ᠲᠡᠷᠢᠭᠦᠨ ᠨᠢᠭᠤᠷ - ᠲᠡᠷᠢᠭᠦᠨ ᠮᠡᠳᠡᠭᠡ

2026-10-16 22:19:31

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ  ᠶᠠᠪᠤᠳᠠᠯ᠎ᠤᠨ  ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ 16 ᠤ᠋ ᠡᠳᠦᠷ ᠥᠪᠥᠷ ᠮᠣᠩᠭᠣᠯ᠎ᠤᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ᠎ᠳᠠᠭᠠᠨ᠂ ᠪᠣᠬᠢᠷᠲᠤᠯ ᠦᠭᠡᠢ ᠬᠥᠭᠵᠢᠯᠲᠡ ᠪᠣᠯ ᠴᠢᠨᠠᠷ ᠰᠠᠢᠲᠠᠢ ᠬᠥᠭᠵᠢᠯᠲᠡ᠎ᠶᠢᠨ ᠪᠠᠢᠪᠠᠰᠤ ᠵᠣᠬᠢᠬᠤ ᠤᠳᠬ᠎ᠠ ᠠᠭᠤᠯᠭ᠎ᠠ ᠮᠥᠨ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠦᠰᠦᠯᠳᠡ ᠵᠢ ᠨᠡᠮᠡᠭᠳᠡᠭᠦᠯᠬᠦ ᠵᠢ ᠬᠠᠮᠵᠢᠯᠴᠠᠨ ᠠᠬᠢᠭᠤᠯᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃

16 ᠤ᠋ ᠦᠳᠡ᠎ᠶᠢᠨ ᠡᠮᠦᠨ᠎ᠡ᠂ ᠰᠢ ᠵᠢᠨ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠸᠠᠩ ᠸᠧᠢ ᠵᠦᠩ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ᠎ᠤᠨ ᠪᠠᠷ᠎ᠠ ᠪᠤᠯᠤᠯᠭ᠎ᠠ᠎ᠲᠠᠢ᠎ᠪᠠᠷ᠂ ᠤᠯᠠᠭᠠᠨᠴᠠᠪ ᠬᠤᠳᠠ᠎ᠳᠤ ᠬᠦᠷᠴᠤ ᠰᠢᠨᠵᠢᠯᠡᠨ ᠪᠠᠢᠴᠠᠭᠠᠪᠠ᠃

ᠤᠯᠠᠭᠠᠨᠴᠠᠪ ᠬᠣᠲᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ ᠪᠠᠢᠷᠢᠯᠠᠭ᠎ᠠ ᠬᠢᠬᠢᠷᠢ ᠵᠢᠨ ᠨᠠᠭᠤᠷ ᠪᠣᠯ ᠳᠣᠲᠣᠭᠠᠳᠤ ᠬᠠᠭᠤᠷᠠᠢ᠎ᠶᠢᠨ ᠪᠢᠲᠡᠭᠦᠮᠵᠢᠳᠤ ᠮᠠᠶᠢᠭ᠋᠎ᠤᠨ ᠨᠠᠭᠤᠷ ᠪᠣᠯᠣᠨ᠎ᠠ᠂ ᠠᠭᠤᠷ ᠠᠮᠢᠰᠬᠤᠯ ᠵᠡᠷᠭᠡ ᠵᠢᠨ ᠨᠥᠯᠥᠭᠡ ᠡᠴᠡ ᠪᠤᠯᠵᠤ ᠨᠢᠭᠡ ᠦᠶ᠎ᠡ ᠬᠠᠳᠠᠵᠤ ᠰᠢᠷᠭᠢᠬᠦ ᠰᠢᠬᠠᠵᠠᠢ᠃ ᠣᠯᠠᠨ ᠵᠢᠯ ᠎ᠦᠨ ᠶᠡᠷᠦᠩᠬᠡᠢᠯᠡᠭᠰᠡᠨ  ᠵᠠᠰᠠᠯᠲᠠ ᠎ᠪᠠᠷ ᠳᠠᠮᠵᠢᠨ᠂  ᠤᠰᠤᠨ  ᠣᠷᠣᠨ  ᠤ᠋ ᠲᠠᠯᠠᠪᠠᠢ ᠨᠢ ᠠᠯᠬᠤᠮ  ᠠᠯᠬᠤᠮ ᠎ᠢᠶᠠᠷ  ᠰᠡᠷᠭᠦᠨ  ᠥᠷᠭᠡᠵᠢᠪᠡ᠃ ᠰᠢ ᠵᠢᠨ ᠫᠢᠩ ᠬᠢᠬᠢᠷᠢ ᠵᠢᠨ ᠨᠠᠭᠤᠷ ᠤ᠋ᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ ᠬᠦᠷᠴᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠴᠢᠩᠭᠠᠳᠬᠠᠵᠤ ᠪᠠᠢᠬᠤ ᠪᠠ ᠲᠤᠬᠠᠢ᠎ᠶᠢᠨ ᠭᠠᠵᠠᠷ᠎ᠤᠨ ᠬᠢᠨ ᠤ᠋ ᠬᠢᠬᠢᠷᠢ ᠵᠢᠨ ᠨᠠᠭᠤᠷ᠎ᠤᠨ ᠣᠷᠴᠢᠨ ᠲᠣᠭᠣᠷᠢᠨ ᠤ᠋ ᠶᠡᠷᠦᠩᠬᠡᠢᠯᠡᠭᠰᠡᠨ ᠵᠠᠰᠠᠯᠳᠠ ᠵᠢ ᠠᠬᠢᠭᠤᠯᠵᠤ ᠪᠠᠢᠬᠤ᠂ ᠠᠮᠢ ᠠᠬᠤᠢ᠎ᠶᠢᠨ ᠰᠢᠰᠲᠧᠮ᠎ᠢ ᠰᠡᠷᠭᠦᠭᠡᠨ ᠵᠠᠰᠠᠵᠤ ᠪᠠᠢᠬᠤ ᠵᠡᠷᠭᠡ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠤᠭᠰᠠᠨ ᠪᠥᠭᠡᠳ ᠤᠰᠤᠨ᠎ᠤ ᠡᠷᠭᠢ ᠰᠠᠢᠷᠭᠠᠯ᠎ᠤᠨ ᠠᠮᠢ ᠠᠬᠤᠢ᠂ ᠣᠷᠣᠰᠢᠨ ᠠᠮᠢᠳᠤᠷᠠᠵᠤ ᠪᠠᠢᠭ᠎ᠠ ᠰᠢᠪᠠᠭᠤᠨ᠎ᠤ ᠲᠥᠷᠥᠯ ᠵᠡᠷᠭᠡ᠎ᠶᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠪᠡ᠃ ᠲᠡᠷᠡ᠂ ᠨᠤᠭᠤ ᠭᠠᠵᠠᠷ᠎ᠢ ᠬᠠᠮᠠᠭᠠᠯᠠᠬᠤ᠎ᠳᠤ ᠬᠠᠮᠤᠭ᠎ᠤᠨ ᠴᠢᠬᠤᠯᠠ ᠨᠢ ᠤᠩᠭᠤᠨ ᠠᠮᠢ ᠠᠬᠤᠢ᠎ᠶᠢ ᠪᠠᠳᠤᠯᠠᠬᠤ᠎ᠳᠤ ᠪᠠᠢᠨ᠎ᠠ᠃ ᠪᠠᠢᠭᠠᠯᠢ᠎ᠶᠢ ᠬᠦᠨᠳᠦᠳᠬᠡᠬᠦ᠂ ᠪᠠᠢᠭᠠᠯᠢ᠎ᠲᠠᠢ ᠵᠣᠬᠢᠴᠠᠬᠤ᠂ ᠪᠠᠢᠭᠠᠯᠢ᠎ᠶᠢ ᠬᠠᠮᠠᠭᠠᠯᠠᠬᠤ᠎ᠶᠢ ᠪᠠᠷᠢᠮᠲᠠᠯᠠᠵᠤ᠂ ᠨᠤᠭᠤ ᠭᠠᠵᠠᠷ ᠤ᠋ᠨ ᠬᠠᠮᠠᠭᠠᠯᠠᠯᠳᠠ ᠵᠢᠨ ᠬᠠᠤᠯᠢ᠎ᠶᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠠᠮᠢ ᠠᠬᠤᠢ᠎ᠶᠢᠨ ᠰᠢᠰᠲᠧᠮ᠎ᠦᠨ ᠶᠠᠰᠤ ᠴᠢᠨᠠᠷ ᠪᠣᠯᠣᠨ ᠲᠣᠭᠲᠠᠪᠤᠷᠢᠲᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ ᠬᠡᠷᠡᠭᠲᠡᠢ᠃ ᠮᠠᠭᠤᠳᠠᠭᠰᠠᠨ ᠨᠤᠭᠤ ᠭᠠᠵᠠᠷ᠎ᠤᠨ ᠠᠮᠢ ᠠᠬᠤᠢ᠎ᠶᠢᠨ ᠰᠢᠰᠲᠧᠮ᠎ᠳᠦ᠂ ᠠᠶᠠᠨᠳᠠᠭᠠᠨ ᠰᠡᠷᠭᠦᠬᠦ᠎ᠪᠡᠷ ᠭᠣᠣᠯ ᠪᠣᠯᠭᠠᠬᠤ᠂ ᠬᠥᠮᠥᠨ᠎ᠦ ᠬᠦᠴᠦ ᠤᠷᠤᠭᠤᠯᠬᠤ᠎ᠪᠡᠷ ᠬᠠᠪᠰᠤᠷᠤᠮᠵᠢ ᠪᠣᠯᠭᠠᠬᠤ ᠵᠢ ᠪᠠᠷᠢᠮᠳᠠᠯᠠᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ᠎ᠪᠠᠷ ᠰᠡᠷᠭᠦᠭᠡᠬᠦ ᠬᠡᠷᠡᠭᠲᠡᠢ ᠭᠡᠵᠤ ᠴᠢᠬᠤᠯᠠᠴᠢᠯᠠᠵᠠᠢ᠃

ᠤᠯᠠᠭᠠᠨᠴᠠᠪ᠎ᠤᠨ ᠰᠠᠯᠬᠢᠨ ᠬᠦᠴᠦᠨ ᠭᠡᠷᠡᠯ ᠤ᠋ᠨ ᠡᠨ᠋ᠸᠷᠭᠢ ᠵᠢᠨ ᠡᠬᠢ ᠪᠠᠶᠠᠯᠢᠭ᠋ ᠡᠯᠪᠡᠭ ᠪᠠᠢᠵᠤ᠂ ᠣᠢᠷ᠎ᠠ᠎ᠶᠢᠨ ᠵᠢᠯ᠎ᠦᠳ᠎ᠲᠦ ᠪᠤᠬᠢᠷᠳᠤᠯ ᠦᠭᠡᠢ ᠴᠠᠬᠢᠯᠭᠠᠨ᠂ ᠠᠭᠤᠷ ᠠᠮᠢᠰᠬᠤᠯ᠂ ᠣᠷᠣᠨ ᠪᠠᠢᠷᠢ ᠵᠡᠷᠭᠡ ᠬᠠᠷᠢᠴᠠᠭᠤᠯᠤᠭᠰᠠᠨ ᠳᠠᠪᠠᠭᠤᠯᠢᠭ᠋᠎ᠢᠶᠠᠨ ᠪᠠᠳᠠᠷᠠᠭᠤᠯᠵᠤ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ ᠤ᠋ ᠠᠵᠤ ᠦᠢᠯᠡᠰ᠎ᠢ ᠬᠦᠭᠵᠢᠬᠦᠯᠦᠭᠡᠳ ᠢᠳᠡᠪᠬᠢᠲᠡᠢ ᠦᠷ᠎ᠡ ᠪᠦᠲᠦᠮᠵᠢ ᠣᠯᠪᠠ᠃ ᠰᠢ ᠵᠢᠨ ᠫᠢᠩ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠨ ᠬᠥᠭᠵᠢᠭᠦᠯᠦᠯᠲᠡ᠎ᠶᠢᠨ ᠲᠣᠭᠣᠷᠢᠭ᠋᠎ᠲᠤ ᠬᠦᠷᠴᠦ᠂ ᠦᠵᠡᠭᠦᠯᠭᠡ᠎ᠶᠢᠨ ᠲᠢᠩᠬᠢᠮ᠎ᠳᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠵᠡᠭᠦᠨᠳᠡᠬᠢ ᠳ᠋ᠠᠢᠲ᠋ᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ᠎ᠢᠶᠡᠷ ᠲᠤᠯᠭᠠᠭᠤᠷᠢᠯᠠᠬᠤ》 ᠢᠨᠵᠧᠨᠧᠷᠢᠩ᠎ᠦᠨ ᠬᠦᠢᠰᠦ ᠵᠠᠩᠭᠢᠯᠠᠭ᠎ᠠ᠎ᠶᠢᠨ ᠴᠡᠭ᠎ᠦᠨ ᠪᠦᠲᠦᠭᠡᠨ ᠪᠠᠢᠭᠤᠯᠤᠯᠲᠠ ᠪᠠ ᠪᠣᠬᠢᠷᠲᠤᠯ ᠦᠭᠡᠢ ᠪᠤᠳᠤᠯᠳᠠ ᠵᠢᠨ ᠬᠦᠴᠦᠨ ᠤ᠋ ᠠᠵᠤ ᠦᠢᠯᠡᠰ᠎ᠦᠨ ᠬᠥᠭᠵᠢᠯᠲᠡ ᠵᠡᠷᠭᠡ ᠪᠠᠢᠳᠠᠯ᠎ᠢ ᠣᠢᠯᠠᠭᠠᠪᠠ᠃ ᠲᠡᠷᠡ᠂ 《ᠵᠡᠬᠦᠨᠳᠡᠬᠢ ᠳ᠋ᠠᠢᠲ᠋ᠠ ᠵᠢ ᠪᠠᠷᠠᠭᠤᠨᠳᠡᠬᠢ ᠪᠤᠳᠤᠯᠳᠠ ᠵᠢᠨ ᠬᠦᠴᠤᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠢ ᠬᠡᠷᠡᠭᠵᠢᠭᠦᠯᠵᠦ᠍᠂ ᠪᠦᠬᠦ᠌ ᠤᠯᠤᠰ᠎ᠤᠨ ᠨᠢᠭᠡ ᠴᠤᠭᠴᠠᠵᠢᠭᠤᠯᠤᠬᠰᠡᠨ ᠪᠤᠳᠤᠯᠳᠠ ᠵᠢᠨ ᠬᠦᠴᠦᠨ᠎ᠦ ᠲᠣᠣᠷ᠎ᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ ᠵᠢᠨ ᠴᠢᠬᠤᠯᠠ ᠪᠠᠶ᠋ᠢᠷᠢᠯᠠᠭᠤᠯᠤᠯᠲᠠ ᠪᠣᠯᠤᠨ᠎ᠠ᠃ ᠰᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠌᠂ ᠡᠯᠧᠮᠧᠨ᠋ᠲ᠎ᠢᠶᠡᠷ ᠲᠤᠯᠭᠠᠭᠤᠷᠢᠯᠠᠬᠤ᠂ ᠠᠮᠤᠷ ᠲᠦᠪᠰᠢᠨ᠎ᠢ᠋ ᠪᠠᠲᠤᠯᠠᠬᠤ᠎ᠶᠢ ᠴᠢᠩᠭᠠᠳᠬᠠᠵᠤ᠂ ᠨᠢᠭᠡᠨᠲᠡ ᠪᠦᠳᠤᠭᠡᠨ ᠪᠠᠶ᠋ᠢᠭᠤᠯᠤᠭᠰᠠᠨ ᠲᠦᠷᠦᠯ ᠵᠦᠢᠯ᠎ᠦᠨ ᠥᠨᠳᠥᠷ ᠪᠦᠲᠦᠮᠵᠢᠲᠡᠢ ᠠᠵᠢᠯᠯᠠᠬᠤ ᠵᠢ ᠪᠠᠲᠤᠯᠠᠬᠤ᠎ᠪᠦᠭᠡᠳ ᠬᠣᠶ᠋ᠢᠰᠢᠳᠠ᠎ᠶᠢᠨ ᠲᠦᠷᠦᠯ ᠵᠦᠢᠯ᠎ᠦᠨ ᠪᠦᠳᠦᠭᠡᠨ ᠪᠠᠶ᠋ᠢᠭᠤᠯᠤᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠬᠦ᠌ ᠬᠡᠷᠡᠭᠲᠡᠢ᠃ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠶ ᠤᠷᠲᠤᠳᠬᠠᠵᠤ᠂ ᠲᠣᠭᠠᠴᠢᠯᠠᠭᠰᠠᠨ ᠠᠵᠤ ᠠᠬᠤᠶ ᠪᠣᠯᠤᠨ ᠪᠣᠳᠠᠲᠤ᠌ ᠴᠣᠭᠴᠠ᠎ᠶᠢᠨ ᠠᠵᠤ ᠠᠬᠤᠶ᠎ᠶᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠪᠤᠳᠤᠯᠳᠠ ᠵᠢᠨ ᠬᠦᠴᠦᠨ᠎ᠦ ᠳᠠᠪᠠᠭᠤᠯᠢᠭ᠎ᠢ ᠲᠠᠰᠤᠷᠠᠯᠲᠠ ᠥᠬᠡᠶ ᠬᠥᠭᠵᠢᠯᠲᠡ᠎ᠶᠢᠨ ᠳᠠᠪᠠᠭᠤᠯᠢᠭ ᠪᠣᠯᠭᠠᠨ ᠤᠯᠠᠷᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃

ᠲᠠᠷᠠᠭ᠎ᠠ ᠨᠢ᠂ ᠰᠢ ᠵᠢᠨ ᠫᠢᠩ ᠲᠤᠬᠠᠢ᠎ᠶᠢᠨ ᠲᠠᠯᠠᠪᠠᠢ᠎ᠳᠤ ᠪᠠᠶ᠋ᠢᠭ᠎ᠠ ᠬᠣᠯᠪᠣᠭᠳᠠᠯ ᠪᠦᠬᠦᠢ ᠪᠤᠳᠤᠯᠳᠠ ᠵᠢᠨ ᠬᠦᠴᠤᠨ ᠤ᠋ ᠲᠥᠪ᠎ᠦᠨ ᠲᠦᠷᠦᠯ ᠵᠦᠢᠯ᠎ᠦᠨ ᠬᠠᠷᠢᠭᠤᠴᠠᠯᠭᠠᠲᠠᠨ᠂ ᠮᠡᠷᠭᠡᠵᠢᠯ᠎ᠤᠨ ᠠᠵᠢᠯᠲᠠᠨ᠂ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠎ᠤᠨ ᠠᠵᠢᠯᠲᠠᠳ᠎ᠲᠠᠶ ᠳᠣᠲᠣᠨᠣ᠎ᠪᠠᠷ ᠶᠠᠷᠢᠯᠴᠠᠪᠠ᠃ ᠲᠡᠷᠡ᠂ ᠪᠤᠳᠤᠯᠳᠠ ᠵᠢᠨ ᠬᠦᠴᠦᠨ᠎ᠦ ᠲᠣᠣᠷ ᠪᠣᠯ ᠤᠯᠤᠰ᠎ᠤᠨ ᠲᠥᠯᠥᠪᠵᠢᠭᠦᠯᠦᠨ ᠪᠦᠳᠦᠭᠡᠨ ᠪᠠᠶ᠋ᠢᠭᠤᠯᠵᠤ ᠪᠠᠢᠭ᠎ᠠ 《ᠵᠢᠷᠭᠤᠭᠠᠨ ᠲᠣᠣᠷ》 ᠤ᠋ᠨ ᠨᠢᠭᠡ ᠪᠣᠯᠤᠨ᠎ᠠ᠂ ᠪᠤᠳᠤᠯᠳᠠ ᠵᠢᠨ ᠬᠦᠴᠦᠨ᠎ᠦ ᠠᠵᠤ ᠦᠢᠯᠡᠰ ᠶᠠᠭ ᠲᠦᠷᠭᠡᠨ ᠬᠥᠭᠵᠢᠬᠦ᠌ ᠱᠠᠲᠤᠨ᠎ᠳᠤ ᠣᠷᠣᠰᠢᠵᠤ᠂ ᠠᠯᠤᠰ ᠢᠷᠡᠭᠡᠳᠦᠢ ᠭᠡᠭᠡᠨ ᠰᠠᠷᠠᠭᠤᠯ ᠪᠠᠶ᠋ᠢᠨ᠎ᠠ᠃ ᠣᠯᠠᠨ᠎ᠢᠶᠠᠷ᠎ᠢᠶᠠᠨ ᠥᠨᠳᠥᠷ ᠪᠦᠲᠦᠮᠵᠢᠲᠡᠶ᠂ ᠪᠣᠬᠢᠷᠲᠤᠯ ᠥᠬᠡᠶ᠂ ᠠᠮᠤᠷ ᠲᠦᠪᠰᠢᠨ ᠪᠠᠢᠬᠤ ᠱᠠᠭᠠᠷᠳᠠᠯᠭ᠎ᠠ᠎ᠶᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠵᠤ᠂ 《ᠪᠤᠳᠤᠯᠳᠠ ᠵᠢᠨ ᠬᠦᠴᠤᠨ ᠪᠤᠯᠤᠨ ᠴᠠᠬᠢᠯᠭᠠᠨ ᠬᠦᠴᠤᠨ ᠤ᠋ ᠬᠠᠮᠵᠢᠯᠴᠠᠭ᠎ᠠ》᠂ 《ᠪᠤᠳᠤᠯᠳᠠ ᠵᠢᠨ ᠬᠦᠴᠤᠨ ᠪᠤᠯᠤᠨ  ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠍᠎ᠡ》 ᠵᠢ ᠴᠢᠬᠤᠯᠠᠴᠢᠯᠠᠵᠤ᠂ ᠪᠤᠳᠤᠯᠳᠠ ᠵᠢᠨ ᠬᠦᠴᠦᠨ᠎ᠦ ᠲᠥᠪ᠎ᠦᠨ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ ᠪᠠ ᠡᠵᠡᠩᠨᠡᠯᠲᠡ᠎ᠶᠢ ᠰᠠᠶ᠋ᠢᠲᠤᠷ ᠬᠢᠵᠦ᠍᠂ ᠪᠣᠬᠢᠷᠲᠤᠯ ᠥᠬᠡᠶ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠶᠢ ᠢᠳᠡᠪᠬᠢᠲᠡᠶ ᠠᠬᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠬᠤ᠂ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠠᠬᠢᠭᠤᠯᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠬᠦ᠌᠎ᠶᠢ ᠬᠦᠰᠡᠵᠦ᠍ ᠪᠠᠶ᠋ᠢᠨ᠎ᠠ ᠭᠡᠵᠤ ᠴᠢᠬᠤᠯᠠᠴᠢᠯᠠᠪᠠ᠃ ᠰᠢ ᠵᠢᠨ ᠫᠢᠩ ᠳᠡᠭᠡᠳᠦ ᠰᠢᠨ᠎ᠡ ᠮᠡᠷᠭᠡᠵᠢᠯ᠎ᠦᠨ ᠲᠤᠭᠤᠷᠢᠭ ᠤ᠋ᠨ ᠬᠢᠨ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠶ᠋ᠢᠭᠤᠯᠤᠯᠲᠠ᠎ᠶᠢ ᠴᠢᠩᠭᠠᠳᠬᠠᠵᠤ᠂ ᠡᠯ᠎ᠡ ᠵᠦᠢᠯ᠎ᠦᠨ ᠤᠯᠠᠨ ᠨᠡᠶ᠋ᠢᠲᠡ᠎ᠶᠢᠨ ᠦᠢᠯᠡᠴᠢᠯᠡᠭᠡ ᠪᠣᠯᠤᠨ ᠡᠯᠧᠮᠧᠨ᠋ᠲ᠎ᠦᠨ ᠪᠠᠲᠤᠯᠠᠭ᠎ᠠ᠎ᠶᠢ ᠰᠢᠯᠢᠳᠡᠭᠵᠢᠭᠦᠯᠵᠦ᠍᠂ ᠠᠵᠤ ᠠᠬᠤᠶ᠋ᠢᠯᠠᠯ ᠪᠣᠯᠤᠨ ᠡᠯ᠎ᠡ ᠲᠦᠷᠦᠯ᠎ᠦᠨ ᠴᠢᠳᠠᠪᠤᠷᠢᠲᠠᠨ᠎ᠤ ᠠᠵᠢᠯ ᠬᠢᠵᠦ᠍ ᠦᠢᠯᠡᠰ ᠪᠤᠰᠬᠠᠬᠤ᠎ᠳᠤ ᠰᠠᠢ᠌ᠨ ᠰᠠᠶ᠋ᠢᠬᠠᠨ ᠣᠷᠴᠢᠨ ᠨᠦᠬᠦᠴᠡᠯ ᠢ᠋ ᠪᠤᠢ ᠪᠣᠯᠭᠠᠵᠤ ᠦᠭᠬᠦ ᠬᠡᠷᠡᠭᠲᠡᠢ ᠭᠡᠵᠦ᠍ ᠱᠠᠭᠠᠷᠳᠠᠪᠠ᠃

ᠰᠢ ᠵᠢᠨ ᠫᠢᠩ ᠪᠠᠰᠠ ᠲᠤᠬᠠᠢ᠎ᠶᠢᠨ ᠭᠠᠵᠠᠷ᠎ᠤᠨ ᠤᠨᠴᠠᠯᠢᠬᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠲᠡᠯᠭᠡᠨ ᠦᠵᠡᠭᠦᠯᠭᠡ᠎ᠶᠢ ᠪᠠᠶ᠋ᠢᠴᠠᠭᠠᠨ ᠦᠵᠡᠵᠦ᠍᠂ ᠭᠣᠣᠯ ᠪᠣᠯᠬᠤ ᠡᠭᠦᠯᠳᠡᠷ ᠪᠣᠯᠤᠨ ᠶᠠᠰᠤ ᠴᠢᠨᠠᠷ᠎ᠤᠨ ᠣᠨᠴᠠᠯᠢᠭ᠎ᠢ ᠨᠠᠷᠢᠨ ᠣᠶ᠋ᠢᠯᠠᠭᠠᠵᠤ᠂ ᠲᠤᠬᠠᠢ᠎ᠶᠢᠨ ᠭᠠᠵᠠᠷ᠎ᠤᠨ ᠬᠢᠨ ᠢ᠋ ᠦᠢᠯᠡᠳᠪᠦᠷᠢᠯᠡᠯ ᠪᠣᠷᠣᠯᠠᠭᠤᠯᠭ᠎ᠠ᠎ᠶᠢᠨ ᠵᠣᠯᠭᠠᠯᠴᠠᠭ᠎ᠠ᠎ᠪᠠᠨ ᠴᠢᠩᠭᠠᠳᠬᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠵᠦ᠍ ᠪᠠᠶᠠᠵᠢᠬᠤ᠎ᠶᠢ ᠠᠬᠢᠭᠤᠯᠬᠤ ᠵᠢ ᠵᠤᠷᠢᠬᠵᠢᠭᠤᠯᠪᠠ᠃

ᠰᠢᠨᠵᠢᠯᠡᠨ ᠪᠠᠶ᠋ᠢᠴᠠᠭᠠᠬᠤ ᠵᠠᠮ ᠵᠠᠭᠤᠷ᠎ᠠ᠂ ᠰᠢ ᠵᠢᠨ ᠫᠢᠩ᠂ ᠮᠠᠨ᠎ᠤ ᠤᠯᠤᠰ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠵᠡᠭᠦᠨ ᠪᠠᠷᠠᠭᠤᠨ ᠡᠮᠦᠨ᠎ᠠ ᠤᠮᠠᠷ᠎ᠠ ᠳᠤᠮᠳᠠ ᠭᠠᠵᠠᠷ ᠤᠷᠤᠨ ᠤ᠋ ᠡᠬᠢ ᠪᠠᠶᠠᠯᠢᠭ᠎ᠤᠨ ᠵᠥᠷᠢᠶ᠎ᠡ ᠢᠯᠡᠷᠬᠡᠢ ᠪᠠᠶ᠋ᠢᠨ᠎ᠠ᠃ ᠰᠢᠨ᠎ᠡ ᠠᠶᠠᠨ ᠳ᠋ᠤ᠂ ᠡᠯ᠎ᠡ ᠭᠠᠵᠠᠷ ᠣᠷᠣᠨ ᠨᠠᠮ᠎ᠤᠨ ᠲᠥᠪ ᠬᠣᠷᠢᠶ᠎ᠠ ᠵᠢᠨ ᠪᠠᠶ᠋ᠢᠯᠳᠤᠬᠤ ᠪᠤᠳᠤᠯᠭ᠎ᠠ᠎ᠶᠢᠨ ᠰᠢ᠌ᠳᠪᠦᠷᠢᠲᠦ᠍ ᠪᠤᠳᠤᠯᠭ᠎ᠠ ᠪᠣᠯᠤᠨ ᠲᠥᠯᠥᠪᠵᠢᠭᠦᠯᠭᠡ᠎ᠶᠢᠨ ᠪᠠᠶ᠋ᠢᠷᠢᠯᠠᠭᠤᠯᠤᠯᠲᠠ ᠶᠣᠰᠣᠭᠠᠷ᠂ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠍᠂ ᠰᠢᠨ᠎ᠡ ᠬᠥᠭᠵᠢᠯᠲᠡ᠎ᠶᠢᠨ ᠤᠢ᠌ᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠴᠠᠭ ᠦᠶ᠎ᠡ᠎ᠶᠢᠨ ᠤᠷᠤᠰᠬᠠᠯ᠎ᠢ ᠴᠢᠩᠭ᠎ᠠ ᠲᠠᠭᠠᠵᠤ᠂ ᠬᠥᠭᠵᠢᠯᠲᠡ᠎ᠶᠢᠨ ᠠᠵᠠ ᠲᠣᠬᠢᠶᠠᠯ᠎ᠢ ᠠᠮᠵᠢᠵᠤ᠂ ᠲᠤᠰ ᠪᠡᠶ᠎ᠡ᠎ᠶᠢᠨ ᠨᠥᠬᠥᠴᠡᠯ᠎ᠳᠡᠭᠡᠨ ᠰᠠᠭᠤᠷᠢᠯᠠᠵᠤ᠂ ᠬᠠᠷᠢᠴᠠᠭᠤᠯᠤᠭᠰᠠᠨ ᠳᠠᠪᠠᠭᠤᠯᠢᠭ᠎ᠢᠶᠠᠨ ᠪᠠᠳᠠᠷᠠᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃

ᠾᠧ ᠯᠢ ᠹᠸᠩ ᠵᠢᠴᠢ ᠲᠥᠪ᠎ᠦᠨ ᠪᠠ ᠲᠦᠷᠦ᠎ᠶᠢᠨ ᠪᠠᠶ᠋ᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠪᠠᠷ᠎ᠠ ᠪᠤᠯᠵᠤ ᠰᠢᠨᠵᠢᠯᠡᠨ ᠪᠠᠶ᠋ᠢᠴᠠᠭᠠᠪᠠ᠃

 ( ᠰᠢᠨᠬᠤᠸᠠ ᠬᠣᠷᠢᠶ᠎ᠠ ᠵᠢᠨ ᠥᠪᠥᠷ ᠮᠣᠩᠭᠣᠯ᠎ᠤᠨ ᠤᠯᠠᠭᠠᠨᠴᠠᠪ᠎ᠤᠨ 10 ᠰᠠᠷ᠎ᠠ᠎ᠶᠢᠨ 16 ᠤ᠋ ᠴᠠᠬᠢᠯᠭᠠᠨ ᠮᠡᠳᠡᠭᠡ ) 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄ ​ᠢᠳᠡᠷᠡᠬᠦᠨ ᠡᠷᠳᠡᠨᠢᠪᠤᠯᠠᠭ

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面