ᠲᠡᠷᠢᠭᠦᠨ ᠨᠢᠭᠤᠷ - ᠵᠢᠷᠤᠭᠲᠤ ᠮᠡᠳᠡᠭᠡ

2026-11-27 10:41:03

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3


  ᠸᠠᠩ ᠸᠧᠶ ᠵᠥᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ


ᠬᠤᠷᠠᠯ᠎ᠡᠴᠡ ᠲᠥᠯᠥᠭᠡᠯᠡᠭᠴᠢᠳ᠎ᠦᠨ ᠬᠢᠷᠢ ᠬᠡᠮ᠎ᠢ ᠬᠢᠨᠠᠨ ᠪᠠᠶ᠋ᠢᠴᠠᠭᠠᠬᠤ ᠺᠤᠮᠢᠰ᠎ᠦᠨ ᠨᠡᠷᠡᠰ᠂ ᠶᠡᠬᠡ ᠬᠤᠷᠠᠯ᠎ᠤᠨ ᠣᠨᠴᠠ ᠤᠷᠢᠭᠰᠠᠨ ᠲᠥᠯᠥᠭᠡᠯᠡᠭᠴᠢ ᠵᠢᠨ ᠨᠡᠷᠡᠰ᠂ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ ᠪᠠ ᠨᠠᠷᠢᠨ ᠪᠢᠴᠢᠭ᠎ᠦᠨ ᠳᠠᠷᠤᠭ᠎ᠠ᠎ᠶᠢᠨ ᠨᠡᠷᠡᠰ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠪᠠᠶ᠋ᠢᠭᠤᠯᠤᠮᠵᠢ᠎ᠶᠢᠨ ᠲᠣᠬᠢᠷᠠᠭᠤᠯᠤᠯᠲᠠ ᠪᠠ ᠠᠵᠢᠯ᠎ᠤᠨ ᠡᠭᠦᠷᠭᠡ᠂ ᠶᠡᠬᠡ ᠬᠤᠷᠠᠯ᠎ᠤᠨ ᠵᠦᠪᠯᠡᠬᠦ ᠵᠦᠢᠯᠡᠰ᠎ᠢ ᠪᠠᠲᠤᠯᠠᠪᠠ


11 ᠰᠠᠷ᠎ᠠ᠎ᠶᠢᠨ 26 ᠤ᠋ ᠦᠳᠡ᠎ᠶᠢᠨ ᠬᠣᠶ᠋ᠢᠨ᠎ᠠ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ ᠪᠡᠯᠡᠳᠬᠡᠯ ᠬᠤᠷᠠᠯ ᠬᠢᠪᠡ᠃

ᠸᠠᠩ ᠸᠧᠢ ᠵᠦᠩ᠂ ᠪᠦᠦ ᠭᠠᠩ᠂ ᠱ᠌ᠢ ᠭᠤᠸᠠᠩ ᠬᠤᠢ᠂ ᠸᠠᠩ ᠽᠢ ᠯᠢᠶᠠᠨ᠂ ᠬᠦᠦᠳᠠᠭᠤᠯᠠ᠂ ᠪᠦᠦ ᠰᠢᠶᠠᠨ ᠬᠤᠸᠠ᠂ ᠢᠦᠢ ᠬᠤᠢ ᠸᠸᠨ᠂ ᠰᠦᠢ ᠴᠢᠩ᠂ ᠸᠠᠩ ᠪᠸᠨ ᠴᠢᠶᠠᠩ᠂ ᠴᠧᠨ ᡁᠢ ᠴᠠᠩ᠂ ᠯᠢ ᠳ᠋ᠦᠩ ᠰᠢᠤᠢ ᠲᠡᠷᠢᠭᠦᠯᠡᠭᠴᠢᠳ᠎ᠦᠨ ᠲᠠᠶ᠋ᠢᠰᠠᠨ᠎ᠳᠤ ᠰᠠᠭᠠᠲᠠᠪᠠ᠃



11 ᠰᠠᠷ᠎ᠠ ᠵᠢᠨ 26 ᠎ᠤ᠋ ᠦᠳᠡ ᠵᠢᠨ ᠬᠤᠢᠨ᠎ᠠ᠂ ᠲᠤᠮᠳᠠᠳᠤ ᠤᠯᠤᠰ᠎ᠤᠨ ᠡᠪ ᠬᠠᠮᠲᠦ ᠨᠠᠮ᠎ᠤᠨ ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠠᠨ ᠬᠤᠶᠠᠳᠤᠭᠠᠷ ᠤᠳᠠᠭ᠎ᠠ ᠵᠢᠨ ᠲᠦᠯᠦᠭᠡᠯᠡᠭᠴᠢᠳ᠎ᠤᠨ ᠶᠡᠬᠡ ᠬᠤᠷᠠᠯ ᠪᠡᠯᠡᠳᠬᠡᠯ ᠬᠤᠷᠠᠯ ᠬᠢᠪᠡ᠃     

 ᠲᠤᠰ ᠰᠤᠨᠢᠨ᠎ᠤ ᠰᠤᠷᠪᠤᠯᠵᠢᠯᠠᠭᠴᠢ  ᠮᠠ ᠵᠢᠶᠠᠨ ᠪᠢᠩ  ᠰᠡᠭᠦᠳᠡᠷᠯᠡᠪᠡ


ᠥᠪᠡᠷᠲᠡᠭᠡᠨ ᠵᠠᠰᠠᠬᠤ ᠣᠷᠣᠨ ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ ᠎ᠦᠨ ᠶᠡᠬᠡ ᠬᠤᠷᠠᠯ᠎ᠳᠤ ᠣᠷᠣᠯᠴᠠᠬᠤ ᠶᠣᠰᠣᠲᠠᠢ ᠲᠥᠯᠥᠭᠡᠯᠡᠭᠴᠢ 669 ᠬᠥᠮᠦᠨ᠂ ᠡᠭᠦᠨ᠎ᠳᠦ ᠣᠨᠴᠠ ᠤᠷᠢᠭᠰᠠᠨ ᠲᠥᠯᠥᠭᠡᠯᠡᠭᠴᠢ 2 ᠬᠥᠮᠦᠨ ᠪᠤᠢ᠃ 9 ᠲᠦᠯᠦᠭᠡᠯᠡᠭᠴᠢ ᠶᠠᠪᠤᠳᠠᠯ᠎ᠢᠶᠡᠷ ᠪᠤᠶᠤ ᠡᠪᠡᠳᠴᠢᠨ᠎ᠢᠶᠡᠷ ᠴᠢᠯᠥᠭᠡ ᠭᠤᠶᠤᠵᠤ᠂ 660 ᠲᠥᠯᠥᠭᠡᠯᠡᠭᠴᠢ ᠪᠡᠯᠡᠳᠬᠡᠯ ᠬᠤᠷᠠᠯ᠎ᠳᠤ ᠤᠷᠤᠯᠴᠠᠵᠤ᠂ ᠲᠣᠭᠲᠠᠭᠰᠠᠨ ᠬᠥᠮᠦᠨ᠎ᠦ ᠲᠣᠭ᠎ᠠ᠎ᠳᠤ ᠨᠡᠶ᠋ᠢᠴᠡᠵᠡᠢ᠃

ᠸᠠᠩ ᠸᠧᠢ ᠵᠦᠩ ᠬᠤᠷᠠᠯ ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠸᠠᠩ ᠽᠢ ᠯᠢᠶᠠᠨ ᠶᠡᠬᠡ ᠬᠤᠷᠠᠯ᠎ᠤᠨ ᠰᠠᠬᠢᠯᠭ᠎ᠠ ᠪᠠᠲᠤ᠎ᠶᠢᠨ ᠱᠠᠭᠠᠷᠳᠠᠯᠭ᠎ᠠ ᠎ᠶᠢ ᠴᠢᠬᠤᠯᠠᠴᠢᠯᠠᠨ ᠲᠤᠳᠤᠷᠬᠠᠢᠯᠠᠵᠤ᠂ ᠯᠢ ᠳ᠋ᠦᠩ ᠰᠢᠤᠢ ᠶᠡᠬᠡ ᠬᠤᠷᠠᠯ᠎ᠤᠨ ᠣᠨᠴᠠ ᠤᠷᠢᠭᠰᠠᠨ ᠲᠥᠯᠥᠭᠡᠯᠡᠭᠴᠢ ᠵᠢᠨ ᠰᠠᠨᠠᠭᠤᠯᠭ᠎ᠠ᠎ᠶᠢᠨ ᠨᠡᠷᠡᠰ᠎ᠲᠦ᠍ ᠲᠣᠳᠣᠷᠬᠠᠶ᠋ᠢᠯᠠᠯᠲᠠ ᠬᠢᠪᠡ᠃

ᠬᠤᠷᠠᠯ᠎ᠡᠴᠡ ᠲᠥᠯᠥᠭᠡᠯᠡᠭᠴᠢᠳ᠎ᠦᠨ ᠬᠢᠷᠢ ᠬᠡᠮ ᠎ᠢ ᠬᠢᠨᠠᠨ ᠪᠠᠶ᠋ᠢᠴᠠᠭᠠᠬᠤ ᠺᠤᠮᠢᠰ᠎ᠤᠨ ᠨᠡᠷᠡᠰ᠎ᠢ ᠪᠠᠲᠤᠯᠠᠵᠤ᠂ ᠶᠡᠬᠡ ᠬᠤᠷᠠᠯ᠎ᠤᠨ ᠣᠨᠴᠠ ᠤᠷᠢᠭᠰᠠᠨ ᠲᠥᠯᠥᠭᠡᠯᠡᠭᠴᠢ ᠵᠢᠨ ᠨᠡᠷᠡᠰ᠎ᠢ ᠪᠠᠲᠤᠯᠠᠵᠤ᠂ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶᠢᠨ ᠨᠡᠷᠡᠰ᠎ᠢ ᠪᠠᠲᠤᠯᠠᠵᠤ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠪᠠᠶ᠋ᠢᠭᠤᠯᠤᠮᠵᠢ᠎ᠶᠢᠨ ᠲᠤᠬᠢᠷᠠᠭᠤᠯᠤᠯᠲᠠ ᠪᠣᠯᠤᠨ ᠠᠵᠢᠯ᠎ᠤᠨ ᠡᠭᠦᠷᠭᠡ᠎ᠶᠢ ᠪᠠᠲᠤᠯᠠᠪᠠ᠃

ᠬᠤᠷᠠᠯ᠎ᠡᠴᠡ ᠶᠡᠬᠡ ᠬᠤᠷᠠᠯ᠎ᠤᠨ ᠵᠦᠪᠯᠡᠬᠦ ᠵᠦᠢᠯᠡᠰ᠎ᠢ ᠪᠠᠲᠤᠯᠠᠪᠠ᠄ ᠨᠢᠭᠡ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠢᠯᠡᠳᠭᠡᠯ᠎ᠢ ᠰᠣᠨᠣᠰᠴᠤ᠌ ᠬᠢᠨᠠᠨ ᠪᠠᠶ᠋ᠢᠴᠠᠭᠠᠨ᠎ᠠ; ᠬᠣᠶᠠᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢ ᠬᠢᠨᠠᠨ ᠪᠠᠶ᠋ᠢᠴᠠᠭᠠᠨ᠎ᠠ; ᠭᠤᠷᠪᠠ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠬᠤᠭᠤᠴᠠᠭᠠᠨ᠎ᠤ ᠬᠣᠷᠢᠢ᠎ᠠ᠎ᠶᠢ ᠰᠣᠩᠭᠣᠨ ᠭᠠᠷᠭᠠᠨ᠎ᠠ; ᠲᠦᠷᠪᠡ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠢ᠎ᠠ᠎ᠶᠢ ᠰᠣᠩᠭᠣᠨ ᠭᠠᠷᠭᠠᠨ᠎ᠠ᠃

ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠣᠯ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠰᠠᠭᠤᠷᠢ ᠵᠢ ᠪᠠᠲᠤᠳᠬᠠᠵᠤ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠬᠤᠭᠤᠴᠠᠭᠠᠨ ᠎ᠳᠤ ᠬᠤᠷᠠᠯᠳᠤᠬᠤ ᠨᠢᠭᠡ ᠤᠳᠠᠭ᠎ᠠ᠎ᠶᠢᠨ ᠲᠤᠢᠯ᠎ᠤᠨ ᠴᠢᠬᠤᠯᠠ ᠶᠡᠬᠡ ᠬᠤᠷᠠᠯ ᠪᠠᠢᠵᠤ᠂ ᠪᠦᠬᠦ ᠣᠷᠣᠨ ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠯᠤᠰ ᠲᠦᠷᠦ᠎ᠶᠢᠨ ᠠᠮᠢᠳᠤᠷᠠᠯ᠎ᠳᠠᠬᠢ ᠨᠢᠭᠡᠨ ᠲᠤᠮᠤ ᠶᠠᠪᠤᠳᠠᠯ ᠪᠣᠯᠣᠨ᠎ᠠ᠃ ᠡᠯ᠎ᠡ ᠲᠥᠯᠥᠭᠡᠯᠡᠭᠴᠢᠳ ᠨᠠᠮ᠂ ᠠᠷᠠᠳ ᠲᠦᠮᠡᠨ᠂ ᠥᠪᠥᠷ ᠮᠣᠩᠭᠣᠯ᠎ᠤᠨ ᠬᠥᠭᠵᠢᠯᠲᠡ᠎ᠳᠦ ᠳᠡᠭᠡᠳᠦ ᠬᠡᠮᠵᠢᠶ᠎ᠡ᠎ᠪᠡᠷ ᠬᠠᠷᠢᠭᠤᠴᠠᠬᠤ ᠣᠪᠣᠷ᠂ ᠪᠠᠲᠤ ᠴᠢᠩᠭ᠎ᠠ ᠤᠯᠤᠰ ᠲᠥᠷᠥ᠎ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡ᠎ᠶᠢᠨ ᠡᠭᠦᠷᠭᠡ ᠬᠠᠷᠢᠭᠤᠴᠠᠯᠭᠠᠳᠤ  ᠰᠡᠳᠬᠢᠯᠭᠡ᠎ᠪᠡᠷ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ᠎ᠢᠶᠠᠨ ᠢᠳᠡᠪᠬᠢᠲᠡᠢ ᠰᠠᠢᠲᠤᠷ ᠬᠢᠵᠦ᠂ ᠲᠣᠰ ᠤᠳᠠᠭ᠎ᠠ ᠵᠢᠨ ᠶᠡᠬᠡ ᠬᠤᠷᠠᠯ᠎ᠢ ᠦᠨᠡᠨ ᠬᠦ᠌ ᠲᠣᠭ᠎ᠢ ᠥᠨᠳᠥᠷ ᠮᠠᠨᠳᠤᠭᠤᠯᠵᠤ᠂ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠤ᠂ ᠪᠦᠯᠬᠦᠮᠳᠡᠨ ᠲᠡᠮᠡᠴᠡᠵᠦ᠂ ᠰᠡᠳᠬᠢᠯ ᠨᠢᠭᠡᠳᠦᠨ ᠬᠦᠴᠦᠨ᠎ᠢᠶᠡᠨ ᠬᠠᠮᠳᠤᠳᠬᠠᠭᠰᠠᠨ ᠶᠡᠬᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃

ᠸᠠᠩ ᠸᠧᠢ ᠵᠥᠩ᠂ ᠲᠤᠰ ᠤᠳᠠᠭ᠎ᠠ᠎ᠶᠢᠨ ᠶᠡᠬᠡ ᠬᠤᠷᠠᠯ ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ᠂ ᠲᠠᠪᠤᠳᠤᠭᠠᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠡ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠥᠪᠥᠷ ᠮᠣᠩᠭᠣᠯ᠎ᠤᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶᠢᠨ ᠳᠤᠮᠳᠠ ᠰᠢᠨ᠎ᠡ ᠵᠠᠮ ᠨᠡᠭᠡᠭᠡᠨ᠂ ᠰᠢᠨ᠎ᠡ ᠬᠠᠭᠤᠳᠠᠰᠤ᠎ᠶᠢ ᠪᠢᠴᠢᠭᠯᠡᠬᠦ ᠬᠠᠷᠢᠭᠤᠴᠠᠯᠭ᠎ᠠ ᠡᠭᠦᠷᠭᠡᠯᠡᠯ᠎ᠢ ᠴᠢᠨᠠᠭᠰᠢᠳᠠ ᠲᠣᠳᠣᠷᠬᠠᠢᠯᠠᠵᠤ᠂ ᠬᠣᠢᠰᠢᠳᠠ᠎ᠶᠢᠨ ᠲᠠᠪᠤᠨ ᠵᠢᠯ ᠎ᠦᠨ ᠲᠡᠮᠡᠴᠡᠬᠦ ᠬᠠᠷᠠᠯᠲᠠ ᠪᠠ ᠭᠣᠣᠯ ᠡᠭᠦᠷᠭᠡ᠎ᠶᠢ ᠳᠤᠷᠠᠳᠤᠨ ᠭᠠᠷᠭᠠᠨ᠎ᠠ᠃ ᠪᠢᠳᠡ ᠥᠪᠡᠷᠲᠡᠭᠡᠨ ᠵᠠᠰᠠᠬᠤ ᠣᠷᠣᠨ ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠨᠢᠭᠡ ᠰᠡᠳᠬᠢᠯ ᠨᠢᠭᠡ ᠵᠣᠷᠢᠭ᠋᠎ᠢᠶᠠᠷ᠂ ᠰᠡᠳᠬᠢᠯ ᠨᠢᠭᠡᠳᠦᠨ ᠬᠦᠴᠦᠨ ᠵᠢᠠᠨ ᠬᠠᠮᠲᠤᠳᠬᠠᠵᠤ ᠲᠤᠰ ᠤᠳᠠᠭ᠎ᠠ᠎ᠶᠢᠨ ᠬᠤᠷᠠᠯ᠎ᠢ ᠰᠠᠢᠲᠤᠷ ᠬᠤᠷᠠᠯᠳᠤᠭᠤᠯᠵᠤ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠴᠦᠨ᠎ᠢ ᠨᠢᠭ᠍ᠲᠠᠷᠠᠭᠤᠯᠵᠤ᠂ ᠪᠦᠬᠦ ᠣᠷᠣᠨ᠎ᠲᠠᠶᠠᠭᠠᠷ᠎ᠢ ᠬᠥᠲᠥᠯᠥᠨ ᠳᠠᠭᠠᠭᠤᠯᠵᠤ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠨᠡᠩ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠨ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ᠎ᠶᠢᠨ ᠫᠢᠩ᠎ᠤᠨ ᠵᠢᠭᠠᠭᠰᠠᠨ ᠴᠢᠭᠯᠡᠯ᠎ᠢᠶᠡᠷ ᠡᠷᠡᠰ ᠭᠤᠢᠪᠢᠰᠢ ᠦᠭᠡᠢ ᠤᠷᠤᠭᠰᠢᠯᠠᠬᠤ ᠬᠡᠷᠡᠭᠳᠡᠢ ᠭᠡᠵᠤ ᠵᠢᠭᠠᠵᠤ ᠭᠠᠷᠭᠠᠪᠠ᠃

ᠸᠠᠩ ᠸᠧᠢ ᠵᠦᠩ᠂ ᠲᠥᠯᠥᠭᠡᠯᠡᠭᠴᠢᠳ ᠶᠡᠬᠡ ᠲᠠᠯ᠎ᠠ ᠪᠦᠬᠦ ᠲᠠᠯ᠎ᠠ᠎ᠳᠤ ᠵᠣᠭᠰᠣᠵᠤ᠂ ᠨᠠᠮ᠎ᠤᠨ ᠬᠣᠷᠢᠶ᠎ᠠ᠎ᠶᠢᠨ ᠢᠯᠡᠳᠬᠡᠯ ᠪᠠ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠭᠦᠨᠵᠡᠭᠡᠢ ᠰᠡᠳᠬᠢᠨ ᠪᠣᠳᠣᠯᠬᠢᠯᠠᠵᠤ᠂ ᠦᠨᠡᠨ ᠮᠡᠳᠡᠯᠬᠡ ᠨᠡᠪᠳᠡᠷᠬᠡᠢ ᠦᠵᠡᠯᠲᠡ ᠪᠡᠨ ᠢᠯᠡᠳᠬᠡᠵᠦ᠂ ᠥᠪᠥᠷ ᠮᠣᠩᠭᠣᠯ᠎ᠤᠨ ᠪᠦᠬᠦ ᠲᠠᠯ᠎ᠠ᠎ᠶᠢᠨ ᠠᠵᠢᠯ ᠪᠣᠯᠣᠨ ᠠᠯᠤᠰ ᠬᠡᠳᠤ᠎ᠶᠢᠨ ᠬᠥᠭᠵᠢᠯᠲᠡ᠎ᠳᠦ ᠬᠣᠯᠪᠣᠭᠳᠠᠬᠤ ᠴᠢᠬᠤᠯᠠ ᠶᠡᠬᠡ ᠠᠰᠠᠭᠤᠳᠠᠯ᠎ᠢ ᠦᠨᠡᠨ ᠬᠦ᠌ ᠰᠠᠢᠲᠤᠷ ᠶᠠᠷᠢᠯᠴᠠᠬᠤ ᠬᠡᠷᠡᠭᠲᠡᠢ᠃ ᠠᠷᠠᠳᠴᠢᠯᠠᠯ᠎ᠤᠨ ᠡᠷᠬᠡ᠎ᠪᠡᠨ ᠵᠥᠪ ᠬᠡᠷᠡᠭᠵᠢᠭᠦᠯᠵᠦ᠂ ᠰᠣᠩᠭᠣᠭᠤᠯᠢ᠎ᠶᠢᠨ ᠡᠭᠦᠷᠭᠡ᠎ᠶᠢ ᠴᠢᠨᠠᠷ ᠰᠠᠢᠲᠠᠢ ᠪᠡᠶᠡᠯᠡᠭᠦᠯᠬᠦ ᠬᠡᠷᠡᠭᠲᠡᠢ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶᠢ ᠴᠢᠩᠳᠠᠯᠠᠬᠤ ᠲᠤᠬᠠᠢ ᠨᠠᠮ᠎ᠤᠨ ᠲᠥᠪ ᠬᠣᠷᠢᠶ᠎ᠡ ᠵᠢᠨ ᠱᠠᠭᠠᠷᠳᠠᠯᠭ᠎ᠠ᠎ᠶᠢ ᠴᠢᠩᠭ᠎ᠠ ᠬᠡᠷᠡᠭᠵᠢᠭᠦᠯᠵᠦ᠂ ᠬᠤᠷᠠᠯ᠎ᠤᠨ ᠡᠯ᠎ᠡ ᠵᠦᠢᠯ᠎ᠦᠨ ᠰᠠᠬᠢᠯᠭ᠎ᠠ ᠪᠠᠲᠤ ᠪᠠ ᠲᠣᠭᠲᠠᠭᠠᠯ᠎ᠢ ᠴᠢᠩᠭ᠎ᠠ ᠵᠢᠷᠤᠮᠯᠠᠵᠤ᠂ ᠶᠡᠬᠡ ᠬᠤᠷᠠᠯ᠎ᠤᠨ ᠰᠤᠷᠲᠠᠯ ᠴᠢᠬᠡᠴᠢ ᠣᠪᠣᠷ ᠲᠥᠪ᠂ ᠲᠡᠭᠦᠰ ᠠᠮᠵᠢᠯᠲᠠ᠎ᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

 ᠪᠡᠯᠡᠳᠬᠡᠯ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ 《ᠠᠷᠢᠭᠤᠨ ᠴᠢᠭᠡᠴᠢ ᠪᠡᠷ ᠠᠶᠠᠯᠠᠯ᠎ᠢ ᠬᠠᠮᠠᠭᠠᠯᠠᠬᠤ》 ᠭᠡᠬᠦ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠎ᠶᠢ ᠴᠢᠩᠳᠠᠯᠠᠬᠤ ᠲᠤᠰᠬᠠᠢ ᠰᠡᠳᠦᠪᠲᠦ ᠬᠥᠮᠦᠵᠢᠯ᠎ᠦᠨ ᠹᠢᠯᠢᠮ ᠎ᠢ᠋  ᠬᠠᠮᠲᠦ ᠪᠡᠷ ᠰᠤᠨᠢᠷᠬᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面