ᠲᠡᠷᠢᠭᠦᠨ ᠨᠢᠭᠤᠷ - ᠵᠢᠷᠤᠭᠲᠤ ᠮᠡᠳᠡᠭᠡ

2026-11-28 11:05:31

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 27 ᠤ᠋ ᠦᠳᠡ᠎ᠶᠢᠨ ᠬᠣᠶ᠋ᠢᠨ᠎ᠠ᠂ ᠪᠦᠦ ᠭᠠᠩ ᠲᠡᠭᠦᠨ᠎ᠦ ᠪᠠᠶ᠋ᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠤᠷᠳᠤᠰ ᠬᠤᠳᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠶᠠᠷᠢᠯᠴᠠᠬᠤ᠎ᠳᠤ ᠣᠷᠣᠯᠴᠠᠪᠠ᠃




11 ᠰᠠᠷ᠎ᠠ᠎ᠶᠢᠨ 27 ᠎ᠤ᠋ ᠦᠳᠡ᠎ᠶᠢᠨ ᠬᠣᠢᠨ᠎ᠠ᠂ ᠪᠦᠦ ᠭᠠᠩ ᠲᠡᠭᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠣᠷᠳᠣᠰ ᠬᠤᠳᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠶᠠᠷᠢᠯᠴᠠᠬᠤ᠎ᠳᠤ ᠣᠷᠣᠯᠴᠠᠪᠠ᠃

  ᠰᠤᠷᠪᠤᠯᠵᠢᠯᠠᠭ᠍ᠴᠢ  ᠮᠥᠩᠬᠡᠴᠢᠯᠠᠭᠤ  ᠰᠡᠭᠦᠳᠡᠷᠯᠡᠪᠡ


ᠬᠤᠷᠠᠯ᠎ᠤᠨ ᠲᠠᠯᠠᠪᠠᠢ ᠬᠦᠷ ᠬᠥᠭᠵᠢᠶᠡᠨ᠎ᠢᠶᠡᠷ ᠪᠢᠯᠬᠠᠵᠤ᠂ ᠹᠠᠩ ᠽᠸ᠂ ᠶᠠᠩ ᠱᠤᠸᠠᠨ᠂ ᠶᠢᠨ ᠢᠦᠢ ᠵᠧᠨ᠂ ᠭᠤᠤ ᠶᠦᠩ᠂ ᠸᠠᠩ ᠭᠦᠸᠧ ᠴᠢᠤᠸᠠᠨ᠂ ᠤᠳᠬᠠᠨᠨᠣᠷᠪᠤ᠂ ᠸᠠᠩ ᠰᠢᠤᠸᠠᠢ ᠹᠸᠩ ᠵᠡᠷᠭᠡ ᠲᠥᠯᠥᠭᠡᠯᠡᠭᠴᠢ ᠢᠳᠡᠪᠬᠢᠲᠡᠢ᠎ᠪᠡᠷ ᠦᠭᠡ ᠬᠡᠯᠡᠵᠦ᠍᠂ ᠦᠪᠠᠷᠳᠡᠬᠡᠨ ᠵᠠᠰᠠᠬᠤ ᠤᠷᠤᠨ ᠎ᠤ ᠠᠷᠪᠠᠨ ᠬᠤᠶᠠᠳᠤᠭᠠᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠢᠯᠡᠳᠭᠡᠯ ᠢ᠋ ᠭᠦᠢᠴᠡᠳ ᠨᠤᠲᠠᠯᠠᠵᠤ᠂ ᠥᠪᠥᠷ ᠮᠣᠩᠭᠣᠯ᠎ᠤᠨ ᠢᠷᠡᠭᠡᠳᠦᠢ᠎ᠶᠢᠨ ᠬᠥᠭᠵᠢᠯᠲᠡ᠎ᠳᠦ ᠢᠲᠡᠭᠡᠯ  ᠳᠦᠭᠦᠷᠡᠩ  ᠪᠠᠶ᠋ᠢᠯ᠎ᠠ᠃

ᠪᠦᠦ ᠭᠠᠩ᠂ ᠸᠠᠩ ᠸᠧᠢ ᠵᠦᠩ ᠨᠥᠬᠥᠷ᠎ᠦᠨ ᠬᠢᠭᠰᠡᠨ ᠢᠯᠡᠳᠬᠡᠯ ᠨᠢ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ  ᠡᠬᠦᠷᠢᠳᠠ ᠪᠠᠷᠢᠮᠳᠡᠯᠡᠨ ᠠᠬᠢᠭᠤᠯᠬᠤ ᠲᠤᠬᠠᠢ ᠱᠠᠭᠠᠷᠳᠠᠯᠭ᠎ᠠ᠎ᠶᠢ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠭᠣᠣᠯ ᠰᠢᠵᠢᠮ᠎ᠦᠨ ᠲᠣᠭᠣᠷᠢᠨ᠎ᠳᠤ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭᠰᠠᠨ ᠲᠠᠪᠤᠨ ᠶᠡᠬᠡ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢ ᠲᠣᠭᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠲᠠᠢ ᠨᠢᠬᠳᠠ ᠤᠶᠠᠯᠳᠤᠭᠤᠯᠵᠤ᠂ ᠠᠮᠵᠢᠯᠲᠠ᠎ᠪᠠᠨ ᠳ᠋ᠦᠩᠨᠡᠭᠰᠡᠨ ᠨᠢ ᠦᠨᠡᠨ᠎ᠡᠴᠡ ᠵᠥᠪ᠎ᠢ ᠡᠷᠢᠵᠦ᠍᠂ ᠪᠠᠶ᠋ᠢᠳᠠᠯ᠎ᠢ ᠵᠠᠳᠠᠯᠤᠬᠰᠡᠨ ᠨᠢ ᠭᠦᠨᠵᠡᠭᠡᠢ ᠪᠦᠭᠡᠳ ᠨᠡᠪᠲᠡᠷᠬᠡᠢ᠂ ᠡᠭᠦᠷᠭᠡ ᠠᠷᠭ᠎ᠠ ᠬᠡᠮᠵᠢᠶ᠎ᠡ᠎ᠵᠢ ᠪᠠᠶ᠋ᠢᠷᠢᠯᠠᠭᠤᠯᠤᠬᠰᠡᠨ ᠨᠢ ᠬᠦᠴᠤᠳᠠᠢ ᠪᠠᠢᠵᠤ᠂ ᠶᠡᠬᠡ ᠲᠠᠯ᠎ᠠ᠎ᠳᠤ ᠵᠣᠭᠰᠣᠭᠰᠠᠨ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠭᠰᠡᠨ᠂ ᠬᠥᠮᠦᠰ᠎ᠢ ᠤᠷᠮᠠᠰᠢᠭᠤᠯᠤᠨ ᠵᠣᠷᠢᠭᠵᠢᠭᠤᠯᠤᠭᠰᠠᠨ ᠰᠠᠢ᠌ᠨ ᠢᠯᠡᠳᠬᠡᠯ ᠪᠣᠯᠵᠠᠢ᠂ ᠪᠢ ᠪᠦᠷᠢᠮᠦᠰᠦᠨ ᠵᠥᠪᠰᠢᠶᠡᠷᠡᠵᠦ᠍ ᠪᠠᠶ᠋ᠢᠨ᠎ᠠ᠃ ᠥᠪᠥᠷ ᠮᠣᠩᠭᠣᠯ᠎ᠤᠨ ᠥᠩᠭᠡᠷᠡᠭᠰᠡᠨ ᠲᠠᠪᠤᠨ ᠵᠢᠯ᠎ᠦᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ ᠵᠢᠨ ᠣᠯᠤᠭᠰᠠᠨ ᠠᠮᠵᠢᠯᠲᠠ ᠪᠦᠲᠦᠮᠵᠢ᠎ᠶᠢᠨ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ ᠳ᠋ᠤ ᠪᠠᠢᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠶ᠋ᠢᠨ᠎ᠠ᠂ 《ᠬᠣᠶᠠᠷ᠎ᠢ ᠲᠣᠭᠲᠠᠭᠠᠬᠰᠡᠨ》 ᠢ᠋ ᠨᠡᠩ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠶ᠋ᠢᠬᠤ ᠬᠡᠷᠡᠭᠲᠡᠢ᠃ ᠨᠢᠭᠡ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠡᠭᠦᠷᠭᠡᠯᠡᠵᠦ᠍᠂ ᠠᠰᠠᠭᠤᠳᠠᠯ ᠥᠷᠢᠰᠥᠯᠳᠦᠭᠡᠨ᠎ᠳᠦ ᠰᠢᠭᠤᠳ ᠬᠠᠨᠳᠤᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠵᠤ᠂ ᠪᠦᠬᠦ᠌ ᠣᠷᠣᠨ᠎ᠤ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢᠨ ᠰᠡᠳᠬᠢᠮᠵᠢ᠎ᠶᠢ ᠰᠢᠯᠤᠭᠤᠳᠬᠠᠵᠤ᠂ ᠬᠦᠨᠳᠦ ᠨᠣᠴᠢᠲᠠᠢ ᠬᠣᠬᠢᠷᠠᠯ᠎ᠳᠤ ᠤᠴᠠᠷᠠᠭᠰᠠᠨ ᠤᠯᠤᠰ ᠲᠦᠷᠦ᠎ᠶᠢᠨ ᠠᠮᠢ ᠠᠬᠤᠢ᠎ᠶᠢ ᠰᠡᠷᠭᠦᠭᠡᠨ ᠵᠠᠰᠠᠵᠤ᠂ ᠤᠯᠤᠰ᠎ᠤᠨ ᠠᠮᠢ ᠠᠬᠤᠢ᠂ ᠬᠢᠯᠢ ᠬᠢᠵᠠᠭᠠᠷ᠂ ᠡᠨᠧᠷᠭᠢ᠂ ᠠᠮᠤ ᠪᠤᠳᠠᠭ᠎ᠠ᠂ ᠠᠵᠤ ᠦᠢᠯᠡᠰ᠎ᠦᠨ ᠠᠮᠤᠷ ᠲᠦᠪᠰᠢᠨ᠎ᠢ ᠪᠠᠲᠤᠯᠠᠬᠤ᠎ᠳᠤ ᠥᠪᠥᠷ ᠮᠣᠩᠭᠣᠯ᠎ᠤᠨ ᠯᠠᠪᠳᠠᠭᠤᠨ ᠪᠠᠲᠤᠲᠠᠢ ᠬᠤᠪᠢ ᠨᠡᠮᠡᠷᠢ᠎ᠶᠢ ᠦᠵᠡᠭᠦᠯᠪᠡ᠃ ᠢᠯᠡᠳᠭᠡᠯ᠎ᠳᠡᠬᠢ ᠢᠷᠡᠭᠡᠳᠦᠢ᠎ᠶᠢᠨ ᠲᠠᠪᠤᠨ ᠵᠢᠯ᠎ᠦᠨ ᠠᠵᠢᠯ᠎ᠤᠨ ᠪᠠᠶ᠋ᠢᠷᠢᠯᠠᠭᠤᠯᠤᠯᠲᠠ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠣᠣᠯ ᠰᠢᠵᠢᠮ ᠪᠣᠯᠭᠠᠬᠤ ᠤᠬᠠᠮᠰᠠᠷᠲᠤ᠌ ᠴᠢᠨᠠᠷ᠂ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢ ᠴᠢᠨᠭᠭᠠᠳᠬᠠᠬᠤ ᠰᠠᠨᠠᠭᠠᠴᠢᠯᠠᠭᠠᠲᠤ᠌ ᠴᠢᠨᠠᠷ᠂ ᠤᠯᠤᠰ᠎ᠤᠨ ᠪᠠᠶ᠋ᠢᠯᠳᠤᠬᠤ ᠪᠤᠳᠤᠯᠭ᠎ᠠ᠎ᠳ᠋ᠤ ᠦᠢᠯᠡᠴᠢᠯᠡᠬᠦ ᠪᠦᠬᠦ᠌ ᠲᠠᠯᠠᠲᠤ᠌ ᠴᠢᠨᠠᠷ᠂ ᠥᠪᠥᠷ ᠮᠣᠩᠭᠣᠯ᠎ᠤᠨ ᠤᠨᠴᠠᠯᠢᠬᠳᠤ ᠳᠠᠪᠠᠭᠤᠯᠢᠭᠳᠤ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ᠎ᠢ ᠪᠠᠶ᠋ᠢᠭᠤᠯᠬᠤ ᠪᠠᠷᠠᠯᠠᠯᠳᠤ ᠴᠢᠨᠠᠷ᠂ ᠳᠣᠲᠣᠭᠠᠳᠤ ᠭᠠᠳᠠᠭᠠᠳᠤ᠎ᠶᠢ ᠬᠣᠯᠪᠣᠨ ᠨᠡᠪᠳᠡᠷᠡᠯᠴᠡᠬᠦᠯᠵᠤ ᠡᠷᠬᠢᠨ ᠲᠣᠭᠣᠷᠢᠨ᠎ᠢ ᠬᠠᠮᠤᠷᠬᠤ ᠨᠡᠭᠡᠭᠡᠯᠲᠡᠲᠦ᠍ ᠴᠢᠨᠠᠷ᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠠ ᠪᠠᠷᠢᠮᠳᠡᠯᠡᠨ ᠠᠬᠢᠭᠤᠯᠬᠤ ᠡᠷᠡᠰ ᠪᠠᠲᠤ᠌ ᠴᠢᠨᠠᠷ᠎ᠢ ᠢᠯᠡᠷᠡᠬᠦᠯᠪᠡ᠃ ᠤᠷᠳᠤᠰ᠎ᠬᠤᠳᠠ ᠪᠦᠬᠦ᠌ ᠣᠷᠣᠨ᠎ᠤ ᠠᠵᠤ ᠠᠬᠤᠢ ᠨᠡᠶ᠋ᠢᠭᠡᠮ᠎ᠦᠨ ᠴᠢᠨᠠᠷ ᠰᠠᠶ᠋ᠢᠲᠠᠢ ᠬᠥᠭᠵᠢᠯᠲᠡ᠎ᠳᠦ ᠭᠤᠤᠯ ᠲᠤᠯᠭᠠᠭᠤᠷᠢ ᠪᠣᠯᠬᠤ ᠦᠢᠯᠡᠳᠦᠯ᠎ᠢᠶᠡᠨ ᠦᠷᠭᠦᠯᠵᠢᠯᠡᠨ ᠪᠠᠳᠠᠷᠠᠭᠤᠯᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠌ ᠵᠠᠮ᠎ᠢᠶᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠤᠳᠤ ᠦᠶ᠎ᠡ᠎ᠶᠢᠨ ᠡᠨᠧᠷᠭᠢ᠎ᠶᠢᠨ ᠠᠵᠤ ᠠᠬᠤᠢ᠎ᠶᠢᠨ ᠠᠵᠢᠯ᠎ᠢ ᠬᠦᠴᠦᠯᠡᠨ ᠰᠠᠶ᠋ᠢᠲᠤᠷ ᠬᠢᠵᠦ᠍᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠌᠎ᠶᠢᠨ ᠭᠦᠨᠵᠡᠭᠡᠢ ᠠᠭᠤᠰᠤᠯᠴᠠᠯ᠎ᠢ ᠲᠦᠷᠭᠡᠳᠬᠡᠨ ᠠᠬᠢᠭᠤᠯᠵᠤ᠂ ᠡᠬᠢ ᠪᠠᠶᠠᠯᠢᠭ᠎ᠤᠨ ᠬᠡᠯᠪᠡᠷᠢ᠎ᠶᠢᠨ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ᠌ ᠰᠢᠨ᠎ᠡ ᠵᠠᠮ᠎ᠢᠶᠠᠷ ᠴᠢᠨᠠᠷ ᠰᠠᠶ᠋ᠢᠲᠠᠢ ᠵᠠᠮᠨᠠᠬᠤ ᠬᠡᠷᠡᠭᠲᠡᠢ ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面