2026-11-04 10:57:59
— ᠰᠢᠨ᠎ᠡ ᠴᠠᠭ ᠦᠶ᠎ᠡ ᠵᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠭᠰᠠᠨ ᠨᠢ ᠳᠡᠯᠡᠬᠡᠢ᠎ᠶᠢᠨ ᠲᠦᠷᠦ᠎ᠶᠢᠨ ᠨᠠᠮ᠎ᠤᠨ ᠪᠠᠢᠭᠤᠯᠤᠯᠲᠠ᠎ᠳᠤ ᠭᠦᠨᠵᠡᠭᠡᠢ ᠰᠡᠩᠬᠡᠷᠡᠭᠦᠯᠦᠯ ᠤᠯᠭᠤᠪᠠ
ᠠᠯᠲᠠᠨ ᠨᠠᠮᠤᠷ᠎ᠤᠨ ᠪᠡᠭᠡᠵᠢᠩ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠪᠠ᠃
10 ᠰᠠᠷ᠎ᠠ᠎ᠶᠢᠨ 26 ᠡᠴᠡ 29 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠪᠡᠭᠡᠵᠢᠩ᠎ᠳᠦ ᠬᠤᠷᠠᠯᠳᠤᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠢ ᠰᠤᠳᠤᠯᠪᠠ᠃
《ᠲᠡᠮᠦᠷ ᠢ᠋ ᠳᠠᠪᠲᠠᠬᠤ᠎ᠳᠤ ᠥᠪᠡᠷ᠎ᠢᠶᠡᠨ ᠵᠠᠪᠠᠯ ᠬᠠᠲᠠᠭᠤ ᠪᠠᠢᠬᠤ ᠬᠡᠷᠡᠭᠲᠡᠢ》᠂ ᠰᠢᠨ᠎ᠡ ᠴᠠᠭ ᠦᠶ᠎ᠡ᠎ᠡᠴᠡ ᠨᠠᠭᠠᠰᠢ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠵᠢᠯᠣᠭᠣᠳᠤᠯᠭ᠎ᠠ ᠳᠣᠣᠷ᠎ᠠ᠂ 《ᠳᠡᠯᠡᠬᠡᠢ᠎ᠶᠢᠨ ᠨᠢᠭᠡᠳᠦᠭᠡᠷ ᠲᠤᠮᠤ ᠨᠠᠮ》 ᠡᠴᠡ 《ᠳᠡᠯᠡᠬᠡᠢ᠎ᠶᠢᠨ ᠬᠠᠮᠤᠭ᠎ᠤᠨ ᠬᠦᠴᠦᠷᠬᠡᠭ ᠲᠤᠮᠤ ᠲᠦᠷᠦ᠎ᠶᠢᠨ ᠨᠠᠮ》 ᠪᠣᠯᠬᠤ ᠪᠡᠷ ᠵᠤᠷᠢᠭ ᠰᠢᠭᠤᠳᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠂ ᠬᠢᠲᠤᠭᠠᠨ ᠢᠷ᠎ᠢ ᠳᠣᠲᠣᠭ᠍ᠰᠢ ᠬᠠᠨᠳᠤᠭᠤᠯᠬᠤ ᠤᠯᠤᠰ ᠲᠦᠷᠦ᠎ᠶᠢᠨ ᠰᠥᠰᠥ ᠵᠣᠷᠢᠭ᠋᠎ᠢᠶᠠᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠦᠨᠵᠡᠭᠡᠢ ᠠᠬᠢᠭᠤᠯᠵᠤ᠂ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠨᠥᠬᠥᠴᠡᠯ ᠳᠣᠣᠷ᠎ᠠ ᠲᠤᠰ ᠪᠡᠶ᠎ᠡ᠎ᠶᠢᠨ ᠠᠰᠠᠭᠤᠳᠠᠯ᠎ᠢᠶᠠᠨ ᠰᠢᠢᠳᠪᠦᠷᠢᠯᠡᠬᠦ᠂ ᠲᠡᠦᠬᠡ᠎ᠶᠢᠨ ᠦᠶᠡᠯᠡᠯ᠎ᠡᠴᠡ ᠮᠤᠯᠳᠤᠷᠠᠬᠤ ᠠᠮᠵᠢᠯᠲᠠ᠎ᠲᠠᠢ ᠵᠠᠮ᠎ᠢ ᠰᠦᠪᠡᠭᠴᠢᠯᠡᠨ ᠭᠠᠷᠭᠠᠵᠤ᠂ ᠵᠠᠭᠤᠨ ᠵᠢᠯ᠎ᠦᠨ ᠲᠤᠮᠤ ᠨᠠᠮ ᠤ᠋ᠨ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠰᠢᠨ᠎ᠡ ᠠᠬᠤᠢ ᠪᠠᠢᠳᠠᠯ᠎ᠢ ᠨᠡᠭᠡᠭᠡᠪᠡ᠃
ᠥᠨᠥᠳᠥᠷ᠎ᠦᠨ ᠳᠤᠮᠳᠠᠳᠤ ᠤᠯᠤᠰ᠎ᠢ ᠣᠢᠯᠠᠭᠠᠬᠤ᠎ᠳᠤ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠣᠢᠯᠠᠭᠠᠬᠤ ᠬᠡᠷᠡᠭᠲᠡᠢ᠃ ᠡᠨᠡ ᠤᠳᠠᠭ᠎ᠠ᠎ᠶᠢᠨ ᠴᠢᠬᠤᠯᠠ ᠬᠤᠷᠠᠯ ᠨᠢ ᠪᠠᠰᠠ ᠳᠡᠯᠡᠬᠡᠢ ᠳ᠋ᠠᠬᠢᠨ᠎ᠤ 《ᠳᠤᠮᠳᠠᠳᠤ ᠤᠯᠤᠰ᠎ᠤᠨ ᠵᠠᠰᠠᠯᠲᠠ》 ᠵᠢᠨ ᠠᠮᠵᠢᠯᠲᠠ ᠤᠯᠤᠬᠰᠠᠨ ᠨᠢᠭᠤᠴᠠ ᠵᠢ ᠬᠠᠢᠬᠤ ᠳᠤ ᠴᠢᠬᠤᠯᠠ ᠴᠣᠩᠬᠣᠪᠴᠢ ᠬᠠᠩᠭᠠᠪᠠ᠃
ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠳᠠᠮᠵᠢᠨ ᠲᠥᠷᠥ᠎ᠶᠢᠨ ᠨᠠᠮ᠎ᠤᠨ ᠠᠮᠢᠵᠢᠷᠠᠯ᠎ᠤᠨ ᠬᠦᠴᠦᠨ᠎ᠢ ᠡᠭᠦᠷᠢᠳᠡ ᠪᠠᠲᠤᠯᠠᠪᠠ
1926 ᠣᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠨᠡᠢᠲᠡᠯᠡᠭᠰᠡᠨ ᠱᠠᠮᠰᠢᠵᠤ ᠢᠯᠵᠢᠷᠠᠬᠦ᠎ᠶᠢ ᠵᠠᠯᠬᠠᠭᠠᠨ ᠰᠢᠢᠳᠬᠡᠭᠰᠡᠨ ᠠᠩᠬᠠᠳᠠᠭ᠍ᠴᠢ ᠪᠢᠴᠢᠭ ᠮᠠᠲᠧᠷᠢᠶᠠᠯ ᠡᠴᠡ᠂ ᠵᠢᠩᠭᠠᠩᠱᠠᠨ᠎ᠤ ᠲᠡᠮᠡᠴᠡᠯ᠎ᠦᠨ ᠬᠤᠭᠤᠴᠠᠭᠠᠨ᠎ᠳᠤ ᠤᠯᠠᠭᠠᠨ ᠴᠡᠷᠢᠭ᠎ᠦᠨ ᠪᠠᠢᠯᠳᠤᠭ᠍ᠴᠢᠳ᠎ᠤᠨ ᠪᠤᠭᠴᠤᠨ ᠳᠡᠭᠡᠷ᠎ᠠ ᠪᠢᠴᠢᠭᠰᠡᠨ ᠵᠢᠷᠭᠤᠭᠠᠨ ᠠᠩᠬᠠᠷᠬᠤ ᠵᠦᠢᠯ ᠬᠦᠷᠲᠡᠯ᠎ᠡ᠂ ᠲᠠᠬᠢᠭᠠᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ ᠲᠣᠭᠲᠠᠭᠠᠵᠤ ᠵᠠᠰᠠᠪᠤᠷᠢ ᠣᠷᠣᠭᠤᠯᠤᠭᠰᠠᠨ ᠠᠯᠢ ᠤᠯᠠᠨ ᠨᠠᠮ᠎ᠤᠨ ᠳᠣᠲᠣᠭᠠᠳᠤ᠎ᠶᠢᠨ ᠬᠠᠤᠯᠢ ᠳᠦᠷᠢᠮ ᠬᠦᠷᠳᠡᠯ᠎ᠠ ᠁ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶᠢᠨ ᠦᠵᠡᠰᠬᠦᠯᠡᠩ᠎ᠦᠨ ᠣᠷᠳᠣᠨ᠎ᠤ ᠠᠯᠢ ᠤᠯᠠᠨ ᠦᠵᠡᠭᠦᠯᠭᠡ᠎ᠶᠢᠨ ᠪᠣᠳᠠᠰ ᠨᠢ ᠨᠢᠭᠡᠨ ᠲᠦᠷᠦ᠎ᠶᠢᠨ ᠨᠠᠮ᠎ᠤᠨ ᠳᠠᠪᠲᠠᠭᠳᠠᠨ ᠪᠣᠯᠪᠠᠰᠤᠷᠠᠭᠰᠠᠨ ᠰᠦᠷ ᠳᠠᠯᠠᠢᠴᠠᠲᠠᠢ ᠲᠡᠦᠬᠡᠨ ᠶᠠᠪᠤᠴᠠ᠎ᠶᠢ ᠲᠡᠮᠳᠡᠭᠯᠡᠵᠦ ᠪᠠᠢᠨ᠎ᠠ᠃
ᠡᠭᠦᠳᠡ᠎ᠪᠡᠨ ᠨᠡᠭᠡᠭᠡᠭᠰᠡᠨ ᠲᠠᠪᠤᠨ ᠵᠢᠯ ᠭᠠᠷᠤᠢ᠎ᠶᠢᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠭᠠᠳᠠᠭᠠᠳᠤ᠎ᠲᠠᠢ ᠬᠣᠯᠪᠣᠭ᠎ᠠ ᠠᠪᠬᠤ ᠬᠡᠯᠲᠡᠰ᠎ᠦᠨ ᠤᠷᠢᠯᠭ᠎ᠠ᠎ᠪᠠᠷ ᠳᠤᠮᠳᠠᠳᠤ ᠤᠯᠤᠰ᠎ᠲᠤ ᠠᠢᠯᠴᠢᠯᠠᠬᠤ᠎ᠪᠠᠷ ᠢᠷᠡᠭᠰᠡᠨ 300 ᠰᠢᠬᠠᠮ ᠭᠠᠳᠠᠭᠠᠳᠤ ᠤᠯᠤᠰ᠎ᠤᠨ ᠲᠦᠷᠦ᠎ᠶᠢᠨ ᠨᠠᠮ᠎ᠤᠨ ᠪᠦᠯᠬᠦᠮ ᠳᠤᠭᠤᠢᠯᠠᠩ ᠡᠨᠡ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠶᠤᠨ ᠰᠠᠨᠠᠭᠠᠨ᠎ᠤ ᠲᠠᠩᠬᠢᠮ᠎ᠳᠤ ᠢᠷᠡᠬᠦ᠎ᠳᠤ᠂ ᠴᠥᠭᠡᠨ ᠪᠤᠰᠤ ᠬᠥᠮᠥᠰ ᠡᠢᠮᠦ ᠨᠢᠭᠡᠨ ᠠᠰᠠᠭᠤᠯᠳᠠ ᠲᠠᠢ ᠪᠠᠢᠯ᠎ᠠ᠄ ᠶᠠᠭᠠᠬᠢᠭᠠᠳ ᠴᠦᠬᠡᠨ ᠪᠤᠰᠤ ᠤᠯᠤᠰ᠎ᠤᠨ ᠲᠦᠷᠦ᠎ᠶᠢᠨ ᠨᠠᠮ ᠤ᠋ᠨ ᠤᠯᠤᠰ ᠲᠦᠷᠦᠳᠦ ᠵᠦᠢᠯ ᠵᠦᠢᠯ᠎ᠦᠨ ᠬᠦᠴᠢᠷᠳᠡᠯ ᠲᠤᠯᠭᠠᠷᠠᠵᠤ ᠪᠠᠢᠬᠤ ᠦᠶ᠎ᠡ᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ ᠬᠠᠷᠢᠨ ᠥᠷᠨᠢᠭᠦᠨ ᠬᠥᠭᠵᠢᠩᠭᠦᠢ ᠠᠮᠢᠵᠢᠷᠠᠯ᠎ᠤᠨ ᠬᠦᠴᠦᠨ ᠪᠠ ᠬᠦᠴᠦᠷᠬᠡᠭ ᠶᠡᠬᠡ ᠤᠶᠠᠨ ᠬᠠᠳᠠᠨ ᠴᠢᠨᠠᠷ᠎ᠢᠶᠠᠨ ᠢᠯᠡᠷᠡᠭᠦᠯᠵᠤ ᠴᠢᠳᠠᠬᠰᠠᠨ ᠪᠤᠢ?
ᠵᠠᠷᠢᠮ ᠤᠯᠤᠰ ᠨᠢ ᠲᠥᠷᠥ᠎ᠶᠢᠨ ᠨᠠᠮ᠎ᠤᠨ ᠮᠠᠷᠭᠤᠯᠳᠤᠭᠠᠨ ᠪᠠ ᠨᠡᠢᠭᠡᠮ᠎ᠦᠨ ᠣᠷᠣᠭ᠎ᠠ ᠪᠤᠰᠬᠠᠭ᠎ᠠ ᠪᠠᠢᠳᠠᠯ᠎ᠳᠤ ᠭᠦᠨ ᠰᠢᠭᠢᠳᠴᠦ᠂ ᠵᠠᠷᠢᠮ ᠤᠯᠤᠰ ᠨᠢ ᠣᠷᠳᠣ᠌ ᠬᠤᠭᠤᠴᠠᠭ᠎ᠠ᠎ᠪᠠᠷ ᠮᠥᠷᠭᠥᠯᠳᠦᠭᠡᠨ ᠪᠠ ᠡᠮᠬᠢ ᠵᠢᠷᠤᠮ ᠠᠯᠳᠠᠭᠰᠠᠨ ᠪᠠᠢᠳᠠᠯ᠎ᠳᠤ ᠣᠷᠣᠰᠢᠵᠤ᠂ ᠵᠠᠷᠢᠮ ᠣᠷᠳᠣ᠌ ᠬᠤᠭᠤᠴᠠᠭ᠎ᠠ᠎ᠪᠠᠷ ᠥᠪᠡᠷ᠎ᠢ᠎ᠪᠡᠨ 《ᠠᠷᠠᠳᠴᠢᠯᠠᠯ᠎ᠤᠨ ᠥᠯᠢᠭᠡᠷ ᠳᠠᠭᠤᠷᠢᠶᠠᠯ》 ᠭᠡᠵᠦ ᠮᠠᠭᠲᠠᠵᠤ ᠪᠠᠢᠭᠰᠠᠨ ᠤᠯᠤᠰ ᠴᠤ᠌ ᠤᠯᠤᠰ ᠲᠥᠷᠥ᠎ᠶᠢᠨ ᠲᠤᠢᠯᠰᠢᠷᠠᠯ᠂ ᠨᠡᠢᠭᠡᠮ᠎ᠦᠨ ᠰᠠᠯᠤᠩᠬᠢᠷᠠᠯ᠂ ᠵᠠᠰᠠᠯᠲᠠ ᠨᠢ ᠦᠢᠯᠡᠳᠦᠯ᠎ᠢᠶᠡᠨ ᠠᠯᠳᠠᠭᠰᠠᠨ ᠵᠡᠷᠭᠡ ᠪᠡᠷᠬᠡ ᠰᠡᠳᠦᠪᠲᠦ ᠲᠤᠯᠭᠠᠷᠠᠵᠤ ᠪᠠᠢᠨ᠎ᠠ ᠁ ᠳᠡᠯᠡᠬᠡᠢ᠎ᠶᠢᠨ ᠥᠷᠲᠡᠭ᠎ᠦᠨ ᠦᠵᠡᠯᠲᠡ᠎ᠶᠢᠨ ᠪᠠᠢᠴᠠᠭᠠᠯᠲᠠ (2017 — 2022) ᠡᠴᠡ ᠦᠵᠡᠪᠡᠯ᠂ 39 ᠤᠯᠤᠰ᠎ᠤᠨ ᠳᠣᠲᠣᠷ᠎ᠠ᠂ ᠠᠷᠠᠳ ᠣᠯᠠᠨ᠎ᠤ ᠲᠥᠷᠥ᠎ᠶᠢᠨ ᠨᠠᠮ᠎ᠢ ᠢᠲᠡᠭᠡᠬᠦ ᠳᠤᠮᠳᠠᠴᠢ ᠬᠡᠮᠵᠢᠶ᠎ᠡ ᠨᠢ ᠵᠥᠪᠬᠡᠨ 17.1% ᠪᠠᠢᠯ᠎ᠠ᠃
ᠬᠠᠩᠭᠠᠷᠢ᠎ᠶᠢᠨ ᠠᠵᠢᠯᠴᠢᠨ᠎ᠤ ᠨᠠᠮ᠎ᠤᠨ ᠲᠡᠷᠢᠭᠦᠯᠡᠭᠴᠢ ᠲᠢᠷᠮᠠᠢ᠍ᠢᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠳᠠᠮᠵᠢᠨ ᠢᠯᠵᠢᠷᠡᠯ᠎ᠦᠨ ᠬᠣᠣᠷᠲᠤ ᠬᠠᠪᠤᠳᠠᠷ᠎ᠢ ᠠᠷᠢᠯᠭᠠᠬᠤ᠎ᠪᠠᠷ ᠴᠢᠷᠮᠠᠢᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷ᠎ᠢ ᠥᠪᠡᠷ᠎ᠢ᠎ᠪᠡᠨ ᠴᠢᠩᠭ᠎ᠠ ᠱᠠᠭᠠᠷᠳᠠᠵᠤ᠂ ᠡᠭᠦᠷᠭᠡ ᠲᠤᠰᠢᠶᠠᠯ᠎ᠢᠶᠠᠨ ᠬᠢᠴᠢᠶᠡᠩᠭᠦᠢᠯᠡᠨ ᠭᠦᠢᠴᠡᠳᠬᠡᠵᠦ᠂ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠢ ᠴᠡᠪᠡᠷᠰᠢᠭᠦᠯᠬᠦ ᠵᠢ ᠱᠠᠭᠠᠷᠳᠠᠵᠤ᠂ ᠪᠦᠬᠦ ᠨᠠᠮ᠎ᠤᠨ ᠢᠯᠵᠢᠷᠡᠯ᠎ᠢ ᠡᠰᠡᠷᠭᠦᠴᠡᠵᠦ ᠬᠤᠪᠢᠷᠠᠬᠤ᠎ᠶᠢ ᠰᠡᠷᠭᠡᠢᠯᠡᠬᠦ ᠴᠢᠳᠠᠪᠤᠷᠢ᠎ᠶᠢ ᠳᠡᠭᠡᠭᠰᠢᠯᠡᠭᠦᠯᠵᠦ᠂ ᠠᠷᠠᠳ ᠲᠦᠮᠡᠨ᠎ᠦ ᠥᠷᠭᠡᠨ ᠬᠦᠷᠢᠶᠡᠯᠡᠯ ᠪᠠ ᠳᠡᠮᠵᠢᠯᠭᠡ᠎ᠶᠢ ᠣᠯᠪᠠ ᠭᠡᠵᠤ ᠢᠯᠡᠳᠭᠡᠵᠠᠢ᠃
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠪᠣᠯᠣᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷ᠎ᠡ ᠂ ᠶᠡᠷᠦᠩᠬᠡᠢ ᠱᠦᠵᠢ ᠰᠢ ᠵᠢᠨ ᠫᠢᠩ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠬᠤ ᠵᠢ ᠠᠬᠢᠭᠤᠯᠬᠤ ᠬᠡᠷᠡᠭᠲᠡᠢ》 ᠭᠡᠵᠦ ᠴᠢᠬᠤᠯᠠᠴᠢᠯᠠᠭᠰᠠᠨ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠢ ᠬᠠᠮᠢᠶᠠᠷᠴᠤ ᠨᠠᠮ᠎ᠢ ᠵᠠᠰᠠᠬᠤ᠎ᠶᠢᠨ ᠤᠷᠳᠤ ᠬᠤᠭᠤᠴᠠᠭᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠎ᠤᠨ ᠲᠤᠬᠠᠢ ᠰᠡᠷᠭᠡᠭ ᠲᠠᠨᠢᠯᠲᠠ ᠪᠣᠯᠣᠨ ᠠᠯᠤᠰ ᠬᠡᠳᠤ᠎ᠶᠢᠨ ᠪᠣᠳᠣᠯᠬᠢᠯᠠᠯ᠎ᠢ ᠢᠯᠡᠷᠡᠭᠦᠯᠵᠡᠢ᠃
ᠢᠯᠵᠢᠷᠠᠯ ᠨᠢ ᠵᠠᠰᠠᠭ ᠤ᠋ᠨ ᠡᠷᠬᠡ ᠵᠢ ᠨᠤᠷᠠᠭᠠᠬᠤ᠎ᠳᠤ ᠬᠠᠮᠤᠭ᠎ᠤᠨ ᠠᠮᠠᠷᠬᠠᠨ ᠪᠠᠢᠳᠠᠭ᠂ ᠢᠯᠵᠢᠷᠠᠯ᠎ᠢ ᠡᠰᠡᠷᠭᠦᠴᠡᠬᠦ᠎ᠳᠦ ᠬᠠᠮᠤᠭ᠎ᠤᠨ ᠲᠤᠢᠯᠪᠤᠷᠢᠲᠠᠢ ᠥᠪᠡᠷ ᠪᠡᠶ᠎ᠠ ᠵᠢᠨ ᠬᠤᠪᠢᠰᠬᠠᠯ ᠬᠢᠬᠦ ᠬᠡᠷᠡᠭᠲᠡᠢ᠃ ᠢᠯᠵᠢᠷᠠᠯ᠎ᠢ ᠬᠡᠷᠬᠢᠨ ᠤᠷᠢᠳᠴᠢᠯᠠᠨ ᠰᠡᠷᠭᠡᠢᠯᠡᠬᠦ᠂ ᠢᠯᠵᠢᠷᠠᠯ᠎ᠢ ᠬᠡᠷᠬᠢᠨ ᠢᠯᠡᠷᠡᠭᠦᠯᠬᠦ ᠪᠠ ᠪᠠᠢᠴᠠᠭᠠᠨ ᠰᠢᠢᠳᠪᠦᠷᠢᠯᠡᠬᠦ᠂ ᠢᠯᠵᠢᠷᠠᠯ ᠡᠭᠦᠰᠬᠦ ᠬᠦᠷᠦᠰᠦ ᠵᠢ ᠬᠡᠷᠬᠢᠨ ᠠᠷᠢᠯᠭᠠᠬᠤ ᠪᠣᠯ ᠡᠯ᠎ᠡ ᠤᠯᠤᠰ᠎ᠤᠨ ᠲᠦᠷᠦ᠎ᠶᠢᠨ ᠨᠠᠮ᠎ᠳᠤ ᠲᠤᠯᠭᠠᠷᠠᠵᠤ ᠪᠠᠢᠭ᠎ᠠ ᠬᠠᠮᠲᠤ᠎ᠶᠢᠨ ᠪᠡᠷᠬᠡ ᠰᠡᠳᠦᠪ ᠮᠥᠨ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠬᠣᠷᠢᠳᠤᠭᠠᠷ ᠶᠡᠬᠡ ᠬᠤᠷᠠᠯ ᠪᠣᠯᠲᠠᠯ᠎ᠠ᠂ ᠲᠥᠪ᠎ᠡᠴᠡ ᠬᠠᠮᠢᠶᠠᠷᠴᠤ ᠪᠠᠢᠭ᠎ᠠ 500 ᠭᠠᠷᠤᠢ ᠺᠠᠳ᠋ᠷ᠎ᠢ ᠬᠡᠷᠡᠭ ᠪᠣᠯᠭᠠᠨ ᠳᠡᠩᠰᠡᠯᠡᠵᠦ ᠬᠢᠨᠠᠨ ᠪᠠᠢᠴᠠᠭᠠᠪᠠ; 2025 ᠣᠨ᠎ᠤ ᠨᠢᠭᠡ ᠯᠡ ᠵᠢᠯ᠎ᠳᠦ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ᠎ᠤᠨ ᠠᠰᠠᠭᠤᠳᠠᠯ᠎ᠢ 8116 ᠪᠠᠢᠴᠠᠭᠠᠨ ᠰᠢᠢᠳᠪᠦᠷᠢᠯᠡᠵᠦ ᠬᠢᠨᠠᠨ ᠰᠢᠢᠳᠪᠦᠷᠢᠯᠡᠭᠦᠯᠪᠡ; ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠡᠴᠡ ᠬᠣᠷᠢᠳᠤᠭᠠᠷ ᠶᠡᠬᠡ ᠬᠤᠷᠠᠯ ᠪᠣᠯᠲᠠᠯ᠎ᠠ᠂ 6900 ᠭᠠᠳᠠᠭᠠᠳᠤ᠎ᠳᠤ ᠳᠤᠲᠠᠭᠠᠭᠰᠠᠨ ᠬᠦᠮᠦᠰ᠎ᠢ ᠨᠡᠬᠡᠮᠵᠢᠯᠡᠨ ᠠᠪᠴᠢᠷᠠᠪᠠ ᠁
ᠢᠯᠵᠢᠷᠡᠯ᠎ᠦᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ 《ᠪᠠᠷᠰ᠎ᠢ ᠴᠣᠬᠢᠬᠤ》᠂《ᠢᠯᠠᠭ᠎ᠠ᠎ᠶᠢ ᠭᠦᠪᠢᠬᠦ》᠂ 《ᠦᠨᠡᠭᠡ᠎ᠶᠢ ᠠᠪᠠᠯᠠᠬᠤ》 ᠶ᠋ᠢ ᠵᠣᠭᠰᠣᠯ ᠦᠭᠡᠢ ᠪᠠᠷᠢᠮᠲᠠᠯᠠᠵᠤ᠂ ᠢᠯᠵᠢᠷᠡᠯ᠎ᠢ ᠡᠰᠡᠷᠭᠦᠴᠡᠬᠦ ᠬᠦᠴᠦᠯᠡᠴᠡ᠎ᠶᠢᠨ ᠶᠡᠬᠡ᠂ ᠬᠡᠪᠴᠢᠶ᠎ᠡ᠎ᠶᠢᠨ ᠥᠷᠭᠡᠨ ᠨᠢ ᠳᠡᠯᠡᠬᠡᠢ᠎ᠳᠦ ᠬᠣᠪᠣᠷ᠂ ᠲᠡᠦᠬᠡᠨ᠎ᠳᠦ ᠬᠣᠪᠣᠷ ᠪᠠᠢᠵᠤ᠂ ᠳᠡᠯᠡᠬᠡᠢ ᠳ᠋ᠠᠬᠢᠨ᠎ᠳᠤ《ᠬᠢᠲᠤᠭᠠᠨ᠎ᠤ ᠢᠷ᠎ᠢᠶᠡᠨ ᠳᠣᠲᠣᠭ᠍ᠰᠢ᠎ᠪᠠᠨ ᠬᠠᠨᠳᠤᠭᠤᠯᠵᠤ᠂ ᠢᠯᠵᠢᠷᠡᠭᠰᠠᠨ ᠮᠢᠬ᠎ᠠ᠎ᠪᠠᠨ ᠤᠭᠳᠤᠯᠬᠤ》 ᠡᠷᠡᠰ ᠪᠠᠲᠤ ᠵᠣᠷᠢᠭ᠋᠎ᠢ ᠦᠵᠡᠭᠦᠯᠪᠡ᠃
ᠨᠢᠭ᠌ᠸᠷᠢᠶᠠ ᠵᠢᠨ ᠭᠠᠳᠠᠭᠠᠳᠤ ᠶᠠᠪᠤᠳᠠᠯ ᠤ᠋ᠨ ᠰᠤᠷᠪᠤᠯᠵᠢᠯᠠᠭ᠍ᠴᠢ᠎ᠶᠢᠨ ᠨᠡᠢᠭᠡᠮᠯᠢᠭ᠎ᠦᠨ ᠲᠡᠷᠢᠭᠦᠯᠡᠭᠴᠢ ᠹᠦᠯᠸᠢᠢᠳ᠋ᠸᠯᠢᠺᠸ· ᠶᠢᠳ᠋ᠸᠬᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠢᠯᠵᠢᠷᠡᠯ᠎ᠦᠨ ᠠᠰᠠᠭᠤᠳᠠᠯ ᠢ᠋ 《ᠤᠭᠳᠤ ᠠᠭᠤᠴᠢᠯᠠᠬᠤ ᠦᠭᠡᠢ》 ᠣᠪᠣᠷ ᠨᠢ ᠬᠥᠮᠥᠰ᠎ᠲᠦ ᠭᠦᠨ ᠰᠠᠭᠤᠭᠳᠠᠯ ᠦᠯᠡᠳᠡᠭᠡᠵᠡᠢ; ᠫᠠᠯᠧᠰᠲ᠋ᠠᠢᠨᠤ ᠹᠠᠲ᠋ᠠᠾ ᠬᠤᠪᠢᠰᠬᠠᠯ᠎ᠤᠨ ᠵᠥᠪᠯᠡᠯ᠎ᠦᠨ ᠭᠡᠰᠢᠭᠦᠨ ᠵᠠᠺᠠᠷᠨ᠋ᠸ᠂ ᠳᠤᠮᠳᠠᠳᠤ ᠤᠯᠤᠰ᠎ᠤᠨ ᠡᠪ ᠬᠠᠮᠲᠤ ᠨᠠᠮ ᠬᠢᠲᠤᠭ᠎ᠠ᠎ᠶᠢᠨ ᠢᠷ᠎ᠢ ᠳᠣᠲᠣᠭ᠍ᠰᠢ ᠬᠠᠨᠳᠤᠭᠤᠯᠬᠤ ᠵᠣᠷᠢᠭ᠋ ᠰᠠᠨᠠᠭ᠎ᠠ᠎ᠪᠠᠷ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠢᠯᠵᠢᠷᠠᠯ᠎ᠢ ᠡᠰᠡᠷᠭᠦᠴᠡᠬᠦ ᠵᠠᠮ᠎ᠢᠶᠠᠷ ᠠᠮᠵᠢᠯᠲᠠ᠎ᠲᠠᠢ ᠵᠠᠮᠨᠠᠪᠠ ᠁ ᠳᠤᠮᠳᠠᠳᠤ ᠤᠯᠤᠰ᠎ᠤᠨ ᠡᠪ ᠬᠠᠮᠲᠤ ᠨᠠᠮ ᠠᠰᠠᠭᠤᠳᠠᠯ᠎ᠳᠤ ᠰᠢᠭᠤᠳ ᠬᠠᠨᠳᠤᠬᠤ ᠰᠥᠰᠥ ᠵᠣᠷᠢᠭ᠋᠎ᠲᠠᠢ ᠪᠠᠢᠬᠤ᠎ᠪᠠᠷ ᠪᠠᠷᠠᠬᠤ ᠦᠭᠡᠢ᠂ ᠨᠠᠩ ᠴᠤ᠌ ᠠᠰᠠᠭᠤᠳᠠᠯ᠎ᠢ ᠰᠢᠢᠳᠪᠦᠷᠢᠯᠡᠬᠦ ᠴᠢᠳᠠᠪᠤᠷᠢ᠎ᠲᠠᠢ ᠪᠠᠢᠨ᠎ᠠ ᠭᠡᠳᠡᠭ ᠢ᠋ ᠤᠯᠠᠮ ᠡᠴᠡ ᠤᠯᠠᠨ ᠤᠯᠤᠰ ᠪᠤᠯᠤᠨ ᠲᠦᠷᠦ ᠵᠢᠨ ᠨᠠᠮ ᠤᠯᠵᠤ ᠬᠠᠷᠠᠪᠠ᠃
ᠥᠪᠡᠷ ᠪᠡᠶ᠎ᠡ ᠵᠢᠨ ᠬᠤᠪᠢᠰᠬᠠᠯ — ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠡᠷᠡᠰ ᠭᠤᠢᠪᠢᠰᠢ ᠦᠭᠡᠢ ᠠᠬᠢᠭᠤᠯᠵᠤ᠂ ᠦᠢᠯᠡᠳᠦᠯᠭᠡ᠎ᠶᠢᠨ ᠰᠦᠪᠡᠭᠴᠢᠯᠡᠯᠲᠡ ᠪᠠ ᠤᠨᠤᠯ᠎ᠤᠨ ᠪᠣᠳᠣᠯᠬᠢᠯᠠᠯ᠎ᠢᠶᠠᠨ ᠲᠠᠰᠤᠷᠠᠯᠳᠠ ᠦᠭᠡᠢ ᠭᠦᠨᠵᠡᠭᠡᠢᠷᠡᠭᠦᠯᠵᠦ ᠣᠯᠣᠭᠰᠠᠨ ᠲᠡᠦᠬᠡ᠎ᠶᠢᠨ ᠦᠶᠡᠯᠡᠯ᠎ᠡᠴᠡ ᠮᠤᠯᠳᠤᠷᠠᠬᠤ ᠬᠣᠶᠠᠳᠤᠭᠠᠷ ᠬᠠᠷᠢᠭᠤᠯᠲᠠ ᠪᠣᠯᠣᠨ᠎ᠠ᠃
ᠶᠡᠷᠦᠩᠬᠡᠢ ᠱᠦᠵᠢ ᠰᠢ ᠵᠢᠨ ᠫᠢᠩ ᠄ 《ᠳᠡᠯᠡᠬᠡᠢ ᠳ᠋ᠠᠬᠢᠨ᠎ᠢ ᠪᠠᠷᠠᠯᠠᠬᠤᠶ᠎ᠠ᠂ ᠠᠯᠢ ᠴᠤ᠌ ᠲᠦᠷᠦ᠎ᠶᠢᠨ ᠨᠠᠮ ᠭᠡᠳ ᠳᠤᠮᠳᠠᠳᠤ ᠤᠯᠤᠰ᠎ᠤᠨ ᠡᠪ ᠬᠠᠮᠲᠤ ᠨᠠᠮ ᠰᠢᠭ᠋ ᠡᠢᠮᠦ ᠲᠥᠪ ᠴᠢᠩᠭ᠎ᠠ ᠨᠠᠷᠢᠨ ᠬᠢᠨᠠᠮᠠᠭᠠᠢ ᠪᠡᠷ ᠲᠤᠰ ᠪᠡᠶ᠎ᠡ᠎ᠶᠢᠨ ᠪᠠᠢᠭᠤᠯᠤᠯᠲᠠ᠎ᠳᠠᠭᠠᠨ ᠬᠠᠨᠳᠤᠵᠤ ᠴᠢᠳᠠᠬᠤ ᠦᠭᠡᠢ ᠶᠤᠮ᠂ ᠡᠢᠮᠦᠷᠬᠦᠥ ᠳᠡᠭᠡᠳᠦ ᠬᠡᠮᠵᠢᠶᠡᠨ᠎ᠦ ᠤᠬᠠᠮᠰᠠᠷ ᠰᠢᠨᠵᠢᠯᠡᠬᠦ ᠤᠬᠠᠭᠠᠨᠴᠢ ᠣᠪᠣᠷ᠂ ᠰᠢᠰᠲᠧᠮᠵᠢᠭᠰᠡᠨ ᠬᠡᠯᠪᠡᠷᠢ᠎ᠪᠡᠷ ᠥᠪᠡᠷ ᠪᠡᠶ᠎ᠡ ᠵᠢᠨ ᠬᠤᠪᠢᠰᠬᠠᠯ ᠢ᠋ ᠠᠬᠢᠭᠤᠯᠬᠤ ᠪᠣᠯ ᠮᠠᠨ᠎ᠤ ᠨᠠᠮ᠎ᠤᠨ ᠢᠯᠡᠳᠲᠡ ᠳᠠᠪᠠᠭᠤᠯᠢᠭ᠋ ᠮᠥᠨ᠂ ᠪᠠᠰᠠ ᠴᠤ᠌ ᠴᠠᠭ ᠦᠶ᠎ᠡ᠎ᠶᠢ ᠬᠥᠲᠥᠯᠥᠨ ᠳᠠᠭᠠᠭᠤᠯᠬᠤ ᠢᠯᠠᠯᠲᠠ ᠵᠢᠨ ᠵᠠᠮ ᠮᠥᠨ》᠃
ᠱᠧᠨᠵᠧᠨ ᠶᠡᠬᠡ ᠰᠤᠷᠭᠠᠭᠤᠯᠢ᠎ᠶᠢᠨ ᠤᠯᠠᠨ ᠤᠯᠤᠰ᠎ᠤᠨ ᠤᠯᠤᠰ ᠲᠦᠷᠦ᠎ᠶᠢᠨ ᠳᠠᠮᠵᠢᠭᠤᠯᠭ᠎ᠠ᠎ᠶᠢᠨ ᠤᠬᠠᠭᠠᠨ᠎ᠤ ᠳ᠋ᠣᠺᠲ᠋ᠣᠷ᠂ ᠨᠸᠫᠠᠯ ᠡᠴᠡ ᠢᠷᠡᠭᠰᠡᠨ ᠳ᠋ᠢᠫᠠᠺᠸ· ᠳ᠋ᠥ᠍ᠹᠺᠥᠲ᠋ᠠ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢᠨ ᠪᠦᠬᠦ ᠪᠥᠮᠪᠥᠷᠴᠡᠭ᠎ᠦᠨ ᠲᠦᠷᠦ᠎ᠶᠢᠨ ᠨᠠᠮ᠎ᠳᠤ ᠦᠵᠡᠭᠦᠯᠬᠦ ᠴᠢᠬᠤᠯᠠ ᠦᠨ᠎ᠡ ᠦᠷᠳᠡᠭ ᠨᠢ ᠨᠠᠮ᠎ᠢ ᠬᠠᠮᠢᠶᠠᠷᠴᠤ ᠨᠠᠮ᠎ᠢ ᠵᠠᠰᠠᠬᠤ ᠪᠦᠷᠢᠨ ᠲᠥᠬᠥᠷ ᠰᠢᠰᠲ᠋ᠸᠮᠳᠤ ᠴᠢᠨᠠᠷᠲᠠᠢ ᠣᠢᠯᠠᠭᠠᠭᠳᠠᠬᠤᠨ᠎ᠢ ᠳᠤᠷᠠᠳᠤᠭᠰᠠᠨ ᠳ᠋ᠦ ᠪᠤᠢ ᠄ ᠢᠮᠠᠭᠲᠠ ᠠᠷᠠᠳ ᠲᠦᠮᠡᠨ᠎ᠦ ᠳᠤᠮᠳᠠ ᠦᠨᠳᠦᠰᠦᠯᠡᠵᠦ᠂ ᠢᠯᠵᠢᠷᠠᠯ᠎ᠢ ᠦᠷᠭᠦᠯᠵᠢᠯᠡᠨ ᠡᠰᠡᠷᠭᠦᠴᠡᠵᠦ᠂ ᠤᠷᠳᠤ ᠬᠤᠭᠤᠴᠠᠭᠠᠨ᠎ᠤ ᠬᠠᠷᠠᠯᠲᠠ᠎ᠶᠢ ᠬᠥᠭᠡᠭᠡᠴᠡᠯᠳᠦᠬᠦ ᠵᠢᠴᠢ ᠡᠷᠬᠡ ᠲᠡᠭᠰᠢ ᠪᠠ ᠬᠦᠨᠳᠦᠳᠬᠡᠭᠰᠡᠨ ᠰᠠᠭᠤᠷᠢᠨ ᠳᠡᠭᠡᠷ᠎ᠡ ᠨᠠᠮ᠎ᠤᠨ ᠬᠣᠭᠣᠷᠣᠨᠳᠣᠬᠢ ᠰᠣᠯᠢᠯᠴᠠᠭ᠎ᠠ᠎ᠶᠢ ᠥᠷᠨᠢᠭᠦᠯᠵᠠᠢ ᠬᠡᠵᠦ ᠢᠯᠡᠳᠬᠡᠪᠡ᠃
ᠲᠥᠪ᠎ᠦᠨ ᠨᠠᠢ᠍ᠮᠠᠨ ᠲᠣᠭᠲᠠᠭᠠᠯ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠤᠷᠲᠠᠯ᠎ᠤᠨ ᠪᠠᠢᠭᠤᠯᠤᠯᠲᠠ᠎ᠶᠢᠨ 《ᠠᠯᠲᠠᠨ ᠰᠢᠷᠭᠠᠯ ᠨᠡᠷ᠎ᠡ᠎ᠶᠢᠨ ᠬᠠᠭᠤᠳᠠᠰᠤ》 ᠨᠢ ᠳᠤᠮᠳᠠᠳᠤ ᠤᠯᠤᠰ᠎ᠢ ᠬᠤᠪᠢᠷᠠᠭᠤᠯᠤᠭᠰᠠᠨ᠎ᠢᠶᠠᠷ ᠪᠠᠷᠠᠬᠤ ᠦᠭᠡᠢ ᠪᠠᠰᠠ ᠳᠡᠯᠡᠬᠡᠢ ᠳ᠋ᠠᠬᠢᠨ᠎ᠢ ᠨᠥᠯᠥᠭᠡᠯᠡᠵᠦ ᠪᠠᠢᠨ᠎ᠠ᠃
2025 ᠣᠨ᠎ᠤ 5 ᠰᠠᠷ᠎ᠠ᠎ᠳᠤ᠂ ᠭᠠᠨᠠ ᠵᠢᠨ ᠪᠦᠬᠦ ᠤᠯᠤᠰ᠎ᠤᠨ ᠠᠷᠠᠳᠴᠢᠯᠠᠭᠰᠠᠨ ᠶᠡᠬᠡ ᠬᠤᠷᠠᠯ᠎ᠤᠨ ᠲᠡᠷᠢᠭᠦᠯᠡᠭᠴᠢ ᠡᠸᠨᠺᠥᠲ᠋ᠢᠶᠠ ᠲᠤᠰ ᠨᠠᠮ᠎ᠤᠨ ᠲᠥᠯᠥᠭᠡᠯᠡᠭᠴᠢᠳ᠎ᠦᠨ ᠪᠦᠯᠬᠦᠮ᠎ᠦᠨ 5 ᠬᠥᠮᠥᠨ᠎ᠢ ᠳᠠᠭᠠᠭᠤᠯᠤᠨ ᠳᠤᠮᠳᠠᠳᠤ ᠤᠯᠤᠰ᠎ᠲᠤ ᠠᠢᠯᠴᠢᠯᠠᠪᠠ᠃ ᠲᠥᠯᠥᠭᠡᠯᠡᠭᠴᠢᠳ᠎ᠦᠨ ᠪᠦᠯᠬᠦᠮ ᠲᠤᠰᠬᠠᠢᠯᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠢᠶᠠᠩᠰᠤ ᠮᠤᠵᠢ᠎ᠶᠢᠨ ᠬᠣᠷᠢᠶ᠎ᠠ᠎ᠶᠢᠨ ᠨᠠᠮ᠎ᠤᠨ ᠰᠤᠷᠭᠠᠭᠤᠯᠢ (ᠵᠢᠶᠠᠩᠰᠤ᠎ᠶᠢᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠳ᠋ᠤ᠌ ᠬᠦᠷᠴᠦ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠲᠤᠬᠠᠢ ᠰᠤᠷᠤᠯᠴᠠᠯᠭ᠎ᠠ ᠬᠥᠮᠦᠵᠢᠯ᠎ᠦᠨ ᠲᠤᠰᠬᠠᠢ ᠰᠡᠳᠦᠪᠲᠦ ᠲᠠᠨᠢᠯᠴᠠᠭᠤᠯᠭ᠎ᠠ᠎ᠶᠢ ᠰᠣᠨᠣᠰᠪᠠ᠃
ᠡᠸᠨᠺᠥᠲ᠋ᠢᠶᠠᠶᠢᠨ ᠦᠵᠡᠬᠦ ᠪᠡᠷ᠂ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠬᠤ᠎ᠳᠤ ᠮᠡᠳᠡᠬᠦ᠎ᠳᠦ ᠠᠮᠠᠷ ᠬᠢᠬᠦ᠎ᠳᠦ ᠬᠦᠴᠢᠷ᠂ ᠨᠠᠢᠳᠠᠪᠤᠷᠢᠵᠢᠭᠤᠯᠬᠤ᠎ᠨᠢ ᠡᠷᠬᠢᠮ ᠪᠠᠢᠳᠠᠭ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠳᠡᠭᠡᠳᠦ ᠱᠠᠲᠤ ᠨᠢ ᠳᠣᠣᠷᠠᠳᠤ ᠱᠠᠲᠤ᠎ᠪᠠᠨ ᠳᠠᠭᠠᠭᠤᠯᠬᠤ᠎ᠪᠠᠷ ᠳᠠᠮᠵᠢᠭᠤᠯᠤᠨ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠨᠠᠢᠳᠠᠪᠤᠷᠢᠵᠢᠭᠤᠯᠵᠤ᠂ ᠠᠷᠢᠭᠤᠨ ᠴᠢᠬᠡᠴᠢ᠎ᠪᠡᠷ ᠪᠡᠶ᠎ᠡ᠎ᠪᠡᠨ ᠱᠠᠭᠠᠷᠳᠠᠬᠤ᠂ ᠡᠷᠬᠡ᠎ᠶᠢ ᠳᠦᠷᠢᠮᠵᠢᠭᠦᠯᠦᠨ ᠬᠡᠷᠡᠭᠯᠡᠬᠦ᠎ᠶᠢ ᠡᠯ᠎ᠡ ᠱᠠᠲᠤᠨ᠎ᠤ ᠺᠠᠳ᠋ᠷ᠎ᠤᠨ ᠤᠬᠠᠮᠰᠠᠷ ᠪᠣᠯᠭᠠᠵᠤ᠂ ᠰᠤᠷᠲᠠᠯ᠎ᠢᠶᠠᠨ ᠰᠠᠢᠵᠢᠷᠠᠭᠤᠯᠬᠤ᠂ ᠢᠯᠵᠢᠷᠡᠯ᠎ᠳᠦ ᠴᠣᠬᠢᠯᠲᠠ ᠥᠭᠬᠦ᠂ ᠠᠷᠬᠠᠭ ᠭᠡᠮ᠎ᠢ ᠠᠷᠢᠯᠭᠠᠬᠤ ᠲᠠᠯ᠎ᠠ᠎ᠪᠠᠷ ᠶᠡᠬᠡ ᠬᠤᠷᠠᠯ᠎ᠤᠨ ᠨᠠᠮ᠎ᠳᠤ ᠮᠠᠰᠢ ᠤᠯᠠᠨ ᠰᠡᠩᠬᠡᠷᠡᠭᠦᠯᠦᠯ ᠥᠭᠴᠡᠢ ᠬᠡᠪᠡ᠃
ᠰᠷᠢ ᠯᠠᠨᠺᠠ ᠵᠢᠨ ᠠᠷᠠᠳ᠎ᠤᠨ ᠴᠢᠯᠦᠭᠡᠯᠡᠯᠲᠡ᠎ᠶᠢᠨ ᠹᠷᠣᠨᠲ 2024 ᠣᠨ᠎ᠤ ᠰᠡᠭᠦᠯᠴᠢ᠎ᠪᠡᠷ ᠲᠦᠷᠦ ᠪᠠᠷᠢᠭ᠍ᠰᠠᠨ᠎ᠡᠴᠡ ᠨᠠᠭᠠᠰᠢ᠂ ᠦᠷᠭᠦᠯᠵᠢᠯᠡᠨ ᠨᠠᠮ᠎ᠤᠨ ᠳᠡᠭᠡᠳᠦ ᠵᠡᠷᠭᠡ᠎ᠶᠢᠨ ᠤᠳᠤᠷᠢᠳᠬᠤ ᠺᠠᠳ᠋ᠷ᠎ᠢ ᠲᠣᠮᠢᠯᠠᠨ ᠳᠤᠮᠳᠠᠳᠤ ᠤᠯᠤᠰ᠎ᠲᠤ ᠠᠢᠯᠴᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠠᠯ᠎ᠡ᠎ᠪᠠᠷ 《ᠨᠤᠮ ᠵᠠᠯᠠᠵᠠᠢ》᠃ ᠲᠣᠰ ᠨᠠᠮ᠎ᠤᠨ ᠤᠯᠤᠰ ᠲᠥᠷᠥ᠎ᠶᠢᠨ ᠲᠣᠪᠴᠢᠶᠠᠨ᠎ᠤ ᠭᠡᠰᠢᠭᠦᠨ᠂ ᠰᠷᠢ ᠯᠠᠨᠺᠠ᠎ᠶᠢᠨ ᠵᠠᠮ ᠬᠠᠷᠢᠯᠴᠠᠭ᠎ᠠ᠂ ᠵᠠᠰᠠᠮᠠᠯ ᠵᠠᠮ ᠪᠠ ᠬᠣᠲᠠ᠎ᠶᠢᠨ ᠬᠥᠭᠵᠢᠭᠦᠯᠦᠯᠲᠡ᠎ᠶᠢᠨ ᠶᠠᠮᠤᠨ᠎ᠤ ᠰᠠᠢᠳ ᠯᠠᠲᠸᠨᠠᠶᠠᠺ ᠬᠡᠯᠡᠬᠦ᠎ᠳᠡᠭᠡᠨ᠂ ᠲᠣᠰ ᠨᠠᠮ ᠨᠢᠭᠡᠨᠲᠡ ᠲᠥᠪ᠎ᠤᠨ ᠨᠠᠢ᠍ᠮᠠᠨ ᠲᠣᠭᠲᠠᠭᠠᠯ ᠵᠢᠴᠢ ᠲᠡᠭᠦᠨ᠎ᠢ ᠬᠡᠷᠡᠭᠵᠢᠭᠦᠯᠬᠦ ᠨᠠᠷᠢᠨ ᠳᠦᠷᠢᠮ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠰᠢᠰᠲᠧᠮ》 ᠢ᠋ ᠲᠣᠰ ᠤᠯᠤᠰ᠎ᠤᠨ᠎ᠢᠶᠠᠨ ᠦᠭᠡ ᠬᠡᠯᠡ ᠪᠣᠯᠭᠠᠨ ᠣᠷᠴᠢᠭᠤᠯᠤᠭᠰᠠᠨ ᠪᠥᠭᠡᠳ ᠪᠥᠬᠥ ᠨᠠᠮ᠎ᠳᠤ ᠲᠠᠷᠬᠠᠭᠠᠵᠤ ᠰᠤᠷᠤᠯᠴᠠᠭᠤᠯᠪᠠ ᠭᠡᠵᠡᠢ᠃
ᠨᠡᠩ ᠤᠯᠠᠨ ᠭᠠᠳᠠᠭᠠᠳᠤ᠎ᠶᠢᠨ ᠤᠯᠤᠰ ᠲᠦᠷᠦ᠎ᠶᠢᠨ ᠴᠢᠬᠤᠯᠠ ᠬᠥᠮᠥᠰ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠨ᠎ᠦ ᠦᠵᠡᠬᠦ᠎ᠪᠡᠷ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠰ ᠪᠡᠶ᠎ᠡ᠎ᠶᠢᠨ ᠪᠠᠢᠭᠤᠯᠤᠯᠲᠠ᠎ᠪᠠᠨ ᠲᠠᠰᠤᠷᠠᠯᠳᠠ ᠦᠭᠡᠢ ᠴᠢᠩᠭᠠᠳᠬᠠᠬᠤ᠂ ᠨᠠᠮ᠎ᠤᠨ ᠤᠳᠤᠷᠢᠳᠬᠤ ᠬᠦᠴᠦᠨ᠎ᠢ ᠳᠡᠭᠡᠭᠰᠢᠯᠡᠭᠦᠯᠬᠦ 《ᠲᠦᠷᠦ ᠪᠠᠷᠢᠬᠤ ᠨᠢᠭᠤᠴᠠ ᠨᠣᠮᠧᠷ》 ᠪᠠᠢᠵᠤ᠂ ᠳᠡᠯᠡᠬᠡᠢ ᠳ᠋ᠠᠬᠢᠨ᠎ᠳᠤ ᠲᠣᠯᠢ ᠪᠣᠯᠭᠠᠵᠤ ᠪᠣᠯᠬᠤ ᠨᠠᠮ᠎ᠢ ᠵᠠᠰᠠᠬᠤ ᠰᠢᠨ᠎ᠡ ᠠᠷᠭ᠎ᠠ ᠵᠠᠮ ᠬᠠᠩᠭᠠᠵᠠᠢ᠃ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠦᠢᠯᠡᠳᠦᠯᠭᠡ ᠨᠢ ᠤᠯᠤᠰ᠎ᠤᠨ ᠵᠠᠰᠠᠯᠲᠠ᠎ᠶᠢᠨ ᠰᠢᠰᠲᠧᠮ᠎ᠦᠨ ᠣᠳᠣᠬᠢᠴᠢᠯᠠᠯᠲᠠ᠎ᠶᠢ ᠡᠷᠢᠯᠬᠢᠯᠡᠵᠦ᠂ ᠤᠯᠤᠰ᠎ᠤᠨ ᠵᠠᠰᠠᠯᠲᠠ᠎ᠶᠢᠨ ᠴᠢᠳᠠᠪᠤᠷᠢ᠎ᠶᠢ ᠴᠢᠷᠮᠠᠢᠨ ᠳᠡᠭᠡᠭᠰᠢᠯᠡᠭᠦᠯᠵᠦ ᠪᠠᠢᠭ᠎ᠠ ᠲᠡᠳᠡᠭᠡᠷ ᠲᠥᠷᠥ᠎ᠶᠢᠨ ᠨᠠᠮ᠎ᠳᠤ ᠴᠢᠬᠤᠯᠠ ᠶᠡᠬᠡ ᠦᠨ᠎ᠡ ᠥᠷᠲᠡᠭ᠎ᠲᠠᠢ ᠲᠣᠯᠢᠯᠠᠯ ᠬᠠᠩᠭᠠᠪᠠ᠃
《ᠳᠤᠮᠳᠠᠳᠤ ᠤᠯᠤᠰ᠎ᠤᠨ ᠵᠠᠰᠠᠯᠲᠠ》 ᠪᠡᠷ ᠥᠷᠨᠢᠭᠦᠨ ᠪᠠᠳᠠᠷᠠᠩᠭᠤᠢ ᠰᠢᠨ᠎ᠡ ᠳᠦᠷᠰᠦ ᠪᠠᠢᠳᠠᠯ᠎ᠢ ᠢᠯᠡᠷᠡᠭᠦᠯᠪᠡ
2026 ᠣᠨ᠎ᠤ 3 ᠰᠠᠷ᠎ᠠ᠎ᠶᠢᠨ 12 ᠤ᠋ᠨ ᠦᠳᠡ᠎ᠶᠢᠨ ᠬᠣᠢᠨ᠎ᠠ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》ᠦ᠋ᠨ ᠲᠥᠯᠦᠪᠵᠢᠭᠦᠯᠭᠡ᠎ᠶᠢᠨ ᠬᠦᠳᠦᠯᠪᠤᠷᠢ᠎ᠶᠢᠨ ᠲᠤᠬᠠᠢ ᠰᠢᠢᠳᠪᠦᠷᠢ᠎ᠶᠢ ᠪᠠᠲᠤᠯᠠᠪᠠ᠃ ᠬᠥᠲᠥᠯᠪᠦᠷᠢ 7 ᠲᠦᠮᠡ ᠭᠠᠷᠤᠢ ᠦᠰᠦᠭ᠎ᠲᠠᠢ᠂ 18 ᠪᠦᠯᠦᠭ 62 ᠵᠤᠷᠪᠤᠰ ᠲᠠᠢ᠃ 《ᠠᠩᠬᠠᠳᠤᠭᠠᠷ ᠲᠠᠪᠤᠨ ᠵᠢᠯ》 ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠦᠷᠭᠦᠯᠵᠢᠯᠡᠭᠰᠡᠨ ᠲᠡᠮᠡᠴᠡᠯ ᠬᠦᠷᠲᠡᠯ᠎ᠡ᠂ ᠳᠤᠮᠳᠠᠳᠤ ᠤᠯᠤᠰ᠎ᠤᠨ ᠬᠥᠭᠵᠢᠯᠲᠡ᠎ᠶᠢᠨ ᠲᠦᠭ ᠲᠦᠮᠡᠨ ᠪᠠᠢᠳᠠᠯ᠎ᠢ ᠪᠤᠢ ᠪᠣᠯᠭᠠᠪᠠ᠃
ᠪᠦᠬᠦ ᠪᠥᠮᠪᠥᠷᠴᠡᠭ᠎ᠢ ᠠᠵᠢᠭ᠍ᠯᠠᠬᠤᠶᠠ᠂ ᠮᠠᠰᠢ ᠤᠯᠠᠨ ᠤᠯᠤᠰ᠎ᠲᠤ ᠵᠢᠷᠤᠭ ᠲᠦᠰᠦᠪ ᠳᠤᠲᠠᠭᠳᠠᠵᠤ ᠪᠠᠢᠬᠤ ᠪᠢᠰᠢ᠂ ᠵᠢᠷᠤᠭ ᠲᠥᠰᠥᠪ᠎ᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠴᠢᠳᠠᠪᠤᠷᠢ ᠳᠤᠲᠠᠭᠳᠠᠵᠤ ᠪᠠᠢᠨ᠎ᠠ᠃ ᠳᠡᠯᠡᠬᠡᠢ ᠶᠢᠷᠲᠢᠨᠴᠦ᠄ ᠶᠠᠭᠠᠬᠢᠭᠠᠳ 14 ᠳ᠋ᠦᠩᠰᠢᠭᠤᠷ ᠭᠠᠷᠤᠢ ᠬᠥᠮᠥᠨ ᠠᠮᠠ᠎ᠲᠠᠢ ᠤᠯᠤᠰ ᠬᠥᠭᠵᠢᠯᠲᠡ᠎ᠶᠢᠨ ᠵᠢᠷᠤᠭ ᠲᠥᠰᠥᠪ᠎ᠢᠶᠡᠨ ᠨᠠᠮ᠎ᠤᠨ ᠵᠣᠷᠢᠯᠲᠠ᠎ᠡᠴᠡ ᠤᠯᠤᠰ᠎ᠤᠨ ᠵᠣᠷᠢᠭ᠋ ᠰᠠᠨᠠᠭ᠎ᠠ ᠪᠣᠯᠭᠠᠨ ᠬᠤᠪᠢᠷᠠᠭᠤᠯᠵᠤ᠂ ᠲᠠᠬᠢᠨ ᠲᠡᠰ ᠳᠠᠪᠬᠤᠷᠭ᠎ᠠ ᠨᠢᠭᠡ ᠪᠦᠷᠢ᠂ ᠬᠦᠷᠢᠶ᠎ᠡ ᠴᠠᠷᠠᠭ᠎ᠠ ᠨᠢᠭᠡ ᠪᠦᠷᠢᠳᠦ ᠨᠠᠪᠲᠠᠷᠡᠭᠦᠯᠵᠦ᠂ ᠵᠠᠮ ᠵᠠᠭᠤᠷ᠎ᠠ᠎ᠪᠠᠨ ᠥᠭᠡᠷᠡᠲᠦᠭᠦᠯᠬᠦ ᠦᠭᠡᠢ᠂ ᠬᠤᠭᠤᠴᠠᠭ᠎ᠠ ᠰᠣᠯᠢᠬᠤ ᠳᠤᠮᠳᠠ ᠲᠠᠰᠤᠯᠳᠠᠭᠤᠯᠬᠤ ᠦᠭᠡᠢ᠂ ᠬᠡᠷᠡᠭᠵᠢᠭᠦᠯᠬᠦ ᠳᠤᠮᠳᠠ ᠰᠤᠯᠠᠷᠠᠭᠤᠯᠬᠤ ᠦᠭᠡᠢ ᠪᠠᠢᠵᠦ ᠴᠢᠳᠠᠬᠰᠠᠨ ᠪᠤᠢ? ᠭᠡᠵᠦ ᠠᠰᠠᠭᠤᠯᠲᠠ ᠲᠠᠯᠪᠢᠵᠤ ᠪᠠᠢᠨ᠎ᠠ᠃
ᠤᠯᠤᠰ᠎ᠢ ᠵᠠᠰᠠᠬᠤ᠎ᠳᠤ ᠡᠷᠬᠡᠪᠰᠢ ᠤᠷᠢᠳ ᠵᠢᠡᠷ ᠨᠠᠮ᠎ᠢ ᠵᠠᠰᠠᠬᠤ ᠬᠡᠷᠡᠭᠲᠡᠢ᠂ ᠨᠠᠮ ᠮᠠᠨᠳᠤᠪᠠᠯ ᠰᠠᠶᠢ ᠤᠯᠤᠰ ᠬᠦᠴᠦᠷᠬᠡᠭᠵᠢᠵᠦ ᠴᠢᠳᠠᠨ᠎ᠠ᠃
《ᠳᠤᠮᠳᠠᠳᠤ ᠤᠯᠤᠰ᠎ᠤᠨ ᠵᠠᠰᠠᠯᠲᠠ》 ᠶ᠋ᠢ ᠣᠢᠯᠠᠭᠠᠬᠤ᠎ᠳᠤ ᠡᠷᠬᠡᠪᠰᠢ ᠤᠷᠢᠳ᠎ᠢᠶᠠᠷ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠰᠠᠯᠲᠠ》 ᠶ᠋ᠢ ᠣᠢᠯᠠᠭᠠᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠂ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ᠂ ᠤᠯᠤᠰ᠎ᠤᠨ ᠥᠨᠢ ᠤᠳᠠᠭᠠᠨ ᠠᠮᠤᠷ ᠲᠦᠪᠰᠢᠨ ᠪᠠᠢᠬᠤ᠂ ᠠᠷᠠᠳ ᠲᠦᠮᠡᠨ᠎ᠦ ᠵᠣᠯ ᠵᠢᠷᠭᠠᠯ ᠠᠮᠤᠷ ᠠᠮᠤᠭᠤᠯᠠᠩᠳᠤ ᠬᠣᠯᠪᠣᠭᠳᠠᠬᠤ ᠥᠨᠳᠥᠷᠴᠡ᠎ᠳᠤ ᠵᠣᠭᠰᠣᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠨᠠᠮ᠎ᠤᠨ ᠤᠷᠳᠤ ᠬᠤᠭᠤᠴᠠᠭᠠᠨ᠎ᠤ ᠪᠠᠢᠯᠳᠤᠬᠤ ᠪᠣᠳᠣᠯᠭ᠎ᠠ᠂ ᠥᠨᠢᠳᠡ᠎ᠶᠢᠨ ᠰᠡᠳᠦᠪ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠶᠧᠵᠢᠫᠲ᠎ᠦᠨ ᠵᠠᠯᠠᠭᠤ ᠲᠦᠷᠦ᠎ᠶᠢᠨ ᠨᠠᠮ᠎ᠤᠨ ᠤᠳᠤᠷᠢᠳᠤᠭ᠍ᠴᠢ ᠪᠣᠯᠣᠨ ᠤᠯᠤᠰ ᠲᠥᠷᠥᠴᠢ᠎ᠨᠢ ᠵᠣᠬᠢᠴᠠᠭᠤᠯᠬᠤ ᠵᠥᠪᠯᠡᠯ᠎ᠦᠨ ᠵᠣᠬᠢᠶᠠᠨ ᠪᠠᠶ᠋ᠢᠭᠤᠯᠬᠤ ᠵᠥᠪᠯᠡᠯ᠎ᠦᠨ ᠭᠡᠰᠢᠭᠦᠨ ᠶᠧ ᠬᠠᠢ ᠶᠠ᠂ ᠳᠤᠮᠳᠠᠳᠤ ᠤᠯᠤᠰ᠎ᠤᠨ ᠡᠪ ᠬᠠᠮᠲᠤ ᠨᠠᠮ ᠨᠠᠮ᠎ᠤᠨ ᠰᠠᠬᠢᠯᠭ᠎ᠠ ᠪᠠᠲᠤ᠎ᠶᠢᠨ ᠪᠠᠢᠭᠤᠯᠤᠯᠲᠠ᠎ᠶᠢ ᠴᠥᠬᠥᠷᠡᠰᠢ ᠦᠭᠡᠢ ᠴᠢᠩᠭᠠᠳᠬᠠᠵᠤ᠂ ᠥᠨᠳᠥᠷ ᠳᠠᠷᠤᠯᠲᠠ᠎ᠪᠠᠷ ᠢᠯᠵᠢᠷᠡᠯ᠎ᠢ ᠡᠰᠡᠷᠭᠦᠴᠡᠬᠦ᠎ᠶᠢ ᠪᠠᠷᠢᠮᠲᠠᠯᠠᠵᠤ᠂ ᠵᠣᠬᠢᠶᠠᠨ ᠪᠠᠢᠭᠤᠯᠤᠯᠲᠠ ᠨᠢᠭ᠍ᠲᠠ ᠴᠢᠩᠭ᠎ᠠ᠂ ᠰᠠᠬᠢᠯᠭ᠎ᠠ ᠪᠠᠲᠤ ᠴᠢᠩᠭ᠎ᠠ ᠪᠠᠢᠬᠤ᠎ᠶᠢ ᠦᠨᠡᠨ ᠬᠦ᠌ ᠪᠡᠶᠡᠯᠡᠭᠦᠯᠪᠡ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠬᠦᠴᠦᠷᠬᠡᠭ ᠶᠡᠬᠡ ᠨᠢᠭ᠍ᠲᠠᠷᠠᠯ᠎ᠤᠨ ᠬᠦᠴᠦᠨ ᠪᠣᠯᠣᠨ ᠲᠠᠢ᠍ᠢᠴᠢᠨ ᠬᠦᠴᠦᠨ᠎ᠢᠶᠡᠨ ᠪᠠᠲᠤᠯᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠬᠦᠴᠢᠷ ᠪᠡᠷᠬᠡᠰᠢᠶᠡᠯ ᠥᠷᠢᠰᠦᠯᠳᠦᠭᠡᠨ᠎ᠢ ᠢᠯᠠᠨ ᠳᠠᠪᠠᠬᠤ ᠴᠢᠬᠤᠯᠠ ᠨᠢᠭᠤᠴᠠ ᠵᠣᠷ ᠪᠣᠯᠣᠨ᠎ᠠ ᠬᠡᠵᠦ ᠢᠯᠡᠳᠬᠡᠪᠡ᠃
2025 ᠣᠨ᠎ᠤ ᠡᠴᠦᠰ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠶᠡᠷᠦᠩᠬᠡᠢ ᠲᠣᠭ᠎ᠠ 543.1 ᠲᠦᠮᠡ᠎ᠳᠦ ᠬᠦᠷᠴᠦ᠂ ᠲᠥᠪ ᠬᠣᠷᠢᠶ᠎ᠠ᠂ ᠣᠷᠣᠨ ᠨᠤᠲᠤᠭ᠂ ᠦᠨᠳᠦᠰᠦᠨ ᠱᠠᠲᠤ᠎ᠶᠢ ᠪᠠᠭᠲᠠᠭᠠᠭᠰᠠᠨ ᠨᠢᠭ᠍ᠲᠠ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠪᠠᠢᠭᠤᠯᠪᠠ᠃ ᠦᠵᠦ ᠲᠥᠯᠥᠪᠯᠡᠭᠡ ᠵᠢ ᠱᠠᠳᠤ ᠱᠠᠳᠤ ᠪᠡᠷ ᠪᠤᠲᠠᠳᠠᠢᠵᠢᠭᠤᠯᠵᠤ᠂ ᠨᠠᠮ᠎ᠤᠨ ᠲᠥᠪ ᠬᠤᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠪᠠ᠃
ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠢᠯᠠᠯᠲᠠ᠎ᠶᠢ ᠣᠯᠬᠤ᠎ᠡᠴᠡ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ᠎ᠶᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠬᠦ ᠬᠦᠷᠲᠡᠯ᠎ᠡ᠂ ᠲᠠᠬᠢᠭᠠᠳ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠨ ᠠᠬᠢᠭᠤᠯᠬᠤ ᠬᠦᠷᠲᠡᠯ᠎ᠡ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠵᠠᠷᠯᠢᠭ᠋᠎ᠢ ᠰᠣᠨᠣᠰᠤᠮᠠᠭᠴᠠ ᠬᠥᠳᠡᠯᠦᠯᠴᠡᠵᠦ᠂ ᠪᠡᠬᠢᠯᠡᠯᠲᠡ᠎ᠶᠢ ᠪᠡᠬᠢᠵᠢᠭᠦᠯᠵᠦ᠂ ᠨᠠᠮ᠎ᠤᠨ ᠭᠡᠰᠢᠭᠦᠨ ᠺᠠᠳ᠋ᠷ ᠡᠮᠦᠨ᠎ᠡ ᠨᠢ ᠭᠠᠪᠰᠢᠭᠠᠢᠯᠠᠵᠤ᠂ ᠬᠠᠷᠢᠭᠤᠴᠠᠯᠭ᠎ᠠ ᠵᠢ ᠮᠥᠷᠥᠨ ᠳᠡᠭᠡᠷ᠎ᠡ ᠪᠠᠨ ᠡᠭᠦᠷᠭᠡᠯᠡᠵᠦ᠂ ᠠᠯᠢ ᠤᠯᠠᠨ ᠬᠥᠭᠵᠢᠯᠲᠡ᠎ᠶᠢᠨ ᠭᠠᠢᠬᠠᠮᠰᠢᠭ᠋᠎ᠢ ᠪᠢᠴᠢᠭᠯᠡᠪᠡ᠃
ᠳᠦᠷᠢᠮ ᠨᠢ ᠦᠨᠳᠦᠰᠦᠨ ᠵᠦᠢᠯ᠎ᠢ ᠬᠠᠮᠢᠶᠠᠷᠴᠤ᠂ ᠠᠯᠤᠰ ᠬᠡᠳᠦ᠎ᠶᠢ ᠬᠠᠮᠢᠶᠠᠷᠳᠠᠭ᠂ ᠳᠦᠷᠢᠮ᠎ᠦᠨ ᠳᠠᠪᠠᠭᠤᠯᠢᠭ᠋ ᠪᠣᠯ ᠨᠢᠭᠡ ᠲᠦᠷᠦ᠎ᠶᠢᠨ ᠨᠠᠮ᠂ ᠨᠢᠭᠡ ᠤᠯᠤᠰ᠎ᠤᠨ ᠬᠠᠮᠤᠭ᠎ᠤᠨ ᠶᠡᠬᠡ ᠳᠠᠪᠠᠭᠤᠯᠢᠭ᠋ ᠪᠣᠯᠣᠨ᠎ᠠ᠃
2024 ᠣᠨ᠎ᠤ ᠰᠢᠨ᠎ᠡ ᠵᠢᠯ᠎ᠳᠦ᠂ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶᠢᠨ ᠰᠢᠢᠳᠬᠡᠯ ᠥᠭᠬᠦ ᠳᠦᠷᠢᠮ》 ᠢ᠋ ᠬᠡᠷᠡᠭᠵᠢᠭᠦᠯᠪᠡ᠃ 2025 ᠣᠨ᠎ᠤ 6 ᠰᠠᠷ᠎ᠠ᠎ᠶᠢᠨ 1 ᠤ᠋ ᠡᠳᠦᠷ᠂ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠨᠠᠨ ᠪᠠᠢᠴᠠᠭᠠᠬᠤ ᠬᠠᠤᠯᠢ》 ᠵᠢᠴᠢ ᠲᠡᠭᠦᠨ᠎ᠦ ᠬᠡᠷᠡᠭᠵᠢᠭᠦᠯᠬᠦ ᠳᠦᠷᠢᠮ᠎ᠢ ᠵᠡᠷᠭᠡ᠎ᠪᠡᠷ ᠬᠡᠷᠡᠭᠵᠢᠭᠦᠯᠪᠡ ᠁ ᠳᠦᠷᠢᠮ᠎ᠦᠨ 《ᠰᠢᠪᠡᠭᠡ》 ᠵᠢ ᠤᠯᠠᠮ᠎ᠡᠴᠡ ᠤᠯᠠᠮ ᠴᠢᠩᠭᠠᠯᠠᠪᠠ᠃
ᠰᠠᠬᠢᠯᠭ᠎ᠠ ᠪᠠᠲᠤ᠎ᠶᠢᠨ ᠰᠢᠢᠳᠬᠡᠯ ᠥᠭᠬᠦ ᠳᠦᠷᠢᠮ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠡᠴᠡ ᠨᠠᠮ᠎ᠤᠨ ᠳᠣᠲᠣᠭᠠᠳᠤ᠎ᠶᠢᠨ ᠬᠢᠨᠠᠯᠲᠠ ᠲᠠᠯᠪᠢᠬᠤ ᠳᠦᠷᠢᠮ᠂ ᠠᠩᠬᠠᠳᠠᠭ᠍ᠴᠢ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠤᠨ ᠳᠦᠷᠢᠮ ᠬᠦᠷᠲᠡᠯ᠎ᠡ᠂ ᠨᠡᠯᠢᠶᠡᠳ ᠪᠦᠷᠢᠨ ᠲᠡᠭᠦᠯᠳᠡᠷ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠰᠢᠰᠲᠧᠮ ᠨᠢᠭᠡᠨᠲᠡ ᠪᠦᠷᠢᠯᠳᠦᠪᠡ; ᠬᠢᠨᠠᠨ ᠪᠠᠢᠴᠠᠭᠠᠬᠤ ᠬᠠᠤᠯᠢ᠎ᠶᠢ ᠲᠣᠭᠲᠠᠭᠠᠨ ᠵᠠᠰᠠᠪᠤᠷᠢ ᠣᠷᠣᠭᠤᠯᠵᠤ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠢ ᠪᠠᠢᠭᠤᠯᠵᠤ᠂ ᠠᠯᠪᠠᠨ ᠲᠤᠰᠢᠶᠠᠯᠲᠠᠨ᠎ᠢ ᠬᠢᠨᠠᠨ ᠪᠠᠢᠴᠠᠭᠠᠬᠤ᠎ᠶᠢ ᠪᠦᠬᠦᠨ᠎ᠢ ᠪᠦᠷᠬᠦᠭᠦᠯᠬᠦ᠎ᠶᠢ ᠪᠡᠶᠡᠯᠡᠭᠦᠯᠵᠦ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠬᠠᠤᠯᠢ ᠳᠦᠷᠢᠮ᠎ᠦᠨ ᠰᠢᠰᠲᠧᠮ᠎ᠢ ᠪᠦᠷᠢᠨᠰᠢᠭᠦᠯᠵᠦ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠤᠯ᠎ᠤᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠪᠡ ᠁ ᠰᠢᠨ᠎ᠡ ᠴᠠᠭ ᠦᠶ᠎ᠡ᠎ᠡᠴᠡ ᠨᠠᠭᠠᠰᠢ᠂ ᠳᠦᠷᠢᠮ᠎ᠢᠶᠡᠷ ᠨᠠᠮ᠎ᠢ ᠵᠠᠰᠠᠵᠤ᠂ ᠲᠤᠭᠲᠠᠭᠠᠯ᠎ᠢᠶᠡᠷ ᠨᠠᠮ᠎ᠢ ᠵᠠᠰᠠᠵᠤ᠂ ᠰᠢᠰᠲᠧᠮ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠵᠢᠷᠤᠮᠵᠢᠯ᠎ᠲᠠᠢ᠂ ᠠᠵᠢᠯᠯᠠᠭᠠᠨ ᠪᠦᠲᠦᠮᠵᠢᠲᠡᠢ ᠳᠦᠷᠢᠮ᠎ᠦᠨ ᠰᠢᠰᠲᠧᠮ ᠡᠳᠦᠷ ᠢᠷᠡᠬᠦᠶ᠎ᠡ ᠲᠡᠭᠦᠯᠳᠡᠷᠵᠢᠵᠦ᠂ ᠳᠦᠷᠢᠮ᠎ᠦᠨ ᠳᠠᠪᠠᠭᠤᠯᠢᠭ᠋᠎ᠢ ᠲᠠᠰᠤᠷᠠᠯᠳᠠ ᠦᠭᠡᠢ 《ᠳᠤᠮᠳᠠᠳᠤ ᠤᠯᠤᠰ᠎ᠤᠨ ᠵᠠᠰᠠᠯᠲᠠ》 ᠵᠢᠨ ᠭᠠᠷᠮᠠᠭᠠᠢ ᠦᠷ᠎ᠡ ᠪᠦᠲᠦᠮᠵᠢ ᠪᠣᠯᠭᠠᠨ ᠤᠯᠠᠷᠢᠭᠤᠯᠪᠠ᠃
ᠢᠨᠳᠤᠨᠧᠰᠢᠶ᠎ᠠ᠎ᠶᠢᠨ ᠤᠯᠤᠰ᠎ᠤᠨ ᠰᠤᠳᠤᠯᠭᠠᠨ᠎ᠤ ᠰᠢᠨ᠎ᠡ᠎ᠶᠢ ᠡᠭᠦᠳᠬᠦ ᠵᠠᠬᠢᠷᠭ᠎ᠠ᠎ᠶᠢᠨ ᠰᠤᠳᠤᠯᠤᠭ᠍ᠴᠢ ᠯᠢᠳᠢᠶᠠ᠂ ᠶᠡᠷᠦᠩᠬᠡᠢ ᠱᠦᠵᠢ ᠰᠢ ᠵᠢᠨ ᠫᠢᠩ᠎ᠦᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ ᠨᠠᠮ᠎ᠤᠨ ᠳᠦᠷᠢᠮ ᠲᠣᠭᠲᠠᠭᠠᠯ᠎ᠢ ᠶᠠᠪᠤᠬᠤ ᠲᠤᠳᠤᠮ ᠴᠢᠩᠭ᠎ᠠ ᠬᠡᠷᠡᠭᠵᠢᠭᠦᠯᠵᠦ ᠪᠠᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠠᠵᠢᠯᠯᠠᠭ᠎ᠠ ᠠᠪᠴᠤ᠂ ᠨᠠᠮ᠎ᠤᠨ ᠭᠡᠰᠢᠭᠦᠨ᠎ᠦ ᠬᠠᠤᠯᠢ᠎ᠶᠢ ᠵᠥᠷᠢᠴᠡᠵᠦ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠶᠢ ᠴᠢᠩᠭ᠎ᠠ ᠪᠠᠢᠴᠠᠭᠠᠨ ᠰᠢᠢᠳᠪᠦᠷᠢᠯᠡᠬᠦ ᠨᠢ ᠳᠤᠮᠳᠠᠳᠤ ᠤᠯᠤᠰ᠎ᠤᠨ ᠤᠯᠤᠰ ᠲᠦᠷᠦ᠎ᠶᠢᠨ ᠲᠣᠭᠲᠠᠭᠤᠨ ᠪᠠᠢᠳᠠᠯ᠎ᠢ ᠬᠠᠮᠠᠭᠠᠯᠠᠬᠤ᠎ᠳᠤ ᠠᠰᠢᠭ᠍ᠲᠠᠢ ᠪᠥᠭᠡᠳ ᠳᠡᠯᠡᠬᠡᠢ ᠨᠡᠶ᠋ᠢᠭᠡᠮ᠎ᠳᠦ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠢᠩᠭ᠎ᠠ ᠲᠣᠳᠣᠷᠬᠠᠢ ᠰᠠᠬᠢᠯᠭ᠎ᠠ ᠪᠠᠲᠤ᠎ᠶᠢ ᠨᠡᠩ ᠢᠯᠡᠭᠦᠦ ᠣᠢᠯᠠᠭᠠᠭᠤᠯᠵᠠᠢ ᠭᠡᠵᠦ ᠢᠯᠡᠳᠭᠡᠪᠡ᠃
ᠲᠥᠷᠥ ᠭᠦᠷᠦᠨ ᠪᠣᠯ ᠠᠷᠠᠳ ᠲᠦᠮᠡᠨ ᠮᠦᠨ᠂ ᠠᠷᠠᠳ ᠲᠦᠮᠡᠨ ᠪᠣᠯ ᠲᠥᠷᠥ ᠭᠦᠷᠦᠨ ᠮᠦᠨ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠰᠠᠨ ᠨᠢ ᠳᠠᠷᠤᠢ ᠠᠷᠠᠳ ᠲᠦᠮᠡᠨ᠎ᠦ ᠰᠡᠳᠬᠢᠯ᠎ᠢ ᠰᠠᠬᠢᠬᠰᠠᠨ ᠶᠠᠪᠤᠳᠠᠯ ᠮᠦᠨ᠃
ᠠᠷᠠᠳ ᠲᠦᠮᠡᠨ ᠶᠠᠭᠤᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠳᠤᠷᠠᠲᠠᠶ᠎ᠠ ᠲᠠᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠴᠢᠩ ᠰᠡᠳᠬᠢᠯ᠎ᠡᠴᠡ᠎ᠪᠡᠨ ᠬᠦᠷᠢᠶᠡᠯᠡᠭᠰᠡᠨ ᠪᠤᠢ? ᠬᠠᠷᠢᠭᠤᠯᠲᠠ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠢᠮᠠᠭᠲᠠ ᠬᠤᠪᠢᠷᠠᠰᠢ ᠦᠭᠡᠢ ᠠᠷᠠᠳ ᠲᠦᠮᠡᠨ᠎ᠦ ᠵᠣᠭᠰᠣᠯᠲᠠ᠎ᠳᠤ ᠪᠤᠢ᠃
ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠬᠤ᠎ᠡᠴᠡ 《ᠲᠦᠷᠪᠡᠨ ᠰᠤᠷᠲᠠᠯ》 ᠢ᠋ ᠵᠠᠯᠠᠷᠠᠭᠤᠯᠵᠤ ᠰᠢᠨ᠎ᠡ ᠰᠤᠷᠲᠠᠯ᠎ᠢ ᠪᠤᠢ ᠪᠣᠯᠭᠠᠬᠤ ᠬᠦᠷᠲᠡᠯ᠎ᠡ᠂ ᠠᠷᠠᠳ ᠤᠯᠠᠨ ᠶᠠᠭᠤ᠎ᠶᠢ ᠡᠰᠡᠷᠭᠦᠴᠡᠵᠦ᠂ ᠶᠠᠭᠤ᠎ᠶᠢ ᠬᠣᠷᠣᠰᠤᠨ ᠵᠠᠨᠤᠪᠠᠯ᠂ ᠨᠠᠮ ᠶᠠᠭᠤ᠎ᠶᠢ ᠡᠷᠡᠰ ᠰᠡᠷᠭᠡᠢᠯᠡᠨ ᠵᠠᠯᠠᠷᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠭᠰᠠᠨ ᠦᠷ᠎ᠡ ᠪᠦᠲᠦᠮᠵᠢ᠎ᠶᠢ ᠠᠷᠠᠳ ᠤᠯᠠᠨ᠎ᠤ ᠨᠢᠳᠦᠨ᠎ᠳᠦ ᠦᠵᠡᠭᠳᠡᠵᠦ ᠭᠠᠷ᠎ᠲᠤ ᠪᠠᠷᠢᠭ᠍ᠳᠠᠮ᠎ᠠ ᠵᠣᠯ ᠵᠢᠷᠭᠠᠯᠲᠤ ᠪᠣᠳᠠᠲᠤ ᠪᠠᠢᠳᠠᠯ ᠪᠣᠯᠭᠠᠪᠠ᠃
ᠰᠠᠶ᠋ᠢᠫᠷᠦ᠋ᠰᠦᠨ ᠠᠷᠠᠳᠴᠢᠯᠠᠭᠰᠠᠨ ᠹᠷᠣᠨᠲ᠎ᠤᠨ ᠬᠢᠨ᠂ ᠲᠦᠷᠦ ᠪᠠᠷᠢᠭ᠍ᠴᠢ ᠨᠠᠮ᠎ᠤᠨ ᠲᠡᠷᠢᠭᠦᠨ ᠴᠢᠬᠤᠯᠠ ᠡᠭᠦᠷᠭᠡ ᠪᠣᠯ ᠠᠷᠠᠳ ᠲᠦᠮᠡᠨ᠎ᠦ ᠵᠣᠯ ᠵᠢᠷᠭᠠᠯ ᠠᠮᠤᠷ ᠠᠮᠤᠭᠤᠯᠠᠩ᠎ᠢ ᠪᠠᠲᠤᠯᠠᠬᠤ ᠶᠠᠪᠤᠳᠠᠯ ᠪᠣᠯᠣᠨ᠎ᠠ᠂ ᠳᠤᠮᠳᠠᠳᠤ ᠤᠯᠤᠰ᠎ᠤᠨ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠴᠢᠷᠮᠠᠢᠯᠭ᠎ᠠ᠎ᠡᠴᠡ ᠰᠠᠯᠵᠤ ᠴᠢᠳᠠᠬᠤ ᠦᠭᠡᠢ ᠶᠤᠮ ᠭᠡᠵᠦ ᠢᠯᠡᠳᠭᠡᠪᠡ᠃
ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠰᠢᠭ᠋ ᠲᠤᠰᠠ᠎ᠶᠢ ᠲᠥᠯᠥᠭᠡᠯᠡᠵᠦ᠂ ᠶᠠᠮᠠᠷᠪᠠ ᠥᠪᠡᠷ᠎ᠦᠨ ᠣᠨᠴᠠᠭᠠᠢ ᠠᠰᠢᠭ᠋ ᠲᠤᠰᠠ ᠭᠡᠵᠦ ᠪᠠᠢᠬᠤ ᠦᠭᠡᠢ᠂ ᠶᠡᠷᠦ᠎ᠡᠴᠡ ᠶᠠᠮᠠᠷᠪᠠ ᠠᠰᠢᠭ᠋ ᠲᠤᠰᠠ᠎ᠶᠢᠨ ᠪᠦᠯᠦᠭᠯᠡᠯ᠂ ᠶᠠᠮᠠᠷᠪᠠ ᠡᠷᠬᠡ ᠮᠡᠳᠡᠯ᠎ᠦᠨ ᠪᠦᠯᠬᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ᠎ᠶᠢᠨ ᠠᠰᠢᠭ᠋ ᠲᠤᠰᠠ᠎ᠶᠢ ᠲᠥᠯᠥᠭᠡᠯᠡᠳᠡᠭ ᠦᠭᠡᠢ ᠶᠤᠮ᠃
ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠳᠡᠭᠡᠳᠦᠯᠡᠬᠦ ᠲᠦᠷᠦ ᠪᠠᠷᠢᠬᠤ ᠣᠢᠯᠠᠭᠠᠭᠳᠠᠬᠤᠨ᠎ᠢ ᠪᠠᠷᠢᠮᠲᠠᠯᠠᠵᠤ᠂ ᠤᠯᠠᠮ᠎ᠡᠴᠡ ᠤᠯᠠᠨ ᠤᠯᠤᠰ᠎ᠤᠨ ᠲᠦᠷᠦ᠎ᠶᠢᠨ ᠨᠠᠮ ᠪᠣᠯᠣᠨ ᠤᠯᠤᠰ ᠲᠦᠷᠦ᠎ᠶᠢᠨ ᠵᠣᠬᠢᠶᠠᠨ ᠪᠠᠢᠭᠤᠯᠤᠯᠲᠠ᠎ᠶᠢᠨ ᠮᠡᠳᠡᠷᠡᠮᠵᠢ ᠲᠠᠨᠢᠯᠲᠠ᠎ᠶᠢ ᠣᠯᠵᠤ ᠪᠠᠢᠨ᠎ᠠ᠃ ᠡᠨᠡᠳᠬᠡᠭ᠎ᠦᠨ ᠪᠦᠬᠦ ᠡᠨᠡᠳᠬᠡᠭ᠎ᠦᠨ ᠤᠷᠤᠭᠰᠢᠯᠠᠯᠲᠠ᠎ᠶᠢᠨ ᠬᠣᠯᠪᠣᠭ᠎ᠠ᠎ᠶᠢᠨ ᠶᠡᠷᠦᠩᠬᠡᠢ ᠱᠦᠵᠢ ᠳ᠋ᠥ᠍ᠸᠠᠯᠠᠵᠢᠶᠠᠨ᠂ ᠨᠢᠭᠡ ᠲᠦᠷᠦ᠎ᠶᠢᠨ ᠨᠠᠮ ᠭᠠᠭᠴᠠ ᠬᠦ᠌ ᠵᠣᠬᠢᠶᠠᠨ ᠪᠠᠢᠭᠤᠯᠤᠯᠲᠠ᠎ᠶᠢᠨ ᠴᠡᠪᠡᠷ ᠴᠢᠨᠠᠷ᠎ᠢᠶᠠᠨ ᠪᠠᠲᠤᠯᠠᠵᠤ᠂ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤ ᠰᠠᠬᠢᠵᠤ᠂ ᠶᠣᠰᠣ᠌ ᠰᠤᠷᠲᠠᠬᠤᠨ᠎ᠤ ᠬᠠᠷᠢᠭᠤᠴᠠᠯᠭ᠎ᠠ᠎ᠪᠠᠨ ᠪᠠᠲᠤ ᠰᠠᠬᠢᠪᠠᠯ ᠰᠠᠶᠢ ᠠᠷᠠᠳ ᠲᠦᠮᠡᠨ᠎ᠦ ᠢᠲᠡᠭᠡᠯ᠎ᠢ ᠣᠯᠵᠤ ᠴᠢᠳᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠦᠷᠭᠦᠯᠵᠢᠯᠡᠨ ᠵᠠᠰᠠᠯᠲᠠ᠎ᠶᠢ ᠲᠡᠭᠦᠯᠳᠡᠷᠵᠢᠭᠦᠯᠵᠦ᠂ ᠳᠦᠷᠢᠮ᠎ᠢ ᠪᠦᠷᠢᠨᠰᠢᠭᠦᠯᠵᠦ᠂ ᠰᠠᠬᠢᠯᠭ᠎ᠠ ᠪᠠᠲᠤ᠎ᠶᠢ ᠴᠢᠩᠳᠠᠯᠠᠵᠤ᠂ ᠤᠯᠠᠨ ᠲᠦᠮᠡᠨ᠎ᠦ ᠨᠠᠮ᠎ᠤᠨ ᠤᠳᠤᠷᠢᠳᠤᠯᠭ᠎ᠠ᠎ᠶᠢᠨ ᠲᠤᠬᠠᠢ ᠢᠲᠡᠭᠡᠯ᠎ᠢ ᠤᠯᠠᠮ ᠨᠢᠭᠡ ᠠᠯᠬᠤᠮ ᠪᠠᠲᠤᠳᠬᠠᠵᠠᠢ ᠭᠡᠵᠦ ᠢᠯᠡᠳᠬᠡᠪᠡ᠃
《ᠳᠤᠮᠳᠠᠳᠤ ᠤᠯᠤᠰ᠎ᠤᠨ ᠵᠠᠰᠠᠯᠲᠠ》ᠢ᠋ᠢᠨ ᠠᠮᠵᠢᠯᠲᠠ ᠤᠯᠤᠭᠰᠠᠨ ᠨᠢᠭᠤᠴᠠ ᠵᠢ ᠰᠦᠪᠡᠭᠴᠢᠯᠡᠵᠦ᠂ ᠤᠯᠠᠮ᠎ᠡᠴᠡ ᠤᠯᠠᠨ ᠤᠯᠠᠨ ᠤᠯᠤᠰ᠎ᠤᠨ ᠬᠦᠮᠦᠰ᠂ ᠨᠢᠭᠡᠨ ᠲᠦᠷᠦ᠎ᠶᠢᠨ ᠨᠠᠮ ᠠᠷᠠᠳ ᠲᠦᠮᠡᠨ᠎ᠦ ᠴᠢᠩ ᠰᠡᠳᠬᠢᠯ᠎ᠦᠨ ᠬᠦᠷᠢᠶᠡᠯᠡᠯ᠎ᠢ ᠣᠯᠵᠤ ᠴᠢᠳᠠᠭᠰᠠᠨ ᠨᠢ ᠢᠮᠠᠭᠲᠠ ᠠᠷᠠᠳ ᠲᠦᠮᠡᠨ᠎ᠳᠦ ᠠᠰᠢᠭ᠋ ᠲᠤᠰᠠ ᠣᠯᠭᠣᠬᠤ᠎ᠳᠤ ᠲᠦᠰᠢᠭᠯᠡᠭᠰᠡᠨ ᠳ᠋ᠦ ᠪᠤᠢ; ᠤᠷᠳᠤ ᠤᠳᠠᠭᠠᠨ ᠠᠮᠢᠵᠢᠷᠠᠯ᠎ᠤᠨ ᠬᠦᠴᠦᠨ᠎ᠲᠠᠢ ᠪᠠᠢᠬᠤ ᠨᠢ ᠠᠷᠠᠳ ᠲᠦᠮᠡᠨ᠎ᠦ ᠳᠣᠲᠣᠭᠠᠳᠤ ᠰᠡᠳᠬᠢᠯ᠎ᠦᠨ ᠮᠡᠳᠡᠷᠡᠮᠵᠢ ᠪᠠ ᠳᠡᠮᠵᠢᠯᠭᠡ᠎ᠳᠦ ᠲᠦᠰᠢᠭᠯᠡᠭᠰᠡᠨ ᠳ᠋ᠦ ᠪᠤᠢ᠃ ᠨᠢᠭᠡ ᠲᠦᠷᠦ᠎ᠶᠢᠨ ᠨᠠᠮ᠎ᠤᠨ ᠵᠠᠰᠠᠯᠲᠠ᠎ᠶᠢᠨ ᠴᠢᠳᠠᠪᠤᠷᠢ᠎ᠶᠢ ᠬᠡᠮᠵᠢᠬᠦ᠎ᠳᠦ᠂ ᠬᠠᠮᠤᠭ᠎ᠤᠨ ᠰᠢᠭᠤᠳ ᠬᠡᠮᠵᠢᠭᠦᠷ ᠨᠢ ᠤᠯᠤᠰ᠎ᠤᠨ ᠬᠥᠭᠵᠢᠯᠲᠡ᠎ᠶᠢᠨ ᠵᠠᠮ ᠱᠤᠭᠤᠮ ᠳᠡᠭᠡᠷ᠎ᠡ ᠰᠡᠢᠯᠦᠭᠳᠡᠵᠦ᠂ ᠠᠷᠠᠳ᠎ᠤᠨ ᠠᠮᠢᠳᠤᠷᠠᠯ᠎ᠤᠨ ᠬᠤᠪᠢᠷᠠᠯᠲᠠ ᠳᠤᠮᠳᠠ ᠢᠯᠡᠷᠡᠵᠦ ᠪᠠᠢᠳᠠᠭ᠃ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠡᠷᠡᠰ ᠭᠤᠢᠪᠢᠰᠢ ᠦᠭᠡᠢ ᠠᠬᠢᠭᠤᠯᠵᠤ᠂ ᠲᠤᠰ ᠪᠡᠶ᠎ᠡ᠎ᠶᠢᠨ ᠵᠠᠰᠠᠯᠲᠠ᠎ᠪᠠᠷ 《ᠳᠤᠮᠳᠠᠳᠤ ᠤᠯᠤᠰ᠎ᠤᠨ ᠵᠠᠰᠠᠯᠲᠠ》 ᠶ᠋ᠢ ᠪᠦᠲᠦᠮᠵᠢᠲᠡᠢ ᠬᠥᠲᠥᠯᠥᠨ ᠵᠢᠯᠤᠭᠣᠳᠴᠤ ᠪᠠᠲᠤᠯᠠᠨ᠂ ᠳᠣᠷᠣᠨᠠᠳᠠᠬᠢᠨ᠎ᠤ ᠤᠶᠤᠨ ᠤᠬᠠᠭᠠᠨ᠎ᠢᠶᠠᠷ ᠬᠥᠮᠥᠨ ᠲᠥᠷᠥᠯᠬᠢᠲᠡᠨ᠎ᠦ ᠤᠯᠤᠰ ᠲᠦᠷᠦ᠎ᠶᠢᠨ ᠪᠣᠯᠪᠠᠰᠤᠨ᠎ᠤ ᠬᠥᠭᠵᠢᠯᠲᠡ ᠲᠠᠪᠰᠢᠯᠳᠠ᠎ᠶᠢ ᠠᠬᠢᠭᠤᠯᠵᠠᠢ ᠭᠡᠵᠦ ᠴᠢᠬᠤᠯᠠᠴᠢᠯᠠᠪᠠ᠃
ᠳᠡᠯᠡᠬᠡᠢ᠎ᠶᠢᠨ ᠤᠯᠤᠰ ᠲᠥᠷᠥ᠎ᠶᠢᠨ ᠪᠣᠯᠪᠠᠰᠤᠨ᠎ᠤ᠋ ᠦᠨᠢᠷ ᠴᠡᠴᠡᠭ᠎ᠤᠨ ᠬᠦᠷᠢᠶᠡᠯᠡᠩ᠎ᠢ ᠪᠡᠶᠡᠯᠢᠭ᠍ᠵᠢᠭᠤᠯᠪᠠ
《ᠲᠦᠷᠦ᠎ᠶᠢᠨ ᠨᠠᠮ ᠨᠢ ᠤᠯᠤᠰ᠎ᠤᠨ ᠤᠯᠤᠰ ᠲᠦᠷᠦ᠎ᠶᠢᠨ ᠠᠮᠢᠳᠤᠷᠠᠯ ᠳᠤᠮᠳᠠ ᠴᠢᠬᠤᠯᠠ ᠦᠢᠯᠡᠳᠦᠯ ᠦᠵᠡᠭᠦᠯᠵᠦ ᠪᠠᠢᠳᠠᠭ᠂ ᠮᠥᠨ ᠴᠦ᠍ ᠬᠥᠮᠥᠨ ᠲᠥᠷᠥᠯᠬᠢᠲᠡᠨ᠎ᠦ ᠪᠣᠯᠪᠠᠰᠤᠨ᠎ᠤ ᠳᠠᠪᠰᠢᠯᠲᠠ᠎ᠶᠢ ᠠᠬᠢᠭᠤᠯᠬᠤ ᠴᠢᠬᠤᠯᠠ ᠬᠦᠴᠦᠨ ᠮᠥᠨ》᠃ 2017 ᠣᠨ᠎ᠤ 12 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠡᠯ᠎ᠡ ᠤᠯᠤᠰ᠎ᠤᠨ ᠲᠦᠷᠦ᠎ᠶᠢᠨ ᠨᠠᠮ᠎ᠤᠨ ᠤᠳᠤᠷᠢᠳᠬᠤ ᠬᠥᠮᠥᠰ᠎ᠲᠦ ᠲᠦᠷᠦ᠎ᠶᠢᠨ ᠨᠠᠮ᠎ᠤᠨ ᠡᠭᠦᠷᠭᠡᠯᠡᠵᠦ ᠪᠠᠢᠭ᠎ᠠ ᠴᠢᠬᠤᠯᠠ ᠡᠭᠦᠷᠭᠡ᠎ᠶᠢ ᠬᠦᠨᠵᠡᠭᠡᠢ ᠳᠤᠳᠤᠷᠬᠠᠢᠯᠠᠨ ᠲᠠᠢᠯᠪᠤᠷᠢᠯᠠᠪᠠ᠃
ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠪᠠᠷᠢᠮᠲᠠᠯᠠᠵᠤ᠂ ᠨᠠᠮ᠎ᠤᠨ ᠲᠤᠰ ᠪᠡᠶ᠎ᠡ᠎ᠶᠢᠨ ᠬᠢᠨᠠᠯᠲᠠ ᠪᠣᠯᠣᠨ ᠠᠷᠠᠳ ᠲᠦᠮᠡᠨ᠎ᠦ ᠬᠢᠨᠠᠯᠲᠠ᠎ᠶᠢ ᠤᠶᠠᠯᠳᠤᠭᠤᠯᠵᠤ ᠪᠠᠢᠭᠠᠳ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠵᠤ᠂ ᠭᠠᠭᠴᠠ ᠬᠦ᠌ ᠥᠷᠥᠨᠡᠳᠠᠬᠢᠨ᠎ᠤ ᠲᠦᠷᠦ᠎ᠶᠢᠨ ᠨᠠᠮ᠎ᠤᠨ ᠵᠠᠭᠪᠤᠷ᠎ᠤᠨ ᠲᠥᠭᠡᠷᠢᠭᠳᠡᠯ᠎ᠢ ᠡᠪᠳᠡᠵᠦ᠂ ᠳᠡᠯᠡᠬᠡᠢ᠎ᠶᠢᠨ ᠲᠦᠷᠦ᠎ᠶᠢᠨ ᠨᠠᠮ᠎ᠤᠨ ᠪᠠᠢᠭᠤᠯᠤᠯᠲᠠ᠎ᠶᠢᠨ ᠤᠨᠤᠯ ᠪᠣᠯᠣᠨ ᠦᠢᠯᠡᠳᠦᠯᠭᠡ᠎ᠶᠢ ᠥᠷᠭᠡᠳᠬᠡᠵᠦ᠂ ᠳᠡᠯᠡᠬᠡᠢ᠎ᠶᠢᠨ ᠤᠯᠤᠰ ᠲᠦᠷᠦ᠎ᠶᠢᠨ ᠪᠣᠯᠪᠠᠰᠤᠨ᠎ᠤ ᠥᠨᠢᠷ ᠴᠡᠴᠡᠭ᠎ᠦᠨ ᠬᠦᠷᠢᠶᠡᠯᠡᠩ᠎ᠢ ᠪᠠᠶᠠᠯᠢᠭ᠍ᠵᠢᠭᠤᠯᠵᠤ᠂ ᠳᠡᠯᠡᠬᠡᠢ᠎ᠶᠢᠨ ᠲᠦᠷᠦ᠎ᠶᠢᠨ ᠨᠠᠮ᠎ᠤᠨ ᠡᠷᠬᠡ᠎ᠶᠢᠨ ᠬᠢᠨᠠᠯᠲᠠ ᠪᠣᠯᠣᠨ ᠬᠢᠵᠠᠭᠠᠷᠯᠠᠯ᠎ᠳᠤ ᠰᠢᠨ᠎ᠡ ᠲᠤᠷᠰᠢᠯᠭ᠎ᠠ ᠬᠠᠩᠭᠠᠪᠠ᠃
ᠤᠷᠤᠰ᠎ᠤᠨ ᠬᠣᠯᠪᠣᠭᠠᠨ᠎ᠤ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠭᠡᠰᠢᠭᠦᠳ᠎ᠤᠨ ᠬᠤᠷᠠᠯ᠎ᠤᠨ ᠲᠡᠷᠢᠭᠦᠯᠡᠭᠴᠢ ᠽᠢᠤᠭᠠᠨᠤᠹᠤᠨ ᠪᠢᠴᠢᠭ᠎ᠦᠨ ᠰᠢᠷᠡᠭᠡᠨ ᠳᠡᠭᠡᠷ᠎ᠡ 《ᠰᠢ ᠵᠢᠨ ᠫᠢᠩ ᠲᠦᠷᠦ᠎ᠶᠢ ᠵᠠᠰᠠᠬᠤ ᠲᠤᠬᠠᠢ》 ᠭᠡᠬᠦ ᠨᠣᠮ ᠲᠠᠯᠪᠢᠭᠠᠰᠤᠳᠠᠢ᠃ ᠲᠡᠷᠡ ᠳᠠᠬᠢᠨ ᠳᠠᠪᠲᠠᠨ ᠰᠤᠳᠤᠯᠤᠨ ᠤᠩᠰᠢᠵᠤ᠂ ᠲᠡᠭᠦᠨ᠎ᠢ ᠵᠠᠪᠠᠯ ᠤᠩᠰᠢᠬᠤ ᠨᠣᠮ᠎ᠤᠨ ᠭᠠᠷᠴᠠᠭ᠎ᠤᠨ ᠬᠠᠭᠤᠳᠠᠰᠤ᠎ᠳᠤ ᠣᠷᠣᠭᠤᠯᠵᠤ ᠪᠦᠬᠦ ᠨᠠᠮ᠎ᠳᠤ ᠲᠠᠨᠢᠯᠴᠠᠭᠤᠯᠪᠠ᠃
《ᠤᠷᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 〈ᠥᠪᠡᠷ᠎ᠪᠡᠶ᠎ᠡ᠎ᠵᠢᠨ ᠬᠤᠪᠢᠰᠬᠠᠯ ᠬᠢᠬᠦ〉 〈ᠬᠢᠲᠤᠭᠠᠨ ᠢᠷ᠎ᠢᠶᠡᠨ ᠳᠣᠲᠣᠭ᠍ᠰᠢ ᠬᠠᠨᠳᠤᠭᠤᠯᠬᠤ〉 ᠵᠣᠷᠢᠭ᠋ ᠰᠠᠨᠠᠭ᠎ᠠ᠎ᠶᠢ ᠰᠤᠷᠤᠯᠴᠠᠵᠥ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠢᠯᠵᠢᠷᠡᠯ᠎ᠢ ᠡᠰᠡᠷᠭᠦᠴᠡᠭᠰᠡᠨ ᠲᠤᠷᠰᠢᠯᠭ᠎ᠠ᠎ᠶᠢ ᠨᠠᠷᠢᠨ ᠬᠢᠨᠠᠮᠠᠭᠠᠢ ᠰᠤᠳᠤᠯᠪᠠᠯ ᠵᠣᠬᠢᠨ᠎ᠠ》᠃ ᠽᠢᠤᠭᠠᠨᠤᠹ ᠤᠯᠠᠨ ᠤᠳᠠᠭ᠎ᠠ ᠨᠠᠮ᠎ᠤᠨ ᠳᠣᠲᠣᠭᠠᠳᠤ᠎ᠶᠢᠨ ᠳᠡᠭᠡᠳᠦ ᠵᠡᠷᠭᠡ᠎ᠶᠢᠨ ᠤᠳᠤᠷᠢᠳᠬᠤ ᠺᠠᠳ᠋ᠷ᠎ᠢ ᠵᠣᠬᠢᠶᠠᠨ ᠪᠠᠢᠭᠤᠯᠵᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠲᠣᠭᠣᠷᠢᠨ᠎ᠳᠤ ᠬᠠᠮᠲᠤ᠎ᠶᠢᠨ ᠰᠤᠷᠤᠯᠴᠠᠯᠭ᠎ᠠ ᠥᠷᠨᠢᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ ᠯᠤᠭ᠎ᠠ ᠭᠦᠨᠵᠡᠭᠡᠢ ᠰᠣᠯᠢᠯᠴᠠᠭ᠎ᠠ ᠥᠷᠨᠢᠭᠦᠯᠪᠡ᠃
《ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ᠎ᠪᠠᠷ ᠳᠠᠮᠵᠢᠭᠤᠯᠤᠨ᠂ ᠳᠤᠮᠳᠠᠳᠤ ᠤᠯᠤᠰ᠎ᠤᠨ ᠡᠪ ᠬᠠᠮᠲᠤ ᠨᠠᠮ ᠨᠠᠮ᠎ᠤᠨ ᠭᠡᠰᠢᠭᠦᠨ᠎ᠢ ᠪᠦᠲᠦᠮᠵᠢᠲᠡᠢ᠎ᠪᠡᠷ ᠬᠢᠵᠠᠭᠠᠷᠯᠠᠵᠤ᠂ ᠨᠠᠮ᠎ᠤᠨ ᠳᠣᠲᠣᠭᠠᠳᠤ᠎ᠶᠢᠨ ᠪᠦᠷᠢᠯᠳᠦᠭᠦᠨ ᠨᠢᠭᠡᠪᠦᠷᠢ᠎ᠶᠢ ᠴᠥᠮ ᠥᠪᠡᠷ᠎ᠦᠨ ᠦᠢᠯᠡ ᠠᠵᠢᠯᠯᠠᠭ᠎ᠠ᠎ᠳᠠᠭᠠᠨ ᠬᠠᠷᠢᠭᠤᠴᠠᠵᠤ᠂ ᠨᠠᠮ᠎ᠤᠨ ᠭᠡᠰᠢᠭᠦᠨ᠎ᠦ ᠨᠡᠢᠭᠡᠮ᠎ᠦᠨ ᠡᠯ᠎ᠡ ᠠᠵᠢᠯ᠎ᠤᠨ ᠪᠠᠢᠷᠢᠨ᠎ᠳᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳ ᠭᠦᠢᠴᠡᠳᠬᠡᠬᠦ᠎ᠶᠢ ᠠᠬᠢᠭᠤᠯᠵᠤ᠂ ᠡᠴᠦᠰ᠎ᠲᠡᠬᠡᠨ ᠤᠯᠤᠰ᠎ᠤᠨ ᠦᠨᠡᠨ ᠪᠣᠳᠠᠲᠠᠢ ᠬᠥᠭᠵᠢᠯᠲᠡ᠎ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠠᠢ》 ᠭᠡᠵᠦ ᠲᠤᠩᠭ᠎ᠠ᠎ᠶᠢᠨ ᠳᠡᠳ᠋ ᠲᠡᠷᠢᠭᠦᠨ ᠰᠠᠢᠳ ᠯᠠᠲ᠋ᠦ᠋ ᠢᠯᠡᠳᠬᠡᠪᠡ᠃
ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠬᠥᠭᠵᠢᠯᠲᠡ᠎ᠶᠢᠨ ᠠᠮᠵᠢᠯᠲᠠ ᠪᠦᠲᠦᠮᠵᠢ ᠨᠢ ᠨᠡᠩ ᠤᠯᠠᠨ ᠭᠠᠳᠠᠭᠠᠳᠤ ᠤᠯᠤᠰ᠎ᠤᠨ ᠲᠦᠷᠦ᠎ᠶᠢᠨ ᠨᠠᠮ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 《ᠲᠦᠷᠦ ᠪᠠᠷᠢᠬᠤ ᠨᠢᠭᠤᠴᠠ ᠨᠣᠮᠧᠷ》 ᠢ᠋ ᠭᠦᠨᠵᠡᠭᠡᠢ ᠣᠢᠯᠠᠭᠠᠬᠤ ᠳᠤᠷᠠᠲᠠᠢ ᠪᠣᠯᠭᠠᠪᠠ᠃ ᠠᠽᠢᠶ᠎ᠠ ᠲᠢᠪ᠎ᠡᠴᠡ ᠠᠹᠷᠢᠺᠠ ᠲᠢᠪ ᠬᠦᠷᠲᠡᠯ᠎ᠡ᠂ ᠯᠠᠲ᠋ᠢᠨ ᠠᠮᠧᠷᠢᠺᠠ ᠲᠢᠪ᠎ᠡᠴᠡ ᠡᠸᠦ᠋ᠷᠦᠫᠡ ᠲᠢᠪ ᠬᠦᠷᠲᠡᠯ᠎ᠡ ᠁ ᠤᠯᠠᠮ᠎ᠡᠴᠡ ᠤᠯᠠᠨ ᠲᠦᠷᠦ᠎ᠶᠢᠨ ᠨᠠᠮ ᠬᠠᠷᠡᠴᠡ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠦᠢᠯᠡᠳᠦᠯᠭᠡ᠎ᠳᠦ ᠬᠠᠨᠳᠤᠭᠤᠯᠵᠤ᠂ ᠲᠡᠭᠦᠨ᠎ᠦ ᠳᠤᠮᠳᠠ᠎ᠡᠴᠡ ᠥᠪᠡᠷ᠎ᠦᠨ ᠬᠦᠴᠢᠷ ᠠᠰᠠᠭᠤᠳᠠᠯ᠎ᠢᠶᠠᠨ ᠰᠢᠢᠳᠪᠦᠷᠢᠯᠡᠬᠦ ᠲᠦᠯᠬᠢᠭᠦᠷ᠎ᠢ ᠡᠷᠢᠵᠦ ᠣᠯᠬᠤ᠎ᠶᠢ ᠬᠦᠰᠡᠵᠦ ᠪᠠᠢᠨ᠎ᠠ —
ᠺᠠᠮᠪᠤᠵᠠ᠎ᠶᠢᠨ ᠠᠷᠠᠳ᠎ᠤᠨ ᠨᠠᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 《ᠪᠠᠷᠰ》 《ᠢᠯᠠᠭ᠎ᠠ》 ᠵᠢ ᠬᠠᠮᠲᠤ ᠳ᠋ᠤᠨᠢ ᠴᠣᠬᠢᠬᠰᠠᠨ ᠠᠷᠭ᠎ᠠ᠎ᠪᠠᠷ ᠵᠠᠭᠪᠤᠷ ᠪᠣᠯᠭᠠᠵᠤ᠂ 《〈ᠲᠣᠮᠣ᠌ ᠵᠢᠭᠠᠰᠤ〉 〈ᠵᠢᠵᠢᠭ ᠵᠢᠷᠠᠭᠠᠬᠠᠢ〉 ᠵᠢ ᠬᠠᠮᠲᠤ ᠳ᠋ᠤᠨᠢ ᠪᠠᠷᠢᠬᠤ》 ᠢᠯᠵᠢᠷᠠᠯ᠎ᠢ ᠡᠰᠡᠷᠭᠦᠴᠡᠬᠦ ᠴᠢᠭᠯᠡᠯᠲᠡ᠎ᠶᠢ ᠳᠤᠷᠠᠳᠤᠨ ᠭᠠᠷᠭᠠᠪᠠ; ᠲᠠᠨᠽᠠᠨᠢᠶ᠎ᠠ᠎ᠶᠢᠨ ᠬᠤᠪᠢᠰᠬᠠᠯᠲᠤ ᠨᠠᠮ ᠲᠥᠪ᠎ᠤᠨ ᠨᠠᠢ᠍ᠮᠠᠨ ᠲᠣᠭᠲᠠᠭᠠᠯ᠎ᠢᠶᠠᠷ ᠲᠣᠯᠢ ᠪᠣᠯᠭᠠᠵᠤ᠂ ᠲᠠᠨᠽᠠᠨᠢᠶ᠎ᠠ᠎ᠶᠢᠨ ᠬᠡᠪᠯᠡᠯ᠎ᠦᠨ 《ᠨᠠᠢ᠍ᠮᠠᠨ ᠲᠣᠭᠲᠠᠭᠠᠯ》 ᠢ᠋ ᠭᠠᠷᠭᠠᠪᠠ; ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠳᠣᠲᠣᠭᠠᠳᠤ᠎ᠶᠢᠨ ᠬᠢᠨᠠᠯᠲᠠ ᠲᠠᠯᠪᠢᠬᠤ ᠲᠣᠭᠲᠡᠴᠡ᠎ᠪᠠᠷ ᠯᠠᠪᠯᠠᠯᠲᠠ ᠪᠣᠯᠭᠠᠵᠤ᠂ ᠢᠰᠫᠠᠨᠢ᠎ᠶᠢᠨ ᠠᠷᠠᠳ᠎ᠤᠨ ᠨᠠᠮ ᠨᠢ ᠠᠷᠠᠳ᠎ᠤᠨ ᠬᠢᠨᠠᠯᠲᠠ ᠲᠠᠯᠪᠢᠬᠤ ᠠᠯᠪᠠᠨ ᠭᠡᠷ᠎ᠢ ᠪᠠᠢᠭᠤᠯᠪᠠ ᠁
ᠮᠤᠯᠳᠤᠸᠠ ᠵᠢᠨ ᠡᠪ ᠬᠠᠮᠲᠤᠴᠤᠳ᠎ᠤᠨ ᠨᠠᠮ᠎ᠤᠨ ᠨᠡᠷ᠎ᠡ ᠬᠦᠨᠳᠦᠲᠦ ᠲᠡᠷᠢᠭᠦᠯᠡᠭᠴᠢ᠂ ᠤᠤᠯ᠎ᠤᠨ ᠶᠡᠷᠦᠩᠬᠡᠢᠯᠡᠭᠴᠢ ᠸᠸᠷᠤᠨᠢᠨ᠂ ᠳᠤᠮᠳᠠᠳᠤ ᠤᠯᠤᠰ᠎ᠤᠨ ᠡᠪ ᠬᠠᠮᠲᠤ ᠨᠠᠮ ᠵᠣᠷᠢᠭ᠍ᠲᠠᠢ᠎ᠪᠠᠷ ᠲᠤᠰ ᠪᠡᠶ᠎ᠡ᠎ᠶᠢᠨ ᠠᠰᠠᠭᠤᠳᠠᠯ᠎ᠳᠤ ᠬᠠᠨᠳᠤᠵᠤ᠂ ᠵᠣᠷᠢᠭ᠍ᠲᠠᠢ᠎ᠪᠠᠷ ᠥᠪᠡᠷ᠎ᠢ᠎ᠪᠡᠨ ᠵᠠᠯᠠᠷᠠᠭᠤᠯᠬᠤ ᠪᠠ ᠰᠢᠨᠡᠴᠢᠯᠡᠪᠡ᠃ ᠡᠪ ᠬᠠᠮᠲᠤ ᠨᠠᠮ ᠪᠣᠯ ᠠᠮᠢᠵᠢᠷᠠᠯ᠎ᠤᠨ ᠬᠦᠴᠦᠨ᠎ᠲᠠᠢ᠂ ᠥᠷᠢᠰᠦᠯᠳᠦᠬᠦ ᠬᠦᠴᠦᠨ᠎ᠲᠠᠢ ᠲᠥᠷᠥ᠎ᠶᠢᠨ ᠨᠠᠮ ᠮᠥᠨ ᠭᠡᠳᠡᠭ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠢᠯᠵᠢᠷᠠᠯ᠎ᠢ ᠡᠰᠡᠷᠭᠦᠴᠡᠬᠦ ᠲᠡᠮᠡᠴᠡᠯ᠎ᠦᠨ ᠠᠮᠵᠢᠯᠲᠠ ᠪᠦᠲᠦᠮᠵᠢ ᠳᠠᠬᠢᠨᠲᠠ ᠭᠡᠷᠡᠴᠢᠯᠡᠵᠠᠢ ᠭᠡᠵᠦ ᠢᠯᠡᠳᠭᠡᠪᠡ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠭᠠᠳᠠᠭᠠᠳᠤ᠎ᠲᠠᠢ ᠬᠣᠯᠪᠣᠭ᠎ᠠ ᠠᠪᠬᠤ ᠬᠡᠯᠲᠡᠰ᠎ᠦᠨ ᠤᠷᠢᠯᠭ᠎ᠠ᠎ᠪᠠᠷ᠂ ᠡᠮᠦᠨᠡᠲᠦ ᠠᠹᠷᠢᠺᠠ᠎ᠶᠢᠨ ᠡᠪ ᠬᠠᠮᠲᠤ ᠨᠠᠮ᠎ᠤᠨ ᠶᠡᠷᠦᠩᠬᠡᠢ ᠱᠦᠵᠢ ᠮᠠᠫᠠᠢᠯᠠ ᠣᠢᠷ᠎ᠠ᠎ᠶᠢᠨ ᠵᠢᠯ᠎ᠳᠦ ᠤᠯᠠᠨ ᠤᠳᠠᠭ᠎ᠠ ᠳᠡᠭᠡᠳᠦ ᠵᠡᠷᠭᠡ᠎ᠶᠢᠨ ᠺᠠᠳ᠋ᠷ᠎ᠤᠨ ᠰᠢᠨᠵᠢᠯᠡᠨ ᠪᠠᠢᠴᠠᠭᠠᠬᠤ ᠪᠦᠯᠬᠦᠮᠵᠢᠡᠨ ᠳᠠᠭᠠᠭᠤᠯᠤᠨ ᠳᠤᠮᠳᠠᠳᠤ ᠤᠯᠤᠰ᠎ᠲᠤ ᠠᠢᠯᠴᠢᠯᠠᠪᠠ᠃ ᠲᠡᠷᠡ᠂ ᠡᠮᠦᠨᠡᠲᠦ ᠠᠹᠷᠢᠺᠠ᠎ᠶᠢᠨ ᠦᠨᠳᠦᠰᠦᠲᠡᠨ᠎ᠦ ᠠᠷᠠᠳᠴᠢᠯᠠᠭᠰᠠᠨ ᠬᠤᠪᠢᠰᠬᠠᠯ᠎ᠤᠨ ᠤᠳᠤᠷᠢᠳᠬᠤ ᠬᠦᠴᠦᠨ᠎ᠦ ᠢᠯᠵᠢᠷᠡᠯ ᠪᠠ ᠰᠠᠬᠢᠯᠭ᠎ᠠ ᠪᠠᠲᠤ ᠰᠤᠯᠠ ᠵᠠᠳᠠᠭᠠᠢ ᠪᠠᠢᠬᠤ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ᠂ ᠡᠮᠦᠨᠡᠲᠦ ᠠᠹᠷᠢᠺᠠ ᠰᠠᠬᠢᠯᠭ᠎ᠠ ᠪᠠᠲᠤ᠎ᠶᠢᠨ ᠵᠥᠪᠯᠡᠯ ᠪᠠᠶ᠋ᠢᠭᠤᠯᠬᠤ᠎ᠵᠢ ᠬᠠᠮᠲᠦ ᠪᠡᠷ ᠰᠦᠪᠡᠭᠴᠢᠯᠡᠪᠡ᠃ 《ᠪᠢᠳᠡ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠠᠯ᠎ᠠ᠎ᠪᠠᠷ ᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠷᠰᠢᠯᠭ᠎ᠠ ᠬᠢᠳᠡᠯ᠎ᠢ ᠰᠤᠷᠤᠯᠴᠠᠬᠤ᠎ᠶᠢ ᠬᠦᠰᠡᠵᠦ ᠪᠠᠢᠨ᠎ᠠ》 ᠭᠡᠪᠡ᠃
ᠲᠦᠷᠦ᠎ᠶᠢᠨ ᠡᠷᠬᠡ᠎ᠶᠢ ᠲᠦᠮᠡᠨ᠎ᠦ ᠪᠣᠯᠭᠠᠬᠤ ᠠᠨ᠎ᠤ ᠲᠡᠭᠷᠢ᠎ᠶᠢᠨ ᠶᠣᠰᠣᠨ ᠪᠣᠯᠠᠢ᠂ ᠲᠡᠭᠷᠢ᠎ᠵᠢᠨ ᠲᠤᠤᠷᠠᠬᠢ ᠶᠡᠬᠡ ᠶᠤᠰᠤᠨ ᠠᠨ᠎ᠤ ᠲᠦᠪ ᠭᠤᠤᠯᠴᠢ ᠪᠠᠢᠬᠤ᠎ᠵᠢ ᠡᠷᠬᠢᠮᠯᠡᠮᠤᠢ᠃ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠠᠬᠢᠭᠤᠯᠤᠭᠰᠠᠨ ᠦᠢᠯᠡᠳᠦᠯᠭᠡ᠎ᠶᠢᠨ ᠲᠤᠷᠰᠢᠯᠭ᠎ᠠ ᠲᠠᠰᠤᠷᠠᠯᠲᠠ ᠦᠭᠡᠢ ᠪᠦᠬᠦ ᠪᠥᠮᠪᠥᠷᠴᠡᠭ᠎ᠦᠨ ᠵᠠᠰᠠᠯᠲᠠ᠎ᠶᠢᠨ ᠤᠯᠠᠨ ᠨᠡᠶ᠋ᠢᠲᠡ᠎ᠶᠢᠨ ᠦᠢᠯᠡᠳᠬᠦᠨ ᠪᠣᠯᠵᠤ ᠬᠤᠪᠢᠷᠠᠨ᠂ ᠳᠡᠯᠡᠬᠡᠢ ᠳ᠋ᠠᠬᠢᠨ᠎ᠤ ᠢᠯᠵᠢᠷᠡᠯ᠎ᠢ ᠡᠰᠡᠷᠭᠦᠴᠡᠬᠦ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠳᠦ ᠠᠰᠢᠭ᠍ᠲᠠᠢ ᠲᠣᠯᠢᠳᠠᠯ ᠬᠠᠩᠭᠠᠵᠠᠢ᠃
2014 ᠣᠨ ᠤ᠋ ᠠ᠋ᠠᠽᠢᠶᠡ ᠲᠢᠪ ᠨᠣᠮᠣᠬᠠᠨ ᠳᠠᠯᠠᠶ᠎ᠶᠢᠨ ᠡᠣᠷᠣᠠ ᠪ ᠠ᠋ᠠᠵᠤ ᠠ᠋ᠠᠬᠣᠢ ᠵᠢᠠ ᠬᠠᠮᠲᠤᠷᠠᠯᠴᠠᠭᠠᠨ ᠪ ᠵᠣᠬᠢᠶᠠᠨ ᠪᠠᠢᠭᠤᠯᠤᠯᠲᠠ᠎ᠶᠢᠨ ᠡᠣᠳᠣᠷᠢᠣᠠᠬᠤ ᠬᠥᠮᠦᠰ᠎ᠦᠨ ᠬᠣᠷᠢᠨ ᠬᠣᠶᠠᠳᠤᠭᠠᠷ ᠤᠳᠠᠭᠠᠨ ᠤ᠋ ᠠ᠋ᠠᠯᠪᠠᠠ ᠶᠣᠰᠣᠨ ᠪ ᠪᠤᠰᠤ ᠬᠤᠷᠠᠯᠳᠤᠭᠠᠨ ᠳᠡᠭᠡᠷ᠎ᠡ᠂ ᠠᠽᠢᠶ᠎ᠡ ᠲᠢᠪ ᠨᠣᠮᠣᠬᠠᠨ ᠳᠠᠯᠠᠶ᠎ᠶᠢᠨ ᠡᠣᠷᠣᠠ ᠪ ᠢᠯᠵᠢᠷᠠᠯ᠎ᠢ ᠡᠰᠡᠷᠭᠦᠴᠡᠬᠦ ᠬᠠᠮᠲᠤᠷᠠᠯᠴᠠᠭ᠎ᠠ᠎ᠵᠢ ᠶᠡᠬᠡᠪᠡᠷ ᠠᠬᠢᠭᠤᠯᠵᠤ᠂ ᠠᠽᠢᠶ᠎ᠡ ᠲᠢᠪ ᠨᠣᠮᠣᠬᠠᠨ ᠳᠠᠯᠠᠶ᠎ᠶᠢᠨ ᠡᠣᠷᠣᠠ ᠪ ᠠ᠋ᠠᠵᠤ ᠠ᠋ᠠᠬᠣᠢ ᠵᠢᠠ ᠬᠠᠮᠲᠤᠷᠠᠯᠴᠠᠭᠠᠨ ᠪ ᠵᠣᠬᠢᠶᠠᠨ ᠪᠠᠢᠭᠤᠯᠤᠯᠲᠠ᠎ᠶᠢᠨ ᠢᠯᠵᠢᠷᠠᠯ᠎ᠢ ᠡᠰᠡᠷᠭᠦᠴᠡᠬᠦ ᠬᠠᠤᠯᠢ ᠬᠡᠷᠡᠭᠵᠢᠭᠦᠯᠬᠦ ᠬᠠᠮᠲᠤᠷᠠᠯᠴᠠᠭᠠᠨ᠎ᠤ ᠲᠤᠤᠷ ᠰᠦᠯᠵᠢᠶ᠎ᠡ᠎ᠵᠢ ᠪᠠᠢᠭᠤᠯᠬᠤ᠎ᠵᠢ ᠳᠤᠷᠠᠳᠴᠤ᠂ 《ᠪᠡᠭᠡᠵᠢᠨᠭ᠎ᠤᠨ ᠢᠯᠵᠢᠷᠠᠯ᠎ᠢ ᠡᠰᠡᠷᠭᠦᠴᠡᠬᠦ ᠲᠤᠨᠭᠬᠠᠭ》 ᠢ᠋ ᠪᠠᠲᠤᠯᠠᠬᠤ᠎ᠵᠢ ᠠᠬᠢᠭᠤᠯᠪᠠ; 2024 ᠣᠨ᠎ᠤ ᠬᠣᠷᠢᠨ ᠤᠯᠤᠰ᠎ᠤᠨ ᠪᠦᠯᠦᠭᠯᠡᠯ᠎ᠦᠨ ᠤᠳᠤᠷᠢᠳᠬᠤ ᠬᠥᠮᠥᠰ᠎ᠦᠨ ᠠᠷᠪᠠ ᠶᠢᠰᠦᠳᠦᠭᠡᠷ ᠤᠳᠠᠭ᠎ᠠ᠎ᠶᠢᠨ ᠲᠦᠷᠦᠭᠦᠴᠦᠳ᠎ᠦᠨ ᠬᠤᠷᠠᠯ᠎ᠤᠨ ᠬᠤᠭᠤᠴᠠᠭᠠᠨ᠎ᠳᠤ ᠳᠤᠮᠳᠠᠳᠤ ᠤᠯᠤᠰ ᠬᠣᠷᠢᠨ ᠤᠯᠤᠰ᠎ᠤᠨ ᠪᠦᠯᠦᠭᠯᠡᠯ᠎ᠦᠨ 《ᠢᠯᠵᠢᠷᠡᠯ᠎ᠢ ᠡᠰᠡᠷᠭᠦᠴᠡᠬᠦ ᠠᠵᠢᠯᠯᠠᠭᠠᠨ᠎ᠤ ᠲᠥᠯᠥᠪᠯᠡᠭᠡ》 ᠶ᠋ᠢ ᠨᠠᠢᠳᠠᠪᠤᠷᠢᠵᠢᠭᠤᠯᠬᠤ᠎ᠶᠢ ᠪᠠᠭᠲᠠᠭᠠᠭᠰᠠᠨ ᠪᠦᠬᠦ ᠪᠥᠮᠪᠥᠷᠴᠡᠭ᠎ᠦᠨ ᠬᠥᠭᠵᠢᠯᠲᠡ᠎ᠶᠢ ᠳᠡᠮᠵᠢᠬᠦ ᠨᠠᠢ᠍ᠮᠠᠨ ᠵᠦᠢᠯ᠎ᠦᠨ ᠠᠵᠢᠯᠯᠠᠭ᠎ᠠ᠎ᠶᠢ ᠨᠡᠢᠲᠡᠯᠡᠪᠡ ᠁ ᠶᠡᠷᠦᠩᠬᠡᠢ ᠱᠦᠵᠢ ᠰᠢ ᠵᠢᠨ ᠫᠢᠩ ᠪᠦᠬᠦ ᠪᠥᠮᠪᠥᠷᠴᠡᠭ᠎ᠦᠨ ᠴᠢᠬᠤᠯᠠ ᠤᠯᠠᠨ ᠲᠠᠯᠠᠲᠤ ᠲᠠᠪᠴᠠᠩ᠎ᠳᠦ ᠪᠦᠬᠦ ᠪᠥᠮᠪᠥᠷᠴᠡᠭ᠎ᠦᠨ ᠢᠯᠵᠢᠷᠡᠯ᠎ᠢ ᠡᠰᠡᠷᠭᠦᠴᠡᠬᠦ ᠬᠠᠮᠲᠤᠷᠠᠯᠴᠠᠭ᠎ᠠ᠎ᠶᠢ ᠦᠷᠭᠦᠯᠵᠢᠯᠡᠨ ᠠᠬᠢᠭᠤᠯᠪᠠ᠃
ᠬᠦᠲᠦᠯᠪᠦᠷᠢ᠎ᠵᠢ ᠠᠳᠬᠤᠪᠠᠯ ᠠᠯᠢᠪᠠ ᠪᠦᠬᠦᠨ ᠨᠢ ᠳᠠᠭᠠᠯᠳᠤᠨ ᠰᠢᠢᠳᠪᠦᠷᠢᠯᠡᠭᠳᠡᠨ᠎ᠡ᠃ ᠳᠤᠮᠳᠠᠳᠤ ᠤᠯᠤᠰ ᠪᠣᠳᠠᠲᠤ ᠠᠵᠢᠯᠯᠠᠭ᠎ᠠ᠎ᠪᠠᠷ᠎ᠢᠶᠠᠨ ᠪᠦᠬᠦ ᠪᠥᠮᠪᠥᠷᠴᠡᠭ᠎ᠦᠨ ᠢᠯᠵᠢᠷᠡᠯ᠎ᠢ ᠡᠰᠡᠷᠭᠦᠴᠡᠬᠦ ᠵᠠᠰᠠᠯᠲᠠ᠎ᠶᠢᠨ ᠨᠡᠩ ᠡᠷᠬᠡ ᠲᠡᠭᠰᠢ᠂ ᠲᠥᠪ ᠭᠣᠣᠯᠴᠢ᠂ ᠪᠦᠲᠦᠮᠵᠢᠲᠡᠢ ᠴᠢᠭᠯᠡᠯ᠎ᠢᠶᠡᠷ ᠤᠷᠤᠭᠰᠢᠯᠠᠬᠤ᠎ᠶᠢ ᠦᠷᠭᠦᠯᠵᠢᠯᠡᠨ ᠠᠬᠢᠭᠤᠯᠤᠨ᠎ᠠ —
《ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠢᠯᠵᠢᠷᠠᠯ᠎ᠢ ᠡᠰᠡᠷᠭᠦᠴᠡᠬᠦ ᠨᠡᠶ᠋ᠢᠲᠡ᠎ᠶᠢᠨ ᠭᠡᠷ᠎ᠡ》 ᠵᠢᠨ ᠡᠭᠦᠷᠭᠡ᠎ᠶᠢ ᠢᠮᠠᠭᠲᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠬᠤ ᠪᠠ ᠪᠦᠬᠦ ᠲᠠᠯ᠎ᠠ᠎ᠪᠠᠷ ᠭᠦᠢᠴᠡᠳᠬᠡᠵᠦ᠂ ᠤᠯᠠᠨ ᠲᠠᠯᠠᠲᠤ ᠪᠣᠷᠣ᠌ ᠲᠥᠯᠥᠪ᠎ᠦᠨ ᠳᠣᠣᠷᠠᠬᠢ ᠢᠯᠵᠢᠷᠠᠯ᠎ᠢ ᠡᠰᠡᠷᠭᠦᠴᠡᠬᠦ ᠬᠠᠮᠲᠤᠷᠠᠯᠴᠠᠭ᠎ᠠ᠎ᠶᠢ ᠠᠬᠢᠭᠤᠯᠵᠤ᠂ ᠤᠯᠠᠨ ᠵᠢᠯ᠎ᠦᠨ ᠲᠤᠷᠰᠢ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠬᠣᠣᠷᠲᠤ ᠡᠳ᠋ ᠪᠠ ᠶᠠᠯᠠᠲᠤ ᠠᠵᠢᠯᠯᠠᠭ᠎ᠠ᠎ᠵᠢᠨ ᠠᠰᠠᠭᠤᠳᠠᠯ᠎ᠤᠨ ᠠᠯᠪᠠᠨ ᠭᠡᠷ᠎ᠤᠨ ᠢᠯᠵᠢᠷᠠᠯ᠎ᠢ ᠡᠰᠡᠷᠭᠦᠴᠡᠬᠦ ᠬᠠᠮᠲᠤᠷᠠᠯᠴᠠᠭᠠᠨ᠎ᠤ ᠲᠦᠷᠦᠯ ᠵᠦᠢᠯ᠎ᠢ ᠵᠣᠭᠣᠰ ᠮᠥᠩᠭᠥ᠎ᠪᠡᠷ ᠲᠤᠰᠠᠯᠠᠪᠠ;
ᠠᠷᠢᠭᠤᠨ ᠴᠢᠬᠡᠴᠢ ᠲᠣᠷᠭᠠᠨ ᠵᠠᠮ᠎ᠤᠨ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠲᠦᠭᠡᠨ ᠪᠠᠶ᠋ᠢᠭᠤᠯᠬᠤ᠎ᠶᠢᠨ ᠴᠢᠨᠠᠷ ᠰᠠᠢᠲᠠᠢ ᠬᠥᠭᠵᠢᠯᠲᠡ᠎ᠳᠦ ᠪᠠᠲᠤᠯᠠᠭ᠎ᠠ ᠬᠠᠩᠭᠠᠵᠤ᠂ ᠣᠯᠠᠨ ᠤᠯᠤᠰ᠎ᠤᠨ ᠠᠵᠢᠯ ᠲᠥᠷᠥᠯ᠎ᠦᠨ ᠪᠠᠢᠭᠤᠯᠤᠮᠵᠢ᠎ᠲᠠᠢ ᠢᠯᠵᠢᠷᠠᠯ᠎ᠢ ᠡᠰᠡᠷᠭᠦᠴᠡᠬᠦ ᠬᠠᠮᠲᠤᠷᠠᠯᠴᠠᠭᠠᠨ᠎ᠤ ᠰᠠᠨᠠᠮᠵᠢ᠎ᠶᠢᠨ ᠪᠢᠴᠢᠭ᠎ᠲᠦ ᠭᠠᠷᠤᠨ ᠥᠰᠥᠭ ᠵᠢᠷᠤᠵᠤ᠂ ᠠᠷᠢᠭᠤᠨ ᠴᠢᠬᠡᠴᠢ ᠲᠣᠷᠭᠠᠨ ᠵᠠᠮ᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠶᠢ ᠮᠠᠨ᠎ᠤ ᠤᠯᠤᠰ ᠪᠣᠯᠣᠨ ᠬᠡᠳᠦᠨ ᠠᠷᠪᠠᠨ ᠤᠯᠤᠰ᠎ᠤᠨ ᠬᠣᠶᠠᠷ ᠲᠠᠯ᠎ᠠ᠎ᠶᠢᠨ ᠬᠠᠮᠲᠤᠷᠠᠯᠴᠠᠭᠠᠨ᠎ᠤ ᠪᠢᠴᠢᠭ ᠮᠠᠲᠧᠷᠢᠶᠠᠯ᠎ᠳᠤ ᠪᠢᠴᠢᠵᠦ ᠣᠷᠣᠭᠤᠯᠪᠠ;
ᠣᠯᠠᠨ ᠤᠯᠤᠰ᠎ᠤᠨ ᠢᠯᠵᠢᠷᠠᠯ᠎ᠢ ᠡᠰᠡᠷᠭᠦᠴᠡᠬᠦ ᠪᠣᠯᠪᠠᠰᠤᠷᠠᠯ᠎ᠤᠨ ᠠᠩᠭᠢ᠂ ᠰᠤᠳᠤᠯᠤᠨ ᠰᠤᠷᠤᠯᠴᠠᠬᠤ ᠠᠩᠭᠢ᠎ᠶᠢ ᠡᠷᠬᠢᠯᠡᠵᠦ᠂ ᠣᠯᠠᠨ ᠤᠯᠤᠰ᠎ᠤᠨ ᠢᠯᠵᠢᠷᠠᠯ᠎ᠢ ᠡᠰᠡᠷᠭᠦᠴᠡᠬᠦ ᠪᠠᠢᠭᠤᠯᠤᠮᠵᠢ᠎ᠶᠢᠨ ᠠᠯᠪᠠᠨ ᠲᠤᠰᠢᠶᠠᠯᠲᠠᠨ᠎ᠳᠤ ᠲᠤᠷᠰᠢᠯᠭ᠎ᠠ ᠤᠯᠠᠮᠵᠢᠯᠠᠪᠠ;
᠁᠁
ᠣᠢᠷ᠎ᠠ᠎ᠶᠢᠨ ᠵᠢᠯ᠎ᠡᠴᠡ᠂ ᠤᠯᠠᠮ᠎ᠡᠴᠡ ᠤᠯᠠᠨ ᠭᠠᠳᠠᠭᠠᠳᠤ᠎ᠶᠢᠨ ᠤᠳᠤᠷᠢᠳᠬᠤ ᠬᠥᠮᠥᠨ ᠳᠤᠮᠳᠠᠳᠤ ᠤᠯᠤᠰ᠎ᠲᠤ ᠠᠢᠯᠴᠢᠯᠠᠬᠤ ᠬᠤᠭᠤᠴᠠᠭᠠᠨ᠎ᠳᠠᠭᠠᠨ ᠳᠤᠮᠳᠠᠳᠤ ᠤᠯᠤᠰ᠎ᠤᠨ ᠡᠯ᠎ᠡ ᠭᠠᠵᠠᠷ᠎ᠲᠤ ᠬᠦᠷᠴᠦ᠂ ᠲᠤᠬᠠᠢ᠎ᠶᠢᠨ ᠭᠠᠵᠠᠷ᠎ᠲᠤ ᠲᠣᠭᠣᠷᠢᠨ ᠠᠢᠯᠴᠢᠯᠠᠬᠤ᠎ᠳᠠᠭᠠᠨ ᠦᠨᠡᠨ ᠪᠣᠳᠠᠲᠠᠢ ᠪᠣᠰᠣᠭ᠎ᠠ ᠴᠣᠭᠴᠠᠲᠤ ᠳᠤᠮᠳᠠᠳᠤ ᠤᠯᠤᠰ᠎ᠢ ᠪᠦᠬᠦ ᠲᠠᠯ᠎ᠠ᠎ᠪᠠᠷ ᠭᠦᠨᠵᠡᠭᠡᠢ ᠣᠢᠯᠠᠭᠠᠬᠤ ᠪᠣᠯᠪᠠ᠄ ᠳᠤᠮᠳᠠᠳᠤ ᠤᠯᠤᠰ᠎ᠤᠨ ᠡᠪ ᠬᠠᠮᠲᠤ ᠨᠠᠮ ᠬᠢᠲᠤᠭᠠᠨ᠎ᠤ ᠢᠷ᠎ᠢ ᠳᠣᠲᠣᠭ᠍ᠰᠢ ᠬᠠᠨᠳᠤᠭᠤᠯᠬᠤ ᠰᠥᠰᠥ ᠵᠣᠷᠢᠭ᠋᠎ᠢᠶᠠᠷ ᠥᠪᠡᠷ᠎ᠢ᠎ᠪᠡᠨ ᠳᠠᠪᠲᠠᠨ ᠪᠣᠯᠪᠠᠰᠤᠷᠠᠭᠤᠯᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠣᠯᠣᠨ ᠰᠢᠯᠢᠳᠡᠭ ᠰᠤᠷᠲᠠᠯ᠎ᠢᠶᠠᠷ ᠠᠷᠠᠳ ᠲᠦᠮᠡᠨ᠎ᠦ ᠢᠲᠡᠭᠡᠯ᠎ᠢ ᠣᠯᠵᠤ᠂ ᠬᠦᠴᠦᠷᠬᠡᠭ ᠶᠡᠬᠡ ᠵᠣᠬᠢᠶᠠᠨ ᠪᠠᠶ᠋ᠢᠭᠤᠯᠬᠤ ᠴᠢᠳᠠᠪᠤᠷᠢ᠎ᠪᠠᠷ ᠬᠥᠭᠵᠢᠯᠲᠡ᠎ᠶᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃ ᠶᠠᠭ ᠡᠢᠮᠦ ᠨᠢᠭᠡᠨ ᠡᠷᠡᠰ ᠴᠢᠩᠭ᠎ᠠ ᠬᠦᠴᠦᠨ ᠲᠡᠭᠦᠯᠳᠡᠷ ᠲᠦᠷᠦ ᠪᠠᠷᠢᠭ᠍ᠴᠢ ᠨᠠᠮ ᠳᠤᠮᠳᠠᠳᠤ ᠤᠯᠤᠰ᠎ᠢ ᠬᠥᠲᠥᠯᠥᠨ ᠵᠢᠯᠤᠭᠣᠳᠴᠤ ᠤᠯᠤᠰ᠎ᠤᠨ ᠪᠠᠢᠳᠠᠯ᠎ᠳᠤ ᠨᠡᠢᠴᠡᠭᠰᠡᠨ ᠣᠳᠣᠬᠢᠴᠢᠯᠠᠯᠲᠠ᠎ᠶᠢᠨ ᠵᠠᠮ᠎ᠢᠶᠠᠷ ᠵᠠᠮᠨᠠᠭᠤᠯᠵᠤ᠂ ᠬᠥᠮᠥᠨ ᠲᠥᠷᠥᠯᠬᠢᠲᠡᠨ᠎ᠦ ᠪᠣᠯᠪᠠᠰᠤᠨ᠎ᠤ ᠰᠢᠨ᠎ᠡ ᠬᠡᠯᠪᠡᠷᠢ ᠪᠠᠢᠳᠠᠯ᠎ᠢ ᠡᠭᠦᠳᠦᠨ ᠨᠡᠭᠡᠭᠡᠭᠰᠡᠨ ᠶᠤᠮ᠃
ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠮᠥᠨ᠂ ᠳᠤᠮᠳᠠᠳᠤ ᠤᠯᠤᠰ ᠶᠠᠭ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ ᠪᠠᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ᠂ ᠨᠠᠮ᠎ᠢ ᠵᠠᠰᠠᠬᠤ ᠲᠦᠷᠦ᠎ᠶᠢ ᠵᠠᠰᠠᠬᠤ ᠦᠢᠯᠡᠳᠦᠯᠭᠡ᠎ᠶᠢᠨ ᠲᠤᠷᠰᠢᠯᠭ᠎ᠠ᠎ᠶᠢ ᠬᠤᠪᠢᠶᠠᠯᠴᠠᠵᠤ᠂ ᠳᠡᠯᠡᠬᠡᠢ᠎ᠶᠢᠨ ᠡᠯ᠎ᠡ ᠤᠯᠤᠰ᠎ᠤᠨ ᠲᠦᠷᠦ᠎ᠶᠢᠨ ᠨᠠᠮ ᠢᠯᠠᠩᠭᠤᠶ᠎ᠠ ᠪᠦᠬᠦ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠨ ᠲᠦᠷᠦ᠎ᠶᠢᠨ ᠨᠠᠮ᠎ᠳᠤ ᠲᠤᠰ ᠤᠯᠤᠰ᠎ᠤᠨ᠎ᠢᠶᠠᠨ ᠤᠯᠤᠰ᠎ᠤᠨ ᠪᠠᠢᠳᠠᠯ᠎ᠳᠤ ᠨᠡᠢᠴᠡᠭᠰᠡᠨ ᠵᠠᠰᠠᠯᠲᠠ᠎ᠶᠢᠨ ᠵᠠᠮ᠎ᠢ ᠨᠡᠭᠡᠭᠡᠵᠦ᠂ ᠳᠡᠯᠡᠬᠡᠢ᠎ᠶᠢᠨ ᠤᠯᠤᠰ ᠲᠦᠷᠦ᠎ᠶᠢᠨ ᠪᠣᠯᠪᠠᠰᠤᠨ᠎ᠤ ᠬᠥᠭᠵᠢᠯᠲᠡ᠎ᠳᠦ ᠳᠤᠮᠳᠠᠳᠤ ᠤᠯᠤᠰ᠎ᠤᠨ ᠤᠶᠤᠨ ᠤᠬᠠᠭᠠᠨ ᠪᠣᠯᠣᠨ ᠳᠤᠮᠳᠠᠳᠤ ᠤᠯᠤᠰ᠎ᠤᠨ ᠲᠥᠰᠥᠯ᠎ᠢ ᠦᠷᠭᠦᠯᠵᠢᠯᠡᠨ ᠬᠠᠩᠭᠠᠨ᠎ᠠ᠃
(ᠰᠢᠨᠬᠤᠸᠠ ᠬᠣᠷᠢᠶ᠎ᠠ᠎ᠵᠢᠨ ᠪᠡᠭᠡᠵᠢᠩ᠎ᠦᠨ 10 ᠰᠠᠷ᠎ᠠ᠎ᠶᠢᠨ 28 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃