2026-11-02 10:50:50
《ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ
ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠶ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ
ᠲᠥᠪ ᠬᠣᠷᠢᠶᠠᠨ᠎ᠤ ᠲᠣᠭᠲᠠᠭᠠᠯ》 ᠤ᠋ᠨ ᠲᠤᠬᠠᠶ ᠲᠣᠳᠣᠷᠬᠠᠶ᠋ᠢᠯᠠᠯᠲᠠ
ᠰᠢ᠎ᠵᠢᠨ ᠫᠢᠩ
ᠨᠥᠬᠥᠳ ᠡ᠄
ᠲᠥᠪ ᠬᠣᠷᠢᠶᠠᠨ᠎ᠤ ᠤᠯᠤᠰ ᠲᠦᠷᠦ᠎ᠵᠢᠨ ᠲᠣᠪᠴᠢᠶᠠᠨ᠎ᠤ ᠨᠠᠶ᠋ᠢᠳᠠᠯᠭ᠎ᠠ᠎ᠪᠠᠷ᠂ ᠪᠢ 《ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠶ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶᠠᠨ᠎ᠤ ᠲᠣᠭᠲᠠᠭᠠᠯ》 (ᠳᠣᠷᠣᠭᠰᠢ 《ᠲᠣᠭᠲᠠᠭᠠᠯ》 ᠭᠡᠵᠦ᠍ ᠲᠣᠪᠴᠢᠯᠠᠨ᠎ᠠ) ᠢ᠋ ᠲᠤᠭᠤᠷᠪᠢᠨ ᠪᠢᠴᠢᠭᠰᠡᠨ ᠬᠣᠯᠪᠤᠭᠳᠠᠯ ᠪᠦᠬᠦᠢ ᠪᠠᠢ᠌ᠳᠠᠯ᠎ᠤᠨ ᠲᠤᠬᠠᠢ ᠪᠦᠭᠦᠳᠡ ᠬᠤᠷᠠᠯ᠎ᠳᠤ ᠲᠣᠲᠤᠷᠬᠠᠢ᠌ᠯᠠᠯᠲᠠ ᠬᠢᠶ᠎ᠡ᠃
ᠨᠢᠭᠡ᠂ ᠪᠥᠬᠥᠳᠡ ᠬᠤᠷᠠᠯ᠎ᠤᠨ ᠵᠥᠪᠯᠡᠬᠦ᠌ ᠰᠡᠳᠦᠪ᠎ᠢ ᠲᠣᠭᠲᠠᠭᠠᠭᠰᠠᠨ ᠪᠣᠳᠣᠯᠬᠢᠯᠠᠯ᠎ᠤᠨ ᠲᠤᠬᠠᠢ
ᠨᠠᠮ᠎ᠤᠨ ᠪᠠᠶ᠋ᠢᠭᠤᠯᠤᠯᠲᠠ ᠨᠢ ᠨᠠᠮ᠎ᠤᠨ ᠢᠷᠡᠭᠡᠳᠦᠶ ᠬᠤᠪᠢ ᠵᠠᠶᠠᠭ᠎ᠠ᠎ᠳᠤ ᠬᠣᠯᠪᠣᠭᠳᠠᠵᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠮᠠᠨᠳᠤᠵᠤ ᠪᠠᠭᠤᠷᠠᠬᠤ ᠢᠯᠠᠵᠤ ᠢᠯᠠᠭᠳᠠᠬᠤ᠎ᠳᠤ ᠬᠣᠯᠪᠣᠭᠳᠠᠵᠤ ᠪᠠᠶ᠋ᠢᠳᠠᠭ᠃ ᠡᠨᠡ ᠵᠢᠯ ᠪᠣᠯ ᠮᠠᠨ᠎ᠤ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ ᠪᠣᠯᠤᠨ᠎ᠠ᠃ ᠲᠥᠪ ᠬᠣᠷᠢᠶᠠᠨ᠎ᠤ ᠤᠯᠤᠰ ᠲᠦᠷᠦ᠎ᠵᠢᠨ ᠲᠣᠪᠴᠢᠶ᠎ᠠ᠎ᠡᠴᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠲᠠᠪᠤᠳᠤᠭᠠᠷ ᠪᠦᠬᠦᠳᠡ ᠬᠤᠷᠠᠯ ᠳᠡᠭᠡᠷ᠎ᠡ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠠᠰᠠᠭᠤᠳᠠᠯ᠎ᠢ ᠭᠣᠣᠯᠳᠠᠯᠭ᠎ᠠ᠎ᠲᠠᠶ ᠰᠤᠳᠤᠯᠤᠨ᠎ᠠ ᠭᠡᠵᠦ᠍ ᠲᠣᠭᠲᠠᠭᠠᠪᠠ᠃ ᠡᠨᠡ ᠪᠣᠯ ᠨᠠᠮ᠎ᠤᠨ ᠲᠥᠪ ᠬᠣᠷᠢᠶ᠎ᠠ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠵᠢᠨ ᠲᠡᠦᠬᠡᠨ ᠣᠷᠣᠨ ᠪᠠᠶ᠋ᠢᠷᠢ᠎ᠵᠢ ᠡᠵᠡᠮᠳᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠵᠢᠨ ᠪᠦᠬᠦ᠌ ᠲᠠᠯ᠎ᠠ᠎ᠳᠦ ᠠᠩᠬᠠᠷᠤᠯ᠎ᠵᠢᠡᠨ ᠬᠠᠨᠳᠤᠭᠤᠯᠤᠨ᠂ ᠴᠠᠭ᠎ᠢ ᠠᠵᠢᠨ ᠪᠠᠶ᠋ᠢᠳᠠᠯ᠎ᠢ ᠰᠢᠨᠵᠢᠵᠦ᠍᠂ ᠪᠦᠬᠦ᠌ ᠲᠠᠯ᠎ᠠ᠎ᠪᠠᠷ ᠪᠣᠳᠣᠯᠬᠢᠯᠠᠵᠤ ᠪᠠᠶ᠋ᠢᠭᠠᠳ ᠭᠠᠷᠭᠠᠭᠰᠠᠨ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠮᠦᠨ᠃
ᠨᠢᠭᠡᠳᠦᠭᠡᠷᠲᠦ᠍᠂ ᠡᠨᠡ ᠪᠣᠯ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠪᠠᠲᠤᠯᠠᠵᠦ᠍᠂ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠪᠠᠶ᠋ᠢᠷᠢ ᠰᠠᠭᠤᠷᠢ᠎ᠵᠢ ᠪᠡᠬᠢᠵᠢᠭᠦᠯᠬᠦ᠌᠎ᠵᠢᠨ ᠵᠠᠶ᠋ᠢᠯᠠᠰᠢ ᠦᠭᠡᠢ ᠱᠠᠭᠠᠷᠳᠠᠯᠭ᠎ᠠ ᠮᠥᠨ᠃ ᠵᠠᠰᠠᠬᠤ ᠰᠠᠮᠠᠭᠤᠷᠠᠬᠤ ᠮᠠᠨᠳᠤᠬᠤ ᠲᠤᠷᠤᠢ᠌ᠳᠠᠬᠤ ᠲᠡᠦᠬᠡ᠎ᠵᠢᠨ ᠦᠶᠡᠯᠡᠯ᠎ᠦᠨ ᠲᠠᠪᠳᠠᠮᠵᠢ ᠡᠴᠡ ᠬᠡᠷᠬᠢᠨ ᠵᠠᠢ᠌ᠯᠠᠵᠤ ᠭᠠᠷᠬᠤ ᠪᠤᠢ ᠭᠡᠳᠡᠭ ᠪᠣᠯ ᠮᠠᠨ᠎ᠤ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ᠎ᠳᠤ ᠡᠷᠬᠡᠪᠰᠢ ᠰᠠᠶ᠋ᠢᠲᠤᠷ ᠬᠠᠷᠢᠭᠤᠯᠬᠤ ᠬᠡᠷᠡᠭᠲᠡᠢ ᠦᠨᠳᠦᠰᠦᠨ ᠠᠰᠠᠭᠤᠳᠠᠯ ᠪᠣᠯᠤᠨ᠎ᠠ᠃ ᠡᠭᠦᠨ᠎ᠤ ᠲᠤᠬᠠᠢ᠂ ᠲᠤᠬᠠᠶ᠎ᠵᠢᠨ ᠵᠢᠯ᠎ᠳᠦ ᠮᠠᠤ ᠽᠸ ᠳ᠋ᠦᠩ ᠨᠥᠬᠥᠷ ᠶᠠᠨ ᠠᠨ᠎ᠤ ᠨᠦᠬᠡᠨ ᠭᠡᠷ᠎ᠲᠦ᠍ 《ᠠᠷᠠᠳ ᠲᠦᠮᠡᠨᠵᠢᠡᠷ ᠵᠠᠰᠠᠭ᠎ᠤᠨ ᠣᠷᠳᠣᠨ᠎ᠳᠤ ᠬᠢᠨᠠᠯᠲᠠ ᠲᠠᠯᠪᠢᠭᠤᠯᠬᠤ》 ᠭᠡᠰᠡᠨ ᠨᠢᠭᠡᠳᠦᠭᠡᠷ ᠬᠠᠷᠢᠭᠤᠯᠲᠠ᠎ᠵᠢ ᠥᠭᠴᠦ᠍᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠠ ᠨᠠᠭᠠᠰᠢ ᠪᠢᠳᠡ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠦᠢᠯᠡᠳᠦᠯᠭᠡ᠎ᠵᠢᠨ ᠳᠤᠮᠳᠠ《ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ᠌》ᠭᠡᠰᠡᠨ ᠬᠣᠶᠠᠳᠤᠭᠠᠷ ᠬᠠᠷᠢᠭᠤᠯᠲᠠ᠎ᠵᠢ ᠣᠯᠤᠭᠰᠠᠨ ᠪᠠᠶ᠋ᠢᠨ᠎ᠠ᠃ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠌᠎ᠵᠢ ᠴᠢᠩᠭ᠎ᠠ ᠵᠠᠭᠠᠭᠯᠠᠨ ᠲᠣᠭᠲᠠᠭᠠᠭᠰᠠᠨ ᠪᠠᠢ᠌ᠳᠠᠭ᠂ ᠲᠤᠬᠠᠢ᠌ᠯᠠᠪᠠᠯ ᠬᠢᠲᠤᠭᠠᠨ᠎ᠤ ᠪᠡᠨ ᠢᠷ᠎ᠢ ᠳᠣᠲᠣᠭᠰᠢ ᠬᠠᠨᠳᠤᠭᠤᠯᠤᠨ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠵᠤ᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠪᠠᠲᠤᠯᠠᠨ᠂ ᠨᠠᠮ᠎ᠤᠨ ᠥᠪᠡᠷ᠎ᠢ᠎ᠪᠡᠨ ᠴᠡᠪᠡᠷᠰᠢᠭᠦᠯᠬᠦ᠂ ᠥᠪᠡᠷ᠎ᠢ ᠪᠡᠨ ᠲᠡᠭᠦᠯᠳᠡᠷᠵᠢᠭᠦᠯᠬᠦ᠂ ᠥᠪᠡᠷ᠎ᠢ᠎ᠪᠡᠨ ᠰᠢᠨᠡᠴᠢᠯᠡᠬᠦ᠂ ᠥᠪᠡᠷ᠎ᠢ᠎ᠪᠡᠨ ᠳᠡᠭᠡᠭᠰᠢᠯᠡᠭᠦᠯᠬᠦ᠌᠎ᠵᠢ ᠪᠡᠶᠡᠯᠡᠭᠦᠯᠬᠦ᠌ ᠶᠠᠪᠤᠳᠠᠯ ᠪᠤᠯᠤᠨ᠎ᠠ᠃ 100 ᠭᠠᠷᠤᠶ ᠵᠢᠯ᠎ᠦᠨ ᠲᠤᠷᠰᠢ᠂ ᠮᠠᠨ᠎ᠤ ᠨᠠᠮ ᠠᠷᠠᠳ ᠲᠦᠮᠡᠨ᠎ᠢ ᠤᠳᠤᠷᠢᠳᠤᠨ ᠳᠤᠮᠳᠠᠳᠤ᠎ᠵᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠵᠢ ᠪᠡᠶᠡᠯᠡᠭᠦᠯᠬᠦ᠌᠎ᠵᠢᠨ ᠲᠥᠯᠥᠭᠡ ᠴᠥᠬᠥᠷᠡᠰᠢ ᠦᠭᠡᠶ ᠲᠡᠮᠡᠴᠡᠭᠰᠡᠨ ᠲᠡᠤᠬᠡᠨ ᠠᠬᠢᠴᠠ ᠳᠤᠮᠳᠠ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠵᠢ ᠢᠮᠠᠭᠲᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠵᠣᠷᠢᠭᠲᠠᠶ᠎ᠪᠠᠷ ᠦᠨᠡᠨ ᠶᠣᠰᠣ᠎ᠵᠢ ᠪᠠᠷᠢᠮᠲᠠᠯᠠᠨ ᠠᠯᠳᠠᠭ᠎ᠠ ᠪᠤᠷᠤᠭᠤ᠎ᠪᠠᠨ ᠵᠠᠯᠠᠷᠠᠭᠤᠯᠵᠤ᠂ ᠲᠤᠰ ᠪᠡᠶ᠎ᠡ᠎ᠵᠢᠨ ᠬᠦᠴᠦᠨ ᠪᠠ ᠠᠷᠠᠳ ᠲᠦᠮᠡᠨ᠎ᠦ ᠳᠡᠮᠵᠢᠯᠭᠡ᠎ᠳᠦ ᠲᠦᠰᠢᠭᠯᠡᠨ ᠲᠤᠰ ᠪᠡᠶ᠎ᠡ᠎ᠵᠢᠨ ᠠᠰᠠᠭᠤᠳᠠᠯᠵᠢᠡᠨ ᠰᠢ᠌ᠳᠪᠦᠷᠢᠯᠡᠬᠦ᠌᠎ᠵᠢᠨ ᠳᠤᠮᠳᠠ ᠲᠠᠰᠤᠷᠠᠯᠳᠠ ᠦᠭᠡᠢ ᠬᠦᠴᠦᠷᠬᠡᠭᠵᠢᠭᠰᠡᠨ ᠡᠴᠡ᠂ ᠵᠠᠭᠤᠨ ᠵᠢᠯ᠎ᠦᠨ ᠲᠡᠦᠬᠡ ᠲᠠᠢ ᠶᠡᠬᠡ ᠨᠠᠮ ᠠᠮᠢᠵᠢᠷᠠᠯ᠎ᠤᠨ ᠬᠦᠴᠦᠨ᠎ᠵᠢᠡᠷ ᠪᠢᠯᠬᠠᠮ᠎ᠠ᠂ ᠴᠤᠭ ᠵᠢᠪᠬᠤᠭ᠎ᠠ ᠪᠠᠳᠠᠷᠠᠩᠭᠤᠢ ᠪᠠᠢ᠌ᠭᠰᠠᠭᠠᠷ ᠪᠠᠶ᠋ᠢᠨ᠎ᠠ᠃
ᠡᠭᠦᠨ᠎ᠦ ᠬᠠᠮᠲᠤ᠌᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠪᠣᠯ ᠤᠷᠳᠤ ᠬᠤᠭᠤᠴᠠᠭᠠᠨ᠎ᠤ ᠪᠠᠶ᠋ᠢᠯᠳᠤᠬᠤ ᠪᠤᠳᠤᠯᠭ᠎ᠠ᠎ᠵᠢᠨ ᠴᠢᠨᠠᠷᠲᠠᠢ ᠡᠭᠦᠷᠭᠡ ᠪᠤᠯᠬᠤ ᠶᠤᠮ᠃ ᠡᠳᠡᠭᠡᠷ ᠵᠢᠯᠦᠳᠲᠦ᠍᠂ ᠨᠠᠮ᠎ᠤᠨ ᠡᠩᠨᠡᠭᠡ᠎ᠳᠦ ᠪᠦᠲᠦᠴᠡ᠎ᠵᠢᠨ ᠴᠢᠨᠠᠷᠲᠠᠶ ᠬᠤᠪᠢᠷᠠᠯᠲᠠ ᠭᠠᠷᠴᠤ᠌᠂ ᠥᠭᠡᠷᠡᠴᠢᠯᠡᠯᠲᠡ ᠨᠡᠭᠡᠭᠡᠯᠳᠡ ᠬᠢᠭᠰᠡᠨ᠎ᠦ ᠲᠠᠷᠠᠭ᠎ᠠ ᠲᠦᠷᠦᠭᠰᠡᠨ ᠨᠠᠮ᠎ᠤᠨ ᠭᠡᠰᠢᠭᠦᠨ᠂ ᠺᠠᠳ᠋ᠷ᠎ᠤᠨ ᠬᠠᠷᠢᠴᠠᠯ ᠤᠯᠠᠮ᠎ᠡᠴᠠ ᠤᠯᠠᠮ ᠶᠡᠬᠡᠰᠦᠭᠡᠳ᠂ ᠬᠦᠮᠦᠵᠢᠯ ᠬᠠᠮᠢᠶᠠᠷᠤᠯᠲᠠ᠎ᠳᠤ ᠰᠢᠨ᠎ᠡ ᠱᠠᠭᠠᠷᠳᠠᠯᠭ᠎ᠠ ᠳᠤᠷᠠᠳᠪᠠ᠃ ᠨᠠᠮ᠎ᠤᠨ ᠡᠩᠨᠡᠭᠡᠨ᠎ᠦ ᠭᠣᠤᠯ ᠤᠷᠤᠰᠬᠠᠯ ᠰᠠᠢ᠌ᠨ ᠪᠠᠢ᠌ᠨ᠎ᠠ᠂ ᠭᠡᠪᠡᠴᠦ᠍ ᠨᠠᠮ᠎ᠤᠨ ᠲᠡᠷᠢᠭᠦᠨ᠎ᠦ ᠴᠢᠨᠠᠷ᠎ᠢ ᠰᠤᠯᠠᠷᠠᠭᠤᠯᠬᠤ᠂ ᠨᠠᠮ᠎ᠤᠨ ᠴᠡᠪᠡᠷ ᠴᠢᠨᠠᠷ᠎ᠢ ᠬᠣᠬᠢᠷᠠᠭᠤᠯᠬᠤ᠂ ᠨᠠᠮ᠎ᠤᠨ ᠤᠷᠲᠤ᠌ ᠬᠤᠭᠤᠴᠠᠭ᠎ᠠ᠎ᠪᠠᠷ ᠲᠦᠷᠦ᠍ ᠪᠠᠷᠢᠬᠤ᠎ᠵᠢ ᠨᠥᠯᠥᠭᠡᠯᠡᠬᠦ᠌ ᠠᠰᠠᠭᠤᠳᠠᠯ ᠪᠠ ᠳᠠᠯᠳᠠ ᠬᠡᠮ ᠪᠠᠰᠠ ᠴᠥᠭᠡᠨ ᠪᠤᠰᠤ ᠪᠠᠶ᠋ᠢᠨ᠎ᠠ᠂ ᠤᠨᠴᠠᠭᠠᠢ᠌ᠯᠠᠨ ᠦᠵᠡᠯ ᠰᠠᠨᠠᠭ᠎ᠠ ᠴᠡᠪᠡᠷ ᠪᠤᠰᠤ᠂ ᠵᠣᠬᠢᠶᠠᠨ ᠪᠠᠢ᠌ᠭᠤᠯᠤᠯᠲᠠ ᠴᠡᠪᠡᠷ ᠪᠤᠰᠤ᠂ ᠤᠪᠤᠷ ᠰᠤᠷᠲᠠᠯ ᠴᠡᠪᠡᠷ ᠪᠤᠰᠤ ᠪᠠᠶ᠋ᠢᠬᠤ ᠠᠰᠠᠭᠤᠳᠠᠯ᠎ᠢ ᠬᠠᠷᠠᠬᠠᠨ ᠦᠨᠳᠦᠰᠦᠨ᠎ᠡᠴᠡ ᠨᠢ ᠰᠢ᠌ᠳᠪᠦᠷᠢᠯᠡᠭᠡᠳᠦᠢ ᠪᠠᠢ᠌ᠵᠤ᠂ ᠵᠠᠷᠢᠮ ᠰᠢᠨ᠎ᠡ ᠠᠰᠠᠭᠤᠳᠠᠯ ᠪᠠᠰᠠ ᠲᠠᠰᠤᠷᠠᠯᠲᠠ ᠦᠭᠡᠢ ᠭᠠᠷᠴᠤ᠌ ᠪᠠᠢ᠌ᠬᠤ᠎ᠵᠢ ᠰᠡᠷᠭᠡᠭᠵᠢᠡᠷ ᠤᠯᠵᠤ ᠬᠠᠷᠠᠬᠤ ᠬᠡᠷᠡᠭᠲᠡᠢ᠃ ᠡᠳᠡᠭᠡᠷ ᠠᠰᠠᠭᠤᠳᠠᠯ ᠪᠠ ᠰᠢᠯᠭᠠᠯᠲᠠ᠎ᠵᠢᠨ ᠡᠮᠦᠨ᠎ᠡ᠂ ᠭᠠᠭᠴᠠ ᠬᠦ᠌ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠪᠡᠷ ᠳᠠᠮᠵᠢᠨ᠂ ᠨᠠᠮ᠎ᠤᠨ ᠡᠷᠡᠭᠦᠯ ᠴᠢᠭᠢᠷᠠᠭ ᠪᠡᠶ᠎ᠡ ᠴᠤᠭᠴᠠᠰᠢ ᠬᠣᠬᠢᠷᠠᠭᠤᠯᠤᠨ ᠬᠦᠨᠦᠭᠡᠬᠦ᠌ ᠸᠢᠷᠦ᠋ᠰ᠎ᠢ ᠲᠠᠰᠤᠷᠠᠯᠲᠠ ᠥᠭᠡᠢ ᠴᠡᠪᠡᠷᠯᠡᠨ ᠠᠷᠢᠯᠭᠠᠪᠠᠯ᠂ ᠰᠠᠶᠢ ᠨᠠᠮ᠎ᠤᠨ ᠡᠭᠦᠷᠢᠳᠡ ᠴᠢᠨᠠᠷ ᠬᠤᠪᠢᠷᠠᠬᠤ ᠦᠭᠡᠢ ᠦᠩᠭᠡ ᠬᠤᠪᠢᠷᠠᠬᠤ ᠦᠭᠡᠢ ᠦᠨᠦᠷ ᠬᠤᠪᠢᠷᠠᠬᠤ ᠦᠭᠡᠢ ᠪᠠᠶ᠋ᠢᠬᠤ᠎ᠵᠢ ᠦᠨᠡᠨ ᠬᠦ᠌ ᠪᠠᠲᠤᠯᠠᠵᠤ᠂ ᠬᠤᠪᠢᠰᠬᠠᠯᠲᠦ᠍ ᠲᠥᠷᠥ᠍ ᠭᠦᠷᠦᠨ᠎ᠤ ᠦᠶ᠎ᠡ᠎ᠵᠢᠨ ᠦᠶ᠎ᠠ᠎ᠳᠤ ᠤᠯᠠᠮᠵᠢᠯᠠᠭᠳᠠᠬᠤ᠎ᠵᠢ ᠦᠨᠡᠨ ᠬᠦ᠌ ᠪᠠᠲᠤᠯᠠᠵᠦ᠍ ᠴᠢᠳᠠᠨ᠎ᠠ᠃
ᠬᠣᠶᠠᠳᠤᠭᠠᠷᠲᠤ᠌᠂ ᠡᠨᠡ ᠪᠣᠯ ᠪᠦᠬᠦ᠌ ᠨᠠᠮᠵᠢᠡᠷᠵᠢᠡᠨ ᠳᠡᠭᠡᠳᠦ ᠬᠡᠮᠵᠢᠶ᠎ᠡ᠎ᠪᠡᠷ ᠪᠦᠯᠬᠦᠮᠳᠡᠨ ᠨᠢᠭᠡᠳᠦᠭᠰᠡᠨ᠂ ᠨᠠᠮ᠎ᠤᠨ ᠰᠡᠳᠬᠢᠯ ᠴᠡᠷᠢᠭ᠎ᠦᠨ ᠰᠡᠳᠬᠢᠯ ᠠᠷᠠᠳ᠎ᠤᠨ ᠰᠡᠳᠬᠢᠯ ᠳᠡᠭᠡᠳᠦ ᠬᠡᠮᠵᠢᠶ᠎ᠡ᠎ᠪᠡᠷ ᠨᠢᠭᠲᠠᠷᠠᠭᠰᠠᠨ ᠰᠠᠢ᠌ᠨ ᠰᠠᠶ᠋ᠢᠬᠠᠨ ᠤᠯᠤᠰ ᠲᠦᠷᠦ᠎ᠵᠢᠨ ᠪᠠᠶ᠋ᠢᠳᠠᠯ᠎ᠢ ᠪᠡᠬᠢᠵᠢᠬᠦᠯᠦᠨ ᠬᠦᠭᠵᠢᠬᠦᠯᠬᠦ᠌᠎ᠵᠢᠨ ᠵᠠᠶ᠋ᠢᠯᠠᠰᠢ ᠦᠭᠡᠢ ᠱᠠᠭᠠᠷᠳᠠᠯᠭ᠎ᠠ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠤᠨ ᠳᠠᠷᠠᠭ᠎ᠠ᠂ ᠨᠠᠮ᠎ᠤᠨ ᠲᠥᠪ ᠬᠣᠷᠢᠶ᠎ᠠ ᠨᠢᠭᠡ ᠦᠶ᠎ᠡ ᠢᠯᠡᠷᠡᠭᠰᠡᠨ ᠨᠠᠮ᠎ᠤᠨ ᠤᠳᠤᠷᠢᠳᠤᠯᠭ᠎ᠠ᠎ᠵᠢ ᠰᠤᠯᠠᠷᠠᠭᠤᠯᠤᠭᠰᠠᠨ ᠬᠡᠢ᠌ᠰᠪᠦᠷᠢᠵᠢᠭᠦᠯᠦᠭᠰᠡᠨ ᠶᠡᠷᠦᠮᠳᠡᠭᠵᠢᠬᠦᠯᠦᠭᠰᠡᠨ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠨᠢ ᠴᠢᠩᠭ᠎ᠠ ᠪᠤᠰᠤ ᠪᠣᠳᠠᠲᠠᠶ ᠪᠤᠰᠤ ᠲᠤᠷᠪᠢ ᠮᠠᠭᠤᠲᠠᠢ ᠪᠠᠢ᠌ᠭᠰᠠᠨ᠂ ᠨᠠᠮ᠎ᠤᠨ ᠳᠣᠲᠣᠭᠠᠳᠤ᠎ᠵᠢᠨ ᠵᠠᠷᠢᠮ ᠠᠰᠠᠭᠤᠳᠠᠯ ᠬᠥᠮᠦᠨ᠎ᠢ ᠰᠣᠴᠢᠭᠠᠮ᠎ᠠ ᠬᠡᠮᠵᠢᠶᠡᠨ᠎ᠳᠦ ᠬᠦᠷᠦᠭᠰᠡᠨ ᠬᠦᠨᠳᠦ ᠭᠡᠴᠡᠬᠦᠦ ᠪᠤᠲᠠᠲᠤ᠌ ᠪᠠᠢ᠌ᠳᠠᠯ᠎ᠳᠤ ᠰᠢᠭᠤᠳ ᠬᠠᠨᠳᠤᠵᠤ᠂ ᠨᠠᠮ᠎ᠢ ᠡᠷᠡᠰ ᠭᠣᠢ᠌ᠪᠢᠰᠢ ᠦᠭᠡᠢ ᠪᠡᠷ ᠪᠦᠬᠦ᠌ ᠲᠠᠯ᠎ᠠ ᠪᠡᠷ ᠴᠢᠩᠭ᠎ᠠ ᠵᠠᠰᠠᠵᠦ᠍᠂ ᠲᠣᠪᠣᠢ᠌ᠮ᠎ᠠ ᠠᠰᠠᠭᠤᠳᠠᠯ᠎ᠢ ᠦᠷᠭᠦᠯᠵᠢᠯᠡᠨ ᠰᠢ᠌ᠳᠪᠦᠷᠢᠯᠡᠭᠡᠳ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠠᠯ᠎ᠠ᠎ᠪᠠᠷ ᠠᠭᠤᠵᠢᠭᠤ ᠰᠤᠯᠠ ᠵᠥᠭᠡᠯᠡᠨ ᠪᠠᠢ᠌ᠭᠰᠠᠨ ᠪᠠᠶ᠋ᠢᠳᠠᠯ᠎ᠢ ᠦᠨᠳᠦᠰᠦᠨ᠎ᠡᠴᠡ ᠨᠢ ᠬᠤᠪᠢᠷᠠᠭᠤᠯᠵᠦ᠍᠂ ᠤᠷᠲᠤ᠌ ᠬᠤᠭᠤᠴᠠᠭ᠎ᠠ᠎ᠪᠠᠷ ᠬᠤᠷᠢᠬᠯᠠᠨ ᠵᠤᠬᠰᠤᠭᠠᠵᠤ ᠴᠢᠳᠠᠬᠰᠠᠨ ᠦᠬᠡᠢ ᠵᠠᠷᠢᠮ ᠭᠠᠵᠢᠭᠤ ᠰᠤᠷᠲᠠᠯ᠎ᠢ ᠬᠣᠷᠢᠭᠯᠠᠨ ᠵᠣᠭᠰᠣᠭᠠᠵᠤ᠂ ᠤᠯᠠᠨ ᠵᠢᠯ ᠠᠷᠢᠯᠭᠠᠭᠠᠳᠥᠢ ᠪᠠᠢ᠌ᠭᠰᠠᠨ ᠵᠠᠷᠢᠮ ᠠᠷᠬᠠᠭ ᠭᠡᠮ᠎ᠢ ᠵᠠᠯᠠᠷᠠᠭᠤᠯᠤᠨ ᠵᠠᠰᠠᠵᠦ᠍᠂ ᠨᠠᠮ᠂ ᠤᠯᠤᠰ᠂ ᠴᠡᠷᠢᠭ ᠠᠩᠭᠢ᠎ᠵᠢᠨ ᠳᠣᠲᠣᠭᠠᠳᠤ᠎ᠳᠤ ᠣᠷᠣᠰᠢᠵᠤ ᠪᠠᠢ᠌ᠬᠰᠠᠨ ᠬᠦᠨᠳᠦ ᠨᠣᠴᠢᠲᠠᠶ ᠳᠠᠯᠳᠠ ᠭᠡᠮ᠎ᠢ ᠠᠷᠢᠯᠭᠠᠭᠰᠠᠨᠵᠢᠡᠷ᠂ ᠨᠠᠮ ᠬᠤᠪᠢᠰᠬᠠᠯᠲᠤ᠌ ᠴᠢᠨᠠᠷᠲᠠᠶ ᠳᠠᠪᠲᠠᠯᠲᠠ ᠳᠤᠮᠳᠠ ᠨᠡᠩ ᠡᠷᠡᠰ ᠴᠢᠩᠭ᠎ᠠ ᠬᠦᠴᠦᠨ ᠲᠡᠭᠦᠯᠳᠡᠷ ᠪᠤᠯᠪᠠ᠃ ᠨᠠᠮ᠎ᠤᠨ ᠪᠦᠬᠦ᠌ ᠲᠠᠯ᠎ᠠ᠎ᠵᠢᠨ ᠤᠳᠤᠷᠢᠳᠤᠯᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠢᠯᠡᠳᠲᠡ ᠴᠢᠩᠭᠠᠷᠠᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠭᠦᠵᠢᠨ ᠰᠢᠨ᠎ᠡ ᠦᠰᠦᠷᠦᠯᠲᠡ᠎ᠵᠢ ᠪᠡᠶᠡᠯᠡᠭᠦᠯᠦᠨ᠂ ᠰᠢᠨ᠎ᠡ ᠴᠠᠭ ᠦᠶ᠎ᠡ᠎ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠱᠤᠭᠤᠮ᠎ᠢ ᠬᠦᠴᠦᠲᠡᠶ ᠲᠤᠭᠤᠰᠢᠯᠠᠭᠤᠯᠵᠦ᠍᠂ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭᠠᠯ᠎ᠤᠨ ᠲᠡᠮᠦᠷ ᠮᠠᠲᠤ᠌ ᠴᠢᠩᠭ᠎ᠠ ᠰᠠᠬᠢᠯᠭ᠎ᠠ᠎ᠵᠢᠨ ᠰᠦᠷ ᠬᠦᠴᠦᠨ ᠪᠠᠳᠠᠷᠠᠵᠤ᠂ ᠨᠠᠮ᠎ᠤᠨ ᠰᠠᠬᠢᠯᠭ᠎ᠠ ᠪᠠᠲᠤᠵᠢᠨ ᠪᠠᠢ᠌ᠭᠤᠯᠤᠯᠲᠠ᠎ᠵᠢ ᠯᠠᠪᠳᠠᠭᠤᠨ ᠪᠠᠲᠤᠲᠠᠢ ᠠᠬᠢᠭᠤᠯᠵᠦ᠍᠂ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠤᠨ ᠡᠷᠴᠢᠮ ᠤᠷᠢᠳ ᠡᠮᠦᠨ᠎ᠡ ᠪᠠᠢ᠌ᠭ᠎ᠠ ᠦᠭᠡᠶ ᠴᠢᠩᠭᠠᠷᠠᠨ᠂ ᠦᠷ᠎ᠡ ᠪᠦᠲᠦᠮᠵᠢ ᠣᠯᠠᠨ᠎ᠤ ᠨᠢᠳᠦᠨ᠎ᠳᠦ ᠢᠯᠡᠬᠡᠨ ᠪᠤᠯᠵᠤ᠂ ᠨᠠᠮ᠎ᠤᠨ ᠳᠣᠲᠣᠭᠠᠳᠤ᠎ᠵᠢᠨ ᠬᠠᠤᠯᠢ ᠲᠤᠭᠲᠠᠭᠠᠯ ᠳᠦᠷᠢᠮ᠎ᠦᠨ ᠰᠢᠰᠲᠸᠮ ᠨᠡᠩ ᠢᠯᠡᠭᠦᠦ ᠲᠡᠭᠦᠯᠳᠡᠷᠵᠢᠵᠦ᠍᠂ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ᠎ᠵᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠵᠢᠨ ᠨᠠᠶ᠋ᠢᠳᠠᠪᠤᠷᠢᠵᠢᠭᠤᠯᠤᠯᠲᠠ ᠶᠠᠪᠤᠭᠤᠷᠢ᠎ᠲᠠᠢ ᠪᠦᠭᠡᠳ ᠪᠦᠲᠦᠮᠵᠢᠲᠡᠢ ᠪᠤᠯᠪᠠ᠃ ᠰᠢᠨ᠎ᠡ ᠴᠠᠭ ᠦᠶ᠎ᠡ᠎ᠵᠢᠨ ᠨᠠᠮ᠎ᠢ ᠪᠦᠬᠦ᠌ ᠲᠠᠯ᠎ᠠ ᠪᠠᠷ ᠴᠢᠩᠭ᠎ᠠ ᠵᠠᠰᠠᠬᠤ ᠠᠵᠢᠯ᠎ᠳᠦ ᠪᠠᠶᠠᠯᠢᠭ ᠲᠤᠷᠰᠢᠯᠭ᠎ᠠ᠎ᠵᠢ ᠬᠤᠷᠠᠮᠳᠤᠭᠤᠯᠵᠤ᠂ ᠵᠠᠭᠤᠨ ᠵᠢᠯ᠎ᠤᠨ ᠲᠡᠥᠭᠡ ᠲᠠᠢ ᠶᠡᠬᠡ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠌ ᠰᠢᠨ᠎ᠡ ᠠᠬᠤᠢ ᠪᠠᠶ᠋ᠢᠳᠠᠯ᠎ᠢ ᠨᠡᠭᠡᠭᠡᠬᠡᠳ᠂ ᠨᠠᠮ᠎ᠤᠨ ᠪᠦᠯᠬᠦᠮᠳᠡᠯ ᠨᠢᠭᠡᠳᠦᠯ ᠨᠠᠩ ᠢᠯᠡᠭᠦᠦ ᠪᠡᠬᠢᠵᠢᠵᠦ᠍᠂ ᠨᠠᠮ᠎ᠤᠨ ᠰᠡᠳᠬᠢᠯ ᠴᠡᠷᠢᠭ᠎ᠤᠨ ᠰᠡᠳᠬᠢᠯ ᠠᠷᠠᠳ᠎ᠤᠨ ᠰᠡᠳᠬᠢᠯ ᠳᠡᠭᠡᠳᠦ ᠬᠡᠮᠵᠢᠶ᠎ᠡ᠎ᠪᠡᠷ ᠨᠢᠭᠲᠠᠷᠠᠪᠠ᠃
ᠡᠨᠡ ᠬᠦ᠌ ᠰᠡᠢ᠌ᠠ ᠰᠠᠶ᠋ᠢᠬᠠᠨ ᠤᠯᠤᠰ ᠲᠦᠷᠦ᠎ᠵᠢᠨ ᠪᠠᠶ᠋ᠢᠳᠠᠯ᠎ᠢ ᠬᠢᠯᠪᠠᠷᠬᠠᠨ᠎ᠢᠶᠡᠷ ᠣᠯᠤᠭᠰᠠᠨ ᠪᠢᠰᠢ ᠶᠤᠮ᠂ ᠪᠦᠬᠦ᠌ ᠨᠠᠮ ᠵᠢᠡᠷ ᠵᠢᠡᠨ ᠡᠷᠬᠡᠪᠰᠢ ᠬᠤᠪᠢ ᠲᠡᠬᠢᠠ ᠨᠠᠨᠳᠢᠩᠨᠠᠵᠤ᠂ ᠲᠡᠰᠦᠷᠡᠯᠳᠠ ᠦᠬᠡᠢ ᠪᠡᠬᠢᠵᠢᠭᠦᠯᠦᠨ ᠬᠥᠭᠵᠢᠭᠦᠯᠬᠦ᠌ ᠬᠡᠷᠡᠭᠲᠡᠢ᠃ ᠡᠨᠡ ᠨᠢ ᠪᠢᠳᠡᠨ᠎ᠤ ᠰᠢᠨ᠎ᠡ ᠴᠠᠭ ᠦᠶ᠎ᠡ᠎ᠵᠢᠨ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠭᠰᠠᠨ ᠡᠷᠬᠢᠮ ᠨᠠᠨᠳᠢᠨ ᠲᠤᠷᠰᠢᠯᠭ᠎ᠠ᠎ᠵᠢ ᠪᠠᠷᠢᠮᠲᠠᠯᠠᠨ ᠬᠡᠷᠡᠭᠯᠡᠵᠦ᠍᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠥᠨᠢ ᠡᠭᠦᠷᠢᠳᠡ ᠪᠠᠷᠢᠮᠲᠠᠯᠠᠨ ᠠᠬᠢᠭᠤᠯᠵᠤ᠂ ᠨᠠᠮ᠎ᠤᠨ ᠤᠯᠤᠰ ᠲᠥᠷᠥ᠎ᠵᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ᠎ᠢ ᠵᠣᠬᠢᠶᠠᠨ ᠪᠠᠶ᠋ᠢᠭᠤᠯᠬᠤ ᠬᠦᠴᠦᠨ᠂ ᠨᠡᠶ᠋ᠢᠭᠡᠮ ᠨᠡᠢ᠌ᠲᠡ᠎ᠵᠢ ᠤᠷᠢᠶᠠᠯᠠᠬᠤ ᠬᠦᠴᠦᠨ᠎ᠢ ᠲᠠᠰᠤᠷᠠᠯᠲᠠ ᠦᠭᠡᠢ ᠴᠢᠩᠭᠠᠳᠬᠠᠵᠤ᠂ ᠨᠠᠮ᠎ᠤᠨ ᠡᠭᠦᠷᠢᠳᠡ ᠠᠷᠠᠳ ᠲᠦᠮᠡᠨ᠎ᠦ ᠴᠢᠩ ᠰᠡᠳᠬᠢᠯ᠎ᠦᠨ ᠬᠦᠷᠢᠶᠡᠯᠡᠯ᠎ᠢ ᠣᠯᠬᠤ᠂ ᠢᠮᠠᠭᠲᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢᠯᠡᠰ᠎ᠦᠨ ᠪᠠᠲᠤ᠌ ᠴᠢᠩᠭ᠎ᠠ ᠤᠳᠤᠷᠢᠳᠬᠤ ᠭᠣᠣᠯᠯᠠᠭᠴᠢ ᠪᠣᠯᠬᠤ᠎ᠵᠢ ᠦᠨᠡᠨᠬᠦ᠌ ᠪᠠᠲᠤᠯᠠᠬᠤ᠎ᠵᠢ ᠱᠠᠭᠠᠷᠳᠠᠵᠤ ᠪᠠᠢ᠌ᠨ᠎ᠠ᠃
ᠭᠤᠷᠪᠠᠳᠤᠭᠠᠷ᠎ᠲᠤ᠌᠂ ᠡᠨᠡ ᠪᠣᠯ ᠨᠠᠮ᠎ᠤᠨ ᠲᠡᠦᠬᠡᠲᠦ᠍ ᠡᠭᠦᠷᠭᠡ᠎ᠵᠢ ᠪᠡᠶᠡᠯᠡᠭᠦᠯᠵᠦ᠍᠂ ᠨᠠᠮ ᠪᠠ ᠤᠯᠤᠰ᠎ᠤᠨ ᠠᠵᠢᠯ ᠦᠢᠯᠡᠰ᠎ᠦᠨ ᠯᠠᠪᠳᠠᠭᠤᠨ ᠪᠦᠭᠡᠳ ᠥᠨᠢ ᠤᠳᠠᠭᠠᠨ ᠬᠥᠭᠵᠢᠬᠦ᠌᠎ᠵᠢ ᠠᠬᠢᠭᠤᠯᠬᠤ᠎ᠵᠢᠨ ᠵᠠᠶ᠋ᠢᠯᠠᠰᠢ ᠦᠭᠡᠢ ᠱᠠᠭᠠᠷᠳᠠᠯᠭ᠎ᠠ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠵᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠪᠣᠯ ᠳᠡᠤᠬᠡᠨ᠎ᠳᠦ ᠭᠠᠷᠤᠭ᠎ᠠ ᠦᠭᠡᠢ ᠡᠭᠦᠳᠦᠯᠲᠡ᠎ᠵᠢᠨ ᠴᠢᠨᠠᠷᠲᠠᠢ ᠦᠢᠯᠡᠰ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠠ ᠨᠠᠭᠠᠰᠢᠬᠢ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠢᠷᠭᠠᠭᠤ ᠬᠠᠲᠠᠭᠤᠵᠢᠯᠲᠠᠶ ᠲᠡᠮᠡᠴᠡᠯ᠎ᠢᠶᠡᠷ ᠳᠠᠮᠵᠢᠨ ᠂ ᠨᠠᠮ ᠪᠠ ᠤᠯᠤᠰ᠎ᠤᠨ ᠠᠵᠢᠯ ᠦᠢᠯᠡᠰ ᠲᠡᠦᠬᠡᠲᠦ᠍ ᠴᠢᠨᠠᠷᠲᠠᠢ ᠠᠮᠵᠢᠯᠲᠠ ᠪᠦᠲᠦᠮᠵᠢ ᠣᠯᠵᠤ ᠂ ᠲᠡᠦᠬᠡᠲᠦ᠍ ᠴᠢᠨᠠᠷᠲᠠᠢ ᠬᠤᠪᠢᠰᠤᠯᠲᠠ ᠭᠠᠷᠴᠤ᠌ ᠂ ᠳᠤᠮᠳᠠᠳᠤ᠎ᠵᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠵᠢ ᠪᠡᠶᠡᠯᠡᠭᠦᠯᠬᠦ᠌ ᠶᠠᠪᠤᠳᠠᠯ ᠪᠤᠴᠠᠰᠢ ᠦᠭᠡᠢ ᠲᠡᠦᠬᠡᠨ ᠠᠬᠢᠴᠠ᠎ᠳᠤ ᠣᠷᠣᠪᠠ᠃ ᠡᠭᠦᠨ᠎ᠦ ᠬᠠᠮᠲᠤ᠌᠂ ᠳᠡᠯᠡᠬᠡᠢ᠎ᠵᠢᠨ ᠬᠤᠪᠢᠷᠠᠯᠲᠠ᠂ ᠴᠠᠭ ᠦᠶ᠎ᠡ᠎ᠵᠢᠨ ᠬᠤᠪᠢᠷᠠᠯᠲᠠ᠂ ᠲᠡᠦᠬᠡ᠎ᠵᠢᠨ ᠬᠤᠪᠢᠷᠠᠯᠲᠠ ᠶᠠᠭ ᠤᠷᠢᠳ ᠡᠮᠦᠨ᠎ᠡ ᠪᠠᠶ᠋ᠢᠭ᠎ᠠ ᠦᠭᠡᠢ ᠠᠷᠭ᠎ᠠ ᠮᠠᠶᠢᠭ᠎ᠢᠶᠡᠷ ᠶᠠᠪᠤᠭᠳᠠᠵᠤ᠂ ᠤᠷᠤᠭᠰᠢᠯᠠᠯᠲᠠ᠎ᠵᠢᠨ ᠵᠠᠮ᠎ᠳᠤ ᠤᠯᠠᠨ ᠵᠦᠢᠯ᠎ᠦᠨ ᠲᠦᠭᠰᠢᠭᠦᠷᠢ ᠪᠠ ᠰᠢᠯᠭᠠᠯᠲᠠ ᠲᠤᠯᠭᠠᠷᠠᠵᠤ ᠪᠠᠶ᠋ᠢᠨ᠎ᠠ᠃ ᠣᠯᠠᠨ ᠤᠯᠤᠰ᠎ᠤᠨ ᠪᠠᠶ᠋ᠢᠳᠠᠯ᠎ᠡᠴᠠ ᠦᠵᠡᠪᠡᠯ᠂ ᠳᠡᠯᠡᠬᠡᠶ ᠶᠢᠷᠲᠢᠨᠴᠦ᠎ᠵᠢᠨ ᠵᠠᠭᠤᠨ ᠵᠢᠯ᠎ᠳᠦ ᠭᠠᠷᠤᠭ᠎ᠠ ᠦᠭᠡᠢ ᠶᠡᠬᠡ ᠬᠤᠪᠢᠰᠤᠯᠲᠠ ᠲᠦᠷᠭᠡᠰᠦᠨ ᠤᠯᠠᠷᠢᠵᠤ᠂ ᠰᠢᠨ᠎ᠡ ᠨᠢᠭᠡ ᠡᠭᠡᠯᠵᠢ᠎ᠵᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠪᠠ ᠠᠵᠤ ᠦᠢᠯᠡᠰ᠎ᠦᠨ ᠬᠤᠪᠢᠰᠤᠯᠲᠠ᠎ᠵᠢᠨ ᠰᠢᠪᠲᠤᠯᠤᠯᠲᠠ ᠲᠦᠷᠭᠡᠳᠴᠤ᠌᠂ ᠣᠯᠠᠨ ᠤᠯᠤᠰ᠎ᠤᠨ ᠬᠦᠴᠦᠨ᠎ᠦ ᠬᠠᠷᠢᠴᠠᠯ᠎ᠳᠤ ᠭᠦᠨᠵᠡᠭᠡᠶ ᠲᠣᠬᠢᠷᠠᠭᠤᠯᠤᠯᠲᠠ ᠭᠠᠷᠴᠦ᠍᠂ ᠳᠡᠯᠡᠬᠡᠢ ᠶᠢᠷᠲᠢᠨᠴᠦ᠍ ᠦᠢᠮᠡᠭᠡᠨ ᠳᠡᠪᠵᠢᠶᠡᠨ᠎ᠲᠡᠶ ᠰᠢᠨ᠎ᠡ ᠬᠤᠪᠢᠰᠤᠯᠲᠠ᠎ᠵᠢᠨ ᠬᠤᠭᠤᠴᠠᠭᠠᠨ᠎ᠳᠤ ᠣᠷᠣᠭᠰᠠᠨᠵᠢᠡᠷ᠂ ᠭᠠᠳᠠᠭᠠᠳᠤ ᠣᠷᠴᠢᠨ ᠨᠥᠬᠦᠴᠡᠯ᠎ᠤᠨ ᠮᠠᠭᠠᠳ ᠪᠤᠰᠤ ᠪᠠ ᠲᠥᠰᠦᠭᠡᠯᠡᠬᠦᠶ᠎ᠡ ᠪᠡᠷᠬᠡ ᠬᠦᠴᠦᠨ ᠵᠦᠢᠯ᠎ᠤᠳ ᠨᠡᠮᠡᠭᠳᠡᠵᠦ᠍ ᠪᠠᠶ᠋ᠢᠨ᠎ᠠ᠃ ᠤᠯᠤᠰ᠎ᠤᠨ ᠳᠣᠲᠣᠭᠠᠳᠤ᠎ᠵᠢᠨ ᠪᠠᠶ᠋ᠢᠳᠠᠯ᠎ᠡᠴᠠ ᠦᠵᠡᠪᠡᠯ᠂ 40 ᠭᠠᠷᠤᠶ ᠵᠢᠯ᠎ᠦᠨ ᠥᠭᠡᠷᠡᠴᠢᠯᠡᠯᠲᠡ ᠨᠡᠭᠡᠭᠡᠯᠲᠡ᠎ᠵᠢ ᠥᠩᠭᠡᠷᠡᠭᠦᠯᠦᠭᠡᠳ᠂ ᠮᠠᠨ᠎ᠤ ᠤᠯᠤᠰ᠎ᠤᠨ ᠠᠵᠤ ᠠᠬᠤᠶ ᠪᠠ ᠨᠡᠶ᠋ᠢᠭᠡᠮ᠎ᠦᠨ ᠠᠮᠢᠳᠤᠷᠠᠯ᠎ᠳᠤ ᠯᠤᠲᠤ᠌ ᠶᠡᠬᠡ ᠬᠤᠪᠢᠷᠠᠯᠲᠠ ᠭᠠᠷᠴᠤ᠌᠂ ᠬᠥᠭᠵᠢᠯᠲᠡ᠎ᠵᠢᠨ ᠲᠡᠩᠴᠡᠭᠦᠷᠢ ᠦᠭᠡᠢ ᠭᠦᠢᠴᠡᠳ ᠦᠭᠡᠢ ᠪᠠᠢ᠌ᠬᠤ ᠠᠰᠠᠭᠤᠳᠠᠯ ᠮᠥᠨ ᠬᠦ᠌ ᠲᠣᠪᠣᠢ᠌ᠮ᠎ᠠ ᠪᠠᠶ᠋ᠢᠵᠤ᠂ ᠥᠭᠡᠷᠡᠴᠢᠯᠡᠯᠲᠡ᠎ᠵᠢ ᠤᠯᠠᠮ ᠨᠢᠭᠡ ᠠᠯᠬᠤᠮ ᠪᠦᠬᠦ᠌ ᠲᠠᠯ᠎ᠠ ᠪᠠᠷ ᠭᠦᠨᠵᠡᠭᠡᠶ᠋ᠢᠷᠡᠭᠦᠯᠬᠦ᠂ ᠴᠢᠨᠠᠷ ᠰᠠᠶ᠋ᠢᠲᠠᠶ ᠬᠥᠭᠵᠢᠯᠲᠡ᠎ᠵᠢ ᠠᠬᠢᠭᠤᠯᠬᠤ᠂ ᠨᠡᠶ᠋ᠢᠭᠡᠮ᠎ᠦᠨ ᠪᠠᠶ᠋ᠢᠭᠤᠯᠤᠯᠲᠠ ᠪᠠ ᠵᠠᠰᠠᠯᠲᠠ᠎ᠵᠢ ᠴᠢᠩᠭᠠᠳᠬᠠᠬᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠯᠡᠬᠦ᠂ ᠨᠡᠶ᠋ᠢᠭᠡᠮ᠎ᠦᠨ ᠠᠮᠢᠵᠢᠷᠠᠯ᠎ᠤᠨ ᠬᠦᠴᠦᠨ᠎ᠢ ᠬᠥᠭᠵᠢᠭᠡᠨ ᠴᠢᠩᠭᠠᠷᠠᠭᠤᠯᠬᠤ ᠵᠡᠷᠭᠡ᠎ᠳᠤ ᠴᠥᠭᠡᠨ ᠪᠤᠰᠤ ᠰᠢᠨ᠎ᠡ ᠰᠡᠳᠦᠪ ᠲᠤᠯᠭᠠᠷᠠᠵᠤ ᠪᠠᠢ᠌ᠨ᠎ᠠ᠃
ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠶ᠋ᠢᠲᠤᠷ ᠬᠢᠬᠦ᠌᠎ᠵᠢᠨ ᠵᠠᠩᠭᠢᠯᠠᠭ᠎ᠠ ᠨᠢ ᠨᠠᠮ᠎ᠳᠤ ᠪᠤᠢ ᠂ ᠵᠠᠩᠭᠢᠯᠠᠭ᠎ᠠ ᠨᠢ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠳᠤ ᠪᠤᠢ᠃ ᠤᠯᠤᠰ᠎ᠤᠨ ᠭᠠᠳᠠᠭᠠᠳᠤ ᠳᠣᠲᠣᠭᠠᠳᠤ᠎ᠵᠢᠨ ᠡᠭᠡᠳᠡᠷᠡᠭᠡᠨ ᠪᠤᠳᠤᠯᠢᠶᠠᠨᠲᠠᠶ ᠪᠠᠢ᠌ᠳᠠᠯ ᠪᠠ ᠥᠭᠡᠷᠡᠴᠢᠯᠡᠯᠲᠡ ᠬᠢᠬᠦ᠌ ᠬᠥᠭᠵᠢᠭᠦᠯᠬᠦ᠌ ᠲᠣᠭᠲᠠᠭᠤᠨ ᠪᠠᠢ᠌ᠯᠭᠠᠬᠤ ᠬᠠᠲᠠᠭᠤ ᠪᠡᠷᠬᠡ ᠨᠥᠰᠡᠷ ᠬᠥᠨᠳᠥ ᠡᠭᠦᠷᠭᠡ᠎ᠵᠢᠨ ᠡᠮᠦᠨ᠎ᠡ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠵᠢᠨ ᠯᠠᠪᠳᠠᠭᠤᠨ ᠪᠦᠭᠡᠳ ᠥᠨᠢ ᠤᠳᠠᠭᠠᠨ ᠬᠥᠭᠵᠢᠬᠦ᠌᠎ᠵᠢ ᠠᠬᠢᠭᠤᠯᠬᠤ᠎ᠳᠤ᠂ ᠡᠷᠬᠡᠪᠰᠢ ᠠᠭᠤᠤ ᠶᠡᠬᠡ ᠨᠠᠮ ᠪᠠᠶ᠋ᠢᠭᠤᠯᠬᠤ ᠵᠣᠷᠢᠭ ᠰᠠᠨᠠᠭ᠎ᠠ᠎ᠵᠢ ᠶᠡᠬᠡᠪᠡᠷ ᠪᠠᠳᠠᠷᠠᠭᠤᠯᠵᠤ᠂ 《ᠭᠤᠷᠪᠠᠨ ᠡᠷᠬᠡᠪᠰᠢ》ᠵᠢ ᠢᠮᠠᠭᠲᠠ ᠪᠠᠲᠤ᠌ ᠴᠡᠭᠡᠵᠢᠯᠡᠨ᠂ ᠨᠠᠮ᠎ᠤᠨ ᠰᠢᠯᠢᠳᠡᠭ ᠦᠪᠡᠷᠮᠢᠴᠡ ᠴᠢᠨᠠᠷ᠎ᠢ ᠲᠠᠰᠤᠷᠠᠯᠲᠠ ᠦᠭᠡᠢ ᠪᠠᠳᠠᠷᠠᠭᠤᠯᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠥᠨᠢ ᠡᠭᠦᠷᠢᠳᠡ ᠪᠠᠷᠢᠮᠲᠠᠯᠠᠨ ᠠᠬᠢᠭᠤᠯᠵᠤ᠂ ᠮᠠᠨ᠎ᠤ ᠨᠠᠮ᠎ᠵᠢᠡᠨ ᠨᠡᠩ ᠰᠠᠢ᠌ᠨ᠂ ᠨᠡᠩ ᠬᠦᠴᠦᠷᠬᠡᠭ ᠪᠣᠯᠭᠠᠨ ᠪᠦᠳᠦᠭᠡᠨ ᠪᠠᠶ᠋ᠢᠭᠤᠯᠵᠤ᠂ ᠨᠡᠶ᠋ᠢᠭᠡᠮ ᠵᠢᠷᠤᠮᠲᠤ᠌ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠶ᠋ᠢᠭᠤᠯᠤᠨ ᠪᠦᠲᠦᠭᠡᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠵᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠵᠢ ᠪᠦᠬᠦ᠌ ᠲᠠᠯ᠎ᠠ᠎ᠪᠠᠷ ᠠᠬᠢᠭᠤᠯᠬᠤ᠎ᠳᠤ ᠪᠠᠲᠤ᠌ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃
ᠬᠣᠶᠠᠷ᠂ 《 ᠲᠣᠭᠲᠠᠭᠠᠯ》᠎ᠤ᠋ᠨ ᠨᠤᠤᠷᠠᠭ᠎ᠢ ᠲᠤᠭᠤᠷᠪᠢᠭᠰᠠᠨ ᠶᠠᠪᠤᠴᠠ᠎ᠵᠢᠨ ᠲᠤᠬᠠᠶ
ᠡᠨᠡ ᠵᠢᠯ᠎ᠦᠨ 1 ᠰᠠᠷ᠎ᠠ᠎ᠳᠤ᠂ ᠨᠠᠮ᠎ᠤᠨ ᠲᠥᠪ ᠬᠣᠷᠢᠶ᠎ᠠ᠎ᠡᠴᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠲᠠᠪᠤᠳᠤᠭᠠᠷ ᠪᠥᠬᠥᠳᠡ ᠬᠤᠷᠠᠯ᠎ᠤᠨ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶ᠋ᠢᠯᠠᠩ ᠪᠠᠶ᠋ᠢᠭᠤᠯᠵᠤ᠂ ᠨᠠᠳᠠ ᠪᠠᠷ ᠳᠤᠭᠤᠶ᠋ᠢᠯᠠᠩ᠎ᠤᠨ ᠳᠠᠷᠤᠭ᠎ᠠ᠎ᠵᠢᠨ ᠳᠤᠰᠢᠶᠠᠯ᠎ᠢ ᠡᠬᠦᠷᠬᠡᠯᠡᠬᠦᠯᠦᠨ᠂ ᠸᠠᠩ ᠬᠤ᠌ ᠨᠢᠩ᠂ ᠼᠠᠢ ᠴᠢ᠂ ᠯᠢ ᠰᠢ ᠨᠥᠬᠥᠷᠵᠢᠡᠷ ᠳᠤᠭᠤᠶ᠋ᠢᠯᠠᠩ᠎ᠤᠨ ᠳᠡᠳ᠋ ᠳᠠᠷᠤᠭ᠎ᠠ᠎ᠵᠢᠨ ᠲᠤᠰᠢᠶᠠᠯ᠎ᠢ ᠡᠬᠦᠷᠬᠡᠯᠡᠬᠦᠯᠪᠡ᠂ ᠨᠠᠮ ᠪᠠ ᠲᠦᠷᠦ᠎ᠵᠢᠨ ᠬᠣᠯᠪᠣᠭᠳᠠᠯ ᠪᠦᠬᠦᠢ ᠤᠳᠤᠷᠢᠳᠬᠤ ᠨᠥᠬᠥᠳ ᠵᠢᠴᠢ ᠬᠣᠯᠪᠣᠭᠳᠠᠯ ᠪᠦᠬᠦᠢ ᠲᠥᠪ᠎ᠦᠨ ᠰᠠᠯᠠᠭ᠎ᠠ ᠮᠥᠴᠢᠷ ᠪᠣᠯᠤᠨ ᠣᠷᠣᠨ ᠨᠤᠲᠤᠭ᠎ᠤᠨ ᠬᠠᠷᠢᠭᠤᠴᠠᠯᠭᠠᠲᠠᠨ ᠨᠥᠬᠥᠳ᠎ᠢ ᠣᠷᠣᠯᠴᠠᠭᠤᠯᠵᠤ᠂ ᠲᠥᠪ ᠬᠣᠷᠢᠶᠠᠨ᠎ᠤ ᠤᠯᠤᠰ ᠲᠦᠷᠦ᠎ᠵᠢᠨ ᠲᠣᠪᠴᠢᠶᠠᠨ᠎ᠤ ᠪᠠᠶ᠋ᠢᠩᠭᠤ᠎ᠵᠢᠨ ᠬᠣᠷᠢᠶᠠᠨ᠎ᠤ ᠤᠳᠤᠷᠢᠳᠤᠯᠭ᠎ᠠ ᠳᠣᠣᠷ᠎ᠠ ᠠᠵᠢᠯ ᠥᠷᠨᠢᠭᠦᠯᠪᠡ᠃ 2 ᠰᠠᠷ᠎ᠠ᠎ᠵᠢᠨ 6 ᠤ᠋ ᠡᠳᠦᠷ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶ᠋ᠢᠯᠠᠩ ᠠᠩᠬᠠᠳᠤᠭᠠᠷ ᠪᠥᠬᠥᠳᠡ ᠬᠤᠷᠠᠯ᠎ᠢ ᠬᠤᠷᠠᠯᠳᠤᠭᠤᠯᠵᠤ᠂ ᠪᠢᠴᠢᠭ ᠮᠠᠲ᠋ᠧᠷᠢᠶᠠᠯ ᠲᠤᠭᠤᠷᠪᠢᠬᠤ ᠠᠵᠢᠯ᠎ᠢ ᠵᠢᠩᠬᠢᠨᠢ᠎ᠪᠡᠷ ᠡᠬᠢᠯᠡᠭᠦᠯᠪᠡ᠃
ᠪᠢᠴᠢᠭ ᠮᠠᠲ᠋ᠧᠷᠢᠶᠠᠯ᠎ᠢ ᠲᠤᠭᠤᠷᠪᠢᠬᠤ ᠶᠠᠪᠤᠴᠠ᠎ᠳᠤ᠂ ᠳᠣᠣᠷᠠᠬᠢ ᠬᠡᠳᠦᠨ ᠲᠠᠯ᠎ᠠ᠎ᠵᠢ ᠭᠣᠣᠯᠴᠢᠯᠠᠨ ᠡᠵᠡᠮᠳᠡᠪᠡ᠃
ᠨᠢᠭᠡᠳᠦᠭᠡᠷᠲᠦ᠍᠂ ᠰᠢᠨ᠎ᠡ ᠴᠠᠭ ᠦᠶ᠎ᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠦᠵᠡᠯ ᠰᠠᠨᠠᠭ᠎ᠠ᠎ᠵᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ᠎ᠠ᠃ ᠰᠢᠨ᠎ᠡ ᠴᠠᠭ ᠦᠶ᠎ᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠨᠠᠮ᠎ᠤᠨ ᠪᠠᠶ᠋ᠢᠭᠤᠯᠤᠯᠲᠠ᠎ᠵᠢᠨ ᠠᠩᠬᠢ ᠮᠥᠨ᠂ ᠨᠠᠮ ᠪᠠ ᠠᠷᠠᠳ ᠲᠦᠮᠡᠨ᠎ᠦ ᠦᠢᠯᠡᠳᠦᠯᠭᠡ᠎ᠵᠢᠨ ᠲᠤᠷᠰᠢᠯᠭ᠎ᠠ ᠪᠠ ᠬᠠᠮᠲᠤ᠎ᠵᠢᠨ ᠤᠶᠤᠨ ᠤᠬᠠᠭᠠᠨ᠎ᠤ ᠤᠬᠢ ᠪᠦᠲᠦᠭᠡᠯ ᠮᠥᠨ᠃ 《ᠲᠣᠭᠲᠠᠭᠠᠯ》᠎ᠤ᠋ᠨ ᠨᠣᠣᠷᠠᠭ᠎ᠢ ᠲᠤᠭᠤᠷᠪᠢᠬᠤ᠎ᠳᠤ ᠰᠢᠨ᠎ᠡ ᠴᠠᠭ ᠦᠶ᠎ᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠵᠢ ᠪᠠᠷᠢᠮᠲᠠᠯᠠᠵᠤ᠂ ᠪᠢᠴᠢᠭ ᠮᠠᠲ᠋ᠧᠷᠢᠶᠠᠯ᠎ᠤᠨ ᠪᠣᠷᠣ ᠲᠥᠯᠥᠪ᠎ᠢ ᠲᠣᠬᠢᠷᠠᠭᠤᠯᠬᠤ᠂ ᠠᠮᠵᠢᠯᠲᠠ ᠪᠦᠲᠦᠮᠵᠢ ᠪᠠ ᠲᠤᠷᠰᠢᠯᠭ᠎ᠠ᠎ᠵᠢ ᠳ᠋ᠦᠩᠨᠡᠬᠦ᠂ ᠪᠠᠶ᠋ᠢᠳᠠᠯ ᠪᠠ ᠡᠭᠦᠷᠭᠡ᠎ᠵᠢ ᠵᠠᠳᠠᠯᠬᠤ᠂ ᠵᠢᠯᠣᠭᠣᠳᠬᠤ ᠦᠵᠡᠯ ᠰᠠᠨᠠᠭ᠎ᠠ ᠪᠠ ᠵᠠᠷᠴᠢᠮ᠎ᠢ ᠲᠣᠳᠣᠷᠬᠠᠶ᠋ᠢᠯᠠᠬᠤ᠂ ᠲᠥᠷᠥ᠎ᠵᠢᠨ ᠪᠣᠳᠣᠯᠭ᠎ᠠ ᠠᠷᠭ᠎ᠠ ᠬᠡᠮᠵᠢᠶ᠎ᠡ᠎ᠵᠢ ᠳᠤᠷᠠᠳᠤᠨ ᠭᠠᠷᠭᠠᠬᠤ ᠲᠠᠯ᠎ᠠ᠎ᠪᠠᠷ ᠡᠨᠡ ᠬᠦ᠌ ᠦᠵᠡᠯ ᠰᠠᠨᠠᠭ᠎ᠠ᠎ᠵᠢᠨ ᠱᠠᠭᠠᠷᠳᠠᠯᠭ᠎ᠠ᠎ᠵᠢ ᠪᠦᠬᠦ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠮᠠᠷᠺᠰ᠎ᠤᠨ ᠦᠵᠡᠯ᠎ᠦᠨ ᠲᠥᠷᠥ᠍ ᠪᠠᠷᠢᠭᠴᠢ ᠨᠠᠮ᠎ᠤᠨ ᠪᠠᠶ᠋ᠢᠭᠤᠯᠤᠯᠲᠠ᠎ᠵᠢᠨ ᠵᠢᠮ᠎ᠡ ᠶᠣᠰᠣ᠎ᠵᠢ ᠵᠢᠷᠤᠮᠯᠠᠨ᠂ ᠰᠢᠨ᠎ᠡ ᠴᠠᠭ ᠦᠶ᠎ᠡ᠎ᠵᠢᠨ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠭᠰᠠᠨ ᠡᠷᠬᠢᠮ ᠨᠠᠨᠳᠢᠨ ᠲᠤᠷᠰᠢᠯᠭ᠎ᠠ᠎ᠵᠢ ᠭᠦᠢᠴᠡᠳ ᠬᠡᠷᠡᠭᠯᠡᠵᠦ᠍᠂ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠬᠥᠭᠵᠢᠭᠦᠯᠦᠨ ᠨᠠᠮ᠎ᠢ ᠬᠦᠴᠦᠷᠬᠡᠭᠵᠢᠭᠦᠯᠬᠦ᠌ ᠠᠵᠢᠯ᠎ᠤᠨ ᠲᠥᠪ ᠶᠣᠰᠣ᠎ᠵᠢ ᠰᠠᠬᠢᠬᠤ ᠳᠤᠮᠳᠠ ᠰᠢᠨ᠎ᠡ᠎ᠵᠢ ᠡᠭᠦᠳᠴᠤ᠌᠂ ᠵᠠᠯᠭᠠᠮᠵᠢᠯᠠᠬᠤ ᠳᠤᠮᠳᠠ ᠬᠥᠭᠵᠢᠭᠦ᠎ᠵᠢ ᠬᠦᠴᠦᠯᠡᠨ ᠠᠬᠢᠭᠤᠯᠤᠨ᠎ᠠ᠃
ᠬᠣᠶᠠᠳᠤᠭᠠᠷᠲᠤ᠌᠂ ᠡᠭᠦᠷᠭᠡ ᠬᠠᠷᠢᠭᠤᠴᠠᠯᠭᠠᠳᠤ ᠦᠢᠯᠡᠴᠢᠯᠡᠨ᠎ᠡ᠃ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠵᠢ ᠳᠠᠭᠠᠵᠤ ᠲᠡᠭᠦᠨ ᠳᠦ ᠦᠢᠯᠡᠴᠢᠯᠡᠬᠦ᠌ ᠨᠢ ᠨᠠᠮ ᠤᠨ ᠪᠠᠶ᠋ᠢᠭᠤᠯᠤᠯᠲᠠ ᠵᠢᠨ ᠴᠢᠬᠤᠯᠠ ᠵᠠᠷᠴᠢᠮ ᠪᠣᠯᠤᠭᠰᠠᠭᠠᠷ ᠢᠷᠡᠭᠰᠡᠨ ᠶᠤᠮ᠃ 《ᠲᠣᠭᠲᠠᠭᠠᠯ》᠎ᠤ᠋ᠨ ᠨᠣᠣᠷᠠᠭ᠎ᠢ ᠲᠤᠭᠤᠷᠪᠢᠬᠤ᠎ᠳᠤ ᠲᠤᠯᠭᠤᠷ ᠵᠤᠷᠢᠯᠲᠠ᠎ᠪᠠᠨ ᠦᠯᠦ᠍ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠬᠦ᠌᠎ᠵᠢ ᠪᠠᠷᠢᠮᠲᠠᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠡᠬᠢ ᠨᠠᠮ᠎ᠤᠨ ᠡᠭᠦᠷᠭᠡ ᠬᠠᠷᠢᠭᠤᠴᠠᠯᠭ᠎ᠠ᠎ᠵᠢ ᠪᠡᠶᠡᠯᠡᠭᠦᠯᠬᠦ᠌᠎ᠳᠤ ᠠᠩᠬᠠᠷᠤᠯ ᠵᠢᠨᠨ ᠬᠠᠨᠳᠤᠭᠤᠯᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠬᠥᠭᠵᠢᠭᠦᠯᠦᠨ ᠨᠠᠮ᠎ᠢ ᠬᠦᠴᠦᠷᠬᠡᠭᠵᠢᠭᠦᠯᠬᠦ᠌ ᠪᠣᠯᠣᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠵᠢᠨ ᠳᠣᠲᠣᠭᠠᠳᠤ ᠬᠤᠯᠪᠤᠭ᠎ᠠ᠎ᠵᠢ ᠡᠵᠡᠮᠰᠢᠬᠦ᠌᠎ᠵᠢ ᠴᠢᠬᠤᠯᠠᠴᠢᠯᠠᠨ᠂ ᠡᠯ᠎ᠡ ᠵᠦᠢᠯ᠎ᠦᠨ ᠲᠦᠷᠦ᠎ᠵᠢᠨ ᠪᠤᠳᠤᠯᠭ᠎ᠠ ᠠᠷᠭ᠎ᠠ ᠬᠡᠮᠵᠢᠶ᠎ᠡ᠎ᠵᠢ ᠤᠬᠠᠭᠠᠯᠠᠨ ᠲᠥᠯᠥᠪᠯᠡᠵᠦ᠍ ᠳᠤᠷᠠᠳᠤᠨ ᠭᠠᠷᠭᠠᠬᠤ᠎ᠳᠠᠭᠠᠨ ᠴᠥᠮ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠵᠢᠨ ᠬᠡᠷᠡᠭᠴᠡᠭᠡ᠎ᠲᠡᠶ ᠨᠢᠭᠲᠠ ᠤᠶᠠᠯᠳᠤᠭᠤᠯᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠥᠨᠢ ᠡᠭᠦᠷᠢᠳᠡ ᠪᠠᠷᠢᠮᠲᠠᠯᠠᠨ ᠠᠬᠢᠭᠤᠯᠬᠤ ᠡᠯ᠎ᠡ ᠲᠠᠯ᠎ᠠ᠎ᠵᠢᠨ ᠪᠠᠶ᠋ᠢᠷᠢᠯᠠᠭᠤᠯᠤᠯᠲᠠ᠎ᠵᠢ ᠴᠥᠮ ᠭᠣᠣᠯ ᠠᠵᠢᠯ᠎ᠲᠠᠶ ᠤᠶᠠᠯᠳᠤᠭᠤᠯᠤᠨ᠂ ᠶᠡᠬᠡ ᠲᠠᠯ᠎ᠠ᠎ᠳᠤ ᠦᠢᠯᠡᠴᠢᠯᠡᠬᠦᠯᠬᠦ᠌ᠵᠢ ᠦᠨᠡᠨᠬᠦ᠌ ᠪᠠᠲᠤᠯᠠᠨ᠎ᠠ᠃
ᠭᠤᠷᠪᠠᠳᠤᠭᠠᠷ᠎ᠲᠤ᠌᠂ ᠴᠢᠩᠭ᠎ᠠ ᠪᠠᠢᠬᠤ ᠬᠦᠭ ᠠᠶᠠᠰ᠎ᠢ ᠪᠠᠷᠢᠮᠲᠠᠯᠡᠨᠠ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠵᠠᠩᠭᠢᠯᠠᠭ᠎ᠠ ᠨᠢ ᠴᠢᠩᠭ᠎ᠠ ᠪᠠᠢ᠌ᠬᠤ᠎ᠳᠤ ᠪᠤᠢ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠥᠨᠢ ᠡᠭᠦᠷᠢᠳᠡ ᠪᠠᠷᠢᠮᠲᠠᠯᠠᠨ ᠠᠬᠢᠭᠤᠯᠬᠤ᠎ᠳᠤ ᠡᠷᠬᠡᠪᠰᠢ ᠴᠢᠩᠭ᠎ᠠ ᠪᠠᠢ᠌ᠬᠤ᠎ᠵᠢ ᠢᠮᠠᠭᠲᠠ ᠲᠤᠭᠤᠰᠢᠯᠠᠭᠤᠯᠵᠤ᠂ ᠲᠤᠢ᠌ᠯᠪᠤᠷᠢᠲᠠᠢ ᠴᠢᠩᠳᠠᠯᠠᠬᠤ ᠬᠡᠷᠡᠭᠲᠡᠢ᠃《ᠲᠣᠭᠲᠠᠭᠠᠯ》᠎ᠤ᠋ᠨ ᠨᠣᠣᠷᠠᠭ᠎ᠢ ᠲᠤᠭᠤᠷᠪᠢᠬᠤ᠎ᠳᠤ ᠨᠠᠮ᠎ᠤᠨ ᠪᠠᠶ᠋ᠢᠭᠤᠯᠤᠯᠲᠠ᠎ᠵᠢᠨ ᠡᠯ᠎ᠡ ᠵᠦᠢᠯ᠎ᠦᠨ ᠠᠵᠢᠯ᠎ᠤᠨ ᠪᠠᠷᠢᠮᠵᠢᠶ᠎ᠠ᠎ᠵᠢ ᠴᠢᠩᠭ᠎ᠠ ᠪᠠᠢ᠌ᠯᠭᠠᠬᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ᠂ ᠺᠠᠳ᠋ᠷ᠎ᠢ ᠬᠥᠮᠦᠵᠢᠭᠦᠯᠵᠦ᠍ ᠬᠠᠮᠢᠶᠠᠷᠴᠤ᠌ ᠬᠢᠨᠠᠬᠤ᠎ᠳᠠᠭᠠᠨ ᠴᠢᠩᠭ᠎ᠠ ᠪᠠᠶ᠋ᠢᠬᠤ᠂ ᠮᠠᠭᠤ ᠰᠤᠷᠲᠠᠯ ᠪᠠ ᠢᠯᠵᠢᠷᠠᠮᠠᠯ ᠦᠵᠡᠭᠳᠡᠯ᠎ᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠎ᠵᠢ ᠴᠢᠩᠭ᠎ᠠ ᠪᠠᠶ᠋ᠢᠯᠭᠠᠬᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠵᠢ ᠨᠠᠢ᠌ᠳᠠᠪᠤᠷᠢᠵᠢᠭᠤᠯᠬᠤ᠎ᠳᠠᠭᠠᠨ ᠴᠢᠩᠭ᠎ᠠ ᠪᠠᠢ᠌ᠬᠤ ᠱᠠᠭᠠᠷᠳᠠᠯᠭ᠎ᠠ᠎ᠵᠢ ᠪᠠᠲᠤ᠌ ᠡᠵᠡᠮᠳᠡᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠡᠯ᠎ᠡ ᠵᠦᠢᠯ᠎ᠦᠨ ᠲᠦᠷᠦ᠎ᠵᠢᠨ ᠪᠤᠳᠤᠯᠭ᠎ᠠ ᠠᠷᠭ᠎ᠠ ᠬᠡᠮᠵᠢᠶ᠎ᠡ᠎ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ ᠲᠡᠭᠦᠯᠳᠡᠷᠵᠢᠭᠦᠯᠵᠦ᠍᠂ ᠶᠠᠪᠤᠬᠤ ᠳᠤᠲᠤᠮ ᠴᠢᠩᠭᠠᠷᠠᠬᠤ ᠬᠦᠴᠦᠲᠡᠢ ᠲᠤᠬᠢᠶ᠎ᠠ᠎ᠵᠢ ᠢᠯᠡ ᠲᠣᠳᠣ ᠲᠠᠮᠵᠢᠭᠤᠯᠪᠠ᠃ ᠡᠭᠦᠨ᠎ᠦ ᠵᠡᠷᠭᠡ ᠪᠡᠷ᠂ ᠴᠢᠩᠭ᠎ᠠ ᠬᠠᠮᠢᠶᠠᠷᠬᠤᠪᠠ ᠬᠠᠯᠠᠮᠵᠢᠯᠠᠨ ᠬᠠᠢ᠌ᠷᠠᠯᠠᠬᠤ᠎ᠵᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ᠎ᠵᠢ ᠵᠡᠷᠭᠡ᠎ᠪᠡᠷ ᠴᠢᠬᠤᠯᠠᠴᠢᠯᠠᠬᠤ᠎ᠵᠢ ᠪᠠᠷᠢᠮᠲᠠᠯᠠᠵᠤ᠂ ᠲᠤᠭᠤᠰᠢᠲᠠᠢ ᠴᠢᠩᠳᠠᠯᠠᠨ᠂ ᠳᠤᠭᠤᠰᠢᠳᠠᠢ ᠬᠢᠵᠠᠭᠠᠷᠯᠠᠬᠤ ᠪᠡᠷ ᠪᠠᠷᠠᠬᠤ ᠦᠬᠡᠢ ᠪᠠᠰᠠ ᠪᠦᠬᠦ᠌ ᠨᠠᠮ᠎ᠤᠨ ᠢᠳᠡᠪᠬᠢᠵᠢᠯ ᠰᠠᠨᠠᠭᠠᠴᠢᠯᠠᠭᠠᠲᠤ᠌ ᠴᠢᠨᠠᠷ ᠪᠦᠲᠦᠭᠡᠯᠴᠢ ᠴᠢᠨᠠᠷ᠎ᠢ ᠬᠥᠭᠵᠢᠭᠡᠬᠦ᠌᠎ᠵᠢ ᠪᠡᠶᠡᠯᠡᠭᠦᠯᠦᠨ᠎ᠡ᠃
ᠳᠥᠷᠪᠡᠳᠦᠭᠡᠷᠲᠦ᠍᠂ ᠠᠰᠠᠭᠤᠳᠠᠯ᠎ᠢᠶᠡᠷ ᠤᠳᠤᠷᠢᠳᠤᠮᠵᠢ ᠪᠣᠯᠭᠠᠬᠤ᠎ᠵᠢ ᠲᠤᠪᠤᠢ᠌ᠯᠭᠠᠨ᠎ᠠ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠢ ᠨᠠᠮ᠎ᠤᠨ ᠳᠣᠲᠣᠭᠠᠳᠤ᠎ᠵᠢᠨ ᠲᠤᠪᠤᠢ᠌ᠮ᠎ᠠ ᠠᠰᠠᠭᠤᠳᠠᠯ᠎ᠳᠤ ᠴᠢᠭᠯᠡᠭᠦᠯᠦᠨ ᠥᠷᠨᠢᠭᠦᠯᠦᠭᠰᠡᠨ ᠶᠤᠮ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠥᠨᠢ ᠡᠭᠦᠷᠢᠳᠡ ᠪᠠᠷᠢᠮᠲᠠᠯᠠᠨ ᠠᠬᠢᠭᠤᠯᠬᠤ᠎ᠳᠤ ᠡᠷᠬᠡᠪᠰᠢ ᠨᠢᠭᠡᠨᠲᠡ ᠣᠯᠤᠭᠰᠠᠨ ᠦᠷ᠎ᠡ ᠪᠦᠲᠦᠭᠡᠯ᠎ᠵᠢᠡᠨ ᠪᠡᠬᠢᠵᠢᠭᠦᠯᠦᠭᠰᠡᠨ ᠰᠠᠭᠤᠷᠢᠨ ᠳᠡᠭᠡᠷ᠎ᠡ ᠲᠠᠰᠤᠷᠠᠯᠳᠠ ᠦᠭᠡᠢ ᠰᠢᠨ᠎ᠡ ᠪᠠᠶ᠋ᠢᠳᠠᠯ᠎ᠢ ᠰᠤᠳᠤᠯᠵᠤ᠂ ᠰᠢᠨ᠎ᠡ ᠠᠰᠠᠭᠤᠳᠠᠯ᠎ᠢ ᠰᠢ᠌ᠳᠪᠦᠷᠢᠯᠡᠬᠦ᠌ ᠬᠡᠷᠡᠭᠲᠡᠢ᠃ 《ᠲᠣᠭᠲᠠᠭᠠᠯ》᠎ᠤ᠋ᠨ ᠨᠤᠤᠷᠠᠭ ᠲᠤ᠌ ᠵᠠᠩᠭᠢᠯᠠᠭ᠎ᠠ᠎ᠵᠢᠨ ᠴᠢᠬᠤᠯᠠ ᠭᠠᠵᠠᠷ᠎ᠢ ᠠᠳᠬᠤᠵᠤ᠂ᠲᠤᠪᠤᠢ᠌ᠮ᠎ᠠ ᠠᠰᠠᠭᠤᠳᠠᠯ᠎ᠳᠤ ᠠᠩᠬᠠᠷᠤᠯ᠎ᠢᠶᠡᠨ ᠲᠥᠪᠯᠡᠷᠡᠭᠦᠯᠦᠨ ᠪᠤᠳᠤᠯᠬᠢᠯᠠᠨ ᠪᠠᠶ᠋ᠢᠷᠢᠯᠠᠭᠤᠯᠪᠠ᠃ ᠰᠡᠳᠬᠢᠮᠵᠢ ᠠᠷᠭ᠎ᠠ ᠬᠡᠮᠵᠢᠶ᠎ᠡ᠎ᠵᠢ ᠤᠬᠠᠭᠠᠯᠠᠨ ᠲᠥᠯᠥᠪᠯᠡᠬᠦ᠌᠎ᠳᠡᠭᠡᠨ ᠶᠠᠮᠠᠷ ᠠᠰᠠᠭᠤᠳᠠᠯ ᠪᠠᠶ᠋ᠢᠪᠠᠯ ᠲᠡᠷᠡ ᠠᠰᠠᠭᠤᠳᠠᠯ᠎ᠢ ᠰᠢ᠌ᠳᠪᠦᠷᠢᠯᠡᠬᠦ᠂ ᠶᠠᠮᠠᠷ ᠠᠰᠠᠭᠤᠳᠠᠯ ᠲᠣᠪᠣᠶ᠋ᠢᠮ᠎ᠠ ᠪᠠᠢ᠌ᠪᠠᠯ ᠲᠡᠷᠡ ᠠᠰᠠᠭᠤᠳᠠᠯ᠎ᠢ ᠭᠣᠣᠯᠳᠠᠯᠭ᠎ᠠ᠎ᠲᠠᠶ ᠰᠢ᠌ᠳᠪᠦᠷᠢᠯᠡᠬᠦ᠌᠎ᠵᠢ ᠪᠠᠷᠢᠮᠲᠠᠯᠠᠵᠤ᠂ ᠠᠰᠠᠭᠤᠳᠠᠯ᠎ᠤᠨ ᠵᠠᠩᠭᠢᠯᠠᠭ᠎ᠠ᠎ᠵᠢ ᠣᠨᠣᠪᠴᠢᠲᠠᠶ ᠡᠷᠢᠨ᠂ ᠭᠦᠨᠵᠡᠭᠡᠶ ᠰᠤᠳᠤᠯᠤᠨ ᠨᠤᠲᠠᠯᠠᠵᠤ᠂ ᠬᠠᠨᠳᠤᠯᠭᠠᠲᠤ᠌ ᠴᠢᠨᠠᠷᠲᠠᠶ ᠠᠷᠭᠠᠴᠠᠭᠠᠬᠤ ᠪᠤᠳᠤᠯᠭ᠎ᠠ᠎ᠵᠢ ᠳᠤᠷᠠᠳᠤᠨ ᠭᠠᠷᠭᠠᠨ᠎ᠠ᠃
ᠲᠠᠪᠤᠳᠤᠭᠠᠷᠲᠤ᠌᠂ ᠰᠢᠰᠲ᠋ᠧᠮ᠎ᠦᠨ ᠦᠵᠡᠯᠲᠡ᠎ᠵᠢ ᠴᠢᠩᠭᠠᠳᠬᠠᠨ᠎ᠠ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠥᠨᠢ ᠡᠭᠦᠷᠢᠳᠡ ᠪᠠᠷᠢᠮᠲᠠᠯᠠᠨ ᠠᠬᠢᠭᠤᠯᠬᠤ ᠪᠣᠯ ᠨᠢᠭᠡᠨ ᠰᠢᠰᠲ᠋ᠧᠮᠲᠦ᠍ ᠢᠨᠵᠧᠨᠧᠷᠢᠩ ᠮᠥᠨ᠂ ᠡᠷᠬᠡᠪᠰᠢ ᠨᠠᠮ᠎ᠤᠨ ᠤᠯᠤᠰ ᠲᠦᠷᠦ᠎ᠵᠢᠨ ᠪᠠᠶ᠋ᠢᠭᠤᠯᠤᠯᠲᠠ᠂ ᠦᠵᠡᠯ ᠰᠠᠨᠠᠭᠠᠨ᠎ᠤ ᠪᠠᠶ᠋ᠢᠭᠤᠯᠤᠯᠲᠠ᠂ ᠵᠣᠬᠢᠶᠠᠨ ᠪᠠᠶ᠋ᠢᠭᠤᠯᠤᠯᠲᠠ᠎ᠵᠢᠨ ᠪᠠᠶ᠋ᠢᠭᠤᠯᠤᠯᠲᠠ᠂ ᠰᠤᠷᠲᠠᠯ᠎ᠤᠨ ᠪᠠᠶ᠋ᠢᠭᠤᠯᠤᠯᠲᠠ᠂ ᠰᠠᠬᠢᠯᠭ᠎ᠠ ᠪᠠᠲᠤᠵᠢᠨ ᠪᠠᠶ᠋ᠢᠭᠤᠯᠤᠯᠲᠠ ᠪᠠ ᠲᠦᠷᠢᠮ᠎ᠦᠨ ᠪᠠᠶ᠋ᠢᠭᠤᠯᠤᠯᠲᠠ᠂ ᠢᠯᠵᠢᠷᠠᠯ᠎ᠢ ᠡᠰᠡᠷᠭᠦᠴᠡᠬᠦ᠌ ᠲᠡᠮᠡᠴᠡᠯ ᠵᠡᠷᠭᠡ᠎ᠵᠢ ᠨᠢᠭᠡᠨ ᠣᠷᠭᠠᠨᠢᠭ ᠪᠦᠬᠦᠯᠢ ᠴᠣᠭᠴᠠ ᠪᠣᠯᠭᠠᠨ ᠤᠬᠠᠭᠠᠯᠠᠨ ᠲᠥᠯᠥᠪᠯᠡᠬᠦ᠌ ᠪᠠ ᠠᠬᠢᠭᠤᠯᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠰᠢᠰᠲ᠋ᠧᠮ᠎ᠢ ᠬᠦᠴᠦᠯᠡᠨ ᠪᠦᠷᠢᠨᠰᠢᠭᠦᠯᠬᠦ᠌ ᠬᠡᠷᠡᠭᠲᠡᠶ᠃ 《ᠲᠣᠭᠲᠠᠭᠠᠯ》᠎ᠤ᠋ᠨ ᠨᠣᠣᠷᠠᠭ᠎ᠢ ᠲᠤᠭᠤᠷᠪᠢᠬᠤ᠎ᠳᠤ ᠰᠢᠨ᠎ᠡ ᠴᠠᠭ ᠦᠶ᠎ᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠶᠡᠷᠦᠩᠬᠡᠶ ᠱᠠᠭᠠᠷᠳᠠᠯᠭ᠎ᠠ᠎ᠵᠢ ᠪᠦᠬᠦ᠌ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠨᠠᠮ᠎ᠤᠨ ᠤᠯᠤᠰ ᠲᠥᠷᠥ᠎ᠵᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠣᠳᠣᠭᠤᠯᠬᠤ᠎ᠵᠢ ᠪᠠᠷᠢᠮᠲᠠᠯᠠᠵᠤ᠂ ᠨᠠᠮ᠎ᠤᠨ ᠡᠯ᠎ᠡ ᠲᠠᠯ᠎ᠠ᠎ᠵᠢᠨ ᠪᠠᠶ᠋ᠢᠭᠤᠯᠤᠯᠲᠠ᠎ᠵᠢ ᠬᠠᠮᠵᠢᠯᠴᠠᠭᠤᠯᠤᠨ ᠬᠦᠴᠦᠯᠡᠭᠦᠯᠬᠦ᠂ ᠡᠯ᠎ᠡ ᠵᠦᠢᠯ᠎ᠦᠨ ᠲᠥᠷᠥ᠎ᠵᠢᠨ ᠪᠣᠳᠣᠯᠭ᠎ᠠ ᠠᠷᠭ᠎ᠠ ᠬᠡᠮᠵᠢᠶ᠎ᠡ᠎ᠵᠢ ᠵᠣᠯᠭᠠᠯᠳᠤᠭᠤᠯᠤᠨ ᠢᠵᠢ ᠪᠦᠷᠢᠳᠦᠭᠦᠯᠬᠦ᠌᠎ᠵᠢ ᠴᠢᠬᠤᠯᠠᠴᠢᠯᠠᠵᠤ᠂ ᠳᠡᠭᠡᠳᠤ ᠱᠠᠲᠤ᠌ ᠨᠢ ᠳᠣᠣᠷᠠᠳᠤ ᠱᠠᠲᠤ᠎ᠪᠠᠨ ᠳᠠᠭᠠᠭᠤᠯᠬᠤ᠂ ᠭᠡᠰᠡᠭ ᠲᠠᠯ᠎ᠠ ᠪᠠ ᠪᠥᠬᠥ᠌ ᠲᠠᠯ᠎ᠠ᠎ᠵᠢ ᠤᠶᠠᠯᠳᠤᠭᠤᠯᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠵᠢ ᠵᠡᠷᠭᠡ᠎ᠪᠡᠷ ᠵᠠᠰᠠᠬᠤ᠎ᠵᠢ ᠴᠢᠬᠤᠯᠠᠴᠢᠯᠠᠵᠤ᠂ ᠳᠡᠭᠡᠭᠰᠢ ᠳᠣᠭᠤᠭᠰᠢ ᠨᠡᠪᠲᠡᠷᠡᠯᠴᠡᠭᠰᠡᠨ᠂ ᠰᠢᠰᠲ᠋ᠧᠮ ᠪᠠ ᠬᠡᠰᠡᠭ᠎ᠢ ᠤᠶᠠᠯᠳᠤᠭᠤᠯᠤᠭᠰᠠᠨ᠂ ᠴᠤᠭᠭᠠᠷ ᠠᠳᠬᠤᠵᠤ ᠬᠠᠮᠲᠤ᠎ᠪᠠᠷ ᠬᠠᠮᠢᠶᠠᠷᠤᠭᠰᠠᠨ ᠠᠵᠢᠯ᠎ᠤᠨ ᠪᠠᠶ᠋ᠢᠷᠢᠰᠢᠯ᠎ᠢ ᠪᠦᠷᠢᠯᠳᠦᠭᠦᠯᠬᠦ᠌᠎ᠵᠢ ᠴᠢᠬᠤᠯᠠᠴᠢᠯᠠᠨ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠪᠦᠬᠦᠯᠢ ᠴᠣᠭᠴᠠᠵᠢᠨ ᠦᠢᠯᠡᠳᠦᠯ ᠴᠢᠳᠠᠪᠤᠷᠢ᠎ᠵᠢ ᠦᠨᠡᠨ ᠬᠦ᠌ ᠴᠢᠩᠭᠠᠳᠬᠠᠨ᠎ᠠ᠃
ᠪᠢᠴᠢᠭ ᠮᠠᠲ᠋ᠧᠷᠢᠶᠠᠯ᠎ᠢ ᠲᠤᠭᠤᠷᠪᠢᠬᠤ ᠠᠵᠢᠯ᠎ᠤᠨ ᠳᠤᠮᠳᠠ᠂ ᠨᠠᠮ᠎ᠤᠨ ᠲᠥᠪ ᠬᠣᠷᠢᠶ᠎ᠠ ᠠᠷᠠᠳᠴᠢᠯᠠᠯ᠎ᠢ ᠭᠦᠢᠴᠡᠳ ᠪᠠᠳᠠᠷᠠᠭᠤᠯᠵᠤ᠂ ᠭᠦᠨᠵᠡᠭᠡᠶ ᠪᠠᠶ᠋ᠢᠴᠠᠭᠠᠨ ᠰᠤᠳᠤᠯᠵᠦ᠍᠂ ᠥᠷᠭᠡᠨ᠎ᠢᠶᠡᠷ ᠰᠠᠨᠠᠯ ᠬᠤᠷᠢᠶᠠᠪᠠ᠃ 1 ᠰᠠᠷ᠎ᠠ ᠵᠢᠨ 31 ᠤ᠋ ᠡᠳᠦᠷ᠂ ᠨᠠᠮ᠎ᠤᠨ ᠲᠥᠪ ᠬᠣᠷᠢᠶ᠎ᠠ ᠮᠡᠳᠡᠭᠳᠡᠯ ᠪᠠᠭᠤᠯᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠲᠠᠪᠤᠳᠤᠭᠠᠷ ᠪᠥᠬᠥᠳᠡ ᠬᠤᠷᠠᠯ᠎ᠤᠨ ᠵᠥᠪᠯᠡᠬᠦ᠌ ᠰᠡᠳᠦᠪ᠎ᠦᠨ ᠲᠤᠬᠠᠶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠬᠢᠨ᠎ᠦ ᠰᠠᠨᠠᠯ᠎ᠢ ᠬᠤᠷᠢᠶᠠᠪᠠ᠃ ᠡᠭᠦᠨ᠎ᠦ ᠬᠠᠮᠲᠤ᠌᠂ 16 ᠨᠢᠭᠡᠴᠢ᠎ᠳᠦ ᠨᠠᠶ᠋ᠢᠳᠠᠵᠤ 23 ᠭᠣᠣᠯᠳᠠᠯᠭ᠎ᠠ᠎ᠲᠠᠶ ᠰᠡᠳᠦᠪ᠎ᠦᠨ ᠲᠤᠬᠠᠶ ᠰᠤᠳᠤᠯᠭᠠᠨ ᠥᠷᠨᠢᠭᠦᠯᠪᠡ᠃ 5 ᠰᠠᠷ᠎ᠠ ᠵᠢᠨ 6 ᠤ᠋ ᠡᠳᠦᠷ᠂ ᠪᠢ ᠱᠠᠩᠬᠠᠢ᠎ᠳᠤ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠬᠡᠰᠡᠭ ᠮᠤᠵᠢ ᠣᠷᠣᠨ ᠬᠤᠳᠠ᠎ᠵᠢᠨ ᠭᠣᠣᠯ ᠬᠠᠷᠢᠭᠤᠴᠠᠯᠭᠠᠲᠠᠨ ᠨᠥᠬᠥᠳ᠎ᠦᠨ ᠰᠠᠨᠠᠯ᠎ᠢ ᠰᠣᠨᠣᠰᠪᠠ᠃ 8 ᠰᠠᠷ᠎ᠠ᠎ᠵᠢᠨ 3 ᠤ᠋ ᠡᠳᠦᠷ᠂ 《ᠲᠣᠭᠲᠠᠭᠠᠯ》᠎ᠤ᠋ᠨ ᠨᠣᠣᠷᠠᠭ᠎ᠢ ᠨᠠᠮ᠎ᠤᠨ ᠳᠣᠲᠣᠭᠠᠳᠤ᠎ᠵᠢᠨ ᠬᠡᠰᠡᠭ ᠠᠬᠠᠮᠠᠳ ᠨᠥᠬᠥᠳ᠎ᠢ ᠪᠠᠭᠳᠠᠭᠠᠭᠰᠠᠨ ᠨᠠᠮ᠎ᠤᠨ ᠳᠣᠲᠣᠭᠠᠳᠤ᠎ᠵᠢᠨ ᠵᠤᠬᠢᠬᠤ ᠬᠡᠪᠴᠢᠶᠠᠨ᠎ᠳᠦ ᠲᠠᠷᠬᠠᠭᠠᠵᠤ ᠰᠠᠨᠠᠯ ᠬᠤᠷᠢᠶᠠᠭᠰᠠᠨ ᠪᠥᠭᠡᠳ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭᠠᠲᠤ᠌ ᠬᠤᠷᠠᠯ᠎ᠦᠨ ᠬᠠᠷᠢᠭᠤᠴᠠᠯᠭᠠᠲᠠᠨ ᠪᠠ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭᠴᠢᠳ᠎ᠦᠨ ᠰᠠᠨᠠᠯ᠎ᠢ ᠲᠤᠰᠬᠠᠶ᠋ᠢᠯᠠᠨ ᠰᠣᠨᠣᠰᠪᠠ᠃
ᠨᠠᠮ᠎ᠤᠨ ᠲᠥᠪ ᠬᠣᠷᠢᠶ᠎ᠠ᠎ᠡᠴᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠲᠠᠪᠤᠳᠤᠭᠠᠷ ᠪᠥᠬᠥᠳᠡ ᠬᠤᠷᠠᠯ ᠳᠡᠭᠡᠷ᠎ᠡ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠥᠨᠢ ᠡᠭᠦᠷᠢᠳᠡ ᠪᠠᠷᠢᠮᠲᠠᠯᠠᠨ ᠠᠬᠢᠭᠤᠯᠬᠤ ᠠᠰᠠᠭᠤᠳᠠᠯ᠎ᠢ ᠭᠣᠣᠯᠳᠠᠯᠭ᠎ᠠ᠎ᠲᠠᠶ ᠰᠤᠳᠤᠯᠬᠤ ᠪᠡᠷ ᠲᠣᠭᠲᠠᠭᠠᠭᠰᠠᠨ ᠨᠢ ᠂ ᠮᠠᠨ᠎ᠤ ᠨᠠᠮ᠎ᠤᠨ ᠲᠤᠰ ᠪᠡᠶ᠎ᠡ᠎ᠵᠢᠨ ᠪᠠᠶ᠋ᠢᠭᠤᠯᠤᠯᠲᠠ᠎ᠪᠠᠨ ᠴᠢᠩᠭᠠᠳᠬᠠᠬᠤ ᠲᠤᠬᠠᠶ ᠳᠡᠭᠡᠳᠦ ᠬᠡᠮᠵᠢᠶᠡᠨ᠎ᠦ ᠰᠡᠷᠭᠡᠭ ᠴᠢᠨᠠᠷ ᠪᠠ ᠡᠷᠡᠰ ᠪᠠᠲᠤ᠌ ᠵᠣᠷᠢᠭ᠎ᠢ ᠭᠦᠢᠴᠡᠳ ᠢᠯᠡᠷᠡᠭᠦᠯᠪᠡ ᠭᠡᠵᠦ᠍ ᠡᠯ᠎ᠡ ᠲᠠᠯ᠎ᠠ᠎ᠵᠢᠨ ᠬᠢᠨ ᠰᠠᠨᠠᠯ ᠨᠢᠭᠡᠲᠡᠢ ᠦᠵᠡᠪᠡ᠃
《ᠲᠣᠭᠲᠠᠭᠠᠯ》᠎ᠤ᠋ᠨ ᠨᠣᠣᠷᠠᠭ ᠲᠦ᠍ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠥᠨᠢ ᠡᠭᠦᠷᠢᠳᠡ ᠪᠠᠷᠢᠮᠲᠠᠯᠠᠨ ᠠᠬᠢᠭᠤᠯᠬᠤ ᠲᠤᠬᠠᠶ ᠪᠠᠶ᠋ᠢᠯᠳᠤᠬᠤ ᠪᠣᠳᠣᠯᠭ᠎ᠠ᠎ᠵᠢᠨ ᠪᠠᠶ᠋ᠢᠷᠢᠯᠠᠭᠤᠯᠤᠯᠲᠠ ᠬᠢᠪᠡ᠂ ᠡᠨᠡ ᠨᠢ ᠯᠠᠪᠳᠠᠢ ᠰᠢᠨ᠎ᠡ ᠴᠠᠭ ᠦᠶ᠎ᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠰᠢᠨ᠎ᠡ ᠠᠭᠤᠤ ᠶᠡᠬᠡ ᠢᠨᠵᠧᠨᠧᠷᠢᠩ᠎ᠢ ᠠᠬᠢᠭᠤᠯᠬᠤ᠎ᠵᠢᠨ ᠬᠥᠲᠥᠯᠪᠦᠷᠢ᠎ᠵᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠵᠤ᠂ ᠰᠢᠨ᠎ᠡ ᠴᠠᠭ ᠦᠶ᠎ᠡ᠎ᠵᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠬᠥᠭᠵᠢᠭᠦᠯᠦᠨ ᠨᠠᠮ᠎ᠢ ᠬᠦᠴᠦᠷᠬᠡᠭᠵᠢᠭᠦᠯᠬᠦ᠌ ᠰᠢᠨ᠎ᠡ ᠪᠠᠶ᠋ᠢᠳᠠᠯ᠎ᠢ ᠤᠯᠠᠮ ᠨᠢᠭᠡ ᠠᠯᠬᠤᠮ ᠡᠭᠦᠳᠦᠨ ᠨᠡᠭᠡᠭᠡᠵᠦ᠍᠂ ᠪᠦᠬᠦ᠌ ᠤᠯᠤᠰᠤ᠋ᠠ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰᠤ᠋ᠠ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠵᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠴᠢᠬᠤᠯᠠ ᠶᠡᠬᠡ ᠪᠣᠳᠠᠲᠤ᠌ ᠠᠴᠢ ᠬᠣᠯᠪᠣᠭᠳᠠᠯ ᠪᠠ ᠠᠯᠤᠰ ᠬᠡᠲᠦ᠎ᠵᠢᠨ ᠵᠢᠯᠣᠭᠣᠳᠬᠤ ᠠᠴᠢ ᠬᠣᠯᠪᠣᠭᠳᠠᠯ᠎ᠲᠠᠶ ᠪᠤᠯᠬᠤ ᠶᠤᠮ᠃ ᠡᠭᠦᠨ᠎ᠦ ᠬᠠᠮᠲᠤ᠌᠂ ᠡᠯ᠎ᠡ ᠲᠠᠯ᠎ᠠ᠎ᠵᠢᠨ ᠬᠢᠨ ᠮᠠᠰᠢ ᠣᠯᠠᠨ ᠰᠠᠶ᠋ᠢᠨ ᠰᠠᠨᠠᠯ ᠰᠠᠨᠠᠭᠤᠯᠭ᠎ᠠ ᠳᠤᠷᠠᠳᠪᠠ᠂ ᠡᠬᠦᠨ᠎ᠢ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶ᠋ᠢᠯᠠᠩ ᠵᠤᠷᠪᠤᠰ ᠳᠠᠷᠠᠭᠠᠯᠠᠨ ᠰᠤᠳᠤᠯᠵᠤ᠂ ᠰᠢᠩᠭᠡᠭᠡᠵᠦ᠍ ᠪᠤᠯᠬᠤ᠎ᠵᠢ ᠨᠢ ᠠᠯᠢ ᠴᠢᠳᠠᠬᠤ᠎ᠪᠠᠷ ᠰᠢᠩᠭᠡᠭᠡᠨ ᠠᠪᠤᠪᠠ᠃
《ᠲᠣᠭᠲᠠᠭᠠᠯ》᠎ᠤ᠋ᠨ ᠨᠤᠤᠷᠠᠭ᠎ᠢ ᠲᠤᠭᠤᠷᠪᠢᠬᠤ ᠬᠤᠭᠤᠴᠠᠭᠠᠨ᠎ᠳᠤ᠂ ᠲᠥᠪ ᠬᠣᠷᠢᠶᠠᠨ᠎ᠤ ᠤᠯᠤᠰ ᠲᠦᠷᠦ᠎ᠵᠢᠨ ᠲᠣᠪᠴᠢᠶᠠᠨ᠎ᠤ ᠪᠠᠶ᠋ᠢᠩᠭᠤ᠎ᠵᠢᠨ ᠬᠣᠷᠢᠶ᠎ᠠ 3 ᠤᠳᠠᠭ᠎ᠠ ᠬᠤᠷᠠᠯ ᠬᠤᠷᠠᠯᠳᠤᠭᠤᠯᠵᠤ᠂ ᠲᠥᠪ ᠬᠣᠷᠢᠶᠠᠨ᠎ᠤ ᠤᠯᠤᠰ ᠲᠦᠷᠦ᠎ᠵᠢᠨ ᠲᠣᠪᠴᠢᠶ᠎ᠠ 2 ᠤᠳᠠᠭ᠎ᠠ ᠬᠤᠷᠠᠯ ᠬᠤᠷᠠᠯᠳᠤᠭᠤᠯᠤᠨ ᠬᠢᠨᠠᠨ ᠶᠠᠷᠢᠯᠴᠠᠵᠤ᠂ ᠵᠠᠰᠠᠪᠤᠷᠢ ᠣᠷᠣᠭᠤᠯᠤᠭᠠᠳ᠂ ᠡᠨᠡ ᠤᠳᠠᠭᠠᠨ᠎ᠤ ᠪᠥᠬᠥᠳᠡ ᠬᠤᠷᠠᠯ᠎ᠳᠤ ᠳᠡᠪᠰᠢᠭᠦᠯᠵᠦ᠍ ᠬᠢᠨᠠᠨ ᠶᠠᠷᠢᠯᠴᠠᠭᠤᠯᠬᠤ 《 ᠲᠣᠭᠲᠠᠭᠠᠯ》᠎ᠤ᠋ᠨ ᠨᠤᠤᠷᠠᠭ᠎ᠢ ᠪᠦᠷᠢᠯᠳᠦᠭᠦᠯᠪᠡ᠃
ᠭᠤᠷᠪᠠ᠂ 《ᠲᠣᠭᠲᠠᠭᠠᠯ》᠎ᠤ᠋ᠨ ᠨᠤᠤᠷᠠᠭ᠎ᠤᠨ ᠦᠨᠳᠦᠰᠦᠨ ᠪᠣᠷᠣ ᠲᠥᠯᠥᠪ ᠪᠠ ᠭᠣᠣᠯ ᠠᠭᠤᠯᠭ᠎ᠠ᠎ᠵᠢᠨ ᠲᠤᠬᠠᠶ
《ᠲᠣᠭᠲᠠᠭᠠᠯ》᠎ᠤ᠋ᠨ ᠨᠤᠤᠷᠠᠭ᠎ᠢ ᠡᠬᠢᠯᠡᠯᠲᠡ᠎ᠵᠢᠨ ᠦᠭᠡ ᠪᠠ ᠲᠡᠭᠦᠰᠬᠡᠯ᠎ᠦᠨ ᠦᠭᠡ᠎ᠡᠴᠡ ᠭᠠᠳᠠᠨ᠎ᠠ᠂ ᠭᠤᠷᠪᠠᠨ ᠶᠡᠬᠡ ᠪᠦᠯᠦᠭᠲᠤ᠌ ᠬᠤᠪᠢᠶᠠᠪᠠ᠃
ᠨᠢᠭᠡᠳᠦᠭᠡᠷ ᠪᠦᠯᠦᠭ ᠨᠢ ᠨᠢᠭᠡᠳᠦᠭᠡᠷ ᠬᠡᠰᠡᠭ᠂ ᠶᠡᠷᠦᠩᠬᠡᠶ ᠥᠭᠦᠯᠡᠯᠲᠡ ᠪᠣᠯᠤᠨ᠎ᠠ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠥᠨᠢ ᠡᠭᠦᠷᠢᠳᠡ ᠪᠠᠷᠢᠮᠲᠠᠯᠠᠨ ᠠᠬᠢᠭᠤᠯᠬᠤ᠎ᠵᠢᠨ ᠴᠢᠬᠤᠯᠠ ᠴᠢᠨᠠᠷ ᠲᠤᠯᠭᠠᠮ ᠴᠢᠨᠠᠷ ᠪᠠ ᠶᠡᠷᠦᠩᠬᠡᠢ ᠱᠠᠭᠠᠷᠳᠠᠯᠭ᠎ᠠ᠎ᠵᠢ ᠲᠣᠳᠣᠷᠬᠠᠶ᠋ᠢᠯᠠᠨ ᠥᠭᠦᠯᠡᠪᠡ᠂ ᠨᠡᠢ᠌ᠳᠡ 5 ᠲᠠᠯ᠎ᠠ᠎ᠵᠢᠨ ᠠᠭᠤᠯᠭ᠎ᠠ ᠲᠠᠢ᠃ ᠨᠢᠭᠡ᠎ᠳᠦ 100 ᠭᠠᠷᠤᠶ ᠵᠢᠯ᠎ᠦᠨ ᠲᠤᠷᠰᠢᠬᠢ ᠮᠠᠨ᠎ᠤ ᠨᠠᠮ᠎ᠤᠨ ᠨᠠᠮ᠎ᠤᠨ ᠪᠠᠶ᠋ᠢᠭᠤᠯᠤᠯᠲᠠ᠎ᠵᠢ ᠴᠢᠩᠭᠠᠳᠬᠠᠬᠤ᠎ᠵᠢ ᠢᠮᠠᠭᠲᠠ ᠲᠤᠭᠤᠰᠢᠯᠠᠭᠤᠯᠤᠨ᠂ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠢᠯᠠᠯᠲᠠ᠎ᠡᠴᠠ ᠢᠯᠠᠯᠲᠠ ᠵᠦᠭ ᠲᠠᠰᠤᠷᠠᠯᠲᠠ ᠦᠭᠡᠢ ᠤᠷᠤᠭᠰᠢᠯᠠᠭᠰᠠᠨ ᠭᠡᠷᠡᠯ ᠰᠠᠴᠤᠷᠠᠩᠭᠤᠶ ᠥᠩᠭᠡᠷᠡᠯᠲᠡ᠎ᠵᠢ ᠡᠷᠭᠢᠴᠡᠭᠦᠯᠪᠡ᠃ ᠬᠣᠶᠠᠷ᠎ᠲᠤ᠌ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠠ ᠨᠠᠭᠠᠰᠢᠬᠢ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠳᠤ ᠣᠯᠤᠭᠰᠠᠨ ᠠᠭᠤᠤ ᠶᠡᠬᠡ ᠠᠮᠵᠢᠯᠲᠠ ᠪᠥᠲᠥᠮᠵᠢ᠎ᠵᠢ ᠳ᠋ᠦᠩᠨᠡᠵᠦ᠍᠂ ᠰᠢᠨ᠎ᠡ ᠴᠠᠭ ᠦᠶ᠎ᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠦᠵᠡᠯ ᠰᠠᠨᠠᠭ᠎ᠠ᠎ᠵᠢ ᠪᠣᠢ ᠪᠤᠯᠭᠠᠭᠰᠠᠨ ᠴᠢᠬᠤᠯᠠ ᠶᠡᠬᠡ ᠠᠴᠢ ᠬᠣᠯᠪᠣᠭᠳᠠᠯ᠎ᠢ ᠲᠣᠳᠣᠷᠬᠠᠶ᠋ᠢᠯᠠᠨ ᠥᠭᠦᠯᠡᠪᠡ᠃ ᠭᠤᠷᠪᠠ᠎ᠳᠤ ᠨᠠᠮ᠎ᠢ ᠪᠦᠬᠦ᠌ ᠲᠠᠯ᠎ᠠ ᠪᠠᠷ ᠴᠢᠩᠭ᠎ᠠ ᠵᠠᠰᠠᠬᠤ᠎ᠳᠤ ᠲᠤᠯᠭᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠡᠭᠦᠷᠭᠡ ᠰᠢᠨ᠎ᠡ ᠰᠢᠯᠭᠠᠯᠲᠠ᠎ᠵᠢ ᠵᠠᠳᠠᠯᠪᠠ᠃ ᠳᠥᠷᠪᠡ᠎ᠳᠤ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠎ᠵᠢᠨ ᠵᠢᠯᠣᠭᠣᠳᠬᠤ ᠦᠵᠡᠯ ᠰᠠᠨᠠᠭ᠎ᠠ᠎ᠵᠢ ᠳᠤᠷᠠᠳᠤᠨ ᠭᠠᠷᠭᠠᠪᠠ᠃ ᠲᠠᠪᠤ᠎ᠳᠤ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠎ᠳᠤ ᠵᠢᠷᠤᠮᠯᠠᠬᠤ 7 ᠵᠣᠷᠪᠣᠰ ᠵᠠᠷᠴᠢᠮ᠎ᠢ ᠦᠭᠦᠯᠡᠨ ᠲᠤᠲᠤᠷᠬᠠᠢ᠌ᠯᠠᠪᠠ᠃
ᠬᠣᠶᠠᠳᠤᠭᠠᠷ ᠪᠦᠯᠦᠭ ᠨᠢ ᠬᠤᠪᠢᠶᠠᠷᠢ ᠦᠭᠦᠯᠡᠯᠳᠠ ᠪᠣᠯᠣᠨ᠎ᠠ᠂ ᠡᠭᠦᠨ᠎ᠳᠤ ᠬᠣᠶᠠᠳᠤᠭᠠᠷ ᠬᠡᠰᠡᠭ᠎ᠡᠴᠡ ᠨᠠᠢ᠍ᠮᠠᠳᠤᠭᠠᠷ ᠬᠡᠰᠡᠭ ᠪᠠᠭᠲᠠᠨ᠎ᠠ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠎ᠵᠢᠨ ᠪᠠᠶ᠋ᠢᠯᠳᠤᠬᠤ ᠪᠣᠳᠣᠯᠭ᠎ᠠ᠎ᠵᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠵᠢ ᠪᠠᠶ᠋ᠢᠷᠢᠯᠠᠭᠤᠯᠪᠠ᠃ ᠡᠭᠦᠨ᠎ᠳᠤ᠂ 《ᠡᠪ ᠬᠠᠮᠲᠤᠴᠤᠳ᠎ᠤᠨ ᠨᠠᠮᠴᠢ ᠴᠢᠨᠠᠷ᠎ᠢ ᠴᠢᠩᠭᠠᠳᠬᠠᠨ᠎ᠠ》 ᠭᠡᠬᠦ᠌ ᠬᠣᠶᠠᠳᠤᠭᠠᠷ ᠬᠡᠰᠡᠭ᠎ᠲᠤ᠌᠂ ᠡᠨᠡ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠦᠨᠳᠦᠰᠦᠨ ᠴᠢᠨᠠᠷᠲᠠᠶ ᠡᠭᠦᠷᠭᠡ ᠮᠥᠨ ᠭᠡᠵᠦ᠍ ᠴᠢᠬᠤᠯᠠᠴᠢᠯᠠᠭᠠᠳ᠂ ᠨᠠᠮ᠎ᠳᠠᠭᠠᠨ ᠦᠨᠡᠨᠴᠢ ᠰᠢᠳᠤᠷᠭᠤ ᠪᠠᠢ᠌ᠬᠤ ᠬᠦᠮᠦᠵᠢᠯ᠎ᠢ ᠴᠢᠩᠭᠠᠳᠬᠠᠬᠤ᠂ ᠨᠠᠮ᠎ᠤᠨ ᠰᠢᠨ᠎ᠡ ᠡᠭᠦᠳᠦᠯᠲᠡ᠎ᠵᠢᠨ ᠣᠨᠣᠯᠵᠢᠡᠷ ᠰᠡᠳᠬᠢᠯ ᠰᠠᠨᠠᠭ᠎ᠠ᠎ᠵᠢ ᠨᠢᠭᠲᠠᠷᠠᠭᠤᠯᠤᠨ ᠰᠦᠭ ᠰᠦᠯᠳᠡ᠎ᠵᠢ ᠪᠤᠰᠬᠠᠬᠤ᠎ᠵᠢ ᠪᠠᠷᠢᠮᠲᠠᠯᠠᠬᠤ᠂ ᠨᠠᠮ᠎ᠤᠨ ᠰᠢᠯᠢᠳᠡᠭ ᠤᠯᠠᠮᠵᠢᠯᠠᠯ ᠪᠠ ᠳᠤᠮᠳᠠᠳᠤ᠎ᠵᠢᠨ ᠰᠢᠯᠢᠳᠡᠭ ᠤᠯᠠᠮᠵᠢᠯᠠᠯᠲᠤ᠌ ᠰᠤᠶᠤᠯᠵᠢᠡᠷ ᠨᠠᠮᠴᠢ ᠴᠢᠨᠠᠷ᠎ᠢ ᠬᠠᠳᠠᠭᠤᠵᠢᠭᠤᠯᠤᠨ ᠪᠣᠯᠪᠠᠰᠤᠷᠠᠭᠤᠯᠬᠤ᠂ ᠦᠢᠯᠡᠳᠦᠯᠭᠡ᠎ᠵᠢᠨ ᠳᠤᠮᠳᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠂ ᠨᠠᠮᠴᠢ ᠴᠢᠨᠠᠷ᠎ᠢ ᠢᠯᠭᠠᠨ ᠲᠠᠨᠢᠬᠤ᠎ᠵᠢ ᠴᠢᠩᠭᠠᠳᠬᠠᠬᠤ ᠵᠡᠷᠭᠡ 5 ᠲᠠᠯ᠎ᠠ ᠡᠴᠡ ᠪᠠᠢ᠌ᠷᠢᠯᠠᠭᠤᠯᠤᠯᠲᠠ ᠬᠢᠪᠡ᠃ 《ᠠᠷᠠᠳᠴᠢᠯᠠᠯ ᠲᠥᠪᠯᠡᠷᠡᠯ᠎ᠤᠨ ᠶᠣᠰᠣ᠎ᠵᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠦᠨ᠎ᠡ 》 ᠭᠡᠬᠦ᠌ ᠭᠤᠷᠪᠠᠳᠤᠭᠠᠷ ᠬᠡᠰᠡᠭ᠎ᠲᠤ᠌᠂ ᠡᠨᠡ ᠪᠤᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠳᠣᠲᠣᠭᠠᠳᠤ ᠱᠠᠭᠠᠷᠳᠠᠯᠭ᠎ᠠ ᠮᠥᠨ ᠭᠡᠵᠦ᠍ ᠴᠢᠬᠤᠯᠠᠴᠢᠯᠠᠭᠠᠳ᠂ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠲᠦᠯᠲᠡᠢ ᠤᠳᠤᠷᠢᠳᠤᠯᠭ᠎ᠠ᠎ᠵᠢ ᠪᠠᠷᠢᠮᠲᠠᠯᠠᠨ ᠴᠢᠩᠭᠠᠳᠬᠠᠬᠤ᠂ ᠨᠠᠮ᠎ᠤᠨ ᠳᠣᠲᠣᠭᠠᠳᠤ᠎ᠵᠢᠨ ᠠᠷᠠᠳᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠤᠳᠤᠷᠢᠳᠬᠤ ᠪᠠᠭ᠎ᠤᠨ ᠪᠣᠳᠣᠯᠭ᠎ᠠ ᠲᠣᠭᠲᠠᠭᠠᠬᠤ ᠵᠢᠷᠤᠮ ᠬᠡᠷᠡᠭ ᠵᠦᠪᠯᠡᠬᠦ᠌ ᠳᠦᠷᠢᠮ᠎ᠢ ᠴᠢᠩᠭ᠎ᠠ ᠬᠡᠷᠡᠭᠵᠢᠭᠦᠯᠬᠦ᠂ 《ᠨᠢᠭᠡᠳᠦᠭᠡᠷ ᠭᠠᠷ》᠎ᠤ᠋ᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍ ᠡᠷᠬᠡ᠎ᠪᠠᠨ ᠬᠡᠷᠡᠭᠯᠡᠬᠦ᠌᠎ᠵᠢ ᠵᠢᠷᠤᠮᠵᠢᠭᠤᠯᠬᠤ ᠵᠡᠷᠭᠡ 4 ᠲᠠᠯ᠎ᠠ᠎ᠡᠴᠡ ᠪᠠᠢ᠌ᠷᠢᠯᠠᠭᠤᠯᠤᠯᠲᠠ ᠬᠢᠪᠡ᠃ 《ᠦᠨᠳᠦᠰᠦᠲᠡᠨ᠎ᠤ ᠰᠡᠷᠭᠦᠨ ᠮᠠᠨᠳᠤᠯᠲᠠ᠎ᠵᠢᠨ ᠬᠦᠨᠳᠦ ᠡᠭᠦᠷᠭᠡ᠎ᠵᠢ ᠡᠭᠦᠷᠭᠡᠯᠡᠵᠦ᠍ ᠳᠡᠶ᠋ᠢᠯᠬᠦ᠌ ᠦᠨᠳᠦᠷ ᠬᠡᠪ ᠴᠢᠨᠠᠷ ᠪᠦᠬᠦᠢ ᠺᠠᠳ᠋ᠷ᠎ᠤᠨ ᠡᠩᠨᠡᠭᠡ᠎ᠵᠢ ᠳᠠᠪᠲᠠᠨ ᠪᠣᠯᠪᠠᠰᠤᠷᠠᠭᠤᠯᠤᠨ᠎ᠠ》 ᠭᠡᠬᠦ᠌ ᠳᠥᠷᠪᠡᠳᠦᠭᠡᠷ ᠬᠡᠰᠡᠭ᠎ᠲᠤ᠌᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠵᠠᠩᠭᠢᠯᠠᠭ᠎ᠠ ᠨᠢ ᠲᠦᠰᠢᠮᠡᠳᠢ ᠴᠢᠩᠭ᠎ᠠ ᠵᠠᠰᠠᠬᠤ᠎ᠳᠤ ᠪᠠᠶ᠋ᠢᠨ᠎ᠠ ᠭᠡᠵᠦ᠍ ᠴᠢᠬᠤᠯᠠᠴᠢᠯᠠᠭᠠᠳ᠂ ᠬᠦᠮᠦᠨ ᠬᠡᠷᠡᠭᠯᠡᠬᠦ᠌ ᠵᠦᠪ ᠤᠳᠤᠷᠢᠳᠤᠮᠵᠢ᠎ᠵᠢ ᠪᠠᠷᠢᠮᠲᠠᠯᠠᠬᠤ᠂ ᠨᠠᠷᠢᠯᠢᠭ ᠣᠨᠣᠴᠠᠲᠠᠢ ᠪᠦᠭᠡᠳ ᠰᠢᠨᠵᠢᠯᠡᠬᠦ᠌ ᠤᠬᠠᠭᠠᠨᠴᠢ᠎ᠪᠠᠷ ᠬᠦᠮᠦᠨ ᠰᠤᠩᠭᠤᠵᠤ ᠬᠦᠮᠦᠨ ᠬᠡᠷᠡᠭᠯᠡᠬᠦ᠂ ᠺᠠᠳ᠋ᠷ᠎ᠤᠨ ᠵᠠᠰᠠᠭ᠎ᠤᠨ ᠠᠵᠢᠯ᠎ᠤᠨ ᠠᠮᠵᠢᠯᠲᠠ᠎ᠵᠢᠨ ᠲᠤᠬᠠᠢ ᠵᠦᠪ ᠦᠵᠡᠯᠲᠡ᠎ᠵᠢ ᠪᠣᠢ ᠪᠣᠯᠭᠠᠨ ᠦᠢᠯᠡᠳᠦᠯᠭᠡᠵᠢᠭᠦᠯᠬᠦ᠌᠎ᠵᠢ ᠠᠬᠢᠭᠤᠯᠬᠤ᠂ ᠺᠠᠳ᠋ᠷ᠎ᠤᠨ ᠠᠵᠢᠯ ᠬᠢᠵᠦ᠍ ᠦᠢᠯᠡᠰ ᠴᠣᠭᠴᠠᠯᠠᠬᠤ ᠡᠷᠳᠡᠮ ᠴᠢᠳᠠᠪᠤᠷᠢ᠎ᠵᠢ ᠳᠡᠭᠡᠭᠰᠢᠯᠡᠭᠦᠯᠬᠦ᠂ ᠰᠢᠯᠢᠳᠡᠭ ᠵᠠᠯᠠᠭᠤ ᠺᠠᠳ᠋ᠷ᠎ᠢ ᠬᠦᠮᠦᠵᠢᠭᠦᠯᠵᠦ᠍ ᠰᠢᠯᠢᠨ ᠳᠡᠪᠰᠢᠭᠦᠯᠬᠦ᠌᠎ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠺᠠᠳ᠋ᠷ᠎ᠤᠨ ᠬᠠᠮᠢᠶᠠᠷᠤᠯᠲᠠ ᠬᠢᠨᠠᠯᠲᠠ ᠵᠢ ᠴᠢᠩᠭᠠᠳᠬᠠᠬᠤ ᠵᠡᠷᠭᠡ 6 ᠲᠠᠯ᠎ᠠ᠎ᠡᠴᠡ ᠪᠠᠢ᠌ᠷᠢᠯᠠᠭᠤᠯᠤᠯᠲᠠ ᠬᠢᠪᠡ᠃ 《 ᠳᠡᠭᠡᠭᠰᠢ ᠳᠣᠭᠣᠭᠰᠢ ᠨᠡᠪᠲᠡᠷᠡᠯᠴᠡᠭᠰᠡᠨ ᠪᠦᠭᠡᠳ ᠬᠡᠷᠡᠭᠵᠢᠭᠦᠯᠦᠯᠲᠡ ᠨᠢ ᠬᠦᠴᠦᠲᠡᠢ ᠨᠢᠭᠲᠠ ᠴᠢᠩᠭ᠎ᠠ ᠵᠣᠬᠢᠶᠠᠨ ᠪᠠᠶ᠋ᠢᠭᠤᠯᠤᠯᠲᠠ᠎ᠵᠢᠨ ᠰᠢᠰᠲ᠋ᠧᠮ᠎ᠢ ᠪᠠᠶ᠋ᠢᠭᠤᠯᠤᠨ᠎ᠠ》 ᠭᠡᠬᠦ᠌ ᠲᠠᠪᠤᠳᠤᠭᠠᠷ ᠬᠡᠰᠡᠭ᠎ᠲᠤ᠌᠂ ᠨᠡᠮ᠎ᠤᠨ ᠡᠯ᠎ᠠ ᠱᠡᠳᠦᠠᠦ ᠵᠤᠬᠢᠶᠡᠠ ᠪᠡᠢ᠌ᠭᠤᠯᠦᠯᠳᠠ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠪᠡᠶᠡᠴᠢ ᠴᠣᠭᠴᠠ ᠮᠥᠨ ᠭᠡᠵᠦ᠍ ᠴᠢᠬᠤᠯᠠᠴᠢᠯᠠᠭᠠᠳ᠂ ᠲᠥᠪ᠎ᠤᠨ ᠪᠠ ᠲᠥᠷᠥ᠎ᠵᠢᠨ ᠪᠠᠶ᠋ᠢᠭᠤᠯᠭ᠎ᠠ᠎ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠳᠠᠭᠤᠷᠢᠶᠠᠯ ᠦᠵᠡᠭᠦᠯᠬᠦ᠌ ᠦᠢᠯᠡᠳᠦᠯ᠎ᠢ ᠪᠠᠳᠠᠷᠠᠭᠤᠯᠬᠤ᠂ ᠣᠷᠣᠨ ᠨᠤᠲᠤᠭ᠎ᠤᠨ ᠨᠠᠮ᠎ᠤᠨ ᠬᠣᠷᠢᠶᠠᠨ᠎ᠤ ᠴᠢᠳᠠᠮᠵᠢ᠎ᠵᠢ ᠴᠢᠩᠭᠠᠳᠬᠠᠬᠤ᠂ ᠡᠯ᠎ᠡ ᠬᠦᠷᠢᠶᠡᠨ᠎ᠳᠡᠬᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠪᠠᠶ᠋ᠢᠭᠤᠯᠤᠯᠲᠠ᠎ᠵᠢ ᠨᠢᠭᠡᠲᠦᠯᠲᠡᠢ ᠲᠥᠯᠥᠪᠯᠡᠨ ᠠᠬᠢᠭᠤᠯᠬᠤ᠂ ᠰᠢᠨ᠎ᠡ᠎ᠪᠡᠷ ᠬᠦᠭᠵᠢᠭᠰᠡᠨ ᠬᠦᠷᠢᠶᠡᠨ᠎ᠳᠡᠬᠢ ᠨᠠᠮ᠎ᠤᠨ ᠪᠠᠶ᠋ᠢᠭᠤᠯᠤᠯᠲᠠ᠎ᠵᠢ ᠳᠣᠪᠣᠶ᠋ᠢᠯᠭᠠᠨ ᠰᠠᠶ᠋ᠢᠳᠤᠷ ᠠᠳᠬᠤᠬᠤ᠂ ᠨᠠᠮ᠎ᠤᠨ ᠭᠡᠰᠢᠭᠦᠨ᠎ᠤ ᠡᠩᠨᠡᠭᠡ᠎ᠵᠢᠨ ᠪᠠᠶ᠋ᠢᠭᠤᠯᠤᠯᠲᠠ᠎ᠵᠢ ᠴᠢᠩᠭᠠᠳᠬᠠᠬᠤ᠂ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ᠎ᠵᠢᠨ ᠨᠡᠪᠲᠡᠷᠡᠯᠴᠡᠬᠦ᠌ ᠲᠣᠭᠲᠠᠴᠠ᠎ᠵᠢ ᠲᠡᠭᠦᠯᠳᠡᠷᠵᠢᠭᠦᠯᠬᠦ᠌ ᠵᠡᠷᠭᠡ 6 ᠲᠠᠯ᠎ᠠ᠎ᠡᠴᠡ ᠪᠠᠢ᠌ᠷᠢᠯᠠᠭᠤᠯᠤᠯᠲᠠ ᠬᠢᠪᠡ᠃ 《 ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠵᠢ ᠴᠢᠩᠳᠠᠯᠠᠬᠤ᠎ᠵᠢ ᠵᠣᠭᠰᠣᠯ ᠦᠭᠡᠢ ᠪᠠᠷᠢᠮᠲᠠᠯᠠᠨ᠎ᠠ》 ᠭᠡᠬᠦ᠌ ᠵᠢᠷᠭᠤᠳᠤᠭᠠᠷ ᠬᠡᠰᠡᠭ᠎ᠲᠤ᠌᠂ ᠡᠨᠡ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠬᠦᠴᠦᠲᠡᠶ ᠠᠷᠭ᠎ᠠ ᠬᠡᠮᠵᠢᠶ᠎ᠡ ᠮᠥᠨ ᠭᠡᠵᠦ᠍ ᠴᠢᠬᠤᠯᠠᠴᠢᠯᠠᠭᠠᠳ᠂ ᠰᠢᠨ᠎ᠡ ᠴᠠᠭ ᠦᠶ᠎ᠡ᠎ᠵᠢᠨ ᠨᠠᠮ᠎ᠤᠨ ᠣᠯᠠᠨ ᠲᠥᠮᠡᠨᠴᠢ ᠱᠤᠭᠤᠮᠵᠢᠡᠷ ᠰᠠᠶ᠋ᠢᠳᠤᠷ ᠶᠠᠪᠤᠬᠤ᠂ ᠲᠥᠪ ᠬᠣᠷᠢᠶᠠᠨ᠎ᠤ ᠨᠠᠢ᠍ᠮᠠᠨ ᠵᠣᠷᠪᠣᠰ ᠲᠣᠭᠲᠠᠭᠠᠯ᠎ᠤᠨ ᠵᠣᠷᠢᠭ ᠰᠠᠨᠠᠭ᠎ᠠ᠎ᠵᠢ ᠴᠦᠬᠦᠷᠡᠰᠢ ᠦᠭᠡᠢ ᠨᠠᠶ᠋ᠢᠳᠠᠪᠤᠷᠢᠵᠢᠭᠤᠯᠬᠤ᠂ ᠰᠤᠷᠲᠠᠯ᠎ᠤᠨ ᠪᠠᠶ᠋ᠢᠭᠤᠯᠤᠯᠲᠠ᠎ᠵᠢ ᠪᠠᠶ᠋ᠢᠩᠭᠤᠵᠢᠭᠤᠯᠬᠤ ᠪᠠ ᠤᠷᠲᠤ᠌ ᠬᠤᠭᠤᠴᠠᠭ᠎ᠠ᠎ᠪᠠᠷ ᠪᠦᠲᠦᠮᠵᠢᠲᠡᠢ ᠪᠠᠶ᠋ᠢᠯᠭᠠᠬᠤ᠎ᠵᠢ ᠠᠬᠢᠭᠤᠯᠬᠤ᠂ ᠰᠠᠬᠢᠯᠭ᠎ᠠ ᠪᠠᠲᠤ᠎ᠵᠢ ᠴᠢᠩᠭ᠎ᠠ ᠬᠡᠷᠡᠭᠵᠢᠭᠦᠯᠬᠦ᠌᠎ᠵᠢ ᠴᠢᠩᠭᠠᠳᠬᠠᠬᠤ᠂ ᠰᠠᠬᠢᠯᠭ᠎ᠠ ᠪᠠᠲᠤᠵᠢᠨ ᠬᠦᠮᠦᠵᠢᠭᠦᠯᠵᠦ᠍ ᠬᠢᠵᠠᠭᠠᠷᠯᠠᠬᠤ ᠪᠠ ᠪᠠᠲᠤᠯᠠᠵᠤ ᠤᠷᠮᠠᠰᠢᠭᠤᠯᠬᠤ ᠦᠢᠯᠡᠳᠦᠯ᠎ᠢ ᠶᠡᠷᠥᠩᠬᠡᠶ᠋ᠢᠯᠡᠨ ᠪᠠᠳᠠᠷᠠᠭᠤᠯᠬᠤ ᠵᠡᠷᠭᠡ 5 ᠲᠠᠯ᠎ᠠ᠎ᠡᠴᠡ ᠪᠠᠢ᠌ᠷᠢᠯᠠᠭᠤᠯᠤᠯᠲᠠ ᠬᠢᠪᠡ᠃ 《ᠢᠯᠵᠢᠷᠡᠬᠦ᠌ ᠵᠣᠷᠢᠭ ᠦᠭᠡᠢ ᠢᠯᠵᠢᠷᠡᠵᠦ᠍ ᠳᠡᠶ᠋ᠢᠯᠬᠦ᠌ ᠦᠭᠡᠢ ᠢᠯᠵᠢᠷᠡᠬᠦ᠌ᠵᠢ ᠪᠣᠳᠣᠬᠣ ᠦᠭᠡᠢ ᠪᠣᠯᠭᠠᠬᠤ᠎ᠵᠢ ᠡᠷᠡᠰ ᠭᠣᠶ᠋ᠢᠪᠢᠰᠢ ᠦᠭᠡᠢ᠎ᠪᠡᠷ ᠨᠢᠭᠡ ᠴᠣᠭᠴᠠᠵᠢᠭᠤᠯᠤᠨ ᠠᠬᠢᠭᠤᠯᠤᠨ᠎ᠠ》 ᠭᠡᠬᠦ᠌ ᠳᠣᠯᠣᠳᠤᠭᠠᠷ ᠬᠡᠰᠡᠭ᠎ᠲᠤ᠌᠂ ᠡᠨᠡ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠴᠢᠬᠤᠯᠠ ᠠᠷᠭ᠎ᠠ ᠪᠤᠳᠤᠯᠭ᠎ᠠ ᠪᠠ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠦᠨᠳᠦᠰᠦᠨ ᠴᠢᠭᠯᠡᠯᠲᠡ ᠮᠥᠨ ᠭᠡᠵᠦ᠍ ᠴᠢᠬᠤᠯᠠᠴᠢᠯᠠᠭᠠᠳ᠂ ᠢᠯᠵᠢᠷᠡᠯ᠎ᠢ ᠵᠠᠯᠬᠠᠭᠠᠨ ᠰᠢ᠌ᠳᠭᠡᠬᠦ᠌ ᠲᠠᠯ᠎ᠠ᠎ᠪᠠᠷ ᠬᠦᠴᠦᠲᠡᠢ ᠳᠠᠷᠤᠯᠲᠠ ᠦᠵᠡᠭᠦᠯᠬᠦ᠌ ᠪᠠᠶ᠋ᠢᠳᠠᠯ᠎ᠢ ᠪᠠᠲᠤᠯᠠᠬᠤ᠂ ᠡᠷᠬᠡ᠎ᠵᠢᠨ ᠠᠵᠢᠯᠯᠠᠭᠠᠨ᠎ᠤ ᠲᠤᠬᠠᠢ ᠬᠢᠵᠠᠭᠠᠷᠯᠠᠯ ᠪᠠ ᠬᠢᠨᠠᠯᠲᠠ᠎ᠵᠢ ᠴᠢᠩᠭᠠᠳᠬᠠᠬᠤ᠂ ᠠᠷᠢᠭᠤᠨ ᠴᠢᠭᠡᠴᠢ᠎ᠵᠢ ᠡᠷᠬᠢᠮᠯᠡᠨ ᠢᠯᠵᠢᠷᠡᠯ᠎ᠢ ᠡᠰᠡᠷᠭᠦᠴᠡᠬᠦ᠌ ᠦᠵᠡᠯ ᠰᠠᠨᠠᠭᠠᠨ᠎ᠤ ᠰᠠᠭᠤᠷᠢ᠎ᠵᠢ ᠪᠡᠬᠢᠵᠢᠭᠦᠯᠬᠦ᠂ ᠢᠯᠵᠢᠷᠡᠬᠦ᠌ ᠵᠣᠷᠢᠭ ᠦᠭᠡᠢ ᠢᠯᠵᠢᠷᠡᠵᠦ᠍ ᠳᠡᠶ᠋ᠢᠯᠬᠦ᠌ ᠦᠭᠡᠢ ᠢᠯᠵᠢᠷᠡᠬᠦ᠌ᠵᠢ ᠪᠣᠳᠣᠬᠣ ᠦᠭᠡᠢ ᠪᠣᠯᠭᠠᠬᠤ᠎ᠵᠢ ᠨᠢᠭᠡ ᠴᠣᠭᠴᠠᠵᠢᠭᠤᠯᠤᠨ ᠠᠬᠢᠭᠤᠯᠬᠤ᠎ᠵᠢᠨ ᠶᠡᠷᠥᠩᠬᠡᠶ᠋ᠢᠯᠡᠭᠰᠡᠨ ᠦᠢᠯᠡᠳᠦᠯ ᠴᠢᠳᠠᠪᠤᠷᠢ᠎ᠵᠢ ᠴᠢᠩᠭᠠᠳᠬᠠᠬᠤ ᠵᠡᠷᠭᠡ 4 ᠲᠠᠯ᠎ᠠ᠎ᠡᠴᠡ ᠪᠠᠢ᠌ᠷᠢᠯᠠᠭᠤᠯᠤᠯᠲᠠ ᠬᠢᠪᠡ᠃ 《ᠳᠥᠷᠢᠮᠵᠢᠡᠷ ᠨᠠᠮ᠎ᠢ ᠵᠠᠰᠠᠬᠤ᠂ ᠲᠣᠭᠲᠠᠭᠠᠯ ᠶᠣᠰᠣᠭᠠᠷ ᠨᠠᠮ᠎ᠢ ᠵᠠᠰᠠᠬᠤ᠎ᠵᠢ ᠪᠠᠷᠢᠮᠲᠠᠯᠠᠨ᠎ᠠ》 ᠭᠡᠬᠦ᠌ ᠨᠠᠢ᠍ᠮᠠᠳᠤᠭᠠᠷ ᠬᠡᠰᠡᠭ᠎ᠲᠤ᠌᠂ ᠨᠠᠮ᠎ᠤᠨ ᠳᠣᠲᠣᠭᠠᠳᠤ᠎ᠵᠢᠨ ᠬᠠᠤᠯᠢ ᠲᠣᠭᠲᠠᠭᠠᠯ ᠳᠦᠷᠢᠮ᠎ᠦᠨ ᠪᠠᠶ᠋ᠢᠭᠤᠯᠤᠯᠲᠠ᠎ᠵᠢ ᠴᠢᠩᠭᠠᠳᠬᠠᠬᠤ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠠᠯᠤᠰ ᠬᠡᠳᠦ᠎ᠵᠢᠨ ᠪᠣᠳᠣᠯᠭ᠎ᠠ᠂ ᠦᠨᠳᠦᠰᠦᠨ ᠪᠣᠳᠣᠯᠭ᠎ᠠ ᠮᠥᠨ ᠭᠡᠵᠦ᠍ ᠴᠢᠬᠤᠯᠠᠴᠢᠯᠠᠭᠠᠳ᠂ ᠨᠠᠮ᠎ᠤᠨ ᠳᠣᠲᠣᠭᠠᠳᠤ᠎ᠵᠢᠨ ᠬᠠᠤᠯᠢ ᠲᠣᠭᠲᠠᠭᠠᠯ ᠳᠥᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠬᠦ᠂ ᠲᠦᠷᠢᠮ᠎ᠦᠨ ᠬᠡᠷᠡᠭᠵᠢᠭᠦᠯᠭᠦ᠌ ᠬᠦᠴᠦᠨ᠎ᠢ ᠴᠢᠩᠭᠠᠳᠬᠠᠬᠤ᠂ ᠲᠡᠯᠳᠠ ᠲᠦᠷᠢᠮ᠎ᠢ ᠶᠡᠬᠡᠪᠡᠷ ᠠᠷᠢᠯᠭᠠᠬᠤ ᠵᠡᠷᠭᠡ 3 ᠲᠠᠯ᠎ᠠ᠎ᠡᠴᠡ ᠪᠠᠢ᠌ᠷᠢᠯᠠᠭᠤᠯᠤᠯᠲᠠ ᠬᠢᠪᠡ᠃
ᠭᠤᠷᠪᠠᠳᠤᠭᠠᠷ ᠪᠦᠯᠦᠭᠲᠤ᠌ ᠨᠠᠮ ᠪᠠ ᠤᠯᠤᠰ᠎ᠤᠨ ᠬᠢᠨᠠᠯᠲᠠ ᠲᠠᠯᠪᠢᠬᠤ ᠰᠢᠰᠲ᠋ᠧᠮ᠎ᠢ ᠲᠡᠭᠦᠯᠳᠡᠷᠵᠢᠭᠦᠯᠬᠦ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠤᠯᠤᠰ ᠲᠥᠷᠥ᠎ᠵᠢᠨ ᠬᠠᠷᠢᠭᠤᠴᠠᠯᠭ᠎ᠠ᠎ᠵᠢ ᠨᠠᠶ᠋ᠢᠳᠠᠪᠤᠷᠢᠵᠢᠭᠤᠯᠬᠤ ᠠᠭᠤᠯᠭ᠎ᠠ ᠪᠠᠭᠲᠠᠨ᠎ᠠ᠃ ᠡᠨᠡ ᠬᠣᠶᠠᠷ ᠲᠠᠯ᠎ᠠ ᠪᠠᠷ ᠲᠤᠰ ᠲᠤᠰ ᠪᠠᠢ᠌ᠷᠢᠯᠠᠭᠤᠯᠤᠯᠲᠠ ᠬᠢᠪᠡ᠃
ᠨᠥᠬᠥᠳ ᠡ᠂ 《ᠲᠣᠭᠲᠠᠭᠠᠯ》᠎ᠢ᠋ ᠬᠢᠨᠠᠨ ᠶᠠᠷᠢᠯᠴᠠᠵᠤ ᠪᠠᠲᠤᠯᠠᠬᠤ ᠪᠣᠯ ᠡᠨᠡ ᠤᠳᠠᠭᠠᠨ᠎ᠤ ᠪᠥᠬᠥᠳᠡ ᠬᠤᠷᠠᠯ᠎ᠤᠨ ᠭᠣᠣᠯ ᠡᠭᠦᠷᠭᠡ ᠪᠣᠯᠣᠨ᠎ᠠ᠃ ᠤᠯᠠᠨ᠎ᠢᠶᠡᠷ᠎ᠢᠶᠡᠨ ᠬᠢᠨᠠᠮᠠᠭᠠᠢ ᠰᠡᠳᠬᠢᠨ ᠭᠦᠨᠵᠡᠭᠡᠢ ᠶᠠᠷᠢᠯᠴᠠᠵᠤ᠂ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠤᠨ᠂ ᠬᠠᠮᠲᠤ ᠪᠠᠷ᠎ᠵᠢᠡᠨ ᠡᠨᠡ ᠤᠳᠠᠭᠠᠨ᠎ᠤ ᠪᠦᠬᠦᠳᠠ ᠬᠤᠷᠠᠯ ᠢ᠋ ᠰᠠᠶ᠋ᠢᠲᠤᠷ ᠬᠤᠷᠠᠯᠳᠤᠭᠤᠯᠵᠤ᠂ 《ᠲᠣᠭᠲᠠᠭᠠᠯ》᠎ᠤ᠋ᠨ ᠨᠤᠤᠷᠠᠭ᠎ᠢ ᠰᠠᠶ᠋ᠢᠲᠤᠷ ᠵᠠᠰᠠᠬᠤ ᠬᠡᠷᠡᠭᠲᠡᠶ᠃
(ᠲᠤᠮᠳᠠᠳᠤ ᠤᠯᠤᠰ᠎ᠤᠨ ᠦᠨᠳᠦᠰᠦᠳᠡᠨ᠎ᠤ ᠬᠡᠯᠡᠡ᠎ᠤ ᠤᠷᠴᠢᠭᠤᠯᠭ᠎ᠠ ᠵᠢᠨ ᠲᠤᠪᠴᠢᠶ᠎ᠠ ᠤᠷᠴᠢᠭᠤᠯᠪᠠ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃