2026-11-28 11:05:50
11 ᠰᠠᠷ᠎ᠠ᠎ᠶᠢᠨ 27 ᠤ᠋ ᠦᠳᠡ᠎ᠶᠢᠨ ᠬᠣᠢᠨ᠎ᠠ᠂ ᠸᠠᠩ ᠸᠧᠢ ᠵᠦᠩ ᠲᠡᠭᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶᠠᠨᠨᠠᠭᠤᠷ ᠬᠤᠳᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠶᠠᠷᠢᠯᠴᠠᠬᠤ᠎ᠳᠤ ᠣᠷᠣᠯᠴᠠᠪᠠ᠃ ᠲᠡᠷᠡ᠂ ᠪᠠᠶᠠᠨᠨᠠᠭᠤᠷ ᠬᠤᠳᠠ᠎ᠶᠢᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠥᠪᠥᠷ ᠮᠣᠩᠭᠣᠯ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

11 ᠰᠠᠷ᠎ᠠ᠎ᠶᠢᠨ 27 ᠤ᠋ ᠦᠳᠡ᠎ᠶᠢᠨ ᠬᠣᠢᠨ᠎ᠠ᠂ ᠸᠠᠩ ᠸᠧᠢ ᠵᠥᠩ ᠲᠡᠭᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶᠠᠨᠨᠠᠭᠤᠷ ᠬᠣᠲᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠶᠠᠷᠢᠯᠴᠠᠬᠤ᠎ᠳᠤ ᠣᠷᠣᠯᠴᠠᠪᠠ᠃
ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ
ᠪᠠᠶᠠᠨᠨᠠᠭᠤᠷ ᠬᠤᠳᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠶᠠᠷᠢᠯᠴᠠᠭ᠎ᠠ ᠢᠳᠡᠪᠬᠢᠳᠠᠢ ᠶᠠᠪᠤᠭᠳᠠᠵᠤ᠂ ᠬᠦᠷ ᠬᠥᠭᠵᠢᠶᠡᠨ᠎ᠢᠶᠡᠷ ᠪᠢᠯᠬᠠᠨ᠎ᠠ᠃ ᠾᠧ ᠸᠧᠢ ᠬᠤᠸᠠ᠂ ᠸᠠᠩ ᠶᠦᠩ ᠵᠢᠶᠠ᠂ ᠯᠢᠦ ᠯᠢ ᠰᠢᠶᠠᠨ᠂ ᠯᠢᠦ ᠵᠢᠶᠦ᠋ᠨ᠂ ᠶᠠᠩ ᠳ᠋ᠦᠩ᠂ ᠰᠠᠷᠠᠨᠲᠤᠶᠠᠭ᠎ᠠ᠂ ᠰᠢᠦᠢ ᠰᠢᠶᠣᠣ ᠰᠢᠤᠸᠠᠨ᠂ ᠯᠢᠦᠢ ᠶᠤᠸᠠᠨ ᠱᠧᠩ ᠵᠡᠷᠭᠡ ᠲᠥᠯᠥᠭᠡᠯᠡᠭᠴᠢ ᠤᠷᠢᠳ ᠬᠣᠵᠢᠳ ᠦᠭᠡ ᠬᠡᠯᠡᠵᠦ᠂ ᠲᠤᠰ ᠲᠤᠰ᠎ᠤᠨ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠠᠨᠢᠯᠲᠠ᠎ᠪᠠᠨ ᠶᠠᠷᠢᠵᠤ᠂ ᠰᠠᠨᠠᠭᠤᠯᠭᠠᠳᠤᠷᠠᠳᠪᠠ᠃ ᠸᠠᠩ ᠸᠧᠢ ᠵᠦᠩ ᠤᠯᠠᠨ ᠤ᠋ ᠬᠡᠯᠡᠬᠦ ᠵᠢ ᠨᠠᠷᠢᠨ ᠬᠢᠨᠠᠮᠠᠭᠠᠢ ᠰᠣᠨᠣᠰᠴᠤ᠂ ᠪᠠᠢᠨ ᠪᠠᠢᠨ ᠤᠯᠠᠨ᠎ᠲᠠᠢ ᠬᠠᠷᠢᠯᠴᠠᠨ ᠬᠦᠳᠡᠯᠦᠯᠴᠡᠵᠤ ᠰᠠᠨᠠᠯ᠎ᠢᠶᠠᠨ ᠰᠣᠯᠢᠯᠴᠠᠵᠤ ᠪᠠᠢᠯ᠎ᠠ᠃ ᠲᠥᠯᠥᠭᠡᠯᠡᠭᠴᠢᠳ ᠦᠪᠠᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠢᠯᠡᠳᠬᠡᠯ᠎ᠢ ᠭᠦᠢᠴᠡᠳ ᠨᠤᠲᠠᠯᠠᠵᠤ᠂ ᠡᠨᠡ ᠬᠦ᠌ ᠢᠯᠡᠳᠬᠡᠯ᠎ᠢ ᠵᠥᠪᠰᠢᠶᠡᠷᠡᠵᠦ ᠪᠠᠢᠬᠤ᠎ᠪᠠᠨ ᠰᠠᠨᠠᠯ ᠨᠢᠭᠡᠲᠡᠢ ᠢᠯᠡᠳᠬᠡᠵᠡᠭᠡᠪᠡ᠃
ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠵᠢᠨ ᠰᠠᠭᠤᠷᠢ᠎ᠶᠢ ᠪᠡᠬᠢᠵᠢᠭᠦᠯᠬᠦ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠴᠠᠭ ᠦᠶ᠎ᠡ᠎ᠳᠦ ᠬᠤᠷᠠᠯᠳᠤᠵᠤ᠂ ᠶᠡᠷᠦᠩᠬᠡᠢ ᠱᠦᠵᠢ ᠰᠢ ᠵᠢᠨ ᠫᠢᠩ ᠳᠠᠬᠢᠨᠲᠠ ᠮᠠᠨ᠎ᠤ ᠣᠷᠣᠨ᠎ᠳᠤ ᠢᠷᠡᠵᠤ ᠰᠢᠨᠵᠢᠯᠡᠨ ᠪᠠᠢᠴᠠᠭᠠᠭᠰᠠᠨ ᠪᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠲᠡᠭᠦᠰᠦᠭᠡᠳ ᠤᠳᠠᠭᠠᠳᠤᠢ ᠪᠠᠢᠬᠤ ᠳ᠋ᠤ ᠶᠠᠪᠤᠭᠳᠠᠵᠤ᠂ ᠲᠤᠢᠯ᠎ᠤᠨ ᠴᠢᠬᠤᠯᠠ ᠠᠴᠢ ᠬᠣᠯᠪᠣᠭᠳᠠᠯ᠎ᠲᠠᠢ᠃ ᠦᠪᠠᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠢᠯᠡᠳᠬᠡᠯ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠠᠵᠢᠯ᠎ᠢ 《ᠬᠣᠶᠠᠷ ᠶᠡᠬᠡ ᠲᠠᠯ᠎ᠠ》 ᠵᠢᠨ ᠳᠤᠮᠳᠠ ᠲᠠᠯᠪᠢᠨ ᠪᠣᠳᠣᠯᠬᠢᠯᠠᠬᠤ᠎ᠶᠢ ᠪᠠᠷᠢᠮᠲᠠᠯᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠲᠦᠭᠡᠨ ᠪᠠᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ᠎ᠵᠢ ᠲᠤᠭᠳᠠᠭᠠᠬᠰᠠᠨ ᠨᠢ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭᠵᠢᠯᠲᠡ᠎ᠶᠢᠨ ᠲᠥᠯᠦᠪᠵᠢᠭᠦᠯᠭᠡᠯᠤᠭᠡ ᠨᠢᠭ᠍ᠲᠠ ᠵᠤᠯᠭᠠᠭᠤᠯᠪᠠ᠃ ᠤᠯᠠᠨ᠎ᠢᠶᠠᠷ᠎ᠢᠶᠠᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠢᠯᠡᠳᠬᠡᠯ᠎ᠢ ᠨᠠᠷᠢᠨ ᠬᠢᠨᠠᠮᠠᠭᠠᠢ ᠶᠠᠷᠢᠯᠴᠠᠵᠤ᠂ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠪᠠᠷ ᠦᠵᠡᠯ ᠰᠠᠨᠠᠭ᠎ᠠ᠎ᠪᠠᠨ ᠨᠢᠭᠡᠳᠬᠡᠵᠦ᠂ ᠬᠠᠮᠲᠤ᠎ᠶᠢᠨ ᠲᠠᠨᠢᠯᠲᠠ᠎ᠪᠠᠨ ᠨᠢᠭ᠍ᠲᠠᠷᠠᠭᠤᠯᠵᠤ᠂ ᠦᠷᠭᠦᠯᠵᠢᠯᠡᠨ ᠲᠡᠮᠡᠴᠡᠬᠦ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠵᠢᠠᠨ ᠤᠯᠠᠮ ᠴᠢᠨᠠᠭᠰᠢᠳᠠ ᠬᠥᠭᠵᠢᠭᠡᠬᠦ᠎ᠶᠢ ᠬᠦᠰᠡᠵᠦ ᠪᠠᠢᠨ᠎ᠠ ᠭᠡᠵᠤ ᠵᠢᠭᠠᠵᠤ ᠭᠠᠷᠭᠠᠵᠠᠢ᠃
ᠸᠠᠩ ᠸᠧᠢ ᠵᠦᠩ᠂ ᠥᠩᠭᠡᠷᠡᠭᠰᠡᠨ ᠲᠠᠪᠤᠨ ᠵᠢᠯ᠎ᠳᠦ᠂ ᠪᠠᠶᠠᠨᠨᠠᠭᠤᠷ ᠬᠤᠳᠠ᠎ᠶᠢᠨ ᠭᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠵᠢᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠦᠭᠦ ᠬᠤᠳᠠ᠎ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠣᠯᠣᠨ ᠨᠠᠮ᠎ᠤᠨ ᠪᠠᠢᠭᠤᠯᠤᠯᠲᠠ᠎ᠶᠢᠨ ᠡᠯ᠎ᠡ ᠵᠦᠢᠯ᠎ᠦᠨ ᠠᠵᠢᠯ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠠᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠬᠣᠢᠰᠢᠳᠠ᠎ᠶᠢᠨ ᠲᠠᠪᠤᠨ ᠵᠢᠯ᠎ᠦᠨ ᠪᠦᠭᠦ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠰᠠᠢᠨ ᠰᠠᠢᠬᠠᠨ ᠵᠢᠷᠤᠭ ᠲᠦᠰᠦᠪ᠎ᠢ ᠵᠢᠷᠤᠭᠯᠠᠬᠤ᠎ᠪᠠᠷ ᠬᠦᠴᠦᠯᠡᠨ ᠴᠢᠷᠮᠠᠢᠨ᠎ᠠ᠃ ᠪᠠᠶᠠᠨᠨᠠᠭᠤᠷ ᠬᠤᠳᠠ᠎ᠶᠢᠨ ᠭᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ᠂ ᠠᠵᠢᠯ᠎ᠤᠨ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠵᠤ᠂ ᠡᠯ᠎ᠡ ᠲᠦᠷᠦᠯ᠎ᠦᠨ ᠠᠵᠢᠯ ᠦᠢᠯᠡᠰ᠎ᠦᠨ ᠲᠠᠰᠤᠷᠠᠯᠳᠡ ᠦᠭᠡᠢ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠬᠤ ᠬᠡᠷᠡᠭᠲᠡᠢ᠃ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠵᠠᠰᠠᠯᠲᠠ᠎ᠶᠢᠨ ᠴᠢᠬᠤᠯᠠ ᠶᠡᠬᠡ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ ᠲᠠᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠵᠦ᠂ ᠬᠠᠳᠤᠨ ᠭᠣᠣᠯ᠎ᠤᠨ 《ᠶᠡᠬᠡ ᠳᠤᠬᠤᠢ》 ᠵᠢᠨ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠢᠯᠠᠯᠲᠠ᠎ᠶᠢ ᠪᠦᠭᠦ ᠲᠠᠯ᠎ᠠ᠎ᠪᠠᠷ ᠲᠡᠮᠡᠴᠡᠨ ᠣᠯᠵᠤ᠂ ᠰᠠᠪᠠ ᠭᠠᠵᠠᠷ᠎ᠤᠨ ᠠᠮᠢ ᠠᠬᠤᠢ᠎ᠶᠢ ᠬᠠᠮᠠᠭᠠᠯᠠᠨ ᠰᠡᠷᠭᠦᠭᠡᠬᠦ᠂ ᠦᠶᠡᠷ᠎ᠢ ᠰᠡᠷᠭᠡᠢᠯᠡᠨ ᠵᠠᠰᠠᠬᠤ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠤᠯᠠᠭᠠᠨᠰᠤᠬᠠᠢ ᠵᠢᠨ ᠠᠮᠢ ᠠᠬᠤᠢ᠎ᠶᠢᠨ ᠵᠠᠰᠠᠯᠲᠠ᠎ᠶᠢ ᠭᠦᠨᠵᠡᠭᠡᠢ ᠠᠬᠢᠭᠤᠯᠵᠤ᠂ ᠤᠰᠤᠨ᠎ᠤ ᠡᠬᠢ ᠪᠠᠶᠠᠯᠢᠭ᠋᠎ᠤᠨ ᠠᠰᠢᠭ᠍ᠯᠠᠯᠲᠠ᠎ᠶᠢᠨ ᠦᠷ᠎ᠡ ᠪᠦᠲᠦᠮᠵᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠠᠯ᠎ᠠ᠎ᠪᠠᠷ ᠰᠢᠨ᠎ᠡ ᠬᠠᠷᠢᠭᠤᠴᠠᠯᠭ᠎ᠠ ᠡᠭᠦᠷᠭᠡᠯᠡᠯ᠎ᠢ ᠦᠵᠡᠬᠦᠯᠬᠦ ᠬᠡᠷᠡᠭᠳᠡᠢ᠃ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠥᠪᠡᠷᠮᠢᠴᠡ ᠡᠬᠢ ᠪᠠᠶᠠᠯᠢᠭ᠋ ᠤ᠋ᠨ ᠳᠠᠪᠠᠭᠤᠯᠢᠭ ᠲᠤ᠌ ᠲᠦᠰᠢᠭᠯᠡᠨ᠂ ᠪᠣᠬᠢᠷᠳᠤᠯ ᠦᠭᠡᠢ ᠣᠷᠭᠠᠨᠢᠭ᠋ ᠪᠦᠳᠦᠭᠡᠭᠳᠡᠬᠦᠨ᠎ᠤ ᠲᠥᠷᠥᠯ ᠲᠡᠮᠳᠡᠭ᠎ᠢ ᠡᠭᠦᠳᠬᠦ᠎ᠶᠢ ᠰᠠᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ ᠬᠤᠵᠢᠷᠯᠢᠭ᠋ ᠭᠠᠵᠠᠷ᠎ᠢ ᠰᠠᠢᠵᠢᠷᠠᠭᠤᠯᠬᠤ ᠪᠠ ᠶᠡᠷᠦᠩᠬᠡᠢᠯᠡᠨ ᠠᠰᠢᠭ᠍ᠯᠠᠬᠤ᠎ᠶᠢ ᠲᠦᠷᠭᠡᠳᠬᠡᠵᠦ᠂ ᠪᠠᠶᠠᠨᠨᠠᠭᠤᠷ᠎ᠤᠨ ᠤᠯᠤᠰ ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠬᠦᠯᠬᠦ ᠲᠤᠭᠤᠷᠢᠭ ᠢ ᠰᠠᠢᠲᠤᠷ ᠪᠠᠢᠭᠤᠯᠤᠨ ᠰᠠᠢᠲᠤᠷ ᠬᠡᠷᠡᠭᠯᠡᠬᠦ᠎ᠪᠡᠷ ᠭᠠᠷᠳᠠᠴᠠ ᠪᠣᠯᠭᠠᠨ ᠮᠠᠯ ᠠᠵᠤ ᠠᠬᠤᠢ᠎ᠲᠠᠷᠢᠶᠠᠯᠠᠩ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠮᠢᠬᠠᠨ ᠤ᠋ ᠬᠣᠨᠢ᠂ ᠰᠦ᠎ᠶᠢᠨ ᠦᠢᠯᠡᠰ᠂ ᠡᠷᠳᠡᠨᠢ ᠰᠢᠰᠢ ᠵᠡᠷᠭᠡ ᠠᠵᠤ ᠦᠢᠯᠡᠰ᠎ᠤᠨ ᠬᠡᠯᠬᠢᠶ᠎ᠡ᠎ᠶᠢ ᠤᠷᠲᠤᠳᠬᠠᠨ ᠬᠡᠯᠬᠢᠶ᠎ᠡ᠎ᠶᠢ ᠨᠥᠬᠥᠪᠦᠷᠢᠯᠡᠵᠦ ᠬᠡᠯᠬᠢᠶ᠎ᠡ᠎ᠶᠢ ᠴᠢᠩᠭᠠᠳᠬᠠᠬᠤ᠎ᠶᠢ ᠶᠡᠬᠡ ᠪᠡᠷ ᠠᠬᠢᠭᠤᠯᠵᠤ᠂ ᠲᠠᠷᠢᠶᠠᠯᠠᠩ᠎ᠤᠨ ᠮᠠᠰᠢᠨ ᠲᠣᠨᠣᠭᠯᠠᠯ ᠦᠢᠯᠡᠳᠬᠦ᠂ ᠠᠮᠢᠳᠤ ᠪᠣᠳᠠᠰ᠎ᠤᠨ ᠦᠢᠯᠡᠳᠬᠦ ᠦᠢᠯᠡᠰ ᠵᠡᠷᠭᠡ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ᠎ᠶᠢ ᠠᠬᠢᠭᠤᠯᠵᠤ᠂ ᠤᠳᠤ ᠦᠶ᠎ᠡ᠎ᠶᠢᠨ ᠮᠠᠯ ᠠᠵᠤ ᠠᠬᠤᠢ᠎ᠲᠠᠷᠢᠶᠠᠯᠠᠩ ᠤ᠋ᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ ᠲᠠᠯ᠎ᠠ᠎ᠪᠠᠷ ᠰᠢᠨ᠎ᠡ ᠰᠢᠪᠲᠤᠯᠤᠯᠲᠠᠭᠠᠷᠭᠠᠬᠤ ᠬᠡᠷᠡᠭᠳᠠᠢ᠃ ᠤᠮᠠᠷᠠᠰᠢ ᠨᠡᠭᠡᠭᠡᠯᠲᠡ ᠬᠢᠬᠦ᠎ᠶᠢ ᠬᠦᠴᠦᠯᠡᠨ ᠥᠷᠭᠡᠳᠬᠡᠵᠦ᠂ ᠪᠣᠭᠣᠮᠲᠠ᠎ᠪᠠᠷ ᠥᠩᠭᠡᠷᠡᠭᠦᠯᠬᠦ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠡᠬᠢ ᠪᠠᠶᠠᠯᠢᠭ᠋᠎ᠢ ᠰᠠᠭᠤᠷᠢᠰᠢᠭᠤᠯᠤᠨ ᠡᠳ᠋ᠰᠢᠭᠦᠯᠦᠨ ᠪᠤᠯᠪᠠᠰᠤᠷᠠᠭᠤᠯᠬᠤ᠂ ᠤᠳᠤ ᠦᠶ᠎ᠡ᠎ᠶᠢᠨ ᠪᠠᠷᠠᠭᠠᠨ᠎ᠤ ᠭᠦᠢᠯᠭᠡᠭᠡ ᠪᠣᠯᠣᠨ ᠪᠦᠬᠡᠮ ᠪᠠᠷᠠᠭᠠᠨ᠎ᠤ ᠠᠷᠠᠯᠵᠢᠶ᠎ᠠ᠎ᠶᠢ ᠶᠡᠬᠡ ᠪᠡᠷ ᠬᠥᠭᠵᠢᠭᠦᠯᠵᠦ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ ᠵᠡᠷᠭᠡ ᠯᠦ᠍ᠭᠡ᠎ᠶᠢᠨ ᠬᠠᠮᠲᠤᠷᠠᠯᠴᠠᠭ᠎ᠠ᠎ᠪᠠᠨ ᠴᠢᠨᠠᠭᠰᠢᠳᠠ ᠨᠢᠭ᠍ᠲᠠᠷᠠᠭᠤᠯᠵᠤ᠂ ᠪᠦᠭᠦ ᠲᠠᠯ᠎ᠠ᠎ᠶᠢᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢᠨ ᠲᠠᠯ᠎ᠠ᠎ᠪᠠᠷ ᠰᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠸᠠᠩ ᠸᠧᠢ ᠵᠦᠩ᠂ ᠨᠠᠮ᠎ᠤᠨ ᠪᠦᠭᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠪᠠᠲᠤ ᠡᠭᠦᠷᠭᠡᠯᠡᠬᠦ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠳᠤᠬᠠᠢ ᠵᠦᠪ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠬᠦ᠎ᠶᠢ ᠤᠷᠮᠠᠰᠢᠭᠤᠯᠤᠨ ᠵᠣᠷᠢᠭ᠍ᠵᠢᠭᠤᠯᠬᠤ ᠲᠣᠭᠲᠠᠴᠠ ᠪᠠ ᠠᠷᠭ᠎ᠠ ᠬᠡᠮᠵᠢᠶ᠎ᠡ᠎ᠶᠢ ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠢ᠃ ᠰᠤᠷᠲᠠᠯ᠎ᠤᠨ ᠬᠦᠷᠢᠶᠡᠨ᠎ᠳᠠᠬᠢ ᠲᠣᠪᠣᠢᠮ᠎ᠠ ᠠᠰᠠᠭᠤᠳᠠᠯ᠎ᠢ ᠶᠡᠬᠡ ᠪᠡᠷ ᠴᠡᠭᠴᠡᠯᠡᠨ ᠵᠠᠰᠠᠵᠤ᠂ ᠭᠣᠣᠯᠳᠠᠯᠭ᠎ᠠ᠎ᠲᠠᠢ ᠬᠦᠷᠢᠶ᠎ᠠ ᠴᠠᠷᠠᠭ᠎ᠠ ᠵᠢ ᠨᠢᠬᠳᠠ ᠴᠢᠩᠭ᠎ᠠ ᠠᠩᠬᠠᠷᠤᠨ ᠲᠦᠪ ᠪᠤᠰᠤ ᠰᠤᠷᠲᠠᠯ ᠪᠠ ᠢᠯᠵᠢᠷᠡᠯ᠎ᠤᠨ ᠠᠰᠠᠭᠤᠳᠠᠯ᠎ᠢ ᠵᠡᠷᠭᠡ ᠪᠡᠷ ᠪᠠᠢᠴᠠᠭᠠᠵᠤ ᠵᠡᠷᠭᠡ ᠪᠡᠷ ᠵᠠᠰᠠᠬᠤ᠎ᠶᠢ ᠴᠢᠩᠭᠠᠳᠬᠠᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠣᠮᠲᠠ ᠰᠢᠪᠲᠤᠯᠬᠤ ᠰᠢᠢᠳᠪᠦᠷᠢᠲᠦ ᠳᠠᠢᠯᠠᠯᠳᠤᠭᠠᠨ᠎ᠤ ᠢᠯᠠᠯᠲᠠ᠎ᠶᠢ ᠪᠦᠭᠦ ᠬᠦᠴᠦᠨ᠎ᠢᠶᠡᠷ᠎ᠢᠶᠡᠨ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃