰᠣᠨ᠎ᠤ ᠰᠠᠭᠤᠷᠢ ᠮᠥᠩᠭᠥᠨ᠎ᠦ ᠵᠣᠬᠢᠶᠠᠨ ᠪᠠᠶ᠋ᠢᠭᠤᠯᠤᠯᠲᠠ᠎ᠶᠢᠨ ᠶᠡᠷᠦᠩᠬᠡᠶ ᠵᠠᠬᠢᠷᠤᠯ ᠭᠸ᠊ ᠊ ᠣᠷᠵᠢᠶᠧᠸᠠ ᠤᠷᠢᠯᠭ᠎ᠠ᠎ᠪᠠᠷ ᠣᠳᠣᠬᠠᠨ᠎ᠤ ᠪᠦᠬᠦ᠌ ᠪᠥᠮᠪᠥᠷᠴᠡᠭ᠎ᠦᠨ ᠠᠵᠤ ᠠᠬᠤᠶ᠎ᠶᠢᠨ ᠪᠠᠶ᠋ᠢᠳᠠᠯ᠎ᠢ ᠲᠠᠨᠢᠯᠴᠠᠭᠤᠯᠪᠠ᠃
ᠰᠢ ᠵᠢᠨ ᠫᠢᠩ ᠡᠯ᠎ᠡ ᠲᠠᠯ᠎ᠠ᠎ᠶᠢᠨ ᠬᠢᠨ᠎ᠦ ᠶᠠᠷᠢᠬᠤ ᠵᠢ ᠰᠣᠨᠣᠰᠤᠭᠰᠠᠨ᠎ᠤ ᠳᠠᠷᠠᠭ᠎ᠠ ᠳ᠋ᠦᠩᠨᠡᠯᠲᠡ᠎ᠶᠢᠨ ᠶᠠᠷᠢᠶ᠎ᠠ ᠲᠠᠯᠪᠢᠵᠤ᠂ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠬᠠᠮᠲᠤᠷᠠᠯᠴᠠᠭ᠎ᠠ᠎ᠶᠢ ᠴᠢᠨᠠᠷ ᠰᠠᠶ᠋ᠢᠲᠠᠶ ᠠᠬᠢᠭᠤᠯᠬᠤ ᠲᠤᠬᠠᠶ 3 ᠵᠣᠷᠢᠯᠲᠠ ᠳᠤᠷᠠᠳᠪᠠ᠄ ᠨᠢᠭᠡ᠎ᠳᠦ᠂ ᠢᠲᠡᠭᠡᠯ ᠵᠣᠷᠢᠭ᠎ᠢᠶᠠᠨ ᠪᠠᠲᠤᠳᠬᠠᠵᠤ᠂ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠬᠠᠮᠲᠤ᠎ᠶᠢᠨ ᠲᠠᠨᠢᠯᠲᠠ᠎ᠶᠢ ᠠᠵᠢᠯᠯᠠᠭ᠎ᠠ ᠪᠣᠯᠭᠠᠵᠤ᠂ ᠬᠦᠰᠡᠯ ᠡᠷᠡᠮᠡᠯᠵᠡᠯ᠎ᠢ ᠪᠣᠳᠠᠲᠤ᠌ ᠠᠬᠤᠶ ᠪᠣᠯᠭᠠᠬᠤ᠎ᠪᠠᠷ ᠴᠢᠷᠮᠠᠶ᠋ᠢᠶ᠎ᠠ᠃ ᠬᠣᠶᠠᠷ᠎ᠲᠤ᠌᠂ ᠴᠢᠭᠯᠡᠯ᠎ᠢᠶᠡᠨ ᠣᠨᠣᠪᠴᠢᠲᠠᠢ ᠡᠵᠡᠮᠳᠡᠵᠦ᠍᠂ ᠢᠮᠠᠭᠲᠠ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠶᠡᠬᠡ ᠴᠢᠭᠯᠡᠯ᠎ᠢ ᠭᠤᠶ᠋ᠢᠪᠢᠰᠢ ᠦᠭᠡᠢ ᠪᠠᠳᠤ ᠡᠵᠡᠮᠳᠡᠵᠤ᠂ ᠴᠢᠩᠭ᠎ᠠ ᠡᠭᠦᠷᠭᠡ ᠬᠠᠷᠢᠭᠤᠴᠠᠯᠭᠠᠲᠤ᠌ ᠰᠡᠳᠬᠢᠯᠭᠡ᠎ᠪᠡᠷ ᠡᠯ᠎ᠡ ᠬᠦᠷᠢᠶᠡᠨ᠎ᠳ᠋ᠡᠬᠢ ᠬᠠᠮᠲᠤᠷᠠᠯᠴᠠᠭ᠎ᠠ᠎ᠶᠢ ᠠᠬᠢᠭᠤᠯᠵᠤ᠂ ᠭᠠᠷ ᠬᠣᠯᠪᠣᠯᠴᠠᠨ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠨᠡᠩ ᠰᠠᠢ᠌ᠨ ᠰᠠᠶ᠋ᠢᠬᠠᠨ ᠢᠷᠡᠭᠡᠳᠦᠢ᠎ᠶᠢ ᠴᠣᠭᠴᠠᠯᠠᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠤᠶ᠎ᠠ᠃ ᠭᠤᠷᠪᠠ᠎ᠳᠤ᠂ ᠪᠣᠳᠠᠲᠠᠢ ᠠᠵᠢᠯᠯᠠᠨ ᠪᠠᠲᠤᠲᠠᠢ ᠦᠢᠯᠡᠳᠦᠯᠭᠡᠵᠢᠭᠦᠯᠵᠦ᠍᠂ ᠬᠥᠭᠵᠢᠯᠲᠡ ᠭᠡᠬᠦ᠌ ᠡᠨᠡ ᠬᠦ᠌ ᠬᠠᠮᠤᠭ᠎ᠤᠨ ᠶᠡᠬᠡ ᠶᠡᠷᠦᠩᠬᠡᠢ ᠬᠤᠷᠢᠶᠠᠭᠴᠢ ᠲᠣᠭ᠎ᠠ᠎ᠶᠢ ᠠᠳᠬᠤᠵᠤ᠂ ᠵᠢᠮ᠎ᠡ ᠶᠣᠰᠣ᠎ᠶᠢ ᠬᠦᠨᠳᠦᠳᠬᠡᠵᠦ᠍᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠰᠠᠶ᠋ᠢᠲᠤᠷ ᠬᠢᠵᠦ᠍ ᠰᠠᠶ᠋ᠢᠲᠤᠷ ᠪᠦᠲᠦᠭᠡᠵᠦ᠍᠂ ᠨᠢᠳᠤᠨ ᠳ᠋ᠤ ᠦᠵᠡᠭᠳᠡᠮ᠎ᠠ ᠭᠠᠷ ᠲᠤ᠌ ᠪᠠᠷᠢᠬᠳᠠᠮ᠎ᠠ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢ ᠲᠠᠰᠤᠷᠠᠯᠲᠠ ᠦᠭᠡᠢ ᠣᠯᠤᠶ᠎ᠠ᠃
ᠬᠤᠷᠠᠯ᠎ᠤᠨ ᠡᠴᠦᠰ᠎ᠲᠦ᠍ ᠡᠷᠬᠢᠯᠡᠭᠴᠢ ᠤᠯᠤᠰ᠎ᠤ᠋ᠨ ᠲᠤᠰᠢᠶᠠᠯ ᠵᠢᠡᠨ ᠲᠤᠰᠢᠶᠠᠵᠤ ᠲᠤᠰᠢᠶᠠᠯ ᠢ᠋ ᠭᠥᠯᠢᠶᠡᠨ ᠠᠪᠬᠤ ᠠᠵᠢᠯᠯᠠᠭ᠎ᠠ ᠶᠠᠪᠤᠬᠳᠠᠭᠤᠯᠵᠤ᠂ 2027 ᠣᠨ᠎ᠤ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠠᠵᠤ ᠠᠬᠤᠶ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠡᠷᠬᠢᠯᠡᠭᠴᠢ ᠤᠯᠤᠰ ᠪᠣᠯᠬᠤ ᠸᠢᠶᠧᠲ᠋ᠨᠠᠮ᠎ᠤᠨ ᠤᠯᠤᠰ᠎ᠤᠨ ᠲᠡᠷᠢᠭᠦᠯᠡᠭᠴᠢ ᠰᠣ᠌ ᠯᠢᠨ ᠡᠯ᠎ᠡ ᠠᠵᠤ ᠠᠬᠤᠶ᠎ᠶᠢᠨ ᠴᠣᠭᠴᠠ᠎ᠶᠢᠨ ᠤᠳᠤᠷᠢᠳᠬᠤ ᠬᠥᠮᠦᠰ᠂ ᠲᠦᠯᠦᠬᠡᠯᠡᠭᠴᠢ ᠵᠢᠨ ᠳᠠᠷᠠᠭ᠎ᠠ ᠵᠢᠯ ᠸᠢᠶᠧᠲ᠋ᠨᠠᠮ᠎ᠳᠤ ᠬᠦᠷᠴᠦ᠍ ᠬᠤᠷᠠᠯ᠎ᠳᠤ ᠣᠷᠣᠯᠴᠠᠬᠤ ᠵᠢ ᠪᠠᠶᠠᠷᠯᠡᠨ ᠤᠬᠳᠤᠪᠠ᠃
ᠬᠤᠷᠠᠯ᠎ᠡᠴᠡ 2026 ᠣᠨ᠎ᠤ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ᠎ᠦᠨ ᠲᠤᠩᠬᠠᠭ᠎ᠢ ᠰᠠᠨᠠᠯ ᠨᠢᠭᠡᠲᠡᠢ ᠪᠠᠲᠤᠯᠠᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢᠨ ᠪᠦᠲᠦᠭᠡᠨ ᠪᠠᠶ᠋ᠢᠭᠤᠯᠤᠯᠲᠠ᠎ᠶᠢᠨ ᠲᠤᠬᠠᠢ《ᠱᠧᠨᠵᠧᠨ᠎ᠦ ᠪᠠᠷᠠᠯᠠᠯ》ᠵᠢᠴᠢ ᠠᠷᠠᠯᠵᠢᠶ᠎ᠠ᠂ ᠬᠤᠯᠪᠤᠯᠳᠤᠨ ᠨᠡᠪᠳᠡᠷᠡᠯᠴᠡᠬᠦ᠂ ᠰᠢᠨ᠎ᠡ᠎ᠶᠢ ᠡᠭᠦᠳᠬᠦ᠌ ᠬᠦᠷᠢᠶᠡᠨ᠎ᠳ᠋ᠡᠬᠢ 3 ᠦᠷ᠎ᠡ ᠪᠦᠲᠦᠭᠡᠯ᠎ᠦᠨ ᠪᠢᠴᠢᠭ ᠮᠠᠲ᠋ᠧᠷᠢᠶᠠᠯ᠎ᠢ ᠳᠤᠷᠠᠳᠪᠠ᠃
ᠼᠠᠢ ᠴᠢ᠂ ᠸᠠᠩ ᠢ ᠬᠤᠷᠠᠯ᠎ᠳᠤ ᠣᠷᠣᠯᠴᠠᠵᠠᠢ᠃
(ᠰᠢᠨᠬᠤᠸᠠ ᠬᠣᠷᠢᠶ᠎ᠠ ᠵᠢᠨ ᠱᠧᠨᠵᠧᠨ᠎ᠦ 11 ᠰᠠᠷ᠎ᠠ᠎ᠶᠢᠨ 19 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃