2026-11-28 01:01:49
ᠸᠠᠩ ᠸᠧᠢ ᠵᠥᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ ᠵᠢ ᠲᠦᠯᠦᠭᠡᠯᠡᠨ ᠶᠡᠬᠡ ᠬᠤᠷᠠᠯ᠎ᠳᠤ ᠢᠯᠡᠳᠭᠡᠯ ᠬᠢᠪᠡ ᠪᠦᠦ ᠭᠠᠩ ᠶᠡᠬᠡ ᠬᠤᠷᠠᠯ᠎ᠢ ᠡᠷᠭᠢᠯᠡᠵᠠᠢ
11 ᠰᠠᠷ᠎ᠠ᠎ᠶᠢᠨ 27 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡᠪᠡᠷ ᠡᠬᠢᠯᠡᠪᠡ᠃

11 ᠰᠠᠷ᠎ᠠ ᠵᠢᠨ 27᠎ᠤ ᠡᠳᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ ᠦᠪᠦᠷ ᠮᠤᠩᠭᠤᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ ᠪᠡᠷ ᠡᠬᠢᠯᠡᠪᠡ᠃ ᠸᠠᠩ ᠸᠧᠢ ᠵᠥᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ ᠵᠢ ᠲᠦᠯᠦᠭᠡᠯᠡᠨ ᠶᠡᠬᠡ ᠬᠤᠷᠠᠯ᠎ᠳᠤ ᠢᠯᠡᠳᠭᠡᠯ ᠬᠢᠪᠡ᠃
ᠰᠤᠷᠪᠤᠯᠵᠢᠯᠠᠭᠴᠢ ᠮᠠ ᠵᠢᠶᠠᠨ ᠪᠢᠡᠭ ᠰᠡᠬᠦᠳᠡᠷᠯᠡᠪᠡ
ᠸᠠᠩ ᠸᠧᠢ ᠵᠥᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ ᠵᠢ ᠲᠦᠯᠦᠭᠡᠯᠡᠨ ᠶᠡᠬᠡ ᠬᠤᠷᠠᠯ᠎ᠳᠤ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠵᠢ ᠪᠠᠳᠤ ᠡᠵᠡᠮᠳᠡᠵᠤ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ ᠳᠤᠮᠳᠠ ᠰᠢᠨ᠎ᠡ ᠵᠠᠮ ᠨᠡᠭᠡᠭᠡᠵᠦ ᠰᠢᠨ᠎ᠡ ᠬᠠᠭᠤᠳᠠᠰᠤ᠎ᠶᠢ ᠪᠢᠴᠢᠭᠯᠡᠶ᠎ᠡ》 ᠭᠡᠬᠦ ᠰᠡᠳᠦᠪ᠎ᠢᠶᠡᠷ ᠢᠯᠡᠳᠭᠡᠯ ᠬᠢᠪᠡ᠃ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠣᠯ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠵᠢᠨ ᠰᠠᠭᠤᠷᠢ᠎ᠶᠢ ᠪᠡᠬᠢᠵᠢᠭᠦᠯᠬᠦ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠴᠠᠭ ᠦᠶ᠎ᠡ᠎ᠳᠦ ᠬᠤᠷᠠᠯᠳᠤᠭᠰᠠᠨ ᠨᠢᠭᠡ ᠤᠳᠠᠭ᠎ᠠ᠎ᠶᠢᠨ ᠲᠤᠢᠯ᠎ᠤᠨ ᠴᠢᠬᠤᠯᠠ ᠶᠡᠬᠡ ᠬᠤᠷᠠᠯ ᠪᠣᠯᠣᠨ᠎ᠠ ᠭᠡᠵᠤ ᠵᠢᠭᠠᠵᠤ ᠭᠠᠷᠭᠠᠪᠠ᠃ ᠶᠡᠬᠡ ᠬᠤᠷᠠᠯ᠎ᠤᠨ ᠭᠣᠣᠯ ᠰᠡᠳᠦᠪ ᠪᠣᠯ᠄ ᠳᠤᠮᠳᠠᠳᠤ ᠤᠯᠤᠰ ᠤᠨ ᠣᠨᠴᠠᠯᠢᠭ᠋ ᠪᠦᠬᠦᠢ ᠨᠡᠢᠭᠡᠮ ᠵᠢᠷᠤᠮ ᠤᠨ ᠠᠭᠤᠤ ᠶᠡᠬᠡ ᠲᠤᠭ ᠢ ᠥᠨᠳᠥᠷ ᠮᠠᠨᠳᠤᠭᠤᠯᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠲᠦᠭᠡᠨ ᠪᠠᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠰᠢᠨ᠎ᠡ ᠵᠠᠮ ᠨᠡᠭᠡᠭᠡᠵᠦ᠂ ᠰᠢᠨ᠎ᠡ ᠬᠠᠭᠤᠳᠠᠰᠤ᠎ᠶᠢ ᠪᠢᠴᠢᠭᠯᠡᠨ᠎ᠠ᠃

11 ᠰᠠᠷ᠎ᠠ ᠵᠢᠨ 27 ᠤ ᠡᠳᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ ᠦᠪᠦᠷ ᠮᠤᠩᠭᠤᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ ᠪᠡᠷ ᠡᠬᠢᠯᠡᠪᠡ᠃
ᠰᠤᠷᠪᠤᠯᠵᠢᠯᠠᠭᠴᠢ ᠸᠠᠩ ᠯᠸᠢ ᠰᠡᠬᠦᠳᠡᠷᠯᠡᠪᠡ
ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ᠂ ᠲᠥᠪ ᠬᠢᠴᠢᠶᠡᠩᠭᠦᠢ ᠪᠥᠭᠡᠳ ᠬᠦᠷ ᠬᠥᠭᠵᠢᠶᠡᠨ᠎ᠢᠶᠡᠷ ᠪᠢᠯᠬᠠᠨ᠎ᠠ᠃ ᠲᠡᠷᠢᠭᠦᠯᠡᠭᠴᠢᠳ᠎ᠤᠨ ᠲᠠᠢᠰᠠᠨ᠎ᠤ ᠳᠡᠭᠡᠷ᠎ᠡ ᠲᠠᠯ᠎ᠠ᠎ᠳᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ》 ᠭᠡᠬᠦ ᠭᠠᠯ ᠤᠯᠠᠭᠠᠨ ᠬᠤᠷᠠᠯ᠎ᠤᠨ ᠲᠡᠮᠳᠡᠭ᠎ᠢ ᠡᠯᠭᠦᠵᠦ᠂ ᠬᠥᠰᠢᠭᠡ᠎ᠶᠢᠨ ᠭᠣᠣᠯ ᠳᠤᠮᠳᠠ ᠨᠢ ᠠᠯᠳᠠᠨ ᠰᠢᠷᠭᠠᠯ ᠨᠠᠮ᠎ᠤᠨ ᠰᠦᠯᠳᠡ ᠭᠢᠯᠠᠯᠵᠠᠵᠤ᠂ 10 ᠭᠠᠯ ᠤᠯᠠᠭᠠᠨ ᠲᠤᠭ᠎ᠢ ᠬᠣᠶᠠᠷ ᠲᠠᠯ᠎ᠠ ᠪᠡᠷ ᠨᠢ ᠵᠢᠭ᠍ᠰᠠᠭᠠᠪᠠ᠃ ᠬᠣᠶᠠᠳᠤᠭᠠᠷ ᠳᠠᠪᠬᠤᠷᠯᠢᠭ᠋᠎ᠤᠨ ᠪᠠᠷᠠᠯᠠᠬᠤ ᠲᠠᠢᠰᠠᠨ ᠳᠡᠭᠡᠷ᠎ᠡ᠂ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠵᠢ ᠪᠠᠳᠤ ᠡᠵᠡᠮᠳᠡᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ ᠳᠤᠮᠳᠠ ᠰᠢᠨ᠎ᠡ ᠵᠠᠮ ᠨᠡᠭᠡᠭᠡᠵᠦ ᠰᠢᠨ᠎ᠡ ᠬᠠᠭᠤᠳᠠᠰᠤ᠎ᠶᠢ ᠪᠢᠴᠢᠭᠯᠡᠶ᠎ᠠ》 ᠭᠡᠬᠦ ᠤᠷᠢᠶ᠎ᠠ ᠲᠤᠢᠯ᠎ᠤᠨ ᠢᠯᠡ ᠲᠣᠳᠣ᠌ ᠬᠠᠷᠠᠭᠳᠠᠵᠤ᠂ ᠬᠥᠮᠥᠰ᠎ᠢ ᠤᠷᠮᠠᠰᠢᠭᠤᠯᠤᠨ ᠵᠤᠷᠢᠬᠵᠢᠭᠤᠯᠤᠨ᠎ᠠ᠃
ᠶᠡᠬᠡ ᠬᠤᠷᠠᠯ᠎ᠤᠨ ᠭᠦᠢᠴᠡᠳᠬᠡᠭᠴᠢ ᠲᠡᠷᠢᠭᠦᠯᠡᠭᠴᠢ ᠸᠠᠩ ᠸᠧᠢ ᠵᠥᠩ᠂ ᠪᠦᠦ ᠭᠠᠩ᠂ ᠱᠢ ᠭᠤᠸᠠᠩ ᠬᠣᠶ᠂ ᠸᠠᠩ ᠽᠢ ᠯᠢᠶᠠᠨ᠂ ᠬᠦᠦᠳᠠᠭᠤᠯᠠ᠂ ᠪᠦᠦ ᠰᠢᠶᠠᠨ ᠬᠤᠸᠠ᠂ ᠢᠦᠢ ᠬᠣᠶ ᠸᠸᠨ᠂ ᠰᠦᠢ ᠴᠢᠩ᠂ ᠸᠠᠩ ᠪᠧᠨ ᠴᠢᠶᠠᠩ᠂ ᠴᠧᠨ ᡁᠢ ᠴᠠᠩ᠂ ᠯᠢ ᠳ᠋ᠦᠩ ᠰᠢᠦᠢ ᠲᠡᠷᠢᠭᠦᠯᠡᠭᠴᠢᠳ᠎ᠦᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃ ᠲᠡᠷᠢᠭᠦᠯᠡᠭᠴᠢᠳ᠎ᠦᠨ ᠲᠠᠢᠰᠠᠨ᠎ᠳᠤ ᠰᠠᠭᠠᠲᠠᠭᠰᠠᠳ᠎ᠲᠤ ᠪᠠᠰᠠ ᠶᠡᠬᠡ ᠬᠤᠷᠠᠯ᠎ᠤᠨ ᠣᠨᠴᠠ ᠤᠷᠢᠭ᠍ᠰᠠᠨ ᠲᠥᠯᠥᠭᠡᠯᠡᠭᠴᠢ ᠸᠠᠩ ᠵᠢᠶᠦ᠋ᠨ᠂ ᠷᠧᠨ ᠶᠠ ᠫᠢᠩ ᠪᠣᠯᠣᠨ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠪᠤᠰᠤᠳ ᠪᠦᠷᠢᠯᠳᠦᠭᠦᠨ ᠪᠤᠢ᠃
ᠶᠡᠬᠡ ᠬᠤᠷᠠᠯ᠎ᠢ ᠪᠦᠦ ᠭᠠᠩ ᠡᠷᠬᠢᠯᠡᠪᠡ᠃ ᠦᠳᠡ᠎ᠶᠢᠨ ᠡᠮᠦᠨᠡᠬᠢ 9 ᠴᠠᠭ᠎ᠲᠤ ᠬᠤᠷᠠᠯ ᠡᠬᠢᠯᠡᠵᠠᠢ᠃ ᠲᠠᠯᠠᠪᠠᠢ ᠳᠠᠶᠠᠭᠠᠷ᠎ᠢᠶᠠᠨ ᠪᠣᠰᠴᠤ ᠵᠣᠭᠰᠣᠨ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠤ᠋ᠨ ᠰᠦᠯᠳᠡ ᠳᠠᠭᠤᠤ᠎ᠶᠢ ᠬᠠᠩᠭᠢᠨᠠᠲᠠᠯ᠎ᠠ ᠳᠠᠭᠤᠯᠠᠪᠠ᠃
ᠶᠡᠬᠡ ᠬᠤᠷᠠᠯ᠎ᠳᠤ ᠣᠷᠣᠯᠴᠠᠪᠠᠰᠤ ᠵᠤᠬᠢᠬᠤ ᠲᠥᠯᠥᠭᠡᠯᠡᠭᠴᠢ 669᠂ ᠤᠴᠢᠷ ᠶᠠᠪᠤᠳᠠᠯ᠎ᠢᠶᠡᠷ ᠪᠤᠶᠤ ᠡᠪᠡᠳᠴᠢᠨ᠎ᠡᠴᠡ ᠪᠣᠯᠵᠤ 7 ᠬᠥᠮᠥᠨ ᠴᠢᠯᠦᠭᠡ ᠭᠤᠶᠤᠵᠤ᠂ 662 ᠬᠥᠮᠥᠨ ᠬᠤᠷᠠᠯ ᠳ᠋ᠤ ᠤᠷᠤᠯᠴᠠᠵᠤ᠂ ᠲᠣᠭᠲᠠᠭᠰᠠᠨ ᠬᠥᠮᠥᠨ᠎ᠦ ᠲᠣᠭ᠎ᠠ᠎ᠳᠤ ᠨᠡᠢᠴᠡᠪᠡ᠃
ᠬᠠᠯᠠᠭᠤᠨ ᠠᠯᠠᠭ᠎ᠠ ᠲᠠᠰᠢᠯᠳᠠ᠎ᠶᠢᠨ ᠳᠤᠮᠳᠠ᠂ ᠸᠠᠩ ᠸᠧᠢ ᠵᠦᠩ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ ᠵᠢ ᠲᠦᠯᠦᠭᠡᠯᠡᠨ ᠶᠡᠬᠡ ᠬᠤᠷᠠᠯ᠎ᠳᠤ ᠢᠯᠡᠳᠬᠡᠯ ᠬᠢᠪᠡ᠃ ᠢᠯᠡᠳᠬᠡᠯ ᠨᠢ 6 ᠬᠡᠰᠡᠭ᠎ᠢᠶᠡᠷ ᠪᠦᠷᠢᠯᠳᠦᠵᠡᠢ᠄ ᠨᠢᠭᠡ ᠳ᠋ᠤ᠂ ᠥᠩᠭᠡᠷᠡᠭᠰᠡᠨ ᠲᠠᠪᠤᠨ ᠵᠢᠯ᠎ᠦᠨ ᠠᠵᠢᠯ; ᠬᠣᠶᠠᠷ ᠲᠤ᠌᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢᠨ ᠪᠦᠳᠦᠭᠡᠨ ᠪᠠᠶ᠋ᠢᠭᠤᠯᠤᠯᠲᠠ ᠳᠤᠮᠳᠠ ᠰᠢᠨ᠎ᠡ ᠵᠠᠮ ᠨᠡᠭᠡᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠨ᠎ᠡ; ᠭᠤᠷᠪᠠ ᠳ᠋ᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠶ᠋ᠢᠲᠤᠷ ᠬᠠᠮᠠᠭᠠᠯᠠᠨ᠎ᠠ; ᠲᠦᠷᠪᠡ ᠳ᠋ᠤ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠣᠯᠭᠣᠭᠰᠠᠨ ᠲᠠᠪᠤᠨ ᠶᠡᠬᠡ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢ ᠲᠣᠭᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢ ᠨᠠᠶ᠋ᠢᠳᠠᠪᠤᠷᠢᠵᠢᠭᠤᠯᠵᠤ᠂ ᠪᠦᠬᠦ᠌ ᠤᠯᠤᠰ᠎ᠤᠨ ᠶᠡᠬᠡ ᠲᠠᠯ᠎ᠠ᠎ᠳᠤ ᠨᠡᠩ ᠰᠠᠶ᠋ᠢᠲᠤᠷ ᠦᠢᠯᠡᠴᠢᠯᠡᠵᠦ᠍ ᠪᠠᠲᠤᠯᠠᠭ᠎ᠠ ᠬᠠᠩᠭᠠᠨ᠎ᠠ; ᠲᠠᠪᠤ ᠳ᠋ᠤ᠂ ᠲᠤᠯᠤᠭᠠᠨ ᠵᠦᠢᠯ᠎ᠦᠨ ᠭᠤᠤᠯᠳᠠᠯᠭ᠎ᠠ᠎ᠲᠠᠶ ᠠᠵᠢᠯ᠎ᠢ ᠭᠦᠨᠵᠡᠭᠡᠶ ᠠᠬᠢᠭᠤᠯᠵᠤ᠂ ᠴᠢᠨᠠᠷ ᠰᠠᠶ᠋ᠢᠲᠠᠶ ᠬᠥᠭᠵᠢᠯᠲᠡ᠎ᠶᠢᠨ ᠲᠤᠯᠭᠠᠭᠤᠷᠢᠯᠠᠯ᠎ᠢ ᠨᠠᠩ ᠪᠣᠳᠠᠲᠠᠶ᠂ ᠬᠥᠳᠡᠯᠭᠡᠬᠦ᠌ ᠬᠦᠴᠦᠨ᠎ᠢ ᠨᠠᠩ ᠬᠦᠴᠦᠷᠬᠡᠭ᠂ ᠶᠠᠰᠤ ᠴᠢᠨᠠᠷ᠎ᠢ ᠨᠠᠩ ᠭᠦᠢᠴᠡᠳ ᠪᠣᠯᠭᠠᠨ᠎ᠠ;ᠵᠢᠷᠭᠤᠭ᠎ᠠ ᠳ᠋ᠤ᠂ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ ᠪᠣᠯᠤᠨ ᠨᠠᠮ᠎ᠤᠨ ᠪᠠᠶ᠋ᠢᠭᠤᠯᠤᠯᠲᠠ᠎ᠶᠢ ᠴᠢᠩᠭᠠᠳᠬᠠᠵᠤ᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠡᠯᠡᠨ ᠠᠬᠢᠭᠤᠯᠤᠨ᠎ᠠ᠃
ᠸᠠᠩ ᠸᠧᠶ ᠵᠥᠩ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠦᠨᠳᠦᠰᠦᠲᠡᠨ ᠨᠤᠭᠦᠳ᠎ᠦᠨ ᠠᠷᠠᠳ ᠲᠦᠮᠡᠨ᠎ᠢ ᠢᠮᠠᠭᠲᠠ ᠰᠡᠳᠬᠢᠯ ᠳ᠋ᠡᠬᠡᠨ ᠪᠤᠳᠤᠵᠤ ᠬᠠᠯᠠᠮᠵᠢᠯᠠᠨ᠂ ᠥᠪᠥᠷ ᠮᠣᠩᠭᠣᠯ᠎ᠤᠨ ᠬᠥᠭᠵᠢᠯᠲᠡ ᠵᠢᠨ ᠲᠦᠯᠦᠬᠡ ᠬᠡᠵᠢᠶᠡᠳᠡ ᠮᠡᠷᠳᠡᠯ ᠦᠬᠡᠢ ᠰᠠᠨᠠᠭᠠᠰᠢᠷᠠᠵᠤ ᠪᠠᠶ᠋ᠢᠨ᠎ᠠ᠂ ᠡᠨᠡ ᠤᠳᠠᠭ᠎ᠠ᠎ᠶᠢᠨ ᠶᠡᠬᠡ ᠬᠤᠷᠠᠯ ᠬᠤᠷᠠᠯᠳᠤᠬᠤ᠎ᠡᠴᠡ ᠡᠮᠦᠨ᠎ᠡ ᠳᠠᠬᠢᠨᠲᠠ ᠮᠠᠨ᠎ᠤ ᠣᠷᠣᠨ᠎ᠳᠤ ᠢᠷᠡᠵᠦ᠍ ᠰᠢᠨᠵᠢᠯᠡᠨ ᠪᠠᠶ᠋ᠢᠴᠠᠭᠠᠵᠤ᠂ ᠪᠥᠬᠥ᠌ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢ ᠰᠡᠳᠬᠢᠯ ᠳᠡᠯᠪᠢᠨ ᠵᠢᠯᠣᠭᠣᠳᠴᠤ᠌᠂ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠲᠠᠯᠪᠢᠵᠤ᠂ ᠪᠢᠳᠡᠨ᠎ᠳᠦ ᠯᠤᠲᠤ᠌ ᠶᠡᠬᠡ ᠣᠶᠤᠨ ᠰᠠᠨᠠᠭᠠᠨ᠎ᠤ ᠵᠣᠷᠢᠭᠵᠢᠭᠤᠯᠤᠯ ᠤᠯᠭᠤᠨ᠂ ᠪᠠᠳᠤ ᠴᠢᠩᠭ᠎ᠠ ᠡᠬᠦᠷᠭᠡ ᠬᠠᠷᠢᠭᠤᠴᠠᠯᠭᠠᠳᠤ ᠰᠡᠳᠬᠢᠯᠭᠡ ᠵᠢ ᠬᠦᠭᠵᠢᠭᠡᠭᠰᠡᠨ ᠪᠠᠶ᠋ᠢᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠡᠴᠡ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠡᠯᠡᠨ ᠠᠬᠢᠭᠤᠯᠬᠤ ᠲᠤᠬᠠᠢ ᠰᠢᠰᠲ᠋ᠧᠮ᠎ᠲᠡᠶ ᠪᠠᠶ᠋ᠢᠷᠢᠯᠠᠭᠤᠯᠤᠯᠲᠠ ᠬᠢᠵᠡᠢ᠃ ᠴᠢᠩ ᠰᠡᠳᠬᠢᠯ ᠤ᠋ᠨ ᠬᠦᠰᠡᠯ ᠨᠠᠶ᠋ᠢᠳᠠᠯᠭ᠎ᠠ᠎ᠶᠢ ᠡᠷᠬᠡᠪᠰᠢ ᠰᠡᠳᠬᠢᠯ ᠵᠢᠷᠦᠬᠡᠨ᠎ᠳᠡᠭᠡᠨ ᠪᠠᠲᠤ᠌ ᠴᠡᠭᠡᠵᠢᠯᠡᠵᠦ᠍᠂ ᠬᠦᠨᠳᠤ ᠶᠡᠬᠡ ᠬᠠᠷᠢᠭᠤᠴᠠᠯᠭ᠎ᠠ᠎ᠶᠢ ᠡᠷᠬᠡᠪᠰᠢ ᠮᠥᠷᠥᠨ᠎ᠳᠡᠭᠡᠨ ᠪᠠᠲᠤ᠌ ᠡᠭᠦᠷᠭᠡᠯᠡᠬᠦ᠌ ᠬᠡᠷᠡᠭᠲᠡᠢ᠂ ᠪᠢᠳᠡ ᠤᠮᠤᠭ ᠵᠣᠷᠢᠭ ᠪᠠᠳᠠᠷᠠᠨᠭᠭᠤᠢ ᠪᠡᠷ ᠡᠷᠡᠮᠡᠬᠡᠶ᠋ᠢᠯᠡᠨ ᠲᠡᠮᠡᠴᠡᠵᠤ᠂ ᠡᠷᠡᠯᠭᠡᠭᠯᠡᠨ ᠤᠷᠤᠭᠰᠢᠯᠠᠵᠤ᠂ ᠠᠴᠢ ᠡᠨᠡᠷᠢᠯ ᠳ᠋ᠤ ᠲᠠᠯᠠᠷᠬᠠᠬᠤ ᠰᠡᠳᠬᠢᠯ᠂ ᠦᠨᠡᠨᠴᠢ ᠰᠢᠳᠤᠷᠭᠤ ᠡᠷᠴᠢ ᠵᠤᠷᠢᠭ᠂ ᠪᠣᠳᠠᠲᠠᠢ᠎ᠶᠢ ᠡᠷᠬᠢᠮᠯᠡᠬᠦ᠌ ᠠᠵᠢᠯᠯᠠᠭ᠎ᠠ᠎ᠪᠠᠷ ᠡᠯ᠎ᠡ ᠵᠦᠢᠯ᠎ᠦᠨ ᠠᠵᠢᠯ᠎ᠢᠶᠠᠨ ᠰᠠᠶ᠋ᠢᠲᠤᠷ ᠬᠢᠵᠦ᠍᠂ ᠶᠡᠷᠦᠩᠬᠡᠢ ᠱᠦᠵᠢ ᠰᠢ ᠵᠢᠨ ᠫᠢᠩ᠂ ᠨᠠᠮ᠎ᠤᠨ ᠲᠥᠪ ᠬᠣᠷᠢᠶ᠎ᠠ ᠪᠣᠯᠤᠨ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠬᠠᠨᠤᠮᠵᠢᠲᠠᠢ ᠬᠠᠷᠢᠭᠤᠯᠲᠠ᠎ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃
ᠸᠠᠩ ᠸᠧᠢ ᠵᠦᠩ ᠢᠯᠡᠳᠬᠡᠯ᠎ᠳᠡᠭᠡᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠡᠴᠡ ᠨᠠᠭᠠᠰᠢᠬᠢ ᠠᠵᠢᠯ᠎ᠢ ᠡᠷᠭᠢᠴᠡᠭᠦᠯᠦᠨ ᠳ᠋ᠦᠩᠨᠡᠪᠡ᠃ ᠲᠡᠷᠡ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠨ ᠪᠠᠲᠤ᠌ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠣᠯᠭᠣᠭᠰᠠᠨ ᠲᠠᠪᠤᠨ ᠶᠡᠬᠡ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶᠢ ᠪᠠᠲᠤ᠌ ᠡᠵᠡᠮᠳᠡᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠤᠤᠯ ᠰᠢᠵᠢᠮ ᠪᠣᠯᠭᠠᠵᠤ᠂ 《ᠲᠠᠪᠤ ᠶᠢ ᠨᠢᠭᠡ ᠴᠣᠭᠴᠠᠵᠢᠭᠤᠯᠤᠬᠰᠠᠨ》ᠶᠡᠷᠦᠩᠬᠡᠶ ᠪᠠᠶ᠋ᠢᠷᠢᠰᠢᠭᠤᠯᠤᠯᠲᠠ᠎ᠶᠢ ᠨᠢᠭᠡᠳᠦᠯᠲᠡᠶ ᠲᠥᠯᠥᠪᠵᠢᠬᠦᠯᠤᠨ ᠠᠬᠢᠭᠤᠯᠬᠤ᠂ 《ᠳᠥᠷᠪᠡᠨ ᠪᠥᠬᠥ᠌ ᠲᠠᠯ᠎ᠠ》ᠵᠢᠨ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢᠰᠢᠯᠠᠭᠤᠯᠤᠯᠲᠠᠶᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ ᠶᠤᠰᠤᠭᠠᠷ ᠡᠯ᠎ᠡ ᠲᠠᠯ᠎ᠠ᠎ᠶᠢᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠤ᠂ ᠰᠦᠨ ᠱᠤᠤ ᠴᠧᠩ᠎ᠦᠨ ᠬᠡᠷᠡᠭ᠂ ᠸᠠᠩ ᠯᠢ ᠰᠢᠶᠠ᠎ᠶᠢᠨ ᠬᠡᠷᠡᠭ᠎ᠢᠶᠡᠷ ᠲᠣᠯᠢ ᠪᠣᠯᠭᠠᠵᠤ ᠴᠡᠭᠴᠡᠯᠡᠨ ᠰᠠᠢᠵᠢᠷᠠᠭᠤᠯᠤᠯᠳᠠ ᠵᠢ ᠠᠬᠢᠭᠤᠯᠬᠤ ᠵᠠᠰᠠᠯᠲᠠ᠎ᠶᠢ ᠠᠬᠢᠭᠤᠯᠬᠤ ᠵᠢ ᠬᠦᠨᠵᠡᠭᠡᠢᠷᠠᠬᠦᠯᠵᠤ᠂ ᠤᠯᠤᠰ ᠲᠥᠷᠥ᠎ᠶᠢᠨ ᠠᠮᠢ ᠠᠬᠤᠶ᠎ᠶᠢ ᠴᠡᠪᠡᠷᠰᠢᠭᠦᠯᠬᠦ᠌ ᠪᠠ ᠵᠠᠰᠠᠨ ᠰᠡᠷᠭᠦᠭᠡᠬᠦ᠌᠎ᠶᠢ ᠲᠦᠷᠭᠡᠳᠬᠡᠵᠤ᠂ 《ᠠᠷᠪᠠᠨ ᠳᠥᠷᠪᠡᠳᠦᠭᠡᠷ ᠲᠠᠪᠤᠨ ᠵᠢᠯ》 ᠢ᠋ ᠲᠡᠭᠦᠰ ᠠᠮᠵᠢᠯᠲᠠ᠎ᠲᠠᠶ ᠰᠡᠬᠦᠯ ᠬᠤᠷᠢᠶᠠᠵᠤ᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠳᠤᠷ ᠡᠬᠢᠯᠡᠬᠦᠯᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠪᠠ᠃ ᠲᠠᠪᠤᠨ ᠵᠢᠯ ᠦᠨ ᠲᠤᠷᠰᠢ ᠣᠯᠤᠭᠰᠠᠨ ᠠᠮᠵᠢᠯᠲᠠ ᠪᠦᠲᠦᠮᠵᠢ ᠶᠢᠨ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ ᠤᠨ ᠲᠥᠪ ᠬᠣᠷᠢᠶ᠎ᠠ ᠠᠶᠠᠯᠠᠯ ᠢ ᠵᠢᠯᠣᠭᠣᠳᠤᠨ ᠵᠠᠯᠠᠭᠤᠷ ᠢ ᠡᠵᠡᠮᠳᠡᠭᠰᠡᠨ ᠳ᠋ᠤ ᠪᠠᠢᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠶ᠋ᠢᠨ᠎ᠠ᠂ ᠪᠦᠬᠦ ᠣᠷᠣᠨ ᠳᠠᠶᠠᠭᠠᠷ᠎ᠤᠨ ᠬᠠᠮᠲᠤ᠎ᠪᠠᠷ ᠲᠡᠮᠡᠴᠡᠭᠰᠡᠨ᠎ᠦ ᠦᠷ᠎ᠡ ᠳ᠋ᠦᠩ ᠪᠣᠯᠤᠨ᠎ᠠ ᠭᠡᠪᠡ᠃
ᠸᠠᠩ ᠸᠧᠢ ᠵᠦᠩ᠂ ᠲᠠᠪᠤᠨ ᠵᠢᠯ᠎ᠦᠨ ᠲᠤᠷᠰᠢᠬᠢ ᠲᠡᠮᠡᠴᠡᠯ ᠨᠢ ᠪᠢᠳᠡᠨ᠎ᠳᠦ ᠡᠷᠬᠡᠪᠰᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠤᠯᠭᠠᠬᠤ᠎ᠶᠢ ᠪᠠᠷᠢᠮᠲᠠᠯᠠᠵᠤ᠂ 《ᠬᠣᠶᠠᠷ᠎ᠢ ᠲᠣᠭᠲᠠᠭᠠᠬᠰᠠᠨ》 ᠢ᠋ ᠡᠷᠡᠰ ᠬᠦᠷᠢᠶᠡᠯᠡᠵᠦ᠂《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ ᠬᠡᠷᠡᠭᠲᠡᠢ ᠭᠡᠳᠡᠭ᠎ᠢ ᠭᠦᠨᠵᠡᠭᠡᠢ ᠰᠡᠩᠬᠡᠷᠡᠭᠦᠯᠪᠡ᠃ ᠡᠷᠬᠡᠪᠰᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ᠎ᠪᠠᠷ ᠭᠣᠣᠯ ᠰᠢᠵᠢᠮ ᠪᠤᠯᠭᠠᠬᠤ᠎ᠶᠢ ᠪᠠᠷᠢᠮᠲᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠳᠠ᠎ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ᠃ ᠡᠷᠬᠡᠪᠰᠢ ᠠᠮᠢ ᠠᠬᠤᠢ᠎ᠶᠢ ᠤᠷᠢᠳ ᠵᠢᠨᠷ ᠪᠤᠳᠤᠯᠬᠢᠯᠠᠬᠤ᠂ ᠪᠣᠬᠢᠷᠳᠤᠯ ᠦᠭᠡᠢ ᠬᠥᠭᠵᠢᠬᠦᠯᠬᠦ ᠵᠠᠮ᠎ᠢᠶᠠᠷ ᠵᠠᠮᠨᠠᠬᠤ᠎ᠶᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠡᠷᠬᠡᠪᠰᠢ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠤᠯᠭᠠᠬᠤ᠎ᠪᠠᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠰᠢᠨ᠎ᠡ᠎ᠶᠢ ᠡᠭᠦᠳᠬᠦ ᠬᠡᠯᠬᠢᠶ᠎ᠡ ᠪᠤᠯᠤᠨ ᠠᠵᠤ ᠦᠢᠯᠡᠰ᠎ᠦᠨ ᠬᠡᠯᠬᠢᠶ᠎ᠡ᠎ᠶᠢᠨ ᠭᠦᠨᠵᠡᠭᠡᠢ ᠠᠭᠤᠰᠤᠯᠴᠠᠬᠤ᠂ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ᠎ᠶᠢ ᠠᠬᠢᠭᠤᠯᠬᠤ ᠬᠡᠷᠡᠭᠲᠡᠢ᠃ ᠡᠷᠬᠡᠪᠰᠢ ᠥᠭᠡᠷᠡᠴᠢᠯᠡᠯᠲᠡ᠎ᠶᠢ ᠪᠦᠭᠦ ᠲᠠᠯ᠎ᠠ᠎ᠪᠠᠷ ᠭᠦᠨᠵᠡᠭᠡᠢᠷᠡᠭᠦᠯᠬᠦ᠎ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠨᠡᠭᠡᠭᠡᠯᠲᠡ᠎ᠶᠢ ᠥᠷᠭᠡᠳᠬᠡᠵᠦ᠂ ᠨᠡᠢᠭᠡᠮ᠎ᠦᠨ ᠪᠦᠲᠦᠭᠡᠯᠴᠢ ᠬᠦᠴᠦᠨ ᠪᠠ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠬᠥᠭᠵᠢᠭᠡᠬᠦ ᠬᠡᠷᠡᠭᠲᠡᠢ᠃ ᠡᠷᠬᠡᠪᠰᠢ ᠬᠥᠭᠵᠢᠯᠳᠡ ᠪᠠ ᠠᠮᠤᠷ ᠲᠦᠪᠰᠢᠨ᠎ᠢ ᠨᠢᠭᠡᠳᠦᠯᠳᠡᠢ ᠲᠦᠯᠦᠪᠵᠢᠬᠦᠯᠬᠦ᠎ᠶᠢ ᠪᠠᠷᠢᠮᠲᠠᠯᠠᠵᠤ᠂ ᠬᠥᠭᠵᠢᠭᠦᠯᠬᠦ᠎ᠶᠢᠨ ᠳᠤᠮᠳᠠ ᠠᠮᠤᠷ ᠲᠦᠪᠰᠢᠨ᠎ᠢ ᠪᠠᠲᠤᠳᠬᠠᠵᠤ᠂ ᠠᠮᠤᠷ ᠲᠦᠪᠰᠢᠨ᠎ᠦ ᠳᠤᠮᠳᠠ ᠬᠥᠭᠵᠢᠭᠦᠯᠬᠦ᠎ᠪᠡᠷ ᠴᠢᠷᠮᠠᠢᠬᠤ ᠬᠡᠷᠡᠭᠲᠡᠢ᠃ ᠡᠷᠬᠡᠪᠰᠢ ᠠᠷᠠᠳ ᠲᠦᠮᠡᠨ᠎ᠢᠶᠡᠷ ᠭᠣᠣᠯ ᠪᠤᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠪᠦᠭᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠨᠡᠩ ᠢᠯᠡᠬᠦᠦ ᠨᠡᠩ ᠲᠦᠪ ᠭᠣᠣᠯᠴᠢ᠎ᠪᠠᠷ ᠬᠦᠷᠲᠡᠭᠡᠬᠦ ᠬᠡᠷᠡᠭᠲᠡᠢ᠃ ᠡᠷᠬᠡᠪᠰᠢ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠡ ᠪᠠᠷᠢᠮᠲᠠᠯᠠᠨ ᠠᠬᠢᠭᠤᠯᠵᠤ᠂ ᠴᠢᠩᠭ᠎ᠠ ᠪᠠᠢᠬᠤ ᠭᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠪᠠᠢᠬᠤ ᠠᠭᠤᠷ ᠠᠮᠢᠰᠬᠤᠯ᠎ᠢᠶᠡᠷ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠰᠠᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠸᠧᠢ ᠵᠥᠩ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ ᠨᠢ ᠶᠡᠷᠦᠩᠬᠡᠢ ᠱᠦᠵᠢ ᠰᠢ᠎ᠶᠢᠨ ᠫᠢᠩ ᠪᠣᠯᠣᠨ ᠨᠠᠮ᠎ᠤᠨ ᠲᠥᠪ ᠬᠣᠷᠢᠶ᠎ᠠ ᠡᠴᠡ ᠥᠪᠥᠷ ᠮᠣᠩᠭᠣᠯ᠎ᠳᠤ ᠣᠯᠭᠣᠭᠰᠠᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭᠠᠳᠤ ᠠᠩᠬᠠᠷᠤᠯ᠎ᠢᠶᠠᠨ ᠲᠥᠪᠯᠡᠷᠡᠭᠦᠯᠵᠦ᠂ 《ᠲᠠᠪᠤ ᠶ᠋ᠢ ᠨᠢᠭᠡ ᠴᠣᠭᠴᠠᠵᠢᠭᠤᠯᠤᠬᠰᠠᠨ》 ᠶᠡᠷᠦᠩᠬᠡᠢ ᠪᠠᠢᠷᠢᠰᠢᠭᠤᠯᠤᠯᠳᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ 《ᠳᠥᠷᠪᠡᠨ ᠪᠦᠭᠦ ᠲᠠᠯ᠎ᠠ》 ᠵᠢᠨ ᠪᠠᠢᠯᠳᠤᠬᠤ ᠪᠣᠳᠣᠯᠭ᠎ᠠ ᠶ᠋ᠢᠨ ᠪᠠᠢᠷᠢᠰᠢᠭᠤᠯᠤᠯᠳᠠ ᠵᠢ ᠵᠣᠬᠢᠴᠠᠭᠤᠯᠤᠨ ᠠᠬᠢᠭᠤᠯᠬᠤ ᠡᠭᠦᠷᠭᠡ ᠠᠷᠭ᠎ᠠ ᠬᠡᠮᠵᠢᠶ᠎ᠡ ᠶ᠋ᠢ ᠨᠠᠷᠢᠯᠢᠬᠵᠢᠭᠤᠯᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠭᠦ ᠲᠠᠯ᠎ᠠ᠎ᠪᠠᠷ ᠲᠤᠭᠤᠰᠢᠯᠠᠭᠤᠯᠬᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠶ᠋ᠢᠭᠤᠯᠬᠤ᠂ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠬᠤ ᠳᠣᠲᠣᠭᠠᠳᠤ ᠱᠠᠭᠠᠷᠳᠠᠯᠭ᠎ᠠ᠎ᠶᠢ ᠢᠯᠡᠷᠡᠭᠦᠯᠵᠦ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤ᠋ᠨ ᠳᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠦᠢᠯᠡᠳᠦᠯᠭᠡ᠎ᠶᠢ ᠠᠬᠢᠭᠤᠯᠬᠤ ᠪᠦᠭᠦ ᠲᠠᠯ᠎ᠠ᠎ᠶᠢᠨ ᠴᠢᠨᠠᠷᠲᠠᠢ ᠰᠢᠰᠲᠧᠮᠲᠦ ᠴᠢᠨᠠᠷᠲᠠᠢ ᠲᠣᠬᠢᠷᠠᠭᠤᠯᠤᠯᠲᠠ ᠪᠣᠯᠣᠨ᠎ᠠ᠂ ᠪᠦᠭᠦ ᠣᠷᠣᠨ ᠲᠠᠶᠠᠭᠠᠷ᠎ᠤᠨ ᠳᠡᠭᠡᠳᠦ ᠬᠡᠮᠵᠢᠶᠡᠨ᠎ᠦ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠤᠭᠰᠠᠨ ᠪᠠᠢᠨ᠎ᠠ᠂ ᠡᠷᠬᠡᠪᠰᠢ ᠠᠵᠢᠯ᠎ᠤᠨ ᠰᠢᠰᠲᠧᠮ᠎ᠤᠨ ᠲᠠᠯ᠎ᠠ᠎ᠪᠠᠷ ᠲᠤᠭᠤᠰᠢᠳᠠᠢ ᠲᠤᠭᠤᠰᠢᠯᠠᠭᠤᠯᠵᠤ᠂ ᠪᠣᠳᠠᠲᠠᠢ ᠠᠷᠭ᠎ᠠ ᠬᠡᠮᠵᠢᠶ᠎ᠡ᠎ᠶᠢᠨ ᠲᠠᠯ᠎ᠠ᠎ᠪᠠᠷ ᠴᠠᠭ ᠦᠶ᠎ᠡ᠎ᠶᠢ ᠲᠠᠭᠠᠨ ᠤᠷᠤᠭᠰᠢᠯᠠᠵᠤ᠂ ᠨᠠᠢᠳᠠᠪᠤᠷᠢᠵᠢᠭᠤᠯᠤᠯᠲᠠ ᠵᠢ ᠠᠬᠢᠭᠤᠯᠬᠤ ᠲᠠᠯ᠎ᠠ᠎ᠪᠠᠷ ᠬᠠᠮᠵᠢᠯᠴᠠᠨ ᠬᠤᠯᠪᠤᠭᠠᠯᠠᠨ ᠬᠦᠳᠡᠯᠦᠯᠴᠡᠵᠤ᠂ ᠨᠢᠬᠡ ᠦᠵᠦᠬᠦᠷᠳᠤ ᠰᠡᠳᠬᠢᠯ᠎ᠢᠶᠡᠷ ᠰᠢᠨᠳᠠᠷᠠᠰᠢ ᠦᠭᠡᠢ ᠴᠢᠷᠮᠠᠢᠵᠤ᠂ ᠠᠤᠭ᠎ᠠ ᠶᠡᠬᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠸᠠᠩ ᠸᠧᠢ ᠵᠦᠩ᠂ ᠥᠪᠥᠷ ᠮᠣᠩᠭᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠰᠢᠨ᠎ᠡ ᠵᠠᠮ ᠨᠡᠭᠡᠭᠡᠵᠦ᠂ ᠰᠢᠨ᠎ᠡ ᠬᠠᠭᠤᠳᠠᠰᠤ᠎ᠶᠢ ᠪᠢᠴᠢᠭᠯᠡᠬᠦ᠎ᠶᠢᠨ ᠵᠠᠩᠭᠢᠯᠠᠭ᠎ᠠ ᠨᠢ ᠶᠡᠷᠦᠩᠬᠡᠢ ᠱᠦᠵᠢ ᠰᠢ᠎ᠶᠢᠨ ᠫᠢᠩ ᠤ᠋ᠨ ᠥᠪᠥᠷ ᠮᠣᠩᠭᠣᠯ ᠤ᠋ᠨ ᠳᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ᠎ᠪᠠᠷ ᠭᠠᠷᠳᠠᠴᠠ ᠪᠣᠯᠭᠠᠨ ᠳᠠᠰᠤᠷᠠᠯᠳᠠ ᠦᠭᠡᠢ ᠵᠠᠮ ᠨᠡᠭᠡᠭᠡᠨ ᠰᠢᠨ᠎ᠡ᠎ᠶᠢ ᠡᠭᠦᠳᠬᠦ᠎ᠳᠦ ᠪᠤᠢ᠃ ᠨᠢᠭᠡ᠎ᠳᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠰᠦᠭ ᠰᠦᠨᠡᠰᠦ᠎ᠶᠢ ᠨᠢᠭ᠍ᠲᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠲᠠᠯ᠎ᠠ᠎ᠪᠠᠷ ᠰᠢᠨ᠎ᠡ ᠵᠠᠮ᠎ᠢ ᠨᠡᠭᠡᠭᠡᠵᠦ᠂ ᠰᠢᠨ᠎ᠡ ᠬᠠᠭᠤᠳᠠᠰᠤ᠎ᠶᠢ ᠪᠢᠴᠢᠭᠯᠡᠨ᠎ᠡ᠃ ᠬᠣᠶᠠᠷ᠎ᠲᠤ᠂ ᠠᠮᠢ ᠠᠬᠤᠢ᠎ᠶᠢ ᠤᠷᠢᠳ ᠵᠢᠨᠷ ᠪᠤᠳᠤᠯᠬᠢᠯᠠᠬᠤ ᠤᠳᠤᠷᠢᠳᠤᠮᠵᠢ᠎ᠶᠢ ᠴᠢᠩᠭᠠᠳᠬᠠᠵᠤ᠂ ᠪᠣᠬᠢᠷᠳᠤᠯ ᠦᠭᠡᠢ ᠬᠥᠭᠵᠢᠯᠲᠡ᠎ᠶᠢ ᠠᠬᠢᠭᠤᠯᠬᠤ ᠲᠠᠯ᠎ᠠ᠎ᠪᠠᠷ ᠰᠢᠨ᠎ᠡ ᠵᠠᠮ᠎ᠢ ᠨᠡᠭᠡᠭᠡᠵᠦ᠂ ᠰᠢᠨ᠎ᠡ ᠬᠠᠭᠤᠳᠠᠰᠤ᠎ᠶᠢ ᠪᠢᠴᠢᠭᠯᠡᠨ᠎ᠡ᠃ ᠭᠤᠷᠪᠠ᠎ᠳᠤ᠂ ᠭᠠᠵᠠᠷ ᠠᠭᠤᠳᠠᠮ ᠬᠥᠮᠥᠨ ᠴᠥᠭᠡᠨ᠂ ᠦᠢᠯᠡᠳᠪᠦᠷᠢᠯᠡᠯ᠎ᠦᠨ ᠡᠯᠧᠮᠧᠨ᠋ᠲ᠎ᠦᠨ ᠲᠠᠷᠠᠬᠠᠢ ᠪᠤᠲᠠᠷᠬᠠᠢ ᠬᠢᠵᠠᠭᠠᠷᠯᠠᠯ᠎ᠢ ᠲᠠᠢ᠍ᠢᠯᠵᠤ᠂ ᠬᠢᠯᠢ ᠬᠢᠵᠠᠭᠠᠷ᠎ᠢ ᠲᠣᠭᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ᠂ ᠬᠢᠯᠢ ᠬᠢᠵᠠᠭᠠᠷ᠎ᠢ ᠮᠠᠨᠳᠤᠭᠤᠯᠵᠤ ᠬᠢᠯᠢ ᠬᠢᠵᠠᠭᠠᠷ᠎ᠢ ᠬᠦᠴᠦᠷᠬᠡᠭᠵᠢᠭᠦᠯᠬᠦ᠎ᠳᠦ ᠰᠢᠨ᠎ᠡ ᠵᠠᠮ᠎ᠢ ᠨᠡᠭᠡᠭᠡᠵᠦ᠂ ᠰᠢᠨ᠎ᠡ ᠬᠠᠭᠤᠳᠠᠰᠤ᠎ᠶᠢ ᠪᠢᠴᠢᠭᠯᠡᠨ᠎ᠡ᠃ ᠳᠥᠷᠪᠡ᠎ᠳᠦ᠂ ᠠᠵᠤ ᠦᠢᠯᠡᠰ᠎ᠦᠨ ᠪᠦᠲᠦᠴᠡ᠎ᠶᠢ ᠰᠢᠯᠢᠳᠡᠭᠵᠢᠭᠦᠯᠬᠦ ᠠᠯᠬᠤᠴᠠ᠎ᠪᠠᠨ ᠲᠦᠷᠭᠡᠳᠬᠡᠵᠦ᠂ ᠡᠬᠢ ᠪᠠᠶᠠᠯᠢᠭ᠋᠎ᠤᠨ ᠭᠡᠯᠪᠡᠷᠢ᠎ᠶᠢᠨ ᠭᠠᠵᠠᠷ ᠣᠷᠣᠨ᠎ᠤ ᠭᠡᠯᠪᠡᠷᠢ᠎ᠪᠡᠨ ᠬᠤᠪᠢᠷᠠᠭᠤᠯᠤᠨ ᠬᠥᠭᠵᠢᠬᠦ ᠲᠠᠯ᠎ᠠ᠎ᠪᠠᠷ ᠰᠢᠨ᠎ᠡ ᠵᠠᠮ᠎ᠢ ᠨᠡᠭᠡᠭᠡᠵᠦ᠂ ᠰᠢᠨ᠎ᠡ ᠬᠠᠭᠤᠳᠠᠰᠤ᠎ᠶᠢ ᠪᠢᠴᠢᠭᠯᠡᠨ᠎ᠡ᠃ ᠲᠠᠪᠤ᠎ᠳᠤ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠪᠡᠷ ᠬᠦᠴᠦᠯᠡᠵᠦ᠂ ᠬᠦᠢᠲᠡᠨ ᠰᠡᠷᠢᠭᠦᠨ ᠭᠠᠩ ᠬᠠᠭᠤᠷᠠᠢ ᠭᠠᠵᠠᠷ ᠣᠷᠣᠨ᠎ᠤ ᠤᠳᠤ ᠦᠶ᠎ᠡ᠎ᠶᠢᠨ ᠲᠠᠷᠢᠶᠠᠯᠠᠩ ᠮᠠᠯ ᠠᠵᠤ ᠠᠬᠤᠢ᠎ᠶᠢ ᠬᠥᠭᠵᠢᠭᠦᠯᠬᠦ ᠲᠠᠯ᠎ᠠ᠎ᠪᠠᠷ ᠰᠢᠨ᠎ᠡ ᠵᠠᠮ᠎ᠢ ᠨᠡᠭᠡᠭᠡᠵᠦ᠂ ᠰᠢᠨ᠎ᠡ ᠬᠠᠭᠤᠳᠠᠰᠤ᠎ᠶᠢ ᠪᠢᠴᠢᠭᠯᠡᠨ᠎ᠡ᠃ ᠵᠢᠷᠭᠤᠭ᠎ᠠ᠎ᠳᠤ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠶᠢ ᠭᠦᠨᠵᠡᠭᠡᠢᠷᠡᠭᠦᠯᠵᠦ᠂ ᠨᠡᠭᠡᠭᠡᠯᠲᠡ᠎ᠶᠢ ᠥᠷᠭᠡᠳᠬᠡᠨ ᠤᠯᠤᠰ᠎ᠤᠨ ᠪᠠᠢᠯᠳᠤᠬᠤ ᠪᠣᠳᠣᠯᠭ᠎ᠠ ᠳ᠋ᠦ ᠦᠢᠯᠡᠴᠢᠯᠡᠬᠦ ᠲᠠᠯ᠎ᠠ᠎ᠪᠠᠷ ᠰᠢᠨ᠎ᠡ ᠵᠠᠮ᠎ᠢ ᠨᠡᠭᠡᠭᠡᠵᠦ᠂ ᠰᠢᠨ᠎ᠡ ᠬᠠᠭᠤᠳᠠᠰᠤ᠎ᠶᠢ ᠪᠢᠴᠢᠭᠯᠡᠨ᠎ᠡ᠃ ᠲᠤᠯᠤᠭ᠎ᠠ᠎ᠳᠤ᠂ ᠬᠥᠭᠵᠢᠯᠲᠡ᠎ᠶᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶᠢ ᠪᠠᠷᠢᠮᠲᠠᠯᠠᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠠᠮᠲᠤ ᠪᠠᠷ ᠪᠠᠶᠠᠵᠢᠬᠤ ᠲᠠᠯ᠎ᠠ᠎ᠪᠠᠷ ᠰᠢᠨ᠎ᠡ ᠵᠠᠮ᠎ᠢ ᠨᠡᠭᠡᠭᠡᠵᠦ᠂ ᠰᠢᠨ᠎ᠡ ᠬᠠᠭᠤᠳᠠᠰᠤ᠎ᠶᠢ ᠪᠢᠴᠢᠭᠯᠡᠨ᠎ᠡ᠃ ᠨᠠᠢ᠍ᠮᠠ᠎ᠳᠤ᠂ ᠨᠠᠮ᠎ᠤᠨ ᠪᠦᠭᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ ᠪᠣᠯᠣᠨ ᠰᠠᠢᠨ ᠰᠠᠢᠬᠠᠨ ᠬᠥᠭᠵᠢᠯᠲᠡ᠎ᠶᠢᠨ ᠣᠷᠴᠢᠨ ᠲᠣᠭᠣᠷᠢᠨ᠎ᠢ ᠪᠤᠢ ᠪᠤᠯᠭᠠᠬᠤ ᠲᠠᠯ᠎ᠠ᠎ᠪᠠᠷ ᠰᠢᠨ᠎ᠡ ᠵᠠᠮ᠎ᠢ ᠨᠡᠭᠡᠭᠡᠵᠦ᠂ ᠰᠢᠨ᠎ᠡ ᠬᠠᠭᠤᠳᠠᠰᠤ᠎ᠶᠢ ᠪᠢᠴᠢᠭᠯᠡᠨ᠎ᠡ ᠭᠡᠵᠤ ᠴᠢᠬᠤᠯᠠᠴᠢᠯᠠᠵᠠᠢ᠃
ᠸᠠᠩ ᠸᠧᠢ ᠵᠥᠩ᠂ ᠬᠣᠢᠰᠢᠳᠠ᠎ᠶᠢᠨ ᠲᠠᠪᠤᠨ ᠵᠢᠯ᠎ᠦᠨ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠬᠦ᠎ᠳᠦ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ᠂ ᠲᠠᠪᠤᠳᠤᠭᠠᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠠᠴᠢ ᠬᠣᠯᠪᠣᠭᠳᠠᠯ᠎ᠢ ᠨᠡᠩ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠳᠦᠨ ᠵᠦᠪ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ᠎ᠳᠤ ᠢᠳᠡᠪᠬᠢᠲᠡᠢ᠎ᠪᠡᠷ ᠠᠭᠤᠰᠤᠯᠴᠠᠬᠤ ᠪᠠ ᠦᠢᠯᠡᠴᠢᠯᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠪᠡᠷ ᠭᠣᠣᠯ ᠰᠢᠵᠢᠮ ᠪᠣᠯᠭᠠᠵᠤ᠂《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠦᠲᠦᠭᠡᠨ ᠪᠠᠶ᠋ᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢᠷᠡᠭᠦᠯᠦᠨ ᠨᠠᠢᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ᠎ᠶᠢ ᠪᠠᠷᠢᠮᠲᠠᠯᠠᠵᠤ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠪᠠᠷ ᠭᠣᠣᠯᠳᠠᠯᠭ᠎ᠠ ᠪᠣᠯᠭᠠᠬᠤ᠎ᠶᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠪᠠᠷ ᠭᠣᠣᠯ ᠰᠡᠳᠦᠪ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠪᠡᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ᠎ᠪᠠᠷ ᠦᠨᠳᠦᠰᠦᠨ ᠵᠣᠷᠢᠯᠭ᠎ᠠ ᠪᠣᠯᠭᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠎ᠪᠠᠷ ᠦᠨᠳᠦᠰᠦᠨ ᠪᠠᠲᠤᠯᠠᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ ᠶᠣᠰᠣᠭᠠᠷ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠨ᠂ ᠤᠳᠠᠭᠠᠨ ᠳᠠᠭᠠᠭᠠᠮᠠᠭᠠᠢ ᠵᠢᠳᠬᠦᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠰᠢᠨ᠎ᠡ ᠵᠠᠮ᠎ᠢ ᠨᠡᠭᠡᠭᠡᠨ᠂ ᠰᠢᠨ᠎ᠡ ᠬᠠᠭᠤᠳᠠᠰᠤ᠎ᠶᠢ ᠪᠢᠴᠢᠭᠯᠡᠵᠦ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ ᠬᠡᠷᠡᠭᠳᠡᠢ᠃ ᠦᠵᠡᠯ ᠰᠠᠨᠠᠭ᠎ᠠ᠎ᠪᠠᠨ ᠴᠢᠯᠦᠭᠡᠯᠡᠨ᠂ ᠦᠨᠡᠨ᠎ᠡᠴᠡ ᠵᠥᠪ᠎ᠢ ᠡᠷᠢᠵᠤ᠂ ᠴᠠᠭ ᠦᠶ᠎ᠡ᠎ᠲᠠᠢ ᠵᠡᠷᠭᠡ ᠪᠡᠷ ᠤᠷᠤᠭᠰᠢᠯᠠᠨ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠵᠤ᠂ ᠥᠭᠡᠷᠡᠴᠢᠯᠡᠯᠲᠡ ᠨᠡᠭᠡᠭᠡᠯᠲᠡ᠎ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠢᠷᠡᠭᠦᠯᠵᠦ᠂ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ᠂ ᠨᠡᠢᠭᠡᠮ᠎ᠦᠨ ᠠᠮᠢᠵᠢᠷᠠᠯ᠎ᠤᠨ ᠬᠦᠴᠦᠨ᠎ᠢ ᠴᠢᠯᠦᠭᠡᠯᠡᠨ ᠨᠡᠮᠡᠭᠳᠡᠭᠦᠯᠵᠦ᠂ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠬᠦᠴᠦᠯᠡᠨ ᠨᠠᠢᠳᠠᠪᠤᠷᠢᠵᠢᠭᠤᠯᠵᠤ᠂ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ ᠰᠢᠨ᠎ᠡ ᠦᠷ᠎ᠡ ᠪᠦᠲᠦᠮᠵᠢᠤᠯᠬᠤ᠂ ᠴᠢᠨᠠᠷ ᠰᠠᠢᠲᠠᠢ ᠬᠥᠭᠵᠢᠯᠲᠡ ᠰᠢᠨ᠎ᠡ ᠦᠰᠦᠷᠦᠯᠲᠡ᠎ᠶᠢ ᠪᠡᠶᠡᠯᠡᠭᠦᠯᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ ᠰᠢᠨ᠎ᠡ ᠳᠡᠭᠲᠡᠷ᠎ᠲᠦ ᠭᠠᠷᠬᠤ᠂ ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠬᠦ᠎ᠳᠦ ᠰᠢᠨ᠎ᠡ ᠰᠢᠪᠲᠤᠯᠤᠯᠲᠠ᠎ᠶᠢ ᠪᠡᠶᠡᠯᠡᠭᠦᠯᠬᠦ᠂ ᠨᠡᠢᠭᠡᠮ᠎ᠦᠨ ᠪᠣᠯᠪᠠᠰᠤᠨ᠎ᠤ ᠬᠡᠮᠵᠢᠶ᠎ᠡ ᠰᠢᠨ᠎ᠡ ᠲᠠᠪᠰᠢᠯᠲᠠ᠎ᠲᠠᠢ ᠪᠣᠯᠬᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠰᠢᠨ᠎ᠡ ᠳᠡᠭᠡᠭᠰᠢᠯᠡᠯᠲᠡ᠎ᠲᠠᠢ ᠪᠣᠯᠬᠤ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠰᠢᠨ᠎ᠡ ᠥᠨᠳᠥᠷᠴᠡ᠎ᠳᠦ ᠬᠦᠷᠬᠦ᠂ ᠠᠮᠤᠭᠤᠯᠠᠩᠲᠦ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ ᠰᠢᠨ᠎ᠡ ᠪᠠᠢᠳᠠᠯ᠎ᠢ ᠨᠡᠭᠡᠭᠡᠨ ᠡᠬᠦᠳᠬᠦ ᠬᠠᠷᠠᠯᠲᠠ ᠵᠢ ᠪᠠᠲᠦ ᠡᠵᠡᠮᠳᠡᠵᠤ ᠯᠠᠪᠳᠠᠭᠤᠨ ᠪᠠᠲᠤᠲᠠᠢ ᠲᠡᠮᠡᠴᠡᠵᠤ᠂ ᠬᠥᠮᠥᠨ ᠳᠤᠮᠳᠠᠴᠢ᠎ᠶᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠥᠷᠲᠡᠭ᠂ ᠰᠠᠭᠤᠭᠠᠯᠢ ᠠᠷᠠᠳ᠎ᠤᠨ ᠣᠷᠣᠯᠭ᠎ᠠ ᠪᠦᠬᠦ ᠤᠯᠤᠰ᠎ᠤᠨ ᠳᠡᠭᠡᠳᠦ ᠲᠦᠪᠰᠢᠨ ᠳ᠋ᠦ ᠲᠣᠭᠲᠠᠭᠤᠨ ᠣᠷᠣᠬᠤ ᠵᠢ ᠪᠠᠲᠤᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠠᠮᠲᠤ᠎ᠪᠠᠷ ᠪᠠᠶᠠᠵᠢᠬᠤ᠎ᠶᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ᠂ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠂ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠦᠲᠦᠭᠡᠨ ᠪᠠᠶ᠋ᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ᠂ ᠪᠦᠬᠦ ᠤᠯᠤᠰ᠎ᠲᠠᠢ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠲᠠᠯ᠎ᠠ᠎ᠪᠠᠷ ᠰᠢᠢᠳᠪᠦᠷᠢᠯᠡᠭᠴᠢ ᠴᠢᠨᠠᠷᠲᠠᠢ ᠠᠬᠢᠯᠲᠠ᠎ᠲᠠᠢ ᠪᠣᠯᠵᠤ᠂ ᠨᠡᠩ ᠶᠡᠬᠡ ᠠᠯᠬᠤᠮ᠎ᠢ ᠠᠯᠬᠤᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠦᠬᠡ᠎ᠶᠢᠨ ᠠᠭᠤᠤ ᠦᠢᠯᠡᠰ᠎ᠢ ᠡᠭᠦᠳᠦᠨ ᠪᠦᠲᠦᠭᠡᠬᠦ᠎ᠶᠢᠨ ᠵᠠᠢᠯᠠᠰᠢ ᠦᠭᠡᠢ ᠶᠠᠪᠤᠬᠤ ᠵᠠᠮ ᠮᠥᠨ᠃ ᠶᠡᠷᠦᠩᠬᠡᠢ ᠱᠦᠵᠢ ᠰᠢ᠎ᠶᠢᠨ ᠫᠢᠩ᠎ᠤᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠤᠯᠤᠰ ᠲᠥᠷᠥ᠎ᠶᠢᠨ ᠬᠥᠭᠵᠢᠯᠲᠡ᠎ᠶᠢᠨ ᠵᠠᠮ ᠪᠠ ᠬᠠᠤᠯᠢ᠎ᠪᠠᠷ ᠵᠠᠰᠠᠬᠤ ᠵᠠᠮ᠎ᠢᠶᠠᠷ ᠭᠤᠢᠪᠢᠰᠢ ᠦᠭᠡᠢ ᠵᠠᠮᠨᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠰᠢᠵᠢᠮ᠎ᠤᠨ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ ᠡᠯ᠎ᠡ ᠵᠦᠢᠯ᠎ᠦᠨ ᠠᠵᠢᠯ᠎ᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠵᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠥᠨᠳᠥᠷ ᠲᠦᠪᠰᠢᠨ ᠪᠦᠬᠦᠢ ᠠᠷᠠᠳᠴᠢᠯᠠᠯ ᠬᠠᠤᠯᠢ ᠪᠡᠷ ᠵᠠᠰᠠᠬᠤ ᠪᠠᠢᠭᠤᠯᠤᠯᠲᠠ᠎ᠪᠠᠷ ᠦᠨᠳᠦᠰᠦᠲᠡᠨ᠎ᠨᠦᠭᠦᠳ᠎ᠦᠨ ᠶᠡᠬᠡ ᠪᠦᠯᠬᠦᠮᠳᠡᠯ᠎ᠢ ᠪᠠᠲᠤᠯᠠᠵᠤ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠲᠠᠢ᠍ᠢᠴᠢᠯᠠᠨ ᠬᠦᠴᠦ᠎ᠪᠡᠨ ᠬᠠᠮᠲᠤᠳᠬᠠᠨ ᠰᠡᠳᠬᠢᠯ ᠨᠢᠭᠡᠳᠤᠨ ᠨᠡᠩ ᠰᠠᠢᠨ ᠰᠠᠢᠬᠠᠨ ᠢᠷᠡᠭᠡᠳᠦᠢ ᠲᠡᠢᠰᠢ ᠤᠷᠤᠭᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠤᠯᠤᠰ ᠡᠴᠡ ᠬᠡᠷᠡᠭᠴᠡᠭᠡ᠎ᠲᠠᠢ ᠦᠶᠡᠰ ᠥᠪᠥᠷ ᠮᠣᠩᠭᠣᠯ ᠡᠷᠬᠡᠪᠰᠢ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠬᠡᠷᠡᠭᠲᠡᠢ᠃ ᠲᠤᠰᠢᠶᠠᠯ ᠬᠠᠷᠢᠭᠤᠴᠠᠯᠭᠠᠡᠭᠦᠷᠭᠡ ᠪᠠᠨ ᠪᠠᠲᠤ ᠡᠭᠦᠷᠭᠡᠯᠡᠵᠦ᠂《ᠬᠣᠶᠠᠷ ᠬᠠᠯᠬᠠᠪᠴᠢ》᠂《ᠬᠣᠶᠠᠷ ᠰᠠᠭᠤᠷᠢᠨ》᠂《ᠨᠢᠭᠡ ᠪᠡᠬᠢᠯᠡᠯᠲᠡ》 ᠶ᠋ᠢ ᠪᠦᠲᠦᠭᠡᠨ ᠪᠠᠶ᠋ᠢᠭᠤᠯᠬᠤ ᠲᠠᠯ᠎ᠠ᠎ᠪᠠᠷ ᠨᠡᠩ ᠶᠡᠬᠡ ᠰᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠶᠡᠷᠦᠩᠬᠡᠢᠯᠡᠭᠰᠡᠨ ᠦᠢᠯᠡᠳᠦᠯ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠨᠡᠩ ᠪᠠᠲᠤ ᠪᠡᠬᠢ ᠪᠠᠢᠭᠤᠯᠵᠤ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ᠎ᠤ ᠬᠥᠭᠵᠢᠯᠲᠡ᠎ᠶᠢᠨ ᠳᠠᠪᠠᠭᠤᠯᠢᠭ᠋᠎ᠢ ᠪᠡᠬᠢᠵᠢᠭᠦᠯᠦᠨ ᠥᠷᠭᠡᠳᠬᠡᠵᠦ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠬᠠᠩᠭᠠᠯᠭ᠎ᠠ᠎ᠶᠢᠨ ᠪᠠᠲᠤᠯᠠᠭ᠎ᠠ᠎ᠶᠢᠨ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠠᠬᠢᠭᠤᠯᠵᠤ᠂ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠂ ᠬᠢᠯᠢ ᠬᠢᠵᠠᠭᠠᠷ᠎ᠤᠨ ᠠᠮᠤᠷ ᠲᠦᠪᠰᠢᠨ᠂ ᠡᠨᠧᠷᠭᠢ᠎ᠶᠢᠨ ᠠᠮᠤᠷ ᠲᠦᠪᠰᠢᠨ᠂ ᠠᠮᠤ ᠪᠤᠳᠠᠭᠠᠨ᠎ᠤ ᠠᠮᠤᠷ ᠲᠦᠪᠰᠢᠨ᠂ ᠠᠵᠤ ᠦᠢᠯᠡᠰ᠎ᠦᠨ ᠠᠮᠤᠷ ᠲᠦᠪᠰᠢᠨ᠎ᠢ ᠬᠠᠮᠠᠭᠠᠯᠠᠬᠤ᠎ᠳᠤ ᠨᠠᠩ ᠣᠯᠠᠨ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠦ ᠴᠢᠬᠤᠯᠠᠴᠢᠯᠠᠵᠠᠢ᠃
ᠸᠠᠩ ᠸᠧᠢ ᠵᠦᠩ᠂ ᠴᠢᠨᠠᠷ ᠰᠠᠢᠲᠠᠢ ᠬᠥᠭᠵᠢᠯᠲᠡ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠥᠪᠥᠷ ᠮᠣᠩᠭᠣᠯ᠎ᠤᠨ ᠣᠳᠣᠬᠢᠴᠢᠯᠠᠯᠲᠠ᠎ᠶᠢ ᠪᠡᠶᠡᠯᠡᠭᠦᠯᠬᠦ ᠦᠨᠳᠦᠰᠦᠨ ᠠᠷᠭ᠎ᠠ ᠵᠠᠮ ᠮᠥᠨ᠃ ᠲᠤᠯᠤᠭᠠᠨ ᠵᠦᠢᠯ᠎ᠦᠨ ᠭᠣᠣᠯᠳᠠᠯᠭ᠎ᠠ᠎ᠲᠠᠢ ᠠᠵᠢᠯ᠎ᠢ ᠭᠦᠨᠵᠡᠭᠡᠢ ᠠᠬᠢᠭᠤᠯᠵᠦ᠂ ᠥᠪᠥᠷ ᠮᠣᠩᠭᠣᠯ᠎ᠤᠨ ᠦᠪᠡᠷᠮᠢᠴᠡ ᠲᠠᠪᠠᠭᠤᠯᠢᠭ ᠢ᠋ ᠢᠯᠡᠷᠡᠭᠦᠯᠦᠭᠰᠡᠨ᠂ ᠭᠣᠣᠯᠯᠠᠬᠤ ᠥᠷᠢᠰᠦᠯᠳᠦᠬᠦ ᠬᠦᠴᠦᠨ᠎ᠲᠠᠢ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠦᠲᠦᠭᠡᠨ ᠪᠠᠢᠭᠤᠯᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠬᠦ᠎ᠶᠢ ᠭᠦᠨᠵᠡᠭᠡᠢᠷᠡᠭᠦᠯᠵᠦ᠂ ᠪᠦᠬᠦ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠦ ᠭᠦᠨᠵᠡᠭᠡᠢ ᠵᠣᠯᠭᠠᠭᠤᠯᠬᠤ ᠪᠠ ᠪᠦᠲᠦᠮᠵᠢᠲᠡᠢ᠎ᠪᠡᠷ ᠠᠭᠤᠰᠤᠯᠴᠠᠨ᠂ ᠥᠨᠳᠥᠷ ᠬᠢᠷᠢ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ ᠯᠤᠭ᠎ᠠ ᠵᠣᠬᠢᠴᠠᠯᠳᠤᠭᠰᠠᠨ ᠠᠵᠤ ᠠᠬᠤᠢ᠎ᠶᠢᠨ ᠵᠠᠰᠠᠯᠲᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠣᠷᠣᠨ ᠪᠦᠰᠡ᠎ᠶᠢᠨ ᠠᠵᠤ ᠠᠬᠤᠢ᠎ᠶᠢᠨ ᠪᠠᠢᠷᠢᠰᠢᠯ᠎ᠢ ᠰᠢᠯᠢᠳᠡᠭᠵᠢᠬᠦᠯᠵᠦ᠂ ᠬᠤᠳᠠ ᠬᠥᠳᠡᠭᠡ᠎ᠶᠢᠨ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠵᠦ᠂ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠬᠦ ᠳᠤᠮᠳᠠ ᠨᠡᠢᠭᠡᠮ ᠵᠢᠷᠤᠮ᠎ᠤᠨ ᠰᠣᠶᠣᠯ᠎ᠢ ᠴᠴᠡᠭᠯᠡᠭᠦᠯᠦᠨ ᠬᠥᠭᠵᠢᠭᠦᠯᠵᠦ᠂ ᠠᠷᠠᠳ᠎ᠤᠨ ᠠᠮᠢᠳᠤᠷᠠᠯ᠎ᠢ ᠤᠨᠢᠨ ᠲᠡᠭᠡᠷ᠎ᠠ ᠨᠢ ᠬᠦᠴᠦᠲᠡᠢ ᠪᠠᠲᠤᠯᠠᠨ ᠰᠠᠢᠵᠢᠷᠠᠭᠤᠯᠵᠦ᠂ ᠪᠦᠲᠦᠴᠡ᠎ᠶᠢ ᠲᠣᠬᠢᠷᠠᠭᠤᠯᠬᠤ᠂ ᠴᠢᠳᠠᠮᠵᠢ ᠵᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ ᠵᠢ ᠪᠦᠬᠦ ᠬᠦᠴᠦᠨ᠎ᠢᠶᠡᠷ᠎ᠢᠶᠡᠨ ᠰᠠᠢᠳᠤᠷ ᠠᠳᠬᠤᠵᠦ᠂ ᠬᠥᠭᠵᠢᠯᠲᠡ᠎ᠶᠢᠨ ᠰᠢᠰᠲᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠨᠭᠭᠠᠳᠬᠠᠵᠦ᠂ ᠣᠷᠣᠨ ᠨᠤᠲᠤᠭ᠎ᠤᠨ ᠣᠨᠴᠠᠯᠢᠭ᠋᠎ᠢᠶᠠᠷ ᠪᠠᠶᠠᠯᠢᠭ᠋᠂ ᠣᠷᠣᠨ ᠨᠤᠲᠤᠭ᠎ᠤᠨ ᠳᠠᠪᠠᠭᠤᠯᠢᠭ᠋᠎ᠢ ᠬᠠᠷᠠᠭᠤᠯᠤᠭᠰᠠᠨ ᠴᠢᠨᠠᠷ ᠰᠠᠢᠲᠠᠢ ᠬᠥᠭᠵᠢᠯᠲᠡ᠎ᠶᠢᠨ ᠪᠠᠢᠷᠢᠰᠢᠯ᠎ᠢ ᠪᠦᠷᠢᠯᠳᠦᠬᠦᠯᠬᠦ ᠬᠡᠷᠡᠭᠳᠡᠢ ᠬᠡᠵᠦ ᠴᠢᠬᠤᠯᠠᠴᠢᠯᠠᠵᠠᠢ᠃
ᠸᠠᠩ ᠸᠧᠢ ᠵᠦᠩ᠂ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠳᠤ ᠵᠠᠩᠭᠢᠯᠠᠭ᠎ᠠ ᠨᠢ ᠨᠠᠮ᠎ᠳᠤ ᠪᠠᠢᠨ᠎ᠠ᠂ ᠵᠠᠩᠭᠢᠯᠠᠭ᠎ᠠ ᠨᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠪᠠᠢᠨ᠎ᠠ᠃ ᠡᠷᠬᠡᠪᠰᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠨᠠᠮ ᠪᠠᠶ᠋ᠢᠭᠤᠯᠬᠤ ᠠᠭᠤᠤ ᠶᠡᠬᠡ ᠵᠣᠷᠢᠭ᠋ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂《ᠭᠤᠷᠪᠠᠨ ᠡᠷᠬᠡᠪᠰᠢ》 ᠶ᠋ᠢ ᠢᠮᠠᠭᠲᠠ ᠪᠠᠲᠤ ᠴᠡᠭᠡᠵᠢᠯᠡᠵᠦ᠂ ᠨᠠᠮ᠎ᠤᠨ ᠰᠢᠯᠢᠳᠡᠭ ᠣᠨᠴᠠᠯᠢᠭ᠋᠎ᠢ ᠲᠠᠰᠤᠷᠠᠯᠳᠠ ᠦᠭᠡᠢ ᠪᠠᠳᠠᠷᠠᠭᠤᠯᠵᠤ᠂ ᠴᠢᠩᠭ᠎ᠠ ᠬᠦᠭ ᠠᠶᠠᠰ᠎ᠢ ᠭᠤᠢᠪᠢᠰᠢ ᠦᠭᠡᠢ ᠪᠠᠷᠢᠮᠲᠠᠯᠠᠵᠤ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠡᠭᠦᠷᠢᠳᠡ ᠵᠤᠬᠰᠤᠰᠢ ᠦᠭᠡᠢ ᠪᠠᠷᠢᠮᠲᠠᠯᠠᠯ᠎ᠢᠶᠠᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠬᠡᠷᠡᠭᠲᠡᠢ᠃ ᠰᠦᠨ ᠱᠤᠤ ᠴᠧᠩ᠎ᠦᠨ ᠬᠡᠷᠡᠭ᠂ ᠸᠠᠩ ᠯᠢ ᠰᠢᠶᠠ᠎ᠶᠢᠨ ᠬᠡᠷᠡᠭ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠵᠢ ᠬᠦᠨᠳᠦ ᠨᠣᠴᠢᠲᠠᠢ ᠵᠥᠷᠢᠴᠡᠭᠰᠡᠨ ᠬᠡᠷᠡᠭ᠎ᠡᠴᠡ ᠭᠦᠨᠵᠡᠭᠡᠢ ᠰᠤᠷᠭᠠᠮᠵᠢ ᠠᠪᠴᠤ᠂ ᠲᠠᠷᠬᠠᠭᠠᠭᠰᠠᠨ ᠬᠣᠣᠷ ᠪᠠ ᠮᠠᠭᠤ ᠨᠥᠯᠥᠭᠡ᠎ᠶᠢ ᠲᠤᠢᠯᠪᠤᠷᠢᠲᠠᠢ ᠠᠷᠢᠯᠭᠠᠵᠤ᠂ ᠨᠡᠮᠡᠭᠳᠡᠯ᠎ᠢ ᠨᠡᠩ ᠬᠦᠴᠦᠲᠡᠢ ᠬᠣᠷᠢᠭ᠍ᠯᠠᠵᠤ᠂ ᠦᠯᠡᠳᠡᠭᠳᠡᠯ ᠢ᠋ ᠨᠡᠩ ᠪᠦᠲᠦᠮᠵᠢᠲᠡᠢ ᠠᠷᠢᠯᠭᠠᠵᠤ᠂ ᠡᠷᠲᠡ᠎ᠡᠴᠡ ᠠᠳᠬᠤᠨ ᠪᠠᠭ᠎ᠠ ᠳ᠋ᠤᠨᠢ ᠠᠳᠬᠤᠵᠤ᠂ ᠴᠤᠬᠤᠶ᠋ᠢᠮᠠᠭᠴᠠ ᠴᠣᠬᠢᠯᠲᠠ ᠥᠭᠴᠦ᠂ ᠡᠴᠦᠰ ᠲᠦ᠍ᠨᠢ ᠲᠤᠯᠲᠠᠯ᠎ᠠ ᠪᠠᠢᠴᠠᠭᠠᠵᠤ᠂ ᠶᠠᠭᠠᠬᠢᠭ᠍ᠰᠠᠨ ᠴᠤ᠌ ᠢᠯᠳᠠᠷ ᠬᠠᠶᠠᠬᠤ ᠦᠭᠡᠢ ᠪᠠᠢᠵᠤ᠂ ᠤᠯᠤᠰ ᠲᠦᠷᠦ᠎ᠶᠢᠨ ᠠᠮᠢ ᠠᠬᠤᠢ᠎ᠶᠢ ᠪᠦᠬᠦ ᠲᠠᠯ᠎ᠠ᠎ᠪᠠᠷ ᠲᠠᠬᠢᠨ ᠴᠣᠭᠴᠠᠯᠠᠬᠤ᠂ ᠦᠨᠳᠦᠰᠦᠨ᠎ᠡᠴᠡ ᠨᠢ ᠰᠠᠢᠵᠢᠷᠠᠭᠤᠯᠬᠤ᠎ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠨᠠᠮ᠎ᠤᠨ ᠭᠡᠰᠢᠭᠦᠨ ᠺᠠᠳ᠋ᠷ᠎ᠤᠨ ᠨᠠᠮᠴᠢ ᠴᠢᠨᠠᠷ᠎ᠢᠶᠠᠨ ᠬᠦᠴᠦᠯᠡᠨ ᠴᠢᠩᠭᠠᠳᠬᠠᠬᠤ᠎ᠶᠢ ᠠᠬᠢᠭᠤᠯᠵᠤ᠂ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠵᠦ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠴᠥᠬᠥᠷᠡᠰᠢ ᠦᠭᠡᠢ᠎ᠪᠡᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ᠂ ᠢᠯᠵᠢᠷᠠᠬᠦ ᠡᠴᠡ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠠᠬᠦ ᠵᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠢᠵᠢᠭᠤᠯᠵᠤ᠂ ᠳᠦᠷᠢᠮ᠎ᠦᠨ ᠬᠡᠷᠡᠭᠵᠢᠭᠦᠯᠦᠯᠲᠡ ᠪᠠ ᠬᠢᠨᠠᠯᠲᠠ᠎ᠶᠢ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠨᠠᠮ᠎ᠤᠨ ᠭᠡᠰᠢᠭᠦᠨ ᠺᠠᠳ᠋ᠷ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠪᠦᠬᠦ ᠶᠠᠪᠤᠴᠠ᠎ᠳᠤ ᠲᠤᠭᠤᠰᠢᠯᠠᠭᠤᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠰᠢᠨ᠎ᠡ ᠦᠷ᠎ᠡ ᠪᠦᠲᠦᠮᠵᠢ᠎ᠪᠡᠷ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠪᠠᠢᠳᠠᠯ᠎ᠢ ᠡᠭᠦᠳᠬᠦ ᠬᠡᠷᠡᠭᠲᠡᠢ ᠬᠡᠵᠦ ᠴᠢᠬᠤᠯᠠᠴᠢᠯᠠᠪᠠ᠃
ᠸᠠᠩ ᠸᠧᠢ ᠵᠦᠩ ᠬᠠᠮᠤᠭ ᠤ᠋ᠨ ᠰᠡᠬᠦᠯ᠎ᠳᠦ᠂ ᠢᠷᠠᠭᠤ ᠠᠯᠳᠠᠷ ᠪᠠ ᠬᠦᠰᠡᠯ ᠵᠡᠭᠦᠳᠦ᠎ᠪᠡᠷ ᠪᠢᠯᠬᠠᠭᠰᠠᠨ ᠢᠷᠡᠭᠡᠳᠦᠢ᠎ᠶᠢ ᠪᠠᠷᠠᠯᠠᠬᠤᠶ᠎ᠠ᠂ ᠥᠪᠥᠷ ᠮᠣᠩᠭᠣᠯ ᠨᠡᠩ ᠰᠠᠢᠨ ᠬᠥᠭᠵᠢᠬᠦ ᠪᠦᠷᠢᠮᠦᠰᠦᠨ ᠨᠥᠬᠥᠴᠡᠯ᠎ᠲᠠᠢ ᠪᠥᠭᠡᠳ ᠯᠠᠪᠲᠠᠢ ᠬᠦᠭᠵᠢᠵᠦ ᠴᠢᠳᠠᠨ᠎ᠠ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠢᠯᠡᠭᠦᠦ ᠨᠢᠭ᠍ᠲᠠᠷᠠᠨ ᠪᠦᠯᠬᠦᠮᠳᠡᠵᠦ᠂ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠨ᠂ ᠠᠴᠢ ᠡᠨᠡᠷᠢᠯ᠎ᠳᠦ ᠲᠠᠯᠠᠷᠬᠠᠵᠤ ᠡᠷᠡᠯᠬᠡᠭᠯᠡᠨ ᠤᠷᠤᠭᠰᠢᠯᠠᠵᠤ᠂ ᠰᠤᠷᠤᠯᠴᠠᠯᠭ᠎ᠠ ᠵᠢ ᠶᠡᠬᠡ ᠪᠡᠷ ᠡᠷᠬᠢᠮᠯᠡᠬᠦ ᠪᠡᠷ ᠴᠢᠭᠯᠡᠯ᠎ᠢᠶᠡᠨ ᠲᠣᠳᠣᠷᠬᠠᠢᠯᠠᠨ᠂ ᠴᠢᠳᠠᠪᠤᠷᠢ᠎ᠪᠠᠨ ᠨᠡᠮᠡᠭᠳᠡᠭᠦᠯᠵᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ ᠪᠣᠳᠠᠲᠤ ᠪᠠᠢᠳᠠᠯ᠎ᠢ ᠪᠠᠢᠴᠠᠭᠠᠨ ᠣᠢᠯᠠᠭᠠᠵᠤ᠂ ᠰᠠᠢᠨ ᠠᠷᠭ᠎ᠠ ᠪᠣᠳᠣᠯᠭ᠎ᠠ ᠰᠦᠪᠡᠭᠴᠢᠯᠡᠨ᠂ ᠦᠨᠡᠨ ᠬᠦ᠌ ᠠᠳᠬᠤᠵᠤ ᠪᠣᠳᠠᠲᠠᠢ᠎ᠪᠠᠷ ᠠᠵᠢᠯᠯᠠᠨ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠰᠢᠨ᠎ᠡ ᠭᠠᠪᠢᠶ᠎ᠠ ᠪᠠᠢᠭᠤᠯᠤᠨ᠂ ᠠᠷᠢᠭᠤᠨ ᠴᠢᠬᠡᠴᠢ᠎ᠪᠡᠷ ᠲᠥᠪ ᠰᠤᠷᠲᠠᠯ᠎ᠢ ᠪᠠᠳᠠᠷᠠᠭᠤᠯᠤᠨ᠂ ᠰᠢᠨ᠎ᠡ ᠬᠡᠪ ᠰᠤᠷᠲᠠᠯ᠎ᠢ ᠪᠤᠢ ᠪᠣᠯᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠬᠤᠪᠢ ᠲᠠᠬᠢᠨ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠬᠰᠠᠨ ᠪᠦᠲᠦᠭᠡᠨ ᠪᠠᠢᠭᠤᠯᠤᠯᠲᠠ᠎ᠶᠢᠨ ᠳᠤᠮᠳᠠ ᠰᠢᠨ᠎ᠡ ᠵᠠᠮ᠎ᠢ ᠨᠡᠭᠡᠭᠡᠵᠦ᠂ ᠰᠢᠨ᠎ᠡ ᠬᠠᠭᠤᠳᠠᠰᠤ᠎ᠶᠢ ᠪᠢᠴᠢᠭᠯᠡᠨ᠂ ᠰᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ᠎ᠤᠨ ᠢᠯᠠᠯᠲᠠ᠎ᠲᠠᠢ᠎ᠪᠠᠷ ᠬᠤᠷᠠᠯᠳᠤᠬᠤ᠎ᠶᠢ ᠤᠭᠲᠤᠶ᠎ᠠ! ᠬᠡᠵᠦ ᠴᠢᠬᠤᠯᠠᠴᠢᠯᠠᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠠᠴᠠ ᠶᠡᠬᠡ ᠬᠤᠷᠠᠯ᠎ᠳᠤ ᠪᠢᠴᠢᠭ᠎ᠦᠨ ᠬᠡᠯᠪᠡᠷᠢ᠎ᠶᠢᠨ ᠠᠵᠢᠯ᠎ᠤᠨ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠡᠴᠡ ᠶᠡᠬᠡ ᠬᠤᠷᠠᠯ᠎ᠳᠤ ᠨᠠᠮ᠎ᠤᠨ ᠰᠦᠢᠳᠬᠡᠯ᠎ᠢ ᠬᠤᠷᠢᠶᠠᠭᠰᠠᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠢᠳᠠᠯ᠎ᠤᠨ ᠲᠤᠬᠠᠢ ᠮᠡᠳᠡᠭᠦᠯᠦᠯᠲᠡ᠎ᠶᠢ ᠪᠢᠴᠢᠭ᠎ᠦᠨ ᠬᠡᠯᠪᠡᠷᠢ᠎ᠪᠡᠷ ᠳᠡᠪᠰᠢᠭᠦᠯᠪᠡ᠃
ᠥᠪᠡᠷᠲᠡᠭᠡᠨ ᠵᠠᠰᠠᠬᠤ ᠣᠷᠣᠨ᠎ᠤ ᠳᠡᠳ᠋ ᠮᠤᠵᠢ᠎ᠶᠢᠨ ᠲᠡᠰ ᠡᠴᠡ ᠳᠡᠭᠡᠭᠰᠢᠬᠢ ᠤᠳᠤᠷᠢᠳᠬᠤ ᠲᠤᠰᠢᠶᠠᠯ᠎ᠳᠤ ᠪᠠᠢᠭ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ ᠪᠤᠰᠤ ᠺᠠᠳ᠋ᠷ᠂ ᠥᠪᠡᠷᠲᠡᠭᠡᠨ ᠵᠠᠰᠠᠬᠤ ᠣᠷᠣᠨ᠎ᠤ ᠬᠡᠰᠡᠭ ᠮᠤᠵᠢ᠎ᠶᠢᠨ ᠲᠡᠰ᠎ᠤᠨ ᠠᠵᠢᠯ ᠡᠴᠡ᠎ᠪᠠᠨ ᠠᠮᠠᠷᠠᠭᠰᠠᠨ ᠠᠬᠠᠮᠠᠳ ᠨᠥᠬᠥᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠭᠣᠣᠯ ᠬᠠᠷᠢᠭᠤᠴᠠᠯᠭᠠᠲᠠᠨ ᠪᠣᠯᠣᠨ ᠨᠠᠮ ᠪᠦᠯᠦᠭ᠎ᠦᠨ ᠪᠤᠰᠤ ᠬᠥᠮᠥᠰ᠎ᠦᠨ ᠲᠥᠯᠥᠭᠡᠯᠡᠭᠴᠢ᠂ ᠪᠠᠰᠠ ᠡᠯ᠎ᠡ ᠬᠣᠯᠪᠣᠭᠳᠠᠯ ᠪᠦᠬᠦᠢ ᠲᠠᠯ᠎ᠠ᠎ᠶᠢᠨ ᠨᠠᠮ᠎ᠤᠨ ᠭᠡᠰᠢᠭᠦᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄ ᠢᠳᠡᠷᠡᠭᠦᠨ ᠡᠷᠳᠡᠨᠢᠪᠤᠯᠠᠭ ᠪᠠᠶᠠᠷᠴᠡᠩᠭᠡᠯ ᠠᠯᠳᠠᠠᠠᠤᠳᠤ ᠯᠢᠦ ᠯᠠᠨ ᠯᠠᠨ




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃