2026-11-26 10:56:55
ᠥᠪᠡᠷᠲᠡᠭᠡᠨ ᠵᠠᠰᠠᠬᠤ ᠣᠷᠣᠨ᠎ᠤ 《1571》 ᠠᠵᠢᠯ᠎ᠤᠨ ᠶᠡᠷᠦᠩᠬᠡᠶ ᠪᠠᠶ᠋ᠢᠷᠢᠯᠠᠭᠤᠯᠤᠯᠲᠠ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢᠨ ᠲᠥᠯᠥᠭᠡ᠂ 《ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭᠰᠢᠯᠡᠭᠦᠯᠬᠦ᠌ ᠣᠨ》᠎ᠤ ᠠᠵᠢᠯ᠎ᠤᠨ ᠱᠠᠭᠠᠷᠳᠠᠯᠭ᠎ᠠ ᠶᠣᠰᠣᠭᠠᠷ᠂ 11 ᠰᠠᠷ᠎ᠠ᠎ᠶᠢᠨ 23᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠢᠨᠲ᠋ᠧᠷ ᠰᠦᠯᠵᠢᠶᠡᠨ᠎ᠦ ᠠᠮᠤᠷ ᠳᠦᠪᠰᠢᠨ ᠪᠠ ᠮᠡᠳᠡᠭᠡ ᠵᠠᠩᠭᠢᠵᠢᠯᠲᠠ᠎ᠶᠢᠨ ᠬᠤᠷᠢᠶ᠎ᠠ ᠵᠢᠨ ᠠᠯᠪᠠᠨ ᠬᠡᠷ᠎ᠦᠨ ᠢᠨᠲ᠋ᠧᠷ ᠰᠦᠯᠵᠢᠶᠡᠨ᠎ᠦ ᠬᠠᠤᠯᠢ᠎ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ᠎ᠶᠢ ᠢᠯᠡᠴᠢᠯᠡᠨ ᠮᠡᠳᠡᠭᠦᠯᠬᠦ᠌ ᠲᠥᠪ ᠠᠵᠤ ᠠᠬᠤᠶ᠋ᠢᠯᠠᠯ᠎ᠳᠤ ᠬᠣᠯᠪᠣᠭᠳᠠᠭᠰᠠᠨ ᠰᠦᠯᠵᠢᠶᠡᠨ᠎ᠦ ᠡᠷᠬᠡ᠎ᠳᠦ ᠬᠠᠯᠳᠠᠭᠰᠠᠨ᠎ᠢ ᠢᠯᠡᠴᠢᠯᠡᠨ ᠮᠡᠳᠡᠭᠦᠯᠬᠦ᠌ ᠲᠤᠰᠬᠠᠶ ᠰᠡᠳᠦᠪᠲᠦ᠍ ᠪᠣᠯᠪᠠᠰᠤᠷᠠᠯ᠎ᠤᠨ ᠠᠩᠭᠢ᠎ᠶᠢ ᠵᠣᠬᠢᠶᠠᠨ ᠪᠠᠶ᠋ᠢᠭᠤᠯᠤᠨ ᠡᠷᠬᠢᠯᠡᠵᠦ᠂ ᠲᠥᠪ᠎ᠦᠨ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠬᠡᠷ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ᠎ᠢ ᠤᠷᠢᠵᠤ ᠲᠤᠰᠬᠠᠶ ᠰᠡᠳᠦᠪᠲᠦ᠍ ᠪᠣᠯᠪᠠᠰᠤᠷᠠᠯ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠳᠤ ᠬᠣᠯᠪᠣᠭᠳᠠᠭᠰᠠᠨ ᠰᠦᠯᠵᠢᠶᠡᠨ᠎ᠦ ᠡᠷᠬᠡ᠎ᠳᠦ ᠬᠠᠯᠳᠠᠭᠰᠠᠨ ᠢᠯᠡᠴᠢᠯᠡᠨ ᠮᠡᠳᠡᠭᠦᠯᠦᠯᠲᠡ᠎ᠶᠢ ᠬᠦᠯᠢᠶᠡᠨ ᠠᠪᠴᠤ᠌ ᠰᠢ᠌ᠳᠪᠦᠷᠢᠯᠡᠬᠦ᠌ ᠰᠢᠭᠤᠳ ᠬᠣᠯᠪᠣᠭᠠᠯᠠᠬᠤ ᠲᠣᠭᠲᠠᠴᠠ᠎ᠶᠢᠨ ᠠᠵᠤ ᠠᠬᠤᠶ᠋ᠢᠯᠠᠯ᠎ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠨᠢᠭᠡᠴᠢ ᠪᠣᠯᠤᠨ ᠬᠠᠷᠢᠶ᠎ᠠ ᠭᠠᠵᠠᠷ᠎ᠤᠨ ᠭᠣᠣᠯᠳᠠᠯᠭ᠎ᠠ᠎ᠲᠠᠶ ᠵᠠᠭᠤᠴᠢᠯᠠᠭᠤᠷ᠎ᠤᠨ ᠰᠦᠯᠵᠢᠶᠡᠨ᠎ᠦ ᠥᠷᠲᠡᠭᠡᠨ᠎ᠦ ᠬᠠᠷᠢᠭᠤᠴᠠᠯᠭᠠᠲᠠᠨ ᠵᠡᠷᠭᠡ 70 ᠭᠠᠷᠤᠢ ᠬᠥᠮᠦᠨ ᠪᠣᠯᠪᠠᠰᠤᠷᠠᠯ᠎ᠳᠤ ᠣᠷᠣᠯᠴᠠᠪᠠ᠃

ᠲᠣᠰ ᠤᠳᠠᠭᠠᠨ᠎ᠤ ᠪᠣᠯᠪᠠᠰᠤᠷᠠᠯ᠎ᠨᠢ ᠡᠷᠬᠡ ᠠᠰᠢᠭ᠎ᠢᠶᠠᠨ ᠬᠠᠮᠠᠭᠠᠯᠠᠬᠤ ᠪᠣᠳᠠᠲᠠᠶ ᠭᠦᠴᠢᠷᠳᠡᠯᠢ ᠰᠢᠢᠳᠪᠦᠷᠢᠯᠡᠬᠦ᠌᠎ᠪᠡᠷ ᠭᠤᠤᠯ ᠤᠳᠤᠷᠢᠳᠤᠮᠵᠢ ᠪᠣᠯᠭᠠᠵᠤ᠂ ᠠᠵᠤ ᠠᠬᠤᠶ᠋ᠢᠯᠠᠯ᠎ᠳᠤ ᠬᠣᠯᠪᠣᠭᠳᠠᠭᠰᠠᠨ ᠰᠦᠯᠵᠢᠶᠡᠨ᠎ᠦ ᠡᠷᠬᠡ᠎ᠳᠦ ᠬᠠᠯᠳᠠᠭᠰᠠᠨ᠎ᠢ ᠢᠯᠡᠴᠢᠯᠡᠨ ᠮᠡᠳᠡᠭᠦᠯᠬᠦ᠌ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ᠎ᠤᠨ ᠦᠨᠳᠦᠰᠦᠯᠡᠯ᠎ᠢ ᠰᠢᠰᠲ᠋ᠧᠮ᠎ᠲᠡᠶ ᠡᠮᠬᠢᠯᠡᠨ᠂ ᠣᠳᠣᠬᠠᠨ᠎ᠤ ᠠᠵᠤ ᠠᠬᠤᠶ᠋ᠢᠯᠠᠯ᠎ᠳᠤ ᠬᠣᠯᠪᠣᠭᠳᠠᠭᠰᠠᠨ ᠰᠦᠯᠵᠢᠶᠡᠨ᠎ᠦ ᠴᠤᠤᠷᠬᠠᠯ᠂ ᠦᠨᠡᠨ ᠪᠣᠳᠠᠲᠠᠶ ᠪᠤᠰᠤ ᠮᠡᠳᠡᠭᠡ ᠵᠠᠩᠭᠢ ᠵᠡᠷᠭᠡ ᠡᠷᠬᠡ᠎ᠳᠦ ᠬᠠᠯᠳᠠᠭᠰᠠᠨ ᠦᠢᠯᠡ ᠠᠵᠢᠯᠯᠠᠭ᠎ᠠ᠎ᠶᠢᠨ ᠰᠢᠨ᠎ᠡ ᠬᠡᠯᠪᠡᠷᠢ ᠪᠠᠶ᠋ᠢᠳᠠᠯ ᠰᠢᠨ᠎ᠡ ᠣᠨᠴᠠᠯᠢᠭ᠎ᠢ ᠵᠠᠳᠠᠯᠵᠤ᠂ ᠠᠯᠢ ᠣᠯᠠᠨ ᠰᠢᠢᠳᠪᠤᠷᠢᠯᠡᠭᠰᠡᠨ ᠨᠡᠶ᠋ᠢᠲᠡᠯᠢᠭ ᠬᠡᠷᠡᠭᠲᠠᠢ ᠤᠶᠠᠯᠳᠤᠭᠤᠯᠤᠨ ᠭᠥᠯᠢᠶᠡᠨ ᠠᠪᠴᠤ᠌ ᠰᠢᠢᠳᠪᠦᠷᠢᠯᠡᠬᠦ᠌ ᠬᠡᠪᠴᠢᠶ᠎ᠡ᠂ ᠢᠯᠡᠴᠢᠯᠡᠨ ᠮᠡᠳᠡᠭᠦᠯᠬᠦ᠌ ᠠᠷᠭ᠎ᠠ ᠵᠠᠮ᠂ ᠭᠡᠷᠡᠴᠢ ᠳᠤᠷᠠᠳᠬᠤ ᠵᠢᠷᠤᠮᠵᠢᠯ᠂ ᠪᠥᠬᠥ᠌ ᠶᠠᠪᠤᠴᠠ᠎ᠶᠢᠨ ᠰᠢᠢᠳᠪᠦᠷᠢᠯᠡᠬᠦ᠌ ᠪᠠᠷᠢᠮᠵᠢᠶ᠎ᠠ᠎ᠵᠢ ᠵᠠᠳᠠᠯᠵᠦ᠂ 《ᠶᠠᠭᠤ᠎ᠶᠢ ᠢᠯᠡᠴᠢᠯᠡᠨ ᠮᠡᠳᠡᠭᠦᠯᠬᠦ᠌᠂ ᠬᠠᠮᠢᠭ᠎ᠠ ᠢᠯᠡᠴᠢᠯᠡᠨ ᠮᠡᠳᠡᠭᠦᠯᠬᠦ᠌᠂ ᠬᠡᠷᠬᠢᠨ ᠢᠯᠡᠴᠢᠯᠡᠨ ᠮᠡᠳᠡᠭᠦᠯᠬᠦ᠌᠂ ᠬᠡᠷᠬᠢᠨ ᠭᠡᠷᠡᠴᠢ ᠳᠤᠷᠠᠳᠬᠤ》 ᠵᠡᠷᠭᠡ ᠭᠤᠤᠯ ᠠᠰᠠᠭᠤᠳᠠᠯ᠎ᠳᠤ ᠰᠢᠭᠤᠳ ᠬᠠᠷᠢᠭᠤᠯᠲᠠ ᠥᠭᠪᠡ᠃ ᠲᠤᠬᠠᠶ᠎ᠶᠢᠨ ᠲᠠᠯᠠᠪᠤᠷ᠎ᠲᠤ᠌ ᠪᠣᠯᠪᠠᠰᠤᠷᠠᠯ᠎ᠳᠤ ᠣᠷᠣᠯᠴᠠᠭᠰᠠᠨ ᠠᠵᠤ ᠠᠬᠤᠶ᠋ᠢᠯᠠᠯ᠎ᠤᠨ ᠲᠥᠯᠥᠭᠡᠯᠡᠭᠴᠢ᠎ᠶᠢᠨ ᠳᠤᠷᠠᠳᠤᠭᠰᠠᠨ ᠰᠦᠯᠵᠢᠶᠡᠨ᠎ᠦ ᠡᠷᠬᠡ᠎ᠳᠦ ᠬᠠᠯᠳᠠᠭᠰᠠᠨ ᠬᠣᠯᠪᠣᠭᠳᠠᠯ ᠪᠥᠬᠥᠶ ᠠᠰᠠᠭᠤᠳᠠᠯ᠎ᠤᠨ ᠲᠤᠬᠠᠶ ᠠᠰᠠᠭᠤᠯᠲᠠ ᠬᠠᠷᠢᠭᠤᠯᠪᠠ᠃
ᠲᠠᠷᠠᠭᠠᠴᠢ᠎ᠶᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠢᠨᠲ᠋ᠧᠷ ᠰᠦᠯᠵᠢᠶᠡᠨ᠎ᠦ ᠠᠮᠤᠷ ᠳᠦᠪᠰᠢᠨ ᠪᠠ ᠮᠡᠳᠡᠭᠡ ᠵᠠᠩᠭᠢᠵᠢᠯᠲᠠ᠎ᠶᠢᠨ ᠬᠤᠷᠢᠶ᠎ᠠ ᠵᠢᠨ ᠠᠯᠪᠠᠨ ᠬᠡᠷ᠎ᠦᠨ ᠢᠨᠲ᠋ᠧᠷ ᠰᠦᠯᠵᠢᠶᠡᠨ᠎ᠦ ᠬᠠᠤᠯᠢ᠎ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ᠎ᠶᠢ ᠢᠯᠡᠴᠢᠯᠡᠨ ᠮᠡᠳᠡᠭᠦᠯᠬᠦ᠌ ᠲᠥᠪ᠎ᠨᠢ ᠠᠵᠤ ᠠᠬᠤᠶ᠋ᠢᠯᠠᠯ᠎ᠳᠤ ᠬᠣᠯᠪᠣᠭᠳᠠᠬᠤ ᠰᠦᠯᠵᠢᠶᠡᠨ᠎ᠦ ᠡᠷᠬᠡ᠎ᠳᠦ ᠬᠠᠯᠳᠠᠭᠰᠠᠨ ᠢᠯᠡᠴᠢᠯᠡᠨ ᠮᠡᠳᠡᠭᠦᠯᠦᠯᠲᠡ᠎ᠶᠢ ᠭᠥᠯᠢᠶᠡᠨ ᠠᠪᠴᠤ᠌ ᠰᠢᠢᠳᠪᠦᠷᠢᠯᠡᠬᠦ᠌ ᠠᠷᠭ᠎ᠠ ᠵᠠᠮ᠎ᠢ ᠦᠷᠭᠦᠯᠵᠢᠯᠡᠨ ᠰᠠᠭᠠᠳ ᠥᠬᠡᠶ ᠨᠡᠪᠲᠡᠷᠡᠭᠦᠯᠵᠦ᠍᠂ ᠠᠵᠤ ᠠᠬᠤᠶ᠋ᠢᠯᠠᠯ᠎ᠳᠤ ᠬᠣᠯᠪᠣᠭᠳᠠᠬᠤ ᠰᠦᠯᠵᠢᠶᠡᠨ᠎ᠦ ᠡᠷᠬᠡ᠎ᠳᠦ ᠬᠠᠯᠳᠠᠭᠰᠠᠨ ᠢᠯᠡᠴᠢᠯᠡᠨ ᠮᠡᠳᠡᠭᠦᠯᠦᠯᠲᠡ᠎ᠶᠢᠨ ᠳᠤᠬᠠᠢ ᠤᠬᠠᠭᠤᠯᠭ᠎ᠠ ᠪᠣᠯᠪᠠᠰᠤᠷᠠᠯ᠎ᠤᠨ ᠡᠷᠴᠢᠮ᠎ᠢᠶᠡᠨ ᠴᠢᠩᠭᠠᠷᠠᠭᠤᠯᠵᠤ᠂ ᠠᠵᠤ ᠠᠬᠤᠶ᠋ᠢᠯᠠᠯ᠎ᠳᠤ ᠬᠣᠯᠪᠣᠭᠳᠠᠬᠤ ᠰᠦᠯᠵᠢᠶᠡᠨ᠎ᠦ ᠡᠷᠬᠡ᠎ᠳᠦ ᠬᠠᠯᠳᠠᠭᠰᠠᠨ ᠢᠯᠡᠴᠢᠯᠡᠨ ᠮᠡᠳᠡᠭᠦᠯᠦᠯᠲᠡ᠎ᠶᠢ ᠬᠠᠤᠯᠢ ᠲᠣᠭᠲᠠᠭᠠᠯ ᠶᠣᠰᠣᠭᠠᠷ ᠭᠥᠯᠢᠶᠡᠨ ᠠᠪᠴᠤ᠌ ᠰᠢᠢᠳᠪᠦᠷᠢᠯᠡᠨ᠂ ᠠᠵᠤ ᠠᠬᠤᠶ᠋ᠢᠯᠠᠯ ᠪᠠ ᠠᠵᠤ ᠠᠬᠤᠶ᠋ᠢᠯᠠᠯᠲᠠᠨ᠎ᠤ ᠰᠦᠯᠵᠢᠶᠡᠨ᠎ᠦ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭᠠᠯᠠᠵᠤ᠂ ᠡᠯ᠎ᠡ ᠲᠥᠷᠥᠯ᠎ᠦᠨ ᠵᠠᠬ᠎ᠠ ᠳᠡᠯᠭᠡᠭᠦᠷ᠎ᠦᠨ ᠭᠤᠤᠯ ᠴᠣᠭᠴᠠ᠎ᠶᠢᠨ ᠡᠷᠡᠭᠦᠯ᠎ᠢᠶᠡᠷ ᠬᠥᠭᠵᠢᠬᠦ᠌᠎ᠳᠦ ᠬᠤᠳᠠᠯᠳᠤᠭ᠎ᠠ ᠡᠷᠬᠢᠯᠡᠬᠦ᠌ ᠰᠠᠶ᠋ᠢᠨ ᠰᠠᠶ᠋ᠢᠬᠠᠨ ᠰᠦᠯᠵᠢᠶᠡᠨ᠎ᠦ ᠣᠷᠴᠢᠨ ᠨᠥᠬᠥᠴᠡᠯ᠎ᠢ ᠪᠣᠶ ᠪᠣᠯᠭᠠᠨ᠎ᠠ᠃
ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠢᠨᠲ᠋ᠧᠷ ᠰᠦᠯᠵᠢᠶᠡᠨ᠎ᠦ ᠠᠮᠤᠷ ᠳᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠵᠢᠨ ᠠᠯᠪᠠᠨ ᠬᠡᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄ ᠭᠦᠨᠪᠢᠯᠢᠭ




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃