ᠲᠡᠷᠢᠭᠦᠨ ᠨᠢᠭᠤᠷ - ᠲᠡᠷᠢᠭᠦᠨ ᠮᠡᠳᠡᠭᠡ

2026-11-02 10:22:51

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

 (2026 ᠣᠨ᠎ᠤ 10 ᠰᠠᠷ᠎ᠠ᠎ᠵᠢᠨ 29 ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠠᠪᠤᠳᠤᠭᠠᠷ ᠪᠦᠭᠦᠳᠡ ᠬᠤᠷᠠᠯ᠎ᠡᠴᠠ ᠪᠠᠲᠤᠯᠠᠪᠠ)


ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠲᠠᠪᠤᠳᠤᠭᠠᠷ ᠪᠥᠬᠥᠳᠡ ᠬᠤᠷᠠᠯ᠎ᠡᠴᠠ ᠰᠢᠨ᠎ᠡ ᠴᠠᠭ ᠦᠶ᠎ᠡ᠎ᠵᠢᠨ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠭᠰᠠᠨ ᠠᠭᠤᠤ ᠶᠡᠬᠡ ᠠᠮᠵᠢᠯᠲᠠ ᠪᠦᠳᠦᠮᠵᠢ ᠪᠣᠯᠤᠨ ᠡᠷᠬᠢᠮ ᠨᠠᠨᠳᠢᠨ ᠲᠤᠷᠰᠢᠯᠭ᠎ᠠ᠎ᠵᠢ ᠳ᠋ᠦᠩᠨᠡᠵᠦ᠍᠂ ᠣᠳᠣᠬᠠᠨ᠎ᠤ ᠪᠠ ᠬᠣᠶ᠋ᠢᠰᠢᠳᠠ᠎ᠵᠢᠨ ᠨᠢᠭᠡ ᠬᠤᠭᠤᠴᠠᠭᠠᠨ ᠳ᠋ᠤ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠬᠦᠭᠵᠢᠬᠦᠯᠦᠨ ᠨᠠᠮ᠎ᠢ ᠬᠦᠴᠦᠷᠬᠡᠭᠵᠢᠭᠦᠯᠬᠦ᠌᠎ᠳᠦ ᠲᠤᠯᠭᠠᠷᠠᠵᠤ ᠪᠠᠢ᠌ᠭ᠎ᠠ ᠪᠠᠢ᠌ᠳᠠᠯ ᠪᠠ ᠡᠭᠦᠷᠭᠡ᠎ᠵᠢ ᠵᠠᠳᠠᠯᠤᠭᠠᠳ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠶ ᠳᠣᠤᠷᠠᠬᠢ ᠮᠡᠲᠦ᠍ ᠲᠣᠭᠲᠠᠭᠠᠯ ᠭᠠᠷᠭᠠᠪᠠ᠃

ᠨᠢᠭᠡ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠵᠢᠨ ᠴᠢᠬᠤᠯᠠ ᠴᠢᠨᠠᠷ ᠲᠤᠯᠭᠠᠮ ᠴᠢᠨᠡᠷ ᠪᠠ ᠶᠡᠷᠦᠩᠬᠡᠢ ᠱᠠᠭᠠᠷᠳᠠᠯᠭ᠎ᠠ

(ᠨᠢᠭᠡ) ᠳᠤᠮᠳᠠᠳᠤ ᠤᠯᠤᠰ᠎ᠤᠨ ᠡᠪ ᠬᠠᠮᠲᠤ᠌ ᠨᠠᠮ ᠠᠷᠠᠳ ᠲᠦᠮᠡᠨ᠎ᠦ ᠲᠥᠯᠥᠭᠡ ᠮᠡᠨᠳᠦᠯᠡᠵᠤ᠂ ᠠᠷᠠᠳ ᠲᠦᠮᠡᠨ᠎ᠳᠤ ᠲᠦᠰᠢᠭᠯᠡᠨ ᠮᠠᠨᠳᠤᠵᠤ᠂ ᠳᠤᠮᠳᠠᠳᠤ᠎ᠵᠢᠨ ᠦᠨᠳᠦᠰᠦᠲᠡᠨ ᠮᠥᠬᠥᠵᠦ᠍ ᠰᠥᠨᠥᠬᠦ᠌ ᠠᠶᠤᠯ ᠲᠤᠯᠭᠠᠷᠠᠭᠰᠠᠨ ᠦᠶ᠎ᠠ᠎ᠳᠤ ᠪᠠᠶ᠋ᠢᠭᠤᠯᠤᠭᠳᠠᠵᠤ᠂ ᠳᠤᠮᠳᠠᠳᠤ᠎ᠵᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠵᠢ ᠪᠡᠶᠡᠯᠡᠭᠦᠯᠬᠦ᠌᠎ᠵᠢᠨ ᠲᠥᠯᠥᠭᠡ ᠲᠡᠮᠡᠴᠡᠭᠰᠡᠨ ᠲᠡᠤᠬᠡᠨ ᠠᠬᠢᠴᠠ᠎ᠳᠤ ᠬᠥᠭᠵᠢᠨ ᠪᠤᠵᠠᠭᠠᠶ᠋ᠢᠷᠠᠵᠤ᠂ ᠪᠦᠬᠦ᠌ ᠤᠯᠤᠰ᠎ᠤᠨ ᠦᠨᠳᠦᠰᠦᠲᠡᠨ ᠨᠤᠬᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠠᠷᠠᠳᠴᠢᠯᠠᠭᠰᠠᠨ ᠬᠤᠪᠢᠰᠬᠠᠯ᠂ ᠨᠡᠶ᠋ᠢᠭᠡᠮ ᠵᠢᠷᠤᠮᠲᠤ᠌ ᠬᠤᠪᠢᠰᠬᠠᠯ ᠪᠠ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠠ ᠨᠡᠶ᠋ᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ᠂ ᠰᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠭᠡ ᠠᠮᠵᠢᠯᠲᠠ ᠪᠦᠳᠦᠮᠵᠢ᠎ᠵᠢ ᠡᠭᠦᠳᠦᠬᠡᠳ᠂ ᠳᠤᠮᠳᠠᠳᠤ᠎ᠵᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ ᠳᠡᠭᠡᠷᠡᠬᠢ ᠬᠠᠮᠤᠭ᠎ᠤᠨ ᠰᠦᠷ ᠵᠢᠪᠬᠤᠯᠠᠨᠭ᠌ᠳᠠᠢ ᠲᠤᠤᠯᠢᠰ᠎ᠢ ᠪᠢᠴᠢᠭᠯᠡᠵᠦ᠍᠂ ᠪᠠᠲᠤ᠌ ᠢᠲᠡᠭᠡᠯ᠎ᠲᠡᠶ᠂ ᠡᠷᠡᠰ ᠴᠢᠩᠭ᠎ᠠ ᠬᠦᠴᠦᠨ ᠪᠦᠬᠦᠢ ᠮᠠᠷᠺᠰ᠎ᠤᠨ ᠦᠵᠡᠯ᠎ᠦᠨ ᠲᠦᠷᠦ᠎ᠵᠢᠨ ᠨᠠᠮ᠎ᠤᠨ ᠲᠦᠷᠢ ᠲᠥᠷᠬᠦ᠌᠎ᠵᠢ ᠳᠡᠯᠡᠬᠡᠢ ᠳ᠋ᠠᠬᠢᠨ᠎ᠳᠤ ᠳᠡᠯᠭᠡᠨ ᠦᠵᠡᠭᠦᠯᠦᠭᠰᠡᠨ ᠪᠠᠢ᠌ᠨ᠎ᠠ᠃

ᠳᠤᠮᠳᠠᠳᠤ ᠤᠯᠤᠰ᠎ᠤᠨ ᠡᠪ ᠬᠠᠮᠲᠤ᠌ ᠨᠠᠮ ᠢᠯᠠᠯᠲᠠ᠎ᠡᠴᠠ ᠢᠯᠠᠯᠲᠠ ᠵᠦᠭ ᠤᠷᠤᠭᠰᠢᠯᠠᠵᠤ ᠴᠢᠳᠠᠭᠰᠠᠨ ᠨᠢ ᠬᠡᠬᠦᠳᠡᠭ ᠴᠡᠭᠡᠵᠢᠨ ᠳ᠋ᠡᠬᠡᠨ ᠡᠪ ᠬᠠᠮᠲᠤ᠌ ᠶᠤᠰᠤᠨ᠎ᠤ ᠠᠯᠤᠰ ᠬᠡᠲᠦ᠎ᠵᠢᠨ ᠬᠦᠰᠡᠯᠡᠩ᠎ᠢ ᠡᠪᠦᠷᠯᠡᠨ᠂ ᠳᠤᠮᠳᠠᠳᠤ᠎ᠵᠢᠨ ᠦᠨᠳᠦᠰᠦᠲᠡᠨ᠎ᠦ ᠮᠢᠩᠭᠠᠨ ᠣᠨ᠎ᠤ ᠠᠭᠤᠤ ᠦᠢᠯᠡᠰ᠎ᠢ ᠪᠦᠲᠦᠭᠡᠬᠦ᠌ ᠪᠠᠷ ᠵᠣᠷᠢᠭ ᠰᠢᠭᠤᠳᠴᠤ᠌᠂ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠣᠯᠭᠣᠬᠤ ᠪᠠ ᠳᠤᠮᠳᠠᠳᠤ᠎ᠵᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠵᠢ ᠪᠡᠶᠡᠯᠡᠭᠦᠯᠬᠦ᠌᠎ᠵᠢ ᠪᠠᠷᠢᠮᠲᠠᠯᠠᠨ᠂ ᠡᠯ᠎ᠡ ᠲᠡᠤᠬᠡᠨ ᠴᠠᠭ ᠦᠶ᠎ᠡ᠎ᠳᠦ ᠴᠦᠮ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠵᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠵᠣᠷᠢᠭᠲᠠᠶ᠎ᠪᠠᠷ ᠦᠨᠡᠨ ᠶᠣᠰᠣ᠎ᠵᠢ ᠪᠠᠷᠢᠮᠲᠠᠯᠠᠨ ᠠᠯᠳᠠᠭ᠎ᠠ ᠪᠤᠷᠤᠭᠤ᠎ᠪᠠᠨ ᠵᠠᠯᠠᠷᠠᠭᠤᠯᠵᠤ᠂ ᠲᠤᠰ ᠪᠡᠶ᠎ᠡ᠎ᠵᠢᠨ ᠬᠦᠴᠦᠨ ᠪᠠ ᠠᠷᠠᠳ ᠲᠦᠮᠡᠨ᠎ᠦ ᠳᠡᠮᠵᠢᠯᠭᠡ᠎ᠳᠦ ᠲᠦᠰᠢᠭᠯᠡᠨ ᠲᠤᠰ ᠪᠡᠶ᠎ᠡ᠎ᠵᠢᠨ ᠠᠰᠠᠭᠤᠳᠠᠯ ᠵᠢᠨᠨ ᠰᠢ᠌ᠳᠪᠦᠷᠢᠯᠡᠬᠦ᠌ ᠳᠤᠮᠳᠠ ᠲᠠᠰᠤᠷᠠᠯᠳᠠ ᠦᠭᠡᠢ ᠬᠦᠴᠦᠷᠬᠡᠭᠵᠢᠵᠦ᠍᠂ ᠨᠠᠮ ᠪᠠ ᠠᠷᠠᠳ ᠲᠦᠮᠡᠨ᠎ᠦ ᠦᠢᠯᠡᠰ᠎ᠦᠨ ᠪᠠᠲᠤ᠌ ᠴᠢᠩᠭ᠎ᠠ ᠤᠳᠤᠷᠢᠳᠬᠤ ᠭᠤᠦᠯᠯᠠᠭᠴᠢ ᠪᠣᠯᠤᠭᠰᠠᠨ ᠳ᠋ᠤ ᠤᠷᠤᠰᠢᠨ᠎ᠠ᠃ ᠬᠤᠪᠢᠰᠬᠠᠯ᠂ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ᠎ᠵᠢᠨ ᠳᠤᠮᠳᠠ ᠤᠷᠢᠳ ᠬᠣᠵᠢᠳ ᠨᠠᠮ᠎ᠤᠨ ᠪᠠᠶ᠋ᠢᠭᠤᠯᠤᠯᠲᠠ᠎ᠵᠢ ᠠᠭᠤᠤ ᠶᠡᠬᠡ ᠢᠨᠵᠧᠨᠧᠷᠢᠩ᠂ ᠰᠢᠨ᠎ᠡ ᠠᠭᠤᠤ ᠶᠡᠬᠡ ᠢᠨᠵᠧᠨᠧᠷᠢᠩ ᠪᠣᠯᠭᠠᠵᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠠ ᠨᠠᠭᠠᠰᠢ ᠰᠢᠨ᠎ᠡ ᠴᠠᠭ ᠦᠶ᠎ᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ᠌ᠷᠡᠬᠦᠯᠦᠨ ᠠᠬᠢᠭᠤᠯᠤᠭᠠᠳ᠂ 《ᠠᠷᠠᠳ ᠲᠦᠮᠡᠨ ᠵᠢᠡᠷ ᠵᠠᠰᠠᠭ᠎ᠤᠨ ᠣᠷᠳᠣᠨ᠎ᠳᠤ ᠬᠢᠨᠠᠯᠲᠠ ᠲᠠᠯᠪᠢᠭᠤᠯᠬᠤ》 ᠪᠠ 《ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠌》 ᠭᠡᠬᠦ᠌ ᠵᠠᠰᠠᠬᠤ ᠰᠠᠮᠠᠭᠤᠷᠠᠬᠤ ᠮᠠᠨᠳᠤᠬᠤ ᠲᠤᠷᠤᠢ᠌ᠳᠠᠬᠤ ᠲᠡᠦᠬᠡ᠎ᠵᠢᠨ ᠦᠶᠡᠯᠡᠯ᠎ᠦᠨ ᠲᠠᠪᠳᠠᠮᠵᠢ ᠡᠴᠡ ᠵᠠᠢ᠌ᠯᠠᠵᠤ ᠭᠠᠷᠬᠤ ᠬᠣᠶᠠᠷ ᠬᠠᠷᠢᠭᠤᠯᠲᠠ᠎ᠵᠢ ᠡᠷᠢᠵᠦ᠍ ᠤᠯᠪᠠ᠂ ᠡᠨᠡ ᠪᠤᠯ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠡᠷᠮᠢᠴᠡ ᠡᠭᠦᠳᠦᠯᠲᠡ ᠮᠥᠨ᠂ ᠡᠨᠡ ᠨᠢ ᠮᠠᠷᠺᠰ᠎ᠤᠨ ᠦᠵᠡᠯ᠎ᠦᠨ ᠲᠦᠷᠦ᠎ᠵᠢᠨ ᠨᠠᠮ᠎ᠤᠨ ᠪᠠᠶ᠋ᠢᠭᠤᠯᠤᠯᠲᠠ᠎ᠵᠢᠨ ᠲᠡᠤᠬᠡᠨ ᠬᠠᠭᠤᠳᠠᠰᠤᠨ᠎ᠳᠦ ᠥᠨᠢᠳᠡ ᠲᠡᠮᠳᠡᠭᠯᠡᠭᠳᠡᠬᠦ᠌ ᠶᠤᠮ᠃

(ᠬᠣᠶᠠᠷ) ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠤᠨ ᠳᠠᠷᠠᠭ᠎ᠠ᠂ ᠰᠢ᠎ᠵᠢᠨ ᠫᠢᠩ ᠨᠥᠬᠥᠷ ᠵᠢᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠯᠤᠲᠤ᠌ ᠶᠡᠬᠡ ᠤᠯᠤᠰ ᠲᠦᠷᠦ᠎ᠵᠢᠨ ᠰᠥᠰᠥ᠍ ᠵᠣᠷᠢᠭ ᠪᠣᠯᠤᠨ ᠡᠷᠡᠰ ᠴᠢᠩᠭ᠎ᠠ ᠬᠠᠷᠢᠭᠤᠴᠠᠯᠭ᠎ᠠ ᠡᠭᠦᠷᠭᠡᠯᠡᠯ ᠵᠢᠡᠷ ᠨᠢᠭᠡ ᠦᠶ᠎ᠡ ᠢᠯᠡᠷᠡᠭᠰᠡᠨ ᠨᠠᠮ᠎ᠤᠨ ᠤᠳᠤᠷᠢᠳᠤᠯᠭ᠎ᠠ᠎ᠵᠢ ᠰᠤᠯᠠᠷᠠᠭᠤᠯᠤᠭᠰᠠᠨ ᠬᠡᠢ᠌ᠰᠪᠦᠷᠢᠵᠢᠭᠦᠯᠦᠭᠰᠡᠨ ᠶᠡᠷᠦᠮᠳᠡᠭᠵᠢᠬᠦᠯᠦᠭᠰᠡᠨ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠠᠯ᠎ᠠ ᠪᠡᠷ ᠴᠢᠩᠭ᠎ᠠ ᠪᠤᠰᠤ ᠪᠣᠳᠠᠲᠠᠢ ᠪᠤᠰᠤ ᠲᠤᠷᠪᠢ ᠮᠠᠭᠤᠳᠠᠢ ᠪᠠᠢ᠌ᠭᠰᠠᠨ᠂ ᠨᠠᠮ᠎ᠤᠨ ᠳᠣᠲᠣᠭᠠᠳᠤ᠎ᠵᠢᠨ ᠵᠠᠷᠢᠮ ᠠᠰᠠᠭᠤᠳᠠᠯ ᠬᠥᠮᠦᠨ᠎ᠢ ᠰᠣᠴᠢᠭᠠᠮ᠎ᠠ ᠬᠡᠮᠵᠢᠶᠡᠨ ᠳ᠋ᠤ ᠬᠦᠷᠦᠭᠰᠡᠨ ᠬᠦᠨᠳᠦ ᠬᠡᠴᠡᠭᠦᠦ ᠪᠣᠳᠠᠲᠤ᠌ ᠪᠠᠶ᠋ᠢᠳᠠᠯ᠎ᠳᠤ ᠰᠢᠭᠤᠳ ᠬᠠᠨᠳᠤᠵᠤ᠂ ᠨᠠᠮ᠎ᠢ ᠡᠷᠡᠰ ᠭᠤᠶ᠋ᠢᠪᠢᠰᠢ ᠦᠭᠡᠢ᠎ᠪᠡᠷ ᠪᠦᠬᠦ᠌ ᠲᠠᠯ᠎ᠠ᠎ᠪᠠᠷ ᠴᠢᠩᠭ᠎ᠠ ᠵᠠᠰᠠᠵᠤ᠂ ᠬᠢᠲᠤᠭᠠᠨ᠎ᠤ ᠪᠠᠨ ᠢᠷ᠎ᠢ ᠳᠣᠲᠣᠭᠰᠢ ᠬᠠᠨᠳᠤᠭᠤᠯᠤᠨ᠂ ᠬᠥᠨᠳᠤ ᠡᠷᠡᠬᠥᠤ ᠪᠡᠷ ᠰᠠᠮᠠᠭᠤᠷᠠᠯ᠎ᠢ ᠵᠠᠰᠠᠵᠤ᠂ ᠳᠣᠪᠣᠢ᠌ᠮ᠎ᠠ ᠠᠰᠠᠭᠤᠳᠠᠯ᠎ᠢ ᠦᠷᠭᠦᠯᠵᠢᠯᠡᠨ ᠰᠢ᠌ᠳᠪᠦᠷᠢᠯᠡᠬᠡᠳ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠠᠯ᠎ᠠ᠎ᠪᠠᠷ ᠠᠭᠤᠵᠢᠭᠤ ᠰᠤᠯᠠ ᠵᠦᠭᠡᠯᠡᠨ ᠪᠠᠢ᠌ᠭᠰᠠᠨ ᠪᠠᠢ᠌ᠳᠠᠯ᠎ᠢ ᠦᠨᠳᠦᠰᠦᠨ᠎ᠡᠴᠡ ᠨᠢ ᠬᠤᠪᠢᠷᠠᠭᠤᠯᠵᠤ᠂ ᠤᠷᠲᠤ᠌ ᠬᠤᠭᠤᠴᠠᠭ᠎ᠠ᠎ᠪᠠᠷ ᠬᠤᠷᠢᠬᠯᠠᠨ ᠵᠤᠬᠰᠤᠭᠠᠵᠤ ᠴᠢᠳᠠᠬᠰᠠᠨ ᠦᠬᠡᠢ ᠵᠠᠷᠢᠮ ᠭᠠᠵᠢᠭᠤ ᠰᠤᠷᠲᠠᠯ᠎ᠢ ᠬᠣᠷᠢᠭᠯᠠᠨ ᠵᠣᠭᠰᠣᠭᠠᠵᠤ᠂ ᠤᠯᠠᠨ ᠵᠢᠯ ᠠᠷᠢᠯᠭᠠᠭᠠᠳᠤᠢ ᠪᠠᠢ᠌ᠬᠰᠠᠨ ᠵᠠᠷᠢᠮ ᠠᠷᠬᠠᠭ ᠬᠡᠮ᠎ᠢ ᠵᠠᠯᠠᠷᠠᠭᠤᠯᠤᠨ ᠵᠠᠰᠠᠵᠤ᠂ ᠨᠠᠮ᠂ ᠤᠯᠤᠰ᠂ ᠴᠡᠷᠢᠭ ᠠᠩᠭᠢ᠎ᠵᠢᠨ ᠳᠣᠲᠣᠭᠠᠳᠤ᠎ᠳᠦ ᠣᠷᠣᠰᠢᠵᠤ ᠪᠠᠶ᠋ᠢᠬᠰᠠᠨ ᠬᠦᠨᠳᠦ ᠨᠣᠴᠢᠲᠠᠶ ᠳᠠᠯᠳᠠ ᠭᠡᠮ᠎ᠢ ᠠᠷᠢᠯᠭᠠᠭᠰᠠᠨ᠎ᠵᠢᠨᠷ᠂ ᠨᠠᠮ ᠬᠤᠪᠢᠰᠬᠠᠯᠲᠤ᠌ ᠴᠢᠨᠠᠷᠲᠠᠶ ᠳᠠᠪᠲᠠᠯᠲᠠ ᠳᠤᠮᠳᠠ ᠨᠡᠩ ᠡᠷᠡᠰ ᠴᠢᠩᠭ᠎ᠠ ᠬᠦᠴᠦᠨ ᠲᠡᠭᠦᠯᠳᠡᠷ ᠪᠣᠯᠪᠠ᠃ ᠨᠠᠮ᠎ᠤᠨ ᠪᠦᠬᠦ᠌ ᠲᠠᠯ᠎ᠠ᠎ᠵᠢᠨ ᠤᠳᠤᠷᠢᠳᠤᠯᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠢᠯᠡᠳᠲᠡ ᠴᠢᠩᠭᠠᠷᠠᠵᠤ᠂ ᠨᠠᠮ᠎ᠤᠨ ᠪᠦᠯᠬᠦᠮᠳᠡᠯ ᠨᠢᠭᠡᠳᠦᠯ ᠨᠡᠩ ᠢᠯᠡᠬᠦᠦ ᠪᠡᠬᠢᠵᠢᠵᠦ᠍᠂ ᠨᠠᠮ᠎ᠤᠨ ᠰᠡᠳᠬᠢᠯ ᠴᠡᠷᠢᠭ᠎ᠤᠨ ᠰᠡᠳᠬᠢᠯ ᠠᠷᠠᠳ᠎ᠤᠨ ᠰᠡᠳᠬᠢᠯ ᠳᠡᠭᠡᠳᠦ ᠬᠡᠮᠵᠢᠶ᠎ᠡ᠎ᠪᠡᠷ ᠨᠢᠭᠲᠠᠷᠠᠪᠠ; ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌᠎ᠵᠢᠨ ᠰᠢᠨ᠎ᠡ ᠦᠰᠦᠷᠦᠯᠲᠡ᠎ᠵᠢ ᠪᠡᠶᠡᠯᠡᠭᠦᠯᠵᠤ᠂ ᠨᠠᠮ᠎ᠤᠨ ᠤᠨᠤᠯ᠎ᠤᠨ ᠵᠡᠪᠰᠡᠭᠯᠡᠯ ᠦᠷᠭᠦᠯᠵᠢᠯᠡᠨ ᠭᠦᠨᠵᠡᠭᠡᠶ᠋ᠢᠷᠡᠵᠦ᠍᠂ ᠪᠦᠬᠦ᠌ ᠨᠠᠮ᠎ᠤᠨ ᠮᠠᠷᠺᠰ᠎ᠤᠨ ᠦᠵᠡᠯ᠎ᠦᠨ ᠬᠢᠷᠢ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠪᠡ; ᠰᠢᠨ᠎ᠡ ᠴᠠᠭ ᠦᠶ᠎ᠡ᠎ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠱᠤᠭᠤᠮ᠎ᠢ ᠬᠦᠴᠦᠲᠡᠶ ᠲᠤᠭᠤᠰᠢᠯᠠᠭᠤᠯᠵᠤ᠂ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ᠎ᠵᠢᠨ ᠴᠢᠳᠠᠮᠵᠢ ᠪᠠ ᠨᠠᠮ᠎ᠤᠨ ᠭᠡᠰᠢᠭᠦᠨ᠂ ᠺᠠᠳ᠋ᠷ᠎ᠤᠨ ᠡᠩᠨᠡᠭᠡ᠎ᠵᠢᠨ ᠬᠡᠪ ᠴᠢᠨᠠᠷ ᠪᠦᠬᠦᠯᠢ ᠴᠣᠭᠴᠠ᠎ᠪᠠᠷ᠎ᠵᠢᠨᠨ ᠳᠡᠭᠡᠭᠰᠢᠯᠡᠵᠦ᠍᠂ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠳᠠᠪᠠᠭᠤᠯᠢᠭ ᠭᠦᠢᠴᠡᠳ ᠢᠯᠡᠷᠡᠪᠡ; ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭᠠᠯ᠎ᠤᠨ ᠲᠡᠮᠦᠷ ᠮᠡᠲᠦ᠍ ᠴᠢᠩᠭ᠎ᠠ ᠰᠠᠬᠢᠯᠭ᠎ᠠ᠎ᠵᠢᠨ ᠰᠦᠷ ᠬᠦᠴᠦᠨ ᠪᠠᠳᠠᠷᠠᠵᠤ᠂ 《ᠲᠦᠷᠪᠡᠨ ᠰᠤᠷᠲᠠᠯ》᠎ᠢ᠋ ᠵᠠᠯᠠᠷᠠᠭᠤᠯᠵᠤ ᠰᠢᠨ᠎ᠡ ᠰᠤᠷᠲᠠᠯ᠎ᠢ ᠪᠤᠢ ᠪᠤᠯᠭᠠᠬᠤ ᠠᠵᠢᠯᠯᠠᠭ᠎ᠠ ᠠᠯᠬᠤᠮ ᠠᠯᠬᠤᠮ ᠵᠢᠨᠷ  ᠭᠦᠨᠵᠡᠭᠡᠶ᠋ᠢᠷᠡᠵᠤ᠂ ᠨᠠᠮ᠎ᠤᠨ ᠰᠤᠷᠲᠠᠯ ᠵᠠᠰᠠᠭ᠎ᠤᠨ ᠰᠤᠷᠲᠠᠯ ᠪᠣᠯᠤᠨ ᠨᠡᠶ᠋ᠢᠭᠡᠮ᠎ᠦᠨ ᠬᠡᠪ ᠰᠤᠷᠲᠠᠯ ᠴᠣ ᠰᠢᠨ᠎ᠡ ᠪᠠᠶ᠋ᠢᠳᠠᠯ᠎ᠲᠠᠶ ᠪᠣᠯᠪᠠ; ᠨᠠᠮ᠎ᠤᠨ ᠰᠠᠬᠢᠯᠭ᠎ᠠ ᠪᠠᠲᠤ᠎ᠵᠢᠨ ᠪᠠᠶ᠋ᠢᠭᠤᠯᠤᠯᠲᠠ᠎ᠵᠢ ᠯᠠᠪᠳᠠᠭᠤᠨ ᠪᠠᠲᠤᠲᠠᠢ ᠠᠬᠢᠭᠤᠯᠵᠤ᠂ ᠰᠠᠬᠢᠯᠭ᠎ᠠ ᠪᠠᠲᠤ᠌ ᠶᠣᠰᠣ ᠲᠦᠷᠢᠮ ᠨᠡᠩ ᠴᠢᠩᠭ᠎ᠠ ᠲᠣᠳᠣᠷᠬᠠᠢ ᠪᠣᠯᠵᠤ᠂ ᠬᠥᠮᠦᠵᠢᠭᠦᠯᠬᠦ᠌ ᠬᠢᠵᠠᠭᠠᠷᠯᠠᠬᠤ ᠪᠡ ᠪᠠᠲᠤᠯᠠᠬᠤ ᠤᠷᠮᠠᠰᠢᠭᠤᠯᠬᠤ ᠦᠢᠯᠡᠳᠦᠯ ᠡᠳᠦᠷ ᠢᠷᠡᠬᠦᠶ᠎ᠡ ᠴᠢᠩᠭᠠᠷᠠᠪᠠ; ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠡᠷᠴᠢᠮ ᠤᠷᠢᠳ ᠡᠮᠦᠨ᠎ᠡ ᠪᠠᠶ᠋ᠢᠭ᠎ᠠ ᠦᠭᠡᠢ ᠴᠢᠩᠭᠠᠷᠠᠵᠤ᠂ ᠦᠷ᠎ᠡ ᠪᠦᠲᠦᠮᠵᠢ ᠤᠯᠠᠨ᠎ᠤ ᠨᠢᠳᠤᠨ᠎ᠳᠦ ᠢᠯᠡᠬᠡᠨ ᠪᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠢᠯᠵᠢᠷᠠᠯ᠎ᠢ ᠡᠰᠡᠷᠭᠦᠴᠡᠬᠦ᠌ ᠵᠠᠮ᠎ᠢ ᠠᠮᠵᠢᠯᠲᠠ᠎ᠲᠠᠶ ᠪᠡᠷ ᠨᠡᠬᠡᠬᠡᠪᠡ; ᠨᠠᠮ᠎ᠤᠨ ᠳᠣᠲᠣᠭᠠᠳᠤ᠎ᠵᠢᠨ ᠬᠠᠤᠯᠢ ᠲᠣᠭᠲᠠᠭᠠᠯ ᠳᠦᠷᠢᠮ᠎ᠤᠨ ᠰᠢᠰᠲ᠋ᠧᠮ ᠨᠠᠩ ᠢᠯᠡᠬᠦᠦ ᠲᠡᠭᠦᠯᠳᠡᠷᠵᠢᠵᠤ᠂ ᠲᠦᠷᠢᠮ᠎ᠤᠨ ᠡᠷᠬᠡ ᠰᠦᠷᠲᠦ᠍ ᠴᠢᠨᠠᠷ ᠪᠠ ᠬᠡᠷᠡᠭᠵᠢᠭᠦᠯᠬᠦ᠌ ᠬᠦᠴᠦᠨ ᠦᠨᠡᠨ ᠬᠦ᠌ ᠴᠢᠩᠭᠠᠷᠠᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠵᠢᠨ ᠰᠢᠨᠵᠢᠯᠡᠬᠦ᠌ ᠤᠬᠠᠭᠠᠨᠴᠢᠯᠠᠯᠳᠠ ᠳᠦᠷᠢᠮᠵᠢᠭᠦᠯᠥᠯᠳᠡ ᠵᠢᠷᠤᠮᠵᠢᠭᠤᠯᠤᠯᠳᠠ ᠵᠢᠨ ᠬᠢᠷᠢ ᠬᠡᠮᠵᠢᠶ᠎ᠡ ᠢᠯᠡᠳᠲᠡ ᠳᠡᠭᠡᠭᠰᠢᠯᠡᠪᠠ; ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ᠎ᠵᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠬᠠᠮᠰᠠᠷ ᠲᠠᠰᠤᠷᠠᠯᠲᠠ ᠦᠭᠡᠢ ᠴᠢᠩᠭᠠᠷᠠᠵᠤ᠂ ᠬᠠᠷᠢᠭᠤᠴᠠᠯᠭ᠎ᠠ᠎ᠵᠢᠨ ᠨᠠᠶ᠋ᠢᠳᠠᠪᠤᠷᠢᠵᠢᠭᠤᠯᠤᠯᠳᠠ ᠶᠠᠪᠤᠭᠤᠷᠢᠳᠠᠢ ᠪᠦᠬᠡᠳ ᠪᠦᠳᠦᠮᠵᠢᠳᠡᠢ ᠪᠤᠯᠵᠤ᠂ ᠳᠡᠭᠡᠳᠦ ᠳᠣᠤᠷᠠᠳᠤ ᠱᠠᠲᠤ᠎ᠪᠠᠷ᠎ᠵᠢᠠᠨ ᠬᠤᠯᠪᠤᠯᠳᠤᠨ ᠬᠥᠳᠡᠯᠦᠯᠴᠡᠬᠦ᠂ ᠴᠤᠭᠭᠠᠷ ᠠᠳᠬᠤᠵᠤ ᠬᠠᠮᠲᠤ᠎ᠪᠠᠷ ᠬᠠᠮᠢᠶᠠᠷᠬᠤ ᠨᠡᠶ᠋ᠢᠯᠡᠯ ᠬᠦᠴᠦᠨ ᠪᠣᠶ ᠪᠣᠯᠪᠠ᠃ ᠰᠢᠨ᠎ᠡ ᠴᠠᠭ ᠦᠶ᠎ᠡ᠎ᠵᠢᠨ ᠨᠠᠮ᠎ᠢ ᠪᠦᠬᠦ᠌ ᠲᠠᠯ᠎ᠠ ᠪᠠᠷ ᠴᠢᠩᠭ᠎ᠠ ᠵᠠᠰᠠᠬᠤ ᠠᠵᠢᠯ ᠨᠢ ᠵᠠᠭᠤᠨ ᠵᠢᠯ᠎ᠦᠨ ᠲᠡᠥᠭᠡ ᠲᠠᠢ ᠶᠡᠬᠡ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠌ ᠰᠢᠨ᠎ᠡ ᠠᠬᠤᠢ ᠪᠠᠶ᠋ᠢᠳᠠᠯ᠎ᠢ ᠨᠡᠭᠡᠭᠡᠬᠡᠳ᠂ ᠨᠠᠮ ᠪᠠ ᠤᠯᠤᠰ᠎ᠤᠨ ᠠᠵᠢᠯ ᠦᠢᠯᠡᠰ᠎ᠦᠨ ᠲᠡᠦᠬᠡᠲᠦ᠍ ᠴᠢᠨᠠᠷᠲᠠᠢ ᠠᠮᠵᠢᠯᠲᠠ ᠪᠦᠲᠦᠮᠵᠢ ᠤᠯᠬᠤ ᠪᠠ ᠲᠡᠦᠬᠡᠲᠦ᠍ ᠴᠢᠨᠠᠷᠲᠠᠢ ᠬᠤᠪᠢᠰᠤᠯᠲᠠ ᠭᠠᠷᠬᠤ᠎ᠵᠢ ᠠᠬᠢᠭᠤᠯᠵᠤ᠂ ᠨᠠᠮ ᠪᠠ ᠠᠷᠠᠳ ᠲᠦᠮᠡᠨ ᠨᠠᠮ᠎ᠵᠢᠡᠨ ᠬᠦᠴᠦᠷᠬᠡᠭᠵᠢᠭᠦᠯᠵᠦ᠍ ᠤᠯᠤᠰ᠎ᠵᠢᠠᠨ ᠬᠦᠴᠦᠷᠬᠡᠭᠵᠢᠭᠦᠯᠬᠦ᠌ ᠲᠡᠦᠬᠡ᠎ᠵᠢᠨ ᠰᠠᠨᠠᠭᠠᠴᠢᠯᠠᠭᠠᠲᠤ᠌ ᠡᠷᠬᠡ᠎ᠵᠢ ᠲᠡᠮᠡᠴᠡᠨ ᠤᠯᠤᠭᠰᠠᠨ ᠪᠠᠢ᠌ᠨ᠎ᠠ᠃

ᠰᠢᠨ᠎ᠡ ᠴᠠᠭ ᠦᠶ᠎ᠡ᠎ᠵᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠬᠥᠭᠵᠢᠭᠦᠯᠦᠨ ᠨᠠᠮ᠎ᠢ ᠬᠦᠴᠦᠷᠬᠡᠭᠵᠢᠭᠦᠯᠬᠦ᠌ ᠠᠵᠢᠯ ᠠᠭᠤᠤ ᠶᠡᠬᠡ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢᠯᠡᠰ᠎ᠦᠨ ᠴᠤ᠋ ᠰᠢᠨ᠎ᠡ ᠪᠠᠶ᠋ᠢᠳᠠᠯ᠎ᠢ ᠡᠭᠦᠳᠦᠨ ᠨᠡᠭᠡᠭᠡᠭᠰᠡᠨ᠎ᠤ ᠦᠨᠳᠦᠰᠦᠨ ᠰᠢᠯᠲᠠᠭᠠᠨ ᠨᠢ ᠰᠢ ᠵᠢᠨ ᠫᠢᠩ ᠨᠥᠬᠥᠷ᠎ᠵᠢᠡᠷ ᠭᠣᠤᠯᠯᠠᠭᠤᠯᠤᠭᠰᠠᠨ ᠨᠠᠮ᠎ᠤᠨ ᠲᠥᠪ ᠬᠣᠷᠢᠶ᠎ᠠ᠎ᠵᠢᠨ ᠠᠶᠠᠯᠠᠯ ᠵᠠᠮᠴᠢᠯᠠᠨ ᠴᠢᠭᠯᠡᠯ᠎ᠢ  ᠡᠵᠡᠮᠳᠡᠭᠰᠡᠨ᠎ᠳᠤ ᠪᠤᠢ᠂  ᠰᠢ ᠵᠢᠨ ᠫᠢᠩ ᠎ᠤᠨ ᠰᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠶ  ᠨᠡᠶ᠋ᠢᠭᠡᠮ  ᠵᠢᠷᠤᠮ᠎ᠤᠨ ᠦᠵᠡᠯ  ᠰᠠᠨᠠᠭᠠᠨ᠎ᠤ  ᠰᠢᠨᠵᠢᠯᠡᠬᠦ᠌  ᠤᠬᠠᠭᠠᠨᠴᠢ ᠵᠢᠯᠤᠭᠤᠳᠤᠯᠭ᠎ᠠ᠎ᠳᠤ ᠪᠤᠢ᠃ ᠰᠢ ᠵᠢᠨ ᠫᠢᠩ ᠨᠥᠬᠥᠷ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭᠴᠢ᠂ ᠪᠦᠬᠦ᠌ ᠨᠠᠮ᠎ᠤᠨ ᠭᠣᠣᠯᠯᠠᠭᠴᠢ ᠪᠤᠯᠬᠤ ᠪᠠᠶ᠋ᠢᠷᠢ ᠰᠠᠭᠤᠷᠢ᠎ᠵᠢ ᠲᠣᠭᠲᠠᠭᠠᠵᠤ᠂ ᠰᠢ ᠵᠢᠨ ᠫᠢᠩ ᠎ᠦᠨ ᠰᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ  ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢᠨ ᠵᠢᠯᠣᠭᠣᠳᠬᠤ ᠪᠠᠶ᠋ᠢᠷᠢ ᠰᠠᠭᠤᠷᠢ᠎ᠵᠢ ᠲᠣᠭᠲᠠᠭᠠᠭᠰᠠᠨ ᠶᠠᠪᠤᠳᠠᠯ ᠪᠣᠯ ᠨᠠᠮ᠎ᠤᠨ ᠰᠢᠨ᠎ᠡ ᠴᠠᠭ ᠦᠶ᠎ᠡ᠎ᠳᠦ ᠣᠯᠤᠭᠰᠠᠨ ᠴᠢᠬᠤᠯᠠ ᠶᠡᠬᠡ ᠤᠯᠤᠰ ᠲᠦᠷᠦ᠎ᠵᠢᠨ ᠦᠷ᠎ᠡ ᠪᠦᠲᠦᠭᠡᠯ ᠮᠦᠨ᠂ ᠡᠨᠡ ᠨᠢ ᠰᠢᠨ᠎ᠡ ᠴᠠᠭ ᠦᠶ᠎ᠡ᠎ᠵᠢᠨ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠳᠤ᠂ ᠳᠤᠮᠳᠠᠳᠤ᠎ᠵᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠵᠢᠨ ᠲᠡᠦᠬᠡᠨ ᠠᠬᠢᠴᠠ᠎ᠵᠢ ᠠᠬᠢᠭᠤᠯᠬᠤ᠎ᠳᠤ ᠰᠢ᠌ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠲᠠᠶ ᠶᠤᠮ᠃

ᠰᠢᠨ᠎ᠡ ᠴᠠᠭ ᠦᠶ᠎ᠡ᠎ᠵᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠬᠥᠭᠵᠢᠭᠦᠯᠦᠨ ᠨᠠᠮ᠎ᠢ ᠬᠦᠴᠦᠷᠬᠡᠭᠵᠢᠭᠦᠯᠬᠦ᠌ ᠠᠭᠤᠤ ᠶᠡᠬᠡ ᠦᠢᠯᠡᠳᠦᠯᠭᠡ᠎ᠵᠢᠨ ᠳᠤᠮᠳᠠ᠂ ᠰᠢ ᠵᠢᠨ ᠫᠢᠩ ᠨᠥᠬᠥᠷ ᠵᠢᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠶᠠᠮᠠᠷ ᠶᠠᠩᠵᠤ᠎ᠵᠢᠨ ᠤᠷᠲᠤ᠌ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ᠎ᠤᠨ ᠦᠵᠡᠯ᠎ᠦᠨ ᠲᠦᠷᠦ᠎ᠵᠢᠨ ᠨᠠᠮ᠎ᠢ ᠪᠠᠶ᠋ᠢᠭᠤᠯᠬᠤ ᠂ ᠤᠷᠲᠤ᠌ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ᠎ᠤᠨ ᠦᠵᠡᠯ᠎ᠦᠨ ᠲᠦᠷᠦ᠎ᠵᠢᠨ ᠨᠠᠮ᠎ᠢ ᠬᠡᠷᠬᠢᠨ ᠪᠠᠶ᠋ᠢᠭᠤᠯᠬᠤ ᠭᠡᠬᠦ᠌ ᠴᠢᠬᠤᠯᠠ ᠶᠡᠬᠡ ᠴᠠᠭ ᠦᠶ᠎ᠡ᠎ᠵᠢᠨ ᠰᠡᠳᠦᠪ᠎ᠤᠨ ᠲᠤᠭᠤᠷᠢᠨ᠎ᠳᠤ ᠠᠯᠢ ᠣᠯᠠᠨ ᠰᠢᠨ᠎ᠡ ᠣᠶ᠋ᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶ᠋ᠢᠯᠳᠤᠬᠤ ᠪᠤᠳᠤᠯᠭ᠎ᠠ᠎ᠵᠢ ᠳᠤᠷᠠᠳᠤᠨ ᠭᠠᠷᠭᠠᠭᠠᠳ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠵᠢᠨ ᠦᠵᠡᠯ ᠰᠠᠨᠠᠭ᠎ᠠ᠎ᠵᠢ ᠪᠣᠢ ᠪᠣᠯᠭᠠᠪᠠ᠃ ᠡᠨᠡ ᠬᠦ᠌ ᠦᠵᠡᠯ ᠰᠠᠨᠠᠭ᠎ᠠ  ᠨᠢ  ᠮᠠᠷᠺᠰ᠎ᠤᠨ ᠦᠵᠡᠯ᠎ᠦᠨ ᠨᠠᠮ ᠪᠠᠶ᠋ᠢᠭᠤᠯᠬᠤ ᠰᠤᠷᠭᠠᠯ᠎ᠢ ᠪᠠᠶᠠᠯᠢᠭᠵᠢᠭᠤᠯᠤᠨ ᠬᠥᠭᠵᠢᠭᠦᠯᠪᠡ᠂ ᠡᠨᠡ ᠪᠤᠯ ᠮᠠᠷᠺᠰ ᠎ᠦᠨ ᠦᠵᠡᠯ᠎ᠦᠨ ᠦᠨᠳᠦᠰᠦᠨ ᠤᠬ ᠶᠤᠰᠤ ᠵᠢ ᠳᠤᠮᠳᠠᠳᠤ ᠤᠯᠤᠰ ᠎ᠦᠨ ᠪᠣᠳᠠᠲᠤ᠌ ᠪᠠᠶ᠋ᠢᠳᠠᠯ ᠲᠠᠢ ᠤᠶᠠᠯᠳᠤᠭᠤᠯᠬᠤ ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ᠌ ᠰᠣᠶᠣᠯ ᠲᠠᠢ ᠤᠶᠠᠯᠳᠤᠭᠤᠯᠬᠤ᠎ᠵᠢ ᠪᠠᠷᠢᠮᠲᠠᠯᠠᠨ ᠨᠠᠮ᠎ᠤᠨ ᠤᠨᠤᠯ᠎ᠤᠨ ᠰᠢᠨ᠎ᠡ ᠡᠭᠦᠳᠦᠯᠲᠡ᠎ᠵᠢ ᠠᠬᠢᠭᠤᠯᠤᠭᠰᠠᠨ ᠴᠢᠬᠤᠯᠠ ᠶᠡᠬᠡ ᠦᠷ᠎ᠡ ᠪᠦᠲᠦᠭᠡᠯ ᠮᠥᠨ᠂ ᠨᠠᠮ ᠪᠠ ᠠᠷᠠᠳ ᠲᠦᠮᠡᠨ᠎ᠦ ᠦᠢᠯᠡᠳᠦᠯᠭᠡ᠎ᠵᠢᠨ ᠲᠤᠷᠰᠢᠯᠭ᠎ᠠ ᠪᠠ ᠬᠠᠮᠲᠤ᠎ᠵᠢᠨ ᠤᠶᠤᠨ ᠤᠬᠠᠭᠠᠨ᠎ᠤ ᠤᠬᠢ ᠪᠦᠲᠦᠭᠡᠯ ᠮᠥᠨ᠂ ᠰᠢ ᠵᠢᠨ ᠫᠢᠩ ᠎ᠦᠨ ᠰᠢᠨ᠎ᠡ ᠴᠠᠭ ᠦᠶ᠎ᠡ᠎ᠵᠢᠨ ᠳᠤᠮᠳᠠᠳᠤ  ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠮᠦᠨ᠂ ᠡᠨᠡ ᠨᠢ ᠰᠢᠨ᠎ᠡ ᠴᠠᠭ ᠦᠶ᠎ᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠶ᠋ᠢᠷᠡᠭᠦᠯᠦᠨ ᠠᠬᠢᠭᠤᠯᠬᠤ᠎ᠳᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭᠯᠡᠭᠦᠷ ᠬᠠᠩᠭᠠᠪᠠ᠃

(ᠭᠤᠷᠪᠠ) ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠃ ᠤᠷᠲᠤ᠌ ᠬᠤᠭᠤᠴᠠᠭᠠᠨ᠎ᠤ ᠴᠢᠷᠮᠠᠶ᠋ᠢᠯᠭ᠎ᠠ ᠢᠯᠠᠩᠭᠤᠶ᠎ᠠ ᠰᠢᠨ᠎ᠡ ᠴᠠᠭ ᠦᠶ᠎ᠡ᠎ᠵᠢᠨ ᠰᠢᠷᠭᠠᠭᠤ ᠬᠠᠲᠠᠭᠤᠵᠢᠯᠲᠠᠢ ᠲᠡᠮᠡᠴᠡᠯ ᠵᠢᠡᠷ ᠳᠠᠮᠵᠢᠨ᠂ ᠮᠠᠨ᠎ᠤ ᠤᠯᠤᠰ᠎ᠤᠨ ᠠᠵᠤ ᠠᠬᠤᠶ᠎ᠵᠢᠨ ᠪᠣᠳᠠᠲᠤ᠌ ᠬᠦᠴᠦᠨ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠣᠳᠠᠲᠤ᠌ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠵᠢᠨ ᠪᠣᠳᠠᠲᠤ᠌ ᠬᠦᠴᠦᠨ᠂ ᠤᠯᠤᠰ᠎ᠤᠨ ᠶᠡᠷᠦᠩᠬᠡᠶ ᠬᠦᠴᠦᠨ ᠪᠠ ᠳᠡᠯᠡᠬᠡᠶ ᠳᠡᠭᠡᠷᠡᠬᠢ ᠨᠥᠯᠥᠭᠡᠯᠡᠬᠦ᠌ ᠬᠦᠴᠦᠨ ᠢᠯᠡᠳᠲᠡ ᠳᠡᠭᠡᠭᠰᠢᠯᠡᠵᠦ᠍᠂ ᠲᠦᠷᠦ᠎ᠵᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ᠎ᠵᠢᠨ ᠣᠳᠣᠬᠢᠴᠢᠯᠠᠯᠲᠠ᠎ᠵᠢᠨ ᠳᠥᠪᠰᠢᠨ ᠢᠯᠡᠳᠲᠡ ᠳᠡᠭᠡᠭᠰᠢᠯᠡᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠠᠩ ᠢᠯᠡᠭᠦᠦ ᠪᠡᠶ᠎ᠡ ᠪᠡᠨ ᠢᠳᠡᠭᠡᠵᠦ᠍᠂ ᠪᠡᠶ᠎ᠡ ᠪᠠᠨ ᠲᠠᠭᠠᠭᠠᠵᠦ᠍᠂ ᠪᠡᠶ᠎ᠡ ᠪᠡᠨ ᠬᠦᠴᠦᠷᠭᠡᠭᠵᠢᠬᠦᠯᠵᠦ᠍᠂ ᠨᠡᠶ᠋ᠢᠭᠡᠮ ᠵᠢᠷᠤᠮᠲᠤ᠌ ᠣᠳᠣᠬᠢᠴᠢᠯᠠᠭᠰᠠᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠨᠡᠩ ᠪᠠᠲᠤ᠌ ᠪᠡᠬᠢ ᠪᠣᠳᠠᠰ᠎ᠤᠨ ᠰᠠᠭᠤᠷᠢ᠂ ᠨᠡᠩ ᠪᠦᠷᠢᠨ ᠲᠡᠭᠦᠯᠳᠡᠷ ᠪᠠᠶ᠋ᠢᠭᠤᠯᠤᠯ᠎ᠤᠨ ᠪᠠᠲᠤᠯᠠᠭ᠎ᠠ᠂ ᠨᠡᠩ  ᠰᠠᠨᠠᠭᠠᠴᠢᠯᠠᠭ᠎ᠠ  ᠲᠠᠢ ᠵᠤᠷᠢᠬ ᠰᠠᠨᠠᠭᠠᠨ᠎ᠤ  ᠬᠦᠴᠦᠨ ᠲᠠᠢ ᠪᠤᠯᠵᠤ᠂ ᠨᠠᠮ᠎ᠢ  ᠬᠠᠮᠢᠶᠠᠷᠴᠤ᠌  ᠨᠠᠮ᠎ᠢ  ᠵᠠᠰᠠᠬᠤ᠂ ᠨᠠᠮ᠎ᠢ ᠬᠥᠭᠵᠢᠭᠦᠯᠦᠨ ᠨᠠᠮ᠎ᠢ ᠬᠦᠴᠦᠷᠬᠡᠭᠵᠢᠭᠦᠯᠬᠦ᠌  ᠠᠵᠢᠯ  ᠬᠦᠴᠦᠷᠬᠡᠭ ᠶᠡᠬᠡ ᠢᠳᠡᠪᠬᠢ ᠬᠦᠴᠦᠨ᠎ᠢ ᠨᠢᠭᠲᠠᠷᠠᠭᠤᠯᠤᠨ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠳᠤ ᠮᠠᠰᠢ ᠤᠯᠠᠨ ᠠᠰᠢᠭᠲᠠᠶ ᠨᠥᠬᠥᠴᠡᠯ᠎ᠢ ᠪᠦᠷᠢᠯᠳᠦᠭᠦᠯᠪᠡ᠃ ᠡᠭᠦᠨ᠎ᠦ ᠬᠠᠮᠲᠤ᠌᠂ ᠳᠠᠯᠠᠬᠡᠢ᠎ᠵᠢᠨ ᠪᠠᠶ᠋ᠢᠳᠠᠯ ᠤᠯᠤᠰ᠎ᠤᠨ ᠪᠠᠶ᠋ᠢᠳᠠᠯ ᠨᠠᠮ᠎ᠤᠨ ᠪᠠᠶ᠋ᠢᠳᠠᠯ᠎ᠳᠤ ᠭᠦᠨᠵᠡᠭᠡᠢ ᠬᠤᠪᠢᠷᠠᠯᠲᠠ ᠭᠠᠷᠬᠤ᠎ᠵᠢ ᠳᠠᠭᠠᠯᠳᠤᠨ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠳᠤ ᠪᠠᠰᠠ ᠮᠠᠰᠢ ᠤᠯᠠᠨ ᠰᠢᠨ᠎ᠡ ᠪᠠᠶ᠋ᠢᠳᠠᠯ ᠰᠢᠨ᠎ᠡ ᠠᠰᠠᠭᠤᠳᠠᠯ  ᠲᠤᠯᠭᠠᠷᠠᠵᠤ ᠪᠠᠶ᠋ᠢᠬᠤ᠎ᠵᠢ ᠰᠡᠷᠭᠡᠭ ᠵᠢᠡᠷ  ᠣᠯᠵᠤ  ᠬᠠᠷᠠᠬᠤ ᠬᠡᠷᠡᠭᠲᠡᠶ᠃

ᠤᠯᠠᠨ ᠤᠯᠤᠰ᠎ᠤᠨ ᠪᠠᠶ᠋ᠢᠳᠠᠯ᠎ᠡᠴᠠ ᠦᠵᠡᠪᠡᠯ᠂ ᠳᠡᠯᠡᠬᠡᠢ ᠶᠢᠷᠳᠢᠨᠴᠤ᠌ ᠵᠢᠨ ᠵᠠᠭᠤᠨ ᠵᠢᠯ᠎ᠳᠦ ᠭᠠᠷᠤᠭ᠎ᠠ ᠦᠭᠡᠢ ᠶᠡᠬᠡ ᠬᠤᠪᠢᠰᠤᠯᠲᠠ ᠲᠦᠷᠭᠡᠰᠤᠨ ᠤᠯᠠᠷᠢᠵᠤ᠂ ᠰᠢᠨ᠎ᠡ ᠨᠢᠭᠡ ᠡᠭᠡᠯᠵᠢ᠎ᠵᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠪᠠ ᠠᠵᠤ ᠦᠢᠯᠡᠰ᠎ᠦᠨ ᠬᠤᠪᠢᠰᠤᠯᠲᠠ᠎ᠵᠢᠨ ᠰᠢᠪᠲᠤᠯᠤᠯᠲᠠ ᠲᠦᠷᠭᠡᠳᠴᠦ᠍᠂ ᠪᠦᠬᠦ᠌ ᠪᠥᠮᠪᠥᠷᠴᠡᠭ᠎ᠦᠨ ᠡᠮᠦᠨᠡᠲᠦ᠎ᠵᠢᠨ ᠬᠢᠨ ᠬᠠᠮᠲᠤᠯᠢᠭ᠎ᠤᠨ ᠴᠢᠨᠠᠷᠲᠠᠶ᠎ᠪᠠᠷ ᠬᠥᠭᠵᠢᠨ ᠮᠠᠨᠳᠤᠵᠤ᠂ ᠣᠯᠠᠨ ᠤᠯᠤᠰ᠎ᠤᠨ ᠬᠦᠴᠦᠨ᠎ᠦ ᠬᠠᠷᠢᠴᠠᠯ᠎ᠳᠤ ᠭᠦᠨᠵᠡᠭᠡᠶ ᠲᠣᠬᠢᠷᠠᠭᠤᠯᠤᠯᠲᠠ ᠭᠠᠷᠴᠤ᠌᠂ ᠭᠠᠭᠴᠠ ᠲᠠᠯᠠᠲᠤ᠌ ᠦᠵᠡᠯ᠂ ᠬᠠᠮᠠᠭᠠᠯᠠᠬᠤ ᠦᠵᠡᠯ ᠰᠢᠷᠦᠭᠦᠰᠦᠨ᠂ ᠡᠵᠡᠷᠬᠡᠬᠦ᠌ ᠦᠵᠡᠯ ᠪᠠ ᠬᠦᠴᠦᠷᠬᠡᠭᠯᠡᠯ᠎ᠦᠨ ᠤᠯᠤᠰ ᠲᠥᠷᠥ᠎ᠵᠢᠨ ᠰᠦᠷᠳᠡᠭᠦᠯᠦᠯ ᠨᠡᠮᠡᠭᠳᠡᠵᠦ᠍᠂ ᠭᠠᠵᠠᠷ ᠣᠷᠣᠨ᠎ᠤ ᠮᠥᠷᠭᠥᠯᠳᠦᠭᠡᠨ ᠪᠠ ᠬᠡᠰᠡᠭ ᠲᠠᠯ᠎ᠠ᠎ᠵᠢᠨ ᠳᠠᠶ᠋ᠢᠨ ᠲᠠᠰᠤᠷᠠᠯᠲᠠ ᠦᠭᠡᠢ ᠦᠷᠭᠦᠯᠵᠢᠯᠡᠨ᠂ ᠳᠡᠯᠡᠬᠡᠶ᠎ᠵᠢᠨ ᠠᠵᠤ ᠠᠬᠤᠢ᠎ᠵᠢᠨ ᠨᠡᠮᠡᠭᠳᠡᠯ᠎ᠤᠨ ᠬᠥᠳᠡᠯᠭᠡᠭᠴᠢ ᠡᠨᠧᠷᠭᠢ ᠬᠦᠢᠴᠡᠳ ᠪᠤᠰᠤ ᠪᠠᠶ᠋ᠢᠵᠤ᠂ ᠪᠥᠬᠥ᠌ ᠪᠥᠮᠪᠥᠷᠴᠡᠭ᠎ᠤᠨ ᠴᠢᠨᠠᠷᠳᠡᠢ ᠰᠢᠯᠭᠠᠯᠳᠠ ᠬᠣᠶ᠋ᠢᠨ᠎ᠠ ᠬᠣᠶ᠋ᠢᠨ᠎ᠠ᠎ᠡᠴᠠ᠎ᠪᠠᠨ ᠵᠠᠯᠭᠠᠯᠳᠤᠨ ᠢᠷᠡᠵᠦ᠍᠂ ᠳᠡᠯᠡᠬᠡᠢ ᠶᠢᠷᠲᠢᠨᠴᠦ᠍ ᠦᠢᠮᠡᠭᠡᠨ ᠳᠡᠪᠵᠢᠶᠡᠨ᠎ᠲᠡᠶ ᠰᠢᠨ᠎ᠡ ᠬᠤᠪᠢᠰᠤᠯᠲᠠ᠎ᠵᠢᠨ ᠬᠤᠭᠤᠴᠠᠭᠠᠨ᠎ᠳᠤ ᠣᠷᠣᠭᠰᠠᠨ᠎ᠵᠢᠡᠷ᠂ ᠭᠠᠳᠠᠭᠠᠳᠤ ᠣᠷᠴᠢᠨ ᠨᠦᠬᠦᠴᠡᠯ᠎ᠦᠨ ᠮᠠᠭᠠᠳ ᠪᠤᠰᠤ ᠪᠠ ᠲᠥᠰᠦᠭᠡᠯᠡᠬᠦᠶ᠎ᠡ ᠪᠡᠷᠬᠡ ᠬᠦᠴᠦᠨ ᠵᠦᠢᠯ᠎ᠤᠳ ᠨᠡᠮᠡᠭᠳᠡᠵᠦ᠍ ᠪᠠᠶ᠋ᠢᠨ᠎ᠠ᠃ ᠨᠠᠮ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ᠎ᠵᠢᠨ ᠠᠰᠢᠭ ᠲᠤᠰᠠ᠎ᠵᠢ ᠬᠠᠮᠠᠭᠠᠯᠠᠬᠤ ᠡᠭᠦᠷᠭᠡ ᠨᠡᠩ ᠬᠠᠲᠠᠭᠤ ᠪᠡᠷᠬᠡ ᠪᠣᠯᠵᠤ ᠪᠠᠶ᠋ᠢᠨ᠎ᠠ᠃

ᠤᠯᠤᠰ᠎ᠤᠨ ᠳᠣᠲᠣᠭᠠᠳᠤ᠎ᠵᠢᠨ ᠪᠠᠶ᠋ᠢᠳᠠᠯ᠎ᠡᠴᠠ ᠦᠵᠡᠪᠡᠯ᠂ ᠮᠠᠨ᠎ᠤ ᠤᠯᠤᠰ᠎ᠤᠨ ᠬᠥᠭᠵᠢᠯᠲᠡ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠵᠢ ᠦᠨᠳᠦᠰᠦᠨ᠎ᠳᠡᠭᠡᠨ ᠪᠡᠶᠡᠯᠡᠭᠦᠯᠬᠦ᠌ ᠳ᠋ᠤ ᠰᠠᠭᠤᠷᠢ᠎ᠵᠢ ᠪᠠᠲᠤᠳᠬᠠᠬᠤ᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠵᠢᠨ ᠬᠤᠭᠤᠴᠠᠭᠠᠨ᠎ᠳᠦ ᠣᠷᠣᠵᠤ᠂ ᠬᠥᠭᠵᠢᠯᠲᠡ᠎ᠵᠢᠨ ᠲᠡᠩᠴᠡᠭᠦᠷᠢ ᠦᠭᠡᠢ ᠭᠦᠢᠴᠡᠳ ᠦᠭᠡᠢ ᠪᠠᠶ᠋ᠢᠬᠤ ᠠᠰᠠᠭᠤᠳᠠᠯ ᠮᠥᠨ ᠬᠦ᠌ ᠲᠤᠪᠤᠢ᠌ᠮ᠎ᠠ ᠪᠠᠶ᠋ᠢᠵᠤ᠂ ᠬᠥᠮᠦᠨ ᠠᠮᠠ᠎ᠵᠢᠨ ᠪᠦᠲᠦᠴᠡ᠂ ᠨᠡᠶ᠋ᠢᠭᠡᠮ᠎ᠦᠨ ᠬᠠᠮᠲᠤᠯᠢᠭ᠂ ᠠᠰᠢᠭ ᠲᠤᠰᠠ᠎ᠵᠢᠨ ᠪᠠᠶ᠋ᠢᠷᠢᠰᠢᠯ ᠵᠡᠷᠭᠡ ᠦᠷᠭᠦᠯᠵᠢᠯᠡᠨ ᠬᠤᠪᠢᠷᠠᠵᠤ᠂ ᠳ᠋ᠢᠵᠢᠲ᠋ᠠᠯᠴᠢᠯᠠᠯᠲᠠ᠂ ᠰᠦᠯᠵᠢᠶᠡᠵᠢᠯᠲᠡ᠂ ᠤᠶᠤᠨᠴᠢᠯᠠᠯᠲᠠ ᠲᠦᠷᠭᠡᠰᠦᠨ ᠬᠥᠭᠵᠢᠵᠦ᠍᠂ ᠨᠡᠶ᠋ᠢᠭᠡᠮ᠎ᠦᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ ᠪᠠ ᠵᠣᠬᠢᠶᠠᠨ ᠪᠠᠶ᠋ᠢᠭᠤᠯᠤᠯᠲᠠ᠎ᠵᠢᠨ ᠬᠡᠯᠪᠡᠷᠢ ᠨᠠᠩ ᠣᠯᠠᠨ ᠶᠠᠩᠵᠤ᠎ᠵᠢᠨ ᠪᠣᠯᠵᠤ᠂ ᠡᠯ᠎ᠡ ᠵᠦᠢᠯ᠎ᠦᠨ ᠦᠵᠡᠯ ᠰᠠᠨᠠᠭ᠎ᠠ ᠪᠠ ᠥᠷᠲᠡᠭ᠎ᠦᠨ ᠦᠵᠡᠯᠲᠡ ᠰᠣᠯᠪᠢᠴᠠᠨ ᠮᠥᠷᠭᠥᠯᠳᠦᠵᠦ᠍᠂ ᠥᠭᠡᠷᠡᠴᠢᠯᠡᠯᠲᠡ᠎ᠵᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠴᠢᠨᠠᠷ ᠰᠠᠶ᠋ᠢᠲᠠᠶ ᠬᠥᠭᠵᠢᠯᠲᠡ᠎ᠵᠢ ᠠᠬᠢᠭᠤᠯᠬᠤ᠂ ᠨᠡᠶ᠋ᠢᠭᠡᠮ᠎ᠦᠨ ᠪᠠᠶ᠋ᠢᠭᠤᠯᠤᠯᠲᠠ ᠪᠠ ᠵᠠᠰᠠᠯᠲᠠ᠎ᠵᠢ ᠴᠢᠩᠭᠠᠳᠬᠠᠬᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠯᠡᠬᠦ᠂ᠨᠡᠶ᠋ᠢᠭᠡᠮ᠎ᠦᠨ ᠠᠮᠢᠵᠢᠷᠠᠯ᠎ᠤᠨ ᠬᠦᠴᠦᠨ᠎ᠢ ᠬᠥᠭᠵᠢᠭᠡᠨ ᠴᠢᠩᠭᠠᠷᠠᠭᠤᠯᠬᠤ ᠵᠡᠷᠭᠡ᠎ᠳᠦ ᠴᠥᠭᠡᠨ ᠪᠤᠰᠤ ᠰᠢᠨ᠎ᠡ ᠰᠡᠳᠦᠪ ᠲᠤᠯᠭᠠᠷᠠᠵᠤ ᠪᠠᠶ᠋ᠢᠨ᠎ᠠ᠃ ᠨᠠᠮ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠥᠭᠡᠷᠡᠴᠢᠯᠡᠯᠲᠡ ᠬᠥᠭᠵᠢᠯᠲᠡ᠎ᠵᠢ ᠠᠬᠢᠭᠤᠯᠬᠤ᠂ ᠨᠡᠶ᠋ᠢᠭᠡᠮ᠎ᠦᠨ ᠡᠶ᠎ᠡ ᠵᠣᠬᠢᠴᠠᠯ ᠲᠣᠭᠲᠠᠭᠤᠨ ᠪᠠᠶ᠋ᠢᠳᠠᠯ᠎ᠢ ᠬᠠᠮᠠᠭᠠᠯᠠᠬᠤ ᠡᠭᠦᠷᠭᠡ  ᠨᠡᠩ  ᠬᠠᠲᠠᠭᠤ  ᠪᠡᠷᠬᠡ ᠪᠣᠯᠵᠤ ᠪᠠᠶ᠋ᠢᠨ᠎ᠠ᠃

ᠨᠠᠮ᠎ᠤᠨ ᠳᠣᠲᠣᠭᠠᠳᠤ᠎ᠵᠢᠨ ᠪᠠᠶ᠋ᠢᠳᠠᠯ᠎ᠡᠴᠠ ᠦᠵᠡᠪᠡᠯ᠂ ᠨᠠᠮ᠎ᠤᠨ ᠡᠩᠨᠡᠭᠡ᠎ᠳᠦ ᠪᠦᠲᠦᠴᠡ᠎ᠵᠢᠨ ᠴᠢᠨᠠᠷᠲᠠᠶ ᠬᠤᠪᠢᠷᠠᠯᠲᠠ ᠭᠠᠷᠴᠤ᠌᠂ ᠥᠭᠡᠷᠡᠴᠢᠯᠡᠯᠲᠡ ᠨᠡᠭᠡᠭᠡᠯᠳᠡ ᠬᠢᠭᠰᠡᠨ᠎ᠦ ᠲᠠᠷᠠᠭ᠎ᠠ ᠲᠦᠷᠦᠭᠰᠡᠨ ᠨᠠᠮ᠎ᠤᠨ ᠭᠡᠰᠢᠭᠦᠨ᠂ ᠺᠠᠳ᠋ᠷ᠎ᠤᠨ ᠬᠠᠷᠢᠴᠠᠯ ᠤᠯᠠᠮ᠎ᠡᠴᠠ ᠤᠯᠠᠮ ᠶᠡᠭᠡᠰᠦᠬᠡᠳ᠂ ᠬᠥᠮᠦᠵᠢᠯ ᠬᠠᠮᠢᠶᠠᠷᠤᠯᠲᠠ᠎ᠳᠤ ᠰᠢᠨ᠎ᠡ ᠱᠠᠭᠠᠷᠳᠠᠯᠭ᠎ᠠ ᠳᠤᠷᠠᠳᠪᠠ᠃ ᠨᠠᠮ᠎ᠤᠨ ᠡᠩᠨᠡᠭᠡᠨ᠎ᠦ ᠭᠣᠤᠯ ᠤᠷᠤᠰᠬᠠᠯ ᠰᠠᠢ᠌ᠨ ᠪᠠᠶ᠋ᠢᠨ᠎ᠠ᠂ ᠭᠡᠪᠡᠴᠦ᠍ ᠦᠵᠡᠯ ᠰᠠᠨᠠᠭ᠎ᠠ ᠴᠡᠪᠡᠷ ᠪᠤᠰᠤ᠂ ᠵᠣᠬᠢᠶᠠᠨ ᠪᠠᠶ᠋ᠢᠭᠤᠯᠤᠯᠲᠠ ᠴᠡᠪᠡᠷ ᠪᠤᠰᠤ ᠂ ᠣᠪᠣᠷ ᠰᠤᠷᠲᠠᠯ ᠴᠡᠪᠡᠷ ᠪᠤᠰᠤ ᠪᠠᠶ᠋ᠢᠬᠤ ᠠᠰᠠᠭᠤᠳᠠᠯ᠎ᠢ ᠬᠠᠷᠠᠬᠠᠨ ᠦᠨᠳᠦᠰᠦᠨ᠎ᠡᠴᠡ ᠨᠢ ᠰᠢ᠌ᠳᠪᠦᠷᠢᠯᠡᠭᠡᠳᠦᠶ ᠪᠠᠶ᠋ᠢᠭᠰᠠᠭᠠᠷ᠃ ᠬᠡᠰᠡᠭ ᠨᠠᠮ᠎ᠤᠨ ᠭᠡᠰᠢᠭᠦᠨ᠂ ᠺᠠᠳ᠋ᠷ᠎ᠤᠨ ᠬᠡᠪ ᠴᠢᠨᠠᠷ ᠪᠠ ᠴᠢᠳᠠᠪᠤᠷᠢ ᠨᠢ ᠴᠠᠭ ᠦᠶ᠎ᠡ᠎ᠵᠢᠨ ᠬᠥᠭᠵᠢᠯᠲᠡ᠎ᠵᠢᠨ ᠱᠠᠭᠠᠷᠳᠠᠯᠭ᠎ᠠ ᠲᠠᠢ ᠵᠣᠬᠢᠴᠠᠬᠤ ᠦᠭᠡᠢ ᠪᠠᠶ᠋ᠢᠨ᠎ᠠ᠃ ᠳᠡᠭᠡᠳᠦ ᠵᠡᠷᠭᠡ᠎ᠵᠢᠨ ᠺᠠᠳ᠋ᠷ᠎ᠢ ᠪᠠᠭᠲᠠᠭᠠᠭᠰᠠᠨ ᠴᠥᠭᠡᠨ ᠲᠣᠭᠠᠨ᠎ᠤ ᠨᠠᠮ᠎ᠤᠨ ᠭᠡᠰᠢᠭᠦᠨ᠂ ᠺᠠᠳ᠋ᠷ᠎ᠤᠨ ᠨᠠᠮᠴᠢ ᠴᠢᠨᠠᠷ ᠴᠢᠩᠭ᠎ᠠ ᠪᠤᠰᠤ᠂ ᠬᠦᠰᠡᠯᠡᠩ ᠢᠲᠡᠭᠡᠯ ᠵᠤᠷᠢᠭ ᠨᠢ ᠭᠤᠶ᠋ᠢᠪᠢᠯᠵᠠᠨ ᠴᠢᠨᠠᠭᠰᠢᠯᠠᠪᠠᠯ ᠠᠯᠳᠠᠭᠳᠠᠵᠤ᠂ ᠣᠯᠠᠨ ᠲᠦᠮᠡᠨᠴᠢ ᠬᠠᠶ᠋ᠢᠷ᠎ᠠ ᠰᠡᠳᠬᠢᠯᠭᠡ ᠨᠢ ᠬᠥᠨ ᠪᠢᠰᠢ᠂ ᠵᠠᠰᠠᠭ᠎ᠤ᠋ᠨ ᠠᠵᠢᠯ᠎ᠤᠨ ᠠᠮᠵᠢᠯᠲᠠ᠎ᠵᠢᠨ ᠲᠤᠬᠠᠶ ᠦᠵᠡᠯᠲᠡ ᠨᠢ ᠡᠨᠳᠡᠭᠦᠦ ᠪᠤᠷᠤᠭᠤ ᠪᠤᠯᠵᠤ᠂ ᠬᠡᠯᠪᠡᠷᠢ᠎ᠵᠢᠨ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ᠌ ᠦᠵᠡᠯ ᠪᠣᠯᠤᠨ ᠱᠠᠯᠢᠨ ᠪᠦᠷᠢᠯᠭᠡᠬᠦ᠌ ᠰᠤᠷᠲᠠᠯ ᠬᠦᠨᠳᠦ ᠨᠣᠴᠢᠲᠠᠶ ᠪᠠᠢ᠌ᠵᠤ᠂ ᠲᠡᠮᠡᠴᠡᠯ᠎ᠦᠨ ᠵᠣᠷᠢᠭ ᠰᠠᠨᠠᠭ᠎ᠠ ᠬᠦᠷᠦᠯᠴᠡᠬᠦ᠌ ᠦᠭᠡᠢ᠂ ᠬᠠᠷᠢᠭᠤᠴᠠᠯᠭ᠎ᠠ ᠡᠭᠦᠷᠭᠡᠯᠡᠬᠦ᠌ ᠦᠭᠡᠢ ᠠᠵᠢᠯ ᠬᠢᠬᠦ᠌ ᠦᠭᠡᠢ᠂ ᠰᠠᠬᠢᠯᠭ᠎ᠠ ᠪᠠᠲᠤ᠌ ᠶᠣᠰᠣ ᠳᠦᠷᠢᠮ᠎ᠢ ᠰᠠᠬᠢᠬᠤ ᠦᠭᠡᠢ᠂ ᠴᠢᠨᠠᠭᠰᠢᠯᠠᠪᠠᠯ ᠡᠷᠬᠡ ᠪᠡᠨ ᠠᠰᠢᠭᠯᠠᠨ ᠠᠮᠢ ᠪᠠᠨ ᠪᠣᠷᠳᠣᠵᠤ᠂ ᠢᠯᠵᠢᠷᠠᠨ ᠲᠤᠷᠤᠢ᠌ᠳᠠᠵᠤ ᠪᠠᠢ᠌ᠨ᠎ᠠ᠃ ᠵᠠᠷᠢᠮ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠤᠯᠤᠰ ᠲᠥᠷᠥ᠎ᠵᠢᠨ ᠴᠢᠳᠠᠮᠵᠢ ᠪᠠ ᠵᠣᠬᠢᠶᠠᠨ ᠪᠠᠶ᠋ᠢᠭᠤᠯᠤᠯᠲᠠ᠎ᠵᠢᠨ ᠴᠢᠳᠠᠮᠵᠢ ᠨᠢ ᠴᠢᠩᠭ᠎ᠠ ᠪᠤᠰᠤ ᠴᠢᠨᠠᠭᠰᠢᠯᠠᠪᠠᠯ ᠲᠤᠷᠤᠢ ᠪᠠᠭᠤᠷᠠᠶ ᠰᠤᠯᠠ ᠵᠠᠳᠠᠭᠠᠶ ᠪᠠᠢ᠌ᠨ᠎ᠠ᠂ ᠵᠠᠷᠢᠮ ᠬᠦᠷᠢᠶ᠎ᠡ ᠢᠯᠠᠩᠭᠤᠶ᠎ᠠ ᠰᠢᠨ᠎ᠡ ᠪᠡᠷ ᠬᠥᠭᠵᠢᠭᠰᠡᠨ ᠬᠦᠷᠢᠶᠡᠨ᠎ᠳᠡᠬᠢ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠪᠦᠷᠬᠦᠴᠡ ᠪᠠ ᠠᠵᠢᠯ᠎ᠤᠨ ᠪᠦᠷᠬᠦᠴᠡ ᠨᠢ ᠪᠦᠬᠥ᠌ ᠲᠠᠯ᠎ᠠ ᠵᠢᠨ ᠪᠤᠰᠤ᠂ ᠪᠦᠲᠦᠮᠵᠢᠳᠠᠢ ᠪᠤᠰᠤ ᠪᠠᠶ᠋ᠢᠨ᠎ᠠ᠃ ᠵᠠᠷᠢᠮ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠤᠳᠤᠷᠢᠳᠬᠤ ᠺᠠᠳ᠋ᠷ᠎ᠤᠨ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠠᠨᠢᠯᠲᠠ ᠨᠢ ᠬᠥᠷᠤᠯᠴᠠᠬᠥ᠌ ᠦᠭᠡᠢ᠂ ᠬᠠᠷᠢᠭᠤᠴᠠᠯᠭ᠎ᠠ ᠪᠠᠨ ᠨᠠᠶ᠋ᠢᠳᠠᠪᠤᠷᠢᠵᠢᠭᠤᠯᠬᠤ ᠦᠭᠡᠢ᠂ ᠠᠵᠢᠯ ᠨᠢ ᠡᠷᠴᠢᠮ ᠮᠠᠭᠤᠳᠠᠢ᠂ ᠳᠦᠷᠢᠮ᠎ᠢ ᠬᠡᠷᠡᠭᠵᠢᠬᠦᠯᠦᠭᠰᠡᠨ᠎ᠵᠢᠡᠷ ᠴᠢᠩᠭ᠎ᠠ ᠪᠢᠰᠢ᠂ ᠲᠤᠪᠤᠢ᠌ᠮ᠎ᠠ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠬᠦ᠌ ᠪᠠ ᠪᠦᠲᠦᠮᠵᠢᠲᠡᠶ ᠰᠢ᠌ᠳᠪᠦᠷᠢᠯᠡᠵᠦ᠍ ᠴᠢᠳᠠᠬᠤ ᠦᠭᠡᠢ᠂ ᠴᠢᠨᠠᠭᠰᠢᠯᠠᠪᠠᠯ ᠭᠠᠵᠢᠭᠤ ᠰᠤᠷᠲᠠᠯ᠎ᠦᠨ ᠡᠭᠦᠰᠤᠨ ᠳᠡᠯᠭᠡᠷᠡᠬᠦ᠌ ᠵᠢ ᠲᠤᠷ᠎ᠠ ᠪᠡᠷ ᠨᠢ ᠲᠠᠯᠪᠢᠵᠤ ᠪᠠᠢ᠌ᠨ᠎ᠠ᠃ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠵᠢᠡᠨ ᠪᠠᠲᠤᠯᠠᠬᠤ ᠡᠭᠦᠷᠭᠡ ᠨᠡᠩ ᠬᠠᠲᠠᠭᠤ ᠪᠡᠷᠬᠡ ᠪᠤᠯᠵᠤ ᠪᠠᠢ᠌ᠨ᠎ᠠ᠃

ᠡᠳᠡᠭᠡᠷ ᠰᠢᠨ᠎ᠡ ᠪᠠᠢ᠌ᠳᠠᠯ ᠰᠢᠨ᠎ᠡ ᠠᠰᠠᠭᠤᠳᠠᠯ ᠨᠢ ᠨᠠᠮ᠎ᠤᠨ ᠰᠢᠨ᠎ᠡ ᠪᠠᠶ᠋ᠢᠳᠠᠯ ᠳᠣᠤᠷᠠᠬᠢ ᠲᠥᠷᠥ᠍ ᠪᠠᠷᠢᠬᠤ ᠴᠢᠳᠠᠪᠤᠷᠢ᠂ ᠤᠳᠤᠷᠢᠳᠬᠤ ᠬᠢᠷᠢ ᠬᠡᠮᠵᠢᠶ᠎ᠡ᠂ ᠡᠩᠨᠡᠭᠡ᠎ᠵᠢᠨ ᠬᠡᠪ ᠴᠢᠨᠠᠷ᠂ ᠢᠯᠵᠢᠷᠠᠯ᠎ᠢ ᠡᠰᠡᠷᠭᠦᠴᠡᠨ ᠬᠤᠪᠢᠷᠠᠬᠤ ᠵᠢ ᠰᠡᠷᠭᠡᠶ᠋ᠢᠯᠡᠬᠦ᠌᠎ᠳᠤ ᠬᠦᠨᠳᠦ ᠶᠡᠬᠡ ᠰᠢᠯᠭᠠᠯᠳᠠ ᠠᠪᠴᠢᠷᠠᠵᠤ᠂ ᠨᠠᠮ᠎ᠳᠤ ᠲᠤᠯᠭᠠᠷᠠᠵᠤ ᠪᠠᠶ᠋ᠢᠭ᠎ᠠ ᠲᠥᠷᠥ᠍ ᠪᠠᠷᠢᠬᠤ ᠰᠢᠯᠭᠠᠯᠲᠠ᠂ ᠥᠭᠡᠷᠡᠴᠢᠯᠡᠯᠲᠡ ᠨᠡᠭᠡᠭᠡᠯᠲᠡ ᠬᠢᠬᠥ᠌ ᠰᠢᠯᠭᠠᠯᠲᠠ᠂ ᠵᠠᠬ᠎ᠠ ᠳᠡᠯᠭᠡᠭᠦᠷ᠎ᠦᠨ ᠠᠵᠤ ᠠᠬᠤᠶ᠎ᠵᠢᠨ ᠰᠢᠯᠭᠠᠯᠲᠠ᠂ ᠭᠠᠳᠠᠭᠠᠳᠤ ᠣᠷᠴᠢᠨ ᠨᠦᠬᠥᠴᠡᠯ᠎ᠦᠨ ᠰᠢᠯᠭᠠᠯᠲᠠ ᠪᠣᠯᠤᠨ ᠤᠶᠤᠨ ᠰᠠᠨᠠᠭ᠎ᠠ ᠴᠠᠯᠠᠭᠠᠢ᠌ᠷᠠᠬᠤ ᠠᠶᠤᠯ᠂ ᠴᠢᠳᠠᠪᠤᠷᠢ ᠮᠡᠬᠦᠰᠳᠡᠬᠦ᠌ ᠠᠶᠤᠯ᠂ ᠤᠯᠠᠨ ᠲᠦᠮᠡᠨ ᠡᠴᠡ ᠬᠥᠨᠳᠡᠢ᠌ᠷᠡᠬᠦ᠌ ᠠᠶᠤᠯ᠂ ᠨᠠᠵᠠᠭᠠᠢ᠌ᠷᠠᠵᠤ ᠢᠯᠵᠢᠷᠠᠨ ᠲᠤᠷᠤᠢ᠌ᠳᠠᠬᠤ ᠠᠶᠤᠯ ᠪᠣᠯ ᠤᠷᠳᠤ ᠬᠤᠭᠤᠴᠠᠭᠠᠨ᠎ᠦ᠂ ᠲᠦᠪᠡᠭ ᠪᠤᠳᠤᠯᠢᠶᠠᠨᠳᠠᠢ᠂ ᠬᠥᠨᠳᠤ ᠬᠡᠴᠡᠬᠥᠤ ᠪᠠᠢ᠌ᠭ᠎ᠠ ᠪᠤᠯᠬᠤᠷ᠂ ᠲᠤᠮᠤ ᠨᠠᠮ᠎ᠳᠤ ᠯᠡ ᠪᠠᠶ᠋ᠢᠳᠠᠭ ᠪᠡᠷᠬᠡ ᠰᠡᠳᠦᠪ᠎ᠢ ᠰᠢ᠌ᠳᠪᠦᠷᠢᠯᠡᠬᠦ᠌᠎ᠳᠦ ᠨᠡᠩ ᠬᠠᠲᠠᠭᠤᠵᠢᠯᠲᠠᠶ ᠴᠢᠷᠮᠠᠶ᠋ᠢᠯᠭ᠎ᠠ ᠭᠠᠷᠭᠠᠬᠤ ᠴᠢᠬᠤᠯᠠᠳᠠᠢ ᠪᠠᠢ᠌ᠨ᠎ᠠ᠃ ᠤᠷᠲᠤ᠌ ᠬᠤᠭᠤᠴᠠᠭ᠎ᠠ ᠪᠠᠷ ᠲᠦᠷᠦ᠍ ᠪᠠᠷᠢᠬᠤ ᠳᠤᠲᠤᠮ᠂ ᠤᠳᠠᠭᠠᠨ ᠬᠤᠭᠤᠴᠠᠭ᠎ᠠ ᠠᠮᠤᠷ ᠲᠤᠬᠳᠠᠭᠤᠨ ᠪᠠᠢ᠌ᠬᠤ ᠲᠤᠳᠤᠮ᠂ ᠣᠷᠴᠢᠨ ᠨᠦᠬᠥᠴᠡᠯ ᠪᠤᠳᠤᠯᠢᠶᠠᠨᠲᠠᠶ ᠪᠤᠯᠬᠤ ᠲᠤᠳᠤᠮ᠂ ᠤᠯᠠᠮ ᠢᠯᠡᠬᠥᠤ ᠰᠠᠨᠠᠭᠠᠰᠢᠷᠠᠨ ᠵᠣᠪᠠᠨᠢᠬᠤ ᠤᠬᠠᠮᠰᠠᠷ᠎ᠵᠢᠡᠨ ᠴᠢᠨᠭ᠌ᠭᠠᠳᠬᠠᠨ᠂ ᠠᠮᠤᠷ ᠲᠦᠪᠰᠢᠨ ᠪᠠᠢ᠌ᠬᠤ ᠦᠶ᠎ᠡ᠎ᠳᠡᠭᠡᠨ ᠠᠶᠤᠯ ᠲᠦᠭᠰᠢᠬᠦᠷᠢ ᠵᠢ ᠪᠤᠳᠤᠯᠬᠢᠯᠠᠵᠤ᠂ ᠨᠠᠮ᠎ᠵᠢᠡᠨ ᠰᠠᠶ᠋ᠢᠲᠤᠷ ᠪᠠᠶ᠋ᠢᠭᠤᠯᠵᠤ᠂ ᠬᠦᠴᠦᠷᠬᠡᠭᠵᠢᠭᠦᠯᠦᠨ ᠪᠠᠶ᠋ᠢᠭᠤᠯᠬᠤ ᠬᠡᠷᠡᠭᠲᠡᠢ᠃

ᠪᠦᠬᠦ᠌ ᠨᠠᠮ᠎ᠵᠢᠡᠷ ᠵᠢᠡᠨ ᠡᠷᠬᠡᠪᠰᠢ ᠨᠠᠮ᠎ᠤᠨ ᠤᠷᠳᠤ ᠬᠤᠭᠤᠴᠠᠭ᠎ᠠ ᠪᠠᠷ ᠲᠥᠷᠥ᠍ ᠪᠠᠷᠢᠬᠤ ᠪᠠᠶ᠋ᠢᠷᠢ ᠰᠠᠭᠤᠷᠢ᠎ᠵᠢ ᠪᠡᠬᠢᠵᠢᠭᠦᠯᠬᠦ᠂ ᠳᠤᠮᠳᠠᠳᠤ᠎ᠵᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠵᠢ ᠪᠡᠶᠡᠯᠡᠭᠦᠯᠬᠦ᠌ ᠪᠠᠶ᠋ᠢᠯᠳᠤᠬᠤ ᠪᠣᠳᠣᠯᠭ᠎ᠠ᠎ᠵᠢᠨ ᠦᠨᠳᠦᠷᠴᠡ ᠡᠴᠡ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠶ ᠲᠠᠨᠢᠵᠤ᠂ ᠢᠲᠡᠭᠡᠯ ᠵᠣᠷᠢᠭ᠎ᠵᠢᠡᠨ ᠪᠠᠲᠤᠳᠬᠠᠨ᠂ ᠪᠠᠲᠤ᠌ ᠬᠦᠴᠦᠨ᠎ᠵᠢᠡᠨ ᠬᠠᠳᠠᠭᠠᠯᠠᠵᠤ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠡᠷ ᠰᠢᠨ᠎ᠡ ᠴᠠᠭ ᠦᠶ᠎ᠡ᠎ᠵᠢᠨ ᠨᠠᠮ᠎ᠢ ᠪᠥᠬᠥ᠌ ᠲᠠᠯ᠎ᠠ ᠪᠠᠷ ᠴᠢᠩᠭ᠎ᠠ ᠵᠠᠰᠠᠬᠰᠠᠨ ᠡᠷᠬᠢᠮ ᠨᠠᠨᠳᠢᠨ ᠲᠤᠷᠰᠢᠯᠭ᠎ᠠ᠎ᠵᠢ ᠰᠠᠶ᠋ᠢᠲᠤᠷ ᠪᠠᠷᠢᠮᠲᠠᠯᠠᠨ᠂ ᠰᠠᠶ᠋ᠢᠲᠤᠷ ᠬᠡᠷᠡᠭᠯᠡᠵᠤ᠂ ᠨᠠᠮ᠎ᠤᠨ ᠪᠠᠶ᠋ᠢᠭᠤᠯᠤᠯᠲᠠ᠎ᠳᠤ ᠲᠤᠯᠭᠠᠷᠠᠵᠤ ᠪᠠᠶ᠋ᠢᠭ᠎ᠠ ᠲᠤᠪᠤᠢ᠌ᠮ᠎ᠠ ᠠᠰᠠᠭᠤᠳᠠᠯ᠎ᠢ ᠰᠠᠶ᠋ᠢᠲᠤᠷ ᠴᠡᠭᠴᠡᠯᠡᠨ ᠵᠠᠰᠠᠵᠤ᠂ ᠰᠠᠶ᠋ᠢᠲᠤᠷ ᠰᠢ᠌ᠳᠪᠦᠷᠢᠯᠡᠨ᠂ ᠨᠠᠮ᠎ᠢ ᠬᠠᠮᠢᠶᠠᠷᠴᠤ᠌ ᠨᠠᠮ᠎ᠢ ᠵᠠᠰᠠᠭᠠᠳ ᠪᠤᠢ ᠪᠣᠯᠭᠠᠭᠰᠠᠨ ᠰᠠᠢ᠌ᠨ ᠰᠠᠶ᠋ᠢᠬᠠᠨ ᠤᠯᠤᠰ ᠲᠦᠷᠦ᠎ᠵᠢᠨ ᠪᠠᠶ᠋ᠢᠳᠠᠯ᠎ᠢ ᠰᠠᠶ᠋ᠢᠲᠤᠷ ᠪᠡᠬᠢᠵᠢᠭᠦᠯᠵᠦ᠍᠂ ᠰᠠᠶ᠋ᠢᠲᠤᠷ ᠬᠥᠭᠵᠢᠭᠦᠯᠬᠦ᠌ ᠬᠡᠷᠡᠭᠲᠡᠢ᠃

(ᠲᠦᠷᠪᠡ) ᠨᠠᠮ᠎ᠢ ᠪᠦᠬᠦ᠌ ᠲᠠᠯ᠎ᠠ ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠵᠢᠨ ᠵᠢᠯᠣᠭᠣᠳᠬᠤ ᠦᠵᠡᠯ ᠰᠠᠨᠠᠭ᠎ᠠ ᠪᠣᠯ᠄ ᠮᠠᠷᠺᠰ ᠯᠧᠨᠢᠨ᠎ᠦ ᠦᠵᠡᠯ᠂ ᠮᠠᠤ ᠽᠸ ᠳ᠋ᠦᠩ ᠎ᠦᠨ ᠦᠵᠡᠯ ᠰᠠᠨᠠᠭ᠎ᠠ᠂ ᠳ᠋ᠧᠩ ᠰᠢᠶᠣᠤ ᠫᠢᠩ᠎ᠦᠨ ᠣᠨᠣᠯ᠂ 《ᠭᠤᠷᠪᠠ᠎ᠵᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠰᠢᠨᠵᠢᠯᠡᠬᠦ᠌ ᠤᠬᠠᠭᠠᠨᠴᠢ ᠬᠥᠭᠵᠢᠯᠲᠡ᠎ᠵᠢᠨ ᠦᠵᠡᠯᠲᠡ᠎ᠵᠢ ᠪᠠᠷᠢᠮᠲᠠᠯᠠᠨ᠂ ᠰᠢ᠎ᠵᠢᠨ ᠫᠢᠩ᠎ᠦᠨ ᠰᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠦᠨ ᠣᠨᠴᠠᠯᠢᠭ ᠪᠦᠭᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠵᠢ ᠪᠦᠬᠦ᠌ ᠲᠠᠯ᠎ᠠ᠎ᠪᠠᠷ ᠲᠤᠭᠤᠰᠢᠯᠠᠭᠤᠯᠵᠦ᠍᠂ ᠰᠢ᠎ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠵᠢᠨ ᠦᠵᠡᠯ ᠰᠠᠨᠠᠭ᠎ᠠ᠎ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠡᠭᠦᠷᠭᠡ ᠬᠠᠷᠢᠭᠤᠴᠠᠯᠭ᠎ᠠ᠎ᠵᠢ ᠪᠡᠶᠡᠯᠡᠭᠦᠯᠬᠦ᠌ ᠵᠢᠨ ᠲᠤᠭᠤᠷᠢᠨ ᠳ᠋ᠤ ᠰᠢᠨ᠎ᠡ ᠴᠠᠭ ᠦᠶ᠎ᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠶᠡᠷᠦᠩᠬᠡᠶ ᠱᠠᠭᠠᠷᠳᠠᠯᠭ᠎ᠠ᠎ᠵᠢ ᠨᠠᠢ᠌ᠳᠠᠪᠤᠷᠢᠵᠢᠭᠤᠯᠤᠨ᠂ ᠨᠠᠮ᠎ᠤᠨ ᠳᠦᠷᠢᠮ ᠵᠢᠡᠷ ᠦᠨᠳᠦᠰᠦ ᠪᠣᠯᠭᠠᠵᠤ᠂ ᠨᠠᠮ᠎ᠤᠨ ᠬᠣᠰᠢᠭᠤᠴᠢ ᠠᠩᠭᠢ᠎ᠵᠢᠨ ᠰᠢᠨᠵᠢ ᠴᠢᠨᠠᠷ᠎ᠢ ᠪᠠᠷᠢᠮᠲᠠᠯᠠᠨ᠂ ᠨᠠᠮ᠎ᠤᠨ ᠪᠦᠬᠦ᠌ ᠲᠠᠯ᠎ᠠ᠎ᠵᠢᠨ ᠤᠳᠤᠷᠢᠳᠤᠯᠭ᠎ᠠ ᠪᠠ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠵᠢ ᠪᠠᠷᠢᠮᠲᠠᠯᠠᠵᠤ᠂ ᠨᠠᠮ᠎ᠤᠨ ᠤᠷᠳᠤ ᠬᠤᠭᠤᠴᠠᠭ᠎ᠠ ᠪᠡᠷ ᠲᠦᠷᠦ᠍ ᠪᠠᠷᠢᠬᠤ ᠴᠢᠳᠠᠪᠤᠷᠢ᠎ᠵᠢ ᠳᠡᠭᠡᠭᠰᠢᠯᠡᠭᠦᠯᠬᠥ᠌᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠪᠠᠲᠤᠯᠠᠬᠤ᠂ ᠨᠠᠮ ᠪᠣᠯᠤᠨ ᠠᠷᠠᠳ ᠤᠯᠠᠨ᠎ᠤ ᠬᠣᠭᠣᠷᠣᠨᠳᠣᠬᠢ ᠰᠠᠯᠵᠤ ᠪᠣᠯᠤᠰᠢ ᠦᠭᠡᠢ ᠬᠠᠷᠢᠴᠠᠭ᠎ᠠ᠎ᠵᠢ ᠪᠠᠳᠤᠯᠠᠬᠤ ᠳ᠋ᠤ ᠠᠨᠭ᠌ᠬᠠᠷᠤᠯ ᠵᠢᠡᠨ ᠬᠠᠨᠳᠤᠭᠤᠯᠤᠨ᠂ ᠴᠢᠩᠭ᠎ᠠ ᠬᠥᠭ ᠠᠶᠠᠰ᠎ᠢ ᠭᠤᠶ᠋ᠢᠪᠢᠰᠢ ᠦᠭᠡᠢ ᠪᠠᠷᠢᠮᠲᠠᠯᠠᠵᠤ᠂ ᠨᠠᠮ᠎ᠢ ᠪᠦᠬᠦ᠌ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠬᠥᠯᠤᠨ᠂ ᠨᠠᠮ᠎ᠤᠨ ᠤᠯᠤᠰ ᠲᠥᠷᠥ᠎ᠵᠢᠨ ᠪᠠᠶ᠋ᠢᠭᠤᠯᠤᠯᠲᠠ ᠪᠡᠷ ᠶᠡᠷᠦᠩᠬᠡᠢ᠌ᠯᠡᠨ ᠵᠢᠯᠤᠭᠤᠳᠤᠭᠤᠯᠵᠤ᠂ ᠨᠠᠮ᠎ᠤᠨ ᠡᠯ᠎ᠡ ᠲᠠᠯ᠎ᠠ᠎ᠵᠢᠨ ᠪᠠᠶ᠋ᠢᠭᠤᠯᠤᠯᠲᠠ᠎ᠵᠢ ᠪᠦᠬᠦ᠌ ᠲᠠᠯ᠎ᠠ᠎ᠪᠠᠷ ᠠᠬᠢᠭᠤᠯᠵᠤ᠂ ᠪᠦᠬᠦ᠌ ᠨᠠᠮ᠎ᠤᠨ ᠢᠳᠡᠪᠬᠢᠵᠢᠯ ᠰᠠᠨᠠᠭᠠᠴᠢᠯᠠᠭᠠᠲᠤ᠌ ᠴᠢᠨᠠᠷ ᠪᠦᠲᠦᠭᠡᠯᠴᠢ ᠴᠢᠨᠠᠷ᠎ᠢ ᠭᠦᠢᠴᠡᠳ ᠬᠥᠭᠵᠢᠭᠡᠨ᠂ ᠨᠠᠮ᠎ᠤᠨ ᠥᠪᠡᠷ᠎ᠢ ᠪᠡᠨ ᠴᠡᠪᠡᠷᠰᠢᠭᠦᠯᠬᠦ᠂ ᠥᠪᠡᠷ᠎ᠢ ᠪᠡᠨ ᠲᠡᠭᠦᠯᠳᠡᠷᠵᠢᠭᠦᠯᠬᠦ᠂ ᠥᠪᠡᠷ᠎ᠢ ᠪᠡᠨ ᠰᠢᠨᠡᠴᠢᠯᠡᠬᠦ᠂ ᠥᠪᠡᠷ᠎ᠢ ᠪᠡᠨ ᠳᠡᠭᠡᠭᠰᠢᠯᠡᠭᠦᠯᠬᠦ᠌᠎ᠵᠢ ᠲᠠᠰᠤᠷᠠᠯᠲᠠ ᠥᠭᠡᠢ ᠪᠡᠶᠡᠯᠡᠭᠦᠯᠵᠦ᠍᠂ ᠨᠠᠮ᠎ᠤᠨ ᠤᠯᠤᠰ ᠲᠥᠷᠥ᠎ᠵᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ᠎ᠢ ᠵᠣᠬᠢᠶᠠᠨ ᠪᠠᠶ᠋ᠢᠭᠤᠯᠬᠤ ᠬᠦᠴᠦᠨ᠂ ᠨᠡᠶ᠋ᠢᠭᠡᠮ ᠨᠡᠢ᠌ᠳᠡ ᠵᠢ ᠤᠷᠢᠶᠠᠯᠠᠬᠤ ᠬᠦᠴᠦᠨ᠎ᠢ ᠦᠷᠭᠦᠯᠵᠢᠯᠡᠨ ᠴᠢᠨᠭ᠌ᠭᠠᠷᠠᠭᠤᠯᠵᠤ᠂ ᠨᠠᠮ᠎ᠦᠨ ᠢᠮᠠᠭᠲᠠ ᠴᠠᠭ ᠦᠶ᠎ᠡ᠎ᠵᠢᠨ ᠡᠮᠦᠨ᠎ᠡ ᠡᠩᠨᠡᠭᠡᠨ᠎ᠳᠦ ᠶᠠᠪᠤᠬᠤ᠂ ᠠᠷᠠᠳ ᠲᠦᠮᠡᠨ᠎ᠦ ᠴᠢᠩ ᠰᠡᠳᠬᠢᠯ᠎ᠦᠨ ᠬᠦᠷᠢᠶᠡᠯᠡᠯ᠎ᠢ ᠤᠯᠬᠤ᠂ ᠡᠯ᠎ᠡ ᠵᠦᠢᠯ᠎ᠦᠨ ᠰᠠᠯᠬᠢ ᠳᠠᠪᠠᠯᠭᠠᠨ᠎ᠤ ᠰᠢᠯᠭᠠᠯᠲᠠ᠎ᠵᠶ ᠳᠠᠭᠠᠭᠠᠵᠤ ᠴᠢᠳᠠᠬᠤ᠂ ᠴᠤᠭ ᠪᠠᠳᠠᠷᠠᠩᠭᠤᠢ ᠮᠠᠷᠺᠰ᠎ᠤᠨ ᠦᠵᠡᠯ᠎ᠦᠨ ᠲᠦᠷᠦ᠍ ᠪᠠᠷᠢᠬᠴᠢ ᠨᠠᠮ ᠪᠣᠯᠬᠤ ᠪᠠ ᠢᠮᠠᠭᠲᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢᠯᠡᠰ᠎ᠦᠨ ᠪᠠᠲᠤ᠌ ᠴᠢᠩᠭ᠎ᠠ ᠤᠳᠤᠷᠢᠳᠬᠤ ᠭᠣᠤᠯᠯᠠᠭᠴᠢ ᠪᠤᠯᠬᠤ ᠵᠢ ᠦᠨᠡᠨ ᠬᠥ᠌ ᠪᠠᠳᠤᠯᠠᠬᠤ ᠬᠡᠷᠡᠭᠳᠡᠢ᠃

(ᠲᠠᠪᠤ) ᠨᠠᠮ᠎ᠢ ᠪᠦᠬᠦ᠌ ᠲᠠᠯ᠎ᠠ ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠳᠤ ᠳᠣᠣᠷᠠᠬᠢ ᠵᠠᠷᠴᠢᠮ᠎ᠢ ᠵᠢᠷᠤᠮᠯᠠᠨ᠎ᠠ᠃

— ᠡᠭᠦᠷᠭᠡ ᠬᠠᠷᠢᠭᠤᠴᠠᠯᠭ᠎ᠠ ᠳ᠋ᠤ ᠦᠢᠯᠡᠴᠢᠯᠡᠬᠥ᠌ ᠵᠢ ᠪᠠᠷᠢᠮᠲᠠᠯᠠᠨ᠎ᠠ᠃ ᠲᠤᠯᠭᠤᠷ ᠵᠤᠷᠢᠯᠳᠠ ᠪᠠᠨ ᠦᠯᠦ᠍ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ᠌ ᠴᠡᠭᠡᠵᠢᠯᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠌ ᠵᠢ ᠪᠦᠬᠦ᠌ ᠲᠠᠯ᠎ᠠ ᠡᠴᠠ ᠤᠬᠠᠭᠠᠯᠠᠨ ᠲᠥᠯᠥᠪᠯᠡᠬᠦ᠌ ᠪᠠ ᠠᠬᠢᠭᠤᠯᠵᠤ᠂ ᠨᠠᠮ᠎ᠤᠨ ᠪᠠᠶ᠋ᠢᠭᠤᠯᠤᠯᠲᠠ᠎ᠵᠢ ᠨᠠᠮ ᠪᠠ ᠤᠯᠤᠰ᠎ᠦᠨ ᠠᠵᠢᠯ ᠦᠢᠯᠡᠰ ᠯᠤᠭᠡ ᠨᠢᠭᠲᠠ ᠤᠶᠠᠯᠳᠤᠭᠤᠯᠤᠨ᠂ ᠢᠮᠠᠭᠲᠠ ᠭᠣᠣᠯ ᠠᠵᠢᠯ ᠲᠠᠢ ᠤᠶᠠᠯᠳᠤᠭᠤᠯᠬᠤ᠂ ᠶᠡᠬᠡ ᠲᠠᠯ᠎ᠠ᠎ᠳᠤ ᠦᠢᠯᠡᠴᠢᠯᠡᠬᠦ᠌ ᠵᠢ ᠦᠨᠡᠨ ᠬᠥ᠌ ᠪᠠᠲᠤᠯᠠᠨ᠎ᠠ᠃

— ᠨᠠᠮ᠎ᠤᠨ ᠤᠯᠤᠰ ᠲᠦᠷᠦ᠎ᠵᠢᠨ ᠪᠠᠶ᠋ᠢᠭᠤᠯᠤᠯᠲᠠ ᠪᠠᠷ ᠶᠡᠷᠦᠩᠬᠡᠶ᠋ᠢᠯᠡᠨ ᠵᠢᠯᠣᠭᠣᠳᠣᠭᠤᠯᠬᠤ᠎ᠵᠢ ᠪᠠᠷᠢᠮᠲᠠᠯᠠᠨ᠎ᠠ᠃ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠵᠢ ᠪᠠᠷᠢᠮᠲᠠᠯᠠᠨ ᠴᠢᠩᠭᠠᠳᠬᠠᠵᠤ᠂ ᠨᠠᠮ᠎ᠤᠨ ᠡᠯ᠎ᠡ ᠲᠠᠯ᠎ᠠ᠎ᠵᠢᠨ ᠪᠠᠶ᠋ᠢᠭᠤᠯᠤᠯᠲᠠ ᠳ᠋ᠤ ᠤᠯᠤᠰ ᠲᠦᠷᠤ ᠵᠢᠨ ᠴᠢᠭᠯᠡᠯ᠎ᠢ ᠤᠨᠤᠪᠴᠢᠳᠠᠢ ᠡᠵᠡᠮᠳᠡᠬᠥ᠌ ᠪᠠ ᠤᠯᠤᠰ ᠲᠥᠷᠥ᠎ᠵᠢᠨ ᠱᠠᠭᠠᠷᠳᠠᠯᠭ᠎ᠠ᠎ᠵᠢ ᠨᠠᠶ᠋ᠢᠳᠠᠪᠤᠷᠢᠵᠢᠭᠤᠯᠬᠤ᠎ᠵᠢ ᠠᠬᠢᠭᠤᠯᠵᠤ᠂ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ᠂ ᠺᠠᠳ᠋ᠷ᠎ᠤᠨ ᠤᠯᠤᠰ ᠲᠥᠷᠥ᠎ᠵᠢᠨ ᠴᠢᠳᠠᠪᠤᠷᠢ᠎ᠵᠢ ᠳᠡᠭᠡᠭᠰᠢᠯᠡᠭᠦᠯᠤᠨ᠂ ᠪᠦᠬᠦ᠌ ᠨᠠᠮ᠎ᠵᠢᠡᠷ ᠵᠢᠡᠨ  ᠨᠠᠮ᠎ᠤᠨ ᠲᠥᠪ ᠬᠣᠷᠢᠶ᠎ᠠ ᠲᠠᠶ ᠳᠡᠭᠡᠳᠦ ᠬᠡᠮᠵᠢᠶ᠎ᠡ ᠪᠡᠷ ᠨᠢᠭᠡᠳᠦᠯᠲᠡᠶ ᠪᠠᠶ᠋ᠢᠬᠤ᠎ᠵᠢ ᠦᠨᠡᠨ ᠬᠦ᠌ ᠪᠠᠲᠤᠯᠠᠵᠤ᠂ ᠨᠠᠮ᠎ᠤᠨ ᠪᠦᠯᠬᠦᠮᠳᠡᠯ ᠨᠢᠭᠡᠳᠦᠯ᠎ᠢ ᠪᠡᠬᠢᠵᠢᠭᠦᠯᠦᠨ᠎ᠡ᠃

— ᠪᠦᠬᠦ᠌ ᠲᠠᠯ᠎ᠠ᠎ᠪᠠᠷ ᠴᠢᠩᠭ᠎ᠠ ᠪᠠᠶ᠋ᠢᠬᠤ᠎ᠵᠢ ᠪᠠᠷᠢᠮᠲᠠᠯᠠᠨ᠎ᠠ᠃ ᠰᠢᠰᠲ᠋ᠧᠮ᠎ᠦᠨ ᠦᠵᠡᠯᠲᠡ ᠵᠢ ᠴᠢᠩᠭᠠᠳᠬᠠᠨ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ᠎ᠢ ᠨᠠᠮ᠎ᠤᠨ ᠪᠠᠶ᠋ᠢᠭᠤᠯᠤᠯᠲᠠ᠎ᠵᠢᠨ ᠡᠯ᠎ᠡ ᠲᠠᠯ᠎ᠠ ᠪᠦᠬᠦ᠌ ᠶᠠᠪᠤᠴᠠ᠎ᠳᠤ ᠢᠯᠡᠷᠡᠭᠦᠯᠵᠦ᠍᠂ ᠦᠨᠡᠨ ᠬᠦ᠌ ᠬᠠᠮᠢᠶᠠᠷᠴᠤ᠌ ᠦᠨᠡᠨ ᠬᠦ᠌ ᠴᠢᠩᠳᠠᠯᠠᠬᠤ᠂ ᠵᠣᠷᠢᠭᠲᠠᠢ ᠬᠠᠮᠢᠶᠠᠷᠴᠤ᠌ ᠵᠣᠷᠢᠭᠲᠠᠢ ᠴᠢᠩᠳᠠᠯᠠᠬᠤ᠂ ᠤᠷᠳᠤ ᠬᠤᠭᠤᠴᠠᠭ᠎ᠠ᠎ᠪᠠᠷ ᠬᠠᠮᠢᠶᠠᠷᠴᠤ᠌ ᠤᠷᠳᠤ ᠬᠤᠭᠤᠴᠠᠭ᠎ᠠ᠎ᠪᠠᠷ ᠴᠢᠩᠳᠠᠯᠠᠬᠤ᠎ᠵᠢ ᠪᠡᠶᠡᠯᠡᠭᠦᠯᠤᠨ᠎ᠡ᠃

— ᠠᠰᠠᠭᠤᠳᠠᠯ᠎ᠵᠢᠡᠷ ᠤᠳᠤᠷᠢᠳᠤᠮᠵᠢ ᠪᠣᠯᠭᠠᠬᠤ᠎ᠵᠢ ᠪᠠᠷᠢᠮᠲᠠᠯᠠᠨ᠎ᠠ᠃ ᠨᠠᠮ᠎ᠤᠨ ᠳᠣᠲᠣᠭᠠᠳᠤ᠎ᠵᠢᠨ ᠳᠣᠪᠣᠢ᠌ᠮ᠎ᠠ ᠠᠰᠠᠭᠤᠳᠠᠯ᠎ᠢ ᠰᠢ᠌ᠳᠪᠦᠷᠢᠯᠡᠬᠦ᠌᠎ᠪᠡᠷ ᠬᠦᠴᠦᠯᠡᠬᠦ᠌ ᠴᠡᠭ ᠪᠣᠯᠭᠠᠨ᠂ ᠵᠥᠷᠢᠴᠡᠯ᠎ᠡᠴᠡ ᠵᠠᠶ᠋ᠢᠯᠠᠬᠤ ᠦᠭᠡᠢ᠂ ᠡᠪᠡᠳᠴᠢᠨ ᠵᠢᠡᠨ ᠨᠢᠭᠤᠬᠤ ᠥᠭᠡᠢ ᠡᠮᠨᠡᠭᠦᠯᠬᠦ᠌ ᠡᠴᠡ ᠲᠠᠳᠠᠭᠠᠯᠵᠠᠬᠤ ᠦᠭᠡᠢ ᠪᠠᠶ᠋ᠢᠵᠤ᠂ ᠬᠡᠯᠪᠡᠢ᠌ᠬᠥᠥ ᠪᠤᠷᠤᠭᠤ ᠵᠢ ᠵᠠᠯᠠᠷᠠᠭᠤᠯᠤᠨ ᠰᠠᠮᠠᠭᠤᠷᠠᠯ᠎ᠢ ᠵᠠᠰᠠᠬᠤ᠂ ᠮᠠᠭᠤ᠎ᠵᠢ ᠥᠯᠳᠡᠨ ᠰᠠᠢ᠌ᠨ᠎ᠢ ᠪᠠᠳᠠᠷᠠᠭᠤᠯᠬᠤ ᠳᠤᠮᠳᠠ ᠠᠵᠢᠯ᠎ᠤᠨ ᠬᠢᠷᠢ ᠬᠡᠮᠵᠢᠶ᠎ᠡ᠎ᠪᠡᠨ ᠳᠡᠭᠡᠭᠰᠢᠯᠡᠭᠦᠯᠥᠨ᠎ᠡ᠃

— ᠲᠥᠪ ᠶᠣᠰᠣ᠎ᠵᠢ ᠰᠠᠬᠢᠨ ᠰᠢᠨ᠎ᠡ᠎ᠵᠢ ᠡᠭᠦᠳᠬᠦ᠌᠎ᠵᠢ ᠪᠠᠷᠢᠮᠲᠠᠯᠠᠨ᠎ᠠ᠃ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ᠎ᠵᠢ ᠪᠠᠷᠢᠮᠲᠠᠯᠠᠨ᠂ ᠮᠠᠷᠺᠰ᠎ᠤᠨ ᠦᠵᠡᠯ᠎ᠦᠨ ᠲᠥᠷᠥ᠍ ᠪᠠᠷᠢᠬᠴᠢ ᠨᠠᠮ᠎ᠤᠨ ᠪᠠᠶ᠋ᠢᠭᠤᠯᠤᠯᠲᠠ᠎ᠵᠢᠨ ᠵᠢᠮ᠎ᠡ ᠶᠣᠰᠣ᠎ᠵᠢ ᠵᠢᠷᠤᠮᠯᠠᠵᠥ᠍᠂ ᠨᠠᠮ᠎ᠤᠨ ᠪᠠᠶ᠋ᠢᠭᠤᠯᠤᠯᠲᠠ᠎ᠵᠢᠨ ᠲᠡᠥᠬᠡᠨ ᠲᠤᠷᠰᠢᠯᠭ᠎ᠠ᠎ᠵᠢ ᠬᠡᠷᠡᠭᠯᠡᠵᠦ᠍᠂ ᠪᠠᠶ᠋ᠢᠳᠠᠯ ᠪᠠ ᠡᠭᠦᠷᠭᠡ᠎ᠵᠢᠨ ᠬᠥᠭᠵᠢᠯᠲᠡ ᠬᠤᠪᠢᠷᠠᠯᠲᠠ᠎ᠵᠢ ᠦᠨᠳᠦᠰᠦᠯᠡᠨ ᠰᠢᠨ᠎ᠡ ᠠᠷᠭ᠎ᠠ ᠬᠡᠮᠵᠢᠶ᠎ᠡ ᠰᠢᠨ᠎ᠡ ᠠᠷᠭ᠎ᠠ᠎ᠵᠢ ᠲᠠᠰᠤᠷᠠᠯᠲᠠ ᠦᠭᠡᠢ ᠳᠤᠷᠠᠳᠤᠨ ᠭᠠᠷᠭᠠᠨ᠎ᠡ᠃

— ᠳᠡᠭᠡᠳᠦ ᠱᠠᠲᠤ᠌ ᠨᠢ ᠳᠣᠥᠷᠠᠳᠤ ᠱᠠᠲᠤ᠎ᠪᠠᠨ ᠲᠠᠭᠠᠭᠤᠯᠬᠤ᠎ᠵᠢ ᠪᠠᠷᠢᠮᠲᠠᠯᠠᠨ᠎ᠠ᠃ ᠨᠠᠮ᠎ᠤᠨ ᠲᠥᠪ ᠬᠣᠷᠢᠶ᠎ᠠ᠎ᠡᠴᠠ ᠡᠬᠢᠯᠡᠨ ᠬᠢᠵᠦ᠍᠂ ᠤᠳᠤᠷᠢᠳᠬᠤ ᠪᠠᠶ᠋ᠢᠭᠤᠯᠭ᠎ᠠ ᠪᠣᠯᠤᠨ ᠤᠳᠤᠷᠢᠳᠬᠤ ᠺᠠᠳ᠋ᠷᠴᠤᠳ᠎ᠡᠴᠠ ᠡᠬᠢᠯᠡᠨ ᠴᠢᠨᠭ᠌ᠳᠠᠯᠠᠵᠥ᠍᠂ ᠨᠢᠭᠡ ᠱᠠᠳᠤ ᠨᠢ ᠨᠢᠭᠡ ᠱᠠᠳᠤ᠎ᠳᠠᠭᠠᠨ ᠵᠢᠱ᠌ᠢᠶ᠎ᠡ ᠦᠵᠡᠭᠦᠯᠦᠨ᠂ ᠨᠢᠭᠡ ᠱᠠᠳᠤ ᠨᠢ ᠨᠢᠭᠡ ᠱᠠᠳᠤ᠎ᠪᠠᠨ ᠳᠠᠭᠠᠭᠤᠯᠤᠨ ᠬᠢᠵᠥ᠍᠂ 《ᠵᠠᠩᠭᠢᠯᠠᠭ᠎ᠠ᠎ᠵᠢᠨ ᠴᠥᠭᠡᠨ ᠲᠣᠭᠠᠲᠠᠨ》 ᠵᠢᠨᠷ ᠵᠢᠱ᠌ᠢᠶ᠎ᠡ ᠥᠵᠡᠬᠥᠯᠥᠨ 《ᠵᠣᠩᠬᠢᠯᠠᠬᠤ ᠤᠯᠠᠨ ᠲᠣᠭᠠᠲᠠᠨ》᠎ᠢ᠋ ᠲᠠᠢ᠌ᠴᠢᠯᠠᠨ᠎ᠠ᠃

— ᠲᠣᠭᠲᠠᠭᠠᠯ ᠶᠣᠰᠣᠭᠠᠷ ᠨᠠᠮ᠎ᠢ ᠵᠠᠰᠠᠬᠤ᠎ᠵᠢ ᠪᠠᠷᠢᠮᠲᠠᠯᠠᠨ᠎ᠠ᠃ ᠳᠦᠷᠢᠮ᠎ᠤᠨ ᠪᠠᠶ᠋ᠢᠭᠤᠯᠤᠯᠲᠠ᠎ᠵᠢ  ᠲᠤᠭᠤᠰᠢᠯᠠᠭᠤᠯᠵᠥ᠍᠂ ᠳᠦᠷᠢᠮ ᠵᠢᠡᠷ ᠡᠷᠬᠡ᠎ᠵᠢ ᠬᠠᠮᠢᠶᠠᠷᠴᠤ᠌ ᠠᠵᠢᠯ ᠶᠠᠪᠤᠳᠠᠯ᠎ᠢ ᠬᠠᠮᠢᠶᠠᠷᠴᠤ᠌ ᠬᠥᠮᠦᠨ᠎ᠢ ᠬᠠᠮᠢᠶᠠᠷᠬᠤ᠎ᠵᠢ ᠴᠢᠬᠤᠯᠠᠴᠢᠯᠠᠨ᠂ ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ᠎ᠵᠢ ᠴᠢᠨᠭᠭ᠎ᠠ ᠬᠡᠷᠡᠭᠵᠢᠭᠦᠯᠵᠦ᠍᠂ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ᠌ ᠤᠬᠠᠭᠠᠨᠴᠢ ᠪᠥᠭᠡᠳ ᠵᠢᠷᠤᠮᠵᠢᠭᠤᠨ᠂ ᠠᠵᠢᠯᠯᠠᠭᠠᠨ ᠨᠢ ᠪᠦᠲᠦᠮᠵᠢᠲᠡᠶ ᠨᠠᠮ᠎ᠤᠨ ᠳᠣᠲᠣᠭᠠᠳᠤ᠎ᠵᠢᠨ ᠬᠠᠥᠯᠢ ᠲᠣᠭᠲᠠᠭᠠᠯ ᠲᠦᠷᠢᠮ᠎ᠦᠨ ᠰᠢᠰᠲ᠋ᠧᠮ ᠵᠢᠡᠷ ᠠᠵᠢᠯ᠎ᠤᠨ ᠥᠢᠯᠡᠳᠥᠯ ᠴᠢᠳᠠᠪᠤᠷᠢ᠎ᠪᠡᠨ ᠲᠡᠭᠡᠭᠰᠢᠯᠡᠭᠥᠯᠦᠨ᠎ᠡ᠃

ᠡᠳᠡᠭᠡᠷ ᠵᠠᠷᠴᠢᠮ ᠪᠣᠯ ᠰᠢᠨ᠎ᠡ ᠴᠠᠭ ᠦᠶ᠎ᠡ᠎ᠵᠢᠨ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠰᠠᠨ ᠲᠤᠷᠰᠢᠯᠭ᠎ᠠ᠎ᠵᠢᠨ ᠰᠢᠨᠵᠢᠯᠡᠬᠦ᠌ ᠤᠬᠠᠭᠠᠨᠴᠢ ᠳ᠋ᠦᠩᠨᠡᠯᠲᠡ ᠮᠥᠨ᠂ ᠡᠳᠡᠬᠡᠷ᠎ᠢ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ᠎ᠵᠢᠨ ᠬᠠᠮᠲᠤ᠌ ᠲᠠᠰᠤᠷᠠᠯᠲᠠ ᠦᠭᠡᠢ ᠪᠠᠶᠠᠯᠢᠬᠵᠢᠭᠤᠯᠤᠨ ᠬᠥᠭᠵᠢᠭᠦᠯᠬᠦ᠌ ᠬᠡᠷᠡᠭᠲᠡᠢ᠃

ᠬᠣᠶᠠᠷ᠂ ᠡᠪ ᠬᠠᠮᠲᠤᠴᠤᠳ᠎ᠤᠨ ᠨᠠᠮᠴᠢ ᠴᠢᠨᠠᠷ᠎ᠢ ᠴᠢᠩᠭᠠᠳᠬᠠᠨ᠎ᠡ

ᠨᠠᠮᠴᠢ ᠴᠢᠨᠠᠷ᠎ᠢ ᠴᠢᠩᠭᠠᠳᠬᠠᠬᠤ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠦᠨᠳᠦᠰᠦᠨ ᠴᠢᠨᠠᠷᠳᠠᠢ ᠡᠭᠦᠷᠭᠡ ᠮᠥᠨ᠃ ᠡᠷᠬᠡᠪᠰᠢ ᠪᠦᠬᠦ᠌ ᠨᠠᠮ᠎ᠤᠨ ᠭᠡᠰᠢᠭᠦᠨ᠂ ᠺᠠᠳ᠋ᠷ᠎ᠤᠨ ᠨᠠᠮ᠎ᠤᠨ ᠰᠢᠨᠵᠢ ᠴᠢᠨᠠᠷ ᠪᠠ ᠵᠣᠷᠢᠯᠲᠠ ᠵᠢ ᠪᠠᠷᠢᠮᠲᠠᠯᠠᠵᠥ᠍᠂ ᠨᠠᠮ᠎ᠤᠨ ᠤᠬᠠᠮᠰᠠᠷ᠂ ᠨᠠᠮ᠎ᠤᠨ ᠭᠡᠰᠢᠭᠦᠨ᠎ᠦ ᠤᠬᠠᠮᠰᠠᠷ᠂ ᠬᠣᠰᠢᠭᠤᠴᠢ ᠠᠩᠭᠢ᠎ᠵᠢᠨ ᠤᠬᠠᠮᠰᠠᠷ ᠵᠢᠨᠨ ᠴᠢᠨᠭ᠌ᠭᠠᠳᠬᠠᠵᠤ᠂ ᠨᠠᠮᠴᠢ ᠴᠢᠨᠠᠷ᠎ᠤᠨ ᠪᠣᠯᠪᠠᠰᠤᠷᠠᠯ᠎ᠵᠢᠡᠨ ᠴᠢᠨᠭ᠌ᠭᠠᠳᠬᠠᠬᠤ᠎ᠵᠢ ᠨᠠᠰᠤᠨ ᠲᠤᠷᠰᠢᠳᠠ᠎ᠵᠢᠨ ᠰᠡᠳᠦᠪ ᠪᠣᠯᠭᠠᠵᠥ᠍᠂ ᠬᠦᠰᠡᠯᠡᠩ ᠢᠲᠡᠭᠡᠯ ᠵᠤᠷᠢᠭ᠎ᠵᠢᠡᠨ ᠪᠠᠲᠤᠳᠬᠠᠬᠤ᠂ ᠨᠠᠮ᠎ᠳᠠᠭᠠᠨ ᠦᠨᠡᠨᠴᠢ ᠰᠢᠳᠤᠷᠭᠤ ᠪᠠᠢ᠌ᠬᠤ ᠥᠵᠡᠯ ᠤᠬᠠᠮᠰᠠᠷ᠎ᠢ ᠪᠠᠳᠤ ᠴᠤᠭᠴᠠᠯᠠᠬᠤ᠂ ᠠᠷᠠᠳ ᠲᠦᠮᠡᠨ᠎ᠤ ᠲᠥᠯᠥᠬᠡ ᠵᠢᠳᠭᠥᠭᠥ᠌ ᠬᠠᠢ᠌ᠷ᠎ᠠ ᠰᠡᠳᠭᠢᠯᠬᠡ ᠵᠢ ᠬᠦᠨ᠎ᠡ ᠦᠨᠳᠦᠰᠦᠯᠡᠬᠦᠯᠬᠦ᠂ ᠦᠨᠡᠨ᠎ᠡᠴᠡ ᠵᠥᠪ᠎ᠢ ᠡᠷᠢᠬᠦ᠌ ᠵᠢ ᠪᠠᠷᠢᠮᠳᠠᠯᠠᠬᠤ᠂ ᠶᠣᠰᠣ ᠰᠤᠷᠳᠠᠬᠤᠨ ᠵᠠᠩ ᠴᠢᠨᠠᠷ᠎ᠵᠢᠡᠨ ᠴᠡᠪᠡᠷ ᠴᠢᠭᠡᠴᠢ ᠪᠠᠢ᠌ᠯᠭᠠᠬᠤ᠂ ᠲᠥᠪ ᠰᠢᠳᠤᠷᠭᠤ ᠠᠷᠢᠭᠤᠨ ᠴᠢᠬᠡᠴᠢ ᠪᠠᠢ᠌ᠬᠤ᠎ᠵᠢ ᠪᠠᠳᠤᠯᠠᠬᠤ ᠵᠡᠷᠭᠡ ᠲᠠᠯ᠎ᠠ᠎ᠪᠠᠷ ᠬᠦᠴᠦ᠍ ᠲᠠᠯᠪᠢᠵᠤ ᠪᠠᠢ᠌ᠭᠠᠳ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌᠎ᠵᠢ ᠪᠡᠶᠡᠯᠡᠭᠦᠯᠵᠦ᠍᠂ ᠡᠪ ᠬᠠᠮᠲᠤᠴᠤᠳ᠎ᠤᠨ ᠤᠯᠤᠰ ᠲᠦᠷᠦ᠎ᠵᠢᠨ ᠤᠤᠷ ᠴᠢᠨᠠᠷ᠎ᠵᠢᠡᠨ ᠢᠮᠠᠭᠲᠠ ᠬᠠᠳᠠᠭᠠᠯᠠᠬᠤ ᠵᠢ ᠠᠬᠢᠭᠤᠯᠬᠤ ᠬᠡᠷᠡᠭᠳᠡᠢ᠃

(ᠨᠢᠭᠡ) ᠨᠠᠮ᠎ᠳᠠᠭᠠᠨ ᠦᠨᠡᠨᠴᠢ ᠰᠢᠳᠤᠷᠭᠤ ᠪᠠᠶ᠋ᠢᠬᠤ ᠬᠥᠮᠦᠵᠢᠯ᠎ᠢ ᠴᠢᠩᠭᠠᠳᠬᠠᠨ᠎ᠠ᠃ ᠨᠠᠮ᠎ᠳᠠᠭᠠᠨ ᠦᠨᠡᠨᠴᠢ ᠰᠢᠳᠤᠷᠭᠤ ᠪᠠᠶ᠋ᠢᠬᠤ᠎ᠵᠢ ᠨᠠᠮᠴᠢ ᠴᠢᠨᠠᠷ᠎ᠤᠨ ᠪᠣᠯᠪᠠᠰᠤᠷᠠᠯ᠎ᠤᠨ ᠲᠤᠪᠤᠢ᠌ᠮ᠎ᠠ ᠪᠠᠶ᠋ᠢᠷᠢᠨ᠎ᠳᠤ ᠲᠠᠯᠪᠢᠬᠤ᠎ᠵᠢ ᠪᠠᠷᠢᠮᠲᠠᠯᠠᠨ᠎ᠠ᠃ ᠨᠠᠮ᠎ᠤᠨ ᠭᠡᠰᠢᠭᠦᠨ᠂ ᠺᠠᠳ᠋ᠷ᠎ᠤᠨ 《ᠬᠣᠶᠠᠷ᠎ᠢ ᠲᠣᠭᠲᠠᠭᠠᠭᠰᠠᠨ》᠎ᠤ᠋ ᠰᠢ᠌ᠳᠪᠦᠷᠢᠯᠡᠭᠴᠢ ᠴᠢᠨᠠᠷᠲᠠᠶ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠥ᠍᠂ ᠤᠯᠤᠰ ᠲᠥᠷᠥ᠎ᠵᠢᠨ ᠤᠬᠠᠮᠰᠠᠷ᠂ ᠶᠡᠬᠡ ᠲᠠᠯ᠎ᠠ᠎ᠵᠢᠨ ᠤᠬᠠᠮᠰᠠᠷ᠂ ᠭᠣᠥᠯᠯᠠᠬᠤ ᠤᠬᠠᠮᠰᠠᠷ᠂ ᠨᠢᠭᠡᠳᠦᠯᠲᠡᠶ ᠪᠠᠢ᠌ᠬᠤ ᠤᠬᠠᠮᠰᠠᠷ᠎ᠵᠢᠡᠨ ᠴᠢᠩᠭᠠᠳᠬᠠᠵᠥ᠍᠂ ᠵᠠᠮ᠎ᠤᠨ ᠢᠲᠡᠭᠡᠯ᠂ ᠣᠨᠣᠯ᠎ᠤᠨ ᠢᠲᠡᠭᠡᠯ᠂ ᠪᠠᠢ᠌ᠭᠤᠯᠤᠯ᠎ᠦᠨ ᠢᠲᠡᠭᠡᠯ᠂ ᠰᠣᠶᠣᠯ᠎ᠤᠨ ᠢᠲᠡᠭᠡᠯ᠎ᠵᠢᠡᠨ ᠪᠠᠲᠤᠳᠬᠠᠵᠥ᠍᠂ ᠰᠢ᠎ᠵᠢᠨ ᠫᠢᠩ ᠨᠥᠬᠥᠷ᠎ᠦᠨ ᠨᠠᠮ᠎ᠤᠨ ᠲᠥᠪ ᠬᠣᠷᠢᠶᠠᠨ᠎ᠤ ᠭᠣᠤᠯᠯᠠᠭᠴᠢ᠂ ᠪᠦᠬᠦ᠌ ᠨᠠᠮ᠎ᠤᠨ ᠭᠣᠤᠯᠯᠠᠭᠴᠢ ᠪᠤᠯᠬᠤ ᠪᠠᠶ᠋ᠢᠷᠢ ᠰᠠᠭᠤᠷᠢ᠎ᠵᠢ ᠡᠷᠡᠰ ᠬᠠᠮᠠᠭᠠᠯᠠᠵᠥ᠍᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠵᠢ ᠡᠷᠡᠰ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠵᠢᠨ ᠲᠠᠯ᠎ᠠ᠎ᠪᠠᠷ ᠢᠮᠠᠭᠲᠠ ᠰᠢ᠎ᠵᠢᠨ ᠫᠢᠩ ᠨᠥᠬᠥᠷ ᠵᠢᠡᠷ ᠭᠣᠣᠯᠯᠠᠭᠤᠯᠤᠭᠰᠠᠨ ᠨᠠᠮ᠎ᠤᠨ ᠲᠥᠪ ᠬᠤᠷᠢᠶ᠎ᠡ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠶ᠋ᠢᠬᠤ ᠵᠢ ᠬᠥᠮᠦᠵᠢᠭᠦᠯᠵᠥ᠍ ᠬᠥᠲᠥᠯᠥᠨ ᠵᠢᠯᠣᠭᠣᠳᠥᠨ᠎ᠠ᠃ ᠨᠠᠮ᠎ᠤᠨ ᠭᠡᠰᠢᠭᠦᠨ᠂ ᠺᠠᠳ᠋ᠷ᠎ᠤᠨ ᠮᠠᠷᠺᠰ᠎ᠤᠨ ᠦᠵᠡᠯ᠎ᠦᠨ ᠲᠤᠬᠠᠢ ᠢᠲᠡᠭᠡᠯ ᠪᠢᠰᠢᠷᠡᠯ᠂ ᠡᠪ ᠬᠠᠮᠲᠤ᠌ ᠶᠣᠰᠣᠨ᠎ᠤ ᠲᠤᠬᠠᠢ ᠢᠲᠡᠭᠡᠯ ᠵᠤᠷᠢᠭ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠲᠤᠬᠠᠢ ᠢᠲᠡᠭᠡᠯ ᠵᠢᠨᠨ ᠪᠠᠲᠤᠳᠬᠠᠨ᠂ ᠴᠢᠩ ᠦᠨᠡᠨᠴᠢ ᠪᠡᠷ ᠵᠤᠷᠢᠮᠠᠭ ᠪᠠᠷᠢᠮᠲᠠᠯᠠᠵᠥ᠍᠂ ᠳᠦᠢᠯ᠎ᠵᠢᠡᠷ ᠢᠳᠡᠬᠡᠵᠦ᠍ ᠭᠦᠨ ᠢᠳᠡᠭᠡᠬᠥ᠌ ᠵᠢ ᠬᠥᠮᠦᠵᠢᠭᠦᠯᠵᠥ᠍ ᠬᠥᠳᠥᠯᠥᠨ ᠵᠢᠯᠣᠭᠣᠳᠥᠨ᠎ᠠ᠃ ᠨᠠᠮ᠎ᠤᠨ ᠭᠡᠰᠢᠭᠦᠨ᠂ ᠺᠠᠳ᠋ᠷ᠎ᠤᠨ ᠤᠯᠤᠰ ᠲᠥᠷᠥ᠎ᠵᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠵᠢᠨ ᠣᠶ᠋ᠢᠯᠠᠭᠠᠬᠤ ᠴᠢᠳᠠᠪᠤᠷᠢ᠂ ᠤᠯᠤᠰ ᠲᠥᠷᠥ᠎ᠵᠢᠨ ᠬᠥᠢᠴᠡᠳᠭᠡᠬᠥ᠌ ᠴᠢᠳᠠᠪᠤᠷᠢ ᠪᠠᠨ ᠲᠡᠭᠡᠭᠰᠢᠯᠡᠭᠦᠯᠵᠦ᠍᠂ ᠦᠵᠡᠯ ᠰᠠᠨᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠪᠠᠢ᠌ᠳᠠᠯ ᠡᠭᠦᠷᠭᠡ᠎ᠵᠢᠨ ᠲᠤᠬᠠᠶ ᠵᠠᠳᠠᠯᠤᠯᠲᠠ ᠮᠠᠭᠠᠳᠯᠠᠯᠲᠠ ᠳᠡᠭᠡᠷ᠎ᠡ ᠤᠬᠠᠮᠰᠠᠷ᠎ᠡᠴᠠ᠎ᠪᠠᠨ ᠨᠢᠭᠡᠳᠬᠡᠵᠦ᠍᠂ ᠨᠠᠮ᠎ᠤᠨ ᠲᠥᠪ ᠬᠣᠷᠢᠶᠠᠨ᠎ᠤ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠵᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ ᠪᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮᠳᠥ ᠪᠠᠶ᠋ᠢᠭᠤᠯᠤᠯ᠎ᠢ ᠦᠭᠡᠶ᠋ᠢᠰᠬᠡᠬᠦ᠌ ᠠᠯᠢᠪᠠ ᠦᠭᠡ ᠶᠠᠷᠢᠶ᠎ᠠ ᠦᠢᠯᠡ ᠠᠵᠢᠯᠯᠠᠭ᠎ᠠ᠂ ᠨᠠᠮ᠎ᠤᠨ ᠤᠨᠤᠯ ᠪᠠ ᠱᠤᠭᠤᠮ ᠴᠢᠭᠯᠡᠯᠲᠡ ᠲᠦᠷᠦ᠎ᠵᠢᠨ ᠪᠤᠳᠤᠯᠭ᠎ᠠ᠎ᠡᠴᠠ ᠵᠥᠷᠢᠴᠡᠭᠰᠡᠨ ᠠᠯᠢᠪᠠ ᠦᠭᠡ ᠶᠠᠷᠢᠶ᠎ᠠ ᠦᠢᠯᠡ ᠠᠵᠢᠯᠯᠠᠭ᠎ᠠ᠂ ᠤᠯᠤᠰ ᠤᠷᠤᠨ᠎ᠤ ᠨᠢᠭᠡᠳᠦᠯ ᠪᠠ ᠦᠨᠳᠦᠰᠦᠲᠡᠨ᠎ᠦ ᠪᠦᠯᠬᠦᠮᠳᠡᠯ᠎ᠢ ᠬᠣᠬᠢᠷᠠᠭᠤᠯᠬᠤ ᠠᠯᠢᠪᠠ ᠦᠭᠡ ᠶᠠᠷᠢᠶ᠎ᠠ ᠦᠢᠯᠡ ᠠᠵᠢᠯᠯᠠᠭ᠎ᠠ᠎ᠲᠠᠶ ᠡᠷᠡᠰ ᠲᠡᠮᠡᠴᠡᠯ ᠬᠢᠬᠥ᠌ ᠵᠢ ᠬᠥᠮᠦᠵᠢᠭᠦᠯᠵᠦ᠍ ᠬᠥᠲᠥᠯᠥᠨ ᠵᠢᠯᠣᠭᠣᠳᠥᠨ᠎ᠠ᠃ ᠨᠠᠮ᠎ᠤᠨ ᠭᠡᠰᠢᠭᠦᠨ ᠂ ᠺᠠᠳ᠋ᠷ᠎ᠤᠨ ᠨᠠᠮ᠎ᠤᠨ ᠭᠡᠰᠢᠬᠥᠨ ᠪᠤᠯᠤᠭᠰᠠᠳ ᠨᠠᠮ ᠵᠢᠨᠨ ᠬᠠᠶ᠋ᠢᠷᠠᠯᠠᠬᠤ᠂ ᠨᠠᠮ᠎ᠤᠨ ᠭᠡᠰᠢᠬᠥᠨ ᠪᠤᠯᠤᠭᠰᠠᠳ ᠨᠠᠮ᠎ᠤᠨ ᠭᠡᠰᠢᠭᠦᠨ᠎ᠦ ᠪᠠᠷᠢᠮᠵᠢᠶ᠎ᠠ ᠪᠠᠷ ᠪᠡᠶ᠎ᠡ ᠪᠡᠨ ᠱᠠᠭᠠᠷᠳᠠᠬᠤ᠂ ᠨᠠᠮ᠎ᠤᠨ ᠭᠡᠰᠢᠬᠥᠨ ᠪᠤᠯᠤᠭᠰᠠᠳ ᠨᠠᠮ᠎ᠤᠨ ᠵᠢᠨᠨ ᠲᠥᠯᠥᠭᠡ ᠰᠠᠨᠠᠭᠠᠰᠢᠷᠠᠬᠤ᠂ ᠨᠠᠮ᠎ᠤᠨ ᠭᠡᠰᠢᠭᠦᠨ ᠪᠤᠯᠤᠭᠰᠠᠳ ᠨᠠᠮ᠎ᠤᠨ ᠵᠢᠨᠨ ᠲᠥᠯᠦᠭᠡ ᠵᠢᠳᠬᠦᠬᠦ᠌᠎ᠵᠢ ᠬᠦᠮᠦᠵᠢᠬᠦᠯᠵᠦ᠍ ᠬᠦᠳᠦᠯᠦᠨ ᠵᠢᠯᠤᠭᠤᠳᠴᠤ᠌᠂ ᠵᠣᠬᠢᠶᠠᠨ ᠪᠠᠶ᠋ᠢᠭᠤᠯᠤᠯᠲᠠ ᠪᠠᠨ ᠢᠲᠡᠭᠡᠬᠦ᠂ ᠵᠣᠬᠢᠶᠠᠨ ᠪᠠᠶ᠋ᠢᠭᠤᠯᠤᠯᠲᠠ ᠳ᠋ᠠᠭᠠᠨ ᠲᠦᠰᠢᠭᠯᠡᠬᠦ᠂ ᠵᠣᠬᠢᠶᠠᠨ ᠪᠠᠶ᠋ᠢᠭᠤᠯᠤᠯᠲᠠ ᠪᠠᠨ ᠳᠠᠭᠠᠬᠤ᠎ᠵᠢ ᠬᠦᠮᠦᠵᠢᠬᠦᠯᠵᠦ᠍ ᠬᠦᠳᠦᠯᠦᠨ ᠵᠢᠯᠤᠭᠤᠳᠴᠤ᠌᠂ ᠵᠣᠬᠢᠶᠠᠨ ᠪᠠᠶ᠋ᠢᠭᠤᠯᠤᠯᠲᠠ᠎ᠵᠢᠨ ᠬᠠᠮᠢᠶᠠᠷᠤᠯᠲᠠ ᠬᠢᠨᠠᠯᠲᠠ᠎ᠵᠢ ᠤᠬᠠᠮᠰᠠᠷ᠎ᠡᠴᠠ᠎ᠪᠠᠨ ᠬᠦᠯᠢᠶᠡᠵᠦ᠍᠂ ᠦᠨᠡᠨ ᠦᠭᠡ ᠬᠡᠯᠡᠵᠦ᠍᠂ ᠪᠣᠳᠠᠲᠤ᠌ ᠶᠠᠪᠤᠳᠠᠯ ᠬᠢᠵᠦ᠍᠂ ᠦᠨᠡᠨᠴᠢ ᠰᠢᠳᠤᠷᠭᠤ ᠬᠥᠮᠦᠨ ᠪᠣᠯᠵᠤ᠂ ᠴᠠᠭᠠᠪᠤᠷᠢ ᠪᠠᠭᠲᠠᠭᠠᠮᠵᠢᠲᠠᠶ᠂ ᠲᠥᠪ ᠴᠢᠬᠡᠴᠢ᠂ ᠦᠭᠡ ᠶᠠᠷᠢᠶ᠎ᠠ ᠪᠠ ᠦᠢᠯᠡ ᠠᠵᠢᠯᠯᠠᠭ᠎ᠠ ᠪᠠᠨ ᠨᠢᠭᠡᠳᠥᠯᠳᠡᠢ ᠪᠠᠢ᠌ᠯᠭᠠᠬᠤ ᠵᠢ ᠬᠥᠮᠦᠵᠢᠭᠦᠯᠵᠦ᠍ ᠬᠥᠲᠥᠯᠥᠨ ᠵᠢᠯᠣᠭᠣᠳᠥᠨ᠎ᠠ᠃ ᠨᠠᠮ᠎ᠤᠨ ᠭᠡᠰᠢᠭᠦᠨ᠂ ᠺᠠᠳ᠋ᠷ᠎ᠤᠨ ᠠᠷᠠᠳ ᠲᠦᠮᠡᠨ᠎ᠢ ᠳᠡᠭᠡᠳᠦᠯᠡᠨ᠂ ᠠᠵᠢᠯ ᠦᠢᠯᠡᠰ ᠵᠢᠨᠨ ᠲᠡᠷᠢᠭᠦᠨ᠎ᠳᠦ ᠲᠠᠯᠪᠢᠬᠤ᠂ ᠨᠠᠮ ᠪᠠ ᠠᠷᠠᠳ ᠲᠦᠮᠡᠨ᠎ᠦ ᠲᠥᠯᠥᠭᠡ ᠢᠳᠡᠪᠬᠢᠲᠡᠢ ᠠᠵᠢᠯᠯᠠᠵᠤ᠂ ᠠᠵᠢᠯ᠎ᠤᠨ ᠪᠠᠶ᠋ᠢᠷᠢ᠎ᠪᠠᠨ ᠬᠠᠶ᠋ᠢᠷᠠᠯᠠᠨ ᠦᠢᠯᠡᠰ᠎ᠵᠢᠡᠨ ᠳᠡᠭᠡᠳᠦᠯᠡᠬᠦ᠂ ᠳᠤᠷᠠᠲᠠᠶ᠎ᠠ ᠭᠤᠶᠠᠴᠢ ᠥᠭᠡᠢ ᠵᠢᠳᠭᠥᠭᠥ᠌ ᠵᠢ ᠪᠡᠶᠡᠯᠡᠬᠦᠯᠬᠦ᠌᠎ᠵᠢ ᠬᠥᠮᠦᠵᠢᠭᠦᠯᠵᠦ᠍ ᠬᠥᠲᠥᠯᠥᠨ ᠵᠢᠯᠣᠭᠣᠳᠥᠨ᠎ᠠ᠃

ᠨᠠᠮ᠎ᠤᠨ ᠤᠯᠤᠰ ᠲᠦᠷᠦ᠎ᠵᠢᠨ ᠰᠠᠬᠢᠯᠭ᠎ᠠ ᠪᠠᠲᠤ᠌ ᠪᠠ ᠤᠯᠤᠰ ᠲᠦᠷᠦ᠎ᠵᠢᠨ ᠶᠣᠰᠣ ᠲᠦᠷᠢᠮ᠎ᠢ ᠴᠢᠩᠳᠠᠯᠠᠵᠤ᠂ ᠨᠠᠮ᠎ᠤᠨ ᠳᠣᠲᠣᠭᠠᠳᠤ᠎ᠵᠢᠨ ᠤᠯᠤᠰ ᠲᠦᠷᠦ᠎ᠵᠢᠨ ᠠᠮᠢ ᠠᠬᠤᠶ᠎ᠵᠢ ᠴᠡᠪᠡᠷᠰᠢᠭᠦᠯᠦᠨ᠎ᠡ᠃ ᠦᠢᠷ᠎ᠡ ᠳᠣᠲᠣᠨᠣᠴᠤᠳ᠎ᠵᠢᠡᠨ ᠯᠠ ᠬᠡᠷᠡᠭᠯᠡᠨ ᠢᠵᠢᠯᠢ ᠪᠤᠷᠤᠭᠤ᠎ᠵᠢ ᠭᠠᠳᠠᠭᠤᠷᠴᠢᠯᠠᠬᠤ᠂ ᠡᠪᠰᠡᠯ ᠪᠦᠯᠦᠭ ᠪᠠᠶ᠋ᠢᠭᠤᠯᠤᠨ ᠠᠶ᠋ᠢᠮᠠᠭ ᠪᠦᠯᠦᠭ ᠪᠣᠯᠤᠯᠴᠠᠬᠤ᠂ ᠨᠡᠷ᠎ᠡ ᠪᠤᠷᠤᠭᠤᠯᠠᠨ ᠭᠦᠳᠬᠡᠨ ᠵᠠᠭᠠᠯᠳᠤᠵᠤ ᠴᠤᠤᠷᠬᠠᠯ ᠲᠠᠷᠬᠠᠭᠠᠬᠤ᠂ ᠬᠥᠮᠦᠨ᠎ᠦ ᠰᠡᠳᠬᠢᠯ᠎ᠢ ᠲᠠᠳᠠᠨ ᠠᠪᠴᠤ᠌ ᠰᠣᠩᠭᠣᠭᠤᠯᠢ᠎ᠵᠢᠨ ᠫᠢᠶᠣᠣ ᠲᠠᠲᠠᠬᠤ᠂ ᠵᠡᠷᠬᠡ ᠲᠤᠰᠢᠶᠠᠯ ᠥᠭᠬᠦ᠌᠎ᠪᠡᠷ ᠠᠮᠠᠯᠠᠨ ᠲᠢᠳᠢᠮ᠎ᠤᠨ᠎ᠵᠢᠡᠨ ᠳᠤᠭᠤᠰᠤ᠎ᠵᠢ ᠬᠦᠪᠢᠵᠦ᠍ ᠬᠠᠷᠢᠯᠴᠠᠨ ᠪᠠᠶᠠᠷ ᠬᠦᠷᠬᠡᠬᠦ᠂ ᠵᠣᠷᠢᠭ᠎ᠵᠢᠡᠷ ᠵᠢᠡᠨ ᠦᠢᠯᠡᠳᠦᠨ ᠢᠯᠠ ᠪᠡᠷ ᠲᠠᠭᠠᠵᠤ ᠳᠠᠯᠳᠠᠭᠤᠷ ᠵᠥᠷᠢᠴᠡᠬᠥ᠌᠂ ᠡᠷᠬᠡ ᠰᠦᠷ ᠨᠢ ᠶᠡᠬᠡᠳᠡᠵᠦ᠍ ᠲᠥᠪ ᠬᠣᠷᠢᠶᠠᠨ᠎ᠤ ᠲᠤᠬᠠᠢ ᠳᠤᠷ᠎ᠠ᠎ᠪᠠᠷ᠎ᠵᠢᠡᠨ ᠴᠠᠯᠴᠢᠬᠤ ᠵᠡᠷᠭᠡ 《ᠳᠤᠯᠤᠭᠠᠨ ᠥᠵᠡᠭᠳᠡᠯ》᠎ᠢ᠋ ᠭᠠᠷᠭᠠᠬᠤ᠎ᠵᠢ ᠤᠭᠳᠤ ᠵᠦᠪᠰᠢᠶᠠᠷᠡᠬᠦ᠌ ᠥᠭᠡᠢ᠃ ᠦᠵᠡᠯ ᠰᠠᠨᠠᠭᠠᠨ᠎ᠤ ᠲᠠᠯ᠎ᠠ᠎ᠪᠠᠷ ᠬᠢ ᠳᠤᠷ᠎ᠠ ᠵᠣᠷᠢᠭ᠎ᠤᠨ ᠦᠵᠡᠯ᠂ ᠤᠯᠤᠰ ᠲᠦᠷᠦ᠎ᠵᠢᠨ ᠲᠠᠯ᠎ᠠ᠎ᠪᠠᠷ ᠬᠢ ᠵᠠᠪᠰᠢᠬᠤ ᠦᠵᠡᠯ᠂ ᠵᠣᠬᠢᠶᠠᠨ ᠪᠠᠶ᠋ᠢᠭᠤᠯᠤᠯᠲᠠ᠎ᠵᠢᠨ ᠲᠠᠯ᠎ᠠ᠎ᠪᠠᠷ ᠬᠢ ᠠᠶ᠋ᠢᠮᠠᠭᠴᠢᠯᠠᠬᠤ ᠦᠵᠡᠯ᠂ ᠠᠵᠢᠯ᠎ᠤᠨ ᠲᠠᠯ᠎ᠠ᠎ᠪᠠᠷ ᠬᠢ ᠥᠪᠡᠷᠮᠡᠳᠡᠭᠡᠢ ᠦᠵᠡᠯ᠂ ᠬᠠᠷᠢᠭᠤᠴᠠᠯᠭ᠎ᠠ᠎ᠪᠠᠨ ᠭᠦᠢᠴᠡᠳᠬᠡᠬᠦ᠌ ᠲᠠᠯ᠎ᠠ᠎ᠪᠠᠷ ᠬᠢ ᠰᠠᠶ᠋ᠢᠮᠰᠤᠷᠠᠬᠤ ᠦᠵᠡᠯ᠎ᠢ ᠡᠷᠡᠰ ᠡᠰᠡᠷᠭᠦᠴᠡᠨ᠎ᠡ᠃ ᠬᠣᠶᠠᠷ ᠨᠢᠭᠤᠷᠳᠠᠨ᠎ᠢ ᠣᠨᠣᠪᠴᠢᠲᠠᠶ ᠢᠯᠭᠠᠨ ᠲᠠᠨᠢᠵᠤ᠂ ᠡᠷᠡᠰ ᠴᠡᠪᠡᠷᠯᠡᠨ ᠠᠷᠢᠯᠭᠠᠨ᠎ᠠ᠃

(ᠬᠣᠶᠠᠷ) ᠨᠠᠮ᠎ᠤᠨ ᠰᠢᠨ᠎ᠡ ᠡᠭᠦᠳᠦᠯᠳᠡ ᠵᠢᠨ ᠤᠨᠤᠯ᠎ᠵᠢᠡᠷ  ᠰᠡᠳᠬᠢᠯ ᠰᠠᠨᠠᠭ᠎ᠠ ᠵᠢ ᠨᠢᠭᠲᠠᠷᠠᠭᠤᠯᠤᠨ ᠰᠦᠭ ᠰᠦᠯᠳᠡ᠎ᠵᠢ ᠪᠤᠰᠬᠠᠬᠤ᠎ᠵᠢ ᠪᠠᠷᠢᠮᠲᠠᠯᠠᠨ᠎ᠠ᠃ ᠮᠠᠷᠺᠰ᠎ᠤᠨ ᠦᠵᠡᠯ᠎ᠤᠨ ᠰᠤᠷᠤᠯᠴᠠᠬᠤ ᠬᠡᠯᠪᠡᠷᠢ᠎ᠵᠢᠨ ᠲᠥᠷᠥ᠎ᠵᠢᠨ ᠨᠠᠮ᠎ᠤᠨ ᠪᠠᠶ᠋ᠢᠭᠤᠯᠤᠯᠲᠠ᠎ᠵᠢ ᠴᠢᠩᠭᠠᠳᠬᠠᠵᠤ᠂ ᠨᠠᠮ᠎ᠤᠨ ᠰᠢᠨ᠎ᠡ ᠡᠭᠦᠳᠦᠯᠳᠡ ᠵᠢᠨ ᠤᠨᠤᠯ᠎ᠢ ᠰᠤᠷᠤᠯᠴᠠᠬᠤ᠂ ᠣᠶ᠋ᠢᠯᠠᠭᠠᠬᠤ᠂ ᠬᠡᠷᠡᠭᠯᠡᠬᠦ᠌᠎ᠵᠢ ᠨᠠᠮᠴᠢ ᠴᠢᠨᠠᠷ᠎ᠤᠨ ᠪᠣᠯᠪᠠᠰᠤᠷᠠᠯ ᠵᠢᠡᠨ ᠴᠢᠩᠭᠠᠳᠬᠠᠬᠤ᠎ᠵᠢᠨ ᠦᠨᠳᠦᠰᠦᠨ ᠠᠷᠭ᠎ᠠ ᠵᠠᠮ ᠪᠣᠯᠭᠠᠵᠤ᠂ ᠪᠦᠬᠦ᠌ ᠨᠠᠮ᠎ᠵᠢᠡᠷ ᠵᠢᠡᠨ ᠰᠢ᠎ᠵᠢᠨ ᠫᠢᠩ᠎ᠦᠨ ᠰᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠵᠡᠯ ᠰᠠᠨᠠᠭ᠎ᠠ᠎ᠪᠠᠨ ᠨᠢᠭᠡᠳᠬᠡᠬᠦ᠂ ᠵᠣᠷᠢᠭ ᠰᠠᠨᠠᠭ᠎ᠠ᠎ᠪᠠᠨ ᠨᠢᠭᠡᠳᠬᠡᠬᠦ ᠂ ᠦᠢᠯᠡ ᠠᠵᠢᠯᠯᠠᠭ᠎ᠠ᠎ᠪᠠᠨ ᠨᠢᠭᠡᠳᠬᠡᠬᠦ᠌᠎ᠵᠢ ᠠᠬᠢᠭᠤᠯᠤᠨ᠎ᠠ᠃ ᠰᠢ᠎ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠵᠢᠨ ᠦᠵᠡᠯ ᠰᠠᠨᠠᠭ᠎ᠠ᠎ᠵᠢ ᠭᠦᠨᠵᠡᠭᠡᠶ ᠰᠤᠷᠤᠯᠴᠠᠨ ᠳᠤᠭᠤᠰᠢᠯᠠᠭᠤᠯᠤᠨ᠎ᠠ᠃ ᠣᠨᠣᠯ ᠎ᠤᠨ ᠰᠤᠷᠤᠯᠴᠨᠯᠭ᠎ᠠ ᠬᠥᠮᠦᠵᠢᠯ᠎ᠦᠨ ᠠᠷᠭ᠎ᠠ ᠮᠠᠶᠢᠭ᠎ᠢ ᠪᠠᠶᠠᠯᠢᠬᠵᠢᠭᠤᠯᠵᠤ᠂ ᠨᠠᠮ᠎ᠤᠨ ᠰᠢᠨ᠎ᠡ ᠡᠭᠦᠳᠦᠯᠳᠡ ᠵᠢᠨ ᠤᠨᠤᠯ ᠨᠢ ᠨᠠᠮ᠎ᠤᠨ ᠭᠡᠰᠢᠭᠦᠨ᠂ ᠺᠠᠳ᠋ᠷ᠎ᠤᠨ ᠬᠥᠮᠦᠵᠢᠯ ᠪᠣᠯᠪᠠᠰᠤᠷᠠᠭᠤᠯᠤᠯ ᠳᠤᠮᠳᠠ ᠭᠣᠤᠯ ᠬᠢᠴᠢᠶᠡᠯ ᠪᠤᠯᠬᠤ ᠪᠠᠶ᠋ᠢᠷᠢ ᠰᠠᠭᠤᠷᠢ᠎ᠵᠢ ᠳᠣᠪᠣᠶ᠋ᠢᠯᠭᠠᠵᠤ᠂ ᠨᠠᠮ᠎ᠤᠨ ᠭᠡᠰᠢᠭᠦᠨ᠂ ᠺᠠᠳ᠋ᠷ᠎ᠤᠨ ᠤᠭ ᠵᠣᠬᠢᠶᠠᠯ᠎ᠢ ᠤᠩᠰᠢᠨ᠂ ᠤᠭ ᠵᠣᠬᠢᠶᠠᠯ᠎ᠢ ᠰᠤᠷᠤᠯᠴᠠᠨ᠂ ᠤᠭ ᠶᠣᠰᠣ᠎ᠵᠢ ᠤᠢ᠌ᠯᠠᠭᠠᠵᠦ᠍᠂ ᠲᠡᠭᠦᠨ ᠳ᠋ᠦ᠍ ᠲᠤᠭᠤᠰᠢᠯᠠᠭᠳᠠᠵᠤ ᠪᠠᠢ᠌ᠭ᠎ᠠ ᠵᠣᠭᠰᠣᠯᠲᠠ ᠦᠵᠡᠯᠲᠡ ᠠᠷᠭ᠎ᠠ᠎ᠵᠢ ᠡᠵᠡᠮᠰᠢᠵᠦ᠍᠂ ᠲᠡᠬᠦᠨ᠎ᠳᠦ ᠠᠭᠤᠯᠤᠭᠳᠠᠵᠤ ᠪᠠᠢ᠌ᠭ᠎ᠠ ᠰᠠᠨᠠᠭ᠎ᠠ ᠠᠬᠤᠶ ᠬᠠᠶ᠋ᠢᠷ᠎ᠠ ᠰᠡᠳᠬᠢᠯᠭᠡ᠎ᠵᠢ ᠣᠶ᠋ᠢᠯᠠᠭᠠᠵᠦ᠍᠂ ᠪᠤᠰᠤᠳᠴᠢ ᠶᠢᠷᠲᠢᠨᠴᠦ᠎ᠵᠢ ᠥᠭᠡᠷᠡᠴᠢᠯᠡᠬᠦ᠌᠎ᠵᠢᠨ ᠬᠠᠮᠲᠤ᠌ ᠪᠡᠶᠡᠴᠢ ᠶᠢᠷᠲᠢᠨᠴᠦ᠍ ᠪᠠᠨ ᠥᠭᠡᠷᠡᠴᠢᠯᠡᠨ᠂ ᠬᠦᠰᠡᠯᠡᠩ᠎ᠦᠨ ᠰᠠᠭᠤᠷᠢ ᠪᠠᠨ ᠪᠡᠬᠢᠵᠢᠭᠦᠯᠵᠦ᠍᠂ ᠤᠯᠤᠰ ᠲᠦᠷᠦ᠎ᠵᠢᠨ ᠵᠠᠩ ᠴᠢᠨᠠᠷ ᠵᠢᠡᠨ ᠳᠠᠪᠲᠠᠨ ᠪᠣᠯᠪᠠᠰᠤᠷᠠᠭᠤᠯᠵᠤ᠂ ᠶᠢᠷᠲᠢᠨᠴᠦ᠎ᠵᠢᠨ ᠦᠵᠡᠯᠲᠡ᠂ ᠠᠮᠢᠳᠤᠷᠠᠬᠤᠶ᠎ᠵᠢᠨ ᠦᠵᠡᠯᠲᠡ᠂ ᠦᠷᠳᠡᠭ᠎ᠦᠨ ᠦᠵᠡᠯᠲᠡ ᠭᠡᠬᠦ᠌ ᠡᠨᠡ ᠬᠦ᠌ ᠶᠡᠷᠦᠩᠬᠡᠶ ᠨᠡᠭᠡᠭᠡᠯᠭᠡ᠎ᠵᠢᠨ ᠠᠰᠠᠭᠤᠳᠠᠯ᠎ᠢ ᠰᠠᠶ᠋ᠢᠲᠤᠷ ᠰᠢ᠌ᠳᠪᠦᠷᠢᠯᠡᠬᠦ᠌᠎ᠵᠢ ᠬᠦᠳᠦᠯᠦᠨ ᠵᠢᠯᠤᠭᠤᠳᠤᠨ᠎ᠠ᠃ ᠮᠠᠷᠺᠰ᠎ᠤᠨ ᠦᠵᠡᠯ᠎ᠤᠨ ᠰᠤᠷᠤᠯᠴᠠᠬᠤ ᠰᠤᠷᠲᠠᠯ᠎ᠢ ᠪᠠᠳᠠᠷᠠᠭᠤᠯᠵᠤ᠂ ᠨᠠᠮ᠎ᠤᠨ ᠭᠡᠰᠢᠭᠦᠨ᠂ ᠺᠠᠳ᠋ᠷ᠎ᠤᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ᠎ᠵᠢᠨ ᠵᠢᠡᠨ ᠪᠣᠳᠠᠲᠤ᠌ ᠪᠠᠶ᠋ᠢᠳᠠᠯ ᠪᠠ ᠬᠤᠪᠢ ᠬᠥᠮᠦᠨ᠎ᠦ ᠦᠵᠡᠯ ᠰᠠᠨᠠᠭ᠎ᠠ ᠠᠵᠢᠯ᠎ᠤᠨ ᠪᠣᠳᠠᠳᠦ ᠪᠠᠢ᠌ᠳᠡᠯ᠎ᠲᠠᠶ ᠪᠠᠨ ᠤᠶᠠᠯᠳᠤᠭᠤᠯᠤᠨ᠂ᠣᠨᠣᠯ᠎ᠤᠨ ᠰᠤᠷᠤᠯᠴᠠᠯᠭ᠎ᠠ᠎ᠵᠢ ᠤᠬᠠᠮᠰᠠᠷ᠎ᠡᠴᠠ᠎ᠪᠠᠨ ᠭᠦᠨᠵᠡᠭᠡᠶ᠋ᠢᠷᠡᠭᠦᠯᠵᠦ᠍᠂ ᠨᠠᠮ᠎ᠤᠨ ᠰᠢᠨ᠎ᠡ ᠡᠭᠦᠳᠦᠯᠳᠡ ᠵᠢᠨ ᠤᠨᠤᠯ᠎ᠢ ᠬᠡᠷᠡᠭᠯᠡᠨ ᠪᠣᠳᠠᠲᠠᠶ ᠠᠰᠠᠭᠤᠳᠠᠯ᠎ᠢ ᠵᠠᠳᠠᠯᠤᠨ ᠰᠢ᠌ᠳᠪᠦᠷᠢᠯᠡᠵᠦ᠍᠂ ᠰᠤᠷᠤᠯᠴᠠᠬᠤ ᠰᠡᠳᠬᠢᠬᠦ᠌ ᠬᠡᠷᠡᠭᠯᠡᠬᠦ᠌᠎ᠵᠢ ᠨᠡᠪᠲᠡᠷᠡᠯᠴᠡᠬᠦᠯᠬᠦ᠂ ᠮᠡᠳᠡᠬᠦ᠌ ᠢᠲᠡᠭᠡᠬᠦ᠌ ᠬᠢᠬᠦ᠌᠎ᠵᠢ ᠨᠢᠭᠡᠳᠭᠡᠬᠦ᠌ ᠵᠢ ᠠᠬᠢᠭᠤᠯᠤᠨ᠎ᠠ᠃ ᠨᠠᠮ᠎ᠤᠨ ᠳᠡᠭᠡᠳᠦ ᠵᠡᠷᠭᠡ᠎ᠵᠢᠨ ᠺᠠᠳ᠋ᠷᠴᠤᠳ ᠮᠠᠷᠺᠰ᠎ᠤᠨ ᠦᠵᠡᠯ᠎ᠦᠨ ᠤᠯᠤᠰ ᠲᠦᠷᠦᠴᠢᠨ᠎ᠦ ᠪᠠᠷᠢᠮᠵᠢᠶ᠎ᠠ ᠶᠣᠰᠣᠭᠠᠷ ᠥᠪᠡᠷ᠎ᠢ᠎ᠪᠡᠨ ᠱᠠᠭᠠᠷᠳᠠᠵᠤ᠂ ᠨᠠᠮ᠎ᠤᠨ ᠰᠢᠨ᠎ᠡ ᠡᠭᠦᠳᠦᠯᠳᠡ ᠵᠢᠨ ᠤᠨᠤᠯ᠎ᠢ ᠨᠠᠰᠤᠨ ᠲᠤᠷᠰᠢᠳᠠ ᠪᠠᠨ ᠪᠠᠲᠤ᠌ ᠢᠲᠡᠭᠡᠵᠦ᠍᠂ ᠪᠣᠯᠪᠠᠰᠤᠷᠠᠩᠭᠤᠶ ᠡᠵᠡᠮᠰᠢᠵᠦ᠍᠂ ᠴᠢᠳᠠᠮᠠᠭᠠᠶ ᠬᠡᠷᠡᠭᠯᠡᠬᠦ᠌ ᠬᠡᠷᠡᠭᠲᠡᠶ᠃ 《ᠨᠢᠭᠡᠳᠦᠭᠡᠷ ᠵᠥᠪᠯᠡᠬᠦ᠌ ᠰᠡᠳᠦᠪ》 ᠤ᠋ᠨ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠤᠨᠤᠯ ᠎ᠤᠨ  ᠰᠤᠷᠤᠯᠴᠠᠯᠭ᠎ᠠ ᠵᠢᠨ ᠭᠣᠤᠯ ᠳᠤᠭᠤᠶ᠋ᠢᠯᠠᠩ᠎ᠤᠨ ᠰᠤᠷᠤᠯᠴᠠᠯᠭ᠎ᠠ ᠪᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠤᠨᠤᠯ᠎ᠤᠨ ᠰᠤᠷᠤᠯᠴᠠᠯᠭ᠎ᠠ᠎ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠮᠠᠷᠺᠰ᠎ᠤᠨ ᠦᠵᠡᠯ᠎ᠦᠨ ᠤᠨᠤᠯ᠎ᠤᠨ ᠰᠤᠳᠤᠯᠭᠠᠨ ᠪᠠ ᠪᠠᠶ᠋ᠢᠭᠤᠯᠤᠯᠲᠠ᠎ᠵᠢᠨ ᠢᠨᠵᠧᠨᠧᠷᠢᠩ᠎ᠢ ᠰᠢᠨ᠎ᠡ᠎ᠵᠢ ᠡᠭᠦᠳᠦᠨ ᠬᠡᠷᠡᠭᠵᠢᠭᠦᠯᠵᠦ᠍᠂ ᠨᠠᠮ᠎ᠤᠨ ᠰᠢᠨ᠎ᠡ ᠡᠭᠦᠳᠦᠯᠳᠡ ᠵᠢᠨ ᠤᠨᠤᠯ᠎ᠤᠨ ᠰᠢᠰᠲ᠋ᠧᠮᠵᠢᠭᠦᠯᠦᠭᠰᠡᠨ ᠂ ᠵᠦᠢ ᠲᠣᠭᠲᠠᠯᠵᠢᠭᠤᠯᠤᠭᠰᠠᠨ ᠰᠤᠳᠤᠯᠭᠠᠨ ᠲᠠᠢ᠌ᠯᠪᠤᠷᠢᠯᠠᠯᠲᠠ᠎ᠵᠢ ᠭᠦᠨᠵᠡᠭᠡᠶ᠋ᠢᠷᠡᠭᠦᠯᠦᠨ᠎ᠡ᠃ ᠨᠠᠮ᠎ᠤᠨ ᠲᠡᠦᠬᠡ ᠨᠠᠮ᠎ᠤᠨ ᠪᠠᠶ᠋ᠢᠭᠤᠯᠤᠯᠲᠠ᠎ᠵᠢᠨ ᠰᠢᠨᠵᠢᠯᠡᠭᠡᠨ᠎ᠦ ᠰᠠᠯᠠᠭᠠᠨ ᠎ᠤ ᠪᠠᠶ᠋ᠢᠭᠤᠯᠤᠯᠲᠠ᠎ᠵᠢ ᠴᠢᠩᠭᠠᠳᠬᠠᠨ᠎ᠠ᠃

(ᠭᠤᠷᠪᠠ) ᠨᠠᠮ᠎ᠤᠨ ᠰᠢᠯᠢᠳᠡᠭ ᠤᠯᠠᠮᠵᠢᠯᠠᠯ ᠪᠠ ᠳᠤᠮᠳᠠᠳᠤ᠎ᠵᠢᠨ ᠰᠢᠯᠢᠳᠡᠭ ᠤᠯᠠᠮᠵᠢᠯᠠᠯᠲᠤ᠌ ᠰᠣᠶᠣᠯ᠎ᠵᠢᠡᠷ ᠨᠠᠮᠴᠢ ᠴᠢᠨᠠᠷ᠎ᠢ ᠬᠠᠳᠠᠭᠤᠵᠢᠭᠤᠯᠤᠨ ᠪᠤᠯᠪᠠᠰᠤᠷᠠᠭᠤᠯᠤᠨ᠎ᠠ᠃ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠵᠢᠨ ᠲᠡᠦᠬᠡ᠂ ᠨᠡᠶ᠋ᠢᠭᠡᠮ ᠵᠢᠷᠤᠮ᠎ᠤᠨ ᠬᠥᠭᠵᠢᠯᠲᠡ᠎ᠵᠢᠨ ᠲᠡᠦᠬᠡ᠎ᠵᠢᠨ ᠬᠥᠮᠦᠵᠢᠯ᠎ᠢ ᠭᠦᠨᠵᠡᠭᠡᠶ᠋ᠢᠷᠡᠭᠦᠯᠤᠨ᠂ ᠠᠭᠤᠦ ᠶᠡᠬᠡ ᠨᠠᠮ ᠪᠠᠶ᠋ᠢᠭᠤᠯᠬᠤ ᠵᠣᠷᠢᠭ ᠰᠠᠨᠠᠭ᠎ᠠ᠎ᠪᠠᠷ ᠡᠬᠢ ᠰᠤᠷᠪᠤᠯᠵᠢ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤᠴᠤᠳ ᠎ᠤ᠋ᠨ  ᠵᠣᠷᠢᠭ ᠰᠠᠨᠠᠭᠠᠨ᠎ᠤ ᠲᠤᠬᠳᠠᠯᠴᠠᠭ᠎ᠠ᠎ᠵᠢ ᠪᠠᠳᠠᠷᠠᠭᠤᠯᠵᠤ᠂ ᠨᠠᠮ᠎ᠤᠨ ᠭᠡᠰᠢᠭᠦᠨ᠂ ᠺᠠᠳ᠋ᠷ᠎ᠤᠨ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ᠎ᠵᠢ ᠭᠦᠨᠵᠡᠭᠡᠶ ᠣᠶ᠋ᠢᠯᠠᠭᠠᠵᠦ᠍᠂ ᠨᠠᠮ᠎ᠤᠨ ᠰᠢᠯᠢᠳᠡᠭ ᠰᠤᠷᠲᠠᠯ᠎ᠢ ᠪᠠᠳᠠᠷᠠᠭᠤᠯᠤᠨ᠂ ᠬᠤᠪᠢᠰᠬᠠᠯᠲᠤ᠌ ᠤᠳᠤᠮᠰᠢᠯ᠎ᠢ ᠤᠯᠠᠮᠵᠢᠯᠠᠨ ᠵᠠᠯᠭᠠᠮᠵᠢᠯᠠᠵᠤ᠂ ᠡᠪ ᠬᠠᠮᠲᠤᠴᠤᠳ᠎ᠤᠨ ᠵᠤᠷᠢᠭ ᠰᠠᠨᠠᠭᠠᠨ᠎ᠤ ᠤᠳᠤᠮ ᠤᠯᠠᠮᠵᠢᠯᠠᠯ᠎ᠢ ᠦᠷᠭᠦᠯᠵᠢᠯᠡᠭᠦᠯᠤᠨ᠂ ᠡᠪ ᠬᠠᠮᠲᠤᠴᠤᠳ᠎ᠤᠨ ᠦᠷᠳᠡᠭ᠎ᠦᠨ ᠦᠵᠡᠯᠲᠡ᠎ᠵᠢ ᠪᠠᠲᠤ᠌ ᠰᠠᠬᠢᠬᠤ᠎ᠵᠢ ᠬᠦᠳᠦᠯᠦᠨ ᠵᠢᠯᠤᠭᠤᠳᠤᠨ᠎ᠠ᠃ ᠳᠤᠮᠳᠠᠳᠤ᠎ᠵᠢᠨ ᠰᠢᠯᠢᠳᠡᠭ ᠤᠯᠠᠮᠵᠢᠯᠠᠯᠲᠤ᠌ ᠰᠣᠶᠣᠯ᠎ᠳᠠᠬᠢ ᠰᠢᠳᠤᠷᠭᠤ ᠢᠲᠡᠭᠡᠮᠵᠢᠳᠠᠢ ᠪᠠᠢ᠌ᠬᠤ ᠵᠢ ᠡᠷᠬᠢᠮᠯᠡᠬᠦ᠂ ᠴᠢᠬᠡᠴᠢ ᠵᠤᠷᠢᠭ ᠢ᠋ ᠬᠦᠨᠳᠦᠳᠭᠡᠬᠦ᠂ ᠢᠴᠢᠭᠦᠷᠢ ᠭᠤᠲᠤᠮᠰᠢᠭ᠎ᠢ ᠮᠡᠳᠡᠬᠦ᠂ ᠰᠡᠷᠡᠮᠵᠢ ᠴᠡᠭᠡᠷ ᠲᠠᠢ ᠪᠠᠢ᠌ᠬᠤ᠂ ᠪᠡᠶ᠎ᠠ ᠪᠡᠨ ᠲᠤᠩᠭᠠᠬᠤ ᠵᠢ ᠴᠢᠬᠤᠯᠠᠴᠢᠯᠠᠬᠤ ᠵᠡᠷᠭᠡ ᠶᠣᠰᠣ ᠰᠤᠷᠲᠠᠬᠤᠨ᠎ᠤ ᠦᠵᠡᠯᠲᠡ᠎ᠵᠢ ᠰᠠᠶ᠋ᠢᠲᠤᠷ ᠠᠭᠤᠳᠠᠯᠤᠨ ᠬᠡᠷᠡᠭᠯᠡᠵᠦ᠍᠂ ᠵᠠᠰᠠᠭ᠎ᠤᠨ ᠮᠣᠷᠠᠯ᠎ᠤᠨ ᠬᠥᠮᠦᠵᠢᠯ᠎ᠢ ᠭᠦᠨᠵᠡᠭᠡᠶ᠋ᠢᠷᠡᠭᠦᠯᠵᠦ᠍ ᠂ ᠨᠠᠮ᠎ᠤᠨ ᠭᠡᠰᠢᠭᠦᠨ᠂ ᠺᠠᠳ᠋ᠷ᠎ᠤᠨ ᠶᠡᠬᠡ ᠮᠤᠷᠠᠯ ᠢ᠋ ᠤᠬᠠᠬᠤ᠂ ᠨᠡᠢ᠌ᠲᠡ ᠵᠢᠨ ᠮᠤᠷᠠᠯ ᠢ᠋ ᠰᠠᠬᠢᠬᠤ᠂ ᠬᠤᠪᠢ᠎ᠵᠢᠨ ᠮᠤᠷᠠᠯ ᠵᠢᠡᠨ ᠴᠢᠩᠲᠠᠯᠠᠬᠤ᠎ᠵᠢ ᠪᠡᠶᠡᠯᠡᠬᠦᠯᠵᠦ᠍᠂ ᠤᠯᠤᠰ ᠭᠡᠷ᠎ᠦᠨ ᠬᠠᠶ᠋ᠢᠷ᠎ᠠ ᠰᠡᠳᠬᠢᠯᠭᠡ᠎ᠵᠢ ᠬᠥᠮᠦᠵᠢᠭᠦᠯᠵᠦ᠍ ᠂ ᠴᠢᠭᠡᠴᠢ ᠵᠣᠷᠢᠭ ᠲᠦᠪ ᠰᠤᠷᠳᠠᠯ᠎ᠢ ᠬᠠᠳᠠᠭᠠᠯᠠᠵᠦ᠍᠂ ᠡᠷᠬᠡ᠂ ᠮᠥᠩᠭᠥ᠌᠂ ᠦᠨᠭᠭᠡ ᠵᠢᠨ ᠰᠢᠯᠭᠠᠯᠲᠠ᠎ᠵᠢ ᠳᠠᠭᠠᠭᠠᠵᠤ ᠴᠢᠳᠠᠬᠤ᠎ᠵᠢ ᠬᠦᠳᠦᠯᠦᠨ ᠵᠢᠯᠤᠭᠤᠳᠤᠨ᠎ᠠ᠃ ᠨᠠᠮ᠎ᠤᠨ ᠭᠡᠰᠢᠭᠦᠨ᠂ ᠺᠠᠳ᠋ᠷ᠎ᠤᠨ ᠲᠦᠷᠦᠭᠦᠯᠡᠨ ᠨᠣᠮ ᠪᠢᠴᠢᠭ ᠤᠩᠰᠢᠵᠤ ᠰᠤᠷᠤᠯᠴᠠᠬᠤ᠎ᠵᠢ ᠬᠥᠲᠥᠯᠥᠨ ᠵᠢᠯᠣᠭᠣᠳᠤᠨ᠎ᠠ᠃ ᠰᠢᠨ᠎ᠡ ᠪᠠᠶ᠋ᠢᠳᠠᠯ ᠳᠣᠤᠷᠠᠬᠢ ᠦᠵᠡᠯ ᠰᠠᠨᠠᠭ᠎ᠠ ᠤᠯᠤᠰ ᠲᠦᠷᠦ᠎ᠵᠢᠨ ᠠᠵᠢᠯ᠎ᠢ ᠴᠢᠩᠭᠠᠳᠬᠠᠨ ᠰᠠᠶ᠋ᠢᠵᠢᠷᠠᠭᠤᠯᠵᠤ᠂ ᠬᠠᠨᠳᠤᠯᠭᠠᠲᠤ᠌ ᠴᠢᠨᠠᠷ ᠪᠣᠳᠠᠲᠤ᠌ ᠪᠦᠳᠦᠮᠵᠢᠳᠦ ᠴᠢᠨᠠᠷ᠎ᠢ ᠴᠢᠩᠭᠠᠳᠬᠠᠨ᠎ᠠ᠃ ᠨᠠᠮᠴᠢ ᠴᠢᠨᠠᠷ᠎ᠤᠨ ᠤᠬᠠᠭᠤᠯᠭ᠎ᠠ ᠬᠥᠮᠦᠵᠢᠯ᠎ᠢ ᠴᠢᠩᠭᠠᠳᠬᠠᠨ᠎ᠠ᠃ ᠨᠠᠮᠴᠢ ᠴᠢᠨᠠᠷ᠎ᠤᠨ ᠬᠥᠮᠦᠵᠢᠯ ᠲᠤᠮᠳᠠᠬᠢ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠺᠠᠳ᠋ᠷ᠎ᠤᠨ ᠳᠡᠭᠡᠳᠦ ᠰᠤᠷᠭᠠᠭᠤᠯᠢ᠎ᠵᠢᠨ ᠴᠢᠬᠤᠯᠠ ᠦᠢᠯᠡᠳᠦᠯ᠎ᠢ ᠪᠠᠳᠠᠷᠠᠭᠤᠯᠵᠤ᠂ ᠬᠢᠴᠢᠶᠡᠯ᠎ᠦᠨ ᠰᠢᠰᠲ᠋ᠧᠮ᠎ᠢ ᠲᠡᠭᠦᠯᠳᠡᠷᠵᠢᠭᠦᠯᠦᠨ᠎ᠡ᠃

(ᠲᠦᠷᠪᠡ) ᠦᠢᠯᠡᠳᠦᠯᠭᠡ᠎ᠵᠢᠨ ᠳᠤᠮᠳᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠤᠨ᠎ᠠ᠃ ᠨᠠᠮ᠎ᠤᠨ ᠭᠡᠰᠢᠭᠦᠨ᠂ ᠺᠠᠳ᠋ᠷ᠎ᠤᠨ ᠨᠠᠮ᠎ᠤᠨ ᠲᠥᠪ ᠬᠣᠷᠢᠶᠠᠨ᠎ᠤ ᠰᠢ᠌ᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠎ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠂ ᠪᠠᠴᠢᠮ ᠬᠦᠴᠢᠷᠲᠡᠢ ᠲᠦᠭᠰᠢᠭᠦᠷᠢᠲᠡᠢ ᠬᠦᠨᠳᠦ ᠡᠭᠦᠷᠭᠡ᠎ᠵᠢ ᠪᠡᠶᠡᠯᠡᠭᠦᠯᠬᠦ᠂ ᠬᠦᠨᠳᠦ ᠶᠡᠬᠡ ᠰᠠᠯᠬᠢ ᠳᠠᠪᠠᠯᠭᠠᠨ᠎ᠤ ᠰᠢᠯᠭᠠᠯᠲᠠ᠎ᠵᠢ ᠠᠷᠭᠠᠴᠠᠬᠤ ᠳᠤᠮᠳᠠ ᠨᠠᠮᠴᠢ ᠴᠢᠨᠠᠷ ᠵᠢᠡᠨ ᠳᠠᠪᠲᠠᠨ ᠪᠣᠯᠪᠠᠰᠤᠷᠠᠭᠤᠯᠵᠦ᠍᠂ ᠵᠦᠪ ᠪᠠ ᠪᠤᠷᠤᠭᠤ᠂ ᠨᠡᠢ᠌ᠲᠡ ᠪᠠ ᠬᠤᠪᠢ᠂ ᠣᠯᠬᠤ ᠪᠠ ᠠᠯᠳᠠᠬᠤ ᠵᠡᠷᠭᠡ ᠵᠢᠨ ᠬᠠᠷᠢᠴᠠᠭ᠎ᠠ᠎ᠵᠢ ᠰᠢ᠌ᠳᠪᠦᠷᠢᠯᠡᠬᠦ᠌ ᠳᠤᠮᠳᠠ ᠨᠠᠮᠴᠢ ᠴᠢᠨᠠᠷ ᠵᠢᠡᠨ ᠳᠠᠪᠲᠠᠨ ᠪᠣᠯᠪᠠᠰᠤᠷᠠᠭᠤᠯᠬᠤ᠎ᠵᠢ ᠠᠬᠢᠭᠤᠯᠤᠨ᠎ᠠ᠃ ᠨᠠᠮ᠎ᠤᠨ ᠳᠣᠲᠣᠭᠠᠳᠤ᠎ᠵᠢᠨ ᠤᠯᠤᠰ ᠲᠥᠷᠥ᠎ᠵᠢᠨ ᠠᠮᠢᠳᠤᠷᠠᠯ᠎ᠤᠨ ᠨᠠᠮᠴᠢ ᠴᠢᠨᠠᠷ ᠢ᠋ ᠳᠠᠪᠲᠠᠨ ᠪᠣᠯᠪᠠᠰᠤᠷᠠᠭᠤᠯᠬᠤ 《ᠲᠣᠮᠣ ᠬᠠᠢ᠌ᠯᠤᠭᠤᠯᠬᠤ ᠵᠤᠤᠬ᠎ᠠ》᠎ᠵᠢᠨ ᠦᠢᠯᠡᠳᠦᠯ᠎ᠢ ᠪᠠᠳᠠᠷᠠᠭᠤᠯᠵᠤ᠂ ᠨᠠᠮ᠎ᠤᠨ ᠳᠣᠲᠣᠭᠠᠳᠤ᠎ᠵᠢᠨ ᠤᠯᠤᠰ ᠲᠦᠷᠦ᠎ᠵᠢᠨ ᠠᠮᠢᠳᠤᠷᠠᠯ᠎ᠤᠨ ᠪᠠᠷᠢᠮᠵᠢᠶ᠎ᠠ᠎ᠵᠢ ᠨᠠᠶ᠋ᠢᠳᠠᠪᠤᠷᠢᠵᠢᠭᠤᠯᠵᠤ᠂ ᠰᠢᠭᠦᠮᠵᠢᠯᠡᠯ ᠪᠠ ᠥᠪᠡᠷ᠎ᠦᠨ ᠰᠢᠭᠦᠮᠵᠢᠯᠡᠯ᠎ᠦᠨ ᠵᠡᠪᠰᠡᠭ᠎ᠢ ᠰᠠᠶ᠋ᠢᠲᠤᠷ ᠬᠡᠷᠡᠭᠯᠡᠵᠦ᠍᠂ ᠨᠠᠮ᠎ᠤᠨ ᠳᠣᠲᠣᠭᠠᠳᠤ᠎ᠵᠢᠨ ᠤᠯᠤᠰ ᠲᠦᠷᠦ᠎ᠵᠢᠨ ᠠᠮᠢᠳᠤᠷᠠᠯ᠎ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ᠌ ᠴᠢᠨᠠᠷ᠂ ᠲᠠᠢ᠌ᠴᠢᠨ ᠴᠢᠨᠠᠷ᠎ᠢ ᠴᠢᠩᠭᠠᠳᠬᠠᠨ᠎ᠠ᠃ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠠᠮᠢᠳᠤᠷᠠᠯ᠎ᠤᠨ ᠠᠭᠤᠯᠭ᠎ᠠ ᠪᠠ ᠬᠡᠯᠪᠡᠷᠢ᠎ᠵᠢ ᠪᠠᠶᠠᠯᠢᠬᠵᠢᠭᠤᠯᠵᠤ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠵᠣᠬᠢᠶᠠᠨ ᠪᠠᠶ᠋ᠢᠭᠤᠯᠤᠯᠲᠠ᠎ᠵᠢᠨ ᠠᠮᠢᠳᠤᠷᠠᠯ᠎ᠤᠨ ᠬᠤᠷᠠᠯ᠂ ᠨᠠᠮ᠎ᠤᠨ ᠡᠭᠦᠷ᠎ᠦᠨ ᠨᠠᠮ᠎ᠤᠨ ᠭᠡᠰᠢᠭᠦᠳ᠎ᠦᠨ ᠶᠡᠬᠡ ᠬᠤᠷᠠᠯ᠂ ᠨᠠᠮ᠎ᠤᠨ ᠡᠭᠦᠷ᠎ᠦᠨ ᠭᠡᠰᠢᠭᠦᠳ᠎ᠦᠨ ᠬᠤᠷᠠᠯ᠂ ᠨᠠᠮ᠎ᠤᠨ ᠳᠤᠭᠤᠶ᠋ᠢᠯᠠᠩ᠎ᠤᠨ ᠬᠤᠷᠠᠯ᠂ ᠨᠠᠮ᠎ᠤᠨ ᠬᠢᠴᠢᠶᠡᠯ ᠂ ᠭᠤᠤᠯ ᠰᠡᠳᠦᠪᠳᠤ ᠨᠠᠮ᠎ᠤᠨ ᠡᠳᠤᠷ᠎ᠤᠨ ᠠᠵᠢᠯᠯᠠᠭ᠎ᠠ ᠵᠡᠷᠭᠡ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠤᠨ ᠳᠠᠪᠬᠤᠷ ᠵᠣᠬᠢᠶᠠᠨ ᠪᠠᠶ᠋ᠢᠭᠤᠯᠤᠯᠲᠠ᠎ᠵᠢᠨ ᠠᠮᠢᠳᠤᠷᠠᠯ᠎ᠢ ᠥᠩᠭᠡᠷᠡᠭᠦᠯᠬᠦ᠌ ᠲᠣᠭᠲᠠᠭᠠᠯ᠎ᠢ ᠴᠢᠩᠭ᠎ᠠ ᠬᠡᠷᠡᠭᠵᠢᠭᠦᠯᠦᠨ᠎ᠡ᠃ ᠲᠤᠳᠠᠬᠳᠠᠯ ᠪᠠ ᠠᠯᠳᠠᠭ᠎ᠠ ᠪᠤᠷᠤᠭᠤ᠎ᠵᠢ ᠵᠣᠷᠢᠭᠲᠠᠶ᠎ᠪᠠᠷ ᠢᠯᠡᠴᠢᠯᠡᠨ ᠵᠠᠯᠠᠷᠠᠭᠤᠯᠵᠤ᠂ ᠠᠯᠢᠪᠠ ᠮᠠᠭᠤ ᠦᠵᠡᠭᠳᠡᠯ᠎ᠲᠡᠶ ᠵᠣᠷᠢᠭᠲᠠᠶ᠎ᠪᠠᠷ ᠲᠡᠮᠡᠴᠡᠨ᠎ᠠ᠂ ᠬᠡᠪ᠎ᠵᠢᠡᠨ ᠰᠠᠬᠢᠵᠤ ᠬᠡᠷᠡᠭ ᠡᠴᠡ ᠵᠠᠢ᠌ᠯᠠᠬᠤ᠂ 《ᠰᠠᠢ᠌ᠮᠰᠤᠷᠠᠬᠴᠢ》 ᠪᠣᠯᠬᠤ᠎ᠵᠢ ᠡᠰᠡᠷᠭᠦᠴᠡᠨ᠎ᠠ᠃ ᠨᠠᠮᠴᠢ ᠴᠢᠨᠠᠷ᠎ᠤᠨ ᠵᠠᠷᠴᠢᠮ᠎ᠤᠨ ᠰᠠᠭᠤᠷᠢᠨ ᠳᠡᠭᠡᠷᠡᠬᠢ ᠪᠦᠯᠬᠦᠮᠳᠡᠯ᠎ᠢ ᠪᠠᠷᠢᠮᠲᠠᠯᠠᠵᠤ ᠂ ᠵᠠᠷᠴᠢᠮ᠎ᠢ ᠦᠯᠦ᠍ ᠡᠷᠬᠢᠮᠯᠡᠭᠰᠡᠨ ᠡᠶ᠎ᠡ ᠡᠪᠲᠠᠢ ᠪᠠᠶ᠋ᠢᠳᠠᠯ ᠡᠴᠡ ᠰᠡᠷᠭᠡᠶ᠋ᠢᠯᠡᠨ᠎ᠠ᠃ ᠲᠡᠷᠢᠭᠦᠨ᠎ᠦ ᠨᠡᠶ᠋ᠢᠲᠡᠯᠢᠭ ᠵᠢᠱ᠌ᠢᠶ᠎ᠡ᠎ᠵᠢᠨ ᠦᠯᠢᠭᠡᠷ ᠳᠠᠭᠤᠷᠢᠶᠠᠯ ᠎ᠤᠨ ᠦᠢᠯᠡᠳᠦᠯ᠎ᠢ ᠪᠠᠳᠠᠷᠠᠭᠤᠯᠵᠤ᠂ ᠨᠠᠮ᠎ᠤᠨ ᠭᠡᠰᠢᠭᠦᠨ᠂ ᠺᠠᠳ᠋ᠷ᠎ᠤᠨ ᠡᠷᠳᠡᠮᠲᠡᠨ ᠮᠡᠷᠭᠡᠳ᠎ᠡᠴᠡ ᠲᠠᠭᠠᠨ ᠰᠤᠷᠤᠯᠴᠠᠬᠤ ᠂ ᠲᠡᠷᠢᠭᠦᠨ᠎ᠦ ᠬᠢ᠎ᠵᠢ ᠡᠭᠦᠳᠴᠦ᠍ ᠰᠢᠯᠢᠳᠡᠭ ᠪᠣᠯᠬᠤ᠎ᠪᠠᠷ ᠴᠢᠷᠮᠠᠶ᠋ᠢᠬᠤ ᠵᠢ ᠬᠥᠲᠥᠯᠥᠨ ᠵᠢᠯᠣᠭᠤᠳᠤᠨ᠎ᠠ᠃ ᠨᠠᠮ᠎ᠤᠨ ᠭᠡᠰᠢᠭᠦᠨ᠂ ᠺᠠᠳ᠋ᠷ᠎ᠤᠨ ᠨᠠᠮᠴᠢ ᠴᠢᠨᠠᠷ ᠎ᠤ᠋ᠨ ᠵᠠᠳᠠᠯᠤᠯᠲᠠ ᠪᠡᠨ ᠴᠢᠩᠭᠠᠳᠬᠠᠨ᠂ ᠨᠠᠮ᠎ᠤᠨ ᠲᠦᠷᠢᠮ ᠨᠠᠮ ᠎ᠤᠨ  ᠲᠣᠭᠲᠠᠭᠠᠯ ᠨᠠᠮ᠎ᠤᠨ ᠰᠠᠬᠢᠯᠭ᠎ᠠ ᠪᠠᠲᠤ᠌ ᠪᠠ ᠨᠠᠮ᠎ᠳᠤ ᠣᠷᠣᠬᠤ ᠲᠠᠩᠭᠠᠷᠢᠭ᠎ᠤᠨ ᠦᠭᠡᠰ᠎ᠲᠡᠶ ᠬᠠᠷᠢᠴᠠᠭᠤᠯᠤᠨ ᠦᠷᠭᠦᠯᠵᠢ ᠵᠠᠳᠠᠯᠤᠨ ᠰᠢᠨᠵᠢᠯᠡᠬᠦ᠌ ᠪᠠ ᠡᠷᠬᠢᠴᠡᠬᠦᠯᠦᠨ ᠲᠤᠩᠭᠠᠵᠤ᠂ ᠲᠠᠰᠤᠷᠠᠯᠲᠠ ᠦᠭᠡᠢ ᠬᠣᠭ ᠲᠣᠭᠣᠰᠣ᠎ᠪᠠᠨ ᠱᠦᠭᠦᠷᠳᠡᠵᠦ᠍᠂ ᠬᠤᠯᠢᠴᠠ᠎ᠪᠠᠨ ᠠᠷᠢᠯᠭᠠᠵᠤ᠂ ᠸᠢᠷᠦ᠋ᠰ᠎ᠵᠢᠡᠨ ᠠᠷᠢᠯᠭᠠᠵᠤ᠂ ᠡᠭᠡᠯᠢᠯᠡᠭᠡ ᠪᠠᠨ ᠨᠡᠮᠡᠭᠳᠡᠬᠦᠯᠬᠦ᠌᠎ᠵᠢ ᠨᠢ ᠠᠬᠢᠭᠤᠯᠤᠨ᠎ᠠ᠃ ᠲᠥᠪᠯᠡᠷᠡᠩᠭᠦᠶ ᠬᠥᠮᠦᠵᠢᠯ ᠪᠠ ᠪᠠᠶ᠋ᠢᠩᠭᠤ᠎ᠵᠢᠨ ᠬᠥᠮᠦᠵᠢᠯ ᠢ᠋ ᠤᠶᠠᠯᠳᠤᠭᠤᠯᠬᠤ᠎ᠵᠢ ᠪᠠᠷᠢᠮᠲᠠᠯᠠᠵᠤ᠂ ᠨᠠᠮᠴᠢ ᠴᠢᠨᠠᠷ᠎ᠤᠨ ᠲᠠᠯ᠎ᠠ᠎ᠪᠠᠷ ᠣᠷᠣᠰᠢᠵᠤ ᠪᠠᠶ᠋ᠢᠭ᠎ᠠ ᠲᠤᠪᠤᠢ᠌ᠮ᠎ᠠ ᠠᠰᠠᠭᠤᠳᠠᠯ᠎ᠢ ᠬᠦᠴᠦᠯᠡᠨ ᠰᠢ᠌ᠳᠪᠦᠷᠢᠯᠡᠨ᠎ᠡ᠃

(ᠲᠠᠪᠤ) ᠨᠠᠮᠴᠢ ᠴᠢᠨᠠᠷ᠎ᠢ ᠢᠯᠭᠠᠨ ᠲᠠᠨᠢᠬᠤ ᠵᠢ ᠴᠢᠩᠭᠠᠳᠬᠠᠨ᠎ᠠ᠃ ᠨᠠᠮᠴᠢ ᠴᠢᠨᠠᠷ᠎ᠢ ᠺᠠᠳ᠋ᠷ᠎ᠢ ᠰᠢᠯᠭᠠᠨ ᠪᠠᠶ᠋ᠢᠴᠠᠭᠠᠬᠤ ᠪᠠ ᠨᠠᠮ᠎ᠤᠨ ᠭᠡᠰᠢᠭᠦᠨ᠎ᠢ ᠠᠷᠠᠳᠴᠢᠯᠠᠯ᠎ᠵᠢᠡᠷ ᠦᠨᠡᠯᠡᠬᠦ᠌᠎ᠵᠢᠨ ᠴᠢᠬᠤᠯᠠ ᠠᠭᠤᠯᠭ᠎ᠠ ᠪᠣᠯᠭᠠᠵᠤ᠂ ᠨᠠᠮ᠎ᠤᠨ ᠭᠡᠰᠢᠭᠦᠨ᠂ ᠺᠠᠳ᠋ᠷ᠎ᠤᠨ ᠰᠠᠨᠠᠭ᠎ᠠ ᠠᠬᠤᠢ ᠵᠠᠩ ᠰᠤᠷᠳᠠᠯ ᠪᠠ ᠦᠨᠡᠨᠴᠢ ᠰᠢᠳᠤᠷᠭᠤ ᠵᠢᠨ ᠬᠡᠮᠵᠢᠶ᠎ᠡ ᠠᠷᠢᠭᠤᠨ ᠴᠢᠬᠡᠴᠢ᠎ᠵᠢᠨ ᠬᠡᠮᠵᠢᠶ᠎ᠡ᠎ᠵᠢ ᠭᠣᠤᠯᠳᠠᠯᠭ᠎ᠠ᠎ᠲᠠᠶ᠎ᠪᠠᠷ ᠤᠢ᠌ᠯᠠᠭᠠᠨ ᠦᠨᠡᠯᠡᠨ᠎ᠡ᠃ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠡᠴᠡ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠪᠠᠶ᠋ᠢᠭᠤᠯᠭ᠎ᠠ ᠪᠠ ᠲᠣᠭᠣᠷᠢᠨ ᠪᠠᠶ᠋ᠢᠴᠠᠭᠠᠬᠤ ᠴᠠᠭᠳᠠᠨ ᠪᠠᠶ᠋ᠢᠴᠠᠭᠠᠬᠤ᠂ ᠬᠢᠨᠠᠨ ᠪᠣᠳᠣᠬᠤ᠂ ᠵᠠᠬᠢᠳᠠᠯ ᠰᠤᠷᠪᠤᠯᠵᠢᠯᠠᠭ᠎ᠠ᠎ᠵᠢᠨ ᠵᠡᠷᠭᠡ ᠰᠠᠯᠠᠭ᠎ᠠ ᠮᠥᠴᠢᠷ᠎ᠲᠡᠶ ᠨᠡᠪᠲᠡᠷᠡᠯᠴᠡᠬᠦ᠌ ᠲᠣᠭᠲᠠᠴᠠ᠎ᠵᠢ ᠪᠦᠷᠢᠨᠰᠢᠭᠦᠯᠵᠦ᠍᠂ ᠤᠳᠤᠷᠢᠳᠬᠤ ᠪᠠᠭ᠎ᠤᠨ ᠪᠦᠷᠢᠯᠳᠦᠬᠦᠨ᠂ ᠳᠡᠪᠰᠢᠭᠦᠯᠬᠦ᠌᠎ᠪᠡᠷ ᠪᠠᠶ᠋ᠢᠭ᠎ᠠ ᠺᠠᠳ᠋ᠷ᠂ ᠵᠠᠯᠠᠭᠤ ᠺᠠᠳ᠋ᠷ ᠵᠡᠷᠭᠡ᠎ᠳᠦ ᠨᠠᠮᠴᠢ ᠴᠢᠨᠠᠷ᠎ᠤᠨ ᠶᠡᠷᠦᠩᠬᠡᠶ᠋ᠢᠯᠡᠭᠰᠡᠨ ᠵᠠᠳᠠᠯᠤᠯᠲᠠ ᠪᠠ ᠰᠤᠳᠤᠯᠤᠨ ᠮᠠᠭᠠᠳᠯᠠᠯᠲᠠ ᠬᠢᠨ᠎ᠠ᠃ ᠰᠢᠯᠭᠠᠯᠲᠠ᠎ᠵᠢ ᠠᠷᠭᠠᠴᠠᠬᠤ᠂ ᠲᠦᠭᠰᠢᠭᠦᠷᠢ᠎ᠵᠢ ᠡᠰᠡᠷᠭᠦᠴᠡᠨ ᠬᠤᠷᠢᠭᠯᠠᠬᠤ᠂ ᠬᠦᠴᠢᠷ ᠪᠡᠷᠬᠡᠰᠢᠶᠡᠯ᠎ᠢ ᠢᠯᠠᠨ ᠳᠠᠪᠠᠬᠤ᠂ ᠵᠥᠷᠢᠴᠡᠯ᠎ᠢ ᠰᠢ᠌ᠳᠪᠦᠷᠢᠯᠡᠬᠦ᠌ ᠢᠯᠡᠷᠡᠯ᠎ᠡᠴᠡ ᠨᠢ ᠨᠠᠮᠴᠢ ᠴᠢᠨᠠᠷ᠎ᠢ ᠢᠯᠭᠠᠨ ᠲᠠᠨᠢᠬᠤ᠂ ᠡᠳᠦᠷ ᠲᠤᠲᠤᠮ᠎ᠤᠨ ᠠᠵᠢᠯ᠂ ᠬᠤᠪᠢ ᠬᠥᠮᠦᠨ᠎ᠦ ᠦᠭᠡ ᠶᠠᠷᠢᠶ᠎ᠠ ᠦᠢᠯᠡ ᠠᠵᠢᠯᠯᠠᠭ᠎ᠠ᠂ ᠨᠡᠶ᠋ᠢᠭᠡᠮ᠎ᠦᠨ ᠬᠠᠷᠢᠯᠴᠠᠭ᠎ᠠ᠂ ᠭᠡᠷ᠎ᠦᠨ ᠰᠤᠷᠭᠠᠯ ᠭᠡᠷ᠎ᠦᠨ ᠰᠤᠷᠲᠠᠯ᠎ᠡᠴᠠ ᠨᠢ ᠨᠠᠮᠴᠢ ᠴᠢᠨᠠᠷ᠎ᠢ ᠰᠤᠳᠤᠯᠤᠨ ᠮᠠᠭᠠᠳᠯᠠᠬᠤ᠂ ᠳᠡᠭᠡᠳᠦ ᠱᠠᠲᠤᠨ᠎ᠤ ᠦᠨᠡᠯᠡᠯᠲᠡ᠂ ᠠᠳᠠᠯᠢ ᠱᠠᠲᠤᠨ᠎ᠤ ᠬᠠᠷᠢᠯᠴᠠᠨ ᠦᠨᠡᠯᠡᠯᠲᠡ᠂ ᠲᠤᠤᠷᠠᠳᠤ ᠱᠠᠲᠤᠨ᠎ᠤ ᠲᠤᠰᠬᠠᠯ᠂ ᠤᠯᠠᠨ ᠲᠦᠮᠡᠨ᠎ᠦ ᠦᠨᠡᠯᠡᠯᠲᠡ ᠵᠡᠷᠭᠡ᠎ᠵᠢ ᠰᠣᠨᠣᠰᠬᠤ᠎ᠪᠡᠷ ᠳᠠᠮᠵᠢᠨ ᠨᠠᠮᠴᠢ ᠴᠢᠨᠠᠷ᠎ᠢ ᠣᠶ᠋ᠢᠯᠠᠭᠠᠬᠤ᠎ᠵᠢ ᠴᠢᠬᠤᠯᠠᠴᠢᠯᠠᠨ᠎ᠠ᠃ ᠺᠠᠳ᠋ᠷ᠎ᠢ ᠰᠢᠯᠢᠨ ᠳᠡᠪᠰᠢᠭᠦᠯᠵᠦ᠍ ᠲᠣᠮᠢᠯᠠᠨ ᠬᠡᠷᠡᠭᠯᠡᠬᠦ᠌ ᠪᠠ ᠰᠢᠯᠢᠳᠡᠭ᠎ᠢ ᠰᠢᠯᠭᠠᠷᠠᠭᠤᠯᠬᠤ ᠲᠡᠷᠢᠭᠦᠨ᠎ᠦ ᠬᠢ᠎ᠵᠢ ᠰᠢᠯᠭᠠᠷᠠᠭᠤᠯᠬᠤ᠎ᠳᠤ ᠨᠠᠮᠴᠢ ᠴᠢᠨᠠᠷ᠎ᠢ ᠢᠯᠭᠠᠨ ᠲᠠᠨᠢᠭᠰᠠᠨ ᠦᠷ᠎ᠡ ᠳ᠋ᠦᠩ᠎ᠢ ᠰᠠᠶ᠋ᠢᠲᠤᠷ ᠬᠡᠷᠡᠭᠯᠡᠨ᠎ᠡ᠃

ᠭᠤᠷᠪᠠ᠂ ᠠᠷᠠᠳᠴᠢᠯᠠᠯ ᠲᠥᠪᠯᠡᠷᠡᠯ᠎ᠦᠨ ᠶᠣᠰᠣ᠎ᠵᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠦᠨ᠎ᠡ

ᠠᠷᠠᠳᠴᠢᠯᠠᠯ ᠲᠥᠪᠯᠡᠷᠡᠯ᠎ᠦᠨ ᠶᠣᠰᠣ ᠪᠣᠯ ᠨᠠᠮ᠎ᠤᠨ ᠦᠨᠳᠦᠰᠦᠨ ᠵᠣᠬᠢᠶᠠᠨ ᠪᠠᠶ᠋ᠢᠭᠤᠯᠤᠯᠲᠠ᠎ᠵᠢᠨ ᠵᠠᠷᠴᠢᠮ ᠪᠠ ᠤᠳᠤᠷᠢᠳᠬᠤ ᠲᠦᠷᠢᠮ ᠮᠥᠨ᠂ ᠠᠷᠠᠳᠴᠢᠯᠠᠯ ᠲᠥᠪᠯᠡᠷᠡᠯ᠎ᠦᠨ ᠶᠣᠰᠣ᠎ᠵᠢ ᠲᠤᠭᠤᠰᠢᠯᠠᠭᠤᠯᠤᠨ ᠬᠡᠷᠡᠭᠵᠢᠭᠦᠯᠬᠦ᠌ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠳᠣᠲᠣᠭᠠᠳᠤ ᠱᠠᠭᠠᠷᠳᠠᠯᠭ᠎ᠠ ᠮᠥᠨ᠃ ᠡᠷᠬᠡᠪᠰᠢ ᠠᠷᠠᠳᠴᠢᠯᠠᠯ ᠲᠥᠪᠯᠡᠷᠡᠯ᠎ᠦᠨ ᠶᠣᠰᠣᠨ᠎ᠤ ᠡᠯ᠎ᠡ ᠵᠦᠢᠯ᠎ᠦᠨ ᠳᠦᠷᠢᠮ᠎ᠢ ᠲᠡᠭᠦᠯᠳᠡᠷᠵᠢᠭᠦᠯᠦᠨ ᠨᠠᠢ᠌ᠳᠠᠪᠤᠷᠢᠵᠢᠭᠤᠯᠵᠤ᠂ ᠨᠠᠮ᠎ᠤᠨ ᠳᠣᠲᠣᠭᠠᠳᠤ᠎ᠵᠢᠨ ᠠᠷᠠᠳᠴᠢᠯᠠᠯ᠎ᠢ ᠭᠦᠢᠴᠡᠳ ᠪᠠᠳᠠᠷᠠᠭᠤᠯᠵᠤ᠂ ᠵᠥᠪ ᠲᠥᠪᠯᠡᠷᠡᠯ᠎ᠢ ᠪᠦᠲᠦᠮᠵᠢᠲᠡᠶ ᠬᠡᠷᠡᠭᠵᠢᠭᠦᠯᠵᠦ᠍᠂ ᠠᠷᠠᠳᠴᠢᠯᠠᠯ ᠲᠥᠪᠯᠡᠷᠡᠯ᠎ᠦᠨ ᠶᠣᠰᠣᠨ᠎ᠤ ᠤᠯᠤᠰ ᠲᠦᠷᠦ᠎ᠵᠢᠨ ᠳᠠᠪᠠᠭᠤᠯᠢᠭ᠂ ᠵᠣᠬᠢᠶᠠᠨ ᠪᠠᠶ᠋ᠢᠭᠤᠯᠤᠯᠲᠠ᠎ᠵᠢᠨ ᠳᠠᠪᠠᠭᠤᠯᠢᠭ᠂ ᠪᠠᠶ᠋ᠢᠭᠤᠯᠤᠯ᠎ᠤᠨ ᠳᠠᠪᠠᠭᠤᠯᠢᠭ᠂ ᠠᠵᠢᠯ᠎ᠤᠨ ᠳᠠᠪᠠᠭᠤᠯᠢᠭ᠎ᠢ ᠨᠡᠩ ᠰᠠᠶ᠋ᠢᠨ ᠪᠠᠳᠠᠷᠠᠭᠤᠯᠬᠤ ᠬᠡᠷᠡᠭᠲᠡᠢ᠃

(ᠨᠢᠭᠡ) ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠵᠢ ᠪᠠᠷᠢᠮᠲᠠᠯᠠᠨ ᠴᠢᠩᠭᠠᠳᠬᠠᠨ᠎ᠠ᠃ ᠨᠠᠮ᠎ᠤᠨ ᠭᠡᠰᠢᠭᠦᠨ ᠬᠤᠪᠢ ᠬᠥᠮᠦᠨ ᠨᠠᠮ᠎ᠤᠨ ᠵᠣᠬᠢᠶᠠᠨ ᠪᠠᠶ᠋ᠢᠭᠤᠯᠤᠯᠲᠠ᠎ᠪᠡᠨ ᠲᠡᠭᠠᠬᠤ᠂ ᠴᠥᠭᠡᠩᠬᠢ ᠨᠢ ᠣᠯᠠᠩᠬᠢ᠎ᠪᠠᠨ ᠲᠡᠭᠠᠬᠤ᠂ ᠲᠤᠤᠷᠡᠳᠦ ᠱᠠᠲᠤᠨ᠎ᠤ ᠵᠣᠬᠢᠶᠠᠨ ᠪᠠᠶ᠋ᠢᠭᠤᠯᠤᠯᠲᠠ ᠨᠢ ᠳᠡᠭᠡᠳᠦ ᠱᠠᠲᠤᠨ᠎ᠤ ᠵᠣᠬᠢᠶᠠᠨ ᠪᠠᠶ᠋ᠢᠭᠤᠯᠤᠯᠲᠠ᠎ᠪᠠᠨ ᠲᠡᠭᠠᠬᠤ᠂ ᠪᠦᠬᠦ᠌ ᠨᠠᠮ᠎ᠤᠨ ᠡᠯ᠎ᠡ ᠵᠣᠬᠢᠶᠠᠨ ᠪᠠᠶ᠋ᠢᠭᠤᠯᠤᠯᠲᠠ ᠪᠠ ᠪᠦᠬᠦ᠌ ᠨᠠᠮ᠎ᠤᠨ ᠭᠡᠰᠢᠭᠦᠨ ᠨᠠᠮ᠎ᠤᠨ ᠪᠦᠬᠦ᠌ ᠤᠯᠤᠰ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠠ ᠲᠥᠪ ᠬᠣᠷᠢᠶ᠎ᠠ᠎ᠵᠢ ᠲᠡᠭᠠᠬᠤ ᠵᠠᠷᠴᠢᠮ᠎ᠢ ᠪᠠᠷᠢᠮᠳᠠᠯᠠᠨ᠎ᠠ᠃ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠵᠢᠨ ᠪᠠᠶ᠋ᠢᠭᠤᠯᠤᠯ ᠲᠣᠭᠲᠠᠴᠠ᠎ᠵᠢ ᠲᠡᠭᠦᠯᠳᠡᠷᠵᠢᠭᠦᠯᠵᠦ᠍᠂ ᠪᠦᠬᠦ᠌ ᠨᠠᠮ᠎ᠤᠨ ᠵᠠᠷᠯᠢᠭ ᠴᠠᠭᠠᠵᠠ᠎ᠵᠢ ᠳᠠᠭᠠᠬᠤ᠎ᠵᠢ ᠦᠨᠡᠨ ᠬᠦ᠌ ᠪᠠᠲᠤᠯᠠᠨ᠎ᠠ᠃ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠵᠢ ᠨᠠᠶ᠋ᠢᠳᠠᠪᠤᠷᠢᠵᠢᠭᠤᠯᠬᠤ ᠲᠣᠭᠲᠠᠴᠠ᠎ᠵᠢ ᠲᠡᠭᠦᠯᠳᠡᠷᠵᠢᠭᠦᠯᠵᠦ᠍᠂ ᠮᠥᠷᠳᠡᠵᠦ᠍ ᠰᠢᠪᠠᠳᠠᠭᠤᠯᠤᠨ ᠰᠢ᠌ᠳᠪᠦᠷᠢᠯᠡᠭᠦᠯᠬᠦ᠌ ᠪᠠ ᠶᠠᠰᠤ ᠴᠢᠨᠠᠷ ᠦᠷ᠎ᠡ ᠪᠦᠲᠦᠮᠵᠢ᠎ᠵᠢ ᠦᠨᠡᠯᠡᠨ ᠵᠢᠱ᠌ᠢᠬᠦ᠌᠎ᠵᠢ ᠴᠢᠩᠭᠠᠳᠬᠠᠨ᠎ᠠ᠃ ᠨᠠᠮ᠎ᠤᠨ ᠲᠥᠪ ᠬᠣᠷᠢᠶ᠎ᠠ᠎ᠡᠴᠠ ᠵᠢᠭᠠᠪᠤᠷᠢ ᠠᠪᠬᠤ ᠪᠠ ᠨᠠᠮ᠎ᠤᠨ ᠲᠥᠪ ᠬᠣᠷᠢᠶ᠎ᠠ᠎ᠳᠤ ᠮᠡᠳᠡᠭᠦᠯᠬᠦ᠌ ᠲᠦᠷᠢᠮ᠎ᠢ ᠴᠢᠩᠭ᠎ᠠ ᠬᠡᠷᠡᠭᠵᠢᠭᠦᠯᠦᠨ᠎ᠡ᠃ ᠤᠯᠤᠰ ᠲᠦᠷᠦ᠎ᠵᠢᠨ ᠬᠢᠨᠠᠯᠲᠠ᠎ᠵᠢ ᠪᠣᠳᠠᠲᠠᠶ᠋ᠢᠵᠢᠭᠤᠯᠬᠤ᠂ ᠨᠠᠷᠢᠯᠢᠭ ᠣᠨᠣᠴᠠᠳᠠᠢ ᠪᠠᠢ᠌ᠯᠭᠠᠬᠤ᠂ ᠪᠠᠶ᠋ᠢᠩᠭᠤᠵᠢᠭᠤᠯᠬᠤ᠎ᠵᠢ ᠠᠬᠢᠭᠤᠯᠵᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢ᠌ᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠎ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠬᠢᠨᠠᠯᠲᠠ᠎ᠵᠢᠨ ᠭᠣᠣᠯᠳᠠᠯᠭ᠎ᠠ ᠪᠣᠯᠭᠠᠵᠤ᠂ ᠨᠠᠶ᠋ᠢᠳᠠᠪᠤᠷᠢᠵᠢᠭᠤᠯᠤᠯᠳᠠ ᠨᠢ ᠬᠦᠴᠦᠳᠠᠢ ᠪᠢᠰᠢ᠂ ᠨᠠᠢ᠌ᠳᠠᠪᠤᠷᠢᠵᠢᠭᠤᠯᠬᠤ᠎ᠳᠠᠭᠠᠨ ᠬᠡᠯᠪᠡᠷᠢ᠎ᠵᠢ ᠨᠢ ᠬᠤᠪᠢᠷᠠᠭᠤᠯᠵᠤ ᠶᠠᠩᠵᠤ᠎ᠵᠢ ᠨᠢ ᠦᠬᠡᠷᠡᠳᠦᠬᠦᠯᠦᠭᠰᠡᠨ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠦᠨ ᠰᠢ᠌ᠳᠪᠦᠷᠢᠯᠡᠵᠦ᠍᠂ 《ᠪᠦᠳᠦᠭᠦᠯᠢᠭ ᠵᠢᠡᠷ ᠬᠦᠷᠢᠶᠡᠯᠡᠬᠦ᠌》᠂ 《ᠤᠷᠠᠯᠢᠭ ᠵᠢᠡᠷ ᠮᠠᠭᠤᠰᠢᠶᠠᠬᠤ》᠎ᠵᠢ ᠰᠡᠷᠭᠡᠶ᠋ᠢᠯᠡᠬᠦ᠌ ᠪᠠ ᠵᠠᠯᠠᠷᠠᠭᠤᠯᠤᠨ ᠵᠠᠰᠠᠨ᠎ᠠ᠃

(ᠬᠣᠶᠠᠷ) ᠨᠠᠮ᠎ᠤᠨ ᠳᠣᠲᠣᠭᠠᠳᠤ᠎ᠵᠢᠨ ᠠᠷᠠᠳᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠨᠠᠮ᠎ᠤᠨ ᠳᠣᠲᠣᠭᠠᠳᠤ᠎ᠵᠢᠨ ᠠᠷᠠᠳᠴᠢᠯᠠᠯ᠎ᠤᠨ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠨᠠᠮ᠎ᠤᠨ ᠭᠡᠰᠢᠭᠦᠨ᠎ᠦ ᠪᠡᠶᠡᠴᠢ ᠴᠣᠭᠴᠠ᠎ᠵᠢᠨ ᠪᠠᠶ᠋ᠢᠷᠢ ᠰᠠᠭᠤᠷᠢ᠎ᠵᠢ ᠬᠦᠨᠳᠦᠳᠬᠡᠨ᠂ ᠨᠠᠮ᠎ᠤᠨ ᠭᠡᠰᠢᠭᠦᠨ᠎ᠦ ᠠᠷᠠᠳᠴᠢᠯᠠᠯ᠎ᠤᠨ ᠡᠷᠬᠡ᠎ᠵᠢ ᠪᠠᠲᠤᠯᠠᠨ᠎ᠠ᠃ ᠨᠠᠮ᠎ᠤᠨ ᠡᠯ᠎ᠡ ᠱᠠᠲᠤᠨ᠎ᠤ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ᠎ᠦᠨ ᠦᠢᠯᠡᠳᠦᠯ᠎ᠢ ᠪᠠᠳᠠᠷᠠᠭᠤᠯᠬᠤ ᠲᠦᠷᠢᠮ᠎ᠢ ᠨᠠᠶ᠋ᠢᠳᠠᠪᠤᠷᠢᠵᠢᠭᠤᠯᠤᠨ᠎ᠠ᠃ ᠨᠠᠮ᠎ᠤᠨ ᠬᠣᠷᠢᠶ᠎ᠠ᠂ ᠨᠠᠮ᠎ᠤᠨ ᠬᠣᠷᠢᠶᠠᠨ᠎ᠤ ᠪᠠᠶ᠋ᠢᠩᠭᠤ᠎ᠵᠢᠨ ᠬᠣᠷᠢᠶ᠎ᠠ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠨᠠᠮ᠎ᠤᠨ ᠳᠦᠷᠢᠮ ᠨᠠᠮ᠎ᠤᠨ ᠲᠣᠭᠲᠠᠭᠠᠯ᠎ᠳᠤ ᠲᠣᠭᠲᠠᠭᠠᠭᠰᠠᠨ ᠠᠷᠠᠳᠴᠢᠯᠠᠯ᠎ᠤᠨ ᠵᠠᠷᠴᠢᠮ ᠪᠠ ᠵᠢᠷᠤᠮ ᠶᠣᠰᠣᠭᠠᠷ ᠨᠠᠮ᠎ᠤᠨ ᠠᠵᠢᠯ᠎ᠢ ᠥᠷᠨᠢᠭᠦᠯᠦᠨ᠎ᠡ᠂ ᠤᠳᠤᠷᠢᠳᠬᠤ ᠺᠠᠳ᠋ᠷ ᠬᠤᠪᠢᠳᠠᠨ ᠬᠠᠮᠢᠶᠠᠷᠴᠤ᠌ ᠪᠠᠶ᠋ᠢᠭ᠎ᠠ ᠠᠵᠢᠯ᠂ ᠬᠤᠪᠢᠳᠠᠨ ᠬᠠᠮᠢᠶᠠᠷᠴᠤ᠌ ᠪᠠᠶ᠋ᠢᠭ᠎ᠠ ᠬᠦᠷᠢᠶ᠎ᠡ ᠪᠠ ᠣᠷᠣᠨ ᠨᠤᠲᠤᠭ᠎ᠢ 《ᠬᠤᠪᠢ᠎ᠵᠢᠨ ᠬᠠᠷᠢᠶᠠᠲᠤ᠌ ᠭᠠᠵᠠᠷ》 ᠪᠣᠯᠭᠠᠵᠤ ᠪᠣᠯᠬᠤ ᠦᠭᠡᠢ ᠂ ᠬᠤᠪᠢ ᠪᠡᠶ᠎ᠡ ᠪᠡᠨ ᠵᠣᠬᠢᠶᠠᠨ ᠪᠠᠶ᠋ᠢᠭᠤᠯᠤᠯᠲᠠ᠎ᠡᠴᠠ ᠳᠡᠭᠡᠭᠦᠷ ᠲᠠᠯᠪᠢᠵᠤ ᠪᠣᠯᠬᠤ ᠦᠭᠡᠢ᠃ ᠨᠠᠮ᠎ᠤᠨ ᠭᠡᠰᠢᠭᠦᠨ᠎ᠦ ᠨᠠᠮ᠎ᠤᠨ ᠳᠣᠲᠣᠭᠠᠳᠤ᠎ᠵᠢᠨ ᠬᠡᠷᠡᠭ ᠶᠠᠪᠤᠳᠠᠯ᠎ᠢ ᠶᠠᠷᠢᠯᠴᠠᠬᠤ᠎ᠳᠤ ᠣᠷᠣᠯᠴᠠᠬᠤ ᠠᠷᠭ᠎ᠠ ᠵᠠᠮ᠎ᠢ ᠰᠢᠯᠤᠭᠤᠳᠬᠠᠵᠤ᠂ ᠨᠠᠮ᠎ᠤᠨ ᠭᠡᠰᠢᠭᠦᠨ᠎ᠦ ᠰᠠᠨᠠᠯ᠎ᠵᠢᠡᠨ ᠢᠯᠡᠳᠬᠡᠬᠦ᠌ ᠠᠷᠭ᠎ᠠ ᠵᠠᠮ᠎ᠢ ᠥᠷᠭᠡᠳᠬᠡᠨ᠎ᠡ᠃ ᠨᠠᠮ᠎ᠤᠨ ᠳᠣᠲᠣᠭᠠᠳᠤ᠎ᠵᠢᠨ ᠪᠠᠶ᠋ᠢᠳᠠᠯ᠎ᠢ ᠮᠡᠳᠡᠭᠳᠡᠬᠦ᠌ ᠳᠦᠷᠢᠮ᠂ ᠪᠠᠶ᠋ᠢᠳᠠᠯ᠎ᠢ ᠲᠤᠰᠬᠠᠬᠤ ᠳᠦᠷᠢᠮ᠎ᠢ ᠪᠦᠷᠢᠨᠰᠢᠭᠦᠯᠦᠨ᠎ᠡ᠃ ᠨᠠᠮ᠎ᠤᠨ ᠳᠣᠲᠣᠭᠠᠳᠤ᠎ᠵᠢᠨ ᠠᠷᠠᠳᠴᠢᠯᠠᠯ ᠲᠠᠢ ᠪᠦᠭᠡᠳ ᠡᠷᠬᠡ ᠲᠡᠭᠰᠢ ᠨᠥᠬᠥᠳ ᠵᠠᠭᠤᠷ᠎ᠠ᠎ᠵᠢᠨ ᠬᠠᠷᠢᠴᠠᠭ᠎ᠠ᠎ᠵᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠵᠢᠨ ᠠᠷᠠᠳᠴᠢᠯᠠᠯ᠎ᠵᠢᠡᠷ ᠶᠠᠷᠢᠯᠴᠠᠬᠤ ᠰᠠᠢ᠌ᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭᠠᠵᠤ᠂ ᠦᠨᠡᠨ ᠦᠭᠡ ᠬᠡᠯᠡᠬᠦ᠂ ᠰᠢᠳᠤᠷᠭᠤ ᠦᠭᠡ ᠬᠡᠯᠡᠬᠦ᠂ ᠰᠡᠳᠬᠢᠯ᠎ᠦᠨ ᠦᠭᠡ᠎ᠪᠡᠨ ᠬᠡᠯᠡᠬᠦ᠌᠎ᠵᠢ ᠵᠣᠷᠢᠬᠵᠢᠭᠤᠯᠤᠨ ᠲᠡᠮᠵᠢᠨ᠎ᠠ᠂ ᠠᠳᠠᠯᠢ ᠪᠤᠰᠤ ᠰᠠᠨᠠᠯ᠎ᠵᠢᠡᠨ ᠢᠯᠡᠳᠬᠡᠭᠰᠡᠨ ᠨᠥᠬᠥᠷ ᠲᠤ᠌ ᠳᠠᠷᠤᠯᠲᠠ ᠦᠵᠡᠭᠦᠯᠵᠤ᠂ ᠲᠡᠭᠦᠨ᠎ᠢ ᠭᠠᠳᠠᠭᠤᠷᠴᠢᠯᠠᠵᠤ᠂ ᠲᠡᠭᠦᠨ᠎ᠳᠤ ᠴᠣᠬᠢᠯᠲᠠ ᠥᠭᠴᠦ᠍ ᠪᠣᠯᠬᠤ ᠦᠭᠡᠢ᠃

(ᠭᠤᠷᠪᠠ) ᠤᠳᠤᠷᠢᠳᠬᠤ ᠪᠠᠭ᠎ᠤᠨ ᠪᠣᠳᠣᠯᠭ᠎ᠠ ᠲᠣᠭᠲᠠᠭᠠᠬᠤ ᠵᠢᠷᠤᠮ ᠬᠡᠷᠡᠭ ᠵᠥᠪᠯᠡᠬᠦ᠌ ᠳᠦᠷᠢᠮ᠎ᠢ ᠴᠢᠩᠭ᠎ᠠ ᠬᠡᠷᠡᠭᠵᠢᠭᠦᠯᠦᠨ᠎ᠡ᠃ ᠬᠠᠮᠲᠤ᠌ ᠪᠡᠷ ᠤᠳᠤᠷᠢᠳᠬᠤ ᠪᠠ ᠬᠤᠪᠢ ᠬᠥᠮᠦᠨ ᠠᠵᠢᠯ ᠬᠤᠪᠢᠶᠠᠷᠢᠯᠠᠨ ᠬᠠᠷᠢᠭᠤᠴᠠᠬᠤ᠎ᠵᠢ ᠬᠠᠷᠢᠯᠴᠠᠨ ᠤᠶᠠᠯᠳᠤᠭᠤᠯᠬᠤ᠎ᠵᠢ ᠪᠠᠷᠢᠮᠲᠠᠯᠠᠵᠤ ᠂ ᠰᠢᠨᠵᠢᠯᠡᠬᠦ᠌ ᠤᠬᠠᠭᠠᠨᠴᠢ᠎ᠪᠠᠷ ᠪᠣᠳᠣᠯᠭ᠎ᠠ ᠲᠣᠭᠲᠠᠭᠠᠬᠤ᠂ ᠠᠷᠠᠳᠴᠢᠯᠠᠯ᠎ᠵᠢᠡᠷ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠪᠣᠳᠣᠯᠭ᠎ᠠ ᠲᠣᠭᠲᠠᠭᠠᠬᠤ᠎ᠵᠢ ᠪᠠᠷᠢᠮᠲᠠᠯᠠᠵᠤ᠂ ᠴᠢᠬᠤᠯᠠ ᠶᠡᠬᠡ ᠠᠰᠠᠭᠤᠳᠠᠯ ᠪᠦᠬᠦᠨ᠎ᠢ ᠡᠷᠬᠡᠪᠰᠢ ᠬᠠᠮᠲᠤ᠎ᠪᠠᠷ ᠤᠳᠤᠷᠢᠳᠬᠤ᠂ ᠠᠷᠠᠳᠴᠢᠯᠠᠯ ᠲᠦᠪᠯᠡᠷᠡᠯ ᠢ᠋ ᠬᠡᠷᠡᠭᠵᠢᠬᠦᠯᠬᠦ ᠂ ᠲᠤᠰᠬᠠᠶ ᠵᠥᠪᠳᠡᠯᠴᠡᠨ ᠶᠠᠷᠢᠯᠴᠠᠬᠤ ᠂ ᠬᠤᠷᠠᠯ᠎ᠵᠢᠡᠷ ᠲᠣᠭᠲᠠᠭᠠᠬᠤ ᠵᠠᠷᠴᠢᠮ ᠶᠣᠰᠣᠭᠠᠷ ᠬᠠᠮᠲᠤ᠎ᠪᠠᠷ ᠶᠠᠷᠢᠯᠴᠠᠵᠤ ᠲᠣᠭᠲᠠᠭᠠᠯ ᠭᠠᠷᠭᠠᠬᠤ ᠬᠡᠷᠡᠭᠲᠡᠢ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠎ᠵᠢᠨ ᠬᠡᠷᠡᠭ ᠵᠥᠪᠯᠡᠬᠦ᠌ ᠳᠦᠷᠢᠮ ᠪᠠ ᠪᠣᠳᠣᠯᠭ᠎ᠠ ᠲᠣᠭᠲᠠᠭᠠᠬᠤ ᠵᠢᠷᠤᠮ᠎ᠢ ᠲᠡᠭᠦᠯᠳᠡᠷᠵᠢᠭᠦᠯᠵᠦ᠍᠂ ᠴᠢᠬᠤᠯᠠ ᠶᠡᠬᠡ ᠪᠣᠳᠣᠯᠭ᠎ᠠ ᠲᠣᠭᠲᠠᠭᠠᠬᠤ᠎ᠳᠤ ᠪᠠᠶ᠋ᠢᠴᠠᠭᠠᠨ ᠰᠤᠳᠤᠯᠤᠯᠲᠠ᠂ ᠰᠢᠨᠵᠢᠯᠡᠬᠦ᠌ ᠤᠬᠠᠭᠠᠨᠴᠢ ᠨᠤᠲᠠᠯᠠᠯᠲᠠ᠂ ᠠᠶᠤᠯ ᠲᠦᠭᠰᠢᠭᠦᠷᠢ᠎ᠵᠢᠨ ᠦᠨᠡᠯᠡᠨ ᠵᠢᠱ᠌ᠢᠯᠲᠡ ᠬᠢᠬᠦ᠌᠎ᠵᠢ ᠴᠢᠩᠭᠠᠳᠬᠠᠨ᠎ᠠ᠂ ᠴᠢᠬᠤᠯᠠ ᠵᠥᠪᠯᠡᠬᠦ᠌ ᠰᠡᠳᠦᠪ᠎ᠲᠦ᠍ ᠨᠡᠯᠢᠶᠡᠳ ᠶᠡᠬᠡ ᠰᠠᠨᠠᠯ᠎ᠤᠨ ᠵᠥᠷᠢᠯᠳᠦᠭᠡᠨ ᠭᠠᠷᠬᠤ ᠦᠶ᠎ᠡ᠎ᠳᠤ ᠠᠯᠪᠠᠳᠠᠯᠭ᠎ᠠ᠎ᠪᠠᠷ ᠪᠣᠳᠣᠯᠭ᠎ᠠ ᠲᠣᠭᠲᠠᠭᠠᠵᠤ ᠪᠣᠯᠬᠤ ᠥᠬᠡᠶ᠃ ᠴᠢᠬᠤᠯᠠ ᠶᠡᠬᠡ ᠰᠢ᠌ᠳᠪᠦᠷᠢᠲᠦ᠍ ᠪᠣᠳᠣᠯᠭ᠎ᠠ᠎ᠵᠢᠨ ᠲᠣᠭᠲᠠᠭᠠᠯ᠎ᠳᠤ ᠨᠡᠶ᠋ᠢᠴᠡᠬᠦ᠌ ᠬᠠᠤᠯᠢ᠎ᠳᠤ ᠨᠡᠢ᠌ᠴᠡᠬᠦ᠌ ᠴᠢᠨᠠᠷ᠎ᠤᠨ ᠬᠢᠨᠠᠨ ᠪᠠᠶ᠋ᠢᠴᠠᠭᠠᠯᠲᠠ᠎ᠵᠢ ᠴᠢᠩᠭᠠᠳᠬᠠᠵᠤ᠂ ᠴᠢᠬᠤᠯᠠ ᠶᠡᠬᠡ ᠰᠢ᠌ᠳᠪᠦᠷᠢᠳᠦ ᠪᠣᠳᠣᠯᠭ᠎ᠠ᠂ ᠠᠵᠢᠯᠲᠠᠨ᠎ᠤ ᠶᠠᠪᠤᠳᠠᠯ᠎ᠤᠨ ᠴᠢᠬᠤᠯᠠ ᠲᠣᠮᠢᠯᠠᠯᠳᠠ ᠪᠠᠭᠤᠯᠭᠠᠯᠳᠠ᠂ ᠴᠢᠬᠤᠯᠠ ᠶᠡᠬᠡ ᠲᠥᠰᠥᠯ᠎ᠤᠨ ᠳᠣᠭᠢᠷᠠᠭᠤᠯᠤᠯᠳᠠ᠂ ᠶᠡᠬᠡ ᠲᠣᠭᠠᠨ᠎ᠤ ᠪᠠᠯᠠ ᠮᠥᠩᠭᠥ᠌ ᠬᠡᠷᠡᠭᠯᠡᠬᠦ᠌ ᠵᠦᠢᠯᠡᠰ  ᠲᠤ᠌ ᠬᠢᠨᠠᠯᠲᠠ ᠲᠠᠯᠪᠢᠬᠤ ᠲᠣᠭᠲᠠᠴᠠ᠎ᠵᠢ ᠪᠦᠷᠢᠨᠰᠢᠭᠦᠯᠦᠨ᠎ᠡ᠃ ᠤᠳᠤᠷᠢᠳᠬᠤ ᠺᠠᠳ᠋ᠷ ᠵᠣᠬᠢᠶᠠᠨ ᠪᠠᠶ᠋ᠢᠭᠤᠯᠤᠯᠲᠠ᠎ᠵᠢᠨ ᠲᠣᠭᠲᠠᠭᠠᠯ ᠪᠠ ᠵᠣᠬᠢᠶᠠᠨ ᠪᠠᠶ᠋ᠢᠭᠤᠯᠤᠯᠲᠠ᠎ᠵᠢᠨ ᠠᠵᠢᠯ᠎ᠤᠨ ᠬᠤᠪᠢᠶᠠᠷᠢᠯᠠᠯ᠎ᠢ ᠳᠠᠭᠠᠵᠤ᠂ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ ᠪᠠ ᠬᠠᠮᠲᠤ᠎ᠵᠢᠨ ᠰᠢ᠌ᠳᠪᠦᠷᠢᠲᠦ᠍ ᠪᠣᠳᠣᠯᠭ᠎ᠠ ᠶᠣᠰᠣᠭᠠᠷ ᠲᠤᠰᠢᠶᠠᠯ ᠬᠠᠷᠢᠭᠤᠴᠠᠯᠭ᠎ᠠ᠎ᠵᠢᠨ ᠬᠡᠪᠴᠢᠶᠡᠨ ᠳᠣᠲᠣᠷ᠎ᠠ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠍᠂ ᠠᠵᠢᠯ᠎ᠢ ᠰᠤᠳᠤᠯᠬᠤ᠎ᠳᠠᠭᠠᠨ ᠰᠠᠨᠠᠯ᠎ᠵᠢᠡᠨ ᠭᠦᠢᠴᠡᠳ ᠢᠯᠡᠳᠬᠡᠵᠦ᠍᠂ ᠰᠢ᠌ᠳᠪᠦᠷᠢᠲᠦ᠍ ᠪᠣᠳᠣᠯᠭ᠎ᠠ ᠪᠤᠢ ᠪᠤᠯᠤᠭᠰᠠᠨ᠎ᠤ ᠳᠠᠷᠠᠭ᠎ᠠ ᠡᠴᠦᠰ᠎ᠲᠦᠨᠢ ᠲᠤᠯᠲᠠᠯ᠎ᠠ ᠠᠳᠬᠤᠬᠤ ᠬᠡᠷᠡᠭᠲᠡᠶ᠃ ᠭᠠᠭᠴᠠᠭᠠᠷ ᠡᠵᠡᠨ ᠮᠡᠳᠡᠵᠦ᠍ ᠡᠵᠡᠷᠬᠡᠬᠦ᠌ ᠪᠤᠶᠤ ᠲᠤᠰ ᠲᠤᠰ᠎ᠲᠠᠭᠠᠨ ᠲᠤᠭ ᠪᠤᠰᠬᠠᠬᠤ ᠵᠢ ᠡᠷᠡᠰ ᠡᠰᠡᠷᠭᠦᠴᠡᠨ ᠰᠡᠷᠭᠡᠶ᠋ᠢᠯᠡᠵᠦ᠍᠂ ᠶᠠᠷᠢᠯᠴᠠᠭᠰᠠᠨ ᠴᠤ᠌ ᠰᠢ᠌ᠳᠬᠦ᠌ ᠦᠭᠡᠢ᠂ ᠰᠢ᠌ᠳᠦᠭᠰᠡᠨ ᠴᠤ᠌ ᠬᠡᠷᠡᠭᠵᠢᠭᠦᠯᠬᠦ᠌ ᠥᠭᠡᠢ᠂ ᠬᠡᠷᠡᠭᠵᠢᠭᠦᠯᠦᠭᠰᠡᠨ ᠴᠦ᠍ ᠪᠣᠳᠠᠲᠠᠶ ᠪᠢᠰᠢ ᠪᠠᠶ᠋ᠢᠬᠤ ᠵᠢ ᠡᠷᠡᠰ ᠡᠰᠡᠷᠭᠦᠴᠡᠨ ᠰᠡᠷᠭᠡᠶ᠋ᠢᠯᠡᠵᠦ᠍᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠎ᠵᠢᠨ ᠬᠠᠮᠲᠤ᠎ᠵᠢᠨ ᠰᠢ᠌ᠳᠪᠦᠷᠢᠲᠦ᠍ ᠪᠤᠳᠤᠯᠭ᠎ᠠ ᠭᠡᠰᠡᠨ ᠨᠡᠷ᠎ᠡ ᠪᠡᠷ ᠬᠠᠮᠲᠤ᠎ᠪᠠᠷ ᠵᠢᠡᠨ ᠲᠣᠭᠲᠠᠭᠠᠯ᠎ᠡᠴᠠ ᠵᠥᠷᠢᠴᠡᠬᠦ᠌ ᠪᠤᠶᠤ ᠬᠠᠷᠢᠭᠤᠴᠠᠯᠭ᠎ᠠ᠎ᠡᠴᠠ ᠵᠠᠶ᠋ᠢᠯᠠᠬᠤ᠎ᠵᠢ ᠡᠷᠡᠰ ᠡᠰᠡᠷᠭᠦᠴᠡᠨ ᠰᠡᠷᠭᠡᠶ᠋ᠢᠯᠡᠨ᠎ᠡ᠃ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠢ ᠲᠤᠤᠷᠡᠳᠦ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠲᠠᠶ ᠬᠣᠯᠪᠣᠭᠳᠠᠬᠤ ᠴᠢᠬᠤᠯᠠ ᠲᠣᠭᠲᠠᠭᠠᠯ ᠭᠠᠷᠭᠠᠬᠤ᠎ᠳᠠᠭᠠᠨ᠂ ᠡᠩ᠎ᠦᠨ ᠪᠠᠶ᠋ᠢᠳᠠᠯ᠎ᠳᠤ ᠤᠷᠢᠳ᠎ᠵᠢᠡᠷ ᠲᠤᠤᠷᠡᠳᠦ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ᠎ᠵᠢᠡᠨ ᠰᠠᠨᠠᠯ᠎ᠢ ᠬᠤᠷᠢᠶᠠᠬᠤ ᠬᠡᠷᠡᠭᠲᠡᠶ᠃ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ᠎ᠳᠠᠭᠠᠨ ᠤᠳᠤᠷᠢᠳᠬᠤ ᠺᠠᠳ᠋ᠷ ᠨᠠᠰᠤᠨ ᠲᠤᠷᠰᠢᠳᠠ ᠬᠠᠷᠢᠭᠤᠴᠠᠬᠤ ᠲᠦᠷᠢᠮ᠎ᠢ ᠪᠦᠷᠢᠨᠰᠢᠭᠦᠯᠦᠨ᠎ᠡ᠃

(ᠳᠥᠷᠪᠡ) 《ᠨᠢᠭᠡᠳᠦᠭᠡᠷ ᠭᠠᠷ》᠎ᠤ᠋ᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠍ ᠡᠷᠬᠡ ᠪᠠᠨ ᠬᠡᠷᠡᠭᠯᠡᠬᠦ᠌᠎ᠵᠢ ᠵᠢᠷᠤᠮᠵᠢᠭᠤᠯᠤᠨ᠎ᠠ᠃ 《ᠨᠢᠭᠡᠳᠦᠭᠡᠷ ᠭᠠᠷ》 ᠪᠠ ᠤᠳᠤᠷᠢᠳᠬᠤ ᠪᠠᠭ᠎ᠲᠤ᠌ ᠬᠢᠨᠠᠯᠲᠠ ᠲᠠᠯᠪᠢᠬᠤ᠎ᠵᠢ ᠴᠢᠩᠭᠠᠳᠬᠠᠬᠤ ᠲᠦᠷᠢᠮ ᠲᠣᠭᠲᠠᠭᠠᠯ᠎ᠢ ᠨᠠᠢ᠌ᠳᠠᠪᠤᠷᠢᠵᠢᠭᠤᠯᠤᠨ᠎ᠠ᠃ 《ᠨᠢᠭᠡᠳᠦᠭᠡᠷ ᠭᠠᠷ》᠎ᠢ᠋ ᠰᠢᠯᠢᠨ ᠳᠡᠪᠰᠢᠭᠦᠯᠵᠦ᠍ ᠲᠣᠮᠢᠯᠠᠨ ᠬᠡᠷᠡᠭᠯᠡᠬᠦ᠌᠎ᠳᠦ ᠠᠷᠠᠳᠴᠢᠯᠠᠯ ᠲᠥᠪᠯᠡᠷᠡᠯ᠎ᠦᠨ ᠶᠣᠰᠣ᠎ᠵᠢ ᠲᠤᠭᠤᠰᠢᠯᠠᠭᠤᠯᠤᠨ ᠬᠡᠷᠡᠭᠵᠢᠭᠦᠯᠬᠦ᠌ ᠬᠡᠪ ᠪᠣᠯᠪᠠᠰᠤᠷᠠᠯ ᠪᠠ ᠴᠢᠳᠠᠪᠤᠷᠢ᠎ᠵᠢ ᠰᠢᠯᠭᠠᠨ ᠪᠠᠶ᠋ᠢᠴᠠᠭᠠᠬᠤ᠎ᠵᠢ ᠴᠢᠬᠤᠯᠠᠴᠢᠯᠠᠨ᠎ᠠ᠃ ᠤᠳᠤᠷᠢᠳᠬᠤ ᠪᠠᠭ᠎ᠤᠨ ᠡᠷᠬᠡ᠎ᠵᠢᠨ ᠠᠵᠢᠯᠯᠠᠭᠠᠨ᠎ᠢ ᠬᠢᠵᠠᠭᠠᠷᠯᠠᠬᠤ ᠲᠣᠭᠲᠠᠴᠠ᠎ᠵᠢ ᠪᠦᠷᠢᠨᠰᠢᠭᠦᠯᠵᠦ᠍᠂ 《ᠨᠢᠭᠡᠳᠦᠭᠡᠷ ᠭᠠᠷ》 ᠎ᠤ᠋ᠨ ᠲᠤᠰᠢᠶᠠᠯ ᠬᠠᠷᠢᠭᠤᠴᠠᠯᠭ᠎ᠠ᠎ᠵᠢᠨ ᠡᠷᠬᠡ᠎ᠵᠢᠨ ᠬᠢᠵᠠᠭᠠᠷ᠎ᠢ ᠵᠢᠷᠤᠮᠵᠢᠭᠤᠯᠵᠤ᠂ 《ᠨᠢᠭᠡᠳᠦᠭᠡᠷ ᠭᠠᠷ》 ᠬᠠᠮᠤᠭ᠎ᠤᠨ ᠡᠴᠦᠰ ᠲᠤ᠌ ᠣᠪᠣᠷ᠎ᠵᠢᠡᠨ ᠢᠯᠡᠳᠬᠡᠬᠦ᠌ ᠲᠦᠷᠢᠮ᠎ᠢ ᠬᠡᠷᠡᠭᠵᠢᠭᠦᠯᠦᠨ᠎ᠡ᠃ ᠱᠦᠵᠢ᠎ᠵᠢᠨ ᠲᠤᠰᠬᠠᠶ ᠰᠡᠳᠦᠪᠲᠦ᠍ ᠬᠤᠷᠠᠯ᠎ᠵᠢᠡᠷ ᠨᠠᠮ᠎ᠤᠨ ᠬᠣᠷᠢᠶᠠᠨ᠎ᠤ ᠪᠠᠶ᠋ᠢᠩᠭᠤ᠎ᠵᠢᠨ ᠬᠣᠷᠢᠶᠠᠨ᠎ᠤ ᠬᠤᠷᠠᠯ᠎ᠢ ᠣᠷᠣᠯᠠᠭᠤᠯᠤᠨ ᠰᠢ᠌ᠳᠪᠦᠷᠢᠲᠦ᠍ ᠪᠤᠳᠤᠯᠭ᠎ᠠ ᠭᠠᠷᠭᠠᠵᠤ ᠪᠣᠯᠬᠤ ᠦᠭᠡᠢ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠱᠦᠵᠢ ᠡᠷᠬᠡᠪᠰᠢ ᠠᠷᠠᠳᠴᠢᠯᠠᠯ᠎ᠢ ᠪᠠᠳᠠᠷᠠᠭᠤᠯᠵᠤ᠂ ᠠᠳᠠᠯᠢ ᠪᠤᠰᠤ ᠰᠠᠨᠠᠯ᠎ᠢ ᠬᠢᠨᠠᠮᠠᠭᠠᠶ ᠰᠣᠨᠣᠰᠴᠤ᠌᠂ ᠴᠥᠭᠡᠨ ᠲᠣᠭᠠᠨ᠎ᠤ ᠬᠥᠮᠦᠰ᠎ᠦᠨ ᠰᠠᠨᠠᠯ᠎ᠳᠤ ᠵᠥᠪ ᠬᠠᠨᠳᠤᠬᠤ ᠬᠡᠷᠡᠭᠲᠡᠢ᠂ 《 ᠭᠠᠭᠴᠠᠭᠠᠷ ᠭᠠᠷ ᠡᠷᠬᠢᠭᠦᠯᠵᠦ᠍ 》 ᠂ 《ᠭᠡᠷ᠎ᠦᠨ ᠠᠬᠠᠮᠠᠳ᠎ᠤᠨ ᠰᠤᠷᠲᠠᠯ》 ᠭᠠᠷᠭᠠᠵᠤ ᠪᠣᠯᠬᠤ ᠦᠭᠡᠢ᠂ ᠬᠠᠮᠲᠤ᠎ᠪᠠᠷ ᠰᠤᠳᠤᠯᠬᠤ ᠶᠣᠰᠣᠲᠠᠶ ᠦᠶ᠎ᠡ᠎ᠳᠤ ᠳᠤᠷ᠎ᠠ᠎ᠪᠠᠷ᠎ᠵᠢᠡᠨ ᠣᠪᠣᠷ᠎ᠵᠢᠡᠨ ᠢᠯᠡᠳᠬᠡᠵᠦ᠍ ᠪᠣᠯᠬᠤ ᠦᠭᠡᠢ᠂ ᠬᠤᠪᠢ ᠬᠥᠮᠦᠨ᠎ᠦ ᠰᠠᠨᠠᠯ᠎ᠵᠢᠡᠷ ᠤᠳᠤᠷᠢᠳᠬᠤ ᠪᠠᠭ᠎ᠤᠨ ᠬᠠᠮᠲᠤ᠎ᠵᠢᠨ ᠲᠣᠭᠲᠠᠭᠠᠯ᠎ᠢ ᠣᠷᠣᠯᠠᠭᠤᠯᠵᠤ ᠪᠣᠯᠬᠤ ᠦᠭᠡᠢ᠂ ᠬᠠᠮᠲᠤ᠎ᠵᠢᠨ ᠲᠣᠭᠲᠠᠭᠠᠯ᠎ᠢ ᠳᠤᠷ᠎ᠠ᠎ᠪᠠᠷ᠎ᠵᠢᠡᠨ ᠬᠤᠪᠢᠷᠠᠭᠤᠯᠵᠤ ᠪᠣᠯᠬᠤ ᠦᠭᠡᠢ᠂ 《ᠨᠢᠭᠡᠳᠦᠭᠡᠷ ᠭᠠᠷ》᠎ᠤ᠋ᠨ ᠬᠤᠪᠢ ᠬᠥᠮᠦᠨ᠎ᠦ ᠡᠷᠬᠡ ᠰᠦᠷ᠎ᠢ ᠬᠠᠮᠠᠭᠠᠯᠠᠬᠤ ᠬᠡᠷᠡᠭᠲᠡᠶ ᠭᠡᠵᠦ᠍ ᠱᠠᠲᠤ᠌ ᠱᠠᠲᠤ᠎ᠪᠠᠷ ᠱᠠᠭᠠᠷᠳᠠᠵᠤ ᠪᠣᠯᠬᠤ ᠦᠭᠡᠢ᠃ 《ᠨᠢᠭᠡᠳᠦᠭᠡᠷ ᠭᠠᠷ》 ᠲᠤᠰᠢᠶᠠᠯ᠎ᠤᠨ ᠮᠡᠳᠡᠭᠦᠯᠦᠯᠲᠡ ᠬᠢᠬᠦ᠌᠎ᠳᠡᠭᠡᠨ ᠳᠣᠣᠷᠠᠳᠤ ᠱᠠᠲᠤᠨ᠎ᠤ ᠪᠡᠨ 《ᠨᠢᠭᠡᠳᠦᠭᠡᠷ ᠭᠠᠷ》᠎ᠢ᠋ ᠬᠠᠮᠢᠶᠠᠷᠴᠤ᠌ ᠬᠢᠨᠠᠭᠰᠠᠨ ᠪᠠᠢ᠌ᠳᠠᠯ᠎ᠢ ᠲᠤᠰᠬᠠᠶ ᠰᠡᠳᠦᠪ᠎ᠵᠢᠡᠷ ᠮᠡᠳᠡᠭᠦᠯᠬᠦ᠌ ᠳᠦᠷᠢᠮ᠎ᠢ ᠨᠠᠶ᠋ᠢᠳᠠᠪᠤᠷᠢᠵᠢᠭᠤᠯᠤᠨ᠎ᠠ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠎ᠡᠴᠠ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ 《ᠨᠢᠭᠡᠳᠦᠭᠡᠷ ᠭᠠᠷ》 ᠲᠤ᠌ ᠬᠢᠨᠠᠯᠲᠠ ᠲᠠᠯᠪᠢᠬᠤ ᠶᠠᠷᠢᠯᠴᠠᠬᠤ ᠲᠦᠷᠢᠮ᠎ᠢ ᠨᠠᠶ᠋ᠢᠳᠠᠪᠤᠷᠢᠵᠢᠭᠤᠯᠤᠨ᠎ᠠ᠃ ᠠᠳᠠᠯᠢ ᠱᠠᠲᠤᠨ᠎ᠤ ᠬᠢᠨᠠᠯᠲᠠ ᠲᠠᠯᠪᠢᠬᠤ ᠳᠦᠷᠢᠮ ᠲᠣᠭᠲᠠᠴᠠ᠎ᠵᠢ ᠲᠡᠭᠦᠯᠳᠡᠷᠵᠢᠭᠦᠯᠵᠦ᠍᠂ ᠤᠳᠤᠷᠢᠳᠬᠤ ᠪᠠᠭ᠎ᠤᠨ ᠪᠦᠷᠢᠯᠳᠦᠬᠦᠨ ᠠᠷᠠᠳᠴᠢᠯᠠᠯ ᠲᠥᠪᠯᠡᠷᠡᠯ᠎ᠦᠨ ᠶᠣᠰᠣ᠎ᠵᠢ ᠬᠠᠮᠠᠭᠠᠯᠠᠬᠤ ᠤᠯᠤᠰ ᠲᠦᠷᠦ᠎ᠵᠢᠨ ᠬᠠᠷᠢᠭᠤᠴᠠᠯᠭ᠎ᠠ᠎ᠪᠠᠨ ᠭᠦᠢᠴᠡᠳᠬᠡᠵᠦ᠍᠂ ᠬᠠᠷᠢᠯᠴᠠᠨ ᠬᠢᠨᠠᠯᠲᠠ ᠲᠠᠯᠪᠢᠬᠤ᠎ᠪᠠᠨ ᠴᠢᠩᠭᠠᠳᠬᠠᠵᠤ᠂ 《ᠨᠢᠭᠡᠳᠦᠭᠡᠷ ᠭᠠᠷ》 ᠲᠦ᠍ ᠠᠰᠠᠭᠤᠳᠠᠯ ᠣᠷᠣᠰᠢᠵᠤ ᠪᠠᠶ᠋ᠢᠬᠤ᠎ᠵᠢ ᠣᠯᠵᠤ ᠮᠡᠳᠡᠪᠡᠯ ᠦᠨᠡᠨᠴᠢ᠎ᠪᠡᠷ ᠳᠤᠷᠠᠳᠤᠨ ᠭᠠᠷᠭᠠᠵᠤ᠂ ᠴᠢᠬᠤᠯᠠ ᠠᠰᠠᠭᠤᠳᠠᠯ᠎ᠢ ᠣᠯᠵᠤ ᠮᠡᠳᠡᠪᠡᠯ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠮᠡᠳᠡᠭᠦᠯᠬᠦ᠌ ᠬᠡᠷᠡᠭᠲᠡᠶ᠃

ᠳᠦᠷᠪᠡ᠂ ᠦᠨᠳᠦᠰᠦᠲᠡᠨ᠎ᠦ ᠰᠡᠷᠭᠦᠨ ᠮᠠᠨᠳᠤᠯᠲᠠ᠎ᠵᠢᠨ ᠬᠦᠨᠳᠦ ᠡᠭᠦᠷᠭᠡ᠎ᠵᠢ ᠡᠭᠦᠷᠭᠡᠯᠡᠵᠦ᠍ ᠳᠡᠶ᠋ᠢᠯᠬᠦ᠌ ᠥᠨᠳᠥᠷ ᠬᠡᠪ ᠴᠢᠨᠠᠷ ᠪᠦᠬᠦᠢ ᠺᠠᠳ᠋ᠷ᠎ᠤᠨ ᠡᠩᠨᠡᠭᠡ᠎ᠵᠢ ᠳᠠᠪᠲᠠᠨ ᠪᠣᠯᠪᠠᠰᠤᠷᠠᠭᠤᠯᠤᠨ᠎ᠠ

ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠵᠠᠩᠭᠢᠯᠠᠭ᠎ᠠ ᠨᠢ ᠲᠦᠰᠢᠮᠡᠳ᠎ᠢ ᠴᠢᠩᠭ᠎ᠠ ᠵᠠᠰᠠᠬᠤ᠎ᠳᠤ ᠪᠠᠶ᠋ᠢᠨ᠎ᠠ᠃ ᠡᠷᠬᠡᠪᠰᠢ ᠰᠢᠨ᠎ᠡ ᠴᠠᠭ ᠦᠶ᠎ᠡ᠎ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠱᠤᠭᠤᠮ᠎ᠢ ᠲᠤᠭᠤᠰᠢᠯᠠᠭᠤᠯᠤᠨ᠂ ᠺᠠᠳ᠋ᠷ᠎ᠢ ᠰᠤᠷᠭᠠᠵᠤ ᠬᠥᠮᠦᠵᠢᠭᠦᠯᠬᠦ᠂ ᠰᠢᠯᠢᠨ ᠳᠡᠪᠰᠢᠭᠦᠯᠵᠦ᠍ ᠲᠣᠮᠢᠯᠠᠨ ᠬᠡᠷᠡᠭᠯᠡᠬᠦ᠂ ᠬᠠᠮᠢᠶᠠᠷᠴᠤ᠌ ᠬᠢᠨᠠᠬᠤ᠎ᠵᠢ ᠴᠢᠩᠳᠠᠯᠠᠵᠤ᠂ ᠤᠯᠤᠰ ᠲᠦᠷᠦ᠎ᠵᠢᠨ ᠲᠠᠯ᠎ᠠ᠎ᠪᠠᠷ ᠪᠠᠲᠤ᠌ ᠴᠢᠩᠭ᠎ᠠ᠂ ᠡᠷᠳᠡᠮ ᠴᠢᠳᠠᠪᠤᠷᠢ ᠴᠠᠭᠠᠷᠠᠭᠰᠠᠨ᠂ ᠬᠡᠪ ᠰᠤᠷᠲᠠᠯ ᠰᠢᠯᠢᠳᠡᠭ ᠰᠠᠢ᠌ᠨ᠂ ᠰᠠᠬᠢᠯᠭ᠎ᠠ ᠪᠠᠲᠤ᠌ ᠴᠢᠩᠭ᠎ᠠ ᠳᠤᠳᠤᠷᠬᠠᠢ ᠦᠨᠳᠦᠷ ᠬᠡᠪ ᠴᠢᠨᠠᠷ ᠪᠦᠬᠦᠢ ᠺᠠᠳ᠋ᠷ᠎ᠤᠨ ᠡᠩᠨᠡᠭᠡ᠎ᠵᠢ ᠪᠠᠶ᠋ᠢᠭᠤᠯᠬᠤ ᠬᠡᠷᠡᠭᠲᠡᠢ᠃

(ᠨᠢᠭᠡ) ᠬᠥᠮᠦᠨ ᠬᠡᠷᠡᠭᠯᠡᠬᠦ᠌ ᠵᠥᠪ ᠤᠳᠤᠷᠢᠳᠤᠮᠵᠢ᠎ᠵᠢ ᠪᠠᠷᠢᠮᠲᠠᠯᠠᠨ᠎ᠠ᠃ ᠺᠠᠳ᠋ᠷ᠎ᠢ ᠨᠠᠮ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠮᠤᠷᠠᠯ ᠴᠢᠳᠠᠪᠤᠷᠢ᠎ᠵᠢ ᠬᠤᠤᠰᠯᠠᠭᠤᠯᠬᠤ᠂ ᠮᠤᠷᠠᠯ᠎ᠢ ᠲᠡᠷᠢᠭᠦᠨ᠎ᠳᠦ ᠲᠠᠯᠪᠢᠬᠤ᠎ᠵᠢ ᠪᠠᠷᠢᠮᠲᠠᠯᠠᠵᠤ᠂ ᠲᠠᠯ᠎ᠠ ᠲᠠᠯ᠎ᠠ᠎ᠵᠢᠨ ᠡᠷᠳᠡᠮᠲᠡᠨ ᠴᠢᠳᠠᠪᠤᠷᠢᠲᠠᠨ᠎ᠢ ᠰᠤᠩᠭᠤᠬᠤ᠂ ᠡᠷᠲᠡᠮᠲᠡᠨ ᠮᠡᠷᠭᠡᠳ᠎ᠢ ᠯᠡ ᠬᠡᠷᠡᠭᠯᠡᠬᠦ᠌᠎ᠵᠢ ᠪᠠᠷᠢᠮᠲᠠᠯᠠᠵᠤ᠂ ᠠᠵᠢᠯ ᠦᠢᠯᠡᠰ᠎ᠵᠢᠡᠨ ᠳᠡᠭᠡᠳᠤᠯᠡᠬᠦ᠂ ᠭᠤᠤᠯᠴᠢ ᠴᠢᠭᠡᠴᠢ ᠪᠠᠢ᠌ᠬᠤ ᠵᠢ ᠪᠠᠷᠢᠮᠲᠠᠯᠠᠨ᠎ᠠ᠃ ᠰᠢᠨ᠎ᠡ ᠴᠠᠭ ᠦᠶ᠎ᠡ᠎ᠵᠢᠨ ᠰᠠᠶ᠋ᠢᠨ ᠺᠠᠳ᠋ᠷ᠎ᠤᠨ ᠪᠠᠷᠢᠮᠵᠢᠶ᠎ᠠ᠎ᠵᠢ ᠨᠡᠢ᠌ᠳᠡᠪᠦᠷᠢᠵᠢᠭᠤᠯᠤᠨ᠂ ᠨᠠᠮ᠎ᠳᠠᠭᠠᠨ ᠦᠨᠡᠨᠴᠢ ᠰᠢᠳᠤᠷᠭᠤ᠂ ᠪᠤᠳᠤᠵᠤ ᠰᠡᠳᠬᠢᠬᠦ᠌ ᠪᠠ ᠬᠡᠯᠡᠵᠦ᠍ ᠬᠢᠬᠦ᠌ ᠨᠢ ᠨᠢᠭᠡᠳᠦᠯᠲᠡᠢ᠂ ᠡᠭᠦᠷᠭᠡ ᠡᠭᠦᠷᠭᠡᠯᠡᠨ ᠬᠠᠷᠢᠭᠤᠴᠠᠯᠭ᠎ᠠ᠎ᠪᠠᠨ ᠭᠦᠢᠴᠡᠳᠬᠡᠳᠡᠭ᠂ ᠪᠣᠳᠠᠲᠤ᠌ ᠠᠮᠵᠢᠯᠲᠠ ᠪᠡᠷ ᠲᠤᠪᠤᠢ᠌ᠮ᠎ᠠ᠂ ᠲᠥᠪ ᠰᠢᠳᠤᠷᠭᠤ ᠠᠷᠢᠭᠤᠨ ᠴᠢᠬᠡᠴᠢ ᠺᠠᠳ᠋ᠷ᠎ᠢ ᠶᠡᠬᠡ ᠪᠡᠷ ᠰᠢᠯᠢᠨ ᠲᠡᠪᠰᠢᠬᠦᠯᠵᠤ ᠲᠤᠮᠢᠯᠠᠨ ᠬᠡᠷᠡᠭᠯᠡᠨ᠎ᠡ᠂ ᠬᠦᠴᠢᠷ᠎ᠡᠴᠡ ᠠᠶᠤᠵᠤ ᠬᠡᠷᠡᠭ᠎ᠡᠴᠡ ᠵᠠᠶ᠋ᠢᠯᠠᠳᠠᠭ᠂ ᠶᠡᠷᠦᠮᠳᠡᠭ ᠬᠤᠢ᠌ᠷᠭᠤ ᠶᠠᠭᠤ ᠴᠦ᠍ ᠪᠦᠳᠦᠭᠡᠬᠦ᠌ ᠦᠭᠡᠢ᠂ ᠣᠪᠤᠷ ᠰᠤᠷᠲᠠᠯ ᠨᠢ ᠬᠦᠩᠬᠡᠨ ᠬᠠᠭᠤᠳᠠᠮ ᠳᠡᠳᠡᠬᠡᠷ ᠬᠥᠮᠦᠰ᠎ᠢ ᠶᠠᠭᠠᠬᠢᠬᠰᠡᠨ ᠴᠤ᠌ ᠬᠡᠷᠡᠭᠯᠡᠬᠦ᠌ ᠦᠭᠡᠢ᠂ ᠨᠠᠮ᠎ᠳᠦ ᠦᠨᠡᠨᠴᠢ ᠪᠤᠰᠤ᠂ ᠢᠯᠠ ᠪᠡᠷ ᠲᠡᠭᠠᠵᠦ᠍ ᠲᠡᠯᠳᠡᠭᠤᠷ ᠵᠤᠢ᠍ᠷᠢᠴᠡᠳᠡᠭ᠂ ᠡᠷᠬᠡ᠎ᠪᠡᠨ ᠠᠰᠢᠭᠯᠠᠨ ᠠᠮᠢ᠎ᠪᠠᠨ ᠪᠣᠷᠳᠣᠳᠠᠭ ᠲᠡᠳᠡᠭᠡᠷ ᠬᠥᠮᠦᠰ᠎ᠢ ᠡᠷᠡᠰ ᠴᠡᠪᠡᠷᠯᠡᠨ ᠠᠷᠢᠯᠭᠠᠨ᠎ᠠ᠃

(ᠬᠣᠶᠠᠷ) ᠨᠠᠷᠢᠯᠢᠬ ᠣᠨᠣᠴᠠᠲᠠᠶ ᠪᠦᠬᠡᠳ ᠰᠢᠨᠵᠢᠯᠡᠬᠦ᠌ ᠤᠬᠠᠭᠠᠨᠴᠢ ᠪᠡᠷ ᠬᠥᠮᠦᠨ ᠰᠣᠩᠭᠣᠵᠤ ᠬᠦᠮᠦᠨ ᠬᠡᠷᠡᠭᠯᠡᠨ᠎ᠠ᠃ ᠺᠠᠳ᠋ᠷ᠎ᠢ ᠰᠢᠯᠢᠨ ᠳᠡᠪᠰᠢᠭᠦᠯᠵᠦ᠍ ᠲᠣᠮᠢᠯᠠᠨ ᠬᠡᠷᠡᠭᠯᠡᠬᠦ᠌ ᠵᠠᠷᠴᠢᠮ ᠪᠠ ᠵᠢᠷᠤᠮ᠎ᠢ ᠴᠢᠩᠭ᠎ᠠ ᠬᠡᠷᠡᠭᠵᠢᠭᠦᠯᠤᠨ᠂ ᠵᠣᠬᠢᠶᠠᠨ ᠪᠠᠶ᠋ᠢᠭᠤᠯᠤᠯᠲᠠ ᠡᠴᠡ ᠬᠥᠮᠦᠨ ᠰᠣᠩᠭᠣᠬᠤ᠂ ᠲᠥᠪ ᠭᠣᠣᠯᠴᠢ᠎ᠪᠠᠷ ᠬᠥᠮᠦᠨ ᠬᠡᠷᠡᠭᠯᠡᠬᠦ᠂ ᠠᠵᠢᠯ ᠬᠡᠷᠡᠭ ᠲᠡᠭᠡᠨ ᠵᠤᠬᠢᠴᠠᠭᠤᠯᠤᠨ ᠬᠦᠮᠤᠨ ᠰᠤᠩᠭᠤᠬᠤ᠎ᠵᠢ ᠪᠠᠷᠢᠮᠲᠠᠯᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠤᠳᠤᠷᠢᠳᠬᠤ ᠪᠠ ᠪᠤᠭᠤᠮᠳᠠ᠎ᠵᠢ ᠠᠳᠬᠤᠬᠤ ᠦᠢᠯᠡᠳᠦᠯ᠎ᠢ ᠪᠠᠳᠠᠷᠠᠭᠤᠯᠤᠨ᠎ᠠ᠃ ᠺᠠᠳ᠋ᠷ᠎ᠢ ᠰᠢᠯᠭᠠᠨ ᠪᠠᠢ᠌ᠴᠠᠭᠠᠬᠤ ᠶᠠᠰᠤ ᠴᠢᠨᠠᠷ᠎ᠢ ᠳᠡᠭᠡᠭᠰᠢᠯᠡᠭᠦᠯᠵᠤ᠂ ᠡᠩ᠎ᠦᠨ ᠦᠶ᠎ᠡ᠎ᠵᠢᠨ ᠬᠢᠨᠠᠨ ᠰᠢᠯᠭᠠᠯᠲᠠ᠎ᠵᠢ ᠴᠢᠩᠭᠠᠳᠬᠠᠨ᠂ ᠺᠠᠳ᠋ᠷ᠎ᠤᠨ ᠤᠯᠤᠰ ᠲᠦᠷᠦ᠎ᠵᠢᠨ ᠬᠡᠪ ᠴᠢᠨᠠᠷ᠎ᠢ ᠰᠢᠯᠭᠠᠨ ᠪᠠᠢ᠌ᠴᠠᠭᠠᠬᠤ ᠠᠵᠢᠯ᠎ᠢ ᠭᠦᠨᠵᠡᠭᠡᠢ ᠪᠥᠭᠡᠳ ᠪᠣᠳᠠᠲᠠᠢ ᠬᠢᠵᠦ᠍᠂ ᠪᠠᠢ᠌ᠩᠭᠤ᠎ᠵᠢᠨ ᠢᠯᠡᠷᠡᠯ ᠡᠴᠡ ᠨᠢ ᠺᠠᠳ᠋ᠷ᠎ᠢ ᠦᠨᠡᠯᠡᠬᠦ᠌᠎ᠵᠢ ᠴᠢᠬᠤᠯᠠᠴᠢᠯᠠᠵᠤ᠂ ᠴᠢᠬᠤᠯᠠ ᠶᠡᠬᠡ ᠵᠠᠩᠬᠢᠯᠠᠭ᠎ᠠ ᠵᠢᠨ ᠦᠶ᠎ᠠ᠂ ᠵᠠᠩᠬᠢᠯᠠᠭ᠎ᠠ ᠵᠢᠨ ᠴᠠᠭ ᠮᠦᠴᠡ ᠳ᠋ᠡᠬᠢ ᠢᠯᠡᠷᠡᠯ ᠡᠴᠡ ᠨᠢ ᠺᠠᠳ᠋ᠷ᠎ᠢ ᠰᠢᠯᠭᠠᠨ ᠪᠠᠶ᠋ᠢᠴᠠᠭᠠᠵᠤ᠂ ᠲᠡᠮᠡᠴᠡᠯ᠎ᠦᠨ ᠰᠢᠯᠭᠠᠯᠲᠠ᠂ ᠵᠥᠷᠢᠴᠡᠯ ᠬᠦᠴᠢᠷᠳᠡᠯ᠂ ᠭᠠᠵᠢᠭᠤ ᠰᠤᠷᠲᠠᠯ᠂ ᠠᠰᠢᠭ ᠲᠤᠰᠠ᠎ᠵᠢᠨ ᠦᠳᠦᠭᠡᠯᠭᠡ᠂ ᠲᠠᠪᠰᠢᠬᠦ᠌ ᠪᠠᠭᠤᠬᠤ ᠦᠯᠡᠳᠡᠬᠦ᠌ ᠰᠢᠯᠵᠢᠬᠦ᠌᠎ᠳᠦ ᠬᠠᠨᠳᠤᠬᠤ ᠢᠯᠡᠷᠡᠯ᠎ᠡᠴᠡ ᠨᠢ ᠺᠠᠳ᠋ᠷ᠎ᠢ ᠢᠯᠭᠠᠨ ᠲᠠᠨᠢᠵᠦ᠍᠂ ᠡᠭᠦᠷᠭᠡ᠎ᠵᠢᠨ ᠬᠦᠨᠳᠦ᠎ᠵᠢ ᠮᠡᠳᠡᠵᠦ᠍ ᠪᠠᠢ᠌ᠳᠠᠯ᠎ᠠ ᠪᠡᠨ ᠡᠭᠦᠷᠭᠡᠯᠡᠬᠦ᠂ ᠤᠴᠢᠷ ᠶᠠᠪᠤᠳᠠᠯ᠎ᠢ ᠡᠭᠦᠷᠭᠡᠯᠡᠵᠦ᠍ ᠠᠵᠢᠯ ᠬᠢᠬᠦ᠌ ᠵᠡᠷᠭᠡ ᠪᠠᠶ᠋ᠢᠳᠠᠯ᠎ᠡᠴᠠ ᠨᠢ ᠺᠠᠳ᠋ᠷ᠎ᠢ ᠠᠵᠢᠭᠯᠠᠨ᠎ᠠ᠃ ᠴᠢᠨᠠᠭᠰᠢ ᠦᠷᠬᠦᠯᠵᠢᠯᠡᠬᠦᠯᠦᠨ ᠰᠢᠯᠭᠠᠨ ᠪᠠᠶ᠋ᠢᠴᠠᠭᠠᠬᠤ᠎ᠵᠢ ᠴᠢᠩᠭᠠᠳᠬᠠᠵᠤ᠂ ᠤᠤᠯ᠎ᠤᠨ ᠠᠵᠢᠯᠯᠠᠵᠤ ᠪᠠᠢ᠌ᠭᠰᠠᠨ ᠭᠠᠵᠠᠷ ᠪᠤᠶᠤ ᠨᠢᠭᠡᠴᠢ᠎ᠳᠦ ᠬᠦᠷᠴᠦ᠍ ᠺᠠᠳ᠋ᠷ᠎ᠢ ᠰᠢᠯᠭᠠᠨ ᠪᠠᠶ᠋ᠢᠴᠠᠭᠠᠬᠤ᠎ᠵᠢ ᠴᠢᠬᠤᠯᠠᠴᠢᠯᠠᠨ᠂ ᠺᠠᠳ᠋ᠷ᠎ᠤᠨ ᠠᠮᠢᠳᠤᠷᠠᠯ᠎ᠤᠨ ᠬᠦᠷᠢᠶ᠎ᠡ᠂ ᠨᠡᠶ᠋ᠢᠭᠡᠮ᠎ᠤᠨ ᠬᠠᠷᠢᠯᠴᠠᠭᠠᠨ᠎ᠤ ᠬᠦᠷᠢᠶ᠎ᠡ᠎ᠵᠢ ᠤᠢ᠌ᠯᠠᠭᠠᠬᠤ᠎ᠵᠢ ᠴᠢᠬᠤᠯᠠᠴᠢᠯᠠᠵᠤ᠂ ᠲᠣᠭᠣᠷᠢᠨ ᠪᠠᠶ᠋ᠢᠴᠠᠭᠠᠯᠳᠠ ᠴᠠᠭᠳᠠᠨ ᠪᠠᠶ᠋ᠢᠴᠠᠭᠠᠯᠳᠠ᠂ ᠬᠢᠨᠠᠨ ᠪᠤᠳᠤᠯᠳᠠ᠂ ᠰᠢᠪᠠᠳᠠᠨ ᠪᠠᠶ᠋ᠢᠴᠠᠭᠠᠯᠳᠠ ᠵᠡᠷᠭᠡ᠎ᠵᠢᠨ ᠦᠷ᠎ᠡ ᠪᠦᠲᠦᠭᠡᠯ᠎ᠢ ᠰᠠᠶ᠋ᠢᠲᠤᠷ ᠬᠡᠷᠡᠭᠯᠡᠨ᠎ᠡ᠃ ᠠᠵᠢᠯ᠎ᠤᠨ ᠪᠠᠢ᠌ᠷᠢ ᠵᠢᠨ ᠲᠤᠰᠢᠶᠠᠯ ᠬᠠᠷᠢᠭᠤᠴᠠᠯᠭ᠎ᠠ ᠵᠢᠨ ᠱᠠᠭᠠᠷᠳᠠᠯᠭ᠎ᠠ᠎ᠵᠢ ᠴᠢᠩᠭ᠎ᠠ ᠵᠢᠷᠤᠮᠯᠠᠨ ᠺᠠᠳ᠋ᠷ᠎ᠢ ᠰᠢᠯᠢᠨ ᠬᠡᠷᠡᠭᠯᠡᠵᠦ᠍᠂ ᠲᠣᠬᠢᠷᠠᠯᠴᠠᠬᠤ ᠬᠡᠮᠵᠢᠶ᠎ᠡ᠎ᠵᠢ ᠴᠢᠩᠭᠠᠷᠠᠭᠤᠯᠤᠨ᠎ᠠ᠃ ᠪᠤᠳᠠᠭᠠᠯᠢ ᠪᠡᠶ᠎ᠡ ᠨᠢ ᠬᠦᠴᠦᠷᠬᠡᠭ ᠪᠦᠬᠦᠯᠢ ᠴᠣᠭᠴᠠ ᠨᠢ ᠰᠢᠯᠢᠳᠡᠭ ᠪᠠᠢ᠌ᠬᠤ᠂ ᠪᠦᠲᠦᠴᠡ ᠨᠢ ᠴᠢᠳᠠᠮᠵᠢ ᠪᠡᠨ ᠳᠠᠭᠠᠬᠤ᠎ᠵᠢ ᠪᠠᠷᠢᠮᠲᠠᠯᠠᠵᠤ᠂ ᠡᠯ᠎ᠡ ᠱᠠᠲᠤᠨ᠎ᠤ ᠤᠳᠤᠷᠢᠳᠬᠤ ᠪᠠᠭ ᠲᠦ᠍ ᠢᠯᠠᠩᠭᠤᠶ᠎ᠠ《ᠨᠢᠭᠡᠳᠦᠭᠡᠷ ᠭᠠᠷ》᠎ᠤ᠋ᠨ ᠳᠤᠰᠢᠶᠠᠯ᠎ᠳᠦ ᠰᠢᠯᠢᠳᠡᠭ᠎ᠢ ᠨᠢ ᠰᠤᠩᠭᠤᠨ ᠳᠣᠷᠪᠢᠲᠠᠢ᠎ᠵᠢ ᠨᠢ ᠲᠤᠭᠢᠷᠠᠭᠤᠯᠦᠨ᠎ᠠ᠃ ᠠᠬᠠᠮᠠᠳ ᠢᠳᠡᠷ ᠵᠠᠯᠠᠭᠤ ᠨᠠᠰᠤᠨ᠎ᠤ ᠺᠠᠳ᠋ᠷ᠎ᠢ ᠱᠠᠲᠤᠯᠠᠨ ᠲᠣᠬᠢᠷᠠᠭᠤᠯᠬᠤ᠂ ᠡᠯ᠎ᠡ ᠨᠠᠰᠤᠨ᠎ᠤ ᠺᠠᠳ᠋ᠷ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠡᠷᠡᠭᠯᠡᠬᠦ᠌᠎ᠵᠢ ᠪᠠᠷᠢᠮᠲᠠᠯᠠᠵᠤ᠂ ᠡᠮᠡᠭᠲᠡᠶ ᠺᠠᠳ᠋ᠷ᠂ ᠴᠥᠭᠡᠨ ᠲᠣᠭᠠᠲᠤ᠌ ᠦᠨᠳᠦᠰᠦᠲᠡᠨ᠎ᠦ ᠺᠠᠳ᠋ᠷ ᠪᠠ ᠨᠠᠮ᠎ᠤᠨ ᠭᠠᠳᠠᠨᠠᠬᠢ ᠺᠠᠳ᠋ᠷ᠎ᠢ ᠰᠠᠶ᠋ᠢᠲᠤᠷ ᠬᠥᠮᠦᠵᠢᠭᠦᠯᠦᠨ ᠬᠡᠷᠡᠭᠯᠡᠨ᠎ᠡ᠂ ᠨᠠᠰᠤ ᠵᠢᠯ᠂ ᠰᠤᠷᠤᠯᠭ᠎ᠠ᠎ᠵᠢᠨ ᠨᠠᠮᠲᠠᠷ᠂ ᠬᠢᠷᠢ ᠬᠡᠮ ᠵᠢᠡᠷ ᠯᠡ ᠪᠠᠷᠢᠮᠵᠢᠶᠠᠯᠠᠬᠤ ᠥᠭᠡᠢ᠂ ᠪᠠᠭ᠎ᠤᠨ ᠪᠦᠲᠦᠴᠡ᠎ᠵᠢ ᠯᠡ ᠴᠢᠬᠤᠯᠠᠴᠢᠯᠠᠭᠠᠳ ᠪᠤᠳᠠᠭᠠᠯᠢ ᠪᠡᠶ᠎ᠡ᠎ᠵᠢᠨ ᠬᠡᠪ ᠴᠢᠨᠠᠷ᠎ᠢ ᠣᠮᠲᠣᠭᠠᠶ᠋ᠢᠯᠠᠬᠤ᠂ ᠰᠤᠷᠤᠯᠭ᠎ᠠ᠎ᠵᠢᠨ ᠨᠠᠮᠲᠠᠷ ᠬᠢᠷᠢ ᠬᠡᠮ᠎ᠢ ᠯᠡ ᠴᠢᠬᠤᠯᠠᠴᠢᠯᠠᠭᠠᠳ ᠪᠣᠳᠠᠲᠠᠶ ᠴᠢᠳᠠᠪᠤᠷᠢ᠎ᠵᠢ ᠣᠮᠲᠣᠭᠠᠶ᠋ᠢᠯᠠᠬᠤ ᠡᠴᠡ ᠰᠡᠷᠭᠡᠶ᠋ᠢᠯᠡᠵᠦ᠍᠂ ᠠᠯᠪᠠ᠎ᠪᠠᠷ ᠲᠣᠬᠢᠷᠠᠭᠤᠯᠬᠤ᠂ ᠪᠠᠷᠢᠮᠵᠢᠶ᠎ᠠ᠎ᠵᠢ ᠨᠢ ᠪᠠᠭᠤᠷᠠᠭᠤᠯᠵᠤ ᠪᠠᠢ᠌ᠭᠠᠳ ᠭᠡᠷᠡᠭᠯᠡᠬᠦ᠌ ᠡᠴᠡ ᠰᠡᠷᠭᠡᠶ᠋ᠢᠯᠡᠨ᠎ᠡ᠃ ᠦᠨᠳᠦᠰᠦᠨ ᠱᠠᠲᠤ᠎ᠡᠴᠠ ᠰᠢᠯᠢᠳᠡᠭ ᠺᠠᠳ᠋ᠷ᠎ᠢ ᠢᠯᠡᠷᠡᠭᠦᠯᠬᠦ᠌ ᠪᠠ ᠰᠢᠯᠢᠨ ᠲᠡᠪᠰᠢᠬᠦᠯᠬᠦ᠌᠎ᠵᠢ ᠴᠢᠬᠤᠯᠠᠴᠢᠯᠠᠨ᠎ᠠ᠃ ᠺᠠᠳ᠋ᠷ᠎ᠤᠨ ᠲᠤᠰᠢᠶᠠᠯ ᠡᠭᠦᠷᠭᠡᠯᠡᠬᠦ᠌᠎ᠳᠦ ᠵᠠᠶ᠋ᠢᠯᠠᠭᠤᠯᠬᠤ᠂ ᠲᠤᠭᠲᠠᠭᠰᠠᠨ ᠬᠤᠭᠤᠴᠠᠭ᠎ᠠ ᠲᠠᠢ ᠪᠠᠷ ᠠᠵᠢᠯ᠎ᠤᠨ ᠪᠠᠢ᠌ᠷᠢ᠎ᠵᠢ ᠨᠢ ᠡᠭᠡᠯᠵᠢᠯᠡᠭᠦᠯᠬᠦ᠌ ᠪᠠ ᠰᠣᠯᠢᠯᠴᠠᠭᠤᠯᠬᠤ ᠲᠦᠷᠢᠮ᠎ᠢ ᠪᠦᠷᠢᠨᠰᠢᠬᠦᠯᠦᠨ᠎ᠡ᠃ ᠤᠳᠤᠷᠢᠳᠬᠤ ᠺᠠᠳ᠋ᠷ᠎ᠤᠨ ᠲᠤᠰᠢᠶᠠᠯ ᠡᠭᠦᠷᠭᠡᠯᠡᠬᠦ᠌ ᠬᠤᠭᠤᠴᠠᠭᠠᠨ᠎ᠤ ᠲᠦᠷᠢᠮ᠎ᠢ ᠲᠡᠭᠦᠯᠳᠡᠷᠵᠢᠭᠦᠯᠦᠨ ᠨᠠᠶ᠋ᠢᠳᠠᠪᠤᠷᠢᠵᠢᠭᠤᠯᠵᠤ᠂ ᠲᠤᠰᠢᠶᠠᠯ ᠡᠬᠦᠷᠬᠡᠯᠡᠬᠦ᠌ ᠬᠤᠭᠤᠴᠠᠭ᠎ᠠ᠎ᠵᠢ ᠲᠣᠭᠲᠠᠭᠤᠨ ᠪᠠᠶ᠋ᠢᠯᠭᠠᠬᠤ᠎ᠵᠢ ᠪᠠᠲᠤᠯᠠᠬᠤ ᠬᠣᠯᠪᠣᠭᠳᠠᠯ ᠪᠦᠬᠦᠢ ᠲᠦᠷᠦ᠎ᠵᠢᠨ ᠪᠤᠳᠤᠯᠭ᠎ᠠ᠎ᠵᠢ ᠴᠢᠩᠭ᠎ᠠ ᠬᠡᠷᠡᠭᠵᠢᠭᠦᠯᠵᠦ᠍᠂ ᠮᠦᠨ ᠨᠢᠭᠡ ᠠᠵᠢᠯ᠎ᠤᠨ ᠪᠠᠶ᠋ᠢᠷᠢ᠎ᠳᠤ ᠪᠠᠶ᠋ᠢᠨ ᠳᠠᠬᠢᠨ ᠺᠠᠳ᠋ᠷ ᠲᠣᠬᠢᠷᠠᠭᠤᠯᠬᠤ᠂ ᠮᠦᠨ ᠨᠢᠭᠡ ᠺᠠᠳ᠋ᠷ᠎ᠤᠨ ᠠᠵᠢᠯ᠎ᠤᠨ ᠪᠠᠶ᠋ᠢᠷᠢ᠎ᠵᠢ ᠪᠠᠶ᠋ᠢᠨ ᠳᠠᠬᠢᠨ ᠲᠣᠬᠢᠷᠠᠭᠤᠯᠬᠤ ᠡᠴᠡ ᠰᠡᠷᠭᠡᠶ᠋ᠢᠯᠡᠨ᠎ᠡ᠃ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ᠎ᠤᠨ ᠳᠤᠬᠠᠢ ᠵᠠᠳᠠᠯᠵᠤ ᠰᠤᠳᠤᠯᠤᠨ ᠮᠠᠭᠠᠳᠯᠠᠬᠤ᠎ᠪᠠᠨ ᠴᠢᠩᠭᠠᠳᠬᠠᠨ᠂ ᠤᠳᠤᠷᠢᠳᠬᠤ ᠺᠠᠳ᠋ᠷ᠎ᠤᠨ ᠳᠡᠪᠰᠢᠵᠦ᠍ ᠪᠤᠯᠬᠤ ᠮᠦᠷᠳᠡᠭᠡᠨ ᠪᠠᠭᠤᠵᠤ ᠪᠣᠯᠬᠤ᠎ᠵᠢ ᠬᠡᠪ᠎ᠦᠨ ᠪᠠᠶ᠋ᠢᠳᠠᠯ ᠪᠤᠯᠭᠠᠬᠤ᠎ᠵᠢ ᠠᠬᠢᠭᠤᠯᠵᠤ᠂ ᠤᠳᠤ᠎ᠵᠢᠨ ᠲᠤᠰᠢᠶᠠᠯ᠎ᠵᠢᠡᠨ ᠡᠭᠦᠷᠭᠡᠯᠡᠵᠦ᠍ ᠳᠡᠶ᠋ᠢᠯᠬᠦ᠌ ᠦᠭᠡᠢ ᠺᠠᠳ᠋ᠷ᠎ᠲᠤ᠌ ᠲᠤᠬᠢᠷᠠᠭᠤᠯᠤᠯᠳᠠ ᠬᠢᠬᠦ᠌ ᠡᠷᠴᠢᠮ᠎ᠵᠢᠡᠨ ᠴᠢᠩᠭᠠᠷᠠᠭᠤᠯᠤᠨ᠎ᠠ᠃

ᠺᠠᠳ᠋ᠷ᠎ᠢ ᠳᠡᠪᠰᠢᠬᠦᠯᠬᠦ᠌ ᠪᠤᠯᠭᠠᠨ᠎ᠳᠦ ᠳᠠᠩᠰᠠ ᠡᠪᠬᠡᠮᠡᠯ᠎ᠢ ᠨᠢ ᠵᠡᠪᠡᠯ ᠬᠢᠨᠠᠬᠤ᠂ ᠳᠡᠪᠰᠢᠬᠦᠯᠬᠦ᠌ ᠪᠤᠯᠭᠠᠨ᠎ᠳᠦ ᠬᠤᠪᠢ ᠬᠥᠮᠦᠨ᠎ᠦ ᠬᠣᠯᠪᠣᠭᠳᠠᠯ ᠪᠦᠬᠦᠢ ᠤᠴᠢᠷ ᠶᠠᠪᠤᠳᠠᠯ᠎ᠤᠨ ᠮᠡᠳᠡᠭᠦᠯᠦᠯᠲᠡ᠎ᠵᠢ ᠨᠢ ᠵᠠᠪᠠᠯ ᠬᠠᠷᠭᠤᠭᠤᠯᠬᠤ᠂ ᠳᠡᠪᠰᠢᠬᠦᠯᠬᠦ᠌ ᠪᠤᠯᠭᠠᠨ᠎ᠳᠦ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠪᠠᠶ᠋ᠢᠭᠤᠯᠭ᠎ᠠ᠎ᠵᠢᠨ ᠰᠠᠨᠠᠯ᠎ᠢ ᠵᠠᠪᠠᠯ ᠰᠣᠨᠣᠰᠬᠤ᠂ ᠳᠡᠪᠰᠢᠬᠦᠯᠬᠦ᠌ ᠪᠤᠯᠭᠠᠨ᠎ᠳᠦ ᠳᠦᠷᠢᠮ ᠲᠣᠭᠲᠠᠭᠠᠯ ᠰᠠᠬᠢᠯᠭ᠎ᠠ ᠪᠠᠲᠤ᠎ᠡᠴᠠ ᠵᠥᠷᠢᠴᠡᠭᠰᠡᠨ ᠠᠰᠠᠭᠤᠳᠠᠯ᠎ᠢ ᠲᠤᠰᠬᠠᠭᠰᠠᠨ ᠰᠦᠪᠡᠭᠴᠢ ᠨᠢ ᠪᠣᠳᠠᠲᠠᠶ ᠪᠦᠬᠡᠳ ᠪᠠᠶ᠋ᠢᠴᠠᠭᠠᠵᠤ ᠪᠤᠯᠬᠤᠢ᠌ᠴᠠ ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠬᠦᠯᠦᠯᠳᠠ᠎ᠵᠢ ᠵᠠᠪᠠᠯ ᠪᠠᠢ᠌ᠴᠠᠭᠠᠬᠤ᠎ᠵᠢ ᠪᠠᠷᠢᠮᠳᠠᠯᠠᠨ᠎ᠠ᠃ ᠠᠷᠢᠭᠤᠨ ᠴᠢᠬᠡᠴᠢ ᠪᠡᠷ ᠵᠠᠰᠠᠭ ᠪᠠᠷᠢᠬᠤ ᠲᠤᠬᠠᠶ ᠰᠠᠨᠠᠯ᠎ᠢ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠎ᠵᠢᠨ ᠱᠦᠵᠢ ᠪᠠ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶᠠᠨ᠎ᠤ ᠱᠦᠵᠢ (ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠳᠤᠭᠤᠶ᠋ᠢᠯᠠᠩ᠎ᠤᠨ ᠳᠠᠷᠤᠭ᠎ᠠ) ᠬᠠᠮᠲᠤ᠎ᠪᠠᠷ ᠭᠠᠷ᠎ᠤᠨ ᠦᠰᠦᠭ ᠵᠢᠷᠤᠵᠤ ᠨᠤᠲᠠᠯᠠᠬᠤ ᠲᠣᠭᠲᠠᠭᠠᠯ᠎ᠢ ᠨᠡᠢ᠌ᠳᠡᠪᠦᠷᠢᠵᠢᠭᠤᠯᠤᠨ᠎ᠠ᠃ ᠺᠠᠳ᠋ᠷ᠎ᠢ ᠲᠤᠰᠢᠶᠠᠯ᠎ᠳᠤ ᠲᠣᠮᠢᠯᠠᠬᠤ᠎ᠡᠴᠠ ᠡᠮᠦᠨᠡᠬᠢ ᠤᠴᠢᠷ ᠶᠠᠪᠤᠳᠠᠯ᠎ᠤᠨ ᠮᠡᠳᠡᠭᠦᠯᠦᠯᠳᠠ᠂ ᠰᠢᠯᠢᠨ ᠲᠡᠪᠰᠢᠬᠦᠯᠵᠦ᠍ ᠲᠤᠮᠢᠯᠠᠨ ᠬᠡᠷᠡᠭᠯᠡᠬᠦ᠌ ᠪᠦᠬᠦ᠌ ᠶᠠᠪᠤᠴᠠ᠎ᠵᠢᠨ ᠪᠣᠳᠠᠲᠤ᠌ ᠲᠡᠮᠳᠡᠭᠯᠡᠯ᠂ 《ᠨᠢᠭᠡ ᠮᠡᠳᠡᠭᠦᠯᠦᠯᠲᠡ ᠬᠣᠶᠠᠷ ᠦᠨᠡᠯᠡᠯᠳᠡ》᠎ᠵᠢᠨ ᠳᠦᠷᠢᠮ᠎ᠢ ᠲᠡᠭᠦᠯᠳᠡᠷᠵᠢᠭᠦᠯᠦᠨ ᠨᠠᠶ᠋ᠢᠳᠠᠪᠤᠷᠢᠵᠢᠭᠤᠯᠤᠨ᠎ᠠ᠃ ᠬᠥᠮᠦᠨ ᠰᠣᠩᠭᠣᠵᠤ ᠬᠥᠮᠦᠨ ᠬᠡᠷᠡᠭᠯᠡᠬᠦ᠌ ᠲᠤᠰᠬᠠᠶ ᠪᠠᠶ᠋ᠢᠴᠠᠭᠠᠯᠲᠠ᠎ᠵᠢ ᠭᠦᠨᠵᠡᠭᠡᠶ᠋ᠢᠷᠡᠭᠦᠯᠵᠦ᠍᠂ ᠺᠠᠳ᠋ᠷ᠎ᠢ 《ᠠᠰᠠᠭᠤᠳᠠᠯ᠎ᠲᠠᠶ ᠪᠠᠶ᠋ᠢᠲᠠᠯ᠎ᠠ ᠳᠡᠪᠰᠢᠭᠦᠯᠦᠭᠰᠡᠨ》 ᠬᠠᠷᠢᠭᠤᠴᠠᠯᠭ᠎ᠠ ᠨᠡᠬᠡᠮᠵᠢᠯᠡᠬᠦ᠌ ᠲᠣᠭᠲᠠᠴᠠ᠎ᠵᠢ ᠪᠦᠷᠢᠨᠰᠢᠭᠦᠯᠦᠨ᠎ᠡ᠃ ᠬᠥᠮᠦᠨ ᠬᠡᠷᠡᠭᠯᠡᠬᠦ᠌ ᠲᠠᠯ᠎ᠠ᠎ᠪᠠᠷ ᠬᠢ ᠲᠥᠪ ᠪᠤᠰᠤ ᠰᠤᠷᠲᠠᠯ᠎ᠢ ᠡᠷᠡᠰ ᠴᠡᠭᠴᠡᠯᠡᠨ ᠵᠠᠰᠠᠵᠤ᠂ ᠬᠤᠭᠤᠷᠤᠨᠳᠤ ᠪᠡᠨ ᠳᠠᠯᠳᠠᠭᠤᠷ ᠦᠭᠬᠦ᠌ ᠠᠪᠬᠤ᠂ ᠤᠢ᠌ᠷ᠎ᠠ ᠲᠤᠳᠦᠨᠦᠴᠤᠤᠠ᠎ᠵᠢᠡᠠ ᠯᠠ ᠭᠡᠷᠡᠭᠯᠡᠬᠦ᠌᠎ᠵᠢ ᠴᠢᠩᠭ᠎ᠠ ᠴᠠᠭᠠᠵᠠᠯᠠᠵᠤ᠂ 《ᠵᠢᠵᠢᠭ ᠪᠦᠯᠬᠦᠮ》᠎ᠢ᠋ ᠡᠷᠡᠰ ᠠᠷᠢᠯᠭᠠᠵᠤ᠂ ᠨᠣᠶᠠᠨ ᠵᠡᠷᠭᠡ ᠤᠯᠬᠤ ᠪᠡᠷ ᠬᠦᠭᠡᠭᠡᠴᠡᠯᠳᠤᠬᠦ᠌ ᠪᠠ ᠨᠤᠶᠠᠨ ᠵᠡᠷᠭᠡ ᠭᠤᠶᠤᠬᠤ᠂ ᠨᠣᠶᠠᠨ ᠵᠡᠷᠭᠡ ᠬᠤᠳᠠᠯᠳᠤᠨ ᠠᠪᠬᠤ ᠪᠠ ᠨᠤᠶᠠᠨ ᠵᠡᠷᠭᠡ ᠬᠤᠳᠠᠯᠳᠤᠬᠤ᠂ ᠰᠤᠨᠭ᠌ᠭᠤᠭᠤᠯᠢ ᠵᠢᠨ ᠪᠢᠯᠸᠲ ᠲᠠᠲᠠᠬᠤ ᠪᠠ ᠬᠠᠬᠤᠤᠯᠢᠳᠠᠵᠤ ᠰᠤᠨᠭ᠌ᠭᠤᠭᠤᠯᠬᠤ ᠵᠡᠷᠭᠡ ᠦᠢᠯᠡ ᠠᠵᠢᠯᠯᠠᠭ᠎ᠠ᠎ᠵᠢ ᠴᠢᠩᠭ᠎ᠠ ᠪᠠᠶ᠋ᠢᠴᠠᠭᠠᠨ ᠰᠢ᠌ᠳᠪᠦᠷᠢᠯᠡᠨ᠎ᠡ᠃

(ᠭᠤᠷᠪᠠ) ᠺᠠᠳ᠋ᠷ᠎ᠤᠨ ᠵᠠᠰᠠᠭ᠎ᠤᠨ ᠠᠵᠢᠯ᠎ᠤᠨ ᠠᠮᠵᠢᠯᠲᠠ᠎ᠵᠢᠨ ᠲᠤᠬᠠᠶ ᠵᠥᠪ ᠦᠵᠡᠯᠲᠡ᠎ᠵᠢ ᠪᠤᠢ ᠪᠣᠯᠭᠠᠨ ᠦᠢᠯᠡᠳᠦᠯᠭᠡᠵᠢᠭᠦᠯᠬᠦ᠌᠎ᠵᠢ ᠠᠬᠢᠭᠤᠯᠤᠨ᠎ᠠ᠃ ᠵᠠᠰᠠᠭ᠎ᠤᠨ ᠠᠵᠢᠯ᠎ᠤᠨ ᠠᠮᠵᠢᠯᠲᠠ᠎ᠵᠢᠨ ᠲᠤᠬᠠᠶ ᠦᠵᠡᠯᠲᠡ᠎ᠵᠢᠨ ᠬᠥᠮᠦᠵᠢᠯ᠎ᠢ ᠭᠦᠨᠵᠡᠭᠡᠶ᠋ᠢᠷᠡᠭᠦᠯᠥᠨ᠂ ᠺᠠᠳ᠋ᠷᠴᠤᠳ᠎ᠤᠨ ᠨᠡᠢ᠌ᠲᠡ ᠵᠢᠨ ᠲᠥᠯᠥᠭᠡ ᠨᠠᠮ ᠪᠠᠢ᠌ᠭᠤᠯᠬᠤ᠂ ᠠᠷᠠᠳ ᠲᠦᠮᠡᠨ ᠳ᠋ᠤ ᠪᠤᠶᠠᠨ ᠦᠢᠯᠡᠳᠬᠦ᠂ ᠰᠢᠨᠵᠢᠯᠡᠬᠦ᠌ ᠤᠬᠠᠭᠠᠨᠴᠢ᠎ᠪᠠᠷ ᠪᠤᠳᠤᠯᠭ᠎ᠠ ᠲᠣᠭᠲᠠᠭᠠᠬᠤ᠂ ᠦᠨᠡᠨ ᠬᠦ᠌ ᠠᠳᠬᠤᠨ ᠪᠣᠳᠠᠲᠠᠶ᠎ᠪᠡᠷ ᠬᠢᠬᠦ᠌᠎ᠵᠢ ᠪᠠᠷᠢᠮᠲᠠᠯᠠᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ ᠵᠢᠨ ᠰᠢᠯᠭᠠᠯᠲᠠ᠎ᠵᠶ ᠳᠠᠭᠠᠭᠠᠵᠤ ᠳᠡᠢ᠌ᠯᠬᠦ᠌ ᠪᠤᠳᠡᠳᠤ ᠠᠮᠵᠢᠯᠳᠠ ᠪᠦᠲᠦᠮᠵᠢ᠎ᠵᠢ ᠪᠤᠢ ᠪᠣᠯᠭᠠᠬᠤ᠎ᠵᠢ ᠬᠥᠲᠥᠯᠥᠨ ᠵᠢᠯᠣᠭᠣᠳᠤᠨ᠎ᠠ᠃ ᠰᠢᠨ᠎ᠡ ᠬᠦᠭᠵᠢᠯᠲᠡ᠎ᠵᠢᠨ ᠤᠶ᠋ᠢᠯᠠᠭᠠᠭᠳᠠᠬᠤᠨ᠎ᠢ ᠪᠦᠷᠢᠨ ᠪᠦᠲᠦᠨ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ᠂ ᠴᠢᠨᠠᠷ ᠰᠠᠶ᠋ᠢᠲᠠᠶ ᠬᠥᠭᠵᠢᠯᠲᠡ᠎ᠵᠢ ᠠᠬᠢᠭᠤᠯᠤᠭᠰᠠᠨ ᠳᠤᠬᠠᠢ ᠵᠠᠰᠠᠭ᠎ᠤᠨ ᠠᠵᠢᠯ᠎ᠤᠨ ᠠᠮᠵᠢᠯᠲᠠ᠎ᠵᠢᠨ ᠬᠢᠨᠠᠨ ᠰᠢᠯᠭᠠᠯᠳᠠ᠎ᠵᠢ ᠰᠠᠢ᠌ᠵᠢᠷᠠᠭᠤᠯᠵᠤ᠂ ᠬᠥᠮᠦᠨ᠎ᠢ ᠰᠢᠯᠭᠠᠬᠤ ᠪᠤᠯᠤᠨ ᠠᠵᠢᠯ᠎ᠢ ᠰᠢᠯᠭᠠᠬᠤ᠎ᠵᠢ ᠤᠶᠠᠯᠳᠤᠭᠤᠯᠬᠤ᠂ ᠨᠢᠭᠡᠨᠲᠡ ᠬᠢᠨᠠᠨ ᠰᠢᠯᠭᠠᠭᠰᠠᠨ ᠦᠷ᠎ᠡ ᠪᠦᠲᠦᠭᠡᠯ᠎ᠢ ᠬᠡᠷᠡᠭᠯᠡᠬᠦ᠌ ᠪᠤᠯᠤᠨ ᠲᠤᠰᠢᠶᠠᠯ᠎ᠳᠦ ᠳᠤᠮᠢᠯᠠᠬᠤ ᠡᠴᠡ ᠡᠮᠦᠨ᠎ᠡ ᠰᠢᠯᠭᠠᠨ ᠪᠠᠶ᠋ᠢᠴᠠᠭᠠᠯᠳᠠ ᠬᠢᠬᠦ᠌᠎ᠵᠢ ᠤᠶᠠᠯᠳᠤᠭᠤᠯᠬᠤ᠎ᠵᠢ ᠪᠠᠷᠢᠮᠲᠠᠯᠠᠨ᠂ ᠥᠭᠡᠷᠡᠴᠢᠯᠡᠯᠲᠡ᠎ᠵᠢ ᠠᠳᠬᠤᠵᠤ ᠬᠥᠭᠵᠢᠯᠲᠡ᠎ᠵᠢ ᠠᠬᠢᠭᠤᠯᠤᠭᠰᠠᠨ ᠪᠠ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠍ ᠠᠮᠤᠷ ᠲᠦᠪᠰᠢᠨ᠎ᠢ ᠬᠠᠮᠠᠭᠠᠯᠠᠭᠰᠠᠨ᠂ ᠣᠳᠣᠬᠠᠨ᠎ᠤ ᠠᠵᠢᠯ᠎ᠢ ᠠᠬᠢᠭᠤᠯᠤᠭᠰᠠᠨ ᠪᠠ ᠲᠡᠦᠭᠡ ᠵᠢᠨ ᠦᠯᠡᠳᠡᠭᠳᠡᠯ ᠠᠰᠠᠭᠤᠳᠡᠯ᠎ᠢ ᠰᠢ᠌ᠳᠪᠦᠷᠢᠯᠡᠭᠰᠡᠨ᠂ ᠢᠯᠡ ᠠᠮᠵᠢᠯᠲᠠ ᠪᠦᠲᠦᠮᠵᠢ ᠭᠠᠷᠭᠠᠭᠰᠠᠨ ᠪᠠ ᠳᠠᠯᠳᠠ ᠠᠮᠵᠢᠯᠳᠠ ᠪᠦᠲᠦᠮᠵᠢ᠎ᠵᠢ ᠴᠢᠬᠤᠯᠠᠴᠢᠯᠠᠭᠰᠠᠨ ᠵᠡᠷᠭᠡ ᠪᠠᠶ᠋ᠢᠳᠠᠯ᠎ᠢ ᠭᠦᠨᠵᠡᠭᠡᠶ ᠣᠶ᠋ᠢᠯᠠᠭᠠᠵᠤ ᠵᠠᠳᠠᠯᠤᠨ ᠰᠢᠨᠵᠢᠯᠡᠨ᠎ᠡ᠃ ᠵᠠᠰᠠᠭ᠎ᠤᠨ ᠠᠵᠢᠯ᠎ᠤᠨ ᠠᠮᠵᠢᠯᠳᠠ᠎ᠵᠢᠨ ᠲᠤᠬᠠᠢ ᠪᠤᠷᠤᠭᠤ ᠦᠵᠡᠯᠳᠡ ᠳᠠᠢ ᠪᠠᠢ᠌ᠬᠤ ᠭᠣᠤᠯ ᠠᠰᠠᠭᠤᠳᠠᠯ᠎ᠤᠨ ᠲᠣᠳᠣᠷᠬᠠᠶ ᠬᠠᠭᠤᠳᠠᠰᠤ᠎ᠳᠤ ᠬᠥᠳᠡᠯᠦᠩᠭᠦᠶ ᠪᠡᠷ ᠲᠣᠬᠢᠷᠠᠭᠤᠯᠤᠯᠲᠠ ᠬᠢᠵᠦ᠍᠂ ᠵᠠᠰᠠᠭ᠎ᠤᠨ ᠠᠵᠢᠯ᠎ᠤᠨ ᠠᠮᠵᠢᠯᠳᠠ᠎ᠵᠢᠨ ᠲᠤᠬᠠᠢ ᠪᠤᠷᠤᠭᠤ ᠦᠵᠡᠯᠳᠡ᠎ᠵᠢ ᠪᠦᠲᠦᠮᠵᠢᠲᠡᠶ ᠰᠡᠷᠭᠡᠶ᠋ᠢᠯᠡᠬᠦ᠌ ᠪᠠ ᠵᠠᠯᠠᠷᠠᠭᠤᠯᠤᠨ ᠵᠠᠰᠠᠬᠤ ᠠᠵᠢᠯ᠎ᠤᠨ ᠲᠣᠭᠲᠠᠴᠠ᠎ᠵᠢ ᠪᠦᠷᠢᠨᠰᠢᠭᠦᠯᠦᠨ᠎ᠠ᠃ ᠰᠢᠨ᠎ᠠ ᠳᠠᠷᠤᠭ᠎ᠠ ᠬᠠᠭᠤᠴᠢᠨ ᠲᠠᠨᠭ᠌ᠰᠠ ᠵᠢ ᠦᠯᠦ᠍ ᠬᠠᠮᠢᠶᠠᠷᠬᠤ᠂ ᠠᠪᠤᠨ ᠳᠣᠣᠷ᠎ᠠ᠎ᠪᠠᠨ ᠠᠰᠢᠭ ᠤᠯᠬᠤ ᠪᠡᠷ ᠬᠦᠭᠡᠭᠡᠴᠡᠯᠳᠦᠬᠦ᠂ ᠬᠤᠳᠠᠯ ᠬᠡᠯᠡᠵᠦ᠍ ᠬᠠᠭᠤᠷᠮᠠᠭᠯᠠᠨ ᠵᠣᠬᠢᠶᠠᠬᠤ᠂ ᠰᠣᠬᠣᠷ ᠪᠠᠯᠠᠶ᠎ᠪᠠᠷ ᠠᠵᠢᠯᠯᠠᠬᠤ᠂ ᠤᠯᠠᠨ ᠲᠦᠮᠡᠨ᠎ᠦ ᠬᠦᠰᠡᠯ ᠰᠠᠨᠠᠭ᠎ᠠ᠎ᠡᠴᠠ ᠲᠡᠷᠰᠯᠡᠨ ᠪᠣᠳᠠᠲᠤ᠌ ᠪᠠᠶ᠋ᠢᠳᠠᠯ᠎ᠳᠦ ᠦᠯᠦ᠍ ᠨᠡᠢ᠌ᠴᠡᠬᠦ᠌ ᠪᠣᠳᠣᠯᠭ᠎ᠠ ᠲᠣᠭᠲᠠᠭᠠᠬᠤ᠂ 《ᠳᠦᠷᠢ ᠲᠥᠷᠬᠦ᠌᠎ᠵᠢᠨ ᠢᠨᠵᠧᠨᠧᠷᠢᠩ》 ᠪᠤᠯᠤᠨ 《ᠵᠠᠰᠠᠭ᠎ᠤ᠋ᠨ ᠠᠵᠢᠯ᠎ᠤᠨ ᠠᠮᠵᠢᠯᠲᠠ᠎ᠵᠢᠨ ᠢᠨᠵᠧᠨᠧᠷᠢᠩ》 ᠬᠢᠬᠦ᠂ ᠲᠥᠷᠦ᠎ᠵᠢᠨ ᠪᠣᠳᠣᠯᠭ᠎ᠠ ᠲᠥᠯᠥᠪᠵᠢᠭᠦᠯᠭᠡ ᠪᠡᠨ ᠳᠠᠬᠢᠨ ᠳᠡᠪᠳᠠᠨ ᠬᠤᠪᠢᠷᠠᠭᠤᠯᠬᠤ᠂ ᠲᠣᠭᠲᠠᠭᠠᠯ᠎ᠡᠴᠠ ᠵᠥᠷᠢᠴᠡᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠳᠠ ᠴᠢᠨᠠᠷᠲᠠᠶ ᠥᠭᠴᠡᠭᠡ᠎ᠵᠢ ᠰᠢᠨ᠎ᠡ᠎ᠪᠡᠷ ᠨᠡᠮᠡᠭᠳᠡᠭᠦᠯᠬᠦ᠂ ᠬᠥᠭᠵᠢᠯᠲᠡ᠎ᠵᠢ ᠯᠡ ᠡᠷᠬᠢᠮᠯᠡᠭᠡᠳ ᠠᠮᠤᠷ ᠲᠦᠪᠰᠢᠨ᠎ᠢ ᠤᠮᠳᠤᠭᠠᠢ᠌ᠯᠠᠬᠤ ᠵᠡᠷᠭᠡ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠨ᠎ᠠ᠃ ᠠᠵᠢᠯ ᠬᠢᠬᠦ᠌ ᠦᠬᠡᠢ ᠪᠠ ᠳᠤᠷ᠎ᠠ᠎ᠪᠠᠷ ᠦᠢᠯᠡᠳᠬᠦ᠌ ᠠᠰᠠᠭᠤᠳᠠᠯ᠎ᠢ ᠴᠡᠭᠴᠡᠯᠡᠨ ᠵᠠᠰᠠᠬᠤ᠎ᠵᠢ ᠭᠦᠨᠵᠡᠭᠡᠶ᠋ᠢᠷᠡᠭᠦᠯᠦᠨ᠎ᠡ᠃ ᠤᠳᠤᠷᠢᠳᠬᠤ ᠪᠠᠭ᠎ᠤᠨ ᠭᠣᠤᠯ ᠬᠠᠷᠢᠭᠤᠴᠠᠯᠭᠠᠲᠠᠨ ᠬᠤᠪᠢᠷᠠᠬᠤ᠎ᠳᠦ ᠠᠵᠢᠯ ᠳᠤᠰᠢᠶᠠᠵᠤ ᠳᠤᠰᠬᠤ ᠲᠦᠷᠢᠮ᠎ᠢ ᠪᠦᠷᠢᠨᠰᠢᠭᠦᠯᠦᠨ᠎ᠠ᠃

(ᠳᠥᠷᠪᠡ) ᠺᠠᠳ᠋ᠷ᠎ᠤᠨ ᠠᠵᠢᠯ ᠬᠢᠵᠦ᠍ ᠦᠢᠯᠡᠰ ᠴᠤᠭᠴᠠᠯᠠᠬᠤ ᠡᠷᠳᠡᠮ ᠴᠢᠳᠠᠪᠤᠷᠢ᠎ᠵᠢ ᠳᠡᠬᠡᠭᠰᠢᠯᠡᠬᠦᠯᠦᠨ᠎ᠡ᠃ ᠺᠠᠳ᠋ᠷ᠎ᠤᠨ ᠦᠵᠡᠯ ᠰᠠᠨᠠᠭᠠᠨ᠎ᠤ ᠳᠠᠪᠲᠠᠯᠲᠠ᠂ ᠤᠯᠤᠰ ᠲᠥᠷᠥ᠎ᠵᠢᠨ ᠪᠣᠯᠪᠠᠰᠤᠷᠠᠯ᠂ ᠦᠢᠯᠡᠳᠦᠯᠭᠡ᠎ᠵᠢᠨ ᠳᠠᠪᠳᠠᠯᠳᠠ᠂ ᠲᠤᠰᠬᠠᠶ ᠮᠡᠷᠭᠡᠵᠢᠯ᠎ᠦᠨ ᠪᠣᠯᠪᠠᠰᠤᠷᠠᠯ᠎ᠢ ᠴᠢᠩᠭᠠᠳᠬᠠᠨ᠂ ᠴᠢᠨᠠᠷ ᠰᠠᠶ᠋ᠢᠲᠠᠢ ᠬᠥᠭᠵᠢᠯᠲᠡ᠎ᠵᠢ ᠠᠬᠢᠭᠤᠯᠬᠤ ᠡᠷᠳᠡᠮ ᠴᠢᠳᠠᠪᠤᠷᠢ᠂ ᠤᠯᠠᠨ ᠲᠦᠮᠡᠨ᠎ᠳᠦ ᠦᠢᠯᠡᠴᠢᠯᠡᠬᠦ᠌ ᠡᠷᠳᠡᠮ ᠴᠢᠳᠠᠪᠤᠷᠢ᠂ ᠲᠦᠭᠰᠢᠭᠦᠷᠢ᠎ᠵᠢ ᠰᠡᠷᠭᠡᠶ᠋ᠢᠯᠡᠨ ᠠᠷᠢᠯᠭᠠᠬᠤ ᠡᠷᠳᠡᠮ ᠴᠢᠳᠠᠪᠤᠷᠢ᠂ ᠬᠠᠤᠯᠢ᠎ᠪᠠᠷ ᠵᠠᠰᠠᠬᠤ ᠰᠡᠳᠬᠢᠬᠦᠶ ᠪᠣᠯᠤᠨ ᠬᠠᠤᠯᠢ᠎ᠪᠠᠷ ᠵᠠᠰᠠᠬᠤ ᠠᠷᠭ᠎ᠠ ᠮᠠᠶᠢᠭ᠎ᠢ ᠬᠡᠷᠡᠭᠯᠡᠨ ᠠᠵᠢᠯ᠎ᠵᠢᠡᠨ ᠥᠷᠨᠢᠭᠦᠯᠬᠦ᠌ ᠡᠷᠳᠡᠮ ᠴᠢᠳᠠᠪᠤᠷᠢ᠎ᠵᠢ ᠨᠢ ᠳᠡᠬᠡᠭᠰᠢᠯᠡᠬᠦᠯᠵᠦ᠍᠂ ᠲᠡᠮᠡᠴᠡᠯ᠎ᠦᠨ ᠵᠣᠷᠢᠭ ᠰᠠᠨᠠᠭ᠎ᠠ ᠪᠠ ᠲᠡᠮᠡᠴᠡᠯ᠎ᠦᠨ ᠡᠷᠳᠡᠮ ᠴᠢᠳᠠᠪᠤᠷᠢ᠎ᠵᠢ ᠬᠥᠮᠦᠵᠢᠬᠦᠯᠬᠦ᠌᠎ᠵᠢ ᠴᠢᠩᠭᠠᠳᠬᠠᠨ᠎ᠠ᠃ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ᠎ᠤᠨ ᠭᠦᠨᠵᠡᠭᠡᠢ᠌ᠷᠡᠨ ᠪᠠᠶ᠋ᠢᠴᠠᠭᠠᠨ ᠰᠤᠳᠤᠯᠤᠯᠲᠠ ᠬᠢᠵᠦ᠍᠂ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ ᠰᠡᠳᠬᠢᠮᠵᠢ ᠪᠡᠨ ᠤᠬᠠᠭᠠᠯᠠᠨ ᠲᠥᠯᠥᠪᠯᠡᠬᠦ᠂ ᠠᠰᠠᠭᠤᠳᠠᠯ᠎ᠢ ᠰᠢ᠌ᠳᠪᠦᠷᠢᠯᠡᠬᠦ᠂ ᠠᠵᠢᠯ᠎ᠵᠢᠡᠨ ᠰᠠᠶ᠋ᠢᠵᠢᠷᠠᠭᠤᠯᠬᠤ᠎ᠵᠢ ᠠᠬᠢᠭᠤᠯᠤᠨ᠎ᠠ᠃ ᠺᠠᠳ᠋ᠷ᠎ᠤᠨ ᠮᠡᠳᠡᠯᠭᠡ᠎ᠵᠢᠨ ᠰᠢᠨᠡᠴᠢᠯᠡᠯᠲᠡ᠎ᠪᠡᠨ ᠲᠦᠷᠭᠡᠳᠬᠡᠵᠦ᠍᠂ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ᠎ᠵᠢᠡᠨ ᠳᠡᠭᠡᠭᠰᠢᠯᠡᠭᠦᠯᠵᠦ᠍᠂ ᠴᠢᠳᠠᠪᠤᠷᠢ᠎ᠵᠢᠨ ᠳᠤᠲᠠᠭᠤᠳᠠᠯ᠎ᠵᠢᠡᠨ ᠨᠥᠬᠥᠪᠥᠷᠢᠯᠡᠵᠦ᠍᠂ ᠲᠤᠬᠠᠶ᠋ᠢᠯᠠᠭᠰᠠᠨ ᠠᠵᠢᠯ ᠎ᠤ᠋ᠨ ᠰᠠᠶ᠋ᠢᠨ ᠭᠠᠷ ᠪᠤᠯᠬᠤ᠎ᠵᠢ ᠠᠬᠢᠭᠤᠯᠤᠨ᠎ᠠ᠃ ᠺᠠᠳ᠋ᠷ᠎ᠤᠨ ᠦᠢᠯᠡᠳᠦᠯᠭᠡ᠎ᠵᠢᠨ ᠳᠤᠮᠳᠠ ᠲᠤᠷᠰᠢᠯᠭ᠎ᠠ᠎ᠪᠠᠨ ᠳ᠋ᠦᠩᠨᠡᠨ᠂ ᠵᠢᠮ᠎ᠡ ᠶᠣᠰᠣ᠎ᠵᠢ ᠡᠵᠡᠮᠳᠡᠵᠤ᠂ ᠠᠵᠢᠯ᠎ᠤᠨ ᠵᠠᠷᠴᠢᠮᠲᠤ᠌ ᠴᠢᠨᠠᠷ᠂ ᠰᠢᠰᠲ᠋ᠧᠮᠲᠦ᠍ ᠴᠢᠨᠠᠷ᠂ ᠵᠢᠱ᠌ᠢᠯᠲᠡᠲᠦ᠍ ᠴᠢᠨᠠᠷ᠂ ᠪᠦᠲᠦᠭᠡᠯᠴᠢ ᠴᠢᠨᠠᠷ᠎ᠵᠢᠡᠨ ᠴᠢᠩᠭᠠᠳᠬᠠᠬᠤ᠎ᠵᠢ ᠠᠬᠢᠭᠤᠯᠤᠨ᠎ᠠ᠃

(ᠲᠠᠪᠤ) ᠰᠢᠯᠢᠳᠡᠭ ᠵᠠᠯᠠᠭᠤ ᠺᠠᠳ᠋ᠷ᠎ᠢ ᠬᠥᠮᠦᠵᠢᠭᠦᠯᠵᠦ᠍ ᠰᠢᠯᠢᠨ ᠳᠡᠪᠰᠢᠭᠦᠯᠬᠦ᠌᠎ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠰᠢᠯᠢᠳᠡᠭ ᠵᠠᠯᠠᠭᠤ ᠺᠠᠳ᠋ᠷ᠎ᠢ ᠬᠥᠮᠦᠵᠢᠭᠦᠯᠵᠦ᠍ ᠰᠢᠯᠢᠨ ᠳᠡᠪᠰᠢᠭᠦᠯᠬᠦ᠌ ᠪᠠᠶ᠋ᠢᠨᠭ᠌ᠭᠤᠵᠢᠭᠰᠠᠨ ᠠᠵᠢᠯ᠎ᠤᠨ ᠲᠣᠭᠲᠠᠴᠠ᠎ᠵᠢ ᠪᠦᠷᠢᠨᠰᠢᠭᠦᠯᠦᠨ᠎ᠡ᠃ ᠤᠯᠤᠰ ᠲᠦᠷᠦ᠎ᠵᠢᠨ ᠬᠥᠮᠦᠵᠢᠯ ᠪᠠ ᠤᠯᠤᠰ ᠲᠦᠷᠦ᠎ᠵᠢᠨ ᠪᠣᠯᠪᠠᠰᠤᠷᠠᠯ᠎ᠢ ᠴᠢᠩᠭᠠᠳᠬᠠᠵᠤ᠂ ᠵᠠᠯᠠᠭᠤ ᠺᠠᠳ᠋ᠷᠴᠤᠳ᠎ᠤᠨ ᠢᠲᠡᠭᠡᠯ ᠪᠢᠰᠢᠷᠡᠯ᠎ᠤᠨ ᠰᠠᠭᠤᠷᠢ ᠪᠡᠨ ᠪᠡᠬᠢᠵᠢᠭᠦᠯᠦᠨ᠂ ᠤᠶᠤᠨ ᠰᠠᠨᠠᠭᠠᠨ᠎ᠤ ᠺᠠᠯᠼ᠎ᠵᠢᠡᠨ ᠨᠥᠬᠥᠪᠥᠷᠢᠯᠡᠵᠤ᠂ ᠦᠵᠡᠯ ᠰᠠᠨᠠᠭᠠᠨ᠎ᠤ ᠵᠢᠯᠤᠭᠤ᠎ᠪᠠᠨ ᠯᠠᠪᠳᠠᠭᠤᠨ ᠡᠵᠡᠮᠳᠡᠬᠦ᠌᠎ᠵᠢ ᠬᠦᠳᠦᠯᠦᠨ ᠵᠢᠯᠤᠭᠤᠳᠤᠨ᠎ᠠ᠃ ᠦᠨᠳᠦᠰᠦᠨ ᠱᠠᠲᠤᠨ᠎ᠤ ᠨᠢᠭᠡᠳᠦᠭᠡᠷ ᠹᠷᠤᠨᠲ᠎ᠢ ᠵᠠᠯᠠᠭᠤ ᠺᠠᠳ᠋ᠷ᠎ᠢ ᠬᠦᠮᠦᠵᠢᠭᠦᠯᠦᠨ ᠪᠤᠯᠪᠠᠰᠤᠷᠠᠭᠤᠯᠬᠤ ᠰᠠᠭᠤᠷᠢ ᠵᠢᠭᠰᠠᠭᠠᠯ᠎ᠤᠨ ᠭᠠᠵᠠᠷ ᠪᠤᠯᠭᠠᠵᠤ᠂ ᠵᠠᠯᠠᠭᠤ ᠺᠠᠳ᠋ᠷᠴᠤᠳ᠎ᠤᠨ ᠪᠡᠷᠬᠡ ᠬᠠᠲᠠᠭᠤᠵᠢᠯᠲᠠᠶ ᠭᠠᠵᠠᠷ ᠣᠷᠣᠨ᠂ ᠨᠠᠷᠢᠨ ᠪᠤᠳᠤᠯᠢᠶᠠᠨᠲᠠᠶ ᠣᠷᠴᠢᠨ ᠲᠣᠭᠣᠷᠢᠨ᠂ ᠢᠳᠡ ᠠᠪᠬᠤ ᠠᠵᠢᠯ᠎ᠤᠨ ᠪᠠᠶ᠋ᠢᠷᠢ᠎ᠳᠤ ᠬᠦᠷᠴᠦ᠍ ᠳᠡᠪᠳᠠᠭᠳᠡᠨ ᠪᠣᠯᠪᠠᠰᠤᠷᠠᠵᠤ᠂ ᠵᠠᠩ ᠴᠢᠨᠡᠷ ᠵᠢᠨᠨ ᠳᠡᠪᠳᠡᠨ ᠬᠠᠳᠠᠭᠤᠵᠢᠭᠤᠯᠵᠤ᠂ ᠰᠤᠷᠳᠠᠯ᠎ᠵᠢᠡᠨ ᠰᠠᠶ᠋ᠢᠵᠢᠷᠠᠭᠤᠯᠵᠤ᠂ ᠡᠷᠳᠡᠮ ᠴᠢᠳᠠᠪᠤᠷᠢ᠎ᠪᠡᠨ ᠨᠡᠮᠡᠭᠳᠡᠭᠦᠯᠬᠦ᠌᠎ᠵᠢ ᠠᠬᠢᠭᠤᠯᠤᠨ᠎ᠠ᠃ ᠬᠥᠮᠦᠵᠢᠭᠦᠯᠬᠦ᠌ ᠪᠠ ᠬᠠᠮᠢᠶᠠᠷᠬᠤ᠎ᠵᠢ ᠵᠡᠷᠭᠡ ᠪᠡᠷ ᠴᠢᠬᠤᠯᠠᠴᠢᠯᠠᠬᠤ᠎ᠵᠢ ᠪᠠᠷᠢᠮᠲᠠᠯᠠᠵᠤ᠂ ᠵᠠᠯᠠᠭᠤ ᠺᠠᠳ᠋ᠷᠴᠤᠳ᠎ᠤᠨ ᠡᠷᠡᠭᠦᠯ ᠵᠢᠡᠷ ᠦᠰᠦᠨ ᠪᠣᠶ᠋ᠢᠵᠢᠬᠤ ᠵᠠᠮ᠎ᠵᠢᠡᠷ ᠵᠠᠮᠨᠠᠵᠤ᠂ ᠵᠣᠬᠢᠶᠠᠨ ᠪᠠᠶ᠋ᠢᠭᠤᠯᠤᠯᠲᠠ᠎ᠵᠢᠨ ᠲᠣᠬᠢᠷᠠᠭᠤᠯᠤᠯᠲᠠ᠎ᠵᠢ ᠳᠠᠭᠠᠵᠤ᠂ ᠳᠤᠷᠠᠲᠠᠶ᠎ᠠ ᠪᠤᠳᠠᠳᠠᠢ ᠪᠡᠷ ᠬᠢᠵᠦ᠍ ᠬᠠᠲᠠᠭᠤᠵᠢᠯᠲᠠᠶ ᠪᠡᠷ ᠠᠵᠢᠯᠯᠠᠨ᠂ ᠰᠡᠳᠬᠢᠯ ᠬᠦᠬᠡᠷᠴᠦ᠍ ᠰᠠᠨᠠᠭ᠎ᠠ ᠪᠠᠴᠢᠮᠲᠠᠬᠤ ᠦᠭᠡᠢ᠂ ᠬᠡᠳᠦ ᠲᠡᠭᠡᠭᠦᠷ ᠰᠠᠨᠠᠭᠠᠷᠬᠠᠬᠤ ᠦᠭᠡᠢ᠂ ᠥᠪᠡᠷ᠎ᠤᠨ ᠵᠢᠷᠤᠭ ᠲᠦᠯᠦᠪᠯᠡᠬᠡ ᠬᠢᠵᠦ᠍ ᠳᠥᠲᠡ ᠵᠠᠮ᠎ᠵᠢᠡᠷ ᠵᠠᠮᠨᠠᠬᠤ ᠦᠬᠡᠢ ᠪᠠᠢ᠌ᠬᠤ᠎ᠵᠢ ᠬᠦᠳᠦᠯᠦᠨ ᠵᠢᠯᠤᠭᠤᠳᠤᠨ᠎ᠠ᠃ ᠵᠠᠯᠠᠭᠤ ᠺᠠᠳ᠋ᠷᠴᠤᠳ᠎ᠤᠨ ᠣᠨᠣᠯ ᠰᠤᠷᠤᠯᠴᠠᠬᠰᠠᠨ᠂ ᠨᠠᠮ᠎ᠤᠨ ᠳᠣᠲᠣᠭᠠᠳᠤ᠎ᠵᠢᠨ ᠤᠯᠤᠰ ᠲᠥᠷᠥ᠎ᠵᠢᠨ ᠠᠮᠢᠳᠤᠷᠠᠯ᠎ᠳᠤ ᠣᠷᠣᠯᠴᠠᠬᠰᠠᠨ᠂ ᠬᠠᠷᠢᠭᠤᠴᠠᠯᠭ᠎ᠠ ᠡᠭᠦᠷᠭᠡᠯᠡᠨ ᠴᠢᠷᠮᠠᠢ᠌ᠨ ᠠᠵᠢᠯᠯᠠᠬᠰᠠᠨ᠂ ᠳᠠᠷᠤᠯᠲᠠ᠎ᠵᠢ ᠳᠠᠭᠠᠭᠠᠵᠤ ᠳᠠᠷᠤᠯᠲᠠ᠎ᠵᠢ ᠲᠤᠯᠤᠬᠰᠠᠨ᠂ ᠳᠦᠷᠢᠮ ᠲᠣᠭᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠵᠢ ᠰᠠᠬᠢᠬᠰᠠᠨ ᠵᠡᠷᠭᠡ ᠪᠠᠶ᠋ᠢᠳᠠᠯ᠎ᠢ ᠮᠥᠷᠳᠡᠨ ᠣᠶ᠋ᠢᠯᠠᠭᠠᠵᠤ᠂ ᠥᠰᠦᠨ ᠪᠣᠶ᠋ᠢᠵᠢᠯᠲᠠ᠎ᠵᠢᠨ ᠵᠢᠯᠣᠭᠣᠳᠤᠯᠭ᠎ᠠ᠎ᠵᠢ ᠴᠢᠩᠭᠠᠳᠬᠠᠨ᠎ᠠ᠃ 《ᠪᠦᠲᠦᠭᠡᠬᠦ᠌ ᠭᠡᠳ ᠪᠦᠷᠢᠯᠭᠡᠬᠦ᠌》 ᠵᠡᠷᠭᠡ ᠠᠷᠭ᠎ᠠ ᠪᠠᠷᠢᠯ᠎ᠢ ᠰᠡᠷᠭᠡᠶ᠋ᠢᠯᠡᠨ ᠵᠠᠯᠠᠷᠠᠭᠤᠯᠤᠨ᠎ᠠ᠃

(ᠵᠢᠷᠭᠤᠭ᠎ᠠ) ᠺᠠᠳ᠋ᠷ᠎ᠤᠨ ᠬᠠᠮᠢᠶᠠᠷᠤᠯᠲᠠ ᠬᠢᠨᠠᠯᠲᠠ᠎ᠵᠢ ᠴᠢᠩᠭᠠᠳᠬᠠᠨ᠎ᠠ᠃ ᠳᠡᠭᠡᠳᠦ ᠵᠡᠷᠭᠡ᠎ᠵᠢᠨ ᠺᠠᠳ᠋ᠷ᠎ᠡᠴᠠ ᠡᠬᠢᠯᠡᠨ ᠠᠳᠬᠤᠬᠤ᠎ᠵᠢ ᠪᠠᠷᠢᠮᠲᠠᠯᠠᠵᠤ᠂ ᠺᠠᠳ᠋ᠷ᠎ᠢ ᠪᠦᠬᠦ᠌ ᠲᠠᠯ᠎ᠠ᠎ᠪᠠᠷ ᠬᠠᠮᠢᠶᠠᠷᠬᠤ ᠪᠠ ᠪᠠᠶ᠋ᠢᠩᠭᠤ᠎ᠵᠢᠨ ᠴᠢᠨᠠᠷᠲᠠᠶ ᠪᠠᠷ ᠬᠢᠨᠠᠬᠤ᠎ᠵᠢ ᠴᠢᠩᠭᠠᠳᠬᠠᠨ᠂ ᠴᠢᠩᠭ᠎ᠠ ᠱᠠᠭᠠᠷᠳᠠᠯᠭ᠎ᠠ᠎ᠵᠢ ᠺᠠᠳ᠋ᠷ᠎ᠤᠨ ᠦᠰᠦᠨ ᠪᠣᠶ᠋ᠢᠵᠢᠬᠤ ᠪᠦᠬᠦ᠌ ᠦᠶᠡᠯᠡᠯ᠂ ᠬᠥᠮᠦᠵᠢᠯ ᠬᠠᠮᠢᠶᠠᠷᠤᠯᠲᠠ ᠬᠢᠨᠠᠯᠲᠠ᠎ᠵᠢᠨ ᠪᠦᠬᠦ᠌ ᠶᠠᠪᠤᠴᠠ᠎ᠳᠤ ᠲᠤᠭᠤᠰᠢᠯᠠᠭᠤᠯᠵᠤ᠂ ᠰᠤᠨᠭ᠌ᠭᠤᠬᠤ᠎ᠵᠢ ᠴᠢᠬᠤᠯᠠᠴᠢᠯᠠᠭᠠᠳ ᠬᠠᠮᠢᠶᠡᠷᠬᠤ᠎ᠵᠢ ᠬᠦᠨᠭᠭᠡᠪᠴᠢᠯᠡᠬᠦ᠌᠎ᠡᠴᠡ ᠰᠡᠷᠭᠡᠶ᠋ᠢᠯᠡᠨ᠎ᠡ᠃ ᠤᠳᠤᠷᠢᠳᠬᠤ ᠺᠠᠳ᠋ᠷᠴᠤᠳ᠎ᠤᠨ ᠬᠤᠪᠢ ᠬᠥᠮᠦᠨ᠎ᠦ ᠬᠤᠯᠪᠤᠭᠳᠠᠯ ᠪᠦᠬᠦᠢ ᠤᠴᠢᠷ ᠶᠠᠪᠤᠳᠠᠯ᠎ᠵᠢᠡᠨ ᠮᠡᠳᠡᠭᠦᠯᠬᠦ᠌ ᠳᠦᠷᠢᠮ᠎ᠢ ᠲᠡᠭᠦᠯᠳᠡᠷᠵᠢᠭᠦᠯᠵᠦ᠍᠂ ᠭᠡᠷ ᠪᠦᠯᠢ᠎ᠵᠢᠨ ᠡᠳ᠋ ᠬᠦᠷᠦᠨᠭᠭᠡ ᠪᠠ ᠵᠠᠷᠤᠯᠭ᠎ᠠ ᠨᠢ ᠬᠡᠪ᠎ᠦᠨ ᠣᠷᠣᠯᠭ᠎ᠠ᠎ᠡᠴᠠ᠎ᠪᠠᠨ ᠢᠯᠡᠳᠲᠡ ᠬᠡᠲᠦᠷᠡᠭᠰᠡᠨ ᠪᠠᠶ᠋ᠢᠪᠠᠯ ᠪᠠᠶ᠋ᠢᠴᠠᠭᠠᠨ ᠬᠠᠷᠭᠤᠭᠤᠯᠵᠤ ᠰᠢᠯᠭᠠᠨ ᠨᠤᠲᠠᠯᠠᠨ᠎ᠠ᠃ ᠤᠳᠤᠷᠢᠳᠬᠤ ᠺᠠᠳ᠋ᠷᠴᠤᠳ᠎ᠤᠨ ᠬᠣᠯᠪᠣᠰᠤ᠂ ᠦᠷ᠎ᠡ ᠬᠡᠦᠬᠡᠳ ᠵᠢᠴᠢ ᠲᠡᠳᠡᠨ᠎ᠦ ᠬᠣᠯᠪᠣᠰᠤ᠎ᠵᠢᠨ ᠬᠤᠳᠠᠯᠳᠤᠭ᠎ᠠ ᠬᠢᠵᠦ᠍ ᠠᠵᠤ ᠠᠬᠤᠶ᠋ᠢᠯᠠᠯ ᠡᠷᠬᠢᠯᠡᠬᠦ᠌ ᠠᠵᠢᠯᠯᠠᠭ᠎ᠠ᠎ᠳᠡᠬᠢ ᠪᠠᠶ᠋ᠢᠩᠭᠤᠵᠢᠭᠰᠠᠨ ᠬᠠᠮᠢᠶᠠᠷᠤᠯᠲᠠ᠎ᠵᠢ ᠴᠢᠩᠭᠠᠳᠬᠠᠨ᠎ᠠ᠃ 《ᠣᠶ᠋ᠢᠷ᠎ᠠ ᠲᠥᠷᠥᠯ᠎ᠦᠨ ᠦᠷᠡᠵᠢᠯᠲᠡ》᠎ᠵᠢᠨ ᠠᠰᠠᠭᠤᠳᠠᠯ᠎ᠢ ᠲᠤᠰᠬᠠᠶ ᠵᠦᠢᠯ ᠵᠢᠡᠷ ᠴᠡᠭᠴᠡᠯᠡᠨ ᠵᠠᠰᠠᠬᠤ᠎ᠵᠢ ᠭᠦᠨᠵᠡᠭᠡᠶ᠋ᠢᠷᠡᠭᠦᠯᠦᠨ᠎ᠡ᠃ ᠠᠵᠢᠯᠲᠠᠨ᠎ᠤ ᠶᠠᠪᠤᠳᠠᠯ᠎ᠤᠨ ᠡᠯᠰᠡᠵᠤ ᠬᠡᠷᠡᠭᠯᠡᠬᠦ᠌ ᠠᠵᠢᠯ᠎ᠤᠨ ᠬᠠᠮᠢᠶᠠᠷᠤᠯᠲᠠ ᠬᠢᠨᠠᠯᠲᠠ᠎ᠵᠢ ᠴᠢᠩᠭᠠᠳᠬᠠᠨ᠎ᠠ᠃ ᠺᠠᠳ᠋ᠷ᠎ᠤᠨ ᠲᠤᠰᠢᠶᠠᠯ ᠬᠠᠪᠰᠤᠷᠭᠠᠬᠤ᠂ ᠲᠦᠷ ᠴᠠᠭ ᠲᠤᠰᠢᠶᠠᠯ ᠡᠭᠦᠷᠭᠡᠯᠡᠬᠦ᠂ ᠲᠤᠰᠢᠶᠠᠯ᠎ᠡᠴᠠ᠎ᠪᠠᠨ ᠰᠠᠯᠵᠤ ᠠᠵᠢᠯ ᠡᠷᠬᠢᠯᠡᠬᠦ᠌ ᠦᠢᠯᠡ ᠠᠵᠢᠯᠯᠠᠭ᠎ᠠ᠎ᠵᠢ ᠵᠢᠷᠤᠮᠵᠢᠭᠤᠯᠤᠨ᠂ 《ᠵᠢᠭᠤᠳᠠᠬᠤ ᠮᠠᠶᠢᠭ ᠵᠢᠨᠷ ᠲᠤᠰᠢᠶᠠᠯ᠎ᠡᠴᠠ᠎ᠪᠠᠨ ᠪᠠᠭᠤᠬᠤ》᠎ᠵᠢ ᠰᠡᠷᠭᠡᠶ᠋ᠢᠯᠡᠬᠦ᠌ ᠪᠠ ᠴᠡᠭᠴᠡᠯᠡᠨ ᠵᠠᠰᠠᠨ᠎ᠠ᠃ ᠨᠠᠰᠤᠨ᠎ᠤ ᠠᠮᠠᠷᠠᠯᠲᠠ ᠠᠪᠤᠭᠰᠠᠨ ᠺᠠᠳ᠋ᠷᠴᠤᠳ᠎ᠤᠨ ᠬᠠᠮᠢᠶᠠᠷᠤᠯᠲᠠ ᠬᠢᠨᠠᠯᠲᠠ᠎ᠵᠢ ᠴᠢᠩᠭᠠᠳᠬᠠᠨ᠎ᠠ᠃ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ ᠪᠠ ᠤᠳᠤᠷᠢᠳᠬᠤ ᠺᠠᠳ᠋ᠷᠴᠤᠳ ᠡᠷᠬᠡᠪᠰᠢ ᠵᠣᠷᠢᠭᠲᠠᠶ ᠠᠳᠬᠤᠵᠤ ᠵᠣᠷᠢᠭᠲᠠᠶ ᠬᠠᠮᠢᠶᠠᠷᠴᠤ᠌᠂ ᠴᠢᠩᠭ᠎ᠠ ᠬᠠᠮᠢᠶᠠᠷᠴᠤ᠌ ᠴᠢᠩᠭ᠎ᠠ ᠵᠠᠰᠠᠬᠤ ᠬᠡᠷᠡᠭᠲᠡᠶ᠂ ᠺᠠᠳ᠋ᠷᠴᠤᠳ᠎ᠤᠨ ᠪᠤᠷᠤᠭᠤ ᠦᠭᠡ ᠶᠠᠷᠢᠶ᠎ᠠ ᠦᠢᠯᠡ ᠠᠵᠢᠯᠯᠠᠭ᠎ᠠ᠎ᠵᠢ ᠳᠤᠷ᠎ᠠ᠎ᠪᠠᠷ ᠨᠢ ᠲᠠᠯᠪᠢᠵᠤ᠂ ᠮᠠᠭᠤ ᠮᠠᠭᠤᠬᠠᠢ᠎ᠵᠢ᠎ᠨᠢ ᠬᠠᠯᠬᠠᠯᠠᠵᠤ ᠠᠯᠳᠠᠭ᠎ᠠ ᠳᠤᠲᠠᠭᠳᠠᠯ᠎ᠢ᠎ᠨᠢ ᠥᠮᠦᠭᠡᠷᠡᠵᠦ᠍ ᠪᠣᠯᠬᠤ ᠦᠭᠡᠢ᠃ ᠺᠠᠳ᠋ᠷ᠎ᠤᠨ ᠬᠠᠮᠢᠶᠠᠷᠤᠯᠲᠠ ᠬᠢᠨᠠᠯᠲᠠ᠎ᠵᠢᠨ ᠠᠵᠢᠯ᠎ᠤᠨ ᠳᠦᠷᠢᠮ᠎ᠢ ᠲᠣᠭᠲᠠᠭᠠᠨ᠎ᠠ᠃

ᠴᠢᠩᠭ᠎ᠠ ᠬᠠᠮᠢᠶᠠᠷᠬᠤ ᠪᠠ ᠬᠠᠯᠠᠮᠵᠢᠯᠠᠨ ᠬᠠᠢ᠌ᠷᠠᠯᠠᠬᠤ᠎ᠵᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ᠎ᠵᠢ ᠵᠡᠷᠭᠡ᠎ᠪᠡᠷ ᠴᠢᠬᠤᠯᠠᠴᠢᠯᠠᠬᠤ᠎ᠵᠢ ᠪᠠᠷᠢᠮᠲᠠᠯᠠᠵᠤ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠴᠢᠷᠮᠠᠢ᠌ᠨ ᠠᠵᠢᠯᠯᠠᠬᠤ᠎ᠵᠢ ᠤᠷᠮᠠᠰᠢᠭᠤᠯᠬᠤ ᠪᠠ ᠬᠠᠮᠠᠭᠠᠯᠠᠬᠤ ᠲᠣᠭᠲᠠᠴᠠ᠎ᠵᠢ ᠪᠦᠷᠢᠨᠰᠢᠬᠦᠯᠵᠦ᠍᠂ ᠡᠭᠦᠷᠭᠡᠯᠡᠭᠴᠢ᠎ᠵᠢᠨ ᠡᠮᠦᠨ᠎ᠡ ᠡᠴᠡ ᠡᠭᠦᠷᠭᠡᠯᠡᠵᠦ᠍᠂ ᠬᠠᠷᠢᠭᠤᠴᠠᠭᠴᠢ᠎ᠵᠢᠨ ᠡᠮᠦᠨ᠎ᠡ ᠡᠴᠡ ᠬᠠᠷᠢᠭᠤᠴᠠᠵᠦ᠍᠂ ᠠᠵᠢᠯ ᠬᠢᠳᠡᠭ ᠬᠦᠮᠦᠨ ᠳ᠋ᠦ᠍ ᠲᠦᠰᠢᠭ ᠪᠣᠯᠬᠤ ᠬᠡᠷᠡᠭᠲᠡᠶ᠃ ᠰᠡᠳᠬᠢᠯ᠎ᠦᠨ ᠦᠭᠡ᠎ᠪᠡᠨ ᠬᠡᠯᠡᠯᠴᠡᠨ ᠶᠠᠷᠢᠯᠴᠠᠬᠤ ᠲᠦᠷᠢᠮ᠎ᠢ ᠨᠠᠶ᠋ᠢᠳᠠᠪᠤᠷᠢᠵᠢᠭᠤᠯᠵᠤ᠂ ᠺᠠᠳ᠋ᠷ᠎ᠤᠨ ᠦᠵᠡᠯ ᠰᠠᠨᠠᠭᠠᠨ᠎ᠤ ᠪᠠᠶ᠋ᠢᠳᠠᠯ᠂ ᠠᠵᠢᠯ᠎ᠤᠨ ᠪᠠᠶ᠋ᠢᠳᠠᠯ᠂ ᠪᠡᠶ᠎ᠡ ᠰᠡᠳᠬᠢᠯ᠎ᠦᠨ ᠡᠷᠡᠭᠦᠯ ᠮᠡᠨᠳᠦ᠎ᠵᠢᠨ ᠪᠠᠶ᠋ᠢᠳᠠᠯ᠂ ᠭᠡᠷ ᠪᠦᠯᠢ᠎ᠵᠢᠨ ᠪᠠᠶ᠋ᠢᠳᠠᠯ ᠵᠡᠷᠭᠡ᠎ᠵᠢ ᠴᠠᠭ ᠲᠤᠬᠠᠶ᠎ᠳᠤᠨᠢ ᠣᠶ᠋ᠢᠯᠠᠭᠠᠵᠤ᠂ ᠬᠥᠮᠦᠵᠢᠭᠦᠯᠵᠦ᠍ ᠬᠥᠲᠥᠯᠥᠨ ᠵᠢᠯᠣᠭᠣᠳᠬᠤ᠎ᠪᠡᠨ ᠬᠠᠨᠳᠤᠯᠭᠠᠲᠤ᠌ ᠴᠢᠨᠠᠷᠲᠠᠶ᠎ᠪᠠᠷ ᠴᠢᠩᠭᠠᠳᠬᠠᠨ᠎ᠠ᠃ ᠠᠯᠪᠠᠲᠠᠨ᠎ᠤ ᠠᠵᠢᠯ᠎ᠢ ᠴᠢᠩᠭᠠᠳᠬᠠᠨ ᠰᠠᠶ᠋ᠢᠵᠢᠷᠠᠭᠤᠯᠵᠤ᠂ ᠲᠤᠰᠢᠶᠠᠯ ᠬᠢᠭᠡᠳ ᠲᠤᠰᠢᠶᠠᠯ᠎ᠤᠨ ᠳᠡᠰ᠎ᠢ ᠵᠡᠷᠭᠡ᠎ᠪᠡᠷ ᠶᠠᠪᠤᠭᠤᠯᠬᠤ ᠵᠡᠷᠭᠡ ᠲᠦᠷᠢᠮ᠎ᠦᠨ ᠤᠷᠮᠠᠰᠢᠭᠤᠯᠬᠤ ᠦᠢᠯᠡᠳᠦᠯ᠎ᠢ ᠪᠠᠳᠠᠷᠠᠭᠤᠯᠵᠤ᠂ ᠬᠥᠬᠢᠭᠦᠯᠦᠨ ᠱᠠᠩᠨᠠᠬᠤ ᠲᠣᠭᠲᠠᠴᠠ᠎ᠵᠢ ᠪᠦᠷᠢᠨᠰᠢᠭᠦᠯᠦᠨ᠎ᠡ᠃ ᠦᠨᠳᠦᠰᠦᠨ ᠱᠠᠲᠤᠨ᠎ᠤ ᠺᠠᠳ᠋ᠷᠴᠤᠳ᠎ᠢ ᠬᠠᠯᠠᠮᠵᠢᠯᠠᠨ ᠬᠠᠶ᠋ᠢᠷᠠᠯᠠᠬᠤ ᠡᠯ᠎ᠡ ᠵᠦᠢᠯ᠎ᠦᠨ ᠲᠦᠷᠦ᠎ᠵᠢᠨ ᠪᠤᠳᠤᠯᠭ᠎ᠠ᠎ᠵᠢ ᠨᠠᠶ᠋ᠢᠳᠠᠪᠤᠷᠢᠵᠢᠭᠤᠯᠤᠨ᠎ᠠ᠃ ᠴᠢᠳᠠᠪᠤᠷᠢᠲᠠᠨ᠎ᠢ ᠨᠠᠮ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠴᠢᠳᠠᠪᠤᠷᠢᠲᠠᠨ᠎ᠢ ᠤᠯᠤᠰ ᠲᠥᠷᠥ᠎ᠪᠡᠷ ᠬᠦᠲᠦᠯᠦᠨ ᠳᠠᠭᠠᠭᠤᠯᠬᠤ ᠪᠠ ᠤᠯᠤᠰ ᠲᠥᠷᠥ᠎ᠵᠢᠨ ᠲᠠᠯ᠎ᠠ᠎ᠪᠡᠷ ᠰᠢᠩᠭᠡᠭᠡᠨ ᠠᠪᠬᠤ᠎ᠪᠡᠨ ᠴᠢᠩᠭᠠᠳᠬᠠᠵᠤ᠂ ᠴᠢᠳᠠᠪᠤᠷᠢᠲᠠᠨ᠎ᠤ ᠬᠥᠭᠵᠢᠯᠲᠡ᠎ᠵᠢᠨ ᠪᠠᠶ᠋ᠢᠭᠤᠯᠤᠯ ᠲᠣᠭᠲᠠᠴᠠ᠎ᠵᠢᠨ ᠥᠭᠡᠷᠡᠴᠢᠯᠡᠯᠲᠡ᠎ᠵᠢ ᠭᠦᠨᠵᠡᠭᠡᠶ᠋ᠢᠷᠡᠭᠦᠯᠵᠦ᠍᠂ ᠰᠤᠷᠭᠠᠨ ᠬᠥᠮᠦᠵᠢᠯ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ᠎ᠤ ᠬᠥᠭᠵᠢᠯᠲᠡ᠎ᠵᠢ ᠨᠢᠭᠡ ᠴᠣᠭᠴᠠᠵᠢᠭᠤᠯᠤᠨ ᠠᠬᠢᠭᠤᠯᠵᠤ᠂ ᠴᠢᠳᠠᠪᠤᠷᠢᠲᠠᠨ᠎ᠢ ᠪᠦᠬᠦ᠌ ᠲᠠᠯ᠎ᠠ᠎ᠪᠠᠷ ᠬᠥᠮᠦᠵᠢᠭᠦᠯᠵᠦ᠍᠂ ᠣᠷᠣᠭᠤᠯᠤᠨ ᠠᠪᠴᠢᠷᠠᠵᠤ᠂ ᠰᠠᠶ᠋ᠢᠲᠤᠷ ᠬᠡᠷᠡᠭᠯᠡᠵᠦ᠍᠂ ᠴᠢᠳᠠᠪᠤᠷᠢᠲᠠᠨ ᠳ᠋ᠥ᠍ ᠬᠠᠩᠭᠠᠬᠤ ᠲᠡᠮᠵᠢᠯᠬᠡ ᠪᠠ ᠦᠢᠯᠡᠴᠢᠯᠡᠭᠡ ᠪᠠᠲᠤᠯᠠᠭ᠎ᠠ᠎ᠵᠢ ᠴᠢᠩᠭᠠᠳᠬᠠᠵᠤ᠂ ᠥᠷᠭᠡᠨ ᠤᠯᠠᠨ ᠴᠢᠳᠠᠪᠤᠷᠢᠲᠠᠨ᠎ᠤ ᠨᠠᠮ ᠵᠢᠨᠨ ᠬᠠᠶ᠋ᠢᠷᠠᠯᠠᠵᠤ ᠤᠯᠤᠰ᠎ᠲᠠᠭᠠᠨ ᠵᠢᠳᠬᠦᠬᠦ᠂ ᠠᠵᠢᠯ ᠦᠢᠯᠡᠰ ᠵᠢᠨᠨ ᠳᠡᠭᠡᠳᠦᠯᠡᠨ ᠬᠤᠪᠢ ᠨᠡᠮᠡᠷᠢ ᠦᠵᠡᠭᠦᠯᠬᠦ᠂ ᠠᠷᠠᠳ ᠲᠦᠮᠡᠨ᠎ᠳᠦ ᠦᠢᠯᠡᠴᠢᠯᠡᠬᠦ᠌᠎ᠵᠢ᠎ᠨᠢ ᠤᠷᠮᠠᠰᠢᠭᠤᠯᠵᠤ᠂ ᠡᠯ᠎ᠡ ᠲᠠᠯ᠎ᠠ᠎ᠵᠢᠨ ᠰᠢᠯᠢᠳᠡᠭ ᠴᠢᠳᠠᠪᠤᠷᠢᠲᠠᠨ᠎ᠢ ᠨᠠᠮ ᠪᠠ ᠠᠷᠠᠳ ᠲᠦᠮᠡᠨ᠎ᠦ ᠦᠢᠯᠡᠰ᠎ᠲᠦ᠍ ᠴᠤᠭᠯᠠᠷᠠᠭᠤᠯᠤᠨ᠎ᠡ᠃ ᠨᠠᠮ᠎ᠤᠨ ᠬᠣᠷᠢᠶ᠎ᠠ ᠲᠤᠰᠬᠠᠶ ᠮᠡᠷᠭᠡᠵᠢᠯᠲᠡᠳ᠎ᠲᠡᠶ ᠬᠠᠷᠢᠯᠴᠠᠬᠤ ᠪᠠ ᠲᠡᠳᠡᠨ᠎ᠳᠤ ᠦᠢᠯᠡᠴᠢᠯᠡᠬᠦ᠌ ᠲᠦᠷᠢᠮ᠎ᠢ ᠨᠠᠶ᠋ᠢᠳᠠᠪᠤᠷᠢᠵᠢᠭᠤᠯᠵᠤ᠂ ᠤᠳᠤᠷᠢᠳᠬᠤ ᠺᠠᠳ᠋ᠷᠴᠤᠳ ᠲᠤᠰᠬᠠᠶ ᠮᠡᠷᠭᠡᠵᠢᠯᠲᠡᠳ᠎ᠲᠡᠶ ᠰᠢᠭᠤᠳ ᠬᠠᠷᠢᠯᠴᠠᠬᠤ ᠪᠠ ᠲᠡᠳᠡᠨ᠎ᠳᠤ ᠦᠢᠯᠡᠴᠢᠯᠡᠬᠦ᠌ ᠠᠵᠢᠯ᠎ᠤᠨ ᠲᠣᠭᠲᠠᠴᠠ᠎ᠵᠢ ᠪᠥᠷᠢᠨᠰᠢᠭᠦᠯᠦᠨ᠎ᠡ᠃ ᠴᠢᠳᠠᠪᠤᠷᠢᠲᠠᠨ᠎ᠤ ᠡᠩᠨᠡᠭᠡ᠎ᠳᠡᠬᠢ ᠨᠠᠮ᠎ᠤᠨ ᠭᠡᠰᠢᠭᠦᠳ᠎ᠤᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠡᠷᠬᠡ ᠰᠡᠳᠦᠪ᠎ᠢ ᠰᠢ᠌ᠳᠪᠦᠷᠢᠯᠡᠬᠦ᠂ ᠬᠣᠶ᠋ᠢᠴᠢ ᠡᠷᠳᠡᠮᠲᠡᠳ᠎ᠢ ᠬᠥᠮᠦᠵᠢᠭᠦᠯᠬᠦ᠂ ᠪᠦᠯᠬᠦᠮᠳᠡᠨ ᠬᠠᠮᠵᠢᠯᠴᠠᠬᠤ᠂ ᠡᠷᠳᠡᠮ ᠰᠢᠨᠵᠢᠯᠡᠭᠡᠨ᠎ᠦ ᠦᠨᠡᠨᠴᠢ ᠢᠲᠡᠭᠡᠮᠵᠢ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠰᠢ ᠶᠣᠰᠣ ᠵᠡᠷᠭᠡ ᠲᠠᠯ᠎ᠠ᠎ᠪᠠᠷ ᠵᠢᠱ᠌ᠢᠶᠡᠴᠢ ᠦᠢᠯᠡᠳᠦᠯ ᠪᠠᠳᠠᠷᠠᠭᠤᠯᠬᠤ᠎ᠵᠢ᠎ᠨᠢ ᠬᠦᠲᠦᠯᠦᠨ ᠵᠢᠯᠤᠭᠤᠳᠴᠤ᠌᠂ ᠡᠷᠳᠡᠮ ᠰᠢᠨᠵᠢᠯᠡᠭᠡᠨ᠎ᠦ ᠲᠠᠯ᠎ᠠ᠎ᠪᠡᠷ ᠬᠠᠭᠤᠷᠮᠠᠭᠯᠠᠨ ᠦᠢᠯᠡᠳᠬᠦ᠂ ᠬᠠᠭᠤᠯᠬᠤ ᠬᠤᠯᠠᠭᠠᠶ᠋ᠢᠯᠠᠬᠤ ᠵᠡᠷᠭᠡ ᠡᠷᠳᠡᠮ ᠰᠢᠨᠵᠢᠯᠡᠭᠡᠨ᠎ᠦ ᠲᠥᠪ ᠪᠤᠰᠤ ᠦᠢᠯᠡ ᠠᠵᠢᠯᠯᠠᠭ᠎ᠠ᠎ᠵᠢ ᠡᠰᠡᠷᠭᠦᠴᠡᠵᠦ᠍᠂ ᠠᠪᠤᠨ ᠳᠣᠣᠷ᠎ᠠ᠎ᠪᠠᠨ ᠠᠰᠢᠭ ᠤᠯᠬᠤ ᠪᠡᠷ ᠬᠦᠭᠡᠭᠡᠴᠡᠯᠳᠦᠬᠦ᠂ ᠬᠦᠩᠭᠡᠠ ᠬᠠᠭᠤᠮᠡᠭᠠᠢ ᠬᠦᠭᠡᠷᠦᠦ ᠴᠤᠤᠳᠡᠮᠴᠢ ᠵᠡᠷᠭᠡ ᠮᠠᠭᠤ ᠬᠡᠪ ᠰᠤᠷᠲᠠᠯ᠎ᠢ ᠡᠰᠡᠷᠭᠦᠴᠡᠨ ᠬᠣᠷᠢᠭᠯᠠᠨ᠎ᠠ᠃ ᠴᠢᠳᠠᠪᠤᠷᠢᠲᠠᠨ᠎ᠤ 《ᠲᠢᠲᠢᠮ》᠎ᠤ᠋ᠨ ᠠᠰᠠᠭᠤᠳᠠᠯ᠎ᠢ ᠴᠡᠭᠴᠡᠯᠡᠨ ᠵᠠᠰᠠᠵᠤ᠂ ᠬᠢᠷᠢ ᠬᠡᠮ ᠵᠢᠨᠷ ᠨᠢ ᠵᠢᠭᠰᠠᠭᠠᠬᠤ ᠪᠠᠶ᠋ᠢᠳᠠᠯ᠂ ᠵᠢᠵᠢᠭ ᠪᠥᠯᠬᠦᠮ᠎ᠤᠨ ᠰᠣᠶᠣᠯ᠂ ᠡᠷᠳᠡᠮ ᠰᠢᠨᠵᠢᠯᠡᠭᠡᠨ᠎ᠦ ᠡᠵᠡᠷᠬᠡᠭᠴᠢ᠎ᠵᠢᠨ ᠰᠤᠷᠲᠠᠯ᠎ᠢ ᠠᠷᠢᠯᠭᠠᠨ᠎ᠠ᠃

ᠲᠠᠪᠤ᠂ ᠳᠡᠭᠡᠭᠰᠢ ᠳᠣᠭᠣᠭᠰᠢ ᠨᠡᠪᠲᠡᠷᠡᠯᠴᠡᠭᠰᠡᠨ ᠪᠦᠭᠡᠳ ᠬᠡᠷᠡᠭᠵᠢᠭᠦᠯᠦᠯᠲᠡ ᠨᠢ ᠬᠦᠴᠦᠲᠠᠢ ᠨᠢᠭᠲᠠ ᠴᠢᠩᠭ᠎ᠠ ᠵᠣᠬᠢᠶᠠᠨ ᠪᠠᠶ᠋ᠢᠭᠤᠯᠤᠯᠲᠠ᠎ᠵᠢᠨ ᠰᠢᠰᠲ᠋ᠧᠮ᠎ᠢ ᠪᠠᠶ᠋ᠢᠭᠤᠯᠤᠨ᠎ᠠ

ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠪᠡᠶᠡᠴᠢ ᠴᠣᠭᠴᠠ ᠮᠥᠨ᠃ ᠡᠷᠬᠡᠪᠰᠢ ᠡᠯ᠎ᠡ ᠳᠠᠪᠬᠤᠷᠭ᠎ᠠ ᠱᠠᠲᠤ᠌ ᠡᠯ᠎ᠡ ᠬᠦᠷᠢᠶᠡᠨ᠎ᠦ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠪᠠᠶ᠋ᠢᠭᠤᠯᠤᠯᠲᠠ᠎ᠵᠢ ᠰᠢᠰᠲ᠋ᠧᠮᠵᠢᠭᠦᠯᠦᠨ ᠠᠬᠢᠭᠤᠯᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠤᠯᠤᠰ ᠲᠦᠷᠦ᠎ᠵᠢᠨ ᠴᠢᠳᠠᠮᠵᠢ ᠪᠠ ᠵᠣᠬᠢᠶᠠᠨ ᠪᠠᠶ᠋ᠢᠭᠤᠯᠤᠯᠲᠠ᠎ᠵᠢᠨ ᠴᠢᠳᠠᠮᠵᠢ᠎ᠵᠢ ᠴᠢᠩᠭᠠᠳᠬᠠᠵᠤ᠂ ᠨᠠᠮ᠎ᠤᠨ ᠱᠤᠭᠤᠮ ᠴᠢᠭᠯᠡᠯᠲᠡ ᠲᠦᠷᠦ᠎ᠵᠢᠨ ᠪᠤᠳᠤᠯᠭ᠎ᠠ ᠪᠠ ᠨᠠᠮ᠎ᠤᠨ ᠲᠥᠪ ᠬᠣᠷᠢᠶᠠᠨ᠎ᠤ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ ᠳᠡᠭᠡᠳᠤ ᠳᠣᠣᠷᠠᠳᠤ ᠱᠠᠲᠤ᠌ ᠪᠡᠷ᠎ᠵᠢᠡᠨ ᠬᠠᠮᠵᠢᠯᠴᠠᠬᠤ᠂ ᠨᠠᠷᠢᠯᠢᠬ ᠣᠨᠣᠴᠠᠲᠠᠶ ᠪᠦᠭᠡᠳ ᠥᠨᠳᠥᠷ ᠪᠦᠲᠦᠮᠵᠢᠲᠡᠶ ᠪᠠᠶ᠋ᠢᠬᠤ᠎ᠵᠢ ᠦᠨᠡᠨ ᠬᠦ᠌ ᠪᠠᠲᠤᠯᠠᠬᠤ ᠬᠡᠷᠡᠭᠳᠠᠢ᠃

(ᠨᠢᠭᠡ) ᠲᠥᠪ᠎ᠦᠨ ᠪᠠ ᠲᠥᠷᠥ᠎ᠵᠢᠨ ᠪᠠᠶ᠋ᠢᠭᠤᠯᠭ᠎ᠠ᠎ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠳᠠᠭᠤᠷᠢᠶᠠᠯ ᠦᠵᠡᠭᠦᠯᠬᠦ᠌ ᠦᠢᠯᠡᠳᠦᠯ᠎ᠢ ᠪᠠᠳᠠᠷᠠᠭᠤᠯᠤᠨ᠎ᠠ᠃ ᠤᠯᠤᠰ ᠲᠥᠷᠥ᠎ᠵᠢᠨ ᠪᠠᠶ᠋ᠢᠭᠤᠯᠭ᠎ᠠ᠎ᠵᠢᠨ ᠪᠠᠶ᠋ᠢᠭᠤᠯᠤᠯᠲᠠ᠎ᠵᠢ ᠭᠦᠨᠵᠡᠭᠡᠶ᠋ᠢᠷᠡᠭᠦᠯᠵᠦ᠍᠂ ᠲᠥᠪ᠎ᠦᠨ ᠪᠠ ᠲᠥᠷᠥ᠎ᠵᠢᠨ ᠪᠠᠶ᠋ᠢᠭᠤᠯᠭ᠎ᠠ᠎ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ᠂ ᠺᠠᠳ᠋ᠷ᠎ᠤᠨ ᠲᠡᠷᠢᠭᠦᠨ ᠵᠢᠭᠰᠠᠭᠠᠯ᠎ᠢ ᠰᠠᠶ᠋ᠢᠲᠤᠷ ᠶᠠᠪᠤᠵᠤ᠂ ᠰᠢ᠎ᠵᠢᠨ ᠫᠢᠩ᠎ᠦᠨ ᠰᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠠᠯ᠎ᠠ᠎ᠪᠠᠷ ᠳᠠᠭᠤᠷᠢᠶᠠᠯ ᠦᠵᠡᠭᠦᠯᠵᠦ᠍᠂ ᠰᠢ᠎ᠵᠢᠨ ᠫᠢᠩ ᠨᠥᠬᠥᠷ ᠵᠢᠡᠷ ᠭᠤᠤᠯᠯᠠᠭᠤᠯᠤᠭᠰᠠᠨ ᠨᠠᠮ᠎ᠤᠨ ᠲᠥᠪ ᠬᠣᠷᠢᠶ᠎ᠠ᠎ᠲᠠᠶ ᠢᠮᠠᠬᠳᠠ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠶ᠋ᠢᠬᠤ ᠲᠠᠯ᠎ᠠ᠎ᠪᠠᠷ ᠳᠠᠭᠤᠷᠢᠶᠠᠯ ᠦᠵᠡᠭᠦᠯᠵᠦ᠍᠂ ᠨᠠᠮ᠎ᠤᠨ ᠲᠥᠪ ᠬᠣᠷᠢᠶᠠᠨ᠎ᠤ ᠡᠯ᠎ᠡ ᠵᠦᠢᠯ᠎ᠦᠨ ᠰᠢ᠌ᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠎ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠠᠯ᠎ᠠ᠎ᠪᠠᠷ ᠳᠠᠭᠤᠷᠢᠶᠠᠯ ᠦᠵᠡᠬᠦᠯᠬᠦ᠌ ᠵᠢ ᠠᠬᠢᠭᠤᠯᠵᠤ᠂ ᠲᠥᠪ᠎ᠤᠨ ᠪᠠ ᠲᠦᠷᠦ᠎ᠵᠢᠨ ᠪᠠᠶ᠋ᠢᠭᠤᠯᠭ᠎ᠠ᠎ᠵᠢ ᠤᠯᠤᠰ ᠲᠦᠷᠦ᠎ᠵᠢ ᠡᠷᠬᠢᠮᠯᠡᠬᠦ᠂ ᠰᠠᠬᠢᠯᠭ᠎ᠠ ᠪᠠᠲᠤ᠎ᠵᠢ ᠰᠠᠬᠢᠬᠤ᠂ ᠬᠠᠷᠢᠭᠤᠴᠠᠯᠭ᠎ᠠ ᠡᠭᠦᠷᠭᠡᠯᠡᠬᠦ᠂ ᠦᠷ᠎ᠡ ᠪᠦᠲᠦᠮᠵᠢᠲᠡᠶ ᠵᠢᠱ᠌ᠢᠶᠡᠴᠢ ᠪᠠᠶ᠋ᠢᠭᠤᠯᠭ᠎ᠠ ᠪᠣᠯᠭᠠᠨ ᠪᠠᠶ᠋ᠢᠭᠤᠯᠤᠨ᠎ᠠ᠃ ᠪᠠᠶ᠋ᠢᠭᠤᠯᠭ᠎ᠠ᠎ᠵᠢ ᠠᠳᠬᠤᠨ ᠰᠢᠰᠲ᠋ᠧᠮ᠎ᠢ ᠳᠠᠶ᠋ᠢᠴᠢᠯᠠᠬᠤ᠂ ᠠᠵᠢᠯ ᠲᠥᠷᠥᠯ᠎ᠢ ᠬᠠᠮᠢᠶᠠᠷᠤᠨ ᠨᠠᠮ᠎ᠤᠨ ᠪᠠᠶ᠋ᠢᠭᠤᠯᠤᠯᠲᠠ᠎ᠵᠢ ᠬᠠᠮᠢᠶᠠᠷᠬᠤ᠎ᠵᠢ ᠪᠠᠷᠢᠮᠲᠠᠯᠠᠵᠤ᠂ ᠪᠠᠶ᠋ᠢᠭᠤᠯᠭ᠎ᠠ᠂ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢᠯᠡᠰ᠎ᠦᠨ ᠨᠢᠭᠡᠴᠢ᠂ ᠲᠣᠮᠢᠯᠠᠭᠰᠠᠨ ᠪᠠᠶ᠋ᠢᠭᠤᠯᠭ᠎ᠠ᠎ᠵᠢᠨ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠵᠡᠷᠭᠡ᠎ᠪᠡᠷ ᠠᠬᠢᠭᠤᠯᠬᠤ ᠲᠣᠭᠲᠠᠴᠠ᠎ᠵᠢ ᠪᠦᠷᠢᠨᠰᠢᠬᠦᠯᠵᠤ᠂ ᠤᠯᠤᠰ ᠲᠦᠷᠦ᠎ᠵᠢᠨ ᠴᠢᠳᠠᠮᠵᠢ ᠬᠦᠴᠦᠷᠬᠡᠭ᠂ ᠨᠠᠮ᠎ᠤᠨ ᠡᠭᠦᠷ᠎ᠦᠨ ᠪᠠᠭ ᠬᠦᠴᠦᠷᠬᠡᠭ᠂ ᠨᠠᠮ᠎ᠤᠨ ᠭᠡᠰᠢᠭᠦᠨ᠎ᠦ ᠡᠩᠨᠡᠭᠡ ᠬᠦᠴᠦᠷᠬᠡᠭ᠂ ᠦᠢᠯᠡᠳᠦᠯ ᠪᠠᠳᠠᠷᠠᠭᠤᠯᠬᠤ ᠲᠠᠯ᠎ᠠ᠎ᠪᠡᠷ ᠬᠦᠴᠦᠷᠬᠡᠭ ᠨᠠᠮ᠎ᠤᠨ ᠡᠭᠦᠷ᠎ᠦᠨ ᠪᠠᠶ᠋ᠢᠭᠤᠯᠤᠯᠲᠠ᠎ᠵᠢ ᠭᠦᠨᠵᠡᠭᠡᠶ᠋ᠢᠷᠡᠭᠦᠯᠦᠨ᠎ᠡ᠃ ᠨᠠᠮ᠎ᠤᠨ ᠪᠠᠶ᠋ᠢᠭᠤᠯᠤᠯᠲᠠ ᠪᠠ ᠲᠤᠬᠠᠶ᠋ᠢᠯᠠᠭᠰᠠᠨ ᠠᠵᠢᠯ᠎ᠢ ᠭᠦᠨᠵᠡᠭᠡᠶ ᠠᠭᠤᠰᠤᠯᠴᠠᠭᠤᠯᠬᠤ᠎ᠵᠢ ᠠᠬᠢᠭᠤᠯᠵᠤ᠂ 《ᠶᠠᠮᠠᠷ ᠴᠤ᠌ ᠬᠤᠯᠪᠤᠭᠳᠠᠯ ᠦᠭᠡᠢ ᠬᠤᠶᠠᠷ ᠵᠦᠢᠯ᠎ᠦᠨ ᠶᠠᠭᠤᠮ᠎ᠠ ᠪᠤᠯᠭᠠᠬᠤ》 ᠠᠰᠠᠭᠤᠳᠠᠯ᠎ᠢ ᠦᠷᠭᠦᠯᠵᠢᠯᠡᠨ ᠰᠢ᠌ᠳᠪᠦᠷᠢᠯᠡᠨ᠎ᠡ᠃ 《ᠪᠠᠶ᠋ᠢᠭᠤᠯᠭ᠎ᠠ᠎ᠵᠢᠨ ᠡᠪᠡᠳᠴᠢᠨ》 ᠪᠠ 《ᠶᠠᠮᠤᠨ᠎ᠤ ᠰᠤᠷᠲᠠᠯ》᠎ᠢ᠋ ᠴᠢᠩᠭ᠎ᠠ ᠴᠡᠭᠡᠷᠯᠡᠵᠦ᠍᠂ ᠲᠤᠰ ᠪᠡᠶ᠎ᠡ᠎ᠳᠤᠨᠢ ᠠᠰᠠᠭᠤᠳᠠᠯ ᠭᠠᠷᠬᠤ᠎ᠡᠴᠡ ᠰᠡᠷᠭᠡᠶ᠋ᠢᠯᠡᠨ᠎ᠡ᠃

(ᠬᠣᠶᠠᠷ) ᠣᠷᠣᠨ ᠨᠤᠲᠤᠭ᠎ᠤᠨ ᠨᠠᠮ᠎ᠤᠨ ᠬᠣᠷᠢᠶᠠᠨ᠎ᠤ ᠴᠢᠳᠠᠮᠵᠢ᠎ᠵᠢ ᠴᠢᠩᠭᠠᠳᠬᠠᠨ᠎ᠠ᠃ ᠣᠷᠣᠨ ᠨᠤᠲᠤᠭ᠎ᠤᠨ ᠨᠠᠮ᠎ᠤᠨ ᠬᠣᠷᠢᠶ᠎ᠠ᠎ᠵᠢᠨ ᠲᠤᠰ ᠭᠠᠵᠠᠷ ᠣᠷᠣᠨ᠎ᠳᠠᠭᠠᠨ ᠪᠦᠬᠦ᠌ ᠲᠠᠯ᠎ᠠ᠎ᠵᠢ ᠶᠡᠷᠦᠩᠬᠡᠶ᠋ᠢᠯᠡᠨ ᠡᠵᠡᠮᠳᠡᠬᠦ᠂ ᠡᠯ᠎ᠡ ᠲᠠᠯ᠎ᠠ᠎ᠵᠢ ᠵᠣᠬᠢᠴᠠᠭᠤᠯᠬᠤ ᠤᠳᠤᠷᠢᠳᠬᠤ ᠦᠢᠯᠡᠳᠦᠯ ᠪᠠᠳᠠᠷᠠᠭᠤᠯᠵᠤ᠂ ᠴᠢᠭᠯᠡᠯ᠎ᠢ ᠡᠵᠡᠮᠳᠡᠬᠦ᠂ ᠶᠡᠬᠡ ᠲᠠᠯ᠎ᠠ᠎ᠵᠢ ᠬᠠᠮᠢᠶᠠᠷᠬᠤ᠂ ᠪᠤᠳᠤᠯᠭ᠎ᠠ ᠲᠣᠭᠲᠠᠭᠠᠬᠤ᠂ ᠨᠠᠶ᠋ᠢᠳᠠᠪᠤᠷᠢᠵᠢᠭᠤᠯᠤᠯᠲᠠ᠎ᠵᠢ ᠪᠠᠲᠤᠯᠠᠬᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌᠎ᠵᠢ ᠪᠠᠷᠢᠮᠲᠠᠯᠠᠵᠤ᠂ ᠣᠷᠣᠨ ᠨᠤᠲᠤᠭ᠎ᠤᠨ ᠨᠠᠮ᠎ᠤᠨ ᠬᠣᠷᠢᠶ᠎ᠠ᠎ᠵᠢ ᠨᠠᠮ᠎ᠤᠨ ᠲᠥᠪ ᠬᠣᠷᠢᠶᠠᠨ᠎ᠤ ᠵᠢᠯᠤᠭᠤᠳᠤᠯᠭ᠎ᠠ᠎ᠵᠢ ᠡᠷᠡᠰ ᠲᠠᠭᠠᠬᠤ᠂ ᠬᠡᠷᠡᠭᠵᠢᠭᠦᠯᠦᠯᠲᠡ ᠨᠢ ᠬᠦᠴᠦᠲᠡᠶ᠂ ᠬᠠᠮᠢᠶᠠᠷᠤᠯᠲᠠ ᠨᠢ ᠴᠢᠩᠭ᠎ᠠ᠂ ᠪᠠᠭ ᠨᠢ ᠪᠦᠯᠬᠦᠮᠳᠡᠯ᠎ᠲᠡᠶ᠂ ᠬᠡᠪ ᠰᠤᠷᠲᠠᠯ ᠴᠡᠪᠡᠷ ᠴᠢᠭᠡᠴᠢ ᠪᠠᠲᠤ᠌ ᠴᠢᠩᠭ᠎ᠠ ᠵᠣᠬᠢᠶᠠᠨ ᠪᠠᠶ᠋ᠢᠭᠤᠯᠤᠯᠲᠠ ᠪᠣᠯᠭᠠᠨ ᠪᠠᠶ᠋ᠢᠭᠤᠯᠤᠨ᠎ᠠ᠃ ᠣᠷᠣᠨ ᠨᠤᠲᠤᠭ᠎ᠤᠨ ᠨᠠᠮ᠎ᠤᠨ ᠬᠣᠷᠢᠶ᠎ᠠ᠎ᠵᠢᠨ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ᠎ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠵᠢᠯ᠎ᠵᠢᠡᠨ  ᠪᠦᠲᠦᠭᠡᠯᠴᠢ᠎ᠪᠡᠷ ᠥᠷᠨᠢᠭᠦᠯᠬᠦ᠌᠎ᠵᠢ ᠵᠣᠷᠢᠬᠵᠢᠭᠤᠯᠤᠨ ᠲᠡᠮᠵᠢᠨ᠎ᠠ᠃ ᠣᠷᠣᠨ ᠨᠤᠲᠤᠭ᠎ᠤᠨ ᠨᠠᠮ᠎ᠤᠨ ᠬᠣᠷᠢᠶ᠎ᠠ᠎ᠵᠢᠨ ᠪᠠᠶ᠋ᠢᠩᠭᠤ᠎ᠵᠢᠨ ᠬᠣᠷᠢᠶ᠎ᠠ᠎ᠵᠢᠨ ᠤᠳᠤᠷᠢᠳᠬᠤ ᠪᠠᠭ᠎ᠵᠢᠡᠨ ᠪᠠᠢ᠌ᠭᠤᠯᠤᠨ ᠬᠦᠴᠦᠷᠬᠡᠭᠵᠢᠭᠦᠯᠵᠦ᠍᠂ ᠡᠩᠨᠡᠭᠡ᠎ᠪᠡᠨ ᠴᠢᠩᠭ᠎ᠠ ᠬᠠᠮᠢᠶᠠᠷᠴᠤ᠌᠂ ᠦᠷᠭᠦᠯᠵᠢ ᠤᠯᠤᠰ ᠲᠦᠷᠦ᠎ᠵᠢᠨ ᠪᠡᠶ᠎ᠡ᠎ᠵᠢᠨ ᠪᠠᠶ᠋ᠢᠴᠠᠭᠠᠯᠲᠠ᠎ᠵᠢ ᠥᠷᠨᠢᠭᠦᠯᠵᠦ᠍᠂ ᠲᠤᠰ ᠪᠡᠶ᠎ᠡ᠎ᠵᠢᠨ ᠠᠰᠠᠭᠤᠳᠠᠯ᠎ᠵᠢᠡᠨ ᠢᠯᠡᠷᠡᠭᠦᠯᠬᠦ᠌ ᠪᠠ ᠰᠢ᠌ᠳᠪᠦᠷᠢᠯᠡᠬᠦ᠌ ᠴᠢᠳᠠᠪᠤᠷᠢ᠎ᠪᠠᠨ ᠳᠡᠭᠡᠭᠰᠢᠯᠡᠭᠦᠯᠬᠦ᠌᠎ᠵᠢ ᠠᠬᠢᠭᠤᠯᠤᠨ᠎ᠠ᠃ ᠣᠷᠣᠨ ᠨᠤᠲᠤᠭ᠎ᠤᠨ ᠨᠠᠮ᠎ᠤᠨ ᠬᠣᠷᠢᠶᠠᠨ᠎ᠤ ᠠᠵᠢᠯ᠎ᠤᠨ ᠲᠦᠷᠢᠮ᠎ᠢ ᠵᠠᠰᠠᠵᠤ ᠲᠤᠬᠲᠠᠭᠠᠨ᠎ᠠ᠃ ᠣᠷᠣᠨ ᠨᠤᠲᠤᠭ᠎ᠤᠨ ᠨᠠᠮ᠎ᠤᠨ ᠬᠣᠷᠢᠶᠠᠨ᠎ᠤ ᠬᠡᠷᠡᠭ ᠵᠥᠪᠯᠡᠵᠦ᠍ ᠵᠣᠬᠢᠴᠠᠭᠤᠯᠬᠤ ᠪᠠᠶ᠋ᠢᠭᠤᠯᠤᠮᠵᠢ᠎ᠵᠢ ᠵᠢᠷᠤᠮᠵᠢᠭᠤᠯᠤᠨ᠎ᠠ᠃

(ᠭᠤᠷᠪᠠ) ᠡᠯ᠎ᠡ ᠬᠦᠷᠢᠶᠡᠨ᠎ᠳᠡᠬᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠪᠠᠶ᠋ᠢᠭᠤᠯᠤᠯᠲᠠ᠎ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠦᠨᠳᠦᠰᠦᠨ ᠱᠠᠲᠤ᠎ᠵᠢ ᠶᠡᠬᠡ᠎ᠪᠡᠷ ᠠᠳᠬᠤᠬᠤ ᠢᠯᠡ ᠲᠣᠳᠣ ᠤᠳᠤᠷᠢᠳᠤᠮᠵᠢ᠎ᠵᠢ ᠴᠢᠩᠭᠠᠳᠬᠠᠵᠤ᠂ ᠳᠤᠲᠠᠭᠤᠳᠠᠯ᠎ᠢ ᠨᠥᠬᠥᠪᠥᠷᠢᠯᠡᠬᠦ᠂ ᠬᠣᠭᠣᠰᠣᠨ᠎ᠢ ᠪᠥᠭᠯᠡᠬᠦ᠌ ᠬᠢᠭᠡᠳ ᠶᠠᠰᠤ ᠴᠢᠨᠠᠷ᠎ᠢ ᠳᠡᠭᠡᠭᠰᠢᠯᠡᠭᠦᠯᠬᠦ᠂ ᠴᠢᠳᠠᠮᠵᠢ᠎ᠵᠢ ᠴᠢᠩᠭᠠᠳᠬᠠᠬᠤ᠎ᠵᠢ ᠵᠡᠷᠭᠡ᠎ᠪᠡᠷ ᠴᠢᠬᠤᠯᠠᠴᠢᠯᠠᠬᠤ᠎ᠵᠢ ᠪᠠᠷᠢᠮᠲᠠᠯᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢ ᠨᠠᠮ᠎ᠤᠨ ᠤᠳᠤᠷᠢᠳᠤᠯᠭ᠎ᠠ᠎ᠵᠢ ᠪᠦᠲᠦᠮᠵᠢᠲᠡᠶ ᠪᠡᠶᠡᠯᠡᠭᠦᠯᠬᠦ᠌ ᠪᠠᠲᠤ᠌ ᠴᠢᠩᠭ᠎ᠠ ᠲᠠᠢ᠌ᠴᠢᠨ ᠪᠡᠬᠢᠯᠡᠯᠲᠡ ᠪᠣᠯᠭᠠᠨ ᠪᠠᠶ᠋ᠢᠭᠤᠯᠤᠨ᠎ᠠ᠃ ᠨᠠᠮ᠎ᠤᠨ ᠪᠠᠶ᠋ᠢᠭᠤᠯᠤᠯᠲᠠ᠎ᠵᠢ ᠠᠳᠬᠤᠵᠤ ᠪᠠᠶ᠋ᠢᠭᠠᠳ ᠬᠥᠳᠡᠭᠡ ᠲᠣᠰᠬᠣᠨ᠎ᠢ ᠪᠦᠬᠦ᠌ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠵᠢ ᠠᠬᠢᠭᠤᠯᠬᠤ᠎ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠰᠢᠶᠠᠩ ᠪᠠᠯᠭᠠᠰᠤᠨ᠎ᠤ ᠨᠠᠮ᠎ᠤᠨ ᠬᠣᠷᠢᠶ᠎ᠠ ᠪᠠ ᠲᠤᠰᠬᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠪᠠᠶ᠋ᠢᠭᠤᠯᠤᠯᠲᠠ᠎ᠵᠢ ᠴᠢᠩᠭᠠᠳᠬᠠᠵᠤ᠂ ᠲᠤᠰᠬᠤᠨ᠎ᠤ ᠺᠠᠳ᠋ᠷ᠎ᠤᠨ ᠬᠥᠮᠦᠵᠢᠯ ᠬᠠᠮᠢᠶᠠᠷᠤᠯᠲᠠ᠎ᠵᠢᠨ ᠲᠦᠪᠰᠢᠨ᠎ᠢ ᠳᠡᠭᠡᠭᠰᠢᠯᠡᠭᠦᠯᠵᠦ᠍᠂ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠪᠠ ᠠᠵᠢᠯᠯᠠᠬᠤ ᠠᠩᠭᠢ᠎ᠵᠢ ᠰᠣᠩᠭᠣᠨ ᠲᠣᠮᠢᠯᠠᠬᠤ ᠬᠠᠮᠢᠶᠠᠷᠤᠯᠲᠠ᠎ᠵᠢ ᠰᠢᠯᠢᠳᠡᠭᠵᠢᠭᠦᠯᠦᠨ᠎ᠡ᠃ 《ᠬᠥᠨᠳᠡᠶ ᠲᠣᠰᠬᠣᠨ》 ᠎ᠤ᠋  ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠪᠣᠳᠠᠲᠠᠢ ᠬᠢᠨ᠎ᠡ᠃ ᠬᠣᠲᠠ᠎ᠵᠢᠨ ᠵᠡᠭᠡᠯᠢ ᠭᠤᠳᠤᠮᠵᠢ᠂ ᠨᠡᠶ᠋ᠢᠭᠡᠮ ᠲᠣᠭᠣᠷᠢᠭ᠎ᠤᠨ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠴᠢᠩᠭᠠᠳᠬᠠᠵᠤ᠂ ᠰᠠᠭᠤᠭᠠᠯᠢ ᠠᠷᠠᠳ᠎ᠤᠨ ᠲᠣᠭᠣᠷᠢᠭ᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢ ᠰᠠᠶ᠋ᠢᠲᠤᠷ ᠪᠠᠶ᠋ᠢᠭᠤᠯᠤᠨ ᠬᠦᠴᠦᠷᠬᠡᠭᠵᠢᠭᠦᠯᠵᠦ᠍᠂ ᠨᠡᠶ᠋ᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠤᠳᠤᠷᠢᠳᠤᠯᠭ᠎ᠠ ᠳᠤᠤᠷᠠᠬᠢ ᠰᠠᠭᠤᠭᠠᠯᠢ ᠠᠷᠠᠳ᠎ᠤᠨ ᠵᠥᠪᠯᠡᠯ᠂ ᠥᠮᠴᠢᠲᠡᠳ᠎ᠦᠨ ᠵᠥᠪᠯᠡᠯ᠂ ᠠᠳᠠᠯ ᠠᠬᠤᠶ᠎ᠵᠢᠨ ᠦᠢᠯᠡᠴᠢᠯᠡᠭᠡᠨ᠎ᠦ ᠠᠵᠤ ᠠᠬᠤᠶ᠋ᠢᠯᠠᠯ᠎ᠤᠨ ᠵᠣᠬᠢᠴᠠᠯᠳᠤᠨ ᠠᠵᠢᠯᠯᠠᠬᠤ ᠰᠢᠨ᠎ᠡ ᠵᠠᠭᠪᠤᠷ᠎ᠢ ᠰᠦᠪᠡᠭᠴᠢᠯᠡᠨ᠎ᠡ᠃ 《ᠬᠡᠲᠦ᠍ ᠶᠡᠬᠡ ᠨᠡᠶ᠋ᠢᠭᠡᠮ ᠲᠣᠭᠣᠷᠢᠭ》᠎ᠤ᠋ᠨ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠪᠠᠶ᠋ᠢᠭᠤᠯᠤᠯᠲᠠ᠎ᠵᠢ ᠴᠢᠩᠭᠠᠳᠬᠠᠨ᠎ᠠ᠃ ᠨᠡᠭᠡᠭᠡᠨ ᠬᠦᠭᠵᠢᠬᠦᠯᠬᠦ᠌ ᠣᠷᠣᠨ (ᠬᠦᠷᠢᠶᠡᠯᠡᠩ ᠲᠣᠭᠣᠷᠢᠭ) ᠤ᠋ ᠨᠠᠮ᠎ᠤᠨ ᠪᠠᠶ᠋ᠢᠭᠤᠯᠤᠯᠲᠠ᠎ᠵᠢ ᠠᠬᠢᠭᠤᠯᠤᠨ᠎ᠠ᠃ ᠬᠢᠯᠢ ᠬᠢᠵᠠᠭᠠᠷ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠴᠢᠩᠭᠠᠳᠬᠠᠨ᠎ᠠ᠃ ᠨᠠᠮ᠎ᠤᠨ ᠪᠠᠶ᠋ᠢᠭᠤᠯᠤᠯᠲᠠ ᠪᠡᠷ ᠦᠨᠳᠦᠰᠦᠨ ᠱᠠᠲᠤᠨ᠎ᠤ ᠵᠠᠰᠠᠯᠲᠠ ᠪᠠ ᠦᠨᠳᠦᠰᠦᠨ ᠱᠠᠲᠤᠨ ᠎ᠤ᠋ ᠵᠠᠰᠠᠭ᠎ᠤᠨ ᠡᠷᠭᠡ ᠵᠢᠨ ᠪᠠᠶ᠋ᠢᠭᠤᠯᠤᠯᠲᠠ᠎ᠵᠢ ᠬᠥᠲᠥᠯᠥᠨ ᠳᠠᠭᠠᠭᠤᠯᠬᠤ᠎ᠵᠢ ᠬᠦᠨᠵᠡᠭᠡᠢ᠌ᠷᠡᠭᠦᠯᠵᠦ᠍᠂ ᠰᠢᠨ᠎ᠡ ᠴᠠᠭ ᠦᠶ᠎ᠡ᠎ᠵᠢᠨ 《ᠹᠧᠩᠴᠢᠶᠣᠤ᠎ᠵᠢᠨ ᠲᠤᠷᠰᠢᠯᠭ᠎ᠠ》᠎ᠵᠢ ᠪᠠᠷᠢᠮᠲᠠᠯᠠᠨ ᠬᠥᠭᠵᠢᠭᠦᠯᠵᠦ᠍᠂ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ ᠰᠤᠷᠳᠠᠬᠤᠨ᠎ᠵᠢᠡᠷ ᠵᠠᠰᠠᠬᠤ᠎ᠵᠢ ᠤᠶᠠᠯᠳᠤᠭᠤᠯᠤᠭᠰᠠᠨ ᠬᠤᠳᠠ ᠬᠥᠳᠡᠭᠡ᠎ᠵᠢᠨ ᠦᠨᠳᠦᠰᠦᠨ ᠱᠠᠲᠤᠨ᠎ᠤ ᠵᠠᠰᠠᠯᠲᠠ᠎ᠵᠢᠨ ᠰᠢᠰᠲ᠋ᠧᠮ᠎ᠢ ᠪᠦᠷᠢᠨᠰᠢᠬᠦᠯᠤᠨ᠎ᠠ᠃ ᠲᠤᠤᠷᠯᠢᠬ ᠵᠠᠰᠠᠯᠲᠠ ᠦᠢᠯᠡᠴᠢᠯᠡᠭᠡ᠎ᠵᠢ ᠡᠮᠬᠢᠯᠡᠨ ᠨᠡᠶ᠋ᠢᠯᠡᠭᠦᠯᠵᠦ᠍ ᠰᠢᠯᠢᠳᠡᠭᠵᠢᠭᠦᠯᠤᠨ᠂ ᠨᠠᠮ᠎ᠤᠨ ᠬᠡᠰᠢᠬᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠦᠢᠯᠡᠳᠦᠯ᠎ᠢ ᠪᠠᠳᠠᠷᠠᠭᠤᠯᠵᠤ᠂ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠪᠠ ᠤᠯᠠᠨ ᠲᠦᠮᠡᠨ᠎ᠦ ᠦᠨᠳᠦᠰᠦᠨ ᠱᠠᠲᠤᠨ᠎ᠤ ᠵᠠᠰᠠᠯᠲᠠ᠎ᠳᠤ ᠬᠠᠤᠯᠢ ᠶᠣᠰᠣᠭᠠᠷ ᠡᠮᠬᠢ ᠵᠢᠷᠤᠮ᠎ᠲᠠᠶ᠎ᠪᠠᠷ ᠣᠷᠣᠯᠴᠠᠬᠤ ᠠᠷᠭ᠎ᠠ ᠵᠠᠮ᠎ᠢ ᠥᠷᠭᠡᠳᠬᠡᠨ᠎ᠡ᠃ ᠪᠠᠶ᠋ᠢᠭᠤᠯᠭ᠎ᠠ᠎ᠵᠢᠨ ᠨᠠᠮ᠎ᠤᠨ ᠪᠠᠶ᠋ᠢᠭᠤᠯᠤᠯᠲᠠ᠎ᠵᠢᠨ ᠶᠠᠰᠤ ᠴᠢᠨᠠᠷ᠎ᠢ ᠪᠦᠬᠦ᠌ ᠲᠠᠯ᠎ᠠ᠎ᠪᠠᠷ ᠳᠡᠭᠡᠭᠰᠢᠯᠡᠭᠦᠯᠵᠦ᠍᠂ ᠬᠠᠷᠢᠶ᠎ᠠ ᠨᠢᠭᠡᠴᠢ᠂ ᠠᠵᠢᠯ ᠲᠦᠷᠦᠯ᠎ᠦᠨ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠰᠠᠶ᠋ᠢᠲᠤᠷ ᠠᠳᠬᠤᠨ᠎ᠠ᠃ ᠠᠵᠢᠯ ᠦᠢᠯᠡᠰ᠎ᠦᠨ ᠨᠢᠭᠡᠴᠢ᠎ᠵᠢᠨ ᠨᠠᠮ᠎ᠤᠨ ᠤᠳᠤᠷᠢᠳᠬᠤ ᠪᠠᠶ᠋ᠢᠭᠤᠯᠤᠯ ᠲᠣᠭᠲᠠᠴᠠ᠎ᠵᠢ ᠲᠡᠭᠦᠯᠳᠡᠷᠵᠢᠭᠦᠯᠵᠦ᠍᠂ ᠰᠤᠷᠭᠠᠭᠤᠯᠢ᠂ ᠡᠮᠨᠡᠯᠭᠡ᠎ᠵᠢᠨ ᠬᠣᠷᠢᠶ᠎ᠠ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠡᠷᠭᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠠᠬᠢᠭᠤᠯᠤᠨ᠎ᠠ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠂ ᠤᠯᠤᠰ᠎ᠤᠨ ᠥᠮᠴᠢᠯᠡᠯ᠎ᠤᠨ ᠮᠥᠩᠭᠥᠨ ᠭᠦᠢᠯᠭᠡᠭᠡᠨ᠎ᠦ ᠠᠵᠤ ᠠᠬᠤᠶ᠋ᠢᠯᠠᠯ᠎ᠳᠡᠬᠢ ᠨᠠᠮ᠎ᠤᠨ ᠤᠳᠤᠷᠢᠳᠤᠯᠭ᠎ᠠ᠎ᠵᠢ ᠴᠢᠩᠭᠠᠳᠬᠠᠵᠤ᠂ ᠨᠠᠮ᠎ᠤᠨ ᠬᠣᠷᠢᠶ᠎ᠠ(ᠨᠠᠮ᠎ᠤᠨ ᠤᠳᠤᠷᠢᠳᠬᠤ ᠳᠤᠭᠤᠶ᠋ᠢᠯᠠᠩ) ᠡᠴᠡ ᠤᠷᠢᠳᠴᠢᠯᠡᠨ ᠰᠤᠳᠤᠯᠵᠤ ᠶᠠᠷᠢᠯᠴᠠᠬᠤ ᠴᠢᠬᠤᠯᠠ ᠶᠡᠬᠡ ᠡᠵᠡᠩᠨᠡᠯᠲᠡ ᠬᠠᠮᠢᠶᠠᠷᠤᠯᠲᠠ᠎ᠵᠢᠨ ᠵᠦᠢᠯᠡᠰ᠎ᠤᠨ ᠪᠤᠭᠤᠮᠲᠠ᠎ᠵᠢ ᠪᠤᠳᠠᠳᠠᠢ ᠪᠡᠷ ᠠᠳᠬᠤᠬᠤ᠎ᠵᠢ ᠴᠢᠩᠭᠠᠳᠬᠠᠵᠤ᠂ ᠺᠣᠮᠫᠠᠨᠢ᠎ᠵᠢᠨ ᠵᠠᠰᠠᠯᠲᠠ᠎ᠵᠢ ᠲᠡᠭᠦᠯᠳᠡᠷᠵᠢᠭᠦᠯᠦᠨ᠂ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠵᠢ ᠳᠡᠭᠡᠭᠰᠢᠯᠡᠭᠦᠯᠦᠨ᠎ᠡ᠃ ᠲᠥᠪᠯᠡᠷᠡᠬᠦᠯᠬᠦ᠌ ᠪᠠ ᠪᠠᠢ᠌ᠩᠭᠤᠵᠢᠭᠤᠯᠬᠤ᠎ᠵᠢ ᠤᠶᠠᠯᠳᠤᠭᠤᠯᠬᠤ᠎ᠵᠢ ᠪᠠᠷᠢᠮᠲᠠᠯᠠᠵᠤ᠂ ᠳᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢ ᠴᠡᠭᠴᠡᠯᠡᠨ᠎ᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠬᠠᠷᠢᠭᠤᠴᠠᠯᠭᠠᠲᠠᠨ᠎ᠢ ᠬᠥᠮᠦᠵᠢᠭᠦᠯᠵᠦ᠍ ᠰᠢᠯᠢᠨ ᠳᠡᠪᠰᠢᠭᠦᠯᠬᠦ᠌ ᠪᠠ ᠰᠤᠷᠭᠠᠨ ᠬᠥᠮᠦᠵᠢᠬᠦᠯᠵᠦ᠍ ᠪᠣᠯᠪᠠᠰᠤᠷᠠᠭᠤᠯᠬᠤ ᠠᠵᠢᠯ᠎ᠢ ᠴᠢᠩᠭᠠᠳᠬᠠᠨ᠎ᠠ᠃ ᠡᠬᠢ ᠪᠠᠶᠠᠯᠢᠭ ᠦᠢᠯᠡᠴᠢᠯᠡᠭᠡ ᠬᠠᠮᠢᠶᠠᠷᠤᠯᠲᠠ᠎ᠵᠢ ᠳᠣᠭᠤᠭᠰᠢ ᠪᠠᠭᠤᠯᠭᠠᠬᠤ᠂ ᠲᠥᠷᠥ᠎ᠵᠢᠨ ᠪᠣᠳᠣᠯᠭ᠎ᠠ᠎ᠵᠢ ᠦᠨᠳᠦᠰᠦᠨ ᠱᠠᠲᠤ᠌ ᠲᠡᠢ᠌ᠰᠢ ᠬᠡᠯᠪᠡᠶ᠋ᠢᠯᠭᠡᠬᠦ᠌᠎ᠵᠢ ᠠᠬᠢᠭᠤᠯᠵᠤ᠂ ᠦᠨᠳᠦᠰᠦᠨ ᠱᠠᠲᠤᠨ᠎ᠤ ᠠᠵᠢᠯ᠎ᠤᠨ ᠨᠥᠬᠥᠴᠡᠯ᠎ᠢ ᠰᠠᠶ᠋ᠢᠵᠢᠷᠠᠭᠤᠯᠤᠨ᠎ᠠ᠃ ᠨᠠᠮ᠎ᠤᠨ ᠪᠠᠶ᠋ᠢᠭᠤᠯᠤᠯᠲᠠ᠎ᠪᠠᠷ ᠤᠯᠠᠨ ᠲᠦᠮᠡᠨ᠎ᠦ ᠡᠪᠯᠡᠯ ᠪᠦᠯᠬᠦᠮ᠎ᠤᠨ ᠵᠤᠬᠢᠶᠠᠨ ᠪᠠᠢ᠌ᠭᠤᠯᠤᠯᠲᠠ᠎ᠵᠢᠨ ᠪᠠᠶ᠋ᠢᠭᠤᠯᠤᠯᠲᠠ᠎ᠵᠢ ᠳᠠᠶ᠋ᠢᠴᠢᠯᠠᠬᠤ᠎ᠵᠢ ᠪᠠᠷᠢᠮᠲᠠᠯᠠᠵᠤ᠂ ᠤᠯᠠᠨ ᠲᠦᠮᠡᠨ᠎ᠤ ᠡᠪᠯᠡᠯ ᠪᠦᠯᠬᠦᠮ᠎ᠦᠨ ᠵᠣᠬᠢᠶᠠᠨ ᠪᠠᠶ᠋ᠢᠭᠤᠯᠤᠯᠲᠠ᠎ᠵᠢᠨ ᠬᠥᠭᠥᠷᠭᠡ ᠬᠣᠯᠪᠣᠭᠠᠰᠤ᠎ᠵᠢᠨ ᠦᠢᠯᠡᠳᠦᠯ᠎ᠢ ᠪᠠᠳᠠᠷᠠᠭᠤᠯᠤᠨ᠎ᠠ᠃

(ᠲᠦᠷᠪᠡ) ᠰᠢᠨ᠎ᠡ᠎ᠪᠡᠷ ᠬᠥᠭᠵᠢᠭᠰᠡᠨ ᠬᠦᠷᠢᠶᠡᠨ᠎ᠳᠡᠬᠢ ᠨᠠᠮ᠎ᠤᠨ ᠪᠠᠶ᠋ᠢᠭᠤᠯᠤᠯᠲᠠ᠎ᠵᠢ ᠲᠤᠪᠤᠢ᠌ᠯᠭᠠᠨ ᠰᠠᠶ᠋ᠢᠲᠤᠷ ᠠᠳᠬᠤᠨ᠎ᠠ᠃ ᠰᠢᠨ᠎ᠡ᠎ᠪᠡᠷ ᠬᠦᠭᠵᠢᠭᠰᠡᠨ ᠬᠦᠷᠢᠶᠡᠨ᠎ᠳᠡᠬᠢ ᠨᠠᠮ᠎ᠤᠨ ᠪᠠᠶ᠋ᠢᠭᠤᠯᠤᠯᠲᠠ᠎ᠵᠢᠨ ᠬᠠᠮᠢᠶᠠᠷᠤᠯᠲᠠ᠎ᠵᠢᠨ ᠪᠠᠶ᠋ᠢᠭᠤᠯᠤᠯ ᠪᠠ ᠬᠠᠷᠢᠭᠤᠴᠠᠯᠭ᠎ᠠ᠎ᠵᠢᠨ ᠰᠢᠰᠲ᠋ᠧᠮ᠎ᠢ ᠲᠥᠷᠥᠯ ᠬᠤᠪᠢᠶᠠᠨ ᠲᠡᠭᠦᠯᠳᠡᠷᠵᠢᠭᠦᠯᠵᠦ᠍᠂ ᠠᠵᠢᠯ ᠲᠥᠷᠥᠯ᠎ᠦᠨ ᠬᠠᠮᠢᠶᠠᠷᠤᠯᠲᠠ ᠪᠠ ᠲᠤᠬᠠᠶ᠋ᠢᠯᠠᠭᠰᠠᠨ ᠠᠵᠢᠯ᠎ᠤᠨ ᠬᠢᠨᠠᠯᠲᠠ ᠬᠠᠮᠢᠶᠠᠷᠤᠯᠲᠠ᠎ᠵᠢᠨ ᠰᠠᠯᠠᠭ᠎ᠠ ᠮᠥᠴᠢᠷ᠂ ᠲᠤᠬᠠᠶ᠋ᠢᠯᠠᠭᠰᠠᠨ ᠠᠵᠢᠯ᠎ᠤᠨ ᠡᠷᠬᠢᠯᠡᠨ ᠬᠠᠮᠢᠶᠠᠷᠬᠤ ᠨᠢᠭᠡᠴᠢ ᠵᠢᠴᠢ ᠬᠠᠷᠢᠶ᠎ᠠ ᠭᠠᠵᠠᠷ ᠵᠡᠷᠭᠡ᠎ᠵᠢᠨ ᠬᠠᠷᠢᠭᠤᠴᠠᠯᠭ᠎ᠠ᠎ᠵᠢ ᠪᠣᠳᠠᠲᠠᠶ᠋ᠢᠵᠢᠭᠤᠯᠵᠤ᠂ ᠰᠢᠨ᠎ᠡ᠎ᠪᠡᠷ ᠬᠦᠭᠵᠢᠭᠰᠡᠨ ᠬᠦᠷᠢᠶᠡᠨ᠎ᠳᠠᠬᠢ ᠨᠠᠮ᠎ᠤᠨ ᠤᠷᠢᠶᠠᠯᠠᠬᠤ ᠬᠦᠴᠦᠨ ᠨᠢᠭᠲᠠᠷᠠᠭᠤᠯᠬᠤ ᠬᠦᠴᠦᠨ ᠨᠥᠯᠥᠭᠡᠯᠡᠬᠦ᠌ ᠬᠦᠴᠦᠨ᠎ᠢ ᠴᠢᠩᠭᠠᠷᠠᠭᠤᠯᠤᠨ᠎ᠠ᠃ ᠰᠢᠨ᠎ᠡ ᠠᠵᠤ ᠠᠬᠤᠶ᠎ᠵᠢᠨ ᠵᠣᠬᠢᠶᠠᠨ ᠪᠠᠶ᠋ᠢᠭᠤᠯᠤᠯᠲᠠ᠂ ᠰᠢᠨ᠎ᠡ ᠨᠡᠶ᠋ᠢᠭᠡᠮ᠎ᠦᠨ ᠵᠣᠬᠢᠶᠠᠨ ᠪᠠᠶ᠋ᠢᠭᠤᠯᠤᠯᠲᠠ᠂ ᠰᠢᠨ᠎ᠡ ᠬᠡᠯᠪᠡᠷᠢ ᠪᠠᠢ᠌ᠳᠠᠯ᠎ᠵᠢᠡᠷ ᠠᠵᠢᠯ ᠣᠯᠣᠭᠰᠠᠨ ᠬᠠᠮᠲᠤᠯᠢᠭ ᠲᠡᠬᠢ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠪᠦᠷᠬᠦᠴᠡ ᠪᠠ ᠠᠵᠢᠯ᠎ᠤᠨ ᠪᠦᠷᠬᠦᠴᠡ᠎ᠵᠢ ᠭᠦᠨᠵᠡᠭᠡᠶ᠋ᠢᠷᠡᠭᠦᠯᠦᠨ ᠥᠷᠭᠡᠳᠬᠡᠵᠦ᠍᠂ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠱᠦᠵᠢ᠎ᠵᠢᠨ ᠲᠤᠰᠢᠶᠠᠯ᠎ᠳᠦ ᠰᠢᠯᠢᠳᠡᠭ᠎ᠢ ᠨᠢ ᠰᠤᠩᠭᠤᠨ ᠳᠤᠷᠪᠢᠲᠠᠢ᠎ᠵᠢ ᠨᠢ ᠲᠣᠬᠢᠷᠠᠭᠤᠯᠵᠦ᠍᠂ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠤᠨ ᠵᠢᠯᠤᠭᠤᠳᠤᠭᠴᠢ᠎ᠵᠢ ᠰᠢᠯᠢᠨ ᠲᠣᠮᠢᠯᠠᠬᠤ ᠠᠵᠢᠯ᠎ᠢ ᠰᠠᠶ᠋ᠢᠵᠢᠷᠠᠭᠤᠯᠵᠤ᠂ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠦᠢᠯᠡᠳᠪᠦᠷᠢᠯᠡᠯ ᠡᠵᠡᠩᠨᠡᠯᠲᠡ᠂ ᠰᠢᠨ᠎ᠡ᠎ᠵᠢ ᠡᠭᠦᠳᠭᠥ᠌ ᠠᠳᠠᠯ ᠦᠢᠯᠡᠰ ᠴᠤᠭᠴᠠᠯᠠᠬᠤ᠂ ᠨᠡᠶ᠋ᠢᠭᠡᠮ᠎ᠦᠨ ᠦᠢᠯᠡᠴᠢᠯᠡᠭᠡ᠂ ᠦᠨᠳᠦᠰᠦᠨ ᠱᠠᠲᠤᠨ᠎ᠤ ᠵᠠᠰᠠᠯᠲᠠ ᠵᠡᠷᠭᠡ ᠯᠤᠬᠡ ᠣᠷᠭᠠᠨᠢᠭ ᠵᠢᠨᠷ ᠤᠶᠠᠯᠳᠤᠭᠤᠯᠬᠤ᠎ᠵᠢ ᠠᠬᠢᠭᠤᠯᠤᠨ᠎ᠠ᠃ ᠨᠡᠶ᠋ᠢᠲᠡ᠎ᠵᠢᠨ ᠥᠮᠴᠢᠯᠡᠯ᠎ᠦᠨ ᠪᠤᠰᠤ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠪᠡᠬᠢᠵᠢᠭᠦᠯᠦᠨ ᠳᠡᠭᠡᠭᠰᠢᠯᠡᠭᠦᠯᠵᠦ᠍᠂ ᠬᠣᠯᠢᠮᠠᠭ ᠥᠮᠴᠢᠯᠡᠯ᠎ᠤᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠲᠥᠷᠥᠯ ᠬᠤᠪᠢᠶᠠᠨ ᠠᠬᠢᠭᠤᠯᠵᠦ᠍᠂ ᠲᠠᠪᠴᠠᠩ᠎ᠤᠨ ᠠᠵᠤ ᠠᠬᠤᠶ᠋ᠢᠯᠠᠯ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠵᠢ ᠡᠭᠦᠳᠬᠦ᠌ ᠬᠡᠯᠪᠡᠷᠢ᠎ᠵᠢᠨ ᠠᠵᠤ ᠠᠬᠤᠶ᠋ᠢᠯᠠᠯ ᠵᠡᠷᠭᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠴᠢᠩᠭᠠᠳᠬᠠᠵᠤ᠂ ᠢᠨᠲ᠋ᠧᠷ ᠰᠦᠯᠵᠢᠶᠡᠨ᠎ᠤ ᠠᠵᠤ ᠠᠬᠤᠶ᠋ᠢᠯᠠᠯ᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢ ᠱᠠᠲᠤ᠌ ᠳᠡᠪᠰᠢᠭᠦᠯᠦᠨ ᠬᠠᠮᠢᠶᠠᠷᠬᠤ᠎ᠵᠢ ᠬᠥᠳᠡᠯᠦᠩᠭᠦᠶ ᠪᠡᠷ ᠲᠣᠬᠢᠷᠠᠭᠤᠯᠬᠤ ᠲᠣᠭᠲᠠᠴᠠ᠎ᠵᠢ ᠪᠠᠶ᠋ᠢᠭᠤᠯᠤᠨ᠂ ᠨᠠᠮ᠎ᠤᠨ ᠪᠠᠶ᠋ᠢᠭᠤᠯᠤᠯᠲᠠ᠎ᠵᠢᠨ ᠬᠠᠷᠢᠭᠤᠴᠠᠯᠭ᠎ᠠ᠎ᠵᠢ ᠨᠠᠶ᠋ᠢᠳᠠᠪᠤᠷᠢᠵᠢᠭᠤᠯᠬᠤ᠎ᠵᠢ ᠠᠬᠢᠭᠤᠯᠤᠨ᠎ᠠ᠃ ᠰᠢᠨ᠎ᠡ ᠨᠡᠶ᠋ᠢᠭᠡᠮ᠎ᠦᠨ ᠵᠣᠬᠢᠶᠠᠨ ᠪᠠᠶ᠋ᠢᠭᠤᠯᠤᠯᠲᠠ᠎ᠵᠢᠨ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠲᠥᠷᠥᠯ ᠬᠤᠪᠢᠶᠠᠨ ᠵᠢᠯᠣᠭᠣᠳᠴᠤ᠌᠂ ᠠᠵᠢᠯ ᠲᠥᠷᠥᠯ᠎ᠦᠨ ᠨᠡᠶ᠋ᠢᠭᠡᠮᠯᠢᠭ᠂ ᠡᠷᠳᠡᠮ ᠰᠢᠨᠵᠢᠯᠡᠭᠡᠨ᠎ᠦ ᠨᠡᠶ᠋ᠢᠭᠡᠮᠯᠢᠭ᠂ ᠬᠤᠳᠠᠯᠳᠤᠭᠠᠴᠢᠳ᠎ᠤᠨ ᠡᠪᠯᠡᠯ᠎ᠦᠨ ᠬᠠᠮᠢᠶᠠᠷᠤᠯᠲᠠ᠎ᠵᠢᠨ ᠳᠦᠷᠢᠮ ᠪᠠ ᠠᠵᠢᠯᠯᠠᠭᠠᠨ᠎ᠤ ᠲᠣᠭᠲᠠᠴᠠ᠎ᠵᠢ ᠲᠡᠭᠦᠯᠳᠡᠷᠵᠢᠭᠦᠯᠤᠨ᠂ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠤᠨ ᠱᠠᠭᠠᠷᠳᠠᠯᠭ᠎ᠠ᠎ᠵᠢ ᠳᠦᠷᠢᠮ ᠳ᠋ᠡᠬᠡᠨ ᠪᠢᠴᠢᠵᠦ᠍ ᠣᠷᠣᠭᠤᠯᠬᠤ᠎ᠵᠢ ᠪᠦᠬᠦ᠌ ᠲᠠᠯ᠎ᠠ᠎ᠪᠠᠷ ᠨᠠᠢ᠌ᠳᠠᠪᠤᠷᠢᠵᠢᠭᠤᠯᠵᠦ᠍᠂ ᠠᠵᠢᠯ ᠲᠦᠷᠦᠯ᠎ᠦᠨ ᠥᠪᠡᠷ᠎ᠢ᠎ᠪᠡᠨ ᠱᠠᠭᠠᠷᠳᠠᠬᠤ᠎ᠵᠢ ᠨᠠᠮ᠎ᠤᠨ ᠪᠠᠶ᠋ᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠵᠢ ᠴᠢᠩᠭᠠᠳᠬᠠᠨ᠎ᠠ᠃ ᠠᠷᠠᠳ᠎ᠡᠴᠠ ᠡᠷᠬᠢᠯᠡᠭᠰᠡᠨ ᠰᠤᠷᠭᠠᠭᠤᠯᠢ᠂ ᠠᠷᠠᠳ᠎ᠡᠴᠠ ᠡᠵᠡᠩᠨᠡᠭᠰᠡᠨ ᠡᠮᠨᠡᠯᠭᠡ᠎ᠵᠢᠨ ᠬᠣᠷᠢᠶ᠎ᠠ ᠵᠡᠷᠭᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠰᠠᠶ᠋ᠢᠲᠤᠷ ᠬᠢᠨ᠎ᠡ᠃ ᠰᠢᠨ᠎ᠡ ᠬᠡᠯᠪᠡᠷᠢ ᠪᠠᠢ᠌ᠳᠠᠯ᠎ᠵᠢᠡᠷ ᠠᠵᠢᠯ ᠣᠯᠣᠭᠰᠠᠨ ᠬᠠᠮᠲᠤᠯᠢᠭ᠎ᠤᠨ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ᠎ᠵᠢᠨ ᠬᠦᠲᠦᠯᠦᠨ ᠳᠠᠭᠠᠭᠤᠯᠭ᠎ᠠ᠎ᠵᠢ ᠴᠢᠩᠭᠠᠳᠬᠠᠵᠤ᠂ ᠦᠢᠯᠡᠴᠢᠯᠡᠭᠡ ᠬᠠᠮᠢᠶᠠᠷᠤᠯᠲᠠ᠎ᠵᠢ ᠰᠠᠶ᠋ᠢᠲᠤᠷ ᠬᠢᠵᠦ᠍᠂ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠂ ᠰᠢᠨ᠎ᠡ ᠬᠡᠯᠪᠡᠷᠢ ᠪᠠᠢ᠌ᠳᠠᠯ᠎ᠵᠢᠡᠷ ᠠᠵᠢᠯ ᠣᠯᠣᠭᠰᠠᠨ ᠬᠠᠮᠲᠤᠯᠢᠭ᠎ᠤᠨ ᠨᠠᠮ᠎ᠤᠨ ᠦᠭᠡ᠎ᠵᠢ ᠰᠣᠨᠣᠰᠴᠤ᠌᠂ ᠨᠠᠮ᠎ᠢ ᠳᠠᠭᠠᠬᠤ᠎ᠵᠢ ᠬᠦᠳᠦᠯᠦᠨ ᠵᠢᠯᠤᠭᠤᠳᠤᠨ᠎ᠠ᠃

(ᠲᠠᠪᠤ) ᠨᠠᠮ᠎ᠤᠨ ᠭᠡᠰᠢᠭᠦᠨ᠎ᠦ ᠡᠩᠨᠡᠭᠡ᠎ᠵᠢᠨ ᠪᠠᠶ᠋ᠢᠭᠤᠯᠤᠯᠲᠠ᠎ᠵᠢ ᠴᠢᠩᠭᠠᠳᠬᠠᠨ᠎ᠠ᠃ ᠤᠯᠤᠰ ᠲᠥᠷᠥ᠎ᠵᠢᠨ ᠪᠠᠷᠢᠮᠵᠢᠶ᠎ᠠ᠎ᠵᠢ ᠲᠡᠷᠢᠭᠦᠨ ᠪᠠᠶ᠋ᠢᠷᠢᠨ᠎ᠳᠤ ᠲᠠᠯᠪᠢᠬᠤ᠎ᠵᠢ ᠪᠠᠷᠢᠮᠲᠠᠯᠠᠵᠤ᠂ ᠵᠢᠷᠤᠮ᠎ᠢ ᠴᠢᠩᠳᠠᠯᠠᠨ᠂ ᠪᠤᠭᠤᠮᠲᠠ᠎ᠵᠢ ᠠᠳᠬᠤᠬᠤ᠎ᠵᠢ ᠴᠢᠩᠳᠠᠯᠠᠨ᠂ ᠰᠠᠬᠢᠯᠭ᠎ᠠ ᠪᠠᠳᠤ ᠵᠢ ᠲᠥᠪ ᠴᠢᠩᠭ᠎ᠠ ᠪᠤᠯᠭᠠᠵᠤ᠂ ᠨᠠᠮ᠎ᠤᠨ ᠭᠡᠰᠢᠭᠦᠨ ᠡᠯᠰᠡᠬᠦ᠌ ᠶᠠᠰᠤ ᠴᠢᠨᠠᠷ᠎ᠢ ᠳᠡᠭᠡᠭᠰᠢᠯᠡᠭᠦᠯᠵᠦ᠍᠂ ᠤᠭ ᠰᠠᠨᠠᠭ᠎ᠠ ᠨᠢ ᠴᠡᠪᠡᠷ ᠪᠤᠰᠤ ᠬᠥᠮᠦᠰ᠎ᠦᠨ ᠨᠠᠮ᠎ᠳᠤ ᠣᠷᠣᠬᠤ ᠡᠴᠡ ᠰᠡᠷᠭᠡᠶ᠋ᠢᠯᠡᠨ᠎ᠡ᠃ ᠵᠠᠯᠠᠭᠤᠴᠤᠳ ᠪᠠ ᠠᠵᠤ ᠦᠢᠯᠡᠳᠪᠦᠷᠢ᠎ᠵᠢᠨ ᠠᠵᠢᠯᠴᠢᠨ᠂ ᠲᠠᠷᠢᠶᠠᠴᠢᠨ᠂ ᠰᠡᠬᠡᠭᠡᠲᠡᠨ᠎ᠦ ᠳᠣᠲᠣᠷ᠎ᠠ᠎ᠡᠴᠠ ᠨᠠᠮ᠎ᠤᠨ ᠭᠡᠰᠢᠭᠦᠨ ᠡᠯᠰᠡᠬᠦ᠌᠎ᠵᠢ ᠴᠢᠬᠤᠯᠠᠴᠢᠯᠠᠵᠤ᠂ ᠰᠢᠨ᠎ᠡ᠎ᠪᠡᠷ ᠬᠦᠭᠵᠢᠭᠰᠡᠨ ᠬᠦᠷᠢᠶᠡᠨ ᠡᠴᠡ ᠨᠠᠮ᠎ᠤᠨ ᠭᠡᠰᠢᠭᠦᠨ ᠡᠯᠰᠡᠬᠦ᠌ ᠠᠵᠢᠯ᠎ᠢ ᠰᠠᠶ᠋ᠢᠲᠤᠷ ᠬᠢᠵᠦ᠍᠂ ᠨᠠᠮ᠎ᠤᠨ ᠭᠡᠰᠢᠭᠦᠨ᠎ᠦ ᠡᠩᠨᠡᠭᠡ᠎ᠵᠢᠨ ᠪᠦᠲᠦᠴᠡ᠎ᠵᠢ ᠰᠢᠯᠢᠳᠡᠭᠵᠢᠭᠦᠯᠦᠨ᠎ᠡ᠃ ᠨᠠᠮ᠎ᠤᠨ ᠭᠡᠰᠢᠭᠦᠨ᠎ᠦ ᠬᠥᠮᠦᠵᠢᠯ ᠬᠠᠮᠢᠶᠠᠷᠤᠯᠲᠠ᠎ᠵᠢ ᠴᠢᠩᠭᠠᠳᠬᠠᠵᠤ᠂ ᠨᠠᠮ᠎ᠤᠨ ᠭᠡᠰᠢᠭᠦᠨ᠎ᠦ ᠪᠠᠢ᠌ᠩᠭᠤᠵᠢᠭᠰᠠᠨ ᠪᠣᠯᠪᠠᠰᠤᠷᠠᠭᠤᠯᠤᠯ ᠢᠯᠠᠩᠭᠤᠶ᠎ᠠ ᠦᠨᠳᠦᠰᠦᠨ ᠪᠣᠯᠪᠠᠰᠤᠷᠠᠭᠤᠯᠤᠯ᠎ᠢ ᠥᠷᠨᠢᠭᠦᠯᠦᠨ᠎ᠡ᠃ ᠨᠠᠮ᠎ᠤᠨ ᠡᠭᠦᠷ᠎ᠡᠴᠡ ᠨᠠᠮ᠎ᠤᠨ ᠭᠡᠰᠢᠭᠦᠨ᠎ᠢ ᠰᠢᠭᠤᠳ ᠬᠥᠮᠦᠵᠢᠭᠦᠯᠦᠨ ᠬᠠᠮᠢᠶᠠᠷᠬᠤ ᠪᠠ ᠲᠡᠭᠦᠨ᠎ᠳᠦ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ᠎ᠵᠢ ᠨᠠᠶ᠋ᠢᠳᠠᠪᠤᠷᠢᠵᠢᠭᠤᠯᠤᠨ᠎ᠠ᠃ ᠨᠠᠮ᠎ᠤᠨ ᠭᠡᠰᠢᠭᠦᠨ᠎ᠦ ᠰᠦᠯᠵᠢᠶᠡᠨ᠎ᠦ ᠦᠢᠯᠡ ᠠᠵᠢᠯᠯᠠᠭ᠎ᠠ᠎ᠵᠢᠨ ᠬᠠᠮᠢᠶᠠᠷᠤᠯᠲᠠ᠎ᠵᠢ ᠴᠢᠩᠭᠠᠳᠬᠠᠨ᠎ᠠ᠃ ᠨᠡᠭᠦᠳᠡᠯ ᠨᠠᠮ᠎ᠤᠨ ᠭᠡᠰᠢᠭᠦᠨ᠎ᠢ ᠪᠦᠷᠢᠳᠬᠡᠬᠦ᠂ ᠬᠦᠯᠢᠶᠡᠨ ᠠᠪᠬᠤ ᠠᠵᠢᠯ᠎ᠢ ᠪᠠᠶ᠋ᠢᠩᠭᠤᠵᠢᠭᠤᠯᠤᠨ ᠥᠷᠨᠢᠭᠦᠯᠵᠦ᠍᠂ ᠰᠢᠯᠵᠢᠵᠦ᠍ ᠭᠠᠷᠤᠭᠰᠠᠨ ᠭᠠᠵᠠᠷ ᠪᠠ ᠰᠢᠯᠵᠢᠵᠦ᠍ ᠤᠷᠤᠭᠰᠠᠨ ᠭᠠᠵᠠᠷ᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠬᠠᠮᠵᠢᠯᠴᠠᠨ ᠬᠠᠮᠲᠤ᠎ᠪᠠᠷ ᠬᠠᠮᠢᠶᠠᠷᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠎ᠵᠢ ᠤᠶᠠᠯᠳᠤᠭᠤᠯᠬᠤ ᠲᠦᠷᠢᠮ᠎ᠢ ᠪᠦᠷᠢᠨᠰᠢᠭᠦᠯᠦᠨ᠎ᠠ᠃ ᠠᠵᠢᠯ᠎ᠤᠨ ᠪᠠᠶ᠋ᠢᠷᠢ ᠲᠤᠬᠢᠷᠠᠭᠤᠯᠤᠨ ᠬᠠᠷᠢᠭᠤᠴᠠᠯᠭ᠎ᠠ ᠲᠣᠭᠲᠠᠭᠠᠬᠤ᠂ ᠠᠮᠠᠯᠠᠵᠤ ᠠᠮᠠᠯᠠᠯᠲᠠ᠎ᠪᠠᠨ ᠬᠦᠢᠴᠡᠳᠬᠡᠬᠦ᠂ ᠭᠠᠪᠰᠢᠭᠠᠶ ᠠᠩᠭᠢ ᠪᠠᠶ᠋ᠢᠭᠤᠯᠬᠤ᠂ ᠨᠠᠮ᠎ᠤᠨ ᠭᠡᠰᠢᠭᠦᠨ᠎ᠤ ᠪᠡᠶ᠎ᠡ ᠬᠡᠮ᠎ᠵᠢᠡᠨ ᠲᠤᠲᠤᠷᠠᠭᠤᠯᠤᠨ ᠬᠣᠰᠢᠭᠤᠴᠢ ᠪᠣᠯᠬᠤ ᠵᠡᠷᠭᠡ ᠠᠷᠭ᠎ᠠ ᠪᠠᠷᠢᠯ᠎ᠢ ᠬᠡᠷᠡᠭᠵᠢᠭᠦᠯᠵᠦ᠍᠂ ᠨᠠᠮ᠎ᠤᠨ ᠭᠡᠰᠢᠭᠦᠨ᠎ᠦ ᠰᠦᠯᠵᠢᠶᠡᠨ ᠭᠠᠳᠠᠨ᠎ᠠ ᠪᠠ ᠰᠦᠯᠵᠢᠶᠡᠨ ᠳᠡᠭᠡᠷ᠎ᠡ᠂ ᠠᠵᠢᠯ᠎ᠤᠨ ᠪᠠᠶ᠋ᠢᠷᠢ ᠳᠡᠬᠡᠷ᠎ᠡ ᠪᠡᠨ ᠪᠠᠶ᠋ᠢᠬᠤ ᠦᠶ᠎ᠡ ᠪᠠ ᠠᠵᠢᠯ᠎ᠤᠨ ᠪᠠᠶ᠋ᠢᠷᠢ᠎ᠡᠴᠠ ᠪᠠᠨ ᠰᠠᠯᠤᠭᠰᠠᠨ ᠦᠶ᠎ᠡ᠂ ᠡᠩ᠎ᠦᠨ ᠦᠶ᠎ᠡ ᠪᠠ ᠪᠠᠴᠢᠮ ᠪᠠᠶ᠋ᠢᠳᠠᠯ᠎ᠢ ᠠᠷᠭᠠᠴᠠᠭᠠᠬᠤ ᠦᠶ᠎ᠡ᠎ᠳᠦ ᠦᠢᠯᠡᠳᠦᠯ᠎ᠵᠢᠡᠨ ᠪᠠᠳᠠᠷᠠᠭᠤᠯᠬᠤ ᠲᠣᠭᠲᠠᠴᠠ᠎ᠵᠢ ᠲᠡᠭᠦᠯᠳᠡᠷᠵᠢᠭᠦᠯᠦᠨ ᠨᠠᠶ᠋ᠢᠳᠠᠪᠤᠷᠢᠵᠢᠭᠤᠯᠤᠨ᠎ᠠ᠃ ᠨᠠᠮ᠎ᠤᠨ ᠳᠣᠲᠣᠭᠠᠳᠤ᠎ᠵᠢᠨ ᠤᠷᠮᠠᠰᠢᠭᠤᠯᠤᠨ ᠬᠠᠯᠠᠮᠵᠢᠯᠠᠵᠦ᠍ ᠬᠠᠪᠰᠤᠷᠤᠨ ᠲᠡᠳᠭᠦᠭᠦ᠌ ᠲᠤᠭᠲᠠᠴᠠ᠎ᠵᠢ ᠲᠡᠭᠦᠯᠳᠡᠷᠵᠢᠭᠦᠯᠦᠨ᠎ᠡ᠃ ᠬᠢᠷᠢ ᠲᠡᠩᠴᠡᠬᠦ᠌ ᠦᠭᠡᠢ ᠨᠠᠮ᠎ᠤᠨ ᠭᠡᠰᠢᠭᠦᠨ᠎ᠢ ᠲᠥᠪ ᠴᠢᠩᠭ᠎ᠠ ᠪᠥᠭᠡᠳ ᠯᠠᠪᠳᠠᠭᠤᠨ ᠲᠤᠬᠢᠳᠠᠢ ᠰᠢ᠌ᠳᠪᠦᠷᠢᠯᠡᠨ᠎ᠠ᠃

(ᠵᠢᠷᠭᠤᠭ᠎ᠠ) ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ᠎ᠵᠢᠨ ᠨᠡᠪᠲᠡᠷᠡᠯᠴᠡᠬᠦ᠌ ᠲᠣᠭᠲᠠᠴᠠ᠎ᠵᠢ ᠲᠡᠭᠦᠯᠳᠡᠷᠵᠢᠭᠦᠯᠦᠨ᠎ᠡ᠃ ᠳᠡᠭᠡᠳᠦ ᠱᠠᠲᠤᠨ᠎ᠤ ᠪᠠᠶ᠋ᠢᠷᠢᠯᠠᠭᠤᠯᠤᠯᠲᠠ᠎ᠵᠢ ᠳᠠᠮᠵᠢᠭᠤᠯᠤᠨ ᠨᠠᠶ᠋ᠢᠳᠠᠪᠤᠷᠢᠵᠢᠭᠤᠯᠬᠤ᠂ ᠦᠨᠳᠦᠰᠦᠨ ᠱᠠᠲᠤᠨ᠎ᠤ ᠪᠠᠶ᠋ᠢᠳᠠᠯ᠎ᠢ ᠳᠡᠭᠡᠭᠰᠢ ᠲᠤᠰᠬᠠᠬᠤ᠂ ᠵᠥᠷᠢᠴᠡᠯ ᠪᠠ ᠠᠰᠠᠭᠤᠳᠠᠯ᠎ᠢ ᠬᠠᠮᠵᠢᠯᠴᠠᠨ ᠰᠢ᠌ᠳᠪᠦᠷᠢᠯᠡᠬᠦ᠌ ᠠᠵᠢᠯ᠎ᠤᠨ ᠲᠣᠭᠲᠠᠴᠠ᠎ᠵᠢ ᠪᠦᠷᠢᠨᠰᠢᠬᠦᠯᠦᠨ᠎ᠡ᠃ ᠬᠠᠷᠢᠶ᠎ᠠ ᠤᠷᠤᠨ᠎ᠤ ᠬᠠᠮᠢᠶᠠᠷᠤᠯᠲᠠ ᠪᠠ ᠡᠭ᠌ᠴᠡ ᠬᠠᠮᠢᠶᠠᠷᠤᠯᠲᠠ᠎ᠵᠢᠨ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠍᠂ ᠰᠢᠰᠲ᠋ᠧᠮ ᠪᠠ ᠬᠡᠰᠡᠭ᠎ᠢ ᠤᠶᠠᠯᠳᠤᠭᠤᠯᠬᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠬᠦ᠂ ᠨᠢᠭᠲᠠ ᠵᠣᠯᠭᠠᠯᠳᠤᠭᠤᠯᠬᠤ᠎ᠵᠢ ᠠᠬᠢᠭᠤᠯᠤᠨ᠎ᠠ᠃ ᠳᠡᠭᠡᠳᠦ ᠱᠠᠲᠤᠨ᠎ᠤ ᠵᠣᠬᠢᠶᠠᠨ ᠪᠠᠶ᠋ᠢᠭᠤᠯᠤᠯᠲᠠ᠎ᠡᠴᠡ ᠲᠤᠤᠷᠡᠳᠦ ᠱᠠᠲᠤᠨ᠎ᠤ ᠵᠣᠬᠢᠶᠠᠨ ᠪᠠᠶ᠋ᠢᠭᠤᠯᠤᠯᠲᠠ᠎ᠵᠢᠨ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠵᠢᠯᠣᠭᠣᠳᠬᠤ ᠡᠷᠴᠢᠮ᠎ᠢ ᠴᠢᠩᠭᠠᠷᠠᠭᠤᠯᠵᠤ᠂ ᠲᠤᠷᠰᠢᠯᠭ᠎ᠠ᠎ᠪᠠᠨ ᠳ᠋ᠦᠩᠨᠡᠨ ᠳᠡᠯᠭᠡᠷᠡᠭᠦᠯᠦᠨ᠎ᠡ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠱᠦᠵᠢ᠎ᠵᠢᠨ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠠᠳᠬᠤᠭᠰᠠᠨ ᠳᠤᠬᠠᠢ ᠲᠤᠰᠢᠶᠠᠯ᠎ᠤᠨ ᠮᠡᠳᠡᠭᠦᠯᠦᠯᠲᠡ᠎ᠵᠢ ᠦᠨᠡᠯᠡᠨ ᠶᠠᠷᠢᠯᠴᠠᠵᠤ ᠬᠢᠨᠠᠨ ᠰᠢᠯᠭᠠᠬᠤ ᠠᠵᠢᠯ᠎ᠢ ᠪᠣᠳᠠᠲᠠᠶ᠋ᠢᠵᠢᠭᠤᠯᠤᠨ᠎ᠠ᠃ ᠨᠠᠮ᠎ᠤᠨ ᠠᠵᠢᠯ᠎ᠤᠨ ᠠᠵᠢᠯᠲᠠᠨ᠎ᠤ ᠡᠩᠨᠡᠭᠡ᠎ᠵᠢᠨ ᠪᠠᠶ᠋ᠢᠭᠤᠯᠤᠯᠲᠠ᠎ᠵᠢ ᠴᠢᠩᠭᠠᠳᠬᠠᠵᠤ᠂ ᠬᠦᠴᠦᠨ᠎ᠢ ᠬᠦᠢᠴᠡᠳ ᠪᠦᠭᠡᠳ ᠬᠦᠴᠦᠷᠬᠡᠭ ᠲᠣᠬᠢᠷᠠᠭᠤᠯᠵᠤ᠂ ᠴᠢᠬᠤᠯᠠ ᠪᠦᠬᠦᠢ ᠪᠠᠲᠤᠯᠠᠭ᠎ᠠ ᠬᠠᠩᠭᠠᠨ᠎ᠠ᠃ ᠲᠣᠰ ᠱᠠᠲᠤ᠌ ᠪᠡᠨ ᠰᠠᠶ᠋ᠢᠲᠤᠷ ᠠᠳᠬᠤᠬᠤ᠂ ᠳᠣᠣᠷᠠᠳᠤ ᠱᠠᠲᠤ᠌ ᠪᠠᠨ ᠳᠠᠶ᠋ᠢᠴᠢᠯᠠᠬᠤ᠎ᠵᠢ ᠪᠠᠷᠢᠮᠳᠠᠯᠠᠵᠦ᠍᠂ ᠱᠠᠲᠤ᠌ ᠱᠠᠲᠤ᠎ᠪᠠᠷ ᠨᠠᠶ᠋ᠢᠳᠠᠪᠤᠷᠢᠵᠢᠭᠤᠯᠬᠤ᠎ᠵᠢ ᠠᠳᠬᠤᠨ᠂ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ᠎ᠵᠢᠨ ᠪᠦᠬᠦ᠌ ᠲᠠᠯ᠎ᠠ᠎ᠪᠠᠷ ᠳᠠᠪᠰᠢᠬᠤ᠂ ᠪᠦᠬᠦ᠌ ᠲᠠᠯ᠎ᠠ᠎ᠪᠠᠷ ᠪᠠᠲᠤ᠌ ᠴᠢᠩᠭ᠎ᠠ ᠪᠠᠶ᠋ᠢᠬᠤ᠎ᠵᠢ ᠠᠬᠢᠭᠤᠯᠵᠤ᠂ ᠬᠠᠷᠢᠭᠤᠴᠠᠯᠭ᠎ᠠ ᠪᠡᠨ ᠦᠯᠦ᠍ ᠨᠠᠢ᠌ᠳᠠᠪᠤᠷᠢᠵᠢᠭᠤᠯᠬᠤ ᠪᠠ ᠬᠠᠷᠢᠭᠤᠴᠠᠯᠭ᠎ᠠ ᠪᠠᠨ ᠲᠦᠯᠬᠢᠯᠴᠡᠬᠦ᠌ ᠡᠴᠡ ᠰᠡᠷᠭᠡᠶ᠋ᠢᠯᠡᠨ᠎ᠡ᠃

ᠵᠢᠷᠭᠤᠭ᠎ᠠ᠂ ᠰᠤᠷᠲᠠᠯ᠎ᠢ ᠲᠦᠪ ᠪᠤᠯᠭᠠᠨ ᠰᠠᠬᠢᠯᠭ᠎ᠠ ᠪᠠᠲᠤ᠎ᠵᠢ ᠴᠢᠩᠳᠠᠯᠠᠬᠤ᠎ᠵᠢ ᠵᠤᠭᠰᠤᠯ ᠦᠭᠡᠢ ᠪᠠᠷᠢᠮᠳᠠᠯᠠᠨ᠎ᠠ

ᠰᠤᠷᠲᠠᠯ᠎ᠢ ᠲᠦᠪ ᠪᠤᠯᠭᠠᠨ ᠰᠠᠬᠢᠯᠭ᠎ᠠ ᠪᠠᠲᠤ᠎ᠵᠢ ᠴᠢᠩᠳᠠᠯᠠᠬᠤ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠬᠦᠴᠦᠲᠡᠶ ᠠᠷᠭ᠎ᠠ ᠬᠡᠮᠵᠢᠶ᠎ᠡ ᠮᠥᠨ᠃ ᠡᠷᠬᠡᠪᠰᠢ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠵᠢ ᠬᠠᠮᠲᠤ᠎ᠳᠤᠨᠢ ᠠᠳᠬᠤᠬᠤ᠂ ᠰᠤᠷᠲᠠᠯ᠎ᠢ ᠲᠦᠪ ᠪᠤᠯᠭᠠᠬᠤ ᠰᠠᠬᠢᠯᠭ᠎ᠠ ᠪᠠᠲᠤ᠎ᠵᠢ ᠴᠢᠩᠳᠠᠯᠠᠬᠤ ᠢᠯᠵᠢᠷᠠᠯ᠎ᠢ ᠡᠰᠡᠷᠭᠦᠴᠡᠬᠦ᠌᠎ᠵᠢ ᠬᠠᠷᠢᠯᠴᠠᠨ ᠨᠡᠪᠲᠡᠷᠡᠯᠴᠡᠭᠦᠯᠬᠦ᠌᠎ᠵᠢ ᠪᠠᠷᠢᠮᠳᠠᠯᠠᠵᠤ᠂ ᠰᠤᠷᠲᠠᠯ᠎ᠢ ᠠᠳᠬᠤᠬᠤ᠎ᠡᠴᠠ ᠭᠠᠷᠳᠠᠵᠤ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠠᠬᠢᠭᠤᠯᠤᠭᠰᠠᠨ ᠲᠤᠷᠰᠢᠯᠭ᠎ᠠ᠎ᠵᠢ ᠭᠦᠨᠵᠡᠭᠡᠶ᠋ᠢᠷᠡᠭᠦᠯᠦᠨ ᠬᠡᠷᠡᠭᠯᠡᠵᠦ᠍᠂ ᠰᠤᠷᠲᠠᠯ᠎ᠵᠢᠡᠨ ᠲᠠᠰᠤᠷᠠᠯᠲᠠ ᠦᠭᠡᠢ ᠰᠠᠶ᠋ᠢᠵᠢᠷᠠᠭᠤᠯᠤᠨ᠂ ᠴᠢᠩᠭ᠎ᠠ ᠲᠣᠳᠣᠷᠬᠠᠢ ᠰᠠᠬᠢᠯᠭ᠎ᠠ ᠪᠠᠲᠤ᠎ᠪᠠᠷ ᠨᠠᠮ᠎ᠢ ᠬᠠᠮᠢᠶᠠᠷᠴᠤ᠌ ᠨᠠᠮ᠎ᠢ ᠵᠠᠰᠠᠵᠤ᠂ ᠰᠠᠢ᠌ᠨ ᠰᠠᠶ᠋ᠢᠬᠠᠨ ᠲᠦᠷᠢ ᠲᠥᠷᠬᠦ᠌᠎ᠪᠡᠷ ᠰᠡᠳᠬᠢᠯ᠎ᠢ ᠨᠢᠭᠲᠠᠷᠠᠭᠤᠯᠤᠨ ᠬᠦᠴᠦᠨ᠎ᠢ ᠲᠥᠪᠯᠡᠷᠡᠭᠦᠯᠬᠦ᠌ ᠬᠡᠷᠡᠭᠲᠡᠢ᠃

(ᠨᠢᠭᠡ) ᠰᠢᠨ᠎ᠡ ᠴᠠᠭ ᠦᠶ᠎ᠡ᠎ᠵᠢᠨ ᠨᠠᠮ᠎ᠤᠨ ᠤᠯᠠᠨ ᠲᠦᠮᠡᠨᠴᠢ ᠱᠤᠭᠤᠮ ᠵᠢᠨᠷ ᠰᠠᠶ᠋ᠢᠲᠤᠷ ᠵᠠᠮᠨᠠᠨ᠎ᠠ᠃ ᠮᠠᠷᠺᠰ᠎ᠤᠨ ᠦᠵᠡᠯ᠎ᠤᠨ ᠣᠯᠠᠨ ᠲᠦᠮᠡᠨᠴᠢ ᠦᠵᠡᠯᠲᠡ ᠪᠠ ᠨᠠᠮ᠎ᠤᠨ ᠣᠯᠠᠨ ᠲᠦᠮᠡᠨᠴᠢ ᠱᠤᠭᠤᠮ᠎ᠤᠨ ᠬᠥᠮᠦᠵᠢᠯ᠎ᠢ ᠭᠦᠨᠵᠡᠭᠡᠶ᠋ᠢᠷᠡᠭᠦᠯᠵᠦ᠍᠂ ᠨᠠᠮ᠎ᠤᠨ ᠭᠡᠰᠢᠭᠦᠨ᠂ ᠺᠠᠳ᠋ᠷ᠎ᠤᠨ ᠵᠣᠷᠢᠯᠲᠠ᠎ᠵᠢᠨ ᠤᠬᠠᠮᠰᠠᠷ᠂ ᠠᠯᠪᠠᠨ ᠵᠠᠷᠤᠴᠠ᠎ᠵᠢᠨ ᠤᠬᠠᠮᠰᠠᠷ ᠵᠢᠨᠨ ᠴᠢᠩᠭᠠᠳᠬᠠᠨ᠂ ᠠᠷᠠᠳ ᠲᠦᠮᠡᠨ᠎ᠦ ᠵᠣᠭᠰᠣᠯᠲᠠ ᠳᠡᠭᠡᠷ᠎ᠡ ᠪᠠᠲᠤ᠌ ᠵᠣᠭᠰᠣᠵᠦ᠍᠂ ᠤᠯᠠᠨ ᠲᠦᠮᠡᠨ᠎ᠯᠦᠭᠡ᠎ᠵᠢᠨ ᠬᠠᠶ᠋ᠢᠷ᠎ᠠ ᠰᠡᠳᠬᠢᠯᠭᠡ᠎ᠪᠡᠨ ᠵᠤᠵᠠᠭᠠᠳᠬᠠᠬᠤ᠎ᠵᠢ ᠬᠦᠲᠦᠯᠦᠨ ᠵᠢᠯᠤᠭᠤᠳᠴᠤ᠌᠂ ᠥᠨᠳᠥᠷ᠎ᠲᠦ᠍ ᠵᠠᠯᠠᠷᠠᠨ ᠰᠠᠭᠤᠵᠤ ᠤᠯᠠᠨ ᠲᠦᠮᠡᠨ᠎ᠡᠴᠡ ᠬᠥᠨᠳᠡᠶ᠋ᠢᠷᠡᠬᠦ᠌ ᠡᠴᠡ ᠰᠡᠷᠭᠡᠶ᠋ᠢᠯᠡᠨ᠎ᠡ᠃ ᠨᠠᠮ᠎ᠤᠨ ᠭᠡᠰᠢᠭᠦᠨ᠂ ᠺᠠᠳ᠋ᠷ᠎ᠤᠨ ᠰᠢᠨ᠎ᠡ ᠴᠠᠭ ᠦᠶ᠎ᠡ᠎ᠵᠢᠨ ᠨᠠᠮ᠎ᠤᠨ ᠣᠯᠠᠨ ᠲᠦᠮᠡᠨ᠎ᠦ ᠠᠵᠢᠯ᠎ᠤᠨ ᠣᠨᠴᠠᠯᠢᠭ ᠪᠠ ᠵᠢᠮ᠎ᠡ ᠶᠣᠰᠣ᠎ᠵᠢ ᠡᠵᠡᠮᠰᠢᠵᠦ᠍᠂ ᠦᠷᠭᠦᠯᠵᠢ ᠣᠯᠠᠨ ᠲᠦᠮᠡᠨ᠎ᠦ ᠳᠤᠮᠳᠠ ᠭᠦᠨᠵᠡᠭᠡᠶ᠋ᠢᠷᠡᠨ᠂ ᠳᠠᠷᠤᠤ ᠬᠢᠴᠢᠶᠡᠩᠭᠦᠶ᠎ᠪᠡᠷ ᠰᠠᠨᠠᠯ ᠰᠣᠨᠣᠰᠴᠤ᠌᠂ ᠪᠠᠴᠢᠮᠳᠠᠵᠦ᠍ ᠭᠦᠴᠢᠷᠳᠡᠵᠦ᠍ ᠵᠤᠪᠠᠵᠦ᠍ ᠭᠦᠰᠡᠵᠦ᠍ ᠪᠠᠢ᠌ᠭ᠎ᠠ ᠠᠰᠠᠭᠤᠳᠠᠯ᠎ᠢ ᠬᠢᠨᠠᠮᠠᠭᠠᠶ ᠰᠢ᠌ᠳᠪᠦᠷᠢᠯᠡᠨ᠂ ᠣᠯᠠᠨ ᠲᠦᠮᠡᠨ᠎ᠦ ᠬᠦᠴᠦᠨ᠎ᠳᠦ ᠲᠦᠰᠢᠭᠯᠡᠨ ᠠᠵᠢᠯ ᠵᠢᠨᠨ ᠰᠠᠶ᠋ᠢᠲᠤᠷ ᠬᠢᠬᠦ᠂ ᠵᠥᠷᠢᠴᠡᠯ᠎ᠢ ᠰᠢ᠌ᠳᠪᠦᠷᠢᠯᠡᠬᠦ᠌᠎ᠳᠡᠭᠡᠨ ᠴᠢᠳᠠᠮᠠᠭᠠᠶ ᠪᠠᠢ᠌ᠵᠤ᠂ ᠤᠯᠠᠨ ᠲᠦᠮᠡᠨ᠎ᠳᠦ ᠦᠢᠯᠡᠴᠢᠯᠡᠬᠦ᠌ ᠳᠤᠮᠳᠠ ᠤᠯᠠᠨ ᠲᠦᠮᠡᠨ᠎ᠢ ᠬᠥᠮᠦᠵᠢᠭᠦᠯᠦᠨ ᠬᠦᠲᠦᠯᠦᠨ ᠵᠢᠯᠣᠭᠣᠳᠴᠤ᠌᠂ ᠤᠯᠠᠨ ᠲᠦᠮᠡᠨ᠎ᠢ ᠳᠠᠭᠠᠭᠤᠯᠤᠨ ᠤᠷᠤᠭᠰᠢᠯᠠᠬᠤ᠎ᠵᠢ ᠬᠦᠲᠦᠯᠦᠨ ᠵᠢᠯᠤᠭᠤᠳᠴᠤ᠌᠂ ᠵᠠᠷᠯᠢᠭᠳᠠᠬᠤ ᠦᠵᠡᠯ᠂ 《ᠰᠡᠬᠥᠯ ᠪᠠᠷᠢᠬᠤ ᠦᠵᠡᠯ》᠎ᠢ᠋ ᠰᠡᠷᠭᠡᠶ᠋ᠢᠯᠡᠨ ᠳᠡᠪᠴᠢᠨ᠎ᠠ᠃ ᠠᠷᠠᠳ᠎ᠤᠨ ᠠᠮᠢᠳᠤᠷᠠᠯ᠎ᠳᠤ ᠬᠣᠯᠪᠣᠭᠳᠠᠬᠤ ᠴᠢᠬᠤᠯᠠ ᠶᠡᠬᠡ ᠪᠣᠳᠣᠯᠭ᠎ᠠ ᠲᠣᠭᠲᠠᠭᠠᠬᠤ᠎ᠳᠤ ᠣᠯᠠᠨ ᠲᠦᠮᠡᠨ᠎ᠦ ᠰᠠᠨᠠᠯ᠎ᠢ ᠬᠤᠷᠢᠶᠠᠬᠤ ᠳᠦᠷᠢᠮ᠎ᠢ ᠨᠠᠶ᠋ᠢᠳᠠᠪᠤᠷᠢᠵᠢᠭᠤᠯᠤᠨ᠎ᠠ᠃ ᠤᠳᠤᠷᠢᠳᠬᠤ ᠺᠠᠳ᠋ᠷ ᠨᠠᠮ᠎ᠤᠨ ᠱᠤᠭᠤᠮ ᠴᠢᠭᠯᠡᠯᠲᠡ ᠲᠥᠷᠥ᠎ᠵᠢᠨ ᠪᠣᠳᠣᠯᠭ᠎ᠠ᠎ᠵᠢ ᠤᠬᠠᠭᠤᠯᠬᠤ᠎ᠳᠦ ᠦᠨᠳᠦᠰᠦᠨ ᠱᠠᠲᠤᠨ᠎ᠳᠦ ᠪᠠᠭᠤᠬᠤ᠂ ᠪᠠᠶ᠋ᠢᠴᠠᠭᠠᠨ ᠰᠤᠳᠤᠯᠤᠯᠲᠠ ᠬᠢᠬᠦ᠌᠎ᠳᠦ ᠦᠨᠳᠦᠰᠦᠨ ᠱᠠᠲᠤᠨ᠎ᠳᠦ ᠪᠠᠭᠤᠬᠤ᠂ ᠵᠠᠬᠢᠳᠠᠯ ᠰᠤᠷᠪᠤᠯᠵᠢᠯᠠᠭ᠎ᠠ ᠬᠦᠯᠢᠶᠠᠬᠦ᠌᠎ᠳᠦ ᠦᠨᠳᠤᠰᠤᠨ ᠱᠠᠳᠤᠨ ᠳ᠋ᠤ ᠪᠠᠭᠤᠬᠤ᠂ ᠠᠬᠤᠢ ᠲᠠᠯᠠᠪᠦᠷ ᠲᠤ᠌ ᠠᠯᠪᠠᠯᠠᠬᠤ᠎ᠳᠦ ᠦᠨᠳᠤᠰᠤᠨ ᠱᠠᠳᠤᠨ ᠳ᠋ᠤ ᠪᠠᠭᠤᠬᠤ ᠳᠦᠷᠢᠮ᠎ᠢ ᠨᠠᠢ᠌ᠳᠠᠪᠤᠷᠢᠵᠢᠭᠤᠯᠵᠦ᠍᠂ ᠨᠠᠮ᠎ᠤᠨ ᠭᠡᠰᠢᠭᠦᠨ᠂ ᠺᠠᠳ᠋ᠷ᠎ᠤᠨ ᠤᠯᠠᠨ ᠲᠦᠮᠡᠨ᠎ᠲᠡᠶ ᠰᠢᠭᠤᠳ ᠬᠠᠷᠢᠯᠴᠠᠵᠤ ᠤᠯᠠᠨ ᠲᠦᠮᠡᠨ᠎ᠳᠦ ᠰᠢᠭᠤᠳ ᠦᠢᠯᠡᠴᠢᠯᠡᠬᠦ᠌ ᠲᠦᠷᠢᠮ᠎ᠢ ᠨᠠᠶ᠋ᠢᠳᠠᠪᠤᠷᠢᠵᠢᠭᠤᠯᠤᠨ᠎ᠠ᠃ ᠨᠠᠮ᠎ᠤᠨ ᠭᠡᠰᠢᠭᠦᠨ᠂ ᠺᠠᠳ᠋ᠷ᠎ᠤᠨ ᠰᠠᠢ᠌ᠨ ᠳᠤᠷ᠎ᠠ᠎ᠵᠢᠨ ᠦᠢᠯᠡᠴᠢᠯᠡᠭᠡ᠎ᠳᠦ ᠲᠦᠷᠦᠭᠦᠯᠡᠨ ᠤᠷᠤᠯᠴᠠᠵᠤ᠂ ᠬᠤᠤᠰ ᠪᠤᠯᠤᠯᠴᠠᠨ ᠬᠠᠪᠰᠤᠷᠤᠨ ᠲᠡᠳᠬᠦᠬᠦ᠌ ᠠᠵᠢᠯ ᠦᠷᠨᠢᠬᠦᠯᠬᠦ᠌ ᠵᠢ ᠠᠬᠢᠭᠤᠯᠤᠨ᠎ᠠ᠃ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠵᠠᠬᠢᠳᠠᠯ ᠰᠤᠷᠪᠤᠯᠵᠢᠯᠠᠭ᠎ᠠ᠎ᠵᠢᠨ ᠠᠰᠠᠭᠤᠳᠠᠯ᠎ᠢ ᠰᠢ᠌ᠳᠪᠦᠷᠢᠯᠡᠬᠦ᠌ ᠠᠵᠢᠯ᠎ᠢ ᠦᠷᠭᠦᠯᠵᠢᠯᠡᠨ ᠰᠠᠶ᠋ᠢᠲᠤᠷ ᠠᠳᠬᠤᠨ᠎ᠠ᠃ ᠰᠦᠯᠵᠢᠶᠡᠨ᠎ᠳᠡᠬᠢ ᠣᠯᠠᠨ ᠲᠦᠮᠡᠨᠴᠢ ᠱᠤᠭᠤᠮ ᠵᠢᠨᠷ ᠰᠠᠶ᠋ᠢᠲᠤᠷ ᠶᠠᠪᠤᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠢᠨᠲᠸᠷ ᠰᠦᠯᠵᠢᠶ᠎ᠡ᠎ᠪᠡᠷ ᠳᠠᠮᠵᠢᠭᠤᠯᠤᠨ ᠤᠯᠠᠨ ᠲᠦᠮᠡᠨ᠎ᠢ ᠵᠣᠬᠢᠶᠠᠨ ᠪᠠᠶ᠋ᠢᠭᠤᠯᠬᠤ᠂ ᠤᠯᠠᠨ ᠲᠦᠮᠡᠨ᠎ᠳᠦ ᠤᠬᠠᠭᠤᠯᠭ᠎ᠠ ᠬᠢᠭᠦ᠌᠂ ᠤᠯᠠᠨ ᠲᠦᠮᠡᠨ᠎ᠢ ᠨᠢᠭᠲᠠᠷᠠᠭᠤᠯᠬᠤ᠂ ᠤᠯᠠᠨ ᠲᠦᠮᠡᠨ᠎ᠳᠦ ᠦᠢᠯᠡᠴᠢᠯᠡᠬᠦ᠌ ᠴᠢᠳᠠᠪᠤᠷᠢ᠎ᠵᠢ ᠨᠡᠮᠡᠭᠳᠡᠭᠦᠯᠵᠦ᠍᠂ ᠨᠠᠮ᠎ᠤᠨ ᠭᠡᠰᠢᠭᠦᠨ᠂ ᠺᠠᠳ᠋ᠷ᠎ᠤᠨ ᠰᠦᠯᠵᠢᠶᠡᠨ᠎ᠳᠡᠬᠢ ᠤᠯᠠᠨ ᠲᠦᠮᠡᠨ᠎ᠦ ᠠᠵᠢᠯ᠎ᠢ ᠬᠢᠬᠦ᠌ ᠡᠷᠳᠡᠮ ᠴᠢᠳᠠᠪᠤᠷᠢ᠎ᠵᠢ ᠳᠡᠭᠡᠭᠰᠢᠯᠡᠭᠦᠯᠦᠨ᠎ᠡ᠃

(ᠬᠣᠶᠠᠷ) ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭᠠᠯ᠎ᠤᠨ ᠵᠣᠷᠢᠭ ᠰᠠᠨᠠᠭ᠎ᠠ᠎ᠵᠢ ᠴᠥᠬᠥᠷᠡᠰᠢ ᠦᠭᠡᠢ ᠨᠠᠶ᠋ᠢᠳᠠᠪᠤᠷᠢᠵᠢᠭᠤᠯᠤᠨ᠎ᠠ᠃ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭᠠᠯ᠎ᠢ ᠡᠷᠬᠡᠪᠰᠢ ᠤᠷᠲᠤ᠌ ᠬᠤᠭᠤᠴᠠᠭ᠎ᠠ᠎ᠪᠠᠷ ᠪᠠᠷᠢᠮᠲᠠᠯᠠᠬᠤ ᠴᠢᠩᠭ᠎ᠠ ᠶᠤᠰᠤ ᠳᠦᠷᠢᠮ᠂ ᠬᠠᠲᠠᠭᠤ ᠪᠠᠷᠢᠮᠵᠢᠶ᠎ᠠ ᠪᠣᠯᠭᠠᠵᠤ᠂ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭᠠᠯ᠎ᠤᠨ ᠵᠣᠷᠢᠭ ᠰᠠᠨᠠᠭ᠎ᠠ᠎ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠍᠂ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭᠠᠯ᠎ᠤᠨ ᠬᠡᠷᠡᠭᠵᠢᠭᠦᠯᠬᠦ᠌ ᠨᠠᠷᠢᠨ ᠳᠦᠷᠢᠮ᠎ᠢ ᠲᠡᠭᠦᠯᠳᠡᠷᠵᠢᠭᠦᠯᠦᠨ ᠨᠠᠶ᠋ᠢᠳᠠᠪᠤᠷᠢᠵᠢᠭᠤᠯᠵᠤ᠂ ᠬᠡᠯᠪᠡᠷᠢ᠎ᠵᠢᠨ ᠦᠵᠡᠯ᠂ ᠨᠣᠶᠠᠨᠴᠢ ᠰᠤᠷᠲᠠᠯ᠎ᠤᠨ ᠠᠷᠬᠠᠭ ᠭᠡᠮ᠎ᠢ ᠴᠡᠭᠴᠡᠯᠡᠨ ᠵᠠᠰᠠᠬᠤ᠎ᠵᠢ ᠭᠦᠨᠵᠡᠭᠡᠶ᠋ᠢᠷᠡᠭᠦᠯᠵᠦ᠍᠂ ᠵᠢᠷᠭᠠᠨ ᠴᠡᠩᠭᠡᠬᠦ᠌ ᠦᠵᠡᠯ ᠪᠠ ᠱᠠᠯᠢᠨ ᠪᠦᠷᠢᠯᠭᠡᠬᠦ᠌ ᠰᠤᠷᠲᠠᠯ᠎ᠤᠨ ᠡᠷᠭᠢᠵᠦ᠍ ᠳᠠᠬᠢᠨ ᠢᠯᠡᠷᠡᠬᠦ᠌ ᠡᠴᠡ ᠡᠷᠡᠰ ᠰᠡᠷᠭᠡᠶ᠋ᠢᠯᠡᠵᠦ᠍᠂ ᠣᠨᠴᠠ ᠡᠷᠬᠡ᠎ᠵᠢᠨ ᠦᠵᠡᠯ ᠰᠠᠨᠠᠭ᠎ᠠ ᠪᠠ ᠣᠨᠴᠠ ᠡᠷᠬᠡ᠎ᠵᠢᠨ ᠦᠢᠯᠡ ᠠᠵᠢᠯᠯᠠᠭ᠎ᠠ᠎ᠵᠢ ᠡᠷᠡᠰ ᠠᠷᠢᠯᠭᠠᠨ᠎ᠠ᠃ ᠬᠤᠷᠠᠯ᠂ ᠪᠢᠴᠢᠭ ᠮᠠᠲ᠋ᠧᠷᠢᠶᠠᠯ᠂ ᠮᠡᠳᠡᠭᠦᠯᠦᠨ ᠬᠦᠷᠭᠡᠬᠦ᠌ ᠮᠠᠲ᠋ᠧᠷᠢᠶᠠᠯ᠎ᠢ ᠴᠣᠮᠬᠠᠳᠬᠠᠨ᠂ 《ᠣᠬᠣᠷ ᠪᠣᠳᠠᠲᠠᠶ ᠰᠢᠨ᠎ᠡ》 ᠪᠠᠢ᠌ᠬᠤ ᠱᠠᠭᠠᠷᠳᠠᠯᠭ᠎ᠠ᠎ᠵᠢ ᠨᠠᠶ᠋ᠢᠳᠠᠪᠤᠷᠢᠵᠢᠭᠤᠯᠵᠤ᠂ ᠬᠤᠷᠠᠯ᠎ᠤᠨ ᠰᠤᠷᠲᠠᠯ ᠪᠠ ᠵᠣᠬᠢᠶᠠᠯ᠎ᠦᠨ ᠰᠤᠷᠲᠠᠯ᠎ᠢ ᠰᠠᠶ᠋ᠢᠵᠢᠷᠠᠭᠤᠯᠤᠨ᠎ᠠ᠃ ᠵᠣᠬᠢᠶᠠᠨ ᠪᠠᠶ᠋ᠢᠭᠤᠯᠤᠯᠲᠠ᠎ᠵᠢᠨ ᠵᠥᠪᠰᠢᠶᠡᠷᠡᠯ ᠦᠭᠡᠢ᠎ᠪᠡᠷ ᠨᠠᠮ ᠵᠠᠰᠠᠭ᠎ᠤᠨ ᠤᠳᠤᠷᠢᠳᠬᠤ ᠺᠠᠳ᠋ᠷ ᠬᠤᠪᠢ ᠬᠥᠮᠦᠨ᠎ᠦ ᠵᠣᠬᠢᠶᠠᠯ ᠪᠦᠲᠦᠭᠡᠯ᠎ᠵᠢᠡᠨ ᠢᠯᠡ᠎ᠪᠡᠷ ᠬᠡᠪᠯᠡᠭᠦᠯᠵᠦ᠍ ᠪᠣᠯᠬᠤ ᠦᠭᠡᠢ᠃ ᠤᠳᠤᠷᠢᠳᠬᠤ ᠺᠠᠳ᠋ᠷ᠎ᠤᠨ ᠭᠠᠳᠠᠭᠠᠳᠤ᠎ᠳᠤ ᠠᠶ᠋ᠢᠯᠴᠢᠯᠠᠬᠤ ᠲᠣᠭᠲᠠᠭᠠᠯ᠎ᠢ ᠴᠢᠩᠭ᠎ᠠ ᠬᠡᠷᠡᠭᠵᠢᠭᠦᠯᠦᠨ᠎ᠡ᠂ ᠬᠠᠷᠠᠭᠠᠯᠵᠠᠯ᠎ᠤᠨ ᠴᠢᠨᠠᠷᠲᠠᠶ ᠭᠠᠳᠠᠭᠠᠳᠤ᠎ᠳᠤ ᠠᠶ᠋ᠢᠯᠴᠢᠯᠠᠬᠤ ᠠᠵᠢᠯᠯᠠᠭ᠎ᠠ᠎ᠵᠢ ᠲᠣᠬᠢᠷᠠᠭᠤᠯᠵᠤ ᠪᠣᠯᠬᠤ ᠦᠭᠡᠢ᠃ ᠬᠡᠯᠪᠡᠷᠢ᠎ᠵᠢᠨ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠵᠢ ᠬᠥᠩᠭᠡᠷᠡᠭᠦᠯᠬᠦ᠌᠎ᠵᠢ ᠠᠬᠢᠭᠤᠯᠵᠤ᠂ ᠰᠢᠪᠠᠳᠠᠨ ᠪᠠᠶ᠋ᠢᠴᠠᠭᠠᠬᠤ ᠪᠠᠶ᠋ᠢᠴᠠᠭᠠᠬᠤ ᠬᠢᠨᠠᠨ ᠰᠢᠯᠭᠠᠬᠤ᠎ᠵᠢ ᠨᠢᠭᠡᠳᠦᠯᠲᠡᠶ ᠲᠥᠯᠥᠪᠯᠡᠨ ᠵᠢᠷᠤᠮᠵᠢᠭᠤᠯᠵᠤ᠂ ᠡᠭᠦᠳᠦᠨ ᠪᠠᠢ᠌ᠭᠤᠯᠬᠤ ᠵᠢᠱ᠌ᠢᠶ᠎ᠡ ᠦᠵᠡᠭᠦᠯᠬᠦ᠂ ᠪᠠᠷᠢᠮᠵᠢᠶ᠎ᠠ᠎ᠳᠤ ᠬᠦᠷᠭᠡᠬᠦ᠌ ᠪᠠ ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ ᠰᠠᠶ᠋ᠢᠰᠢᠶᠠᠬᠤ ᠠᠵᠢᠯᠯᠠᠭ᠎ᠠ᠎ᠵᠢ ᠵᠢᠷᠤᠮᠵᠢᠭᠤᠯᠵᠤ᠂ ᠪᠠᠶᠠᠷ ᠳᠤᠷᠠᠰᠬᠠᠯ ᠦᠵᠡᠰᠭᠦᠯᠡᠩ ᠴᠤᠭᠯᠠᠭᠠᠨ ᠶᠠᠷᠢᠯᠴᠠᠭᠠᠨ᠎ᠤ ᠲᠠᠪᠴᠠᠩ᠎ᠤᠨ ᠠᠵᠢᠯᠯᠠᠭ᠎ᠠ᠎ᠵᠢ ᠢᠯᠭᠠᠷᠠᠭᠤᠯᠤᠨ ᠵᠢᠷᠤᠮᠵᠢᠭᠤᠯᠵᠤ᠂ 《ᠬᠤᠷᠤᠭᠤᠨ ᠦᠵᠦᠭᠦᠷ ᠳᠡᠭᠡᠷᠡᠬᠢ ᠬᠡᠯᠪᠡᠷᠢ᠎ᠵᠢᠨ ᠦᠵᠡᠯ》᠎ᠢ᠋ ᠴᠡᠭᠴᠡᠯᠡᠨ ᠵᠠᠰᠠᠵᠤ᠂ ᠰᠢᠶᠠᠩ ᠪᠠᠯᠭᠠᠰᠤ (ᠵᠡᠭᠡᠯᠢ ᠭᠤᠳᠤᠮᠵᠢ)᠎ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌ ᠵᠦᠢᠯᠡᠰ᠎ᠦᠨ ᠲᠣᠳᠣᠷᠬᠠᠶ ᠬᠠᠭᠤᠳᠠᠰᠤ᠎ᠵᠢ ᠨᠠᠶ᠋ᠢᠳᠠᠪᠤᠷᠢᠵᠢᠭᠤᠯᠵᠤ᠂ ᠲᠣᠰᠬᠣᠨ (ᠨᠡᠶ᠋ᠢᠭᠡᠮ ᠲᠣᠭᠣᠷᠢᠭ)᠎ᠤ᠋ ᠠᠵᠢᠯ᠎ᠤᠨ ᠵᠦᠢᠯᠡᠰ᠎ᠦᠨ ᠤᠷᠤᠬᠤ ᠵᠥᠪᠰᠢᠶᠡᠷᠡᠯ᠎ᠤᠨ ᠲᠦᠷᠢᠮ᠎ᠢ ᠪᠦᠷᠢᠨᠰᠢᠭᠦᠯᠦᠨ᠎ᠡ᠃ ᠲᠣᠭᠲᠠᠭᠠᠯ᠎ᠡᠴᠠ ᠵᠥᠷᠢᠴᠡᠨ ᠢᠳᠡᠵᠦ᠍ ᠤᠤᠭᠤᠬᠤ᠂ ᠲᠣᠭᠲᠠᠭᠠᠯ᠎ᠡᠴᠠ ᠵᠥᠷᠢᠴᠡᠨ ᠪᠡᠯᠡᠭ ᠰᠡᠯᠲᠡ ᠪᠡᠯᠡᠭ᠎ᠦᠨ ᠵᠣᠭᠣᠰ ᠬᠤᠷᠢᠶᠠᠵᠤ ᠬᠦᠷᠭᠡᠬᠦ᠂ ᠣᠯᠠᠨ ᠲᠦᠮᠡᠨ᠎ᠦ ᠠᠰᠢᠭ ᠲᠤᠰᠠ᠎ᠵᠢ ᠬᠣᠬᠢᠷᠠᠭᠤᠯᠬᠤ ᠵᠡᠷᠭᠡ ᠳᠣᠪᠣᠢ᠌ᠮ᠎ᠠ ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠨ᠎ᠠ᠃ ᠠᠷᠪᠢᠯᠠᠨ ᠭᠠᠮᠨᠠᠬᠤ᠎ᠵᠢ ᠴᠢᠩᠭ᠎ᠠ ᠬᠡᠷᠡᠭᠵᠢᠭᠦᠯᠦᠨ᠂ ᠪᠦᠷᠢᠯᠭᠡᠨ ᠰᠦᠢᠳᠭᠡᠬᠦ᠌᠎ᠵᠢ ᠡᠰᠡᠷᠭᠦᠴᠡᠨ ᠬᠣᠷᠢᠭᠯᠠᠵᠤ᠂ ᠨᠠᠮ ᠵᠠᠰᠠᠭ᠎ᠤᠨ ᠪᠠᠶ᠋ᠢᠭᠤᠯᠭ᠎ᠠ ᠠᠷᠪᠢᠯᠠᠨ ᠭᠠᠮᠨᠠᠵᠤ ᠠᠮᠢᠳᠤᠷᠠᠬᠤ᠎ᠵᠢ ᠪᠠᠷᠢᠮᠲᠠᠯᠠᠵᠤ᠂ 《ᠭᠤᠷᠪᠠᠨ ᠵᠦᠢᠯ᠎ᠦᠨ ᠠᠯᠪᠠᠨ ᠵᠠᠷᠤᠳᠠᠯ》᠎ᠢ᠋ ᠴᠢᠩᠭ᠎ᠠ ᠬᠢᠵᠠᠭᠠᠷᠯᠠᠵᠤ᠂ ᠠᠰᠠᠷ ᠲᠠᠭᠲᠤ᠌ ᠲᠠᠩᠬᠢᠮ ᠪᠠᠭᠤᠳᠠᠯ᠎ᠢ ᠰᠢᠨ᠎ᠡ᠎ᠪᠡᠷ ᠪᠠᠶ᠋ᠢᠭᠤᠯᠬᠤ᠎ᠵᠢ ᠴᠢᠩᠭ᠎ᠠ ᠬᠢᠵᠠᠭᠠᠷᠯᠠᠨ᠎ᠠ᠃ ᠲᠥᠪ ᠪᠤᠰᠤ ᠰᠤᠷᠲᠠᠯ᠎ᠤᠨ ᠰᠢᠨ᠎ᠡ ᠬᠠᠨᠳᠤᠰᠢ ᠰᠢᠨ᠎ᠡ ᠢᠯᠡᠷᠡᠯ᠎ᠢ ᠨᠢᠭᠲᠠ ᠠᠩᠬᠠᠷᠴᠤ᠌᠂ ᠨᠢᠭᠤᠬᠳᠠᠬᠤ ᠪᠠ ᠤᠨᠳᠤᠤᠰᠢᠬᠤ ᠠᠰᠠᠭᠤᠳᠠᠯ᠎ᠢ ᠰᠡᠷᠭᠡᠶ᠋ᠢᠯᠡᠵᠤ ᠵᠠᠯᠠᠷᠠᠭᠤᠯᠤᠨ ᠵᠠᠰᠠᠨ᠎ᠠ᠃

(ᠭᠤᠷᠪᠠ) ᠰᠤᠷᠲᠠᠯ᠎ᠤᠨ ᠪᠠᠶ᠋ᠢᠭᠤᠯᠤᠯᠲᠠ᠎ᠵᠢ ᠪᠠᠶ᠋ᠢᠩᠭᠤᠵᠢᠭᠤᠯᠬᠤ ᠪᠠ ᠤᠷᠲᠤ᠌ ᠬᠤᠭᠤᠴᠠᠭ᠎ᠠ ᠪᠠᠷ ᠪᠦᠲᠦᠮᠵᠢᠲᠡᠶ ᠪᠠᠢ᠌ᠯᠭᠠᠬᠤ᠎ᠵᠢ ᠠᠬᠢᠭᠤᠯᠤᠨ᠎ᠠ᠃ ᠰᠤᠷᠲᠠᠯ᠎ᠤᠨ ᠪᠠᠶ᠋ᠢᠭᠤᠯᠤᠯᠲᠠ᠎ᠵᠢ ᠡᠳᠦᠷ ᠲᠤᠲᠤᠮ᠎ᠤᠨ ᠠᠵᠢᠯ᠎ᠳᠠᠭᠠᠨ ᠠᠭᠤᠰᠬᠠᠨ ᠣᠷᠤᠭᠤᠯᠵᠤ᠂ ᠪᠠᠶ᠋ᠢᠩᠭᠤ ᠠᠳᠬᠤᠵᠤ᠂ ᠨᠠᠵᠠᠭᠠᠶ᠎ᠪᠠᠷ ᠠᠷᠭᠠᠴᠠᠬᠤ ᠪᠠ ᠵᠦᠳᠡᠷᠡᠯ᠎ᠡ ᠭᠡᠳ ᠬᠠᠯᠠᠰᠢᠷᠠᠬᠤ᠎ᠡᠴᠡ ᠰᠡᠷᠭᠡᠶ᠋ᠢᠯᠡᠵᠦ᠍᠂ ᠰᠤᠷᠲᠠᠯ᠎ᠤᠨ ᠠᠰᠠᠭᠤᠳᠠᠯ᠎ᠤᠨ ᠲᠠᠯ᠎ᠠ ᠪᠠᠷ ᠬᠢ 《ᠶᠠᠯᠢᠮ ᠦᠭᠡᠢ ᠶᠠᠪᠤᠳᠠᠯ ᠭᠡᠬᠦ᠌ ᠤᠨᠤᠯ》᠂ 《ᠣᠨᠴᠠᠭᠠᠢ᠌ᠷᠠᠬᠤ ᠤᠨᠤᠯ》᠎ᠢ᠋ ᠵᠠᠯᠠᠷᠠᠭᠤᠯᠤᠨ᠎ᠠ᠃ ᠰᠤᠷᠲᠠᠯ᠎ᠤᠨ ᠠᠰᠠᠭᠤᠳᠠᠯ᠎ᠢ ᠪᠠᠶ᠋ᠢᠩᠭᠤ᠎ᠵᠢᠨ ᠴᠢᠨᠠᠷᠲᠠᠶ ᠢᠯᠡᠷᠡᠭᠦᠯᠬᠦ᠌ ᠪᠠ ᠰᠢ᠌ᠳᠪᠦᠷᠢᠯᠡᠬᠦ᠌ ᠲᠣᠭᠲᠠᠴᠠ᠎ᠵᠢ ᠲᠡᠭᠦᠯᠳᠡᠷᠵᠢᠭᠦᠯᠵᠦ᠍᠂ 《ᠲᠦᠷᠪᠡᠨ ᠰᠤᠷᠲᠠᠯ》᠎ᠤ᠋ᠨ ᠲᠤᠪᠤᠢ᠌ᠮ᠎ᠠ ᠠᠰᠠᠭᠤᠳᠠᠯ᠎ᠤᠨ ᠲᠤᠬᠠᠢ ᠵᠠᠳᠠᠯᠤᠯᠲᠠ ᠬᠢᠵᠤ ᠰᠤᠳᠤᠯᠤᠨ ᠮᠠᠭᠠᠳᠯᠠᠬᠤ ᠪᠠ ᠣᠨᠣᠭᠠᠨ ᠴᠡᠭᠴᠡᠯᠡᠨ ᠵᠠᠰᠠᠬᠤ᠎ᠵᠢ ᠴᠢᠩᠭᠠᠳᠬᠠᠨ᠎ᠠ᠃ ᠭᠠᠵᠠᠷ ᠣᠷᠣᠨ᠎ᠤ ᠴᠢᠨᠠᠷᠲᠠᠶ ᠂ ᠠᠵᠢᠯ ᠲᠥᠷᠥᠯ᠎ᠦᠨ ᠴᠢᠨᠠᠷᠲᠠᠶ᠂ ᠱᠠᠲᠤ᠌ ᠦᠶᠡᠴᠢ ᠴᠢᠨᠠᠷᠲᠠᠶ ᠣᠨᠴᠠᠯᠢᠭ᠎ᠢ ᠡᠵᠡᠮᠰᠢᠵᠦ᠍ ᠂ ᠨᠡᠶ᠋ᠢᠳᠡᠮ ᠡᠭᠦᠰᠬᠦ ᠂ ᠳᠠᠬᠢᠨ ᠳᠠᠪᠲᠠᠨ ᠢᠯᠡᠷᠡᠬᠦ᠌ ᠰᠤᠷᠲᠠᠯ᠎ᠤᠨ ᠠᠰᠠᠭᠤᠳᠠᠯ᠎ᠢ ᠴᠡᠭᠴᠡᠯᠡᠨ ᠵᠠᠰᠠᠨ᠎ᠠ᠃ ᠴᠢᠬᠤᠯᠠ ᠵᠠᠩᠭᠢᠯᠠᠭ᠎ᠠ᠎ᠵᠢ ᠨᠢᠭᠲᠠ ᠠᠩᠬᠠᠷᠴᠤ᠌ ᠂ ᠬᠢᠨᠠᠯᠲᠠ ᠪᠠᠶ᠋ᠢᠴᠠᠭᠠᠯᠲᠠ᠎ᠪᠠᠨ ᠴᠢᠩᠭᠠᠳᠬᠠᠨ ᠂ ᠥᠰᠢᠯᠳᠦᠠ ᠰᠠᠬᠢᠯᠭ᠎ᠠ ᠪᠠᠲᠤ᠎ᠡᠴᠠ ᠵᠥᠷᠢᠴᠡᠭᠰᠡᠠ ᠦᠢᠯᠡ ᠠᠵᠢᠯᠯᠠᠭ᠎ᠠ᠎ᠵᠢ ᠴᠢᠩᠭ᠎ᠠ ᠪᠠᠶ᠋ᠢᠴᠠᠭᠠᠨ ᠰᠢ᠌ᠳᠪᠦᠷᠢᠯᠡᠵᠦ᠍᠂ ᠨᠡᠶ᠋ᠢᠲᠡᠯᠢᠭ ᠬᠡᠷᠡᠭ᠎ᠢ ᠵᠠᠷᠯᠠᠨ ᠨᠡᠶ᠋ᠢᠲᠡᠯᠡᠵᠦ᠍ ᠢᠯᠡᠴᠢᠯᠡᠨ᠎ᠡ᠃ ᠠᠵᠢᠯ ᠲᠥᠷᠥᠯ᠎ᠦᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠦᠨ ᠠᠵᠢᠯ ᠲᠥᠷᠥᠯ᠎ᠦᠨ ᠰᠤᠷᠲᠠᠯ᠎ᠢ ᠬᠠᠮᠢᠶᠠᠷᠬᠤ ᠬᠠᠷᠢᠭᠤᠴᠠᠯᠭ᠎ᠠ᠎ᠵᠢ ᠨᠠᠢ᠌ᠳᠠᠪᠤᠷᠢᠵᠢᠭᠤᠯᠵᠤ᠂ ᠠᠵᠢᠯ ᠲᠥᠷᠥᠯ᠎ᠦᠨ ᠰᠤᠷᠲᠠᠯ᠎ᠤᠨ ᠬᠥᠳᠡᠯᠦᠩᠭᠦᠶ ᠵᠠᠳᠠᠯᠤᠯᠲᠠ ᠪᠠ ᠪᠦᠲᠦᠮᠵᠢᠲᠡᠶ ᠬᠢᠨᠠᠨ ᠬᠠᠮᠢᠶᠠᠷᠤᠯᠲᠠ᠎ᠵᠢ ᠴᠢᠩᠭᠠᠳᠬᠠᠵᠤ᠂ ᠪᠠᠭᠰᠢ ᠨᠠᠷ᠎ᠤᠨ ᠮᠣᠷᠠᠯ ᠰᠤᠷᠲᠠᠯ᠂ ᠡᠮᠴᠢ ᠨᠠᠷ᠎ᠤᠨ ᠮᠣᠷᠠᠯ ᠰᠤᠷᠲᠠᠯ ᠂ ᠤᠷᠠᠯᠢᠬᠴᠢᠳ᠎ᠤᠨ ᠮᠣᠷᠠᠯ ᠰᠤᠷᠲᠠᠯ᠎ᠤᠨ ᠪᠠᠶ᠋ᠢᠭᠤᠯᠤᠯᠲᠠ᠎ᠵᠢ ᠰᠠᠶ᠋ᠢᠲᠤᠷ ᠠᠳᠬᠤᠵᠤ᠂ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ ᠂ ᠤᠯᠤᠰ᠎ᠤᠨ ᠥᠮᠴᠢᠯᠡᠯ᠎ᠦᠨ ᠮᠥᠩᠭᠥᠨ ᠭᠦᠢᠯᠭᠡᠭᠡᠨ᠎ᠦ ᠠᠵᠤ ᠠᠬᠤᠶ᠋ᠢᠯᠠᠯ ᠪᠠ ᠡᠭ᠌ᠴᠡ ᠬᠠᠮᠢᠶᠠᠷᠤᠯᠲᠠ᠎ᠵᠢᠨ ᠨᠢᠭᠡᠴᠢ᠎ᠵᠢᠨ ᠣᠷᠣᠨ ᠨᠤᠲᠤᠭ᠎ᠤᠨ ᠰᠠᠯᠪᠤᠷᠢ ᠪᠠᠶ᠋ᠢᠭᠤᠯᠤᠮᠵᠢ ᠵᠡᠷᠭᠡ᠎ᠵᠢᠨ 《ᠲᠦᠷᠪᠡᠨ ᠰᠤᠷᠲᠠᠯ》᠎ᠤ᠋ᠨ ᠠᠰᠠᠭᠤᠳᠠᠯ᠎ᠢ ᠵᠠᠰᠠᠬᠤ ᠡᠷᠴᠢᠮ᠎ᠢ ᠴᠢᠩᠭᠠᠷᠠᠭᠤᠯᠤᠨ᠎ᠠ᠃ ᠠᠵᠤ ᠠᠬᠤᠶ᠋ᠢᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠬᠦ᠌ ᠬᠠᠤᠯᠢ ᠪᠠᠷᠢᠬᠤ ᠦᠢᠯᠡ ᠠᠵᠢᠯᠯᠠᠭ᠎ᠠ᠎ᠵᠢ ᠵᠢᠷᠤᠮᠵᠢᠭᠤᠯᠤᠨ᠎ᠠ᠃ ᠰᠤᠷᠲᠠᠯ᠎ᠤᠨ ᠪᠠ ᠢᠯᠵᠢᠷᠡᠯ᠎ᠤᠨ ᠠᠰᠠᠭᠤᠳᠠᠯ᠎ᠢ ᠬᠠᠮᠲᠦ᠎ᠳᠦᠨᠢ ᠪᠠᠶ᠋ᠢᠴᠠᠭᠠᠵᠤ ᠬᠠᠮᠲᠦ᠎ᠳᠦᠨᠢ ᠵᠠᠰᠠᠬᠤ᠎ᠵᠢ ᠭᠦᠨᠵᠡᠭᠡᠶ᠋ᠢᠷᠡᠭᠦᠯᠵᠦ᠍᠂ 《ᠳᠥᠷᠪᠡᠨ ᠰᠤᠷᠲᠠᠯ》᠎ᠤ᠋ᠨ ᠠᠷᠤ᠎ᠳᠠᠬᠢ ᠡᠪᠰᠡᠯ ᠬᠤᠯᠪᠤᠭ᠎ᠠ ᠪᠦᠯᠦᠭ ᠪᠦᠯᠬᠦᠮ ᠪᠠᠢ᠌ᠭᠤᠯᠬᠤ᠂ ᠨᠠᠶ᠋ᠢᠳᠠᠨ ᠭᠤᠶᠤᠵᠤ ᠠᠵᠢᠯ ᠶᠠᠪᠤᠳᠠᠯ ᠬᠢᠯᠬᠡᠬᠦ᠂ ᠠᠰᠢᠭ ᠲᠤᠰᠠ ᠳᠠᠮᠵᠢᠭᠤᠯᠤᠨ ᠬᠦᠷᠭᠡᠬᠦ᠌ ᠵᠡᠷᠭᠡ ᠠᠰᠠᠭᠤᠳᠠᠯ᠎ᠢ ᠭᠦᠨᠵᠡᠭᠡᠶ ᠠᠭᠤᠳᠠᠯᠵᠤ᠂ ᠢᠯᠵᠢᠷᠠᠯ᠎ᠤᠨ ᠬᠡᠷᠡᠭ᠎ᠦᠨ ᠳᠤᠮᠳᠠᠬᠢ ᠰᠤᠷᠲᠠᠯ᠎ᠤᠨ ᠠᠰᠠᠭᠤᠳᠠᠯ᠎ᠢ ᠪᠠᠶ᠋ᠢᠴᠠᠭᠠᠨ ᠳᠣᠲᠣᠯᠠᠨ᠎ᠠ᠃ 《ᠳᠥᠷᠪᠡᠨ ᠰᠤᠷᠲᠠᠯ》᠎ᠢ᠋ ᠵᠠᠯᠠᠷᠠᠭᠤᠯᠬᠤ ᠪᠠ ᠰᠢᠨ᠎ᠡ ᠰᠤᠷᠲᠠᠯ᠎ᠢ ᠪᠣᠶ ᠪᠣᠯᠭᠠᠬᠤ᠎ᠵᠢ ᠵᠡᠷᠭᠡ᠎ᠪᠡᠷ ᠴᠢᠬᠤᠯᠠᠴᠢᠯᠠᠬᠤ᠎ᠵᠢ ᠪᠠᠷᠢᠮᠲᠠᠯᠠᠵᠤ᠂ ᠰᠢᠯᠢᠳᠡᠭ ᠰᠠᠢ᠌ᠨ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠵᠢᠡᠷ ᠨᠡᠶ᠋ᠢᠭᠡᠮ᠎ᠦᠨ ᠬᠡᠪ ᠰᠤᠷᠲᠠᠯ᠎ᠤᠨ ᠥᠭᠡᠳᠡᠷᠬᠡᠭ ᠴᠠᠢ᠌ᠯᠭᠠᠨ ᠪᠠᠢ᠌ᠬᠤ᠎ᠵᠢ ᠬᠥᠲᠥᠯᠦᠨ ᠳᠠᠭᠠᠭᠤᠯᠤᠨ᠎ᠠ᠃

(ᠲᠦᠷᠪᠡ) ᠰᠠᠬᠢᠯᠭ᠎ᠠ ᠪᠠᠲᠤ᠎ᠵᠢ ᠴᠢᠩᠭ᠎ᠠ ᠬᠡᠷᠡᠭᠵᠢᠭᠦᠯᠬᠦ᠌᠎ᠵᠢ ᠴᠢᠩᠭᠠᠳᠬᠠᠨ᠎ᠠ᠃ ᠴᠢᠩᠭ᠎ᠠ ᠱᠠᠭᠠᠷᠳᠠᠯᠭ᠎ᠠ᠎ᠵᠢ ᠨᠠᠮ᠎ᠤᠨ ᠲᠣᠭᠲᠠᠭᠠᠯ ᠲᠣᠭᠲᠠᠭᠠᠬᠤ᠂ ᠨᠠᠮ᠎ᠤᠨ ᠰᠠᠬᠢᠯᠭ᠎ᠠ ᠪᠠᠲᠤ᠎ᠵᠢᠨ ᠬᠥᠮᠦᠵᠢᠯ ᠬᠢᠬᠦ᠂ ᠰᠠᠬᠢᠯᠭ᠎ᠠ ᠪᠠᠲᠤ᠎ᠵᠢ ᠬᠡᠷᠡᠭᠵᠢᠭᠦᠯᠬᠦ᠌ ᠬᠢᠨᠠᠯᠲᠠ ᠲᠠᠯᠪᠢᠬᠤ ᠪᠦᠬᠦ᠌ ᠶᠠᠪᠤᠴᠠ᠎ᠳᠤ ᠲᠤᠭᠤᠰᠢᠯᠠᠭᠤᠯᠤᠨ᠎ᠠ᠃ ᠰᠠᠬᠢᠯᠭ᠎ᠠ ᠪᠠᠲᠤ᠎ᠵᠢ ᠵᠠᠪᠠᠯ ᠵᠢᠷᠤᠮᠯᠠᠬᠤ᠂ ᠰᠠᠬᠢᠯᠭ᠎ᠠ ᠪᠠᠲᠤ᠎ᠵᠢ ᠵᠠᠪᠠᠯ ᠴᠢᠩᠭ᠎ᠠ ᠬᠡᠷᠡᠭᠵᠢᠭᠦᠯᠬᠦ᠂ ᠰᠠᠬᠢᠯᠭ᠎ᠠ ᠪᠠᠲᠤ᠎ᠡᠴᠡ ᠵᠥᠷᠢᠴᠡᠪᠡᠯ ᠵᠠᠪᠠᠯ ᠨᠡᠬᠡᠮᠵᠢᠯᠡᠬᠦ᠌᠎ᠵᠢ ᠪᠠᠷᠢᠮᠲᠠᠯᠠᠵᠤ᠂ ᠰᠠᠬᠢᠯᠭ᠎ᠠ ᠪᠠᠲᠤ᠎ᠡᠴᠡ ᠵᠥᠷᠢᠴᠡᠭᠰᠡᠨ ᠠᠰᠠᠭᠤᠳᠠᠯ᠎ᠢ ᠨᠢᠭᠡ ᠣᠯᠵᠤ ᠮᠡᠳᠡᠪᠡᠯ ᠨᠢᠭᠡ᠎ᠵᠢ ᠪᠠᠶ᠋ᠢᠴᠠᠭᠠᠨ ᠰᠢ᠌ᠳᠪᠦᠷᠢᠯᠡᠨ᠎ᠡ᠂ ᠶᠠᠭᠠᠬᠢᠭᠰᠠᠨ ᠴᠤ᠌ ᠨᠠᠢ᠌ᠷ ᠲᠠᠯᠪᠢᠨ ᠢᠯᠳᠠᠷ ᠬᠠᠶᠠᠵᠤ ᠪᠣᠯᠬᠤ ᠦᠭᠡᠢ᠃ ᠨᠠᠮ᠎ᠤᠨ ᠤᠯᠤᠰ ᠲᠦᠷᠦ᠎ᠵᠢᠨ ᠰᠠᠬᠢᠯᠭ᠎ᠠ ᠪᠠᠲᠤ᠌ ᠪᠠ ᠤᠯᠤᠰ ᠲᠦᠷᠦ᠎ᠵᠢᠨ ᠶᠣᠰᠣ ᠲᠦᠷᠢᠮ᠎ᠢ ᠴᠢᠩᠭ᠎ᠠ ᠬᠡᠷᠡᠭᠵᠢᠭᠦᠯᠵᠦ᠍ ᠪᠠᠢ᠌ᠭᠠᠳ ᠵᠣᠬᠢᠶᠠᠨ ᠪᠠᠶ᠋ᠢᠭᠤᠯᠤᠯᠲᠠ᠎ᠵᠢᠨ ᠰᠠᠬᠢᠯᠭ᠎ᠠ ᠪᠠᠲᠤ᠌᠂ ᠠᠷᠢᠭᠤᠨ ᠴᠢᠬᠡᠴᠢ᠎ᠵᠢᠨ ᠰᠠᠬᠢᠯᠭ᠎ᠠ ᠪᠠᠲᠤ᠌᠂ ᠤᠯᠠᠨ ᠲᠦᠮᠡᠨ᠎ᠦ ᠰᠠᠬᠢᠯᠭ᠎ᠠ ᠪᠠᠲᠤ᠌᠂ ᠠᠵᠢᠯ᠎ᠤᠨ ᠰᠠᠬᠢᠯᠭ᠎ᠠ ᠪᠠᠲᠤ᠌᠂ ᠠᠮᠢᠳᠤᠷᠠᠯ᠎ᠤᠨ ᠰᠠᠬᠢᠯᠭ᠎ᠠ ᠪᠠᠲᠤ᠎ᠵᠢᠨ ᠪᠦᠬᠦ᠌ ᠲᠠᠯ᠎ᠠ᠎ᠪᠠᠷ ᠴᠢᠩᠭ᠎ᠠ ᠪᠠᠶ᠋ᠢᠬᠤ᠎ᠵᠢ ᠲᠠᠢ᠌ᠴᠢᠯᠠᠨ᠎ᠠ᠃ ᠭᠣᠤᠯᠳᠠᠯᠭ᠎ᠠ᠎ᠲᠠᠶ ᠬᠦᠷᠢᠶ᠎ᠡ᠂ ᠪᠠᠭᠤᠷᠠᠶ ᠭᠣᠭᠴᠣᠭ᠎ᠠ᠂ ᠪᠠᠯᠠᠷᠬᠠᠶ ᠣᠷᠣᠨ ᠪᠦᠰᠡ᠎ᠳᠦ ᠠᠩᠬᠠᠷᠤᠯ᠎ᠵᠢᠡᠨ ᠲᠥᠪᠯᠡᠷᠡᠭᠦᠯᠦᠨ᠂ ᠰᠠᠬᠢᠯᠭ᠎ᠠ ᠪᠠᠲᠤ᠎ᠵᠢᠨ ᠵᠢᠷᠤᠮᠵᠢᠯ᠎ᠢ ᠲᠡᠭᠦᠯᠳᠡᠷᠵᠢᠭᠦᠯᠦᠨ᠎ᠡ᠃ ᠰᠠᠬᠢᠯᠭ᠎ᠠ ᠪᠠᠲᠤ᠎ᠵᠢ ᠬᠠᠤᠯᠢ ᠴᠠᠭᠠᠵᠠ᠎ᠡᠴᠠ ᠴᠢᠨᠭᠭ᠎ᠠ ᠪᠠᠢ᠌ᠯᠭᠠᠵᠤ᠂ ᠰᠠᠬᠢᠯᠭ᠎ᠠ ᠪᠠᠳᠤ᠎ᠵᠢ ᠬᠠᠤᠯᠢ ᠴᠠᠭᠠᠵᠠ᠎ᠵᠢᠨ ᠡᠮᠤᠨ᠎ᠠ ᠲᠠᠯᠪᠢᠬᠤ᠂ ᠰᠠᠬᠢᠯᠭ᠎ᠠ ᠪᠠᠲᠤ᠌ ᠬᠡᠷᠡᠭᠵᠢᠭᠦᠯᠬᠦ᠌ ᠪᠠ ᠬᠠᠤᠯᠢ ᠬᠡᠷᠡᠭᠵᠢᠭᠦᠯᠬᠦ᠌᠎ᠵᠢ ᠨᠡᠪᠲᠡᠷᠡᠯᠴᠡᠭᠦᠯᠵᠦ᠍᠂ ᠬᠠᠤᠯᠢ ᠪᠠᠷᠢᠯᠲᠠ ᠯᠤᠭ᠎ᠠ ᠪᠦᠲᠦᠮᠵᠢᠲᠡᠶ ᠵᠣᠯᠭᠠᠯᠳᠤᠭᠤᠯᠬᠤ᠎ᠵᠢ ᠪᠠᠷᠢᠮᠲᠠᠯᠠᠨ᠎ᠠ᠃ ᠭᠡᠷᠡᠭ᠎ᠢ ᠡᠷᠳᠡ ᠡᠴᠨ ᠠᠳᠬᠣᠨ ᠪᠠᠭ᠎ᠠ ᠳ᠋ᠤᠨᠢ ᠠᠳᠬᠤᠵᠤ᠂ ᠬᠡᠷᠡᠭ᠎ᠢ ᠪᠠᠭ᠎ᠠ ᠳᠡᠭᠡᠷ᠎ᠡ ᠨᠢ ᠰᠡᠷᠭᠡᠢ᠌ᠯᠡᠵᠤ ᠬᠤᠷᠢᠬᠯᠠᠬᠤ ᠵᠢ ᠪᠠᠷᠢᠮᠳᠠᠯᠠᠨ᠂ ᠴᠤᠬᠤᠶ᠋ᠢᠯᠲᠠ᠎ᠵᠢᠨ ᠴᠢᠨᠠᠷᠲᠠᠶ᠂ ᠬᠡᠯᠪᠡᠷᠢᠯ᠎ᠤᠨ ᠴᠢᠨᠠᠷᠲᠠᠶ ᠠᠰᠠᠭᠤᠳᠠᠯ᠎ᠢ ᠴᠠᠭ ᠲᠤᠬᠠᠶ᠎ᠳᠤᠨᠢ ᠰᠡᠷᠡᠮᠵᠢᠯᠡᠭᠦᠯᠦᠨ ᠵᠠᠯᠠᠷᠠᠭᠤᠯᠵᠤ᠂ ᠪᠠᠭ᠎ᠠ ᠳᠤᠲᠠᠭᠳᠠᠯ ᠨᠢ ᠲᠣᠮᠣ ᠠᠰᠠᠭᠤᠳᠠᠯ ᠪᠤᠯᠵᠤ ᠬᠤᠪᠢᠷᠠᠬᠤ᠎ᠡᠴᠡ ᠰᠡᠷᠭᠡᠶ᠋ᠢᠯᠡᠨ᠎ᠡ᠃ ᠰᠠᠬᠢᠯᠭ᠎ᠠ ᠪᠠᠲᠤ᠎ᠵᠢ ᠬᠡᠷᠡᠭᠵᠢᠭᠦᠯᠵᠦ᠍ ᠪᠠᠢ᠌ᠭ᠎ᠠ ᠪᠠᠢ᠌ᠳᠠᠯ᠎ᠢ ᠬᠢᠨᠠᠵᠤ ᠪᠠᠶ᠋ᠢᠴᠠᠭᠠᠬᠤ᠎ᠪᠠᠨ ᠴᠢᠩᠭᠠᠳᠬᠠᠵᠤ᠂ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ᠎ᠵᠢᠨ ᠰᠠᠬᠢᠯᠭ᠎ᠠ ᠪᠠᠲᠤ᠎ᠵᠢ ᠴᠢᠩᠭ᠎ᠠ ᠬᠡᠷᠡᠭᠵᠢᠭᠦᠯᠬᠦ᠌ ᠪᠠ ᠬᠠᠮᠠᠭᠠᠯᠠᠬᠤ᠎ᠵᠢ ᠠᠬᠢᠭᠤᠯᠵᠤ᠂ ᠰᠠᠬᠢᠯᠭ᠎ᠠ ᠪᠠᠲᠤ᠎ᠵᠢ ᠬᠡᠷᠡᠭᠵᠢᠭᠦᠯᠦᠭᠰᠡᠨ᠎ᠵᠢᠡᠷ ᠴᠢᠩᠭ᠎ᠠ ᠪᠤᠰᠤ᠂ ᠬᠠᠮᠢᠶᠠᠷᠬᠤ ᠦᠭᠡᠢ ᠳᠤᠷ᠎ᠠ᠎ᠪᠠᠷ ᠨᠢ ᠲᠠᠯᠪᠢᠭᠰᠠᠨ ᠪᠠᠶ᠋ᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃

(ᠲᠠᠪᠤ) ᠰᠠᠬᠢᠯᠭ᠎ᠠ ᠪᠠᠲᠤ᠎ᠵᠢᠨ ᠬᠥᠮᠦᠵᠢᠭᠦᠯᠵᠦ᠍ ᠬᠢᠵᠠᠭᠠᠷᠯᠠᠬᠤ ᠪᠠ ᠪᠠᠲᠤᠯᠠᠵᠤ ᠤᠷᠮᠠᠰᠢᠭᠤᠯᠬᠤ ᠦᠢᠯᠡᠳᠦᠯ᠎ᠢ ᠶᠡᠷᠦᠩᠬᠡᠶ᠋ᠢᠯᠡᠨ ᠪᠠᠳᠠᠷᠠᠭᠤᠯᠤᠨ᠎ᠠ᠃ ᠰᠠᠬᠢᠯᠭ᠎ᠠ ᠪᠠᠲᠤ᠎ᠵᠢᠨ ᠬᠥᠮᠦᠵᠢᠯ᠎ᠢ ᠪᠠᠶ᠋ᠢᠩᠭᠤᠵᠢᠭᠤᠯᠬᠤ ᠪᠠ ᠤᠷᠳᠤ ᠬᠤᠭᠤᠴᠠᠭ᠎ᠠ ᠪᠡᠷ ᠪᠦᠲᠦᠮᠵᠢᠲᠡᠶ ᠪᠠᠢ᠌ᠯᠭᠠᠬᠤ ᠲᠣᠭᠲᠠᠴᠠ᠎ᠵᠢ ᠪᠠᠶ᠋ᠢᠭᠤᠯᠤᠨ ᠪᠦᠷᠢᠨᠰᠢᠭᠦᠯᠵᠦ᠍᠂ ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ᠎ᠵᠢ ᠨᠠᠮ᠎ᠤᠨ ᠭᠡᠰᠢᠭᠦᠨ᠂ ᠺᠠᠳ᠋ᠷ᠎ᠤᠨ ᠪᠣᠯᠪᠠᠰᠤᠷᠠᠭᠤᠯᠤᠯ᠎ᠤᠨ ᠵᠠᠪᠠᠯ ᠰᠤᠷᠬᠤ ᠬᠢᠴᠢᠶᠡᠯ ᠪᠣᠯᠭᠠᠵᠤ᠂ ᠨᠠᠮ᠎ᠤᠨ ᠭᠡᠰᠢᠭᠦᠨ᠂ ᠺᠠᠳ᠋ᠷ᠎ᠢ ᠬᠦᠳᠦᠯᠦᠨ ᠵᠢᠯᠤᠭᠤᠳᠴᠤ᠌ ᠪᠠᠢ᠌ᠭᠠᠳ ᠰᠠᠬᠢᠯᠭ᠎ᠠ ᠪᠠᠲᠤ᠎ᠵᠢ ᠰᠤᠷᠤᠯᠴᠠᠨ ᠰᠠᠬᠢᠯᠭ᠎ᠠ ᠪᠠᠲᠤ᠎ᠵᠢ ᠤᠢ᠌ᠯᠠᠭᠠᠨ ᠰᠠᠬᠢᠯᠭ᠎ᠠ ᠪᠠᠲᠤ᠎ᠵᠢ ᠰᠠᠬᠢᠬᠤ ᠪᠤᠯᠭᠠᠵᠤ᠂ ᠬᠢᠨᠠᠯᠲᠠ ᠬᠢᠵᠠᠭᠠᠷᠯᠠᠯ ᠬᠦᠯᠢᠶᠡᠬᠦ᠌ ᠣᠷᠴᠢᠨ ᠨᠦᠬᠥᠴᠡᠯ᠎ᠳᠤ ᠠᠵᠢᠯᠯᠠᠵᠤ ᠠᠮᠢᠳᠤᠷᠠᠬᠤ ᠳᠠᠳᠬᠠᠯ᠎ᠲᠠᠶ ᠪᠣᠯᠭᠠᠨ᠎ᠠ᠃ ᠪᠦᠬᠦ᠌ ᠦᠶᠡᠯᠡᠯ᠎ᠦᠨ ᠰᠠᠬᠢᠯᠭ᠎ᠠ ᠪᠠᠲᠤ᠎ᠵᠢᠨ ᠬᠥᠮᠦᠵᠢᠯ᠎ᠢ ᠴᠢᠩᠭᠠᠳᠬᠠᠵᠤ᠂ ᠨᠠᠮ᠎ᠳᠤ ᠣᠷᠣᠬᠤ ᠲᠤᠰᠢᠶᠠᠯ᠎ᠳᠤ ᠭᠠᠷᠬᠤ᠂ ᠲᠤᠰᠢᠶᠠᠯ᠎ᠤᠨ ᠬᠤᠪᠢᠷᠠᠯᠲᠠ ᠭᠠᠷᠬᠤ᠂ ᠭᠡᠷ ᠪᠦᠯᠢ᠎ᠵᠢᠨ ᠬᠤᠪᠢᠷᠠᠯᠲᠠ ᠭᠠᠷᠬᠤ᠂ ᠲᠤᠰᠢᠶᠠᠯ᠎ᠡᠴᠠ᠎ᠪᠠᠨ ᠰᠠᠯᠬᠤ ᠠᠵᠢᠯ᠎ᠡᠴᠠ ᠪᠠᠨ ᠪᠠᠭᠤᠵᠤ ᠠᠮᠠᠷᠠᠬᠤ ᠵᠡᠷᠭᠡ ᠡᠯ᠎ᠡ ᠴᠢᠬᠤᠯᠠ ᠵᠠᠩᠭᠢᠯᠠᠭ᠎ᠠ᠎ᠵᠢ ᠠᠳᠬᠤᠨ ᠰᠠᠬᠢᠯᠭ᠎ᠠ ᠪᠠᠲᠤ᠎ᠵᠢᠨ ᠰᠡᠷᠡᠮᠵᠢᠯᠡᠭᠦᠯᠦᠯ ᠥᠭᠬᠦ᠌᠎ᠵᠢ ᠴᠢᠩᠭᠠᠳᠬᠠᠨ᠎ᠠ᠃ ᠠᠳᠠᠯᠢ ᠪᠤᠰᠤ ᠲᠤᠰᠢᠶᠠᠯ ᠪᠠ ᠲᠤᠰᠢᠶᠠᠯ᠎ᠤᠨ ᠳᠡᠰ᠂ ᠠᠳᠠᠯᠢ ᠪᠤᠰᠤ ᠠᠵᠢᠯ ᠲᠥᠷᠥᠯ᠎ᠦᠨ ᠨᠠᠮ᠎ᠤᠨ ᠭᠡᠰᠢᠭᠦᠨ᠂ ᠺᠠᠳ᠋ᠷ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌ ᠱᠠᠭᠠᠷᠳᠠᠯᠭ᠎ᠠ᠎ᠵᠢ ᠦᠨᠳᠦᠰᠦᠯᠡᠨ᠂ ᠮᠡᠳᠡᠵᠦ᠍ ᠣᠢ᠌ᠯᠠᠭᠠᠪᠠᠰᠤ ᠵᠤᠬᠢᠬᠤ ᠰᠠᠬᠢᠯᠭ᠎ᠠ ᠪᠠᠲᠤ᠌ ᠬᠠᠤᠯᠢ ᠲᠣᠭᠲᠠᠭᠠᠯ᠎ᠢ ᠲᠣᠲᠣᠷᠬᠠᠢ᠌ᠯᠠᠨ᠎ᠠ᠃ ᠰᠢᠨ᠎ᠡ᠎ᠪᠡᠷ ᠳᠡᠪᠰᠢᠭᠦᠯᠦᠭᠰᠡᠨ ᠺᠠᠳ᠋ᠷ᠂ ᠵᠠᠩᠭᠢᠯᠠᠭ᠎ᠠ᠎ᠵᠢᠨ ᠠᠵᠢᠯ᠎ᠤᠨ ᠪᠠᠶ᠋ᠢᠷᠢ᠎ᠳᠡᠬᠢ ᠺᠠᠳ᠋ᠷ᠂ ᠵᠠᠯᠠᠭᠤ ᠺᠠᠳ᠋ᠷ ᠵᠡᠷᠭᠡ ᠭᠣᠤᠯᠳᠠᠯᠭ᠎ᠠ᠎ᠲᠠᠶ ᠡᠲᠡᠭᠡᠳ᠎ᠦᠨ ᠰᠠᠬᠢᠯᠭ᠎ᠠ ᠪᠠᠲᠤ᠎ᠵᠢᠨ ᠪᠣᠯᠪᠠᠰᠤᠷᠠᠭᠤᠯᠤᠯ᠎ᠢ ᠰᠠᠶ᠋ᠢᠲᠤᠷ ᠠᠳᠬᠤᠨ᠎ᠠ᠃ ᠥᠩᠭᠡᠷᠡᠭᠰᠡᠠ᠎ᠢ ᠨᠢ ᠵᠡᠯᠬᠠᠭᠠᠵᠦ᠍ ᠬᠤᠢ᠌ᠰᠢᠳᠠ᠎ᠳᠤᠨᠢ ᠴᠡᠭᠡᠷᠯᠡᠯ ᠪᠤᠯᠭᠠᠬᠤ᠂ ᠡᠪᠡᠦᠡᠴᠢᠠ᠎ᠢ ᠨᠢ ᠵᠡᠰᠡᠵᠦ᠍ ᠡᠳᠡᠭᠡᠷᠡᠬᠦᠯᠦᠠ ᠠᠪᠬᠤ᠎ᠵᠢ ᠪᠠᠷᠢᠮᠲᠠᠯᠠᠵᠤ᠂ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ᠎ᠵᠢ ᠬᠡᠷᠡᠭᠵᠢᠭᠦᠯᠬᠦ᠌ 《ᠳᠥᠷᠪᠡᠨ ᠵᠦᠢᠯ᠎ᠦᠨ ᠬᠡᠯᠪᠡᠷᠢ ᠪᠠᠢ᠌ᠳᠠᠯ》᠎ᠢ᠋ ᠭᠦᠨᠵᠡᠭᠡᠢ᠌ᠷᠡᠭᠦᠯᠦᠨ ᠬᠡᠷᠡᠭᠯᠡᠵᠦ᠍᠂ 《ᠨᠢᠭᠡᠳᠦᠭᠡᠷ ᠵᠦᠢᠯ᠎ᠦᠨ ᠬᠡᠯᠪᠡᠷᠢ ᠪᠠᠢ᠌ᠳᠠᠯ》᠎ᠢ᠋ ᠰᠠᠶ᠋ᠢᠲᠤᠷ ᠬᠡᠷᠡᠭᠯᠡᠬᠦ᠌᠎ᠵᠢ ᠴᠢᠬᠤᠯᠠᠴᠢᠯᠠᠵᠤ᠂ ᠳᠠᠪᠬᠤᠷ ᠳᠠᠪᠬᠤᠷ ᠰᠡᠷᠭᠡᠶ᠋ᠢᠯᠡᠯᠲᠡ ᠬᠢᠵᠦ᠍᠂ ᠨᠠᠮ᠎ᠤᠨ ᠭᠡᠰᠢᠭᠦᠨ᠂ ᠺᠠᠳ᠋ᠷ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠬᠥᠮᠦᠵᠢᠭᠦᠯᠦᠨ ᠠᠪᠤᠷᠠᠨ᠎ᠠ᠃ ᠦᠨᠡᠨ᠎ᠡᠴᠡ ᠵᠥᠪ᠎ᠢ ᠡᠷᠢᠬᠦ᠂ ᠳᠦᠷᠢᠮ ᠲᠣᠭᠲᠠᠭᠠᠯ ᠰᠠᠬᠢᠯᠭ᠎ᠠ ᠪᠠᠲᠤ᠌ ᠬᠠᠤᠯᠢ ᠴᠠᠭᠠᠵᠠ ᠶᠣᠰᠤᠭᠠᠷ ᠠᠵᠢᠯᠯᠠᠬᠤ᠎ᠵᠢ ᠪᠠᠷᠢᠮᠲᠠᠯᠠᠨ᠂ ᠦᠵᠡᠯ ᠰᠠᠨᠠᠭ᠎ᠠ ᠤᠯᠤᠰ ᠲᠥᠷᠥ᠎ᠵᠢᠨ ᠠᠵᠢᠯ᠎ᠢ ᠢᠮᠠᠭᠲᠠ ᠲᠤᠭᠤᠰᠢᠯᠠᠭᠤᠯᠵᠤ᠂ ᠰᠠᠬᠢᠯᠭ᠎ᠠ ᠪᠠᠲᠤ᠎ᠵᠢ ᠬᠡᠷᠡᠭᠵᠢᠭᠦᠯᠬᠦ᠌ ᠬᠠᠷᠢᠭᠤᠴᠠᠯᠭ᠎ᠠ ᠨᠡᠬᠡᠮᠵᠢᠯᠡᠬᠦ᠌᠎ᠵᠢᠨ ᠵᠢᠷᠤᠮᠵᠢᠯᠲᠤ᠌ ᠴᠢᠨᠠᠷ ᠣᠨᠣᠪᠴᠢᠲᠤ᠌ ᠴᠢᠨᠠᠷ᠎ᠢ ᠴᠢᠩᠭᠠᠳᠬᠠᠵᠤ᠂ ᠤᠯᠤᠰ ᠲᠦᠷᠦ᠎ᠵᠢᠨ ᠦᠷ᠎ᠡ ᠪᠦᠲᠦᠮᠵᠢ᠂ ᠰᠠᠬᠢᠯᠭ᠎ᠠ ᠪᠠᠲᠤ᠌ ᠬᠠᠤᠯᠢ ᠴᠠᠭᠠᠵᠠ᠎ᠵᠢᠨ ᠦᠷ᠎ᠡ ᠪᠦᠲᠦᠮᠵᠢ᠂ ᠨᠡᠶ᠋ᠢᠭᠡᠮ᠎ᠦᠨ ᠦᠷ᠎ᠡ ᠪᠦᠲᠦᠮᠵᠢ᠎ᠵᠢ ᠣᠷᠭᠠᠨᠢᠭ᠎ᠵᠢᠡᠷ ᠨᠢᠭᠡᠳᠬᠡᠬᠦ᠌᠎ᠵᠢ ᠪᠡᠶᠡᠯᠡᠭᠦᠯᠦᠨ᠎ᠡ᠃ ᠰᠠᠬᠢᠯᠭ᠎ᠠ ᠪᠠᠲᠤ᠎ᠵᠢ ᠲᠥᠪ ᠴᠢᠩᠭ᠎ᠠ ᠪᠠᠢ᠌ᠯᠭᠠᠬᠤ ᠪᠠ ᠬᠠᠯᠠᠮᠵᠢᠯᠠᠨ ᠬᠠᠶ᠋ᠢᠷᠠᠯᠠᠬᠤ᠎ᠵᠢ ᠨᠢᠭᠡᠳᠬᠡᠬᠦ᠌᠎ᠵᠢ ᠪᠠᠷᠢᠮᠲᠠᠯᠠᠵᠤ᠂ ᠨᠠᠮ᠎ᠤᠨ ᠭᠡᠰᠢᠭᠦᠨ᠂ ᠺᠠᠳ᠋ᠷ᠎ᠤᠨ ᠲᠦᠷᠢᠮ ᠲᠣᠭᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠵᠢ ᠰᠠᠬᠢᠬᠤ ᠳᠤᠮᠳᠠ ᠥᠭᠡᠷᠡᠴᠢᠯᠡᠯᠲᠡ ᠬᠢᠵᠦ᠍ ᠰᠢᠨ᠎ᠡ᠎ᠵᠢ ᠡᠭᠦᠳᠬᠦ᠂ ᠠᠵᠢᠯ ᠬᠢᠵᠦ᠍ ᠦᠢᠯᠡᠰ ᠴᠣᠭᠴᠠᠯᠠᠬᠤ᠎ᠵᠢ ᠠᠬᠢᠭᠤᠯᠤᠨ᠎ᠠ᠃ ᠭᠦᠳᠭᠡᠨ ᠵᠡᠭᠠᠯᠳᠦᠵᠤ ᠬᠦᠵᠢᠷᠯᠡᠨ ᠬᠤᠦᠷᠯᠡᠬᠤ ᠦᠢᠯᠡ ᠠᠵᠢᠯᠯᠠᠭ᠎ᠠ᠎ᠵᠢ ᠴᠢᠩᠭ᠎ᠠ ᠪᠠᠶ᠋ᠢᠴᠠᠭᠠᠨ ᠰᠢ᠌ᠳᠪᠦᠷᠢᠯᠡᠵᠦ᠍᠂ ᠢᠯᠭᠠᠷᠠᠭᠤᠯᠤᠨ ᠲᠤᠳᠤᠯᠠᠵᠤ ᠨᠡᠷ᠎ᠡ ᠲᠥᠷᠥ᠎ᠵᠢ ᠨᠢ ᠰᠡᠷᠭᠦᠭᠡᠬᠥ᠌ ᠠᠵᠢᠯ᠎ᠢ ᠴᠠᠭ ᠲᠤᠬᠠᠶ᠎ᠳᠤᠨᠢ ᠥᠷᠨᠢᠭᠦᠯᠦᠨ᠎ᠡ᠃ ᠰᠢ᠌ᠳᠪᠦᠷᠢᠯᠡᠭᠳᠡᠭᠰᠡᠨ ᠪᠠ ᠰᠢ᠌ᠳᠬᠡᠯ ᠣᠯᠤᠭᠰᠠᠨ ᠨᠠᠮ᠎ᠤᠨ ᠭᠡᠰᠢᠭᠦᠨ᠂ ᠺᠠᠳ᠋ᠷ᠎ᠢ ᠮᠥᠷᠳᠡᠵᠦ᠍ ᠬᠠᠷᠢᠭᠤ ᠰᠤᠷᠪᠤᠯᠵᠢᠯᠠᠬᠤ ᠪᠠ ᠬᠥᠮᠦᠵᠢᠭᠦᠯᠬᠦ᠌ ᠬᠠᠮᠢᠶᠠᠷᠬᠤ ᠠᠵᠢᠯ᠎ᠢ ᠰᠠᠶ᠋ᠢᠲᠤᠷ ᠬᠢᠨ᠎ᠠ᠃

ᠲᠤᠯᠤᠭ᠎ᠠ᠂ ᠢᠯᠵᠢᠷᠡᠬᠦ᠌ ᠵᠣᠷᠢᠭ ᠦᠭᠡᠢ ᠢᠯᠵᠢᠷᠠᠵᠤ ᠳᠡᠶ᠋ᠢᠯᠬᠦ᠌ ᠦᠭᠡᠢ ᠢᠯᠵᠢᠷᠠᠬᠦ᠌᠎ᠵᠢ ᠪᠣᠳᠣᠬᠤ ᠦᠭᠡᠢ ᠪᠣᠯᠭᠠᠬᠤ᠎ᠵᠢ ᠡᠷᠡᠰ ᠭᠤᠶ᠋ᠢᠪᠢᠰᠢ ᠦᠭᠡᠢ ᠪᠠᠷ ᠨᠢᠭᠡ ᠴᠤᠭᠴᠠᠵᠢᠭᠤᠯᠤᠨ ᠠᠬᠢᠭᠤᠯᠤᠨ᠎ᠠ

ᠢᠯᠵᠢᠷᠡᠬᠦ᠌ ᠵᠣᠷᠢᠭ ᠦᠭᠡᠢ ᠢᠯᠵᠢᠷᠠᠵᠤ ᠳᠡᠶ᠋ᠢᠯᠬᠦ᠌ ᠦᠭᠡᠢ ᠢᠯᠵᠢᠷᠠᠬᠦ᠌᠎ᠵᠢ ᠪᠣᠳᠣᠬᠤ ᠦᠭᠡᠢ ᠪᠣᠯᠭᠠᠬᠤ᠎ᠵᠢ ᠨᠢᠭᠡ ᠴᠤᠭᠴᠠᠵᠢᠭᠤᠯᠤᠨ ᠠᠬᠢᠭᠤᠯᠬᠤ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠴᠢᠬᠤᠯᠠ ᠠᠷᠭ᠎ᠠ ᠪᠤᠳᠤᠯᠭ᠎ᠠ ᠪᠠ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠦᠨ ᠦᠨᠳᠦᠰᠦᠨ ᠴᠢᠭᠯᠡᠯᠲᠡ ᠮᠥᠨ᠃ ᠡᠷᠬᠡᠪᠰᠢ ᠠᠵᠢᠯᠴᠢᠠ ᠠᠡᠭᠬᠢ᠎ᠵᠢᠠ ᠪᠡ ᠬᠠᠮᠦᠬ᠎ᠤᠨ ᠥᠷᠭᠡᠠ ᠤᠯᠡᠠ ᠠᠷᠡᠦᠠ ᠲᠥᠮᠡᠠ᠎ᠦ ᠠᠰᠢᠬ ᠲᠤᠰᠠ ᠡᠴᠠ ᠭᠠᠳᠡᠨ᠎ᠡ ᠨᠡᠮ ᠳ᠋ᠦ᠍ ᠥᠪᠡᠷ᠎ᠤᠨ ᠤᠡᠴᠡᠭᠠᠢ ᠠᠰᠢᠬ ᠲᠤᠰᠠ ᠭᠡᠵᠦ᠍ ᠪᠡᠢ᠌ᠳᠡᠬ ᠤᠢ᠍ᠭᠡᠢ᠂ ᠨᠠᠮ ᠢᠯᠵᠢᠷᠡᠯ ᠯᠤᠬᠡ ᠭᠠᠯ ᠤᠰᠤ ᠰᠢᠭ᠋ ᠬᠠᠷᠰᠢᠯᠳᠤᠵᠤ ᠪᠠᠢ᠌ᠳᠠᠭ ᠭᠡᠳᠡᠭ᠎ᠢ ᠪᠠᠲᠤ᠌ ᠴᠡᠭᠡᠵᠢᠯᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠢᠯᠵᠢᠷᠠᠯ᠎ᠢ ᠡᠰᠡᠷᠭᠦᠴᠡᠬᠦ᠌ ᠵᠠᠮ᠎ᠵᠢᠡᠷ ᠡᠷᠡᠰ ᠰᠠᠶ᠋ᠢᠲᠤᠷ ᠵᠠᠮᠨᠠᠵᠤ᠂ ᠢᠯᠵᠢᠷᠡᠯ᠎ᠢ ᠡᠰᠡᠷᠭᠦᠴᠡᠬᠦ᠌ ᠠᠵᠢᠯ᠎ᠳᠠᠬᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠵᠢ ᠴᠢᠩᠭᠠᠳᠬᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠵᠢ ᠵᠡᠷᠭᠡ᠎ᠪᠡᠷ ᠵᠠᠰᠠᠬᠤ᠂ ᠰᠢᠰᠲ᠋ᠧᠮ᠎ᠲᠡᠶ᠎ᠪᠡᠷ ᠵᠠᠰᠠᠬᠤ᠎ᠵᠢ ᠨᠠᠩ ᠢᠯᠡᠭᠦᠦ ᠴᠢᠬᠤᠯᠠᠴᠢᠯᠠᠵᠤ᠂ ᠴᠢᠩᠭ᠎ᠠ ᠵᠠᠯᠬᠠᠭᠠᠨ ᠰᠢ᠌ᠳᠬᠡᠬᠦ᠂ ᠨᠠᠷᠢᠯᠢᠭ ᠣᠨᠣᠴᠠᠲᠠᠶ ᠵᠠᠰᠠᠬᠤ᠂ ᠪᠦᠲᠦᠮᠵᠢᠲᠡᠶ ᠰᠡᠷᠭᠡᠶ᠋ᠢᠯᠡᠬᠦ᠂ ᠨᠢᠭᠡ ᠴᠣᠭᠴᠠᠵᠢᠭᠤᠯᠤᠨ ᠠᠳᠬᠤᠬᠤ᠎ᠵᠢ ᠪᠠᠷᠢᠮᠲᠠᠯᠠᠵᠤ᠂ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠡᠴᠦᠰ᠎ᠲᠦᠨᠢ ᠲᠤᠯᠲᠠᠯ᠎ᠠ ᠬᠢᠬᠦ᠌ ᠬᠡᠷᠡᠭᠲᠡᠢ᠃

(ᠨᠢᠭᠡ) ᠢᠯᠵᠢᠷᠡᠯ᠎ᠢ ᠵᠠᠯᠬᠠᠭᠠᠨ ᠰᠢ᠌ᠳᠭᠡᠬᠦ᠌ ᠲᠠᠯ᠎ᠠ᠎ᠪᠠᠷ ᠬᠦᠴᠦᠲᠡᠢ ᠳᠠᠷᠤᠯᠲᠠ ᠦᠵᠡᠭᠦᠯᠬᠦ᠌ ᠪᠠᠶ᠋ᠢᠳᠠᠯ᠎ᠢ ᠪᠠᠲᠤᠯᠠᠨ᠎ᠠ᠃ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠦᠨ ᠪᠠᠶ᠋ᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠶ᠂ ᠢᠯᠵᠢᠷᠡᠯ᠎ᠤᠨ ᠡᠭᠦᠰᠦᠨ ᠳᠡᠯᠭᠡᠷᠡᠬᠦ᠌ ᠬᠥᠷᠥᠰᠥ᠍ ᠰᠢᠷᠣᠶ ᠪᠣᠯᠤᠨ ᠨᠥᠬᠥᠴᠡᠯ᠎ᠢ ᠠᠷᠢᠯᠭᠠᠬᠤ ᠡᠭᠦᠷᠭᠡ ᠮᠥᠨ ᠯᠡ ᠬᠠᠲᠠᠭᠤ ᠪᠡᠷᠬᠡ ᠨᠦᠰᠡᠷ ᠬᠦᠨᠳᠦ ᠪᠠᠶ᠋ᠢᠬᠤ᠎ᠵᠢ ᠭᠦᠨᠵᠡᠭᠡᠶ ᠲᠠᠨᠢᠵᠤ᠂ ᠢᠯᠵᠢᠷᠡᠭᠰᠠᠳ ᠪᠠᠢ᠌ᠪᠠᠯ ᠵᠠᠪᠠᠯ ᠰᠢ᠌ᠳᠭᠡᠬᠦ᠂ ᠱᠠᠮᠰᠢᠬᠰᠠᠳ ᠪᠠᠢ᠌ᠪᠠᠯ ᠵᠠᠪᠠᠯ ᠠᠷᠢᠯᠭᠠᠬᠤ᠂ ᠬᠣᠣᠷ᠎ᠤᠨ ᠦᠨᠳᠦᠰᠦ᠎ᠵᠢ ᠬᠣᠭ ᠦᠭᠡᠢ ᠠᠷᠢᠯᠭᠠᠬᠤ᠎ᠵᠢ ᠪᠠᠷᠢᠮᠲᠠᠯᠠᠵᠤ᠂ 《ᠪᠠᠷᠰ ᠴᠣᠬᠢᠬᠤ》᠂ 《ᠢᠯᠠᠭ᠎ᠠ ᠴᠣᠬᠢᠬᠤ》᠂ 《ᠦᠨᠡᠭᠡ ᠠᠩᠨᠠᠬᠤ》᠎ᠵᠢ ᠡᠷᠡᠰ ᠬᠡᠷᠡᠭᠵᠢᠭᠦᠯᠵᠦ᠍᠂ ᠪᠠᠶ᠋ᠢᠯᠳᠤᠬᠤ ᠪᠣᠳᠣᠯᠭ᠎ᠠ᠎ᠵᠢᠨ ᠪᠠᠲᠤ᠌ ᠬᠦᠴᠦᠨ ᠪᠠ ᠳᠡᠮᠡᠴᠡᠯ᠎ᠤᠨ ᠤᠶᠠᠨ ᠬᠠᠳᠠᠨ ᠴᠢᠨᠠᠷ᠎ᠢ ᠢᠮᠠᠭᠲᠠ ᠪᠠᠷᠢᠮᠲᠠᠯᠠᠵᠤ᠂ ᠨᠢᠭᠡ ᠮᠥᠴᠡ ᠴᠦ᠍ ᠵᠣᠭᠰᠣᠯ ᠦᠭᠡᠢ᠂ ᠬᠠᠭᠠᠰ ᠠᠯᠬᠤᠮ ᠴᠤ᠌ ᠨᠠᠶ᠋ᠢᠷ ᠲᠠᠯᠪᠢᠬᠤ ᠦᠭᠡᠢ ᠪᠠᠶ᠋ᠢᠵᠤ᠂ ᠨᠡᠮᠡᠭᠳᠡᠬᠦ᠌ ᠵᠢ ᠨᠢ ᠨᠠᠩ ᠬᠦᠴᠦᠲᠡᠶ ᠬᠣᠷᠢᠭᠯᠠᠨ᠂ ᠤᠳᠤ ᠤᠷᠤᠰᠢᠵᠦ᠍ ᠪᠠᠢ᠌ᠭ᠎ᠠ᠎ᠵᠢ ᠨᠢ ᠨᠡᠩ ᠪᠦᠲᠦᠮᠵᠢᠲᠡᠶ᠎ᠪᠡᠷ ᠠᠷᠢᠯᠭᠠᠨ᠎ᠠ᠂ ᠢᠯᠵᠢᠷᠡᠮᠠᠯ ᠡᠲᠡᠭᠡᠳ᠎ᠲᠤ᠌ ᠶᠠᠭᠠᠬᠢᠭᠰᠠᠨ ᠴᠤ᠌ ᠨᠢᠭᠤᠨ ᠳᠠᠯᠳᠠᠯᠠᠬᠤ ᠭᠠᠵᠠᠷ ᠪᠠᠶ᠋ᠢᠯᠭᠠᠬᠤ ᠦᠭᠡᠢ᠂ 《ᠲᠡᠮᠦᠷ ᠮᠠᠯᠠᠭᠠᠢ᠌ᠲᠤ᠌ ᠸᠠᠩ》᠂ 《ᠰᠢᠩᠬᠤᠨ ᠪᠢᠴᠢᠭ ᠲᠡᠮᠦᠷ ᠪᠠᠷᠢᠮᠲᠠ》 ᠪᠠᠶ᠋ᠢᠬᠤ᠎ᠵᠢ ᠶᠠᠭᠠᠬᠢᠭᠰᠠᠨ ᠴᠤ᠌ ᠵᠥᠪᠰᠢᠶᠡᠷᠡᠬᠦ᠌ ᠦᠭᠡᠢ᠃ ᠭᠣᠣᠯᠳᠠᠯᠭ᠎ᠠ ᠲᠠᠢ ᠬᠦᠷᠢᠶ᠎ᠡ᠂ ᠭᠣᠣᠯᠳᠠᠯᠭ᠎ᠠ ᠲᠠᠢ ᠠᠰᠠᠭᠤᠳᠠᠯ᠂ ᠭᠣᠣᠯᠳᠠᠯᠭ᠎ᠠ ᠲᠠᠢ ᠡᠲᠡᠭᠡᠳ᠎ᠢ ᠲᠣᠪᠣᠢ᠌ᠯᠭᠠᠵᠤ᠂ ᠡᠷᠬᠡ ᠲᠥᠪᠯᠡᠷᠡᠭᠰᠡᠨ᠂ ᠪᠡᠯᠡ ᠮᠥᠩᠭᠥ᠌ ᠬᠤᠷᠠᠭᠰᠠᠨ᠂ ᠡᠬᠢ ᠪᠠᠶᠠᠯᠢᠭ ᠡᠯᠪᠡᠭᠵᠢᠭᠰᠡᠨ ᠬᠦᠷᠢᠶᠡᠨ᠎ᠳᠡᠬᠢ ᠢᠯᠵᠢᠷᠡᠯ᠎ᠤᠨ ᠠᠰᠠᠭᠤᠳᠠᠯ᠎ᠢ ᠴᠡᠭᠴᠡᠯᠡᠨ ᠵᠠᠰᠠᠬᠤ᠎ᠵᠢ ᠭᠦᠨᠵᠡᠭᠡᠶ᠋ᠢᠷᠡᠭᠦᠯᠵᠦ᠍᠂ ᠤᠯᠤᠰ ᠲᠥᠷᠥ᠎ᠵᠢᠨ ᠠᠰᠠᠭᠤᠳᠠᠯ ᠪᠠ ᠠᠵᠤ ᠠᠬᠤᠢ᠎ᠵᠢᠨ ᠠᠰᠠᠭᠤᠳᠠᠯ ᠰᠣᠯᠪᠢᠴᠠᠭᠰᠠᠨ᠂ ᠠᠯᠪᠠᠨ ᠲᠤᠰᠢᠶᠠᠯᠲᠠᠨ ᠪᠠ ᠬᠤᠳᠠᠯᠳᠤᠭᠠᠴᠢᠨ ᠰᠦᠯᠪᠡᠭᠡᠯᠡᠭᠰᠡᠨ᠂ ᠤᠯᠤᠰ ᠲᠥᠷᠥ᠎ᠵᠢᠨ ᠬᠦᠷᠢᠶ᠎ᠡ ᠲᠡᠢ᠌ᠰᠢ ᠬᠥᠷᠥᠩᠭᠡ ᠨᠡᠪᠴᠢᠭᠰᠡᠨ ᠵᠡᠷᠭᠡ ᠠᠰᠠᠭᠤᠳᠠᠯ᠎ᠢ ᠭᠣᠣᠯᠳᠠᠯᠭ᠎ᠠ᠎ᠲᠠᠶ ᠪᠠᠶ᠋ᠢᠴᠠᠭᠠᠨ ᠰᠢ᠌ᠳᠪᠦᠷᠢᠯᠡᠵᠦ᠍᠂ ᠡᠯ᠎ᠡ ᠵᠦᠢᠯ᠎ᠦᠨ ᠠᠶᠤᠯ ᠲᠦᠭᠰᠢᠭᠦᠷᠢ᠎ᠵᠢᠨ ᠠᠷᠤ᠎ᠳᠠᠬᠢ ᠢᠯᠵᠢᠷᠡᠯ᠎ᠤᠨ ᠠᠰᠠᠭᠤᠳᠠᠯ᠎ᠢ ᠴᠢᠬᠤᠯᠠᠴᠢᠯᠠᠨ ᠪᠠᠶ᠋ᠢᠴᠠᠭᠠᠨ ᠰᠢ᠌ᠳᠪᠦᠷᠢᠯᠡᠵᠦ᠍᠂ 《ᠵᠠᠩᠭᠢᠯᠠᠭ᠎ᠠ᠎ᠵᠢᠨ ᠴᠥᠭᠡᠨ ᠲᠣᠭᠠᠲᠠᠨ》 ᠢᠯᠠᠩᠭᠤᠶ᠎ᠠ 《ᠨᠢᠭᠡᠳᠦᠭᠡᠷ ᠭᠠᠷ》᠎ᠤ᠋ᠨ ᠢᠯᠵᠢᠷᠡᠯ᠂ ᠵᠠᠯᠠᠭᠤ ᠺᠠᠳ᠋ᠷ᠎ᠤᠨ ᠢᠯᠵᠢᠷᠡᠯ᠎ᠢ ᠬᠦᠴᠦᠯᠡᠨ ᠪᠠᠶ᠋ᠢᠴᠠᠭᠠᠨ ᠰᠢ᠌ᠳᠪᠦᠷᠢᠯᠡᠵᠦ᠍᠂ ᠤᠳᠤᠷᠢᠳᠬᠤ ᠺᠠᠳ᠋ᠷ᠎ᠤᠨ ᠭᠡᠷ ᠪᠦᠯᠢ᠎ᠵᠢᠨ ᠮᠠᠶᠢᠭ᠎ᠤᠨ ᠢᠯᠵᠢᠷᠡᠯ᠂ ᠳᠡᠷᠭᠡᠳᠡᠬᠢ ᠬᠥᠮᠦᠰ᠎ᠦᠨ ᠢᠯᠵᠢᠷᠡᠯ᠎ᠢ ᠴᠢᠩᠭ᠎ᠠ ᠪᠠᠶ᠋ᠢᠴᠠᠭᠠᠨ ᠰᠢ᠌ᠳᠪᠦᠷᠢᠯᠡᠵᠦ᠍᠂ ᠰᠠᠨᠠᠭ᠎ᠠ᠎ᠪᠠᠨ ᠬᠤᠷᠢᠶᠠᠬᠤ ᠦᠭᠡᠢ ᠭᠠᠷ᠎ᠵᠢᠡᠨ ᠲᠠᠲᠠᠬᠤ ᠦᠭᠡᠢ᠂ ᠳᠤᠷ᠎ᠠ ᠵᠣᠷᠢᠭ᠎ᠵᠢᠡᠷ᠎ᠵᠢᠡᠨ ᠠᠭᠠᠰᠢᠯᠠᠳᠠᠭ ᠢᠯᠵᠢᠷᠡᠮᠠᠯ ᠡᠲᠡᠭᠡᠳ᠎ᠢ ᠡᠷᠡᠰ ᠴᠡᠪᠡᠷᠯᠡᠨ ᠠᠷᠢᠯᠭᠠᠨ᠎ᠠ᠃ ᠵᠢᠱ᠌ᠢᠯᠲᠡ ᠠᠰᠢᠭ ᠣᠷᠣᠯᠭ᠎ᠠ᠂ ᠪᠣᠯᠵᠣᠨ ᠲᠣᠭᠲᠠᠭᠠᠳ ᠣᠷᠣᠯᠠᠨ ᠡᠵᠡᠮᠰᠢᠬᠦ᠂ 《ᠴᠠᠭᠠᠨ ᠪᠡᠭᠡᠯᠡᠶ》᠂ ᠵᠠᠰᠠᠭ᠎ᠤᠨ  ᠣᠷᠳᠣᠨ ᠪᠠ ᠬᠤᠳᠠᠯᠳᠤᠭᠠᠴᠢᠨ᠎ᠤ 《ᠡᠷᠭᠢᠯᠳᠦᠭᠡ ᠡᠭᠦᠳᠡ》 ᠵᠡᠷᠭᠡ ᠰᠢᠨ᠎ᠡ ᠬᠡᠯᠪᠡᠷᠢ᠎ᠵᠢᠨ ᠢᠯᠵᠢᠷᠡᠯ ᠪᠠ ᠳᠠᠯᠳᠠ ᠢᠯᠵᠢᠷᠠᠯ᠎ᠢ ᠭᠦᠨᠵᠡᠭᠡᠶ ᠠᠭᠤᠳᠠᠯᠤᠨ ᠨᠠᠷᠢᠨ ᠪᠠᠶ᠋ᠢᠴᠠᠭᠠᠵᠤ᠂ ᠢᠨᠲᠸᠷ ᠰᠦᠯᠵᠢᠶ᠎ᠡ᠂ ᠬᠡᠶ᠋ᠢᠰᠪᠦᠷᠢ ᠵᠣᠭᠣᠰ᠂ ᠬᠢᠯᠢ ᠠᠯᠤᠰᠯᠠᠭᠰᠠᠨ ᠪᠡᠯᠡ ᠮᠥᠩᠭᠥ᠌᠂ ᠬᠡᠰᠡᠭ᠎ᠦᠨ ᠬᠡᠯᠬᠢᠶ᠎ᠡ ᠵᠡᠷᠭᠡ᠎ᠵᠢ ᠠᠰᠢᠭᠯᠠᠨ ᠬᠢᠭᠰᠡᠨ ᠢᠯᠵᠢᠷᠡᠯ᠎ᠤᠨ ᠦᠢᠯᠡ ᠠᠵᠢᠯᠯᠠᠭ᠎ᠠ᠎ᠳᠤ ᠡᠷᠡᠰ ᠴᠣᠬᠢᠯᠲᠠ ᠥᠭᠭᠦᠨ᠎ᠡ᠃ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ᠎ᠤᠨ ᠠᠰᠠᠭᠤᠳᠠᠯ᠎ᠢ ᠪᠠᠶ᠋ᠢᠩᠭᠤᠵᠢᠭᠤᠯᠤᠨ ᠴᠡᠭᠴᠡᠯᠡᠨ ᠵᠠᠰᠠᠵᠤ᠂ ᠠᠵᠢᠯ ᠣᠯᠭᠣᠯᠲᠠ᠂ ᠨᠠᠰᠤᠵᠢᠯ᠎ᠤᠨ ᠠᠰᠠᠷᠠᠮᠵᠢ᠂ ᠨᠡᠶ᠋ᠢᠭᠡᠮ᠎ᠦᠨ ᠪᠠᠲᠤᠯᠠᠭ᠎ᠠ᠂ ᠣᠷᠣᠨ ᠰᠠᠭᠤᠴᠠ᠂ ᠰᠤᠷᠭᠠᠨ ᠬᠥᠮᠦᠵᠢᠯ᠂ ᠡᠮᠨᠡᠯᠭᠡ᠂ ᠲᠠᠷᠢᠶᠠᠯᠠᠩ ᠬᠦᠳᠡᠬᠡ ᠳᠤᠰᠬᠤᠨ ᠲᠠᠷᠢᠶᠠᠴᠢᠨ ᠵᠡᠷᠭᠡ ᠬᠦᠷᠢᠶᠡᠨ᠎ᠳᠡᠬᠢ ᠠᠰᠠᠭᠤᠳᠠᠯ᠎ᠤᠨ ᠲᠣᠭᠣᠷᠢᠨ᠎ᠳᠤ ᠵᠠᠰᠠᠯᠲᠠ᠎ᠪᠡᠨ ᠭᠦᠨᠵᠡᠭᠡᠶ᠋ᠢᠷᠡᠭᠦᠯᠵᠦ᠍᠂ ᠱᠠᠮᠰᠢᠵᠤ ᠡᠵᠡᠯᠡᠨ ᠠᠪᠬᠤ᠂ ᠦᠯᠡᠳᠡᠭᠡᠨ ᠠᠪᠴᠦ᠍ ᠨᠡᠭᠦᠯᠭᠡᠨ ᠬᠡᠷᠡᠭᠯᠡᠬᠦ᠂ ᠬᠤᠳᠠᠯ᠎ᠵᠢᠡᠷ ᠮᠡᠳᠡᠭᠦᠯᠵᠦ᠍ ᠬᠠᠭᠤᠷᠮᠠᠭᠯᠠᠨ ᠠᠪᠬᠤ᠂ ᠢᠳᠡᠬᠦ᠌ ᠠᠪᠬᠤ ᠭᠠᠴᠠᠬᠤ ᠨᠡᠬᠡᠬᠦ᠌ ᠵᠡᠷᠭᠡ ᠠᠰᠠᠭᠤᠳᠠᠯ᠎ᠢ ᠴᠢᠩᠭ᠎ᠠ ᠪᠠᠶ᠋ᠢᠴᠠᠭᠠᠨ ᠰᠢ᠌ᠳᠪᠦᠷᠢᠯᠡᠵᠦ᠍᠂ 《ᠢᠯᠠᠭ᠎ᠠ ᠠᠪᠯᠢᠭᠠᠴᠢ ᠰᠢᠷᠭᠤᠯᠵᠢ ᠢᠯᠵᠢᠷᠡᠭᠴᠢ》᠎ᠵᠢ ᠴᠢᠩᠭ᠎ᠠ ᠰᠢ᠌ᠳᠬᠡᠵᠦ᠍᠂ ᠬᠠᠷ᠎ᠠ ᠬᠠᠷᠭᠢᠰ ᠬᠦᠴᠦᠨ᠎ᠢ ᠠᠷᠢᠯᠭᠠᠬᠤ ᠦᠮᠦᠭ ᠲᠦᠰᠢᠭ᠎ᠢ ᠨᠢ ᠠᠷᠢᠯᠭᠠᠵᠤ ᠬᠠᠷᠢᠴᠠᠭ᠎ᠠ ᠰᠦᠯᠪᠡᠭᠡ᠎ᠵᠢ ᠨᠢ ᠲᠠᠰᠤᠯᠬᠤ ᠠᠵᠢᠯᠯᠠᠭ᠎ᠠ᠎ᠵᠢ ᠦᠷᠭᠦᠯᠵᠢᠯᠡᠨ ᠠᠬᠢᠭᠤᠯᠤᠨ᠎ᠠ᠃ ᠢᠯᠵᠢᠷᠡᠯ᠎ᠢ ᠡᠰᠡᠷᠭᠦᠴᠡᠬᠦ᠌ ᠤᠯᠠᠨ ᠤᠯᠤᠰ᠎ᠤᠨ ᠬᠠᠮᠲᠤᠷᠠᠯᠴᠠᠭ᠎ᠠ᠎ᠵᠢ ᠭᠦᠨᠵᠡᠭᠡᠶ᠋ᠢᠷᠡᠭᠦᠯᠵᠦ᠍᠂ ᠣᠷᠭᠣᠳᠠᠭᠤᠯ ᠭᠡᠷᠡᠭᠳᠡᠨ᠎ᠢ ᠨᠡᠬᠡᠮᠵᠢᠯᠡᠬᠦ᠌ ᠣᠷᠭᠣᠬᠤ ᠡᠴᠡ ᠰᠡᠷᠭᠡᠶ᠋ᠢᠯᠡᠬᠦ᠌ ᠪᠠ ᠪᠤᠵᠠᠷ ᠵᠤᠭᠤᠰ ᠪᠤᠵᠠᠷ ᠡᠳ᠋᠎ᠢ ᠨᠡᠬᠡᠮᠵᠢᠯᠡᠬᠦ᠌᠎ᠵᠢ ᠴᠢᠩᠭᠠᠳᠬᠠᠵᠤ᠂ ᠬᠢᠯᠢ ᠠᠯᠤᠰᠯᠠᠭᠰᠠᠨ ᠢᠯᠵᠢᠷᠡᠯ᠎ᠤᠨ ᠬᠡᠷᠡᠭ᠎ᠢ ᠪᠠᠶ᠋ᠢᠴᠠᠭᠠᠨ ᠰᠢ᠌ᠳᠪᠦᠷᠢᠯᠡᠬᠦ᠌ ᠡᠷᠴᠢᠮ᠎ᠵᠢᠡᠨ ᠴᠢᠩᠭᠠᠷᠠᠭᠤᠯᠤᠨ᠎ᠠ᠃ ᠬᠡᠭᠡᠯᠢ ᠢᠳᠡᠬᠦ᠌ ᠪᠠ ᠬᠠᠬᠤᠤᠯᠢ ᠲᠦᠯᠬᠢᠬᠦ᠌᠎ᠵᠢ ᠬᠠᠮᠲᠤ᠎ᠳᠤᠨᠢ ᠪᠠᠶ᠋ᠢᠴᠠᠭᠠᠬᠤ᠎ᠵᠢ ᠭᠦᠨᠵᠡᠭᠡᠢ᠌ᠷᠡᠭᠦᠯᠵᠦ᠍᠂ ᠬᠠᠬᠤᠤᠯᠢ ᠲᠦᠯᠬᠢᠬᠦ᠌ ᠦᠢᠯᠡ ᠠᠵᠢᠯᠯᠠᠭ᠎ᠠ᠎ᠵᠢ ᠳᠦᠷᠢᠮ ᠲᠣᠭᠲᠠᠭᠠᠯ ᠰᠠᠬᠢᠯᠭ᠎ᠠ ᠪᠠᠲᠤ᠌ ᠬᠠᠤᠯᠢ ᠴᠠᠭᠠᠵᠠ ᠶᠣᠰᠣᠭᠠᠷ ᠪᠠᠶ᠋ᠢᠴᠠᠭᠠᠨ ᠰᠢ᠌ᠳᠪᠦᠷᠢᠯᠡᠵᠦ᠍᠂ ᠭᠣᠣᠯᠳᠠᠯᠭ᠎ᠠ ᠲᠠᠢ ᠬᠠᠬᠤᠤᠯᠢ ᠲᠦᠯᠬᠢᠭᠴᠢ᠎ᠵᠢ ᠬᠣᠯᠪᠣᠭᠠᠯᠠᠨ ᠵᠠᠯᠬᠠᠭᠠᠵᠤ ᠴᠡᠭᠡᠷᠯᠡᠭᠦᠯᠬᠦ᠌᠎ᠪᠠᠨ ᠴᠢᠩᠭᠠᠳᠬᠠᠨ᠂ 《ᠬᠣᠮᠣᠷᠭᠠᠯᠠᠬᠤ》 ᠦᠢᠯᠡ ᠠᠵᠢᠯᠯᠠᠭ᠎ᠠ᠎ᠵᠢ ᠰᠡᠷᠭᠡᠶ᠋ᠢᠯᠡᠬᠦ᠌ ᠪᠠ ᠲᠡᠭᠦᠨ᠎ᠳᠦ ᠴᠣᠬᠢᠯᠲᠠ ᠥᠭᠭᠦᠨ᠎ᠡ᠃ ᠠᠷᠢᠭᠤᠨ ᠴᠢᠬᠡᠴᠢ᠎ᠵᠢᠨ ᠠᠶᠤᠯ ᠲᠦᠭᠰᠢᠭᠦᠷᠢ᠎ᠵᠢᠨ ᠳᠠᠯᠳᠠ ᠭᠡᠮ᠎ᠢ ᠬᠥᠳᠡᠯᠦᠩᠭᠦᠶ ᠪᠡᠷ ᠬᠢᠨᠠᠨ ᠬᠡᠮᠵᠢᠬᠦ᠌᠎ᠵᠢ ᠴᠢᠩᠭᠠᠳᠬᠠᠵᠤ᠂ ᠢᠯᠵᠢᠷᠡᠯ᠎ᠢ ᠤᠷᠢᠳᠴᠢᠯᠠᠨ ᠰᠡᠷᠡᠮᠵᠢᠯᠡᠭᠦᠯᠬᠦ᠌ ᠪᠠ ᠵᠠᠯᠬᠠᠭᠠᠨ ᠰᠢ᠌ᠳᠭᠡᠬᠦ᠌ ᠲᠠᠯ᠎ᠠ ᠪᠡᠷ ᠬᠣᠯᠪᠣᠯᠳᠣᠨ ᠬᠥᠳᠡᠯᠦᠯᠴᠡᠬᠦ᠌ ᠲᠣᠭᠲᠠᠴᠠ᠎ᠵᠢ ᠪᠠᠶ᠋ᠢᠭᠤᠯᠤᠨ᠎ᠠ᠃ ᠬᠦᠨᠳᠦ ᠶᠡᠬᠡ ᠢᠯᠵᠢᠷᠡᠯ᠎ᠤᠨ ᠬᠡᠷᠡᠭ ᠭᠠᠷᠤᠭᠰᠠᠨ ᠣᠷᠣᠨ ᠨᠤᠲᠤᠭ᠂ ᠰᠠᠯᠠᠭ᠎ᠠ ᠮᠥᠴᠢᠷ ᠪᠣᠯᠤᠨ ᠨᠢᠭᠡᠴᠢ᠎ᠵᠢᠨ ᠬᠣᠣᠷ ᠨᠥᠯᠥᠭᠡ᠎ᠵᠢ ᠲᠤᠶ᠋ᠢᠯᠪᠤᠷᠢᠲᠠᠶ ᠠᠷᠢᠯᠭᠠᠬᠤ᠂ ᠤᠯᠤᠰ ᠲᠦᠷᠦ᠎ᠵᠢᠨ ᠠᠮᠢ ᠠᠬᠤᠶ᠎ᠵᠢ ᠵᠠᠰᠠᠨ ᠰᠡᠷᠭᠦᠭᠡᠬᠦ᠌᠎ᠵᠢ ᠠᠬᠢᠭᠤᠯᠤᠨ᠎ᠠ᠃

(ᠬᠣᠶᠠᠷ) ᠡᠷᠬᠡ᠎ᠵᠢᠨ ᠠᠵᠢᠯᠯᠠᠭᠠᠨ᠎ᠤ ᠲᠤᠬᠠᠢ ᠬᠢᠵᠠᠭᠠᠷᠯᠠᠯ ᠪᠠ ᠬᠢᠨᠠᠯᠲᠠ᠎ᠵᠢ ᠴᠢᠩᠭᠠᠳᠬᠠᠨ᠎ᠠ᠃ ᠲᠥᠪ ᠭᠣᠣᠯᠴᠢ᠎ᠪᠠᠷ ᠡᠷᠬᠡ᠎ᠪᠡᠨ ᠬᠡᠷᠡᠭᠯᠡᠬᠦ᠂ ᠬᠠᠤᠯᠢ ᠶᠣᠰᠣᠭᠠᠷ ᠡᠷᠬᠡ᠎ᠪᠡᠨ ᠬᠡᠷᠡᠭᠯᠡᠬᠦ᠂ ᠠᠷᠢᠭᠤᠨ ᠴᠢᠬᠡᠴᠢ᠎ᠪᠡᠷ ᠡᠷᠬᠡ᠎ᠪᠡᠨ ᠬᠡᠷᠡᠭᠯᠡᠬᠦ᠂ ᠠᠷᠠᠳ᠎ᠤᠨ ᠲᠥᠯᠥᠭᠡ ᠡᠷᠬᠡ᠎ᠪᠠᠨ ᠬᠡᠷᠡᠭᠯᠡᠬᠦ᠌᠎ᠵᠢ ᠪᠠᠷᠢᠮᠲᠠᠯᠠᠵᠤ᠂ ᠡᠷᠬᠡ ᠮᠡᠳᠡᠨ ᠳᠤᠷ᠎ᠠ᠎ᠪᠠᠷ᠎ᠵᠢᠡᠨ ᠠᠭᠠᠰᠢᠯᠠᠬᠤ᠂ ᠡᠷᠬᠡ᠎ᠪᠡᠨ ᠳᠤᠷ᠎ᠠ᠎ᠪᠠᠷ ᠵᠢᠡᠨ  ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭᠠᠶ᠋ᠢᠯᠠᠬᠤ ᠵᠡᠷᠭᠡ ᠦᠢᠯᠡ ᠠᠵᠢᠯᠯᠠᠭ᠎ᠠ᠎ᠵᠢ ᠰᠡᠷᠭᠡᠶ᠋ᠢᠯᠡᠬᠦ᠌ ᠪᠠ ᠵᠠᠯᠠᠷᠠᠭᠤᠯᠤᠨ ᠵᠠᠰᠠᠨ᠎ᠠ᠃ ᠡᠷᠬᠡ ᠣᠯᠭᠣᠬᠤ ᠡᠷᠬᠡ᠎ᠵᠢ ᠬᠡᠷᠡᠭᠯᠡᠬᠦ᠌ ᠡᠷᠬᠡ᠎ᠵᠢ ᠬᠢᠵᠠᠭᠠᠷᠯᠠᠬᠤ᠎ᠵᠢ ᠨᠢᠭᠡᠳᠬᠡᠬᠦ᠂ ᠲᠣᠳᠣ ᠢᠯᠡᠷᠬᠡᠢ ᠪᠥᠭᠡᠳ ᠥᠭᠰᠦᠨ ᠨᠡᠭᠡᠮᠵᠢᠯᠡᠵᠦ᠍ ᠪᠣᠯᠬᠤ ᠳᠦᠷᠢᠮ ᠲᠣᠭᠲᠠᠴᠠ᠎ᠵᠢ ᠪᠦᠷᠢᠨᠰᠢᠭᠦᠯᠵᠦ᠍᠂ ᠡᠷᠬᠡ᠎ᠵᠢᠨ ᠲᠣᠬᠢᠷᠠᠭᠤᠯᠤᠯᠲᠠ᠂ ᠡᠷᠬᠡ᠎ᠵᠢᠨ ᠠᠵᠢᠯᠯᠠᠭᠠᠨ᠎ᠢ ᠵᠢᠷᠤᠮᠵᠢᠭᠤᠯᠬᠤ ᠪᠠ ᠲᠡᠭᠦᠨ᠎ᠳᠤ ᠬᠢᠨᠠᠯᠲᠠ ᠲᠠᠯᠪᠢᠬᠤ᠎ᠵᠢ ᠴᠢᠩᠭᠠᠳᠬᠠᠵᠤ᠂ ᠴᠠᠭ ᠲᠤᠬᠠᠶ᠎ᠳᠤᠨᠢ ᠠᠰᠠᠭᠤᠳᠠᠯ᠎ᠢ ᠢᠯᠡᠷᠡᠭᠦᠯᠵᠦ᠍᠂ ᠬᠠᠵᠠᠭᠠᠢ ᠪᠤᠷᠤᠭᠤ᠎ᠵᠢ ᠵᠠᠯᠠᠷᠠᠭᠤᠯᠵᠤ᠂ ᠡᠷᠬᠡ᠎ᠵᠢ ᠨᠡᠩ ᠰᠢᠨᠵᠢᠯᠡᠬᠦ᠌ ᠤᠬᠠᠭᠠᠨᠴᠢ ᠪᠥᠭᠡᠳ ᠪᠦᠲᠦᠮᠵᠢᠲᠡᠶ᠎ᠪᠡᠷ ᠲᠦᠷᠢᠮ᠎ᠦᠨ ᠰᠢᠩᠭᠡᠯᠢᠭ᠎ᠲᠦ᠍ ᠬᠣᠷᠢᠨ᠎ᠠ᠃ ᠲᠥᠷᠥ᠎ᠵᠢᠨ ᠪᠣᠳᠣᠯᠭ᠎ᠠ ᠲᠣᠭᠲᠠᠭᠠᠬᠤ᠂ ᠬᠡᠷᠡᠭ ᠵᠥᠪᠯᠡᠬᠦ᠌ ᠪᠣᠳᠣᠯᠭ᠎ᠠ ᠲᠣᠭᠲᠠᠭᠠᠬᠤ᠂ ᠬᠢᠨᠠᠨ ᠵᠥᠪᠰᠢᠶᠡᠷᠡᠬᠦ᠌ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠬᠦ᠌ ᠬᠠᠤᠯᠢ ᠪᠠᠷᠢᠬᠤ ᠵᠡᠷᠭᠡ ᠵᠠᠩᠭᠢᠯᠠᠭ᠎ᠠ᠎ᠵᠢᠨ ᠭᠣᠭᠴᠣᠭ᠎ᠠ᠎ᠵᠢ ᠠᠳᠬᠤᠵᠤ᠂ ᠲᠤᠰᠢᠶᠠᠯ ᠬᠠᠷᠢᠭᠤᠴᠠᠯᠭ᠎ᠠ᠎ᠵᠢᠨ ᠡᠷᠬᠡ᠎ᠵᠢᠨ ᠬᠡᠪᠴᠢᠶ᠎ᠡ᠂ ᠡᠷᠬᠡ ᠬᠡᠷᠡᠭᠵᠢᠭᠦᠯᠬᠦ᠌ ᠵᠠᠭᠠᠭ ᠬᠢᠵᠠᠭᠠᠷ᠂ ᠠᠵᠢᠯ᠎ᠤᠨ ᠵᠢᠷᠤᠮ᠎ᠢ ᠵᠢᠷᠤᠮᠵᠢᠭᠤᠯᠵᠤ᠂ ᠴᠢᠯᠥᠭᠡᠲᠦ᠍ ᠲᠠᠰᠤᠯᠤᠯᠲᠠ᠎ᠵᠢᠨ ᠡᠷᠬᠡ᠎ᠵᠢ ᠵᠢᠷᠤᠮᠵᠢᠭᠤᠯᠵᠤ᠂ ᠡᠷᠬᠡ᠎ᠵᠢᠨ ᠲᠦᠷᠢᠶᠡᠰᠦᠯᠡᠯ ᠵᠤᠬᠢᠶᠠᠬᠤ ᠪᠠ ᠡᠷᠬᠡ᠎ᠵᠢᠨ ᠲᠦᠷᠢᠶᠡᠰᠦᠯᠡᠯ ᠡᠷᠢᠬᠦ᠌ ᠡᠴᠡ ᠰᠡᠷᠭᠡᠶ᠋ᠢᠯᠡᠨ᠎ᠠ᠃ ᠭᠣᠣᠯᠳᠠᠯᠭ᠎ᠠ᠎ᠲᠠᠶ ᠬᠦᠷᠢᠶ᠎ᠡ᠂ ᠰᠢᠨ᠎ᠡ ᠬᠦᠷᠢᠶᠡᠨ᠎ᠳᠡᠬᠢ ᠡᠷᠬᠡ᠎ᠵᠢᠨ ᠠᠵᠢᠯᠯᠠᠭᠠᠨ᠎ᠢ ᠵᠢᠷᠤᠮᠵᠢᠭᠤᠯᠬᠤ ᠪᠠ ᠬᠢᠵᠠᠭᠠᠷᠯᠠᠬᠤ ᠲᠣᠭᠲᠠᠴᠠ᠎ᠵᠢᠨ ᠪᠠᠶ᠋ᠢᠭᠤᠯᠤᠯᠲᠠ᠎ᠵᠢ ᠲᠦᠷᠭᠡᠳᠬᠡᠨ᠎ᠡ᠃ ᠭᠣᠣᠯᠳᠠᠯᠭ᠎ᠠ᠎ᠲᠠᠶ ᠠᠵᠢᠯ ᠲᠥᠷᠥᠯ᠎ᠦᠨ ᠡᠷᠬᠡ᠎ᠵᠢᠨ ᠲᠣᠳᠣᠷᠬᠠᠢ ᠬᠠᠭᠤᠳᠠᠰᠤ᠂ ᠦᠨᠳᠦᠰᠦᠨ ᠱᠠᠲᠤᠨ᠎ᠤ ᠵᠢᠵᠢᠭ ᠪᠢᠴᠢᠯ ᠡᠷᠬᠡ᠎ᠵᠢᠨ ᠲᠣᠳᠣᠷᠬᠠᠢ ᠬᠠᠭᠤᠳᠠᠰᠤ᠎ᠵᠢ ᠪᠠᠶ᠋ᠢᠭᠤᠯᠤᠨ᠎ᠠ᠃ ᠤᠳᠤᠷᠢᠳᠬᠤ ᠺᠠᠳ᠋ᠷ ᠬᠠᠤᠯᠢ ᠪᠠᠷᠢᠬᠤ ᠠᠵᠢᠯᠯᠠᠭ᠎ᠠ᠎ᠵᠢ ᠨᠥᠯᠥᠭᠡᠯᠡᠭᠰᠡᠨ᠂ ᠪᠣᠳᠠᠲᠠᠢ ᠬᠡᠷᠡᠭ᠎ᠢ ᠰᠢ᠌ᠳᠪᠦᠷᠢᠯᠡᠬᠦ᠌᠎ᠳᠤ ᠭᠠᠷ ᠳᠦᠷᠦᠭᠰᠡᠨ᠎ᠢ ᠲᠡᠮᠳᠡᠭᠯᠡᠵᠦ᠍ ᠵᠠᠷᠯᠠᠨ ᠨᠠᠶ᠋ᠢᠳᠡᠯᠡᠬᠦ᠌ ᠲᠦᠷᠢᠮ᠎ᠢ ᠨᠠᠶ᠋ᠢᠳᠠᠪᠤᠷᠢᠵᠢᠭᠤᠯᠤᠨ᠎ᠠ᠃

(ᠭᠤᠷᠪᠠ) ᠠᠷᠢᠭᠤᠨ ᠴᠢᠬᠡᠴᠢ᠎ᠵᠢ ᠡᠷᠬᠢᠮᠯᠡᠨ ᠢᠯᠵᠢᠷᠡᠯ᠎ᠢ ᠡᠰᠡᠷᠭᠦᠴᠡᠬᠦ᠌ ᠦᠵᠡᠯ ᠰᠠᠨᠠᠭᠠᠨ᠎ᠤ ᠰᠠᠭᠤᠷᠢ᠎ᠵᠢ ᠪᠡᠬᠢᠵᠢᠭᠦᠯᠦᠨ᠎ᠡ᠃ ᠰᠢᠨ᠎ᠡ ᠴᠠᠭ ᠦᠶ᠎ᠡ᠎ᠵᠢᠨ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ᠎ᠵᠢ ᠴᠢᠩᠭᠠᠳᠬᠠᠵᠤ᠂ ᠠᠭᠤᠯᠭ᠎ᠠ ᠪᠣᠯᠤᠨ ᠠᠴᠢᠶᠠᠯᠠᠪᠤᠷᠢ᠎ᠵᠢ ᠪᠠᠶᠠᠯᠢᠬᠵᠢᠭᠤᠯᠵᠤ᠂ ᠨᠠᠮ᠎ᠤᠨ ᠭᠡᠰᠢᠭᠦᠨ᠂ ᠺᠠᠳ᠋ᠷ᠎ᠢ ᠬᠥᠮᠥᠵᠢᠭᠦᠯᠵᠦ᠍ ᠬᠥᠲᠥᠯᠥᠨ ᠵᠢᠯᠣᠭᠣᠳᠴᠤ᠌ ᠪᠠᠢ᠌ᠭᠠᠳ ᠪᠡᠶ᠎ᠡ᠎ᠪᠠᠨ ᠬᠢᠴᠢᠶᠡᠵᠦ᠍ ᠪᠡᠶ᠎ᠡ᠎ᠪᠡᠨ ᠲᠤᠩᠭᠠᠬᠤ ᠪᠣᠯᠭᠠᠵᠤ᠂ ᠭᠠᠭᠴᠠᠭᠠᠷ ᠪᠠᠢ᠌ᠬᠤ᠎ᠳᠠᠭᠠᠨ ᠴᠤ᠌ ᠬᠢᠴᠢᠶᠡᠩᠭᠦᠢ᠌ᠯᠡᠨ ᠵᠢᠵᠢᠭᠭᠡᠨ ᠶᠠᠪᠤᠳᠠᠯ᠎ᠳᠤ ᠴᠤ᠌ ᠪᠤᠯᠭᠤᠮᠵᠢᠳᠠᠢ ᠪᠠᠢ᠌ᠯᠭᠠᠵᠤ᠂ ᠤᠬᠠᠮᠰᠠᠷ᠎ᠡᠴᠠ᠎ᠪᠠᠨ ᠢᠯᠵᠢᠷᠠᠯ᠎ᠢ ᠡᠰᠡᠷᠭᠦᠴᠡᠨ ᠬᠤᠪᠢᠷᠠᠬᠤ᠎ᠡᠴᠡ ᠰᠡᠷᠭᠡᠶ᠋ᠢᠯᠡᠬᠦ᠌ ᠪᠣᠯᠭᠠᠨ᠎ᠠ᠃ ᠢᠳᠡᠪᠬᠢᠲᠡᠶ ᠪᠥᠭᠡᠳ ᠡᠷᠡᠭᠦᠯ ᠨᠠᠮ᠎ᠤᠨ ᠳᠣᠲᠣᠭᠠᠳᠤ᠎ᠵᠢᠨ ᠤᠯᠤᠰ ᠲᠦᠷᠦ᠎ᠵᠢᠨ ᠰᠣᠶᠣᠯ᠎ᠢ ᠬᠥᠭᠵᠢᠭᠦᠯᠵᠦ᠍᠂ ᠨᠠᠮ᠎ᠤᠨ ᠰᠢᠨ᠎ᠡ ᠡᠭᠦᠳᠦᠯᠳᠡ᠎ᠵᠢᠨ ᠤᠨᠤᠯ᠎ᠳᠤ ᠠᠭᠤᠯᠤᠭᠳᠠᠵᠤ ᠪᠠᠶ᠋ᠢᠭ᠎ᠠ ᠬᠦᠰᠡᠯᠡᠩ ᠢᠲᠡᠭᠡᠯ ᠵᠣᠷᠢᠭ᠂ ᠦᠷᠳᠡᠭ᠎ᠦᠨ ᠣᠶ᠋ᠢᠯᠠᠭᠠᠭᠳᠠᠬᠤᠨ᠂ ᠶᠣᠰᠣ ᠰᠤᠷᠲᠠᠬᠤᠨ᠎ᠤ ᠦᠵᠡᠯᠳᠠ᠂ ᠰᠠᠬᠢᠯᠭ᠎ᠠ ᠪᠠᠲᠤ᠌ ᠬᠠᠤᠯᠢ ᠴᠠᠭᠠᠵᠠ᠎ᠵᠢᠨ ᠤᠬᠠᠮᠰᠠᠷ᠎ᠢ ᠬᠡᠷᠡᠭᠯᠡᠨ ᠨᠠᠮ᠎ᠤᠨ ᠭᠡᠰᠢᠭᠦᠨ᠂ ᠺᠠᠳ᠋ᠷ᠎ᠤᠨ ᠠᠷᠢᠭᠤᠨ ᠴᠢᠬᠡᠴᠢ ᠬᠡᠪ ᠰᠤᠷᠲᠠᠯ᠎ᠢ ᠬᠠᠳᠠᠭᠤᠵᠢᠭᠤᠯᠤᠨ ᠪᠤᠯᠪᠠᠰᠤᠷᠠᠭᠤᠯᠤᠨ᠎ᠠ᠃ ᠠᠷᠢᠭᠤᠨ ᠴᠢᠬᠡᠴᠢ᠎ᠵᠢᠨ ᠰᠣᠶᠣᠯ᠎ᠢ ᠨᠡᠶ᠋ᠢᠭᠡᠮ ᠵᠢᠷᠤᠮ᠎ᠤᠨ ᠭᠣᠣᠯᠯᠠᠬᠤ ᠥᠷᠲᠡᠭ᠎ᠦᠨ ᠦᠵᠡᠯᠲᠡ᠎ᠵᠢᠨ ᠪᠠᠶ᠋ᠢᠭᠤᠯᠤᠯᠲᠠ᠎ᠳᠤ ᠠᠭᠤᠰᠬᠠᠨ ᠤᠷᠤᠭᠤᠯᠵᠤ᠂ ᠠᠷᠢᠭᠤᠨ ᠴᠢᠬᠡᠴᠢ᠎ᠵᠢᠨ ᠬᠥᠮᠦᠵᠢᠯ᠎ᠢ ᠠᠷᠠᠳ ᠢᠷᠭᠡᠨ᠎ᠤ ᠰᠤᠷᠭᠠᠨ ᠬᠥᠮᠦᠵᠢᠯ᠎ᠦᠨ ᠰᠢᠰᠲ᠋ᠧᠮ᠎ᠳᠦ ᠠᠭᠤᠰᠬᠠᠨ ᠤᠷᠤᠭᠤᠯᠵᠤ᠂ ᠠᠷᠢᠭᠤᠨ ᠴᠢᠬᠡᠴᠢ ᠪᠠᠢ᠌ᠬᠤ ᠨᠢ ᠢᠷᠠᠭᠤ ᠠᠯᠳᠠᠷ ᠲᠠᠢ ᠱᠠᠮᠰᠢᠵᠤ ᠢᠯᠵᠢᠷᠠᠬᠦ᠌ ᠨᠢ ᠢᠴᠢᠭᠦᠷᠢ ᠭᠤᠲᠤᠮᠰᠢᠭ᠎ᠲᠠᠶ ᠭᠡᠬᠦ᠌ ᠨᠡᠶ᠋ᠢᠭᠡᠮ᠎ᠦᠨ ᠠᠭᠤᠷ ᠠᠮᠢᠰᠬᠤᠯ᠎ᠢ ᠪᠤᠢ ᠪᠣᠯᠭᠠᠨ᠎ᠠ᠃ ᠠᠷᠢᠭᠤᠨ ᠴᠢᠬᠡᠴᠢ᠎ᠵᠢᠨ ᠤᠬᠠᠭᠤᠯᠭ᠎ᠠ ᠬᠥᠮᠦᠵᠢᠯ᠎ᠦᠨ ᠲᠣᠭᠲᠠᠴᠠ᠎ᠵᠢᠨ ᠰᠢᠨ᠎ᠡ᠎ᠵᠢ ᠡᠭᠦᠳᠴᠦ᠍᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠎ᠵᠢ ᠬᠣᠯᠪᠤᠯᠳᠣᠭᠤᠯᠤᠨ ᠬᠥᠳᠡᠯᠦᠯᠴᠡᠭᠦᠯᠵᠦ᠍᠂ ᠠᠭᠤᠯᠭ᠎ᠠ ᠪᠠ ᠠᠷᠭ᠎ᠠ ᠮᠠᠶᠢᠭ᠎ᠢ ᠱᠠᠲᠤ᠌ ᠬᠤᠪᠢᠶᠠᠨ ᠲᠥᠷᠥᠯ ᠬᠤᠪᠢᠶᠠᠨ ᠲᠣᠭᠲᠠᠭᠠᠵᠤ᠂ ᠬᠠᠨᠳᠤᠯᠭᠠᠲᠤ᠌ ᠴᠢᠨᠠᠷ ᠪᠦᠳᠦᠮᠵᠢᠳᠦ ᠴᠢᠨᠠᠷ᠎ᠢ ᠴᠢᠩᠭᠠᠳᠬᠠᠨ᠎ᠠ᠃ ᠠᠵᠢᠯᠴᠢ ᠠᠷᠪᠢᠴᠢ ᠠᠷᠢᠭᠤᠨ ᠴᠢᠬᠡᠴᠢ᠎ᠵᠢᠨ ᠨᠡᠶ᠋ᠢᠲᠡᠯᠢᠭ ᠵᠢᠱ᠌ᠢᠶ᠎ᠡ᠎ᠵᠢᠨ ᠳᠠᠭᠤᠷᠢᠶᠠᠯ ᠦᠵᠡᠭᠦᠯᠬᠦ᠌ ᠬᠥᠲᠥᠯᠥᠨ ᠳᠠᠭᠠᠭᠤᠯᠬᠤ ᠦᠢᠯᠡᠳᠦᠯ ᠪᠠ ᠰᠠᠬᠢᠯᠭ᠎ᠠ ᠪᠠᠲᠤ᠎ᠡᠴᠡ ᠵᠥᠷᠢᠴᠡᠭᠰᠡᠨ ᠬᠠᠤᠯᠢ ᠴᠠᠭᠠᠵᠠ᠎ᠡᠴᠡ ᠵᠥᠷᠢᠴᠡᠭᠰᠡᠨ ᠬᠡᠷᠡᠭ᠎ᠦᠨ ᠵᠢᠱ᠌ᠢᠶ᠎ᠡ᠎ᠵᠢᠨ ᠰᠡᠷᠡᠮᠵᠢᠯᠡᠭᠦᠯᠬᠦ᠌ ᠰᠦᠷᠳᠡᠭᠦᠯᠬᠦ᠌ ᠦᠢᠯᠡᠳᠦᠯ᠎ᠢ ᠪᠠᠳᠠᠷᠠᠭᠤᠯᠤᠨ᠎ᠠ᠃ ᠤᠳᠤᠷᠢᠳᠬᠤ ᠺᠠᠳ᠋ᠷ᠎ᠤᠨ ᠲᠦᠷᠦᠭᠦᠯᠡᠨ ᠵᠠᠰᠠᠭ᠎ᠤᠨ ᠣᠷᠳᠣᠨ ᠪᠠ ᠬᠤᠳᠠᠯᠳᠤᠭᠠᠴᠢᠨ᠎ᠤ ᠬᠣᠭᠣᠷᠣᠨᠳᠣᠬᠢ ᠳᠣᠲᠣᠨᠣ ᠴᠢᠬᠡᠴᠢ ᠬᠠᠷᠢᠴᠠᠭ᠎ᠠ᠎ᠵᠢ ᠪᠠᠢ᠌ᠭᠤᠯᠵᠤ᠂ ᠭᠡᠷ ᠪᠦᠯᠢ ᠭᠡᠷ᠎ᠤᠨ ᠰᠤᠷᠭᠠᠯ ᠭᠡᠷ᠎ᠦᠨ ᠰᠤᠷᠲᠠᠯ᠎ᠤᠨ ᠪᠠᠶ᠋ᠢᠭᠤᠯᠤᠯᠲᠠ ᠪᠡᠨ ᠴᠢᠩᠭᠠᠳᠬᠠᠨ᠂ ᠲᠥᠷᠥᠯ ᠰᠠᠳᠤᠨ ᠪᠠ ᠳᠡᠷᠭᠡᠳᠡᠬᠢ ᠠᠵᠢᠯᠲᠠᠨ᠎ᠵᠢᠡᠨ ᠴᠢᠩᠭ᠎ᠠ ᠬᠥᠮᠦᠵᠢᠭᠦᠯᠦᠨ ᠬᠠᠮᠢᠶᠠᠷᠬᠤ᠎ᠵᠢ ᠰᠢᠪᠠᠳᠠᠭᠤᠯᠤᠨ᠎ᠠ᠃

(ᠳᠥᠷᠪᠡ) ᠢᠯᠵᠢᠷᠡᠬᠥ᠌ ᠵᠣᠷᠢᠭ ᠦᠭᠡᠢ ᠢᠯᠵᠢᠷᠠᠵᠤ ᠲᠠᠢ᠌ᠯᠬᠥ᠌ ᠦᠭᠡᠢ ᠢᠯᠵᠢᠷᠡᠬᠥ᠌ ᠵᠢ ᠪᠣᠳᠣᠬᠤ ᠦᠭᠡᠢ ᠪᠣᠯᠭᠠᠬᠤ᠎ᠵᠢ ᠨᠢᠭᠡ ᠴᠣᠭᠴᠠᠵᠢᠭᠤᠯᠤᠨ ᠠᠬᠢᠭᠤᠯᠬᠤ᠎ᠵᠢᠨ ᠶᠡᠷᠦᠩᠬᠡᠶ᠋ᠢᠯᠡᠭᠰᠡᠨ ᠦᠢᠯᠡᠳᠦᠯ ᠴᠢᠳᠠᠪᠤᠷᠢ᠎ᠵᠢ ᠴᠢᠩᠭᠠᠳᠬᠠᠨ᠎ᠠ᠃ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠵᠢᠨ ᠨᠥᠬᠥᠴᠡᠯ ᠳᠣᠣᠷᠠᠬᠢ ᠢᠯᠵᠢᠷᠡᠯ᠎ᠢ ᠡᠰᠡᠷᠭᠦᠴᠡᠬᠦ᠌ ᠵᠢᠮ᠎ᠡ ᠶᠣᠰᠣ᠎ᠵᠢ ᠭᠦᠨᠵᠡᠭᠡᠶ ᠰᠤᠳᠤᠯᠤᠨ ᠡᠵᠡᠮᠰᠢᠵᠦ᠍᠂ ᠢᠯᠵᠢᠷᠡᠯ᠎ᠢ ᠡᠰᠡᠷᠭᠦᠴᠡᠬᠦ᠌ ᠬᠠᠤᠯᠢ ᠴᠠᠭᠠᠵᠠ ᠬᠠᠤᠯᠢ ᠲᠣᠭᠲᠠᠭᠠᠯ᠎ᠢ ᠪᠦᠷᠢᠨᠰᠢᠭᠦᠯᠵᠦ᠍᠂ ᠢᠯᠵᠢᠷᠡᠬᠥ᠌ ᠵᠣᠷᠢᠭ ᠦᠭᠡᠢ ᠢᠯᠵᠢᠷᠠᠵᠤ ᠲᠠᠢ᠌ᠯᠬᠥ᠌ ᠦᠭᠡᠢ ᠢᠯᠵᠢᠷᠡᠬᠥ᠌ ᠵᠢ ᠪᠣᠳᠣᠬᠤ ᠦᠭᠡᠢ ᠪᠣᠯᠭᠠᠬᠤ᠎ᠵᠢ ᠬᠠᠮᠲᠤ᠌ ᠪᠠᠷ ᠬᠦᠴᠦᠯᠡᠬᠦᠯᠬᠦ᠂ ᠢᠵᠢᠯ ᠴᠢᠭᠯᠡᠯ᠎ᠵᠢᠡᠷ ᠬᠦᠴᠦᠯᠡᠬᠦᠯᠬᠦ᠂ ᠶᠡᠷᠦᠩᠬᠡᠶ᠋ᠢᠯᠡᠨ ᠬᠦᠴᠦᠯᠡᠬᠦᠯᠬᠦ᠌ ᠵᠢ ᠪᠠᠷᠢᠮᠲᠠᠯᠠᠵᠤ᠂ ᠢᠯᠵᠢᠷᠡᠯ᠎ᠤᠨ ᠡᠭᠦᠰᠬᠦ᠌ ᠬᠥᠷᠥᠰᠥ᠍ ᠰᠢᠷᠣᠶ ᠪᠠ ᠨᠥᠬᠥᠴᠡᠯ᠎ᠢ ᠬᠦᠴᠦᠯᠡᠨ ᠠᠷᠢᠯᠭᠠᠨ᠎ᠠ᠃ ᠨᠠᠮ᠎ᠤᠨ ᠬᠣᠷᠢᠶᠠᠨ᠎ᠤ ᠨᠢᠭᠡᠳᠦᠯᠲᠡᠶ ᠤᠳᠤᠷᠢᠳᠤᠯᠭ᠎ᠠ ᠳᠣᠣᠷᠠᠬᠢ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠪᠠᠶ᠋ᠢᠭᠤᠯᠭ᠎ᠠ᠎ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠯᠤᠭᠡ ᠬᠠᠮᠵᠢᠯᠴᠠᠨ ᠬᠠᠮᠲᠤᠷᠠᠯᠴᠠᠬᠤ ᠲᠣᠭᠲᠠᠴᠠ᠎ᠵᠢ ᠪᠦᠷᠢᠨᠰᠢᠬᠦᠯᠵᠦ᠍᠂ ᠪᠥᠬᠥ᠌ ᠬᠡᠯᠬᠢᠶᠡᠨ᠎ᠦ ᠬᠠᠮᠵᠢᠯᠴᠠᠭ᠎ᠠ᠎ᠪᠠᠷ ᠨᠢᠭᠡ ᠴᠣᠭᠴᠠᠵᠢᠭᠤᠯᠤᠭᠰᠠᠨ ᠵᠠᠰᠠᠯᠲᠠ᠎ᠵᠢ ᠠᠬᠢᠭᠤᠯᠤᠨ᠎ᠠ᠃ ᠬᠡᠷᠡᠭ ᠵᠢᠡᠷ ᠴᠡᠭᠴᠡᠯᠡᠨ ᠰᠠᠢ᠌ᠵᠢᠷᠠᠭᠤᠯᠬᠤ᠎ᠵᠢ ᠠᠬᠢᠭᠤᠯᠬᠤ ᠪᠠ ᠵᠠᠰᠠᠬᠤ᠎ᠵᠢ ᠠᠬᠢᠭᠤᠯᠬᠤ᠎ᠵᠢ ᠪᠤᠳᠠᠲᠠᠢ ᠠᠳᠬᠤᠨ᠂ ᠬᠦᠨᠳᠦ ᠶᠡᠬᠡ ᠬᠡᠷᠡᠭ᠎ᠦᠨ ᠳᠤᠮᠳᠠ ᠢᠯᠡᠷᠡᠭᠦᠯᠦᠭᠰᠡᠨ ᠠᠵᠢᠯ ᠲᠥᠷᠥᠯ᠎ᠦᠨ ᠴᠢᠨᠠᠷᠲᠠᠶ ᠰᠢᠰᠲ᠋ᠧᠮ᠎ᠦᠨ ᠴᠢᠨᠠᠷᠲᠠᠶ ᠢᠯᠵᠢᠷᠡᠯ᠎ᠤᠨ ᠠᠰᠠᠭᠤᠳᠠᠯ᠎ᠳᠤ ᠲᠤᠰᠬᠠᠶ ᠵᠠᠰᠠᠯᠲᠠ ᠬᠢᠵᠦ᠍᠂ ᠬᠡᠷᠡᠭ᠎ᠢ ᠪᠠᠶ᠋ᠢᠴᠠᠭᠠᠨ ᠰᠢ᠌ᠳᠪᠦᠷᠢᠯᠡᠬᠦ᠌᠎ᠪᠠᠷ ᠳᠠᠮᠵᠢᠨ ᠳᠦᠷᠢᠮ ᠲᠣᠭᠲᠠᠴᠠ᠎ᠪᠠᠨ ᠪᠦᠷᠢᠨᠰᠢᠭᠦᠯᠦᠨ᠂ ᠡᠷᠬᠡ᠎ᠵᠢᠨ ᠠᠵᠢᠯᠯᠠᠭᠠᠨ᠎ᠤ ᠭᠡᠮ ᠰᠣᠭᠣᠭ᠂ ᠬᠢᠨᠠᠯᠲᠠ ᠬᠠᠮᠢᠶᠠᠷᠤᠯᠲᠠ᠎ᠵᠢᠨ ᠪᠠᠯᠠᠶ ᠭᠠᠵᠠᠷ᠂ ᠳᠥᠷᠢᠮ᠎ᠦᠨ ᠬᠣᠭᠣᠰᠣᠨ᠎ᠢ ᠠᠷᠢᠯᠭᠠᠵᠤ᠂ ᠬᠢᠨᠠᠯᠲᠠ ᠲᠠᠯᠪᠢᠬᠤ᠂ ᠬᠡᠷᠡᠭ ᠰᠢ᠌ᠳᠪᠦᠷᠢᠯᠡᠬᠦ᠂ ᠴᠡᠭᠴᠡᠯᠡᠨ ᠰᠠᠶ᠋ᠢᠵᠢᠷᠠᠭᠤᠯᠬᠤ᠂ ᠵᠠᠰᠠᠬᠤ᠎ᠵᠢᠨ ᠪᠢᠲᠡᠭᠦᠦ ᠴᠠᠭᠠᠷᠢᠭ᠎ᠢ ᠪᠣᠶ ᠪᠣᠯᠭᠠᠨ᠎ᠠ᠃ ᠢᠯᠵᠢᠷᠡᠯ᠎ᠤᠨ ᠰᠢᠨ᠎ᠡ ᠬᠠᠨᠳᠤᠰᠢ ᠰᠢᠨ᠎ᠡ ᠣᠨᠴᠠᠯᠢᠭ᠎ᠢ ᠡᠵᠡᠮᠰᠢᠵᠦ᠍᠂ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠳ᠋ᠢᠵᠢᠲ᠋ᠠᠯ ᠰᠢᠰᠲ᠋ᠧᠮ᠎ᠦᠨ ᠪᠠᠶ᠋ᠢᠭᠤᠯᠤᠯᠲᠠ᠎ᠵᠢ ᠭᠦᠨᠵᠡᠭᠡᠶ᠋ᠢᠷᠡᠭᠦᠯᠵᠦ᠍᠂ ᠨᠡᠶ᠋ᠢᠲᠡ᠎ᠵᠢᠨ ᠡᠷᠬᠡ᠎ᠵᠢᠨ ᠲᠤᠮᠤ ᠳ᠋ᠠᠶ᠋ᠢᠲ᠋ᠠ᠎ᠵᠢᠨ ᠬᠢᠨᠠᠯᠲᠠ ᠲᠠᠯᠪᠢᠬᠤ ᠲᠠᠪᠴᠠᠩ᠎ᠤᠨ ᠪᠠᠶ᠋ᠢᠭᠤᠯᠤᠯᠲᠠ᠎ᠵᠢ ᠠᠬᠢᠭᠤᠯᠵᠤ᠂ ᠢᠯᠵᠢᠷᠡᠯ᠎ᠢ ᠡᠰᠡᠷᠭᠦᠴᠡᠬᠦ᠌᠎ᠵᠢᠨ ᠨᠡᠪᠲᠡᠯᠬᠦ᠌ ᠬᠦᠴᠦᠨ᠎ᠢ ᠳᠡᠭᠡᠭᠰᠢᠯᠡᠭᠦᠯᠦᠨ᠎ᠡ᠃

ᠨᠠᠢ᠍ᠮᠠ᠂ ᠲᠦᠷᠢᠮ ᠵᠢᠡᠷ ᠨᠠᠮ᠎ᠢ ᠵᠠᠰᠠᠬᠤ᠂ ᠲᠣᠭᠲᠠᠭᠠᠯ ᠶᠤᠰᠤᠭᠠᠷ ᠨᠠᠮ᠎ᠢ ᠵᠠᠰᠠᠬᠤ᠎ᠵᠢ ᠪᠠᠷᠢᠮᠲᠠᠯᠠᠨ᠎ᠠ

ᠨᠠᠮ᠎ᠤᠨ ᠳᠣᠲᠣᠭᠠᠳᠤ᠎ᠵᠢᠨ ᠬᠠᠤᠯᠢ ᠲᠣᠭᠲᠠᠭᠠᠯ ᠲᠦᠷᠢᠮ᠎ᠦᠨ ᠪᠠᠶ᠋ᠢᠭᠤᠯᠤᠯᠲᠠ᠎ᠵᠢ ᠴᠢᠩᠭᠠᠳᠬᠠᠬᠤ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠠᠯᠤᠰ ᠭᠡᠳᠤ᠎ᠵᠢᠨ ᠪᠤᠳᠤᠯᠭ᠎ᠠ᠂ ᠦᠨᠳᠦᠰᠦᠨ ᠪᠤᠳᠤᠯᠭ᠎ᠠ ᠮᠥᠨ᠃ ᠡᠷᠬᠡᠪᠰᠢ ᠨᠠᠮ᠎ᠤᠨ ᠳᠦᠷᠢᠮ᠎ᠢ ᠪᠦᠬᠦ᠌ ᠨᠠᠮ᠎ᠤᠨ ᠦᠨᠳᠦᠰᠦᠨ ᠦᠢᠯᠡ ᠠᠵᠢᠯᠯᠠᠭᠠᠨ᠎ᠤ ᠵᠢᠷᠤᠮᠵᠢᠯ ᠪᠣᠯᠭᠠᠬᠤ᠎ᠵᠢ ᠪᠠᠷᠢᠮᠲᠠᠯᠠᠵᠤ᠂ ᠨᠠᠮ᠎ᠤᠨ ᠪᠠᠶ᠋ᠢᠭᠤᠯᠤᠯᠲᠠ᠎ᠵᠢᠨ ᠲᠦᠷᠢᠮ᠎ᠦᠨ ᠥᠭᠡᠷᠡᠴᠢᠯᠡᠯᠲᠡ᠎ᠵᠢ ᠭᠦᠨᠵᠡᠭᠡᠶ᠋ᠢᠷᠡᠭᠦᠯᠵᠦ᠍᠂ ᠬᠠᠤᠯᠢ ᠶᠣᠰᠣᠭᠠᠷ ᠤᠯᠤᠰ᠎ᠵᠢᠡᠨ ᠵᠠᠰᠠᠬᠤ ᠪᠠ ᠲᠣᠭᠲᠠᠭᠠᠯ ᠶᠤᠰᠤᠭᠠᠷ ᠨᠠᠮ᠎ᠵᠢᠨᠨ ᠵᠠᠰᠠᠬᠤ᠎ᠵᠢ ᠣᠷᠭᠠᠨᠢᠭ᠎ᠵᠢᠡᠷ ᠨᠢᠭᠡᠳᠬᠡᠬᠦ᠌᠎ᠵᠢ ᠠᠬᠢᠭᠤᠯᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠳᠤ ᠬᠦᠴᠦᠲᠡᠢ ᠲᠦᠷᠢᠮ᠎ᠦᠨ ᠪᠠᠲᠤᠯᠠᠭ᠎ᠠ ᠬᠠᠩᠭᠠᠬᠤ ᠬᠡᠷᠡᠭᠲᠡᠢ᠃

(ᠨᠢᠭᠡ) ᠨᠠᠮ᠎ᠤᠨ ᠳᠣᠲᠣᠭᠠᠳᠤ᠎ᠵᠢᠨ ᠬᠠᠤᠯᠢ ᠲᠣᠭᠲᠠᠭᠠᠯ ᠲᠦᠷᠢᠮ᠎ᠦᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠨᠠᠮ᠎ᠤᠨ ᠳᠣᠲᠣᠭᠠᠳᠤ᠎ᠵᠢᠨ ᠬᠠᠤᠯᠢ ᠲᠣᠭᠲᠠᠭᠠᠯ᠎ᠢ ᠲᠣᠭᠲᠠᠭᠠᠬᠤ ᠠᠵᠢᠯ᠎ᠤᠨ ᠲᠥᠯᠥᠪᠵᠢᠭᠦᠯᠭᠡ ᠲᠥᠯᠥᠪᠯᠡᠭᠡ᠎ᠵᠢ ᠰᠢᠨᠵᠢᠯᠡᠬᠦ᠌ ᠤᠬᠠᠭᠠᠨᠴᠢ᠎ᠪᠠᠷ ᠨᠠᠢ᠌ᠷᠠᠭᠤᠯᠤᠨ ᠵᠣᠬᠢᠶᠠᠨ᠎ᠠ᠃ ᠨᠠᠮ᠎ᠤᠨ ᠳᠣᠲᠣᠭᠠᠳᠤ᠎ᠵᠢᠨ ᠬᠠᠤᠯᠢ ᠲᠣᠭᠲᠠᠭᠠᠯ᠎ᠢ ᠲᠤᠭᠳᠠᠭᠠᠬᠤ ᠵᠠᠰᠠᠬᠤ ᠬᠦᠴᠦᠨ ᠦᠭᠡᠢ ᠪᠤᠯᠭᠠᠬᠤ ᠳᠠᠢ᠌ᠯᠪᠤᠷᠢᠯᠠᠬᠤ᠎ᠵᠢ ᠨᠢᠭᠡᠳᠦᠯᠲᠡᠶ ᠲᠥᠯᠥᠪᠯᠡᠵᠦ᠍᠂ ᠰᠢᠰᠲ᠋ᠧᠮᠵᠢᠭᠥᠯᠥᠨ ᠬᠤᠷᠠᠭᠤᠯᠬᠤ᠎ᠵᠢ ᠴᠢᠬᠤᠯᠠᠴᠢᠯᠠᠵᠤ᠂ ᠢᠵᠢ ᠪᠦᠷᠢᠳᠦᠬᠦᠯᠤᠨ ᠵᠤᠯᠭᠠᠯᠳᠤᠭᠤᠯᠬᠤ᠎ᠵᠢ ᠴᠢᠩᠭᠠᠳᠬᠠᠨ᠎ᠠ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠵᠢᠨ ᠪᠣᠳᠠᠲᠤ᠌ ᠬᠡᠷᠡᠭᠴᠡᠭᠡ᠎ᠵᠢ ᠦᠨᠳᠦᠰᠦᠯᠡᠨ ᠨᠠᠮ᠎ᠤᠨ ᠳᠣᠲᠣᠭᠠᠳᠤ᠎ᠵᠢᠨ ᠬᠠᠤᠯᠢ ᠲᠣᠭᠲᠠᠭᠠᠯ ᠲᠦᠷᠢᠮ᠎ᠢ ᠲᠣᠭᠲᠠᠭᠠᠨ ᠲᠡᠭᠦᠯᠳᠡᠷᠵᠢᠭᠦᠯᠵᠦ᠍᠂ ᠲᠦᠷᠢᠮ᠎ᠦᠨ ᠳᠤᠲᠠᠭᠤᠳᠠᠯ᠎ᠢ ᠴᠠᠭ ᠲᠤᠬᠠᠢ᠎ᠳᠤᠨᠢ ᠨᠥᠬᠥᠪᠥᠷᠢᠯᠡᠨ᠎ᠡ᠃ ᠳᠦᠷᠢᠮ ᠲᠣᠭᠲᠠᠭᠠᠯ ᠲᠣᠭᠲᠠᠭᠠᠬᠤ᠎ᠳᠠᠭᠠᠨ ᠲᠣᠪᠣᠢ᠌ᠮ᠎ᠠ ᠠᠰᠠᠭᠤᠳᠠᠯ᠎ᠳᠤ ᠴᠢᠭᠯᠡᠭᠦᠯᠦᠨ᠂ ᠳᠥᠭᠥᠮ ᠳᠥᠲᠡ ᠪᠥᠭᠡᠳ ᠲᠤᠰᠠᠲᠠᠶ ᠪᠠᠶ᠋ᠢᠬᠤ᠎ᠵᠢ ᠦᠨᠡᠨ᠎ᠬᠦ᠌ ᠪᠠᠲᠤᠯᠠᠬᠤ ᠬᠡᠷᠡᠭᠲᠡᠶ᠃ ᠨᠠᠮ᠎ᠤᠨ ᠳᠣᠲᠣᠭᠠᠳᠤ᠎ᠵᠢᠨ ᠬᠠᠤᠯᠢ ᠲᠣᠭᠲᠠᠭᠠᠯ᠎ᠢ ᠲᠠᠶ᠋ᠢᠯᠪᠤᠷᠢᠯᠠᠬᠤ ᠲᠣᠭᠲᠠᠴᠠ᠎ᠵᠢ ᠲᠡᠭᠦᠯᠳᠡᠷᠵᠢᠭᠦᠯᠦᠨ᠎ᠡ᠃ ᠨᠠᠮ᠎ᠤᠨ ᠳᠣᠲᠣᠭᠠᠳᠤ᠎ᠵᠢᠨ ᠬᠠᠤᠯᠢ ᠲᠣᠭᠲᠠᠭᠠᠯ᠎ᠢ ᠤᠯᠤᠰ᠎ᠤᠨ ᠬᠠᠤᠯᠢ ᠴᠠᠭᠠᠵᠠ ᠬᠠᠤᠯᠢ ᠲᠣᠭᠲᠠᠭᠠᠯ᠎ᠲᠠᠶ ᠵᠣᠯᠭᠠᠯᠳᠤᠭᠤᠯᠤᠨ ᠵᠣᠬᠢᠴᠠᠭᠤᠯᠬᠤ ᠲᠣᠭᠲᠠᠴᠠ᠎ᠵᠢ ᠪᠦᠷᠢᠨᠰᠢᠭᠦᠯᠦᠨ᠎ᠡ᠃

(ᠬᠣᠶᠠᠷ) ᠲᠦᠷᠢᠮ᠎ᠦᠨ ᠬᠡᠷᠡᠭᠵᠢᠭᠦᠯᠭᠦ᠌ ᠬᠦᠴᠦᠨ᠎ᠢ ᠴᠢᠩᠭᠠᠳᠬᠠᠨ᠎ᠠ᠃ ᠲᠦᠷᠢᠮ᠎ᠦᠨ ᠬᠠᠲᠠᠭᠤ ᠴᠢᠩᠭ᠎ᠠ ᠬᠢᠵᠠᠭᠠᠷᠯᠠᠯ᠎ᠢ ᠴᠢᠩᠭᠠᠳᠬᠠᠵᠤ᠂ ᠲᠦᠷᠢᠮ᠎ᠦᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶ᠋ᠢᠬᠤ᠂ ᠲᠦᠷᠢᠮ᠎ᠢ ᠵᠢᠷᠤᠮᠯᠠᠬᠤ᠎ᠳᠤ ᠣᠨᠴᠠᠭᠠᠢ ᠪᠠᠢ᠌ᠳᠠᠯ ᠥᠯᠥ᠍ ᠭᠠᠷᠭᠠᠬᠤ᠂ ᠲᠦᠷᠢᠮ᠎ᠢ ᠬᠡᠷᠡᠭᠵᠢᠬᠥᠯᠬᠥ᠌ ᠳ᠋ᠤ ᠤᠨᠴᠠᠭᠠᠢ ᠪᠠᠢ᠌ᠯᠭᠠᠬᠤ ᠦᠬᠡᠢ ᠪᠠᠢ᠌ᠬᠤ᠎ᠵᠢ ᠪᠠᠷᠢᠮᠲᠠᠯᠠᠨ᠎ᠠ᠃ ᠨᠠᠮ᠎ᠤᠨ ᠭᠡᠰᠢᠭᠦᠨ᠂ ᠺᠠᠳ᠋ᠷ᠎ᠤᠨ ᠤᠬᠠᠮᠰᠠᠷ᠎ᠡᠴᠠ᠎ᠪᠠᠨ ᠨᠠᠮ᠎ᠤᠨ ᠲᠦᠷᠢᠮ᠎ᠢ ᠰᠤᠷᠤᠯᠴᠠᠬᠤ᠂ ᠨᠠᠮ᠎ᠤᠨ ᠲᠦᠷᠢᠮ᠎ᠢ ᠵᠢᠷᠤᠮᠯᠠᠬᠤ᠂ ᠨᠠᠮ᠎ᠤᠨ ᠲᠦᠷᠢᠮ᠎ᠢ ᠲᠤᠭᠤᠰᠢᠯᠠᠭᠤᠯᠬᠤ᠂ ᠨᠠᠮ᠎ᠤᠨ ᠲᠦᠷᠢᠮ᠎ᠢ ᠬᠠᠮᠠᠭᠠᠯᠠᠬᠤ᠎ᠵᠢ ᠠᠬᠢᠭᠤᠯᠤᠨ᠎ᠠ᠃ ᠨᠠᠮ᠎ᠤᠨ ᠳᠣᠲᠣᠭᠠᠳᠤ᠎ᠵᠢᠨ ᠬᠠᠤᠯᠢ ᠲᠣᠭᠲᠠᠭᠠᠯ᠎ᠢ ᠢᠯᠡ ᠪᠣᠯᠭᠠᠬᠤ ᠡᠷᠴᠢᠮ᠎ᠢ ᠴᠢᠩᠭᠠᠷᠠᠭᠤᠯᠤᠨ᠎ᠠ᠃ ᠨᠠᠮ᠎ᠤᠨ ᠳᠣᠲᠣᠭᠠᠳᠤ᠎ᠵᠢᠨ ᠬᠠᠤᠯᠢ ᠲᠣᠭᠲᠠᠭᠠᠯ ᠲᠦᠷᠢᠮ᠎ᠦᠨ ᠰᠤᠷᠤᠯᠴᠠᠯᠭ᠎ᠠ ᠪᠣᠯᠪᠠᠰᠤᠷᠠᠭᠤᠯᠤᠯ᠎ᠢ ᠴᠢᠩᠭᠠᠳᠬᠠᠨ᠎ᠠ᠃ ᠳᠦᠷᠢᠮ᠎ᠢ ᠬᠡᠷᠡᠭᠵᠢᠭᠦᠯᠬᠦ᠌ ᠪᠠ ᠲᠡᠭᠦᠨ᠎ᠳᠤ ᠬᠢᠨᠠᠯᠲᠠ ᠲᠠᠯᠪᠢᠬᠤ᠎ᠵᠢ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠨᠠᠮ᠎ᠤᠨ ᠭᠡᠰᠢᠭᠦᠨ᠂ ᠺᠠᠳ᠋ᠷ᠎ᠤᠨ ᠲᠤᠰᠢᠶᠠᠯ ᠬᠠᠷᠢᠭᠤᠴᠠᠯᠭ᠎ᠠ ᠪᠡᠨ ᠬᠦᠢᠴᠡᠳᠬᠡᠬᠦ᠌ ᠪᠦᠬᠦ᠌ ᠶᠠᠪᠤᠴᠠ᠎ᠳᠤ ᠲᠤᠭᠤᠰᠢᠯᠠᠭᠤᠯᠵᠤ᠂ ᠣᠷᠣᠨ ᠪᠦᠰᠡ᠎ᠵᠢᠨ ᠵᠠᠰᠠᠯᠲᠠ᠂ ᠰᠠᠯᠠᠭ᠎ᠠ ᠮᠥᠴᠢᠷ᠎ᠦᠨ ᠵᠠᠰᠠᠯᠲᠠ᠂ ᠠᠵᠢᠯ ᠲᠦᠷᠦᠯ᠎ᠦᠨ ᠵᠠᠰᠠᠯᠲᠠ᠂ ᠦᠨᠳᠦᠰᠦᠨ ᠱᠠᠲᠤᠨ᠎ᠤ ᠵᠠᠰᠠᠯᠲᠠ᠂ ᠨᠢᠭᠡᠴᠢ᠎ᠵᠢᠨ ᠵᠠᠰᠠᠯᠲᠠ᠎ᠵᠢᠨ ᠡᠯ᠎ᠡ ᠲᠠᠯ᠎ᠠ᠎ᠳᠤ ᠲᠤᠭᠤᠰᠢᠯᠠᠭᠤᠯᠵᠤ᠂ ᠲᠦᠷᠢᠮ᠎ᠦᠨ ᠴᠠᠭ ᠢᠮᠠᠭᠲᠠ ᠰᠦᠷ ᠬᠦᠴᠦᠨ᠎ᠲᠡᠶ᠂ ᠭᠠᠵᠠᠷ ᠪᠣᠯᠭᠠᠨ᠎ᠳᠤ ᠪᠦᠲᠦᠮᠵᠢᠲᠡᠢ ᠪᠠᠶ᠋ᠢᠬᠤ᠎ᠵᠢ ᠦᠨᠡᠨ ᠬᠦ᠌ ᠪᠠᠲᠤᠯᠠᠨ᠎ᠠ᠃ ᠵᠠᠷᠯᠢᠭ ᠪᠠᠶ᠋ᠢᠲᠠᠯ᠎ᠠ ᠬᠡᠷᠡᠭᠵᠢᠭᠦᠯᠬᠦ᠌ ᠦᠭᠡᠢ᠂ ᠴᠠᠭᠠᠵᠠᠯᠠᠯ ᠪᠠᠶ᠋ᠢᠲᠠᠯ᠎ᠠ ᠵᠣᠭᠰᠣᠬᠤ ᠦᠭᠡᠢ ᠪᠠᠶ᠋ᠢᠬᠤ᠎ᠵᠢ ᠡᠷᠡᠰ ᠵᠠᠯᠠᠷᠠᠭᠤᠯᠵᠤ᠂ ᠳᠦᠷᠢᠮ᠎ᠢ ᠬᠡᠷᠡᠭᠵᠢᠭᠦᠯᠬᠦ᠌᠎ᠳᠤ ᠰᠣᠩᠭᠣᠯᠲᠠ ᠲᠠᠢ ᠬᠡᠷᠡᠭᠵᠢᠭᠦᠯᠬᠦ᠂ ᠳᠤᠲᠠᠭᠤ ᠲᠣᠷᠭᠣᠨ ᠬᠡᠷᠡᠭᠵᠢᠭᠦᠯᠬᠦ᠂ ᠬᠤᠪᠢᠷᠠᠭᠤᠯᠤᠨ ᠬᠡᠷᠡᠭᠵᠢᠭᠦᠯᠬᠦ᠌ ᠡᠴᠡ ᠰᠡᠷᠭᠡᠶ᠋ᠢᠯᠡᠵᠦ᠍᠂ ᠳᠦᠷᠢᠮ᠎ᠢ ᠬᠤᠭᠤᠰᠤᠨ ᠡᠷᠭᠢᠯᠳᠦᠭᠦᠯᠬᠦ᠌᠎ᠡᠴᠡ ᠵᠠᠶ᠋ᠢᠯᠠᠰᠬᠢᠨ᠎ᠡ᠃

(ᠭᠤᠷᠪᠠ) ᠲᠡᠯᠳᠠ ᠲᠦᠷᠢᠮ᠎ᠢ ᠶᠡᠬᠡ᠎ᠪᠡᠷ ᠠᠷᠢᠯᠭᠠᠨ᠎ᠠ᠃ ᠢᠯᠡ ᠶᠣᠰᠣ ᠲᠦᠷᠢᠮ᠎ᠢ ᠲᠣᠭᠲᠠᠭᠠᠬᠤ᠎ᠵᠢ ᠪᠠᠷᠢᠮᠲᠠᠯᠠᠵᠤ᠂ ᠨᠠᠮ᠎ᠤᠨ ᠶᠠᠪᠤᠳᠠᠯ ᠵᠠᠰᠠᠭ᠎ᠤᠨ ᠶᠠᠪᠤᠳᠠᠯ᠎ᠢ ᠢᠯᠡ ᠪᠣᠯᠭᠠᠬᠤ᠎ᠵᠢ ᠠᠬᠢᠭᠤᠯᠤᠨ᠎ᠠ᠃ ᠨᠠᠮ᠎ᠤᠨ ᠭᠡᠰᠢᠭᠦᠨ᠂ ᠺᠠᠳ᠋ᠷ᠎ᠤᠨ ᠵᠠᠷᠴᠢᠮ᠎ᠢ ᠡᠷᠬᠢᠮᠯᠡᠬᠦ᠂ ᠬᠠᠤᠯᠢ ᠴᠠᠭᠠᠵᠠ ᠰᠠᠬᠢᠯᠭ᠎ᠠ ᠪᠠᠲᠤ᠎ᠵᠢ ᠵᠢᠷᠤᠮᠯᠠᠬᠤ᠂ ᠲᠥᠪ ᠶᠣᠰᠣ᠎ᠵᠢ ᠰᠠᠬᠢᠬᠤ᠎ᠵᠢ ᠬᠥᠮᠦᠵᠢᠭᠦᠯᠦᠨ ᠬᠦᠲᠦᠯᠦᠨ ᠵᠢᠯᠣᠭᠣᠳᠴᠤ᠌ ᠪᠠᠢ᠌ᠭᠠᠳ ᠡᠷᠬᠡ᠎ᠵᠢ ᠬᠡᠷᠡᠭᠵᠢᠭᠦᠯᠬᠦ᠂ ᠲᠦᠷᠦ᠎ᠵᠢᠨ ᠪᠤᠳᠤᠯᠭ᠎ᠠ᠎ᠵᠢ ᠬᠡᠷᠡᠭᠵᠢᠭᠦᠯᠬᠦ᠂ ᠲᠥᠰᠥᠯ᠎ᠢ ᠴᠢᠷᠮᠠᠶ᠋ᠢᠨ ᠤᠯᠬᠤ᠂ ᠺᠠᠳ᠋ᠷ᠎ᠢ ᠰᠢᠯᠢᠨ ᠬᠡᠷᠡᠭᠯᠡᠬᠦ᠂ ᠰᠢᠯᠢᠳᠡᠭ᠎ᠢ ᠰᠢᠯᠭᠠᠷᠠᠭᠤᠯᠬᠤ ᠲᠡᠷᠢᠭᠦᠨ᠎ᠦ ᠬᠢ᠎ᠵᠢ ᠰᠢᠯᠭᠠᠷᠠᠭᠤᠯᠬᠤ ᠵᠡᠷᠭᠡ ᠲᠠᠯ᠎ᠠ᠎ᠪᠠᠷ ᠳᠠᠯᠳᠠ ᠳᠦᠷᠢᠮ᠎ᠢ ᠤᠬᠠᠮᠰᠠᠷ᠎ᠡᠴᠠ᠎ᠪᠠᠨ ᠡᠰᠡᠷᠭᠦᠴᠡᠨ ᠬᠣᠷᠢᠭᠯᠠᠬᠤ ᠪᠤᠯᠭᠠᠨ᠎ᠠ᠃ 《ᠳᠡᠭᠡᠭᠦᠷ ᠬᠠᠷᠢᠴᠠᠭ᠎ᠠ ᠪᠠᠢ᠌ᠭᠤᠯᠤᠨ ᠲᠦᠰᠢᠭ ᠡᠷᠢᠬᠦ᠌》᠂ 《ᠵᠠᠷᠴᠢᠮ ᠨᠢ ᠬᠠᠷᠢᠴᠠᠭ᠎ᠠ᠎ᠵᠢ ᠬᠦᠷᠬᠦ᠌ ᠦᠭᠡᠢ》᠂ 《ᠲᠠᠮᠠᠭ᠎ᠠ ᠨᠢ ᠬᠠᠭᠤᠳᠠᠰᠤ᠎ᠵᠢ ᠬᠦᠷᠬᠦ᠌ ᠦᠭᠡᠶ》᠂ ᠠᠰᠢᠭ ᠬᠦᠷᠲᠡᠭᠡᠬᠦ᠌ ᠦᠭᠡᠢ ᠪᠣᠯ ᠶᠠᠪᠤᠳᠠᠯ ᠪᠦᠲᠦᠭᠡᠵᠦ᠍ ᠥᠭᠬᠦ᠌ ᠦᠭᠡᠢ᠂ ᠳᠠᠯᠳᠠᠭᠤᠷ ᠦᠢᠯᠡᠳᠬᠦ᠌ ᠵᠡᠷᠭᠡ ᠡᠮᠬᠢ ᠵᠠᠮᠪᠠᠷᠠᠭ᠎ᠠ ᠦᠭᠡᠢ ᠦᠵᠡᠭᠳᠡᠯ᠎ᠢ ᠡᠷᠡᠰ ᠵᠠᠯᠠᠷᠠᠭᠤᠯᠤᠨ ᠵᠠᠰᠠᠵᠤ᠂ ᠲᠠᠸᠠᠷ᠎ᠤᠨ ᠰᠣᠯᠢᠯᠴᠠᠭᠠᠨ᠎ᠤ ᠵᠠᠷᠴᠢᠮ ᠪᠠ ᠬᠤᠪᠢ ᠬᠦᠮᠦᠨ᠎ᠤ ᠲᠦᠰᠢᠭᠯᠡᠨ ᠬᠠᠷᠢᠶᠠᠯᠠᠭᠳᠠᠬᠤ ᠬᠠᠷᠢᠴᠠᠭ᠎ᠠ᠎ᠵᠢᠨ ᠨᠠᠮ᠎ᠤᠨ ᠳᠣᠲᠣᠭᠠᠳᠤ᠎ᠵᠢᠨ ᠠᠮᠢᠳᠤᠷᠠᠯ᠎ᠢ ᠢᠳᠡᠭᠳᠡᠭᠦᠯᠬᠦ᠌᠎ᠵᠢ ᠡᠷᠡᠰ ᠬᠣᠷᠢᠭᠯᠠᠨ᠎ᠠ᠃ ᠢᠯᠡᠴᠢᠯᠡᠨ ᠮᠡᠳᠡᠭᠦᠯᠬᠦ᠌ ᠲᠣᠭᠲᠠᠴᠠ᠎ᠵᠢ ᠪᠦᠷᠢᠨᠰᠢᠬᠦᠯᠵᠦ᠍᠂ ᠤᠯᠤᠰ ᠲᠥᠷᠥ᠎ᠵᠢᠨ ᠵᠠᠪᠰᠢᠠᠠᠴᠢ᠂ ᠤᠯᠤᠰ ᠲᠥᠷᠥ᠎ᠵᠢᠨ ᠮᠡᠬᠡᠯᠡᠭᠴᠢ᠎ᠲᠡᠶ ᠨᠠᠶ᠋ᠢᠵᠠᠯᠠᠭᠰᠠᠨ ᠪᠤᠶᠤ ᠤᠯᠤᠰ ᠲᠥᠷᠥ᠎ᠵᠢᠨ ᠵᠠᠪᠰᠢᠠᠠᠴᠢ᠂ ᠤᠯᠤᠰ ᠲᠥᠷᠥ᠎ᠵᠢᠨ ᠮᠡᠬᠡᠯᠡᠭᠴᠢ ᠪᠣᠯᠤᠭᠰᠠᠨ ᠦᠢᠯᠡ ᠠᠵᠢᠯᠯᠠᠭ᠎ᠠ᠎ᠵᠢ ᠴᠢᠩᠭ᠎ᠠ ᠪᠠᠶ᠋ᠢᠴᠠᠭᠠᠨ ᠰᠢ᠌ᠳᠪᠦᠷᠢᠯᠡᠨ᠎ᠡ᠃ ᠲᠦᠷᠦᠯ ᠬᠡᠷᠡᠭ᠎ᠢ ᠵᠠᠳᠠᠯᠬᠤ ᠭᠡᠳᠡᠷᠭᠦ᠌ ᠮᠥᠷᠳᠡᠨ ᠨᠡᠬᠡᠮᠵᠢᠯᠡᠬᠦ᠂ ᠴᠡᠭᠴᠡᠯᠡᠨ ᠰᠠᠶ᠋ᠢᠵᠢᠷᠠᠭᠤᠯᠬᠤ ᠵᠠᠷᠯᠠᠨ ᠨᠡᠶ᠋ᠢᠳᠡᠯᠡᠬᠦ᠌ ᠲᠦᠷᠢᠮ᠎ᠢ ᠪᠠᠶ᠋ᠢᠭᠤᠯᠵᠤ᠂ ᠤᠯᠤᠰ ᠲᠦᠷᠦ᠎ᠵᠢᠨ ᠠᠮᠢ ᠠᠬᠤᠢ᠎ᠵᠢ ᠬᠥᠳᠡᠯᠦᠩᠭᠦᠢ᠎ᠪᠡᠷ ᠬᠢᠨᠠᠨ ᠬᠡᠮᠵᠢᠬᠦ᠂ ᠰᠤᠳᠤᠯᠤᠨ ᠮᠠᠭᠠᠳᠯᠠᠬᠤ᠂ ᠵᠠᠰᠠᠬᠤ ᠲᠣᠭᠲᠠᠴᠠ᠎ᠵᠢ ᠲᠡᠭᠦᠯᠳᠡᠷᠵᠢᠭᠦᠯᠦᠨ᠎ᠡ᠃

ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠳᠤ᠂ ᠡᠷᠬᠡᠪᠰᠢ ᠨᠠᠮ ᠪᠠ ᠤᠯᠤᠰ᠎ᠤᠨ ᠬᠢᠨᠠᠯᠲᠠ ᠲᠠᠯᠪᠢᠬᠤ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠬᠡᠷᠡᠭᠲᠡᠢ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠎ᠵᠢᠨ ᠪᠥᠬᠥ᠌ ᠲᠠᠯ᠎ᠠ᠎ᠵᠢᠨ ᠬᠢᠨᠠᠯᠲᠠ᠎ᠵᠢ ᠪᠣᠳᠠᠲᠠᠶ᠋ᠢᠵᠢᠭᠤᠯᠵᠦ᠍᠂ ᠡᠯ᠎ᠡ ᠲᠥᠷᠥᠯ᠎ᠦᠨ ᠬᠢᠨᠠᠯᠲᠠ ᠲᠠᠯᠪᠢᠬᠤ ᠪᠡᠶᠡᠴᠢ ᠴᠣᠭᠴᠠ᠎ᠳᠡᠬᠢ ᠤᠳᠤᠷᠢᠳᠤᠯᠭ᠎ᠠ᠎ᠵᠢ ᠴᠢᠩᠭᠠᠳᠬᠠᠨ᠎ᠠ᠃ ᠨᠠᠮ᠎ᠤᠨ ᠳᠣᠲᠣᠭᠠᠳᠤ᠎ᠵᠢᠨ ᠬᠢᠨᠠᠯᠲᠠ ᠲᠠᠯᠪᠢᠬᠤ ᠲᠦᠷᠢᠮ᠎ᠢ ᠵᠠᠰᠠᠨ ᠲᠤᠬᠳᠠᠭᠠᠨ᠎ᠠ᠃ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠠᠵᠢᠯ᠎ᠤᠨ ᠳᠠᠪᠬᠤᠷ ᠤᠳᠤᠷᠢᠳᠬᠤ ᠪᠠᠶ᠋ᠢᠭᠤᠯᠤᠯ᠎ᠢ ᠲᠡᠭᠦᠯᠳᠡᠷᠵᠢᠭᠦᠯᠵᠦ᠍᠂ ᠬᠢᠨᠠᠯᠲᠠ ᠲᠠᠯᠪᠢᠵᠤ ᠪᠠᠶ᠋ᠢᠴᠠᠭᠠᠬᠤ ᠪᠠ ᠢᠯᠵᠢᠷᠠᠯ᠎ᠤᠨ ᠬᠡᠷᠡᠭ᠎ᠢ ᠪᠠᠶ᠋ᠢᠴᠠᠭᠠᠨ ᠰᠢ᠌ᠳᠪᠦᠷᠢᠯᠡᠬᠦ᠌᠎ᠳᠦ ᠳᠡᠭᠡᠳᠦ ᠱᠠᠲᠤᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ ᠬᠢᠨᠠᠨ ᠪᠠᠶ᠋ᠢᠴᠠᠭᠠᠬᠤ ᠵᠥᠪᠯᠡᠯ᠎ᠦᠨ ᠤᠳᠤᠷᠢᠳᠤᠯᠭ᠎ᠠ᠎ᠪᠠᠷ ᠭᠣᠣᠯ ᠪᠣᠯᠭᠠᠬᠤ᠎ᠵᠢ ᠪᠣᠳᠠᠲᠠᠶ᠋ᠢᠵᠢᠭᠤᠯᠵᠦ᠍᠂ ᠬᠦᠴᠦᠨ᠎ᠢ ᠬᠠᠮᠵᠢᠯᠴᠠᠭᠤᠯᠬᠤ ᠪᠠ ᠰᠢᠯᠢᠳᠡᠭᠵᠢᠭᠦᠯᠬᠦ᠌᠎ᠵᠢ ᠴᠢᠬᠤᠯᠠᠴᠢᠯᠠᠵᠤ᠂ ᠰᠠᠬᠢᠯᠭ᠎ᠠ ᠪᠠᠲᠤ᠎ᠵᠢᠨ ᠬᠢᠨᠠᠯᠲᠠ᠂ ᠬᠢᠨᠠᠨ ᠪᠠᠶ᠋ᠢᠴᠠᠭᠠᠬᠤ ᠬᠢᠨᠠᠯᠲᠠ᠂ ᠲᠣᠮᠢᠯᠠᠨ ᠰᠠᠭᠤᠯᠭᠠᠬᠤ ᠬᠢᠨᠠᠯᠲᠠ᠂ ᠲᠣᠭᠣᠷᠢᠨ ᠪᠠᠶ᠋ᠢᠴᠠᠭᠠᠬᠤ ᠬᠢᠨᠠᠯᠲᠠ᠎ᠵᠢ ᠨᠢᠭᠡᠳᠦᠯᠳᠠᠢ ᠲᠦᠯᠦᠪᠯᠡᠨ ᠵᠤᠯᠭᠠᠯᠳᠤᠭᠤᠯᠬᠤ᠎ᠵᠢ ᠴᠢᠩᠭᠠᠳᠬᠠᠨ᠎ᠠ᠃ ᠰᠢᠶᠠᠨ ᠰᠢᠶᠠᠩ ᠲᠣᠰᠬᠣᠨ᠎ᠤ ᠬᠢᠨᠠᠯᠲᠠ᠎ᠵᠢᠨ ᠡᠬᠢ ᠪᠠᠶᠠᠯᠢᠭ ᠪᠠ ᠬᠦᠴᠦᠨ᠎ᠢ ᠰᠠᠶ᠋ᠢᠲᠤᠷ ᠬᠡᠷᠡᠭᠯᠡᠵᠦ᠍᠂ ᠦᠨᠳᠦᠰᠦᠨ ᠱᠠᠲᠤᠨ᠎ᠤ ᠬᠢᠨᠠᠯᠲᠠ ᠲᠠᠯᠪᠢᠬᠤ ᠰᠢᠰᠲ᠋ᠧᠮ᠎ᠢ ᠪᠦᠷᠢᠨᠰᠢᠭᠦᠯᠵᠦ᠍᠂ ᠱᠠᠳᠤ ᠳᠡᠪᠰᠢᠭᠦᠯᠦᠨ ᠬᠢᠨᠠᠯᠲᠠ ᠲᠠᠯᠪᠢᠬᠤ᠂ ᠰᠣᠯᠪᠢᠴᠠᠭᠤᠯᠤᠨ ᠬᠢᠨᠠᠯᠲᠠ ᠲᠠᠯᠪᠢᠬᠤ ᠵᠡᠷᠭᠡ ᠲᠣᠭᠲᠠᠴᠠ᠎ᠵᠢ ᠲᠡᠭᠦᠯᠳᠡᠷᠵᠢᠭᠦᠯᠵᠦ᠍᠂ ᠣᠯᠠᠨ ᠲᠦᠮᠡᠨ᠎ᠦ ᠬᠢᠨᠠᠯᠲᠠ ᠲᠠᠯᠪᠢᠬᠤ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠦᠨᠳᠦᠰᠦᠨ ᠱᠠᠲᠤᠨ᠎ᠤ ᠬᠢᠨᠠᠯᠲᠠ ᠪᠠ ᠦᠨᠳᠦᠰᠦᠨ ᠱᠠᠲᠤᠨ᠎ᠤ ᠵᠠᠰᠠᠯᠲᠠ᠎ᠵᠢ ᠣᠷᠭᠠᠨᠢᠭ᠎ᠵᠢᠡᠷ ᠨᠡᠪᠲᠡᠷᠡᠯᠴᠡᠬᠦᠯᠬᠦ᠌᠎ᠵᠢ ᠠᠬᠢᠭᠤᠯᠤᠨ᠎ᠠ᠃ ᠨᠠᠮ᠎ᠤᠨ ᠳᠣᠲᠣᠭᠠᠳᠤ᠎ᠵᠢᠨ ᠬᠢᠨᠠᠯᠲᠠ᠎ᠵᠢ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠵᠠᠰᠠᠭ ᠵᠠᠬᠢᠷᠭᠠᠨ᠎ᠤ ᠬᠢᠨᠠᠯᠲᠠ᠂ ᠬᠠᠤᠯᠢ ᠪᠠᠷᠢᠯᠲᠠ᠎ᠵᠢᠨ ᠬᠢᠨᠠᠯᠲᠠ᠂ ᠬᠢᠨᠠᠨ ᠪᠣᠳᠣᠯᠲᠠ᠎ᠵᠢᠨ ᠬᠢᠨᠠᠯᠲᠠ᠂ ᠡᠳ᠋᠎ᠦᠨ ᠶᠠᠪᠤᠳᠠᠯ᠎ᠤᠨ ᠨᠢᠭᠲᠠᠯᠠᠨ ᠪᠤᠳᠤᠯᠲᠠ᠎ᠵᠢᠨ ᠬᠢᠨᠠᠯᠲᠠ᠂ ᠲᠣᠭ᠎ᠠ ᠪᠦᠷᠢᠳᠬᠡᠯ᠎ᠦᠨ ᠬᠢᠨᠠᠯᠲᠠ᠂ ᠣᠯᠠᠨ ᠲᠦᠮᠡᠨ᠎ᠦ ᠬᠢᠨᠠᠯᠲᠠ᠂ ᠶᠠᠷᠢᠶ᠎ᠠ ᠬᠡᠯᠡᠯᠴᠡᠭᠡᠨ᠎ᠦ ᠬᠢᠨᠠᠯᠲᠠ᠎ᠯᠤᠭ᠎ᠠ ᠭᠦᠨᠵᠡᠭᠡᠶ ᠠᠭᠤᠰᠤᠯᠴᠠᠭᠤᠯᠬᠤ ᠪᠠ ᠥᠨᠳᠥᠷ ᠪᠦᠲᠦᠮᠵᠢᠲᠡᠶ ᠬᠤᠯᠪᠤᠯᠳᠤᠭᠤᠯᠤᠨ ᠬᠥᠳᠡᠯᠦᠯᠴᠡᠬᠦᠯᠬᠦ᠌᠎ᠵᠢ ᠠᠬᠢᠭᠤᠯᠵᠤ᠂ ᠬᠢᠨᠠᠯᠲᠠ ᠲᠠᠯᠪᠢᠬᠤ ᠨᠡᠶ᠋ᠢᠯᠡᠯ ᠬᠦᠴᠦᠨ᠎ᠢ ᠪᠤᠢ ᠪᠣᠯᠭᠠᠨ᠎ᠠ᠃ ᠨᠠᠮ᠎ᠤᠨ ᠲᠣᠭᠣᠷᠢᠨ ᠪᠠᠶ᠋ᠢᠴᠠᠭᠠᠬᠤ ᠠᠵᠢᠯ᠎ᠤᠨ ᠴᠢᠭᠯᠡᠯᠲᠡ᠎ᠵᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠲᠣᠭᠣᠷᠢᠨ ᠪᠠᠶ᠋ᠢᠴᠠᠭᠠᠬᠤ ᠠᠵᠢᠯ᠎ᠤᠨ ᠳᠦᠷᠢᠮ᠎ᠢ ᠨᠠᠢ᠌ᠳᠠᠪᠤᠷᠢᠵᠢᠭᠤᠯᠵᠤ᠂ ᠬᠡᠪ᠎ᠦᠨ ᠲᠣᠭᠣᠷᠢᠨ ᠪᠠᠶ᠋ᠢᠴᠠᠭᠠᠯᠲᠠ᠂ ᠲᠤᠰᠬᠠᠢ ᠲᠣᠭᠣᠷᠢᠨ ᠪᠠᠶ᠋ᠢᠴᠠᠭᠠᠯᠲᠠ᠂ ᠬᠥᠳᠡᠯᠦᠩᠭᠦᠢ ᠲᠣᠭᠣᠷᠢᠨ ᠪᠠᠶ᠋ᠢᠴᠠᠭᠠᠯᠲᠠ᠂ ᠱᠠᠳᠤ ᠳᠡᠪᠰᠢᠭᠦᠯᠦᠭᠰᠡᠨ ᠲᠣᠭᠣᠷᠢᠨ ᠪᠠᠶ᠋ᠢᠴᠠᠭᠠᠯᠲᠠ ᠵᠡᠷᠭᠡ ᠠᠷᠭ᠎ᠠ ᠮᠠᠶᠢᠭ᠎ᠢ ᠰᠠᠶ᠋ᠢᠲᠤᠷ ᠬᠡᠷᠡᠭᠯᠡᠵᠦ᠍᠂ ᠲᠣᠭᠣᠷᠢᠨ ᠪᠠᠶ᠋ᠢᠴᠠᠭᠠᠬᠤ ᠠᠷᠭ᠎ᠠ᠎ᠵᠢᠨ ᠰᠢᠨ᠎ᠡ᠎ᠵᠢ ᠡᠭᠦᠳᠦᠨ᠂ ᠲᠣᠭᠣᠷᠢᠨ ᠪᠠᠶ᠋ᠢᠴᠠᠭᠠᠯᠳᠡ ᠵᠢᠨ 《ᠡᠷᠬᠢᠵᠦ᠍ ᠬᠠᠷᠠᠬᠤ》 ᠡᠷᠴᠢᠮ᠎ᠢ ᠴᠢᠩᠭᠠᠷᠠᠭᠤᠯᠵᠤ᠂ ᠲᠣᠭᠣᠷᠢᠨ ᠪᠠᠶ᠋ᠢᠴᠠᠭᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ᠎ᠢ ᠨᠢ ᠬᠡᠷᠡᠭᠯᠡᠬᠦ᠌᠎ᠵᠢ ᠴᠢᠩᠭᠠᠳᠬᠠᠵᠤ᠂ ᠲᠤᠭᠤᠷᠢᠨ ᠪᠠᠶ᠋ᠢᠴᠠᠭᠠᠯᠲᠠ ᠴᠠᠭᠳᠠᠨ ᠪᠠᠶ᠋ᠢᠴᠠᠭᠠᠯᠲᠠ᠎ᠵᠢᠨ ᠳᠡᠭᠡᠳᠦ ᠳᠣᠣᠷᠠᠳᠤ ᠱᠠᠲᠤ᠌ ᠪᠡᠷ ᠵᠢᠡᠨ ᠬᠤᠯᠪᠤᠯᠳᠤᠨ ᠬᠥᠳᠡᠯᠦᠯᠴᠡᠬᠦ᠌᠎ᠵᠢ ᠭᠦᠨᠵᠡᠭᠡᠶ᠋ᠢᠷᠡᠭᠦᠯᠵᠦ᠍᠂ ᠲᠣᠰᠬᠣᠨ᠎ᠢ ᠴᠠᠭᠳᠠᠨ ᠪᠠᠶ᠋ᠢᠴᠠᠭᠠᠬᠤ ᠶᠠᠰᠤ ᠴᠢᠨᠠᠷ ᠦᠷ᠎ᠡ ᠪᠦᠲᠦᠮᠵᠢ᠎ᠵᠢ ᠳᠡᠭᠡᠭᠰᠢᠯᠡᠭᠦᠯᠵᠦ᠍᠂ ᠲᠣᠭᠣᠷᠢᠨ ᠪᠠᠶ᠋ᠢᠴᠠᠭᠠᠯᠲᠠ᠎ᠵᠢᠨ ᠶᠡᠷᠦᠩᠬᠡᠶ᠋ᠢᠯᠡᠭᠰᠡᠨ ᠬᠢᠨᠠᠯᠲᠠ᠎ᠵᠢᠨ ᠬᠤᠷᠴᠠ ᠰᠡᠯᠡᠮ᠎ᠡ᠎ᠵᠢᠨ ᠦᠢᠯᠡᠳᠦᠯ᠎ᠢ ᠪᠠᠳᠠᠷᠠᠭᠤᠯᠤᠨ᠎ᠠ᠃

ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠪᠣᠯ ᠪᠦᠬᠦ᠌ ᠨᠠᠮ᠎ᠤᠨ ᠬᠠᠮᠲᠤ᠎ᠵᠢᠨ ᠤᠯᠤᠰ ᠲᠦᠷᠦ᠎ᠵᠢᠨ ᠬᠠᠷᠢᠭᠤᠴᠠᠯᠭ᠎ᠠ ᠮᠥᠨ᠃ ᠡᠷᠬᠡᠪᠰᠢ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠵᠢᠨ ᠳᠦᠷᠢᠮ᠎ᠤᠨ ᠵᠠᠩᠭᠢᠯᠠᠭ᠎ᠠ᠎ᠵᠢ ᠠᠳᠬᠤᠵᠤ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠎ᠵᠢᠨ ᠪᠠᠶᠠᠴᠢ ᠴᠣᠭᠴᠠ᠎ᠵᠢᠨ ᠬᠠᠷᠢᠭᠤᠴᠠᠯᠭ᠎ᠠ᠂ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ᠎ᠵᠢᠨ ᠬᠢᠨᠠᠯᠲᠠ ᠲᠠᠯᠪᠢᠬᠤ ᠬᠠᠷᠢᠭᠤᠴᠠᠯᠭ᠎ᠠ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠎ᠵᠢᠨ ᠱᠦᠵᠢ᠎ᠵᠢᠨ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠂ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ᠎ᠦ 《ᠨᠢᠭᠡ ᠠᠵᠢᠯ᠎ᠤᠨ ᠪᠠᠶ᠋ᠢᠷᠢ᠎ᠳᠦ ᠬᠣᠣᠰ ᠬᠠᠷᠢᠭᠤᠴᠠᠯᠭ᠎ᠠ ᠡᠭᠦᠷᠭᠡᠯᠡᠬᠦ᠌》 ᠪᠠ ᠨᠠᠮ᠎ᠤᠨ ᠭᠡᠰᠢᠭᠦᠨ᠂ ᠺᠠᠳ᠋ᠷ᠎ᠤᠨ ᠪᠣᠳᠠᠲᠠᠶ ᠬᠠᠷᠢᠭᠤᠴᠠᠯᠭ᠎ᠠ᠎ᠵᠢ ᠴᠢᠨᠭ᠌ᠭᠠᠳᠬᠠᠨ ᠪᠣᠳᠠᠲᠠᠶ᠋ᠢᠵᠢᠭᠤᠯᠵᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠬᠦ᠂ ᠨᠢᠭᠡᠳᠦᠯᠲᠡᠶ ᠵᠣᠬᠢᠴᠠᠭᠤᠯᠬᠤ ᠬᠠᠷᠢᠭᠤᠴᠠᠯᠭ᠎ᠠ᠎ᠵᠢᠨ ᠰᠢᠰᠲ᠋ᠧᠮ᠎ᠢ ᠪᠦᠷᠢᠨᠰᠢᠭᠦᠯᠬᠦ᠌ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠰᠠᠨᠠᠭᠠᠴᠢᠯᠠᠭ᠎ᠠ᠎ᠡᠴᠠ᠎ᠪᠠᠨ ᠠᠳᠬᠤᠨ ᠰᠡᠳᠬᠢᠯ ᠲᠠᠯᠪᠢᠨ ᠬᠠᠮᠢᠶᠠᠷᠴᠤ᠌᠂ ᠬᠠᠷᠢᠭᠤᠴᠠᠯᠭ᠎ᠠ᠎ᠵᠢᠨ ᠬᠡᠯᠬᠢᠶ᠎ᠡ᠎ᠵᠢ ᠴᠢᠩᠭ᠎ᠠ ᠠᠳᠬᠤᠵᠤ᠂ ᠳᠠᠷᠤᠯᠲᠠ᠎ᠵᠢ ᠱᠠᠲᠤ᠌ ᠱᠠᠲᠤ᠎ᠪᠠᠷ ᠳᠠᠮᠵᠢᠭᠤᠯᠬᠤ ᠬᠡᠷᠡᠭᠲᠡᠢ᠃ ᠰᠢᠶᠠᠨ᠎ᠤ ᠱᠠᠲᠤᠨ᠎ᠡᠴᠠ ᠳᠡᠭᠡᠭᠰᠢᠬᠢ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠤᠳᠤᠷᠢᠳᠬᠤ ᠪᠠᠭ᠎ᠤᠨ ᠪᠦᠷᠢᠯᠳᠦᠬᠦᠨ᠎ᠦ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠵᠢ ᠨᠠᠭᠠᠳᠤ ᠵᠠᠬ᠎ᠠ᠎ᠳᠠᠭᠠᠨ ᠵᠢᠯ ᠪᠦᠷᠢ ᠨᠢᠭᠡ ᠤᠳᠠᠭ᠎ᠠ ᠰᠣᠨᠣᠰᠴᠤ᠌᠂ ᠰᠢᠪᠠᠳᠠᠭᠤᠯᠬᠤ ᠪᠠ ᠵᠢᠯᠣᠭᠣᠳᠬᠤ᠎ᠪᠠᠨ ᠴᠢᠩᠭᠠᠳᠬᠠᠨ᠎ᠠ᠃ ᠡᠯ᠎ᠡ ᠱᠠᠲᠤᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ (ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠳᠤᠭᠤᠶ᠋ᠢᠯᠠᠩ) ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠰᠠᠶ᠋ᠢᠲᠤᠷ ᠭᠦᠢᠴᠡᠳᠬᠡᠵᠦ᠍᠂ ᠲᠤᠤᠷᠠᠳᠤ ᠱᠠᠲᠤᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ (ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠳᠤᠭᠤᠶ᠋ᠢᠯᠠᠩ) ᠨᠢ ᠳᠡᠭᠡᠳᠦ ᠱᠠᠲᠤᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ (ᠲᠣᠮᠢᠯᠠᠭᠰᠠᠨ ᠪᠠᠶ᠋ᠢᠭᠤᠯᠭ᠎ᠠ)᠎ᠳ᠋ᠤ᠌ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠤᠳᠤᠷᠢᠳᠬᠤ ᠪᠠᠭ᠎ᠤᠨ ᠪᠦᠷᠢᠯᠳᠦᠬᠦᠨ ᠢᠯᠠᠩᠭᠤᠶ᠎ᠠ 《 ᠨᠢᠭᠡᠳᠦᠭᠡᠷ ᠭᠠᠷ 》 ᠤ᠋ᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ᠂ ᠡᠷᠬᠡ᠎ᠪᠡᠨ ᠬᠡᠷᠡᠭᠵᠢᠭᠦᠯᠦᠭᠰᠡᠨ ᠪᠠᠶ᠋ᠢᠳᠠᠯ ᠪᠠ ᠲᠤᠰ ᠪᠡᠶ᠎ᠡ᠎ᠵᠢᠨ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠶ᠋ᠢᠳᠠᠯ᠎ᠢ ᠨᠠᠭᠠᠳᠤ ᠵᠠᠬ᠎ᠠ᠎ᠳᠠᠭᠠᠨ ᠬᠠᠭᠠᠰ ᠵᠢᠯ᠎ᠳᠦ ᠨᠢᠭᠡ ᠤᠳᠠᠭ᠎ᠠ ᠮᠡᠳᠡᠭᠦᠯᠬᠦ᠌ ᠬᠡᠷᠡᠭᠲᠡᠢ᠃ ᠨᠠᠮ᠎ᠤᠨ ᠬᠣᠷᠢᠶ᠎ᠠ᠎ᠵᠢᠨ ᠡᠯ᠎ᠡ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠍᠂ ᠴᠤᠭᠭᠠᠷ ᠠᠳᠬᠤᠵᠤ ᠬᠠᠮᠲᠤ᠌ ᠪᠠᠷ ᠬᠠᠮᠢᠶᠠᠷᠬᠤ ᠬᠡᠷᠡᠭᠲᠡᠢ᠃ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ᠎ᠵᠢᠨ ᠺᠠᠳ᠋ᠷ ᠪᠡᠶ᠎ᠡ᠎ᠪᠡᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ᠎ᠪᠠᠨ ᠴᠢᠩᠭ᠎ᠠ ᠡᠭᠦᠷᠭᠡᠯᠡᠵᠦ᠍᠂ ᠬᠠᠷᠢᠶᠠᠨ᠎ᠳᠠᠬᠢ ᠬᠥᠮᠥᠰ᠎ᠵᠢᠡᠨ ᠴᠢᠩᠭ᠎ᠠ ᠬᠠᠮᠢᠶᠠᠷᠴᠤ᠌᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠭᠦᠢᠴᠡᠳᠬᠡᠬᠦ᠌ ᠲᠠᠯ᠎ᠠ᠎ᠪᠠᠷ ᠦᠯᠢᠭᠡᠷ ᠵᠢᠱ᠌ᠢᠶ᠎ᠡ ᠦᠵᠡᠭᠦᠯᠬᠦ᠌ ᠬᠡᠷᠡᠭᠲᠡᠶ᠃ ᠡᠯ᠎ᠡ ᠳᠡᠰ ᠳᠠᠪᠬᠤᠷᠭ᠎ᠠ ᠡᠯ᠎ᠡ ᠬᠦᠷᠢᠶᠡᠨ᠎ᠦ ᠨᠠᠮ᠎ᠤᠨ ᠪᠠᠶ᠋ᠢᠭᠤᠯᠤᠯᠲᠠ᠎ᠵᠢᠨ ᠠᠵᠢᠯ᠎ᠢ ᠠᠬᠢᠭᠤᠯᠬᠤ᠎ᠳᠤ ᠦᠨᠡᠨ᠎ᠡᠴᠡ ᠵᠥᠪ᠎ᠢ ᠡᠷᠢᠵᠦ᠍᠂ ᠪᠣᠳᠠᠲᠤ᠌ ᠦᠷ᠎ᠡ ᠪᠦᠲᠦᠮᠵᠢ᠎ᠵᠢ ᠡᠷᠬᠢᠮᠯᠡᠵᠦ᠍᠂ ᠬᠡᠯᠪᠡᠷᠢ᠎ᠵᠢᠨ ᠦᠵᠡᠯ᠎ᠢ ᠴᠢᠩᠭ᠎ᠠ ᠴᠡᠭᠡᠷᠯᠡᠬᠦ᠌ ᠬᠡᠷᠡᠭᠲᠡᠢ᠃ ᠬᠠᠷᠢᠭᠤᠴᠠᠯᠭ᠎ᠠ᠎ᠵᠢ ᠨᠠᠶ᠋ᠢᠳᠠᠪᠤᠷᠢᠵᠢᠭᠤᠯᠤᠭᠰᠠᠨ᠎ᠢ ᠰᠢᠯᠭᠠᠨ ᠦᠨᠡᠯᠡᠬᠦ᠌ ᠲᠣᠭᠲᠠᠴᠠ᠎ᠵᠢ ᠰᠢᠯᠢᠳᠡᠭᠵᠢᠭᠦᠯᠵᠦ᠍᠂ ᠨᠠᠮ᠎ᠢ ᠬᠠᠮᠢᠶᠠᠷᠴᠤ᠌ ᠨᠠᠮ᠎ᠢ ᠵᠠᠰᠠᠬᠰᠠᠨ᠎ᠵᠢᠡᠷ ᠳᠤᠷᠪᠢ ᠮᠠᠭᠤᠳᠠᠢ᠂ ᠬᠦᠨᠳᠦ ᠨᠣᠴᠢᠲᠠᠶ ᠠᠰᠠᠭᠤᠳᠠᠯ ᠭᠠᠷᠤᠭᠰᠠᠨ ᠪᠠᠶ᠋ᠢᠪᠠᠯ ᠲᠦᠪ ᠴᠢᠩᠭ᠎ᠠ ᠪᠡᠷ ᠬᠠᠷᠢᠭᠤᠴᠠᠯᠭ᠎ᠠ ᠨᠡᠬᠡᠮᠵᠢᠯᠡᠵᠤ ᠬᠠᠷᠢᠭᠤᠴᠠᠯᠭ᠎ᠠ ᠲᠤᠯᠭᠠᠨ᠎ᠠ᠃

ᠲᠡᠦᠬᠡ ᠢᠷᠡᠭᠡᠳᠦᠢ᠎ᠵᠢ ᠵᠠᠷᠯᠠᠵᠤ ᠪᠠᠢ᠌ᠨ᠎ᠠ᠂ ᠲᠡᠮᠡᠴᠡᠯ ᠠᠭᠤᠤ ᠦᠢᠯᠡᠰ᠎ᠢ ᠪᠦᠲᠦᠭᠡᠨ᠎ᠡ᠃ ᠳᠤᠮᠳᠠᠳᠤ ᠤᠯᠤᠰ᠎ᠤᠨ ᠡᠪ ᠬᠠᠮᠲᠤ᠌ ᠨᠠᠮ ᠰᠦᠷ ᠳᠠᠯᠠᠶ᠋ᠢᠴᠠᠲᠠᠶ ᠠᠭᠤᠤ ᠶᠡᠬᠡ ᠠᠶᠠᠨ ᠵᠠᠮ᠎ᠳᠤ᠂ ᠦᠨᠡᠨ ᠶᠣᠰᠣ᠎ᠵᠢ ᠰᠢᠨᠳᠠᠷᠠᠰᠢ ᠦᠭᠡᠢ ᠬᠥᠭᠡᠭᠡᠴᠡᠯᠳᠦᠨ ᠢᠮᠠᠭᠲᠠ ᠤᠷᠤᠭᠰᠢᠯᠠᠬᠤ ᠴᠢᠭᠯᠡᠯ᠎ᠢ ᠣᠨᠣᠪᠴᠢᠲᠠᠶ ᠡᠵᠡᠮᠳᠡᠬᠦ᠂ ᠠᠷᠠᠳ ᠲᠦᠮᠡᠨ ᠎ᠤ᠋ ᠳᠤᠮᠳᠠ ᠬᠥᠨ ᠦᠨᠳᠦᠰᠦᠯᠡᠨ ᠢᠮᠠᠭᠲᠠ ᠪᠠᠲᠤ᠌ ᠪᠡᠬᠢ ᠦᠨᠳᠦᠰᠦ ᠰᠠᠭᠤᠷᠢ᠎ᠲᠠᠶ ᠪᠠᠶ᠋ᠢᠬᠤ ᠂ ᠲᠡᠦᠬᠡᠲᠦ᠍ ᠡᠭᠦᠷᠭᠡ᠎ᠵᠢ ᠵᠣᠷᠢᠭᠲᠠᠶ ᠡᠭᠦᠷᠭᠡᠯᠡᠨ ᠢᠮᠠᠭᠲᠠ ᠪᠠᠶ᠋ᠢᠯᠳᠤᠬᠤ ᠪᠣᠳᠣᠯᠭ᠎ᠠ᠎ᠵᠢᠨ ᠰᠠᠨᠠᠭᠠᠴᠢᠯᠠᠭᠠᠲᠤ᠌ ᠡᠷᠭᠡ᠎ᠵᠢ ᠡᠵᠡᠮᠰᠢᠬᠦ᠂ ᠬᠥᠭᠵᠢᠯᠲᠡ᠎ᠵᠢᠨ ᠤᠷᠤᠰᠬᠠᠯ᠎ᠢ ᠳᠠᠭᠠᠨ ᠢᠮᠠᠭᠲᠠ ᠴᠠᠭ ᠦᠶ᠎ᠡ᠎ᠵᠢᠨ ᠡᠮᠦᠨ᠎ᠡ ᠡᠩᠨᠡᠭᠡᠨ᠎ᠳᠦ ᠶᠠᠪᠤᠬᠤ᠂ ᠵᠣᠷᠢᠭᠲᠠᠢ ᠪᠦᠭᠡᠳ ᠴᠢᠳᠠᠮᠠᠭᠠᠢ᠎ᠪᠡᠷ ᠲᠡᠮᠡᠴᠡᠨ ᠢᠮᠠᠭᠲᠠ ᠵᠠᠪᠠᠯ ᠢᠯᠠᠬᠤ ᠢᠲᠡᠭᠡᠯ᠎ᠵᠢᠡᠨ ᠪᠠᠲᠤᠯᠠᠬᠤ᠂ ᠥᠪᠡᠷ᠎ᠢ᠎ᠪᠡᠨ ᠴᠢᠭᠢᠷᠠᠭᠵᠢᠭᠤᠯᠬᠤ᠎ᠵᠢ ᠴᠢᠬᠤᠯᠠᠴᠢᠯᠠᠨ ᠢᠮᠠᠭᠲᠠ ᠠᠮᠢᠵᠢᠷᠠᠯ᠎ᠤᠨ ᠬᠦᠴᠦᠨ ᠪᠤᠯᠤᠨ ᠠᠮᠢᠳᠤᠯᠢᠬ ᠬᠦᠴᠦᠨ ᠵᠢᠡᠷ ᠪᠢᠯᠬᠠᠮ᠎ᠠ ᠪᠠᠶ᠋ᠢᠬᠤ ᠵᠡᠷᠭᠡ ᠰᠢᠯᠢᠳᠡᠭ ᠦᠪᠡᠷᠮᠢᠴᠡ ᠴᠢᠨᠠᠷ᠎ᠢ ᠪᠣᠢ ᠪᠣᠯᠭᠠᠪᠠ᠃ ᠵᠠᠭᠤ ᠭᠠᠷᠤᠶ ᠵᠢᠯ᠎ᠦᠨ ᠲᠤᠷᠰᠢ᠂ ᠳᠤᠮᠳᠠᠳᠤ᠎ᠵᠢᠨ ᠡᠬᠡ ᠭᠠᠵᠠᠷ᠎ᠲᠤ᠌ ᠭᠠᠷᠤᠭᠰᠠᠨ ᠯᠤᠲᠤ᠌ ᠶᠡᠬᠡ ᠬᠤᠪᠢᠷᠠᠯᠲᠠ ᠨᠢ ᠨᠠᠮ ᠲᠡᠦᠬᠡ᠎ᠵᠢ ᠬᠦᠰᠡᠷᠳᠡᠭᠦᠯᠬᠦ᠌ ᠦᠭᠡᠢ᠂ ᠠᠷᠠᠳ ᠲᠦᠮᠡᠨ᠎ᠢ ᠬᠦᠰᠡᠷᠳᠡᠭᠦᠯᠬᠦ᠌ ᠦᠭᠡᠢ ᠂ ᠨᠠᠮ ᠪᠤᠯ ᠨᠡᠷ᠎ᠡ ᠨᠢᠳᠡᠷ᠎ᠲᠡᠬᠡᠨ ᠨᠡᠶ᠋ᠢᠴᠡᠭᠰᠡᠨ ᠲᠤᠮᠳᠡᠳᠦ ᠤᠯᠦᠰ᠎ᠤᠨ ᠠᠵᠢᠯᠴᠢᠠ ᠠᠡᠭᠬᠢ᠎ᠵᠢᠠ ᠬᠤᠰᠢᠭᠤᠴᠢ ᠠᠡᠭᠬᠢ᠂ ᠨᠡᠷ᠎ᠡ ᠨᠢᠳᠡᠷ᠎ᠲᠡᠬᠡᠨ ᠨᠡᠶ᠋ᠢᠴᠡᠭᠰᠡᠨ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠵᠢᠨ ᠦᠨᠳᠦᠰᠦᠲᠡᠨ᠎ᠦ ᠬᠣᠰᠢᠭᠤᠴᠢ ᠠᠩᠭᠢ ᠮᠥᠨ ᠭᠡᠳᠡᠭ᠎ᠢ ᠭᠦᠢᠴᠡᠳ ᠭᠡᠷᠡᠴᠢᠯᠡᠪᠡ᠃ ᠠᠭᠤᠤ ᠶᠡᠬᠡ᠂ ᠢᠷᠠᠭᠤ ᠠᠯᠳᠠᠷᠲᠠᠶ᠂ ᠵᠥᠪ ᠣᠨᠣᠪᠴᠢᠲᠠᠶ ᠳᠤᠮᠳᠠᠳᠤ ᠤᠯᠤᠰ᠎ᠤᠨ ᠡᠪ ᠬᠠᠮᠲᠤ᠌ ᠨᠠᠮ ᠰᠠᠯᠬᠢ ᠪᠣᠷᠣᠭᠠᠨ᠎ᠢ ᠲᠤᠭᠤᠯᠤᠭᠰᠠᠨ ᠴᠤ᠌ ᠲᠤᠯᠭᠤᠷ ᠵᠤᠷᠢᠯᠳᠠ᠎ᠪᠠᠨ ᠦᠯᠦ᠍ ᠬᠤᠪᠢᠷᠠᠭᠤᠯᠵᠤ᠂ ᠬᠠᠷᠠᠯᠲᠠ ᠪᠠᠲᠤ᠌ ᠪᠥᠭᠡᠳ ᠡᠷᠡᠯᠬᠡᠭ ᠰᠢᠭᠤᠷᠬᠠᠢ ᠪᠡᠷ ᠤᠷᠤᠭᠰᠢᠯᠠᠵᠤ᠂ 《ᠭᠤᠷᠪᠠᠨ ᠡᠷᠬᠡᠪᠰᠢ》᠎ᠵᠢ ᠪᠠᠲᠤ᠌ ᠴᠡᠭᠡᠵᠢᠯᠡᠵᠦ᠍᠂ ᠰᠢᠯᠭᠠᠯᠲᠠ᠎ᠳᠤ ᠣᠷᠣᠯᠴᠠᠬᠤ ᠰᠡᠷᠬᠡᠭ ᠳᠠᠨᠢᠯᠳᠠ ᠪᠠ ᠡᠷᠡᠰ ᠵᠤᠷᠢᠭ᠎ᠵᠢᠡᠨ ᠡᠭᠦᠷᠢᠳᠡ ᠬᠠᠳᠠᠭᠠᠯᠠᠵᠤ᠂ ᠮᠠᠰᠢ ᠤᠯᠠᠨ ᠲᠡᠦᠬᠡ᠎ᠵᠢᠨ ᠰᠢᠨ᠎ᠡ ᠣᠨᠴᠠᠯᠢᠭ ᠪᠦᠬᠦᠢ ᠠᠭᠤᠤ ᠶᠡᠬᠡ ᠲᠡᠮᠡᠴᠡᠯ᠎ᠢ ᠵᠣᠷᠢᠭᠲᠠᠶ᠎ᠪᠠᠷ ᠬᠢᠵᠦ᠍᠂ ᠤᠷᠤᠭᠰᠢᠯᠠᠯᠲᠠ᠎ᠵᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ᠎ᠢ ᠡᠷᠡᠰ ᠢᠯᠠᠨ ᠳᠠᠪᠠᠵᠤ᠂ ᠨᠡᠩ ᠰᠠᠢ᠌ᠨ ᠰᠠᠶ᠋ᠢᠬᠠᠨ ᠢᠷᠡᠭᠡᠳᠦᠶ᠎ᠵᠢ ᠲᠠᠰᠤᠷᠠᠯᠳᠠ ᠦᠭᠡᠢ ᠡᠭᠦᠳᠦᠨ ᠪᠦᠲᠦᠭᠡᠬᠦ᠌ ᠪᠤᠯᠤᠨ᠎ᠡ!

ᠪᠦᠬᠦ᠌ ᠨᠠᠮ᠎ᠵᠢᠡᠷ ᠵᠢᠡᠨ ᠰᠢ ᠵᠢᠨ ᠫᠢᠩ ᠨᠥᠬᠥᠷ ᠵᠢᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠍᠂ ᠰᠢ ᠵᠢᠨ ᠫᠢᠩ ᠎ᠦᠨ ᠰᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ ᠪᠦᠭᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠵᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠤᠶᠤᠨ ᠴᠢᠳᠠᠯ ᠵᠢᠡᠨ ᠰᠢᠪᠬᠠᠨ ᠤᠯᠤᠰ ᠤᠷᠤᠨ᠎ᠵᠢᠡᠨ  ᠵᠠᠰᠠᠵᠤ᠂ ᠬᠦᠴᠦᠷᠬᠡᠭᠵᠢᠬᠦ᠌᠎ᠪᠡᠷ ᠬᠦᠴᠦᠯᠡᠨ ᠴᠢᠷᠮᠠᠶ᠋ᠢᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠵᠤ᠂ ᠰᠢᠨ᠎ᠡ ᠴᠠᠭ ᠦᠶ᠎ᠡ᠎ᠵᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠬᠥᠭᠵᠢᠭᠦᠯᠦᠨ ᠨᠠᠮ᠎ᠢ ᠬᠦᠴᠦᠷᠬᠡᠭᠵᠢᠭᠦᠯᠬᠦ᠌ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠡᠭᠦᠳᠦᠨ ᠨᠡᠭᠡᠭᠡᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ᠌ ᠲᠠᠯ᠎ᠠ ᠪᠡᠷ ᠪᠠᠶ᠋ᠢᠭᠤᠯᠤᠨ ᠪᠦᠲᠦᠭᠡᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠵᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠵᠢ ᠪᠦᠬᠦ᠌ ᠲᠠᠯ᠎ᠠ᠎ᠪᠠᠷ ᠠᠬᠢᠭᠤᠯᠬᠤ᠎ᠵᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ!

(ᠲᠤᠮᠳᠠᠳᠤ ᠤᠯᠤᠰ᠎ᠤᠨ ᠦᠨᠳᠦᠰᠦᠳᠡᠨ᠎ᠤ ᠬᠡᠯᠡᠡ᠎ᠤ ᠤᠷᠴᠢᠭᠤᠯᠭ᠎ᠠ ᠵᠢᠨ ᠲᠤᠪᠴᠢᠶ᠎ᠠ ᠤᠷᠴᠢᠭᠤᠯᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面