ᠲᠡᠷᠢᠭᠦᠨ ᠨᠢᠭᠤᠷ - ᠵᠢᠷᠤᠭᠲᠤ ᠮᠡᠳᠡᠭᠡ

2026-11-27 10:45:06

ᠵᠣᠬᠢᠶᠠᠭ᠍ᠴᠢ᠄ ᠰᠦᠩ ᠱᠤᠸᠠᠩ ᠯᠢ ᠬᠠᠨ ᠣᠩᠱᠢᠭ᠍ᠰᠠᠨ ᠣᠳᠠᠭ᠎ᠠ᠄ 3

ᠸᠠᠩ ᠸᠧᠢ ᠵᠥᠩ ᠠᠰᠢᠬᠯᠠᠯᠳᠠ᠎ᠳᠦ ᠣᠷᠣᠭᠤᠯᠬᠤ ᠶᠣᠰᠣᠯᠠᠯ᠎ᠳᠤ ᠣᠷᠣᠯᠴᠠᠬ᠍ᠰᠠᠨ ᠪᠥᠭᠡᠳ ᠨᠢᠰᠬᠡᠯ᠎ᠦᠨ ᠪᠠᠭᠤᠳᠠᠯ᠎ᠤᠨ ᠠᠰᠢᠬᠯᠠᠯᠳᠠ᠎ᠳᠦ ᠤᠷᠤᠬᠰᠠᠨ᠎ᠢ ᠵᠠᠷᠯᠠᠪᠠ

ᠪᠤᠤ ᠭᠠᠩ ᠪᠠᠶᠠᠷ᠎ᠤᠨ ᠦᠭᠡ ᠬᠡᠯᠡᠵᠦ  ᠵᠠᠩ ᠶᠠᠨ ᠺᠦᠨ ᠣᠷᠣᠯᠴᠠᠵᠠᠢ


ᠪᠦᠭᠦ ᠣᠷᠣᠨ ᠳᠠᠶᠠᠭᠠᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠢᠯᠠᠯᠳᠠ᠎ᠲᠠᠢ ᠬᠤᠷᠠᠯᠳᠤᠬᠤ᠎ᠶᠢ ᠪᠠᠶᠠᠷᠯᠠᠨ ᠤᠭᠲᠤᠬᠤ ᠲᠠᠰᠢᠷᠠᠮ᠎ᠢᠶᠠᠷ᠂ 11 ᠰᠠᠷ᠎ᠠ᠎ᠶᠢᠨ 26 ᠤ᠋ ᠡᠳᠦᠷ᠂ ᠭᠦᠭᠡᠬᠣᠲᠠ ᠎ᠶᠢᠨ ᠱᠧᠩ ᠯᠧ ᠤᠯᠠᠨ ᠤᠯᠤᠰ᠎ᠤᠨ ᠨᠢᠰᠬᠡᠯ᠎ᠦᠨ ᠪᠠᠭᠤᠳᠠᠯ᠎ᠢ ᠠᠰᠢᠭ᠍ᠯᠠᠯᠲᠠ᠎ᠳᠤ ᠣᠷᠣᠭᠤᠯᠬᠤ ᠶᠣᠰᠣᠯᠠᠯ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠭᠢᠯᠡᠭᠴᠢ ᠸᠠᠩ ᠸᠧᠢ ᠵᠦᠩ ᠶᠤᠰᠤᠯᠠᠯ᠎ᠳᠤ ᠣᠷᠣᠯᠴᠠᠬ᠍ᠰᠠᠨ ᠪᠥᠭᠡᠳ ᠭᠦᠭᠡᠬᠣᠲᠠ᠎ᠶᠢᠨ ᠱᠧᠩ ᠯᠸ ᠤᠯᠠᠨ ᠤᠯᠤᠰ᠎ᠤᠨ ᠨᠢᠰᠬᠡᠯ᠎ᠦᠨ ᠪᠠᠭᠤᠳᠠᠯ ᠵᠢᠩᠬᠢᠨᠢ᠎ᠪᠡᠷ ᠠᠰᠢᠭ᠍ᠯᠠᠯᠲᠠ᠎ᠳᠤ ᠣᠷᠣᠭᠰᠠᠨ᠎ᠢ ᠵᠠᠷᠯᠠᠪᠠ᠃



11 ᠰᠠᠷ᠎ᠠ ᠵᠢᠨ 26᠎ᠤ᠋ ᠡᠳᠦᠷ ᠂ ᠭᠦᠭᠡᠬᠣᠲᠠ᠎ᠶᠢᠨ ᠱᠧᠩ ᠯᠸ ᠤᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠠᠰᠢᠬᠯᠠᠯᠳᠠ᠎ᠳᠦ ᠣᠷᠣᠭᠤᠯᠬᠤ ᠶᠣᠰᠣᠯᠠᠯ᠎ᠤᠨ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠭᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠪᠤᠤ ᠭᠠᠩ᠂ ᠥᠪᠡᠷᠳᠡᠭᠡᠨ ᠵᠠᠰᠠᠬᠤ ᠤᠷᠤᠨ᠎ᠤ ᠤᠯᠤᠰ ᠲᠦᠷᠦ ᠵᠢᠨ ᠵᠦᠪᠯᠡᠯᠬᠡᠨ᠎ᠤ ᠲᠡᠷᠢᠬᠦᠯᠡᠭᠴᠢ ᠵᠠᠩ ᠶᠠᠨ ᠺᠦᠨ ᠵᠡᠷᠭᠡ ᠤᠳᠤᠷᠢᠳᠤᠯᠭ᠎ᠠ ᠨᠢᠰᠬᠡᠯ ᠬᠦᠯᠢᠶᠡᠬᠦ ᠠᠰᠠᠷ᠎ᠤᠨ ᠭᠠᠷᠳᠠᠮ ᠬᠦᠢᠴᠡᠳᠬᠡᠬᠦ ᠵᠢᠵᠢᠭᠦᠷᠯᠡᠬᠦ ᠲᠠᠪᠴᠠᠩ᠂ ᠠᠮᠤᠷ ᠲᠦᠪᠰᠢᠨ᠎ᠦ ᠪᠠᠢᠴᠠᠭᠠᠯᠲᠠ᠎ᠶᠢᠨ ᠲᠣᠭᠣᠷᠢᠭ᠋ ᠵᠡᠷᠭᠡ ᠭᠠᠵᠠᠷ ᠲᠤ᠌ ᠬᠦᠷᠴᠦ᠂ ᠠᠶᠠᠨᠴᠢᠳ᠎ᠤᠨ ᠨᠢᠰᠬᠡᠯ᠎ᠳᠦ ᠭᠠᠷᠬᠤ ᠭᠠᠷᠳᠠᠮ ᠬᠦᠢᠴᠡᠳᠬᠡᠵᠦ ᠪᠠᠢᠬᠤ᠂ ᠣᠶᠤᠨᠲᠤ ᠠᠮᠤᠷ ᠲᠦᠪᠰᠢᠨ᠎ᠦ ᠪᠠᠢᠴᠠᠭᠠᠯᠲᠠ᠂ ᠨᠢᠰᠬᠡᠯ᠎ᠦᠨ ᠪᠠᠭᠤᠳᠠᠯ᠎ᠤᠨ ᠠᠷᠠᠳ᠎ᠲᠤ ᠲᠦᠭᠦᠮ ᠦᠵᠡᠭᠦᠯᠭᠦ ᠦᠢᠯᠡᠴᠢᠯᠡᠭᠡ ᠪᠣᠯᠣᠨ ᠬᠤᠳᠠᠯᠳᠤᠭᠠᠨ᠎ᠤ ᠪᠠᠢᠷᠢᠰᠢᠭᠤᠯᠤᠯᠲᠠ ᠵᠡᠷᠭᠡ ᠪᠠᠢᠳᠠᠯ᠎ᠢ ᠣᠢᠯᠠᠭᠠᠪᠠ᠃

          ᠰᠤᠷᠪᠤᠯᠵᠢᠯᠠᠬᠴᠢ  ᠮᠠ ᠵᠢᠶᠠᠨ ᠪᠢᠩ  ᠰᠡᠬᠦᠳᠡᠷᠯᠡᠪᠡ


ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠪᠠᠶᠠᠷ᠎ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ᠂ ᠳᠤᠮᠳᠠᠳᠤ ᠤᠯᠤᠰ᠎ᠤᠨ ᠠᠷᠠᠳ᠎ᠤᠨ ᠬᠡᠷᠡᠭᠯᠡᠭᠡᠨ᠎ᠦ ᠠᠭᠠᠷ᠎ᠤᠨ ᠠᠶᠠᠯᠠᠯ᠎ᠤᠨ ᠲᠣᠪᠴᠢᠶ᠎ᠠ᠎ᠶᠢᠨ ᠶᠡᠷᠦᠩᠬᠡᠢ ᠨᠢᠰᠬᠡᠭᠴᠢ ᠰᠢᠶᠦ᠋ᠩ ᠵᠢᠶᠧ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠭᠦᠭᠡᠬᠣᠲᠠ᠎ᠶᠢᠨ ᠨᠠᠮ᠎ᠤᠨ ᠬᠣᠷᠢᠶ᠎ᠠ᠎ᠶᠢᠨ ᠱᠦᠵᠢ ᠢᠦᠢ ᠬᠣᠶ ᠸᠸᠨ᠂ ᠳᠤᠮᠳᠠᠳᠤ ᠤᠯᠤᠰ᠎ᠤᠨ ᠠᠭᠠᠷ᠎ᠤᠨ ᠠᠶᠠᠯᠠᠯ᠎ᠤᠨ ᠪᠦᠯᠦᠭᠯᠡᠯ᠎ᠦᠨ ᠬᠡᠷᠡᠭ ᠮᠡᠳᠡᠭᠴᠢ᠂ ᠶᠡᠷᠦᠩᠬᠡᠢ ᠳᠠᠭᠠᠭᠠᠮᠠᠯ ᠴᠢᠦᠢ ᠭᠤᠸᠠᠩ ᠵᠢᠢ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠺᠤᠮᠠᠨᠳᠠᠯᠠᠭ᠍ᠴᠢ ᠯᠢᠦ ᠴᠦᠨ ᠵᠢᠶᠠᠩ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠵᠠᠩ ᠱᠣᠸ᠋ ᠴᠦᠨ᠂ ᠢᠦᠢ ᠯᠢ ᠰᠢᠨ᠂ ᠳᠠᠶ᠋ᠢᠴᠢᠨ᠂ ᠶᠤᠤ ᠶᠦᠩ ᠪᠦᠸᠧ ᠣᠷᠣᠯᠴᠠᠵᠠᠢ᠃

ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ᠂ ᠳᠤᠮᠳᠠᠳᠤ ᠤᠯᠤᠰ᠎ᠤᠨ ᠠᠷᠠᠳ᠎ᠤᠨ ᠬᠡᠷᠡᠭᠯᠡᠭᠡᠨ᠎ᠤ ᠠᠭᠠᠷ᠎ᠤᠨ ᠠᠶᠠᠯᠠᠯ᠎ᠤᠨ ᠲᠣᠪᠴᠢᠶ᠎ᠠ ᠥᠪᠥᠷ ᠮᠣᠩᠭᠣᠯ᠎ᠤᠨ ᠨᠢᠰᠬᠡᠯ᠎ᠦᠨ ᠪᠠᠭᠤᠳᠠᠯ᠎ᠤᠨ ᠪᠦᠯᠦᠭᠯᠡᠯ᠎ᠳᠦ ᠭᠦᠭᠡᠬᠣᠲᠠ᠎ᠶᠢᠨ ᠱᠧᠩ ᠯᠸ ᠤᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠲᠡᠬᠡᠬᠡᠪᠦᠷᠢᠯᠡᠨ ᠡᠵᠡᠩᠨᠡᠬᠦ ᠵᠦᠪᠰᠢᠶᠡᠷᠡᠯ᠎ᠤᠨ ᠪᠢᠴᠢᠭ᠎ᠢ ᠭᠠᠷᠳᠠᠭᠤᠯᠪᠠ᠃ ᠠᠰᠢᠬᠯᠠᠯᠳᠠ᠎ᠳᠦ ᠣᠷᠣᠭᠤᠯᠬᠤ ᠶᠣᠰᠣᠯᠠᠯ᠎ᠤᠨ ᠲᠠᠷᠠᠭ᠎ᠠ᠂ ᠸᠠᠩ ᠸᠧᠢ ᠵᠦᠩ᠂ ᠪᠤᠤ ᠭᠠᠩ᠂ ᠵᠠᠩ ᠶᠠᠨ ᠺᠦᠨ ᠵᠡᠷᠭᠡ ᠤᠳᠤᠷᠢᠳᠤᠯᠭ᠎ᠠ ᠤᠷᠢᠳ ᠬᠣᠵᠢᠳ ᠨᠢᠰᠬᠡᠯ ᠬᠦᠯᠢᠶᠡᠬᠦ ᠠᠰᠠᠷ᠎ᠤᠨ ᠭᠠᠷᠳᠠᠮ ᠬᠦᠢᠴᠡᠳᠬᠡᠬᠦ ᠵᠢᠵᠢᠭᠦᠷᠯᠡᠬᠦ ᠲᠠᠪᠴᠠᠩ᠂ ᠠᠮᠤᠷ ᠲᠦᠪᠰᠢᠨ᠎ᠦ ᠪᠠᠢᠴᠠᠭᠠᠯᠲᠠ᠎ᠶᠢᠨ ᠲᠣᠭᠣᠷᠢᠭ᠋ ᠵᠡᠷᠭᠡ ᠭᠠᠵᠠᠷ ᠲᠤ᠌ ᠬᠦᠷᠴᠦ᠂ ᠠᠶᠠᠨᠴᠢᠳ᠎ᠤᠨ ᠨᠢᠰᠬᠡᠯ᠎ᠳᠦ ᠭᠠᠷᠬᠤ ᠭᠠᠷᠳᠠᠮ ᠬᠦᠢᠴᠡᠳᠬᠡᠵᠦ ᠪᠠᠢᠬᠤ᠂ ᠣᠶᠤᠨᠲᠤ ᠠᠮᠤᠷ ᠲᠦᠪᠰᠢᠨ᠎ᠦ ᠪᠠᠢᠴᠠᠭᠠᠯᠲᠠ᠂ ᠨᠢᠰᠬᠡᠯ᠎ᠦᠨ ᠪᠠᠭᠤᠳᠠᠯ᠎ᠤᠨ ᠠᠷᠠᠳ᠎ᠲᠤ ᠲᠦᠭᠦᠮ ᠦᠵᠡᠭᠦᠯᠭᠦ ᠦᠢᠯᠡᠴᠢᠯᠡᠭᠡ ᠪᠣᠯᠣᠨ ᠬᠤᠳᠠᠯᠳᠤᠭᠠᠨ᠎ᠤ ᠪᠠᠢᠷᠢᠰᠢᠭᠤᠯᠤᠯᠲᠠ ᠵᠡᠷᠭᠡ ᠪᠠᠢᠳᠠᠯ᠎ᠢ ᠣᠢᠯᠠᠭᠠᠪᠠ᠃

ᠲᠤᠰ ᠡᠳᠦᠷ᠎ᠦᠨ ᠦᠳᠡ᠎ᠶᠢᠨ ᠡᠮᠦᠨᠡᠬᠢ 9 ᠴᠠᠭ 10 ᠮᠢᠨᠦ᠋ᠲ᠎ᠲᠦ᠂ ᠱᠧᠩ ᠯᠸ ᠤᠯᠠᠨ ᠤᠯᠤᠰ᠎ᠤᠨ ᠨᠢᠰᠬᠡᠯ᠎ᠦᠨ ᠪᠠᠭᠤᠳᠠᠯ ᠠᠩᠬᠠᠨ᠎ᠤ ᠡᠭᠡᠯᠵᠢ ᠵᠢᠨ ᠠᠶᠠᠨᠴᠢᠳ᠎ᠤᠨ ᠨᠢᠰᠬᠡᠯ ᠵᠢᠨᠨ ᠤᠬᠳᠤᠨ ᠠᠪᠴᠤ᠂ ᠥᠪᠡᠷᠲᠡᠭᠡᠨ ᠵᠠᠰᠠᠬᠤ ᠣᠷᠣᠨ᠎ᠤ ᠲᠤᠬᠠᠢ ᠵᠢᠨ ᠭᠠᠵᠠᠷ᠎ᠤᠨ ᠠᠭᠠᠷ᠎ᠤᠨ ᠠᠶᠠᠯᠠᠯ᠎ᠤᠨ ᠺᠤᠮᠫᠠᠨᠢ ᠪᠤᠯᠬᠤ ᠲᠢᠶᠠᠨ ᠵᠢᠶᠣᠣ ᠠᠭᠠᠷ᠎ᠤᠨ ᠠᠶᠠᠯᠠᠯ᠎ᠤᠨ ᠺᠤᠮᠫᠠᠨᠢ᠎ᠶᠢᠨ 9D5682 ᠨᠢᠰᠬᠡᠯ ᠤᠷᠤᠨ᠎ᠤ ᠲᠦᠪ ᠭᠦᠭᠡᠬᠣᠲᠠ᠎ᠶᠢᠨ ᠰᠢᠨ᠎ᠡ ᠠᠭᠠᠷ᠎ᠤᠨ ᠠᠶᠠᠯᠠᠯ᠎ᠤᠨ ᠭᠠᠷᠠᠮ᠎ᠤᠨ 4E ᠭᠦᠶᠦᠯᠲᠡ᠎ᠶᠢᠨ ᠵᠠᠮ᠎ᠳᠤ ᠯᠠᠪᠳᠠᠭᠤᠨ᠎ᠢᠶᠠᠷ ᠪᠠᠭᠤᠵᠦ᠂ ᠨᠢᠰᠬᠡᠯ᠎ᠦᠨ ᠪᠠᠭᠤᠳᠠᠯ ᠨᠢ ᠠᠷᠠᠳ᠎ᠤᠨ ᠠᠭᠠᠷ᠎ᠤᠨ ᠠᠶᠠᠯᠠᠯ᠎ᠤᠨ ᠬᠠᠮᠤᠭ᠎ᠤᠨ ᠳᠡᠭᠡᠳᠦ ᠶᠣᠰᠣᠯᠠᠯ 《ᠤᠰᠤᠨ ᠬᠠᠭᠠᠯᠭ᠎ᠠ᠎ᠶᠢᠨ ᠶᠣᠰᠣᠯᠠᠯ》 ᠵᠢᠨᠷ ᠤᠭᠲᠤᠨ ᠠᠪᠤᠪᠠ᠃ ᠲᠤᠰ ᠡᠭᠡᠯᠵᠢ᠎ᠶᠢᠨ ᠨᠢᠰᠬᠡᠯ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠨᠳᠦᠯᠡᠭᠰᠡᠨ ᠭᠠᠵᠠᠷ ᠤᠯᠠᠭᠠᠨᠬᠣᠲᠠ ᠡᠴᠡ ᠨᠢᠰᠴᠦ᠂ ᠨᠢᠰᠬᠡᠯ ᠨᠢ ᠤᠯᠤᠰ᠎ᠲᠠᠭᠠᠨ ᠦᠢᠯᠡᠳᠪᠦᠷᠢᠯᠡᠭᠰᠡᠨ ᠠᠷᠠᠳ᠎ᠤᠨ ᠬᠡᠷᠡᠭᠯᠡᠬᠡᠨ᠎ᠤ ᠨᠢᠰᠬᠡᠯ C909 ᠪᠤᠯᠤᠨ᠎ᠠ᠃ ᠦᠳᠡ᠎ᠶᠢᠨ ᠡᠮᠦᠨᠡᠬᠢ 11 ᠴᠠᠭ 26 ᠮᠢᠨᠦ᠋ᠲ᠎ᠲᠦ᠂ ᠱᠧᠩ ᠯᠸ ᠤᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠠᠩᠬᠠᠳᠠᠭ᠍ᠴᠢ ᠭᠠᠷᠠᠮ ᠡᠴᠡ ᠭᠠᠷᠬᠤ ᠡᠭᠡᠯᠵᠢ᠎ᠶᠢᠨ ᠨᠢᠰᠬᠡᠯ 4F ᠭᠦᠶᠦᠯᠲᠡ᠎ᠶᠢᠨ ᠵᠠᠮ ᠡᠴᠡ ᠨᠢᠰᠴᠦ᠂ ᠭᠦᠭᠡᠬᠣᠲᠠ ᠡᠴᠡ  ᠪᠡᠭᠡᠵᠢᠩ ᠵᠦᠭ ᠠᠶᠠᠯᠠᠪᠠ᠃

ᠠᠰᠢᠭᠯᠠᠯᠳᠠ᠎ᠳᠤ ᠣᠷᠣᠭᠰᠠᠨ ᠲᠤᠬᠠᠢ ᠵᠢᠨ ᠡᠳᠦᠷ᠂ ᠨᠢᠰᠬᠡᠯ᠎ᠦᠨ ᠪᠠᠭᠤᠳᠠᠯ 40 ᠡᠭᠡᠯᠵᠢ᠎ᠶᠢᠨ ᠨᠢᠰᠬᠡᠯ ᠎ᠢ ᠠᠶᠠᠯᠠᠭᠤᠯᠬᠤ᠎ᠪᠡᠷ ᠲᠥᠯᠥᠪᠯᠡᠵᠦ᠂ ᠠᠭᠠᠷ᠎ᠤᠨ ᠠᠶᠠᠯᠠᠯ᠎ᠤᠨ ᠱᠤᠭᠤᠮ ᠨᠢ ᠪᠡᠭᠡᠵᠢᠩ᠂ ᠱᠠᠩᠬᠠᠢ᠂ ᠭᠤᠸᠠᠩᠵᠧᠦ᠂ ᠱᠧᠨᠵᠧᠨ᠂ ᠬᠠᠩᠵᠧᠦ᠂ ᠴᠧᠩᠳᠦ᠋᠂ ᠴᠦᠩᠴᠢᠩ ᠵᠡᠷᠭᠡ ᠤᠯᠤᠰ᠎ᠤᠨ ᠳᠣᠲᠣᠭᠠᠳᠤ᠎ᠶᠢᠨ ᠭᠣᠣᠯᠳᠠᠯᠭ᠎ᠠ᠎ᠲᠠᠢ ᠬᠣᠲᠠ ᠵᠢᠴᠢ ᠬᠥᠯᠥᠨ ᠪᠤᠶ᠋ᠢᠷ᠂ ᠤᠯᠠᠭᠠᠨᠬᠠᠳᠠ᠂ ᠠᠯᠠᠱᠠ ᠵᠡᠷᠭᠡ ᠣᠷᠣᠨ᠎ᠤ ᠳᠣᠲᠣᠷᠠᠬᠢ ᠬᠣᠲᠠ᠎ᠳᠤ ᠨᠡᠪᠲᠡᠷᠡᠪᠡ᠃

ᠲᠠᠨᠢᠯᠴᠠᠭᠤᠯᠤᠭᠰᠠᠨ᠎ᠢᠶᠠᠷ᠂ ᠱᠧᠩ ᠯᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠢ 2016 ᠣᠨ᠎ᠳᠤ ᠲᠥᠷᠥ᠎ᠶᠢᠨ ᠶᠠᠪᠤᠳᠠᠯ᠎ᠤᠨ ᠬᠣᠷᠢᠶ᠎ᠠ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠡᠴᠡ ᠲᠥᠷᠥᠯ ᠵᠦᠢᠯ᠎ᠢᠶᠡᠷ ᠲᠣᠭᠲᠠᠭᠠᠨ ᠵᠦᠪᠰᠢᠶᠡᠷᠡᠨ ᠴᠣᠬᠣᠯᠠᠪᠤᠷᠢᠯᠠᠬᠰᠠᠨ ᠮᠠᠨ᠎ᠤ ᠣᠷᠣᠨ᠎ᠤ ᠠᠩᠬᠠᠳᠠᠭ᠍ᠴᠢ 4F ᠲᠠᠰ᠎ᠤᠨ ᠣᠯᠠᠨ ᠤᠯᠤᠰ᠎ᠤᠨ ᠨᠢᠰᠬᠡᠯ᠎ᠦᠨ ᠪᠠᠭᠤᠳᠠᠯ ᠪᠣᠯᠣᠨ᠎ᠠ᠂ ᠨᠢᠰᠬᠡᠯ᠎ᠦᠨ ᠪᠠᠭᠤᠳᠠᠯ᠎ᠤᠨ ᠨᠢᠰᠬᠡᠯ ᠬᠦᠯᠢᠶᠡᠬᠦ ᠠᠰᠠᠷ᠎ᠤᠨ ᠪᠠᠷᠢᠯᠭ᠎ᠠ᠎ᠶᠢᠨ ᠲᠠᠯᠠᠪᠠᠶ ᠨᠢ 32 ᠲᠦᠮᠡᠨ ᠲᠡᠭᠰᠢ ᠳᠥᠷᠪᠡᠯᠵᠢᠨ ᠮᠧᠲᠷ ᠪᠠᠢᠵᠤ᠂ 2030 ᠣᠨ᠎ᠪᠤᠯᠬᠤ᠎ᠳᠤ ᠠᠶᠠᠨᠴᠢᠳ᠎ᠢ ᠲᠤᠰᠴᠤ ᠬᠦᠷᠬᠡᠬᠦ ᠬᠡᠮᠵᠢᠶ᠎ᠡ ᠨᠢ 2800 ᠲᠦᠮᠡᠨ ᠬᠥᠮᠥᠨ ᠤᠳᠠᠭ᠎ᠠ᠂ ᠪᠠᠷᠠᠭ᠎ᠠ ᠪᠠ ᠰᠢᠦᠳᠡᠨ᠎ᠤ ᠪᠤᠭᠤᠳᠠᠯ᠎ᠢ ᠣᠷᠣᠭᠤᠯᠵᠤ ᠭᠠᠷᠭᠠᠬᠤ ᠬᠡᠮᠵᠢᠶ᠎ᠡ ᠨᠢ 32 ᠲᠦᠮᠡᠨ ᠲᠣᠨ᠂ ᠨᠢᠰᠬᠡᠯ᠎ᠦᠨ ᠨᠢᠰᠴᠦ ᠪᠠᠭᠤᠬᠤ ᠬᠡᠮᠵᠢᠶ᠎ᠡ ᠨᠢ 24.4 ᠲᠦᠮᠡᠨ ᠤᠳᠠᠭ᠎ᠠ᠎ᠪᠡᠷ ᠲᠥᠯᠥᠪᠯᠡᠵᠤ᠂ ᠪᠦᠭᠦ ᠳᠡᠯᠡᠬᠡᠢ᠎ᠶᠢᠨ ᠬᠠᠮᠤᠭ᠎ᠤᠨ ᠲᠣᠮᠣ᠌ ᠬᠤᠳᠠᠯᠳᠤᠭᠠᠨ᠎ᠤ ᠬᠡᠷᠡᠭᠯᠡᠭᠡᠨ᠎ᠦ ᠨᠢᠰᠬᠡᠯ᠎ᠦᠨ ᠭᠡᠯᠪᠡᠷᠢ᠎ᠶᠢᠨ ᠨᠢᠰᠴᠦ ᠪᠠᠭᠤᠬᠤ᠎ᠪᠠᠳᠤᠯᠠᠭ᠎ᠠ ᠵᠢᠨ ᠱᠠᠭᠠᠷᠳᠠᠯᠭ᠎ᠠ ᠵᠢ ᠬᠠᠨᠭᠭᠠᠬᠤ ᠪᠤᠯᠤᠨ᠎ᠠ᠃

ᠨᠢᠰᠬᠡᠯ᠎ᠦᠨ ᠪᠠᠭᠤᠳᠠᠯ᠎ᠤᠨ ᠣᠯᠠᠨ ᠵᠦᠢᠯ᠎ᠦᠨ ᠵᠠᠩᠭᠢᠯᠠᠭ᠎ᠠ᠎ᠶᠢᠨ ᠮᠡᠷᠭᠡᠵᠢᠯ ᠨᠢ ᠤᠯᠤᠰ᠎ᠤᠨ ᠳᠣᠲᠣᠭᠠᠳᠤ᠎ᠶᠢᠨ ᠲᠡᠷᠢᠬᠦᠨ᠎ᠤ ᠳᠦᠪᠰᠢᠨ᠎ᠳᠤ ᠬᠦᠷᠴᠡᠢ᠃ ᠤᠶᠤᠨᠳᠤ ᠪᠦᠳᠦᠬᠡᠨ ᠪᠠᠢᠭᠤᠯᠤᠯᠲᠠ᠎ᠶᠢᠨ ᠲᠠᠯ᠎ᠠ᠎ᠪᠠᠷ᠂ ᠪᠦᠭᠦ ᠤᠯᠤᠰ᠎ᠤᠨ ᠠᠩᠬᠠᠳᠠᠭ᠍ᠴᠢ ᠲᠣᠭᠠᠴᠢᠯᠠᠭᠰᠠᠨ ᠳᠤᠭᠠᠴᠠᠭ᠎ᠠ ᠬᠢᠬᠦ ᠵᠢ ᠬᠡᠷᠡᠭᠵᠢᠭᠦᠯᠦᠭᠰᠡᠨ ᠨᠢᠰᠬᠡᠯ᠎ᠦᠨ ᠪᠠᠭᠤᠳᠠᠯ ᠪᠣᠯᠣᠨ᠎ᠠ᠃ ᠮᠡᠷᠬᠡᠵᠢᠯ᠎ᠤᠨ ᠰᠢᠨ᠎ᠡ᠎ᠶᠢ ᠡᠭᠦᠳᠬᠦ ᠲᠠᠯ᠎ᠠ᠎ᠪᠠᠷ᠂ ᠪᠦᠭᠦ ᠤᠯᠤᠰ᠎ᠤᠨ ᠣᠳᠣᠬᠠᠨ᠎ᠳᠤ ᠨᠡᠢᠳᠡᠮ ᠬᠡᠷᠡᠭᠯᠡᠵᠦ ᠪᠠᠢᠭ᠎ᠠ ᠦᠷᠳᠡᠬᠡ ᠳᠠᠮᠵᠢᠬᠤ ᠠᠴᠢᠶ᠎ᠠ ᠳᠡᠬᠡᠬᠡᠰᠢ ᠵᠢᠨ ᠠᠦ᠋ᠲ᠋ᠣ᠋ ᠢᠯᠭᠠᠬᠤ ᠵᠠᠭᠪᠤᠷ᠎ᠢ ᠬᠤᠪᠢᠷᠠᠭᠤᠯᠵᠤ᠂ ᠦᠷᠳᠡᠬᠡ ᠳᠠᠮᠵᠢᠬᠤ ᠦᠷ᠎ᠡ ᠪᠦᠲᠦᠮᠵᠢ᠎ᠶᠢ ᠶᠡᠬᠡ᠎ᠪᠡᠷ ᠳᠡᠭᠡᠭᠰᠢᠯᠡᠭᠦᠯᠪᠡ; ᠨᠢᠰᠬᠡᠯ᠎ᠳᠤ ᠭᠠᠷᠬᠤ ᠪᠦᠷᠢᠮᠦᠰᠦᠨ ᠠᠦ᠋ᠲ᠋ᠤ᠋ ᠬᠦᠬᠦᠷᠬᠡ ᠵᠢ ᠲᠣᠬᠢᠷᠠᠭᠤᠯᠵᠤ᠂ ᠠᠦ᠋ᠲ᠋ᠣ᠋ ᠤᠢᠷᠠᠳᠤᠨ ᠵᠠᠯᠭᠠᠬᠤ ᠪᠠ ᠰᠠᠯᠭᠠᠬᠤ᠎ᠶᠢ ᠪᠡᠶᠡᠯᠡᠭᠦᠯᠵᠦ᠂ ᠠᠮᠤᠷ ᠲᠦᠪᠰᠢᠨ᠎ᠦ ᠬᠡᠮᠵᠢᠶ᠎ᠡ᠎ᠶᠢ ᠪᠦᠲᠦᠮᠵᠢᠲᠡᠶ᠎ᠪᠡᠷ ᠳᠡᠭᠡᠭᠰᠢᠯᠡᠭᠦᠯᠪᠡ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠵᠢᠨ ᠲᠠᠯ᠎ᠠ᠎ᠪᠠᠷ᠂ ᠪᠥᠭᠡᠭᠡᠨᠡᠷᠡᠯ ᠲᠦᠷᠪᠡᠨ ᠹᠧᠯᠤᠷ ᠡᠲᠧᠨ᠎ᠦ ᠪᠦᠷᠬᠦᠭᠦᠯ᠎ᠦᠨ ᠮᠠᠲᠧᠷᠢᠶᠠᠯ᠎ᠤᠨ ᠲᠡᠬᠦᠵᠢᠯᠡᠮᠡᠯ ᠳᠡᠭᠡᠪᠦᠷ᠎ᠢ ᠬᠡᠷᠡᠭᠯᠡᠵᠦ᠂ ᠪᠠᠷᠢᠯᠭ᠎ᠠ᠎ᠶᠢᠨ ᠭᠤᠦ᠎ᠠ ᠰᠠᠢᠬᠠᠨ ᠪᠣᠯᠣᠨ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ ᠬᠡᠷᠡᠭᠴᠡᠭᠡ᠎ᠶᠢ ᠬᠠᠮᠲᠤ ᠳ᠋ᠤᠨᠢ ᠬᠠᠷᠠᠭᠠᠯᠵᠠᠪᠠ᠃

ᠱᠧᠩ ᠯᠸ ᠤᠯᠠᠨ ᠤᠯᠤᠰ᠎ᠤᠨ ᠨᠢᠰᠬᠡᠯ᠎ᠦᠨ ᠪᠠᠭᠤᠳᠠᠯ ᠠᠰᠢᠭ᠍ᠯᠠᠯᠲᠠ᠎ᠳᠤ ᠣᠷᠣᠭᠰᠠᠨ᠎ᠤ ᠲᠠᠷᠠᠭ᠎ᠠ᠂ ᠳᠣᠲᠣᠭᠠᠳᠤ᠎ᠳᠠᠭᠠᠨ ᠪᠦᠭᠦ ᠤᠯᠤᠰ᠎ᠲᠠᠢ ᠬᠣᠯᠪᠣᠯᠳᠤᠭᠰᠠᠨ᠂ ᠭᠠᠳᠠᠭᠰᠢ ᠪᠡᠨ ᠡᠸᠦ᠋ᠷᠦᠫᠡ ᠠᠽᠢᠶ᠎ᠠ᠎ᠲᠠᠢ ᠨᠡᠪᠲᠡᠷᠡᠬᠦ ᠠᠭᠠᠷ᠎ᠤᠨ ᠨᠡᠪᠳᠡᠷᠡᠯ ᠵᠠᠮ᠎ᠢ ᠡᠭᠦᠳᠴᠦ᠂ 《ᠨᠢᠭᠡ ᠪᠦᠰᠡ ᠨᠢᠭᠡ ᠵᠠᠮ》᠎ᠢ᠋ ᠬᠠᠮᠲᠤ ᠪᠠᠷ ᠪᠦᠳᠦᠬᠡᠨ ᠪᠠᠶ᠋ᠢᠭᠤᠯᠬᠤ ᠪᠠ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠵᠦ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠳᠤ ᠠᠭᠤᠰᠤᠯᠴᠠᠬᠤ ᠳᠤᠮᠳᠠ ᠨᠡᠩ ᠶᠡᠬᠡ ᠵᠢᠳᠬᠦᠯ ᠴᠢᠷᠮᠠᠢᠯᠭ᠎ᠠ ᠭᠠᠷᠭᠠᠬᠤ ᠪᠣᠯᠣᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面