ᠲᠡᠷᠢᠭᠦᠨ ᠨᠢᠭᠤᠷ - ᠵᠢᠷᠤᠭᠲᠤ ᠮᠡᠳᠡᠭᠡ

2026-11-24 17:12:20

ᠵᠣᠬᠢᠶᠠᠭ᠍ᠴᠢ᠄ ᠪᠠᠢ ᠰᠢᠦᠸᠠᠢ ᠣᠩᠱᠢᠭ᠍ᠰᠠᠨ ᠣᠳᠠᠭ᠎ᠠ᠄ 3

ᠪᠤᠯᠤᠩ ᠨᠡᠬᠡᠬᠡᠬᠦ ᠦᠭᠡ᠄

ᠥᠩᠭᠡᠷᠡᠭᠰᠡᠨ ᠲᠠᠪᠤᠨ ᠵᠢᠯ ᠢ᠋ ᠡᠷᠬᠢᠴᠡᠭᠦᠯᠪᠡᠯ᠂ ᠥᠪᠥᠷ ᠮᠣᠩᠭᠣᠯ ᠴᠢᠨᠠᠷ ᠰᠠᠢᠲᠠᠢ ᠬᠥᠭᠵᠢᠯᠲᠡ ᠵᠢᠨ ᠵᠠᠮ ᠵᠢᠡᠷ ᠢᠳᠡᠷᠡᠬᠦᠨ ᠤᠷᠤᠭᠰᠢᠯᠠᠵᠠᠢ᠃ ᠡᠨᠡ ᠲᠠᠪᠤᠨ ᠵᠢᠯ ᠳ᠋ᠤ᠂ ᠶᠡᠷᠦᠩᠬᠡᠢᠯᠡᠭᠰᠡᠨ ᠠᠵᠤ ᠠᠬᠤᠢ ᠵᠢᠨ ᠪᠣᠳᠠᠲᠤ ᠬᠦᠴᠦᠨ ᠶᠡᠬᠡ ᠪᠡᠷ ᠨᠡᠮᠡᠭᠳᠡᠨ᠂ ᠤᠯᠤᠰ ᠤ᠋ᠨ ᠶᠡᠬᠡ ᠲᠠᠯ᠎ᠠ ᠳ᠋ᠤ ᠦᠢᠯᠡᠴᠢᠯᠡᠬᠦ ᠴᠢᠳᠠᠪᠤᠷᠢ ᠲᠠᠰᠤᠷᠠᠯᠲᠠ ᠦᠭᠡᠢ ᠴᠢᠩᠭᠠᠷᠠᠵᠤ᠂ ᠴᠢᠨᠠᠷ ᠰᠠᠢᠲᠠᠢ ᠬᠥᠭᠵᠢᠯᠲᠡ ᠲᠣᠭᠲᠠᠭᠤᠨ ᠵᠢᠡᠷ ᠠᠬᠢᠵᠤ᠂ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠦᠷᠭᠦᠯᠵᠢᠯᠡᠨ ᠪᠡᠬᠢᠵᠢᠵᠤ᠂ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠲᠠᠰᠤᠷᠠᠯᠲᠠ ᠦᠭᠡᠢ ᠨᠡᠮᠡᠭᠳᠡᠨ᠂ ᠦᠨᠳᠦᠰᠦᠲᠡᠨ ᠤ᠋ ᠪᠦᠯᠬᠦᠮᠳᠡᠯ ᠤ᠋ᠨ ᠪᠠᠢᠳᠠᠯ  ᠦᠷᠭᠦᠯᠵᠢᠯᠡᠨ ᠪᠡᠬᠢᠵᠢᠪᠡ᠃ ᠥᠪᠡᠷᠲᠡᠭᠡᠨ ᠵᠠᠰᠠᠬᠤ ᠣᠷᠣᠨ ᠤ᠋ ᠠᠷᠪᠠᠨ ᠬᠣᠶᠠᠳᠤᠭᠠᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠬᠤᠷᠠᠯᠳᠤᠬᠤ ᠵᠢ ᠤᠭᠲᠤᠬᠤ ᠵᠢᠨ ᠲᠥᠯᠥᠭᠡ᠂ ᠲᠤᠰ ᠰᠣᠨᠢᠨ 《ᠡᠨᠡ ᠲᠠᠪᠤᠨ ᠵᠢᠯ·ᠥᠪᠥᠷ ᠮᠣᠩᠭᠣᠯ ᠤ᠋ᠨ ᠬᠠᠷᠢᠭᠤᠯᠳᠠ ᠵᠢᠨ ᠬᠠᠭᠤᠳᠠᠰᠤ》 ᠰᠢᠷᠢᠰ ᠲᠤᠰᠬᠠᠢ ᠬᠡᠪᠯᠡᠯ ᠢ᠋ ᠨᠡᠢᠲᠡᠯᠡᠭᠦᠯᠵᠤ᠂ ᠠᠬᠤᠢ ᠦᠵᠡᠭᠳᠡᠯ ᠵᠢᠡᠷ ᠲᠡᠮᠡᠴᠡᠯ ᠤ᠋ᠨ ᠤᠯᠠ ᠮᠥᠷ ᠢ᠋ ᠬᠠᠷᠠᠭᠤᠯᠤᠨ᠂ ᠬᠡᠷᠡᠯ ᠵᠢᠷᠤᠭ ᠵᠢᠡᠷ ᠴᠠᠭ ᠦᠶ᠎ᠡ ᠵᠢᠨ ᠬᠦᠭᠵᠢᠯᠳᠡ ᠳᠠᠪᠰᠢᠯᠳᠠ ᠵᠢ ᠭᠡᠷᠡᠴᠢᠯᠡᠬᠦ ᠵᠢ ᠵᠤᠷᠢᠵᠠᠢ᠃  — ᠨᠠᠢᠷᠠᠭᠤᠯᠤᠭᠴᠢ ᠡᠴᠡ


ᠲᠠᠪᠤᠨ ᠵᠢᠯ ᠳ᠋ᠤ ᠶᠠᠭᠤ ᠵᠢ ᠬᠤᠪᠢᠷᠠᠭᠤᠯᠵᠤ ᠴᠢᠳᠠᠬᠤ ᠪᠣᠢ?ᠡᠨᠡ ᠲᠠᠪᠤᠨ ᠵᠢᠯ ᠳ᠋ᠤ᠂ ᠥᠪᠥᠷ ᠮᠣᠩᠭᠣᠯ ᠤ᠋ᠨ ᠠᠵᠤ ᠠᠬᠤᠢ ᠵᠢᠨ ᠶᠡᠷᠦᠩᠬᠡᠢ ᠬᠡᠮᠵᠢᠶ᠎ᠡ 1.74 ᠲᠦᠮᠡᠨ ᠳ᠋ᠦᠩᠰᠢᠭᠤᠷ ᠲᠥᠭᠥᠷᠢᠭ ᠪᠠᠢᠭᠰᠠᠨ ᠡᠴᠡ 2.67 ᠲᠦᠮᠡᠨ ᠳ᠋ᠦᠩᠰᠢᠭᠤᠷ ᠲᠥᠭᠥᠷᠢᠭ ᠲᠦ᠍ ᠬᠦᠷᠴᠦ᠂ ᠬᠥᠮᠦᠨ ᠳᠤᠮᠳᠠᠴᠢ ᠵᠢᠨ GDP ᠪᠡᠷ ᠪᠦᠬᠦ ᠤᠯᠤᠰ ᠤ᠋ᠨ ᠡᠮᠦᠨ᠎ᠡ 8 ᠳ᠋ᠤ ᠵᠢᠭᠰᠠᠨ᠂ ᠨᠡᠭᠦᠷᠡᠰᠦ ᠪᠡᠷ ᠠᠯᠺᠸᠠ ᠨᠡᠭᠦᠷᠦᠭᠴᠢ ᠦᠢᠯᠡᠳᠬᠦ ᠦᠢᠯᠡᠳᠪᠦᠷᠢᠯᠡᠯ ᠤ᠋ᠨ ᠴᠢᠳᠠᠪᠤᠷᠢ ᠪᠦᠬᠦ ᠤᠯᠤᠰ ᠤ᠋ᠨ ᠡᠮᠦᠨ᠎ᠡ ᠡᠩᠨᠡᠭᠡᠨ ᠳ᠋ᠤ ᠣᠷᠣᠵᠤ᠂ ᠬᠢᠯᠢ ᠵᠢᠨ ᠪᠤᠭᠤᠮᠳᠠ ᠪᠡᠷ ᠦᠩᠬᠡᠷᠡᠭᠦ ᠪᠠᠷᠠᠭᠠᠨ ᠤ᠋ ᠲᠡᠷᠭᠡ ᠵᠢᠨ ᠪᠤᠭᠤᠮᠳᠠ ᠦᠩᠬᠡᠷᠡᠬᠦᠯᠬᠦ ᠬᠤᠷᠳᠤᠴᠠ ᠰᠢᠨ᠎ᠠ ᠲᠡᠭᠳᠡᠷ ᠲᠦ᠍ ᠭᠠᠷᠴᠠᠢ᠃ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ ᠤ᠋ᠨ ᠶᠡᠭᠡ ᠬᠤᠷᠠᠯ ᠡᠴᠡ ᠨᠡᠭᠠᠰᠢ᠂ ᠥᠪᠥᠷ ᠮᠣᠩᠭᠣᠯ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ ᠵᠢᠨ ᠰᠢᠨ᠎ᠡ ᠵᠠᠮ ᠵᠢᠡᠷ ᠡᠷᠡᠰ ᠭᠤᠢᠪᠢᠰᠢ ᠦᠭᠡᠢ ᠵᠠᠮᠨᠠᠵᠤ᠂ ᠤᠯᠤᠰ ᠤ᠋ᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ ᠤ᠋ᠨ ᠰᠠᠭᠤᠷᠢᠨ᠂ ᠤᠯᠤᠰ  ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ  ᠢ᠋ ᠪᠦᠲᠦᠭᠡᠨ ᠪᠠᠢᠭᠤᠯᠬᠤ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠴᠤᠭᠴᠠᠯᠠᠬᠤ ᠳᠠᠯ᠎ᠠ ᠪᠡᠷ ᠦᠷᠭᠦᠯᠵᠢᠯᠡᠨ ᠬᠦᠴᠦᠯᠡᠪᠡ᠃



①ᠰᠢᠤᠢ ᠶᠠᠩ ᠪᠦᠯᠦᠭᠯᠡᠯ ᠤ᠋ᠨ ᠬᠥᠬᠡᠬᠣᠲᠠ ᠵᠢᠨ ᠬᠦᠷᠢᠶᠡᠯᠡᠩ ᠳᠤᠭᠤᠷᠢᠭ ᠤ᠋ᠨ ᠦᠢᠯᠡᠳᠪᠦᠷᠢᠯᠡᠯ ᠤ᠋ᠨ  ᠠᠬᠤᠢ ᠲᠠᠯᠠᠪᠠᠢ᠃

ᠳᠤᠰ ᠰᠣᠨᠢᠨ ᠤ᠋ ᠰᠤᠷᠪᠤᠯᠵᠢᠯᠠᠭᠴᠢ  ᠬᠤᠢᠳᠤᠠᠤᠯᠤᠰ  ᠰᠡᠭᠦᠳᠡᠷᠯᠡᠪᠡ



②ᠣᠷᠳᠣᠰ ᠬᠣᠲᠠ ᠵᠢᠨ ᠬᠦ ᠱᠠᠨ ᠯᠢᠶᠠᠩ ᠤ᠋ᠨ 3GW/12.8GWh ᠵᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠢᠨ ᠲᠥᠷᠥᠯ ᠵᠦᠢᠯ ᠤ᠋ᠨ ᠠᠬᠤᠢ ᠲᠠᠯᠠᠪᠠᠢ᠃

ᠳᠤᠰ ᠰᠣᠨᠢᠨ ᠤ᠋ ᠰᠤᠷᠪᠤᠯᠵᠢᠯᠠᠭᠴᠢ  ᠮᠦᠩᠬᠡᠴᠢᠯᠠᠭᠤ ᠰᠡᠭᠦᠳᠡᠷᠯᠡᠪᠡ



③ ᠲᠦᠩᠯᠢᠶᠣᠣ ᠬᠣᠲᠠ ᠵᠢᠨ ᠬᠣᠷᠴᠢᠨ ᠵᠡᠭᠦᠨ ᠭᠠᠷᠤᠨ ᠬᠣᠢᠲᠤ ᠬᠤᠰᠢᠭᠤᠨ ᠤ᠋ ᠥᠨᠳᠥᠷ ᠪᠠᠷᠢᠮᠵᠢᠶᠠᠳᠤ ᠲᠠᠷᠢᠶᠠᠨ ᠭᠠᠵᠠᠷ᠃

 ᠳᠤᠰ ᠰᠣᠨᠢᠨ ᠤ᠋ ᠰᠤᠷᠪᠤᠯᠵᠢᠯᠠᠭᠴᠢ ᠮᠦᠩᠬᠡᠴᠢᠯᠠᠭᠤ ᠰᠡᠭᠦᠳᠡᠷᠯᠡᠪᠡ



④ ᠬᠥᠬᠡᠬᠣᠲᠠ ᠵᠢᠨ ᠲᠢᠶᠧ ᠲᠦᠩ ᠪᠠᠷᠠᠭᠠᠨ ᠤ᠋ ᠭᠦᠢᠯᠭᠡᠭᠡ ᠵᠢᠨ ᠬᠦᠷᠢᠶᠡᠯᠡᠩ ᠤ᠋ᠨ ᠲᠠᠢᠭᠠ ᠮᠤᠳᠤ ᠥᠷᠲᠡᠭᠡ ᠳ᠋ᠤ ᠴᠢᠩᠭᠡᠯᠢᠭᠳᠤ ᠪᠠᠷᠠᠭᠠ ᠵᠢ ᠪᠠᠭᠤᠯᠭᠠᠬᠤ ᠠᠵᠢᠯ ᠡᠮᠬᠢ ᠵᠢᠷᠤᠮ ᠲᠠᠢ ᠶᠠᠪᠤᠭᠳᠠᠨ᠎ᠠ ᠃

 ᠳᠤᠰ ᠰᠣᠨᠢᠨ ᠤ᠋ ᠰᠤᠷᠪᠤᠯᠵᠢᠯᠠᠭᠴᠢ ᠬᠤᠢᠳᠤᠠᠤᠯᠤᠰ ᠰᠡᠭᠦᠳᠡᠷᠯᠡᠡᠪᠡ 



ᠢᠯᠢ ᠪᠦᠯᠦᠭᠯᠡᠯ ᠤ᠋ᠨ ᠴᠡᠯᠡᠭᠡᠷ ᠲᠠᠯ᠎ᠠ ᠠᠮᠢ ᠠᠬᠤᠢ ᠵᠢᠨ ᠣᠶᠤᠨᠳᠤ ᠮᠠᠯᠵᠢᠯ ᠤ᠋ᠨ ᠲᠠᠯᠠᠪᠠᠢ ᠳ᠋ᠤ ᠠᠦ᠋ᠲ᠋ᠣᠴᠢᠯᠠᠭᠰᠠᠨ ᠰᠦ ᠰᠠᠭᠠᠬᠤ ᠮᠠᠰᠢᠨ ᠥᠨᠳᠥᠷ ᠪᠦᠲᠦᠮᠵᠢᠲᠡᠢ ᠪᠡᠷ ᠠᠵᠢᠯᠯᠠᠨ᠎ᠠ᠃

ᠳᠤᠰ ᠰᠣᠨᠢᠨ ᠤ᠋ ᠰᠣᠨᠢᠨ ᠤ᠋ ᠰᠤᠷᠪᠤᠯᠵᠢᠯᠠᠭᠴᠢ  ᠸᠠᠩ ᠯᠧᠢ  ᠰᠡᠭᠦᠳᠡᠷᠯᠡᠪᠡ


ᠡᠨᠡ ᠲᠠᠪᠤᠨ ᠵᠢᠯ ᠳ᠋ᠤ᠂ ᠪᠦᠬᠦ ᠣᠷᠣᠨ ᠤ᠋ ᠠᠵᠤ ᠠᠬᠤᠢ ᠲᠣᠭᠲᠠᠭᠤᠨ ᠤ᠋ ᠳᠤᠮᠳᠠ ᠤᠷᠤᠭᠰᠢᠯᠠᠵᠤ᠂ ᠶᠡᠷᠦᠩᠬᠡᠢᠯᠡᠭᠰᠡᠨ ᠪᠣᠳᠠᠲᠤ ᠬᠦᠴᠦᠨ᠂ ᠰᠢᠨ᠎ᠡ ᠵᠢ ᠡᠭᠦᠳᠬᠦ ᠬᠥᠳᠡᠯᠭᠡᠬᠦ ᠬᠦᠴᠦᠨ᠂ ᠠᠵᠤ ᠦᠢᠯᠡᠰ ᠤ᠋ᠨ ᠪᠦᠲᠦᠴᠡ ᠵᠢᠨ ᠶᠠᠰᠤ ᠴᠢᠨᠠᠷ ᠦᠷᠭᠦᠯᠵᠢᠯᠡᠨ ᠳᠡᠭᠡᠭᠰᠢᠯᠡᠪᠡ ᠃ ᠡᠩ ᠤ᠋ᠨ ᠣᠯᠠᠨ ᠨᠡᠢᠲᠡ ᠵᠢᠨ ᠲᠥᠰᠥᠪ ᠤ᠋ᠨ ᠣᠷᠣᠯᠭ᠎ᠠ ᠳᠤᠭᠳᠠᠭᠤᠨ ᠵᠢᠡᠷ 3000 ᠳ᠋ᠦᠩᠰᠢᠭᠤᠷ ᠲᠥᠭᠥᠷᠢᠭ᠎ᠢ᠋ ᠳᠠᠪᠠᠵᠤ᠂ 1000 ᠳ᠋ᠦᠩᠰᠢᠭᠤᠷ ᠲᠥᠭᠥᠷᠢᠭ ᠰᠢᠬᠠᠮ ᠨᠡᠮᠡᠭᠳᠡᠵᠡᠢ; ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠯ ᠪᠦᠷᠢ ᠳᠤᠮᠳᠠᠴᠢ ᠪᠡᠷ 12.8% ᠪᠠᠷ ᠨᠡᠮᠡᠭᠳᠡᠪᠡ; ᠡᠵᠡᠩᠨᠡᠯᠲᠡ ᠵᠢᠨ ᠭᠣᠣᠯ ᠴᠣᠭᠴᠠ 300 ᠲᠦᠮᠡ ᠵᠢ ᠳᠠᠪᠠᠵᠠᠢ; ᠰᠲ᠋ᠤᠺ ᠵᠢᠡᠨ ᠵᠠᠬ᠎ᠠ ᠳᠡᠯᠭᠡᠭᠦᠷ ᠲᠦ᠍ ᠭᠠᠷᠭᠠᠭᠰᠠᠨ ᠺᠣᠮᠫᠠᠨᠢ ᠰᠢᠨ᠎ᠡ ᠪᠡᠷ 12 ᠨᠡᠮᠡᠭᠳᠡᠵᠦ᠂ A ᠰᠲ᠋ᠣᠺ ᠤ᠋ᠨ ᠵᠠᠬ᠎ᠠ ᠳᠡᠯᠭᠡᠭᠦᠷ ᠲᠦ᠍ 9 ᠵᠢᠯ ᠰᠲ᠋ᠣᠺ ᠭᠠᠷᠭᠠᠭᠰᠠᠨ ᠦᠭᠡᠢ ᠰᠢᠪᠳᠤᠯᠤᠯᠳᠠ ᠵᠢ ᠪᠡᠶᠡᠯᠡᠭᠦᠯᠪᠡ; ᠣᠷᠣᠨ ᠪᠦᠰᠡ ᠵᠢᠨ ᠰᠢᠨ᠎ᠡ ᠵᠢ ᠡᠭᠦᠳᠭᠦ ᠴᠢᠳᠠᠪᠤᠷᠢ ᠪᠡᠷ ᠪᠦᠬᠦ ᠤᠯᠤᠰ ᠤ᠋ᠨ 20 ᠳ᠋ᠤᠭᠠᠷ ᠲᠦ᠍ ᠵᠢᠭᠰᠠᠪᠠ᠃

ᠤᠯᠤᠰ  ᠤ᠋ᠨ ᠴᠢᠬᠤᠯᠠ ᠮᠠᠯ  ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠤ᠋ ᠬᠦᠭᠵᠢᠯᠳᠡ ᠵᠢᠨ ᠰᠠᠭᠤᠷᠢ ᠵᠢ ᠦᠷᠭᠦᠯᠵᠢᠯᠡᠨ ᠪᠡᠬᠢᠵᠢᠭᠦᠯᠪᠡ᠃ 2025 ᠣᠨ ᠳ᠋ᠤ ᠠᠮᠤ ᠪᠤᠳᠠᠭᠠᠨ ᠤ᠋ ᠤᠨᠠᠯᠳᠠ 840.7 ᠳ᠋ᠦᠩᠰᠢᠭᠤᠷ ᠵᠢᠩ ᠳ᠋ᠤ ᠬᠦᠷᠴᠦ᠂ ᠪᠦᠬᠦ ᠤᠯᠤᠰ ᠤ᠋ᠨ 5 ᠳ᠋ᠤᠭᠠᠷ ᠲᠦ᠍ ᠵᠢᠭᠰᠠᠨ᠂《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ》 ᠵᠢ ᠪᠡᠶᠡᠯᠡᠭᠦᠯᠪᠡ; ᠦᠨᠢᠶᠡᠨ ᠰᠦ ᠵᠢᠨ ᠭᠠᠷᠤᠯᠲᠠ 758.5 ᠲᠦᠮᠡᠨ ᠲᠤᠨ ᠳ᠋ᠤ ᠬᠦᠷᠴᠦ᠂ ᠪᠦᠬᠦ ᠤᠯᠤᠰ ᠤ᠋ᠨ ᠶᠠᠷᠤᠩᠬᠡᠢ ᠬᠡᠮᠵᠢᠶᠡᠨ ᠤ᠋ ᠲᠠᠪᠤᠨ ᠤ᠋ ᠨᠢᠭᠡ ᠵᠢ ᠡᠵᠡᠯᠡᠨ᠂ ᠪᠦᠬᠦ ᠤᠯᠤᠰ ᠲᠦ᠍ ᠲᠦᠷᠦᠭᠦᠯᠡᠪᠡ; ᠦᠬᠡᠷ ᠤ᠋ᠨ ᠮᠢᠬᠠᠨ ᠤ᠋ ᠭᠠᠷᠤᠯᠲᠠ 101.7 ᠲᠦᠮᠡᠨ ᠲᠤᠨ᠂ ᠬᠣᠨᠢᠨ ᠮᠢᠬᠠᠨ ᠤ᠋ ᠭᠠᠷᠤᠯᠲᠠ 102.9 ᠲᠦᠮᠡᠨ ᠲᠤᠨ ᠳ᠋ᠤ ᠬᠦᠷᠴᠦ᠂ ᠪᠥᠬᠥ ᠤᠯᠤᠰ ᠲᠦ᠍ ᠦᠬᠡᠷ ᠤ᠋ᠨ ᠮᠢᠬ᠎ᠠ ᠪᠠ ᠬᠣᠨᠢᠨ ᠮᠢᠬᠠᠨ ᠤ᠋ ᠭᠠᠷᠤᠯᠲᠠ ᠨᠢ ᠴᠦᠮ ᠵᠠᠭᠤᠨ ᠲᠦᠮᠡᠨ ᠲᠤᠨ ᠢ᠋ ᠳᠠᠪᠠᠭᠰᠠᠨ ᠴᠣᠷ ᠤ᠋ᠨ ᠭᠠᠭᠴᠠ ᠮᠣᠵᠢ ᠪᠣᠯᠵᠠᠢ᠃



ᠪᠠᠶᠠᠨᠨᠠᠭᠤᠷ ᠬᠣᠲᠠ ᠵᠢᠨ ᠳ᠋ᠸᠩᠺᠸᠤ ᠰᠢᠶᠠᠨ ᠤ᠋ ᠤᠯᠠᠭᠠᠨᠪᠤᠬ᠎ᠠ ᠵᠢᠨ ᠡᠯᠡᠰᠦᠨ ᠴᠦᠯ ᠤ᠋ᠨ ᠭᠡᠷᠡᠯᠴᠢ ᠴᠡᠨᠡᠭ ᠤ᠋ᠨ ᠲᠥᠷᠥᠯ ᠵᠦᠢᠯ ᠤ᠋ᠨ ᠳᠤᠬᠠᠢ ᠵᠢᠨ ᠲᠠᠯᠠᠪᠠᠢ ᠳ᠋ᠤ ᠬᠥᠬᠡ ᠥᠩᠭᠡᠳᠠᠢ ᠭᠡᠷᠡᠯᠴᠢ ᠴᠡᠨᠡᠭ ᠤ᠋ᠨ ᠬᠠᠪᠲᠠᠰᠤ ᠴᠡᠩᠬᠡᠷᠯᠡᠨ ᠦᠷᠭᠦᠯᠵᠢᠯᠡᠨ᠎ᠡ᠃

ᠳᠤᠰ ᠰᠣᠨᠢᠨ ᠤ᠋ ᠰᠤᠷᠪᠤᠯᠵᠢᠯᠠᠭᠴᠢ ᠮᠦᠩᠬᠡᠴᠢᠯᠠᠭᠤ ᠰᠡᠭᠦᠳᠡᠷᠯᠡᠪᠡ



ᠠᠵᠢᠯᠴᠢᠨ ᠨᠠᠨ ᠭᠣᠣ ᠤ᠋ᠤᠢ (ᠪᠤᠭᠤᠳ᠋ᠤ) ᠳᠠᠮᠵᠢᠭᠤᠯᠬᠤ ᠲᠥᠬᠥᠭᠡᠷᠦᠮᠵᠢ ᠵᠢᠨ ᠬᠢᠵᠠᠭᠠᠷᠲᠤ ᠺᠣᠮᠫᠠᠨᠢ ᠵᠢᠨ ᠦᠢᠯᠡᠳᠪᠦᠷᠢᠯᠡᠯ ᠤ᠋ᠨ ᠲᠠᠰᠤᠭ ᠲᠦ᠍ ᠶᠠᠭᠠᠷᠠᠯᠲᠠᠢ ᠠᠵᠢᠯᠯᠠᠨ᠎ᠠ᠃

ᠳᠤᠰ ᠰᠣᠨᠢᠨ ᠤ᠋ ᠰᠤᠷᠪᠤᠯᠵᠢᠯᠠᠭᠴᠢ  ᠮᠦᠩᠬᠡᠴᠢᠯᠠᠭᠤ  ᠰᠡᠭᠦᠳᠡᠷᠯᠡᠪᠡ



ᠤᠯᠠᠭᠠᠨᠴᠠᠪ ᠬᠣᠲᠠ ᠵᠢᠨ ᠴᠠᠬᠠᠷ ᠳᠡᠭᠡᠳᠦ ᠰᠢᠨ᠎ᠡ ᠮᠡᠷᠭᠡᠵᠢᠯ ᠤ᠋ᠨ ᠨᠡᠭᠡᠭᠡᠯᠲᠡ ᠵᠢᠨ ᠲᠣᠭᠣᠷᠢᠭ ᠲᠦ᠍ ᠪᠣᠳᠣᠯᠲᠠ ᠵᠢᠨ ᠬᠦᠴᠦᠨ ᠤ᠋ ᠲᠥᠪ ᠢ᠋ ᠶᠠᠭ ᠪᠦᠲᠦᠭᠡᠨ ᠪᠠᠢᠭᠤᠯᠵᠤ ᠪᠤᠢ᠃

ᠳᠤᠰ ᠰᠣᠨᠢᠨ ᠤ᠋ ᠰᠤᠷᠪᠤᠯᠵᠢᠯᠠᠭᠴᠢ  ᠮᠦᠩᠬᠡᠴᠢᠯᠠᠭᠤ  ᠰᠡᠭᠦᠳᠡᠷᠯᠡᠪᠡ


ᠰᠢᠨ᠎ᠡ ᠡᠨᠧᠷᠭᠢ ᠨᠢ ᠪᠣᠳᠣᠯᠳᠠ ᠵᠢᠨ ᠬᠦᠴᠦᠨ ᠤ᠋ ᠰᠢᠨ᠎ᠡ ᠵᠠᠮ ᠢ᠋ ᠨᠡᠭᠡᠭᠡᠪᠡ᠃ ᠰᠠᠯᠬᠢᠨ ᠬᠦᠴᠦ ᠭᠡᠷᠡᠯᠴᠢ ᠴᠡᠨᠡᠭ ᠤ᠋ᠨ ᠡᠬᠢ ᠪᠠᠶᠠᠯᠢᠭ ᠲᠦ᠍ ᠲᠦᠰᠢᠭᠯᠡᠨ ᠦᠷᠭᠦᠯᠵᠢᠯᠡᠨ ᠬᠦᠭᠵᠢᠨ ᠪᠤᠵᠠᠭᠠᠢᠷᠠᠵᠤ᠂ ᠰᠢᠨ᠎ᠡ ᠡᠨᠧᠷᠭᠢ ᠵᠢᠨ ᠶᠡᠷᠦᠩᠬᠡᠢ ᠮᠠᠰᠢᠨ ᠴᠣᠭᠴᠠᠯᠠᠪᠤᠷᠢ ᠵᠢᠨ ᠬᠡᠪᠴᠢᠶ᠎ᠠ 1.7 ᠳ᠋ᠦᠩᠰᠢᠭᠤᠷ ᠺᠢᠯᠣᠸᠠᠲ ᠢ᠋ ᠳᠠᠪᠠᠨ᠂ ᠰᠠᠯᠬᠢᠨ ᠬᠦᠴᠦᠨ ᠤ᠋ ᠴᠠᠬᠢᠯᠭᠠᠨ ᠤ᠋ ᠮᠠᠰᠢᠨ ᠴᠣᠭᠴᠠᠯᠠᠪᠤᠷᠢ ᠵᠢᠨ ᠬᠡᠪᠴᠢᠶ᠎ᠠ ᠡᠩ ᠳᠡᠷᠢᠭᠦᠨ ᠳ᠋ᠤ ᠳ᠋ᠦᠩᠰᠢᠭᠤᠷ ᠺᠢᠯᠣᠸᠠᠲ ᠢ᠋ ᠳᠠᠪᠠᠪᠠ᠃ 2025 ᠣᠨ ᠤ᠋ ᠰᠡᠭᠦᠯᠴᠢ ᠪᠤᠯᠬᠤ ᠳ᠋ᠤ ᠪᠤᠳᠤᠯᠳᠠ ᠵᠢᠨ ᠬᠦᠴᠦᠨ ᠤ᠋ ᠶᠡᠷᠦᠩᠬᠡᠢ ᠬᠡᠪᠴᠢᠶ᠎ᠡ 23.7 ᠲᠦᠮᠡᠨ P ᠳ᠋ᠤ ᠬᠦᠷᠴᠦ᠂ ᠣᠶᠤᠨᠴᠢ ᠪᠤᠳᠤᠯᠳᠠ ᠵᠢᠨ ᠬᠦᠴᠦᠨ ᠤ᠋ ᠬᠡᠪᠴᠢᠶ᠎ᠡ 22 ᠲᠦᠮᠡᠨ P ᠳ᠋ᠤ ᠬᠦᠷᠴᠦ᠂ ᠬᠣᠶᠠᠷ ᠵᠦᠢᠯ ᠤ᠋ᠨ ᠭᠦᠢᠴᠡᠳᠬᠡᠯ ᠲᠣᠭ᠎ᠠ ᠪᠡᠷ ᠴᠥᠮ ᠪᠦᠬᠦ ᠤᠯᠤᠰ ᠤ᠋ᠨ ᠡᠮᠦᠨ᠎ᠡ ᠡᠩᠨᠡᠭᠡᠨ ᠳ᠋ᠤ ᠤᠷᠤᠵᠠᠢ᠃ ᠲᠤᠮᠳᠠᠴᠢ ᠪᠡᠷ ᠵᠢᠯ ᠪᠦᠷᠢ ᠵᠢᠨ ᠨᠡᠭᠦᠷᠡᠰᠦᠨ ᠤ᠋ ᠭᠠᠷᠤᠯᠲᠠ 12 ᠳ᠋ᠦᠩᠰᠢᠭᠤᠷ ᠲᠤᠨ ᠡᠴᠡ ᠳᠡᠭᠡᠭᠰᠢ ᠳ᠋ᠤ ᠲᠣᠭᠲᠠᠪᠤᠷᠢᠵᠢᠨ᠂ 29 ᠮᠣᠵᠢ ᠤᠷᠤᠨ ᠤ᠋ ᠬᠠᠩᠭᠠᠯᠭ᠎ᠠ ᠵᠢ ᠪᠠᠳᠤᠯᠠᠬᠤ ᠨᠡᠭᠦᠷᠡᠰᠦᠨ ᠤ᠋ ᠬᠡᠮᠵᠢᠶ᠎ᠡ ᠨᠢ ᠨᠡᠢᠳᠡ 35 ᠳ᠋ᠦᠩᠰᠢᠭᠤᠷ ᠲᠤᠨ ᠢ᠋ ᠳᠠᠪᠠᠵᠤ᠂ ᠬᠠᠩᠭᠠᠯᠭ᠎ᠠ ᠵᠢ ᠪᠠᠳᠤᠯᠠᠬᠤ ᠨᠡᠭᠦᠷᠡᠰᠦᠨ ᠤ᠋ ᠬᠡᠮᠵᠢᠶ᠎ᠡ ᠪᠡᠷ ᠪᠥᠬᠥ ᠤᠯᠤᠰ ᠲᠦ᠍ ᠲᠦᠷᠦᠭᠦᠯᠡᠪᠠ; ᠴᠠᠬᠢᠯᠭᠠᠨ ᠬᠦᠴᠦᠨ ᠢ᠋ ᠭᠠᠳᠠᠭᠰᠢ ᠬᠦᠷᠭᠡᠭᠰᠡᠨ ᠬᠡᠮᠵᠢᠶ᠎ᠡ ᠪᠡᠷ 21 ᠵᠢᠯ ᠳᠠᠷᠠᠭᠠᠯᠠᠨ ᠪᠦᠬᠦ ᠤᠯᠤᠰ ᠤ᠋ᠨ ᠨᠢᠭᠡᠳᠦᠭᠡᠷ ᠲᠦ᠍ ᠵᠢᠭᠰᠠᠪᠠ᠃

ᠤᠮᠠᠷᠠᠰᠢ ᠨᠡᠭᠡᠭᠡᠯᠳᠡ ᠬᠢᠭᠦ ᠠᠬᠢᠴᠠ ᠵᠢ ᠯᠠᠪᠳᠠᠭᠤᠨ ᠪᠠᠳᠤᠳᠠᠢ ᠠᠬᠢᠭᠤᠯᠵᠤ᠂ ᠨᠡᠪᠳᠡᠷᠡᠬᠦ ᠵᠠᠮ ᠤ᠋ᠨ ᠳᠠᠪᠠᠭᠤᠯᠢᠭ ᠵᠢᠡᠨ ᠲᠦᠷᠬᠡᠳᠬᠡᠨ ᠪᠠᠳᠠᠷᠠᠭᠤᠯᠪᠠ ᠃ 2025 ᠣᠨ ᠳ᠋ᠤ ᠪᠦᠬᠦ ᠣᠷᠣᠨ ᠤ᠋ ᠭᠠᠳᠠᠭᠠᠳᠤ ᠠᠷᠠᠯᠵᠢᠶᠠᠨ ᠤ᠋ ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠶᠡᠷᠦᠩᠬᠡᠢ ᠬᠡᠮᠵᠢᠶ᠎ᠠ 2206.7 ᠳ᠋ᠦᠩᠰᠢᠭᠤᠷ ᠲᠥᠭᠥᠷᠢᠭ ᠲᠦ᠍ ᠬᠦᠷᠴᠦ᠂ ᠲᠠᠬᠡᠷ᠎ᠠ ᠵᠢᠯ ᠤ᠋ᠨ ᠬᠢ ᠡᠴᠡ ᠪᠠᠨ 6.4% ᠪᠡᠷ ᠨᠡᠮᠡᠭᠳᠡᠪᠡ᠃ ᠴᠢᠯᠥᠭᠡᠲᠦ ᠠᠷᠠᠯᠵᠢᠶᠠᠨ ᠤ᠋ ᠲᠤᠷᠰᠢᠯᠲᠠ ᠵᠢᠨ ᠣᠷᠣᠨ ᠤ᠋ ᠪᠦᠳᠦᠭᠡᠨ ᠪᠠᠢᠭᠤᠯᠤᠯᠳᠠ ᠵᠢ ᠥᠨᠳᠥᠷ ᠪᠠᠷᠢᠮᠵᠢᠶ᠎ᠠ ᠪᠡᠷ ᠠᠬᠢᠭᠤᠯᠵᠤ᠂ ᠬᠢᠯᠢ ᠠᠯᠤᠰᠯᠠᠭᠰᠠᠨ ᠲᠡᠭᠡᠭᠡᠪᠦᠷᠢ ᠵᠢᠨ ᠰᠢᠨ᠎ᠡ ᠡᠵᠡᠩᠨᠡᠯᠲᠡ ᠵᠢᠨ ᠬᠡᠯᠪᠡᠷᠢ ᠵᠢ ᠲᠦᠷᠭᠡᠳᠬᠡᠨ ᠰᠦᠪᠡᠭᠴᠢᠯᠡᠵᠦ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠨᠡᠪᠳᠡᠷᠡᠯ ᠵᠠᠮ ᠤ᠋ᠨ ᠳᠠᠪᠠᠭᠤᠯᠢᠭ ᠢ᠋ ᠠᠵᠤ ᠠᠬᠤᠢ ᠵᠢᠨ ᠪᠣᠳᠠᠲᠠᠢ ᠨᠡᠮᠡᠭᠳᠡᠯ ᠪᠣᠯᠭᠠᠨ ᠲᠠᠰᠤᠷᠠᠯᠲᠠ ᠦᠭᠡᠢ ᠬᠤᠪᠢᠷᠠᠭᠤᠯᠪᠠ᠃

ᠰᠢᠨ᠎ᠡ ᠭᠠᠷᠤᠭ᠎ᠠ ᠳ᠋ᠤ ᠵᠤᠭᠰᠤᠨ᠂ ᠦᠪᠤᠷ ᠮᠤᠩᠭᠤᠯ ᠨᠢ ᠥᠪᠡᠷᠲᠡᠭᠡᠨ ᠵᠠᠰᠠᠬᠤ ᠣᠷᠣᠨ ᠤ᠋ 《1571》 ᠶᠡᠷᠦᠩᠬᠡᠢ ᠠᠵᠢᠯ ᠤ᠋ᠨ ᠪᠠᠢᠷᠢᠯᠠᠭᠤᠯᠤᠯᠲᠠ ᠵᠢ ᠪᠠᠳᠤ ᠡᠵᠡᠮᠳᠡᠵᠤ᠂ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠦᠢᠯᠡᠳᠪᠦᠷᠢᠯᠡᠯ  ᠤ᠋ᠨ ᠰᠠᠭᠤᠷᠢᠨ ᠤ᠋ ᠬᠦᠭᠵᠢᠯᠳᠡ ᠵᠢᠨ ᠰᠠᠭᠤᠷᠢ ᠵᠢ ᠦᠷᠭᠦᠯᠵᠢᠯᠡᠨ ᠪᠡᠬᠢᠵᠢᠭᠦᠯᠵᠤ᠂ ᠤᠯᠤᠰ  ᠤ᠋ᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ ᠤ᠋ᠨ ᠰᠠᠭᠤᠷᠢᠨ ᠢ᠋ ᠬᠦᠴᠦᠷᠬᠡᠭᠵᠢᠭᠦᠯᠦᠨ᠂ ᠲᠡᠷᠢᠭᠦᠨ  ᠤ᠋ ᠦᠢᠯᠡᠳᠬᠦ ᠦᠢᠯᠡᠰ ᠤ᠋ᠨ ᠪᠦᠯᠦᠭᠵᠢᠯ ᠢ᠋ ᠪᠣᠢᠵᠢᠭᠤᠯᠵᠤ᠂ ᠪᠣᠬᠢᠷᠲᠤᠯ ᠦᠭᠡᠢ ᠪᠣᠳᠣᠯᠳᠠ ᠵᠢᠨ ᠬᠦᠴᠦᠨ  ᠢ᠋ ᠪᠤᠵᠠᠭᠠᠢᠷᠠᠭᠤᠯᠤᠨ᠂ ᠥᠨᠳᠥᠷ ᠲᠦᠪᠰᠢᠨ ᠵᠢᠡᠷ ᠤᠮᠠᠷᠠᠰᠢ ᠨᠡᠭᠡᠭᠡᠯᠲᠡ ᠬᠢᠭᠦ ᠵᠢ ᠠᠬᠢᠭᠤᠯᠵᠤ᠂ ᠴᠢᠨᠠᠷ ᠰᠠᠢᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠦᠷᠭᠦᠯᠵᠢᠯᠡᠨ ᠪᠢᠴᠢᠭᠯᠡᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面