2026-11-04 11:04:50
ᠰᠢ ᠵᠢᠨ ᠫᠢᠩ ᠵᠤᠤ ᠯᠸ ᠵᠢᠢ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠪᠠᠪᠣᠣᠱᠠᠨ᠎ᠳᠠᠬᠢ ᠬᠤᠪᠢᠰᠬᠠᠯᠴᠢᠳ᠎ᠤᠨ ᠨᠡᠶ᠋ᠢᠲᠡ᠎ᠶᠢᠨ ᠪᠤᠩᠬᠤᠨ᠎ᠳᠤ ᠬᠦᠷᠴᠦ ᠠᠶᠠᠷᠯᠠᠨ ᠮᠣᠷᠳᠠᠭᠤᠯᠵᠠᠢ
ᠯᠢᠦ ᠶᠠᠨ ᠳ᠋ᠦᠩ ᠨᠥᠬᠥᠷ᠎ᠦᠨ ᠡᠪᠡᠳᠴᠢᠨ ᠬᠦᠨᠳᠦ ᠪᠠᠢᠭᠰᠠᠨ ᠬᠤᠭᠤᠴᠠᠭᠠᠨ᠎ᠳᠤ ᠪᠠ ᠨᠠᠰᠤ ᠪᠠᠷᠠᠭᠰᠠᠨ᠎ᠤ ᠳᠠᠷᠠᠭ᠎ᠠ᠂ ᠰᠢ ᠵᠢᠨ ᠫᠢᠩ ᠯᠢ ᠴᠢᠶᠠᠩ ᠵᠤᠤ ᠯᠸ ᠵᠢᠢ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤ᠌ ᠵᠢᠨ ᠲᠤᠤ ᠵᠡᠷᠭᠡ ᠨᠥᠬᠥᠳ ᠡᠮᠨᠡᠯᠭᠡ᠎ᠶᠢᠨ ᠬᠣᠷᠢᠶ᠎ᠠ᠎ᠳᠤ ᠬᠦᠷᠴᠦ ᠪᠤᠯᠭᠤᠭᠠᠨ ᠦᠵᠡᠭᠰᠡᠨ ᠪᠤᠶᠤ ᠤᠯᠠᠨ ᠬᠡᠯᠪᠡᠷᠢ᠎ᠪᠡᠷ ᠯᠢᠦ ᠶᠠᠨ ᠳ᠋ᠦᠩ ᠨᠥᠬᠥᠷ᠎ᠦᠨ ᠨᠠᠰᠤ ᠪᠠᠷᠠᠭᠰᠠᠨ᠎ᠳᠤ ᠡᠮᠭᠡᠨᠢᠨ ᠭᠠᠰᠢᠭᠤᠳᠠᠵᠤ ᠪᠠᠢᠬᠤ᠎ᠪᠠᠨ ᠢᠯᠡᠳᠬᠡᠬᠦ ᠵᠢᠨ ᠬᠠᠮᠳᠤ ᠲᠡᠭᠦᠨ ᠤ᠋ ᠲᠦᠷᠦᠯ ᠰᠠᠳᠤᠨ᠎ᠢ ᠨᠢ ᠳᠣᠲᠣᠨᠣ᠌᠎ᠪᠠᠷ ᠲᠣᠬᠣᠨᠢᠭᠤᠯᠵᠤ ᠪᠠᠢᠬᠤ᠎ᠪᠠᠨ ᠢᠯᠡᠳᠬᠡᠪᠡ
ᠳᠤᠮᠳᠠᠳᠤ ᠤᠯᠤᠰ ᠤᠨ ᠡᠪ ᠬᠠᠮᠲᠤ ᠨᠠᠮ᠎ᠤᠨ ᠰᠢᠯᠢᠳᠡᠭ ᠨᠠᠮ ᠤ᠋ᠨ ᠭᠡᠰᠢᠭᠦᠨ᠂ ᠣᠷᠲᠤ ᠬᠤᠭᠤᠴᠠᠭᠠᠨ᠎ᠤ ᠰᠢᠯᠭᠠᠯᠲᠠ ᠶᠢ ᠦᠩᠭᠡᠷᠡᠭᠰᠡᠨ ᠡᠪ ᠬᠠᠮᠲᠤ ᠶᠣᠰᠣᠨ᠎ᠤ ᠰᠢᠳᠤᠷᠭᠤ ᠪᠠᠢᠯᠳᠤᠭ᠍ᠴᠢ᠂ ᠮᠠᠨ᠎ᠤ ᠨᠠᠮ᠎ᠤᠨ ᠨᠢᠭᠡᠳᠦᠮᠡᠯ ᠹᠷᠣᠨᠲ᠎ᠤᠨ ᠠᠵᠢᠯ ᠪᠠ ᠮᠠᠨ᠎ᠤ ᠤᠯᠤᠰ᠎ᠤᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠡᠮ ᠡᠮᠨᠡᠯᠬᠡ ᠡᠷᠡᠭᠦᠯ ᠬᠠᠮᠠᠭᠠᠯᠠᠯ᠂ ᠡᠮᠡᠭᠳᠠᠢᠴᠤᠳ ᠬᠡᠤᠬᠡᠳ᠎ᠤᠨ ᠠᠵᠢᠯ᠎ᠤᠨ ᠭᠠᠷᠮᠠᠭᠠᠢ ᠤᠳᠤᠷᠢᠳᠬᠤ ᠬᠦᠮᠦᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠳᠣᠯᠣᠳᠤᠭᠠᠷ ᠬᠤᠭᠤᠴᠠᠭ᠎ᠠ᠂ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶᠢᠨ ᠵᠦᠪᠯᠡᠯᠭᠡᠨ ᠤ᠋ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠬᠤᠷᠢᠶ᠎ᠠ ᠵᠢᠨ ᠳᠡᠳ᠋ ᠲᠡᠷᠢᠭᠦᠯᠡᠭᠴᠢ᠂ ᠤᠤᠯ ᠤ᠋ᠨ ᠲᠦᠷᠦ ᠵᠢᠨ ᠶᠠᠪᠤᠳᠠᠯ᠎ᠤᠨ ᠭᠡᠰᠢᠭᠦᠨ᠂ ᠲᠦᠷᠦ᠎ᠶᠢᠨ ᠶᠠᠪᠤᠳᠠᠯ᠎ᠤᠨ ᠬᠤᠷᠢᠶ᠎ᠠ ᠵᠢᠨ ᠤᠤᠯ᠎ᠤᠨ ᠳᠡᠳ᠋ ᠶᠡᠷᠦᠩᠬᠡᠢ ᠰᠠᠢᠳ ᠯᠢᠦ ᠶᠠᠨ ᠳ᠋ᠦᠩ ᠨᠥᠬᠥᠷ᠎ᠦᠨ ᠴᠢᠨᠳᠠᠷ᠎ᠢ 3 ᠤ᠋ ᠡᠳᠦᠷ ᠪᠡᠭᠡᠵᠢᠩ᠎ᠦᠨ ᠪᠠᠪᠤᠤᠱᠠᠨᠳᠠᠬᠢ ᠬᠤᠪᠢᠰᠬᠠᠯᠴᠢᠳ᠎ᠤᠨ ᠨᠡᠶ᠋ᠢᠲᠡ᠎ᠶᠢᠨ ᠪᠤᠩᠬᠤᠨ ᠳ᠋ᠤ ᠳᠡᠭᠳᠡᠭᠡᠪᠡ᠃
ᠯᠢᠦ ᠶᠠᠨ ᠳ᠋ᠦᠩ ᠨᠥᠬᠥᠷ 2026 ᠣᠨ᠎ᠤ 10 ᠰᠠᠷ᠎ᠠ᠎ᠶᠢᠨ 28 ᠤ᠋ ᠡᠳᠦᠷ᠎ᠦᠨ 14 ᠴᠠᠭ 53 ᠮᠢᠨᠦ᠋ᠲ᠎ᠲᠦ ᠪᠡᠭᠡᠵᠢᠩ᠎ᠳᠦ ᠡᠪᠡᠳᠴᠢᠨ ᠵᠢᠨᠷ ᠨᠠᠰᠤ ᠪᠠᠷᠠᠪᠠ᠂ ᠨᠠᠰᠤᠨ ᠰᠡᠭᠦᠳᠡᠷ 81᠃
ᠯᠢᠦ ᠶᠠᠨ ᠳ᠋ᠦᠩ ᠨᠥᠬᠥᠷ᠎ᠦᠨ ᠡᠪᠡᠳᠴᠢᠨ ᠬᠦᠨᠳᠦ ᠪᠠᠢᠭᠰᠠᠨ ᠬᠤᠭᠤᠴᠠᠭᠠᠨ᠎ᠳᠤ ᠪᠠ ᠨᠠᠰᠤ ᠪᠠᠷᠠᠭᠰᠠᠨ᠎ᠤ ᠲᠠᠷᠠᠭ᠎ᠠ᠂ ᠰᠢ ᠵᠢᠨ ᠫᠢᠩ᠂ ᠯᠢ ᠴᠢᠶᠠᠩ᠂ ᠵᠤᠤ ᠯᠸ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ᠂ ᠬᠤ᠌ ᠵᠢᠨ ᠲᠤᠤ ᠵᠡᠷᠭᠡ ᠨᠥᠬᠥᠳ ᠡᠮᠨᠡᠯᠭᠡ᠎ᠶᠢᠨ ᠬᠣᠷᠢᠶ᠎ᠠ᠎ᠳᠤ ᠬᠦᠷᠴᠦ ᠪᠤᠯᠭᠤᠭᠠᠨ ᠦᠵᠡᠭᠰᠡᠨ ᠪᠤᠶᠤ ᠤᠯᠠᠨ ᠬᠡᠯᠪᠡᠷᠢ᠎ᠪᠡᠷ ᠯᠢᠦ ᠶᠠᠨ ᠳ᠋ᠦᠩ ᠨᠥᠬᠥᠷ᠎ᠦᠨ ᠨᠠᠰᠤ ᠪᠠᠷᠠᠭᠰᠠᠨ᠎ᠳᠤ ᠡᠮᠭᠡᠨᠢᠨ ᠭᠠᠰᠢᠭᠤᠳᠠᠵᠤ ᠪᠠᠢᠬᠤ᠎ᠪᠠᠨ ᠢᠯᠡᠳᠬᠡᠭᠰᠡᠨ ᠪᠥᠭᠡᠳ ᠲᠡᠭᠦᠨ ᠤ᠋ ᠲᠦᠷᠦᠯ ᠰᠠᠳᠤᠨ᠎ᠢ ᠨᠢ ᠳᠣᠲᠣᠨᠣ᠌᠎ᠪᠠᠷ ᠲᠣᠬᠣᠨᠢᠭᠤᠯᠵᠤ ᠪᠠᠢᠬᠤ᠎ᠪᠠᠨ ᠢᠯᠡᠳᠬᠡᠪᠡ᠃
3 ᠤ᠋ ᠦᠳᠡ᠎ᠶᠢᠨ ᠡᠮᠦᠨ᠎ᠡ᠂ ᠪᠠᠪᠣᠣᠱᠠᠨ᠎ᠳᠠᠬᠢ ᠬᠤᠪᠢᠰᠬᠠᠯᠴᠢᠳ᠎ᠤᠨ ᠨᠡᠶ᠋ᠢᠲᠡ᠎ᠶᠢᠨ ᠪᠤᠩᠬᠤᠨ᠎ᠤ ᠶᠣᠰᠣᠯᠠᠯ᠎ᠤᠨ ᠲᠠᠩᠬᠢᠮ ᠲᠥᠪ ᠬᠢᠴᠢᠶᠡᠩᠭᠦᠢ ᠪᠠᠢᠵᠤ᠂ ᠭᠠᠰᠢᠭᠤᠳᠠᠯ᠎ᠤᠨ ᠠᠶᠠᠰ ᠨᠠᠮ ᠴᠤᠤᠷᠢᠶᠠᠯᠠᠨ᠎ᠠ᠃ ᠭᠣᠣᠯ ᠲᠢᠩᠬᠢᠮ᠎ᠦᠨ ᠳᠡᠭᠡᠷ᠎ᠡ ᠲᠠᠯ᠎ᠠ᠎ᠳᠤ 《ᠯᠢᠦ ᠶᠠᠨ ᠳ᠋ᠦᠩ ᠨᠥᠬᠥᠷ᠎ᠢ ᠡᠮᠭᠡᠨᠢᠨ ᠭᠠᠰᠢᠭᠤᠳᠠᠶ᠎ᠠ》 ᠭᠡᠬᠦ ᠬᠠᠷ᠎ᠠ ᠳᠡᠪᠢᠰᠬᠡᠷ᠎ᠳᠤ ᠴᠠᠭᠠᠨ ᠦᠰᠦᠭ ᠲᠠᠢ ᠬᠥᠨᠳᠡᠯᠡᠨ ᠪᠢᠴᠢᠭᠡᠰᠦ᠎ᠶᠢ ᠡᠯᠭᠦᠵᠦ᠂ ᠬᠥᠨᠳᠡᠯᠡᠨ ᠪᠢᠴᠢᠭᠡᠰᠦ᠎ᠶᠢᠨ ᠳᠣᠣᠷ᠎ᠠ ᠲᠠᠯ᠎ᠠ᠎ᠳᠤ ᠯᠢᠦ ᠶᠠᠨ ᠳ᠋ᠦᠩ ᠨᠥᠬᠥᠷ᠎ᠦᠨ ᠬᠦᠷᠦᠭ᠎ᠢ ᠡᠯᠭᠦᠵᠡᠢ᠃ ᠯᠢᠦ ᠶᠠᠨ ᠳ᠋ᠦᠩ ᠨᠥᠬᠥᠷ᠎ᠦᠨ ᠴᠢᠨᠳᠠᠷ ᠰᠣᠷᠭᠣᠭ ᠴᠡᠴᠡᠭ ᠮᠠᠢᠯᠠᠰᠤ᠎ᠶᠢᠨ ᠳᠤᠮᠳᠠ ᠠᠮᠤᠷᠯᠢᠨᠭᠭᠤᠢ ᠬᠡᠪᠳᠡᠵᠤ᠂ ᠪᠡᠶ᠎ᠡ ᠳᠡᠭᠡᠷ᠎ᠡ ᠨᠢ ᠭᠠᠯ ᠤᠯᠠᠭᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠭ ᠢ᠋ ᠬᠤᠴᠢᠪᠠ᠃
ᠦᠳᠡ᠎ᠶᠢᠨ ᠡᠮᠦᠨᠡᠬᠢ 9 ᠴᠠᠭ 30 ᠮᠢᠨᠦ᠋ᠲ᠎ᠦᠨ ᠦᠶ᠎ᠡ᠎ᠪᠡᠷ᠂ ᠰᠢ ᠵᠢᠨ ᠫᠢᠩ᠂ ᠵᠤᠤ ᠯᠸ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠭᠠᠰᠢᠭᠤᠳᠠᠯ᠎ᠤᠨ ᠠᠶᠠᠰ᠎ᠤᠨ ᠳᠤᠮᠳᠠ ᠯᠢᠦ ᠶᠠᠨ ᠳ᠋ᠦᠩ ᠨᠥᠬᠥᠷ᠎ᠦᠨ ᠴᠢᠨᠳᠠᠷ᠎ᠤᠨ ᠡᠮᠦᠨ᠎ᠡ ᠠᠯᠭᠤᠷᠬᠠᠨ ᠬᠦᠷᠴᠦ ᠲᠦᠪ ᠵᠣᠭᠰᠣᠵᠤ ᠨᠠᠮᠠᠨᠴᠢᠯᠠᠨ ᠭᠠᠰᠢᠭᠤᠳᠠᠵᠤ᠂ ᠯᠢᠦ ᠶᠠᠨ ᠳ᠋ᠦᠩ ᠨᠥᠬᠥᠷ᠎ᠦᠨ ᠴᠢᠨᠳᠠᠷ᠎ᠲᠤ ᠭᠤᠷᠪᠠᠨᠲᠠ ᠶᠣᠰᠣᠯᠠᠬᠤ ᠵᠢᠨ ᠬᠠᠮᠳᠤ ᠯᠢᠦ ᠶᠠᠨ ᠳ᠋ᠦᠩ ᠨᠥᠬᠥᠷ᠎ᠦᠨ ᠲᠦᠷᠦᠯ ᠰᠠᠳᠤᠨ᠎ᠲᠠᠢ ᠨᠢᠭᠡᠳ ᠨᠢᠭᠡ᠎ᠪᠡᠷ ᠭᠠᠷ ᠠᠳᠬᠤᠨ ᠲᠣᠬᠣᠨᠢᠭᠤᠯᠵᠤ ᠪᠠᠢᠬᠤ᠎ᠪᠠᠨ ᠢᠯᠡᠳᠬᠡᠪᠡ᠃
ᠨᠠᠮ ᠪᠣᠯᠣᠨ ᠲᠦᠷᠦ ᠵᠢᠨ ᠬᠣᠯᠪᠣᠭᠳᠠᠯ ᠪᠦᠬᠦᠢ ᠤᠳᠤᠷᠢᠳᠬᠤ ᠨᠥᠬᠥᠳ ᠬᠦᠷᠴᠤ ᠢᠷᠡᠵᠤ ᠠᠶᠠᠷᠯᠠᠨ ᠮᠣᠷᠳᠠᠭᠤᠯᠤᠭᠰᠠᠨ ᠪᠤᠶᠤ ᠤᠯᠠᠨ ᠬᠡᠯᠪᠡᠷᠢ᠎ᠪᠡᠷ ᠡᠮᠭᠡᠨᠢᠨ ᠭᠠᠰᠢᠭᠤᠳᠠᠵᠤ ᠪᠠᠢᠬᠤ᠎ᠪᠠᠨ ᠢᠯᠡᠳᠬᠡᠪᠡ᠃ ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ᠂ ᠯᠢᠦ ᠶᠠᠨ ᠳ᠋ᠦᠩ ᠨᠥᠬᠥᠷ᠎ᠦᠨ ᠠᠮᠢᠳᠤ ᠰᠡᠷᠡᠭᠦᠨ ᠪᠠᠢᠬᠤ ᠦᠶ᠎ᠡ᠎ᠶᠢᠨ ᠰᠠᠢᠨ ᠨᠠᠢᠵᠠ ᠪᠣᠯᠣᠨ ᠨᠤᠲᠤᠭ᠎ᠤᠨ ᠬᠢᠨᠢ ᠲᠥᠯᠥᠭᠡᠯᠡᠭᠴᠢ ᠪᠠᠰᠠ ᠬᠦᠷᠴᠦ ᠢᠷᠡᠵᠤ ᠠᠶᠠᠷᠯᠠᠨ ᠮᠣᠷᠳᠠᠭᠤᠯᠪᠠ᠃
(ᠰᠢᠠᠬᠣᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 3 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃