ᠲᠡᠷᠢᠭᠦᠨ ᠨᠢᠭᠤᠷ - ᠲᠡᠷᠢᠭᠦᠨ ᠮᠡᠳᠡᠭᠡ

2026-11-06 12:12:31

ᠵᠣᠬᠢᠶᠠᠭ᠍ᠴᠢ᠄ ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ ᠣᠩᠱᠢᠭ᠍ᠰᠠᠨ ᠣᠳᠠᠭ᠎ᠠ᠄ 3

︱ ᠶᠡᠷᠦᠩᠬᠡᠢ ᠱᠦᠵᠢ ᠰᠢ᠎ᠶᠢᠨ ᠫᠢᠩ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ᠎ᠶᠢ ᠬᠠᠯᠠᠮᠵᠢᠯᠠᠨ ᠠᠬᠢᠭᠤᠯᠤᠭᠰᠠᠨ ᠲᠤᠬᠠᠢ ᠪᠣᠳᠠᠲᠤ ᠲᠡᠮᠳᠡᠭᠯᠡᠯ


ᠮᠢᠷᠠᠯᠵᠠᠨ ᠰᠤᠨᠤᠯᠵᠠᠭᠰᠠᠨ ᠬᠠᠲᠤᠨ ᠭᠤᠤᠯ᠂ ᠮᠢᠩᠭᠠᠨ ᠤᠨ ᠳᠠᠪᠠᠯᠭᠠᠯᠠᠨ᠎ᠠ᠃

ᠬᠠᠲᠤᠨ ᠭᠣᠣᠯ ᠪᠣᠯ ᠳᠤᠮᠳᠠᠳᠤ᠎ᠶᠢᠨ ᠦᠨᠳᠦᠰᠦᠲᠡᠨ᠎ᠦ ᠡᠵᠢ ᠭᠣᠣᠯ ᠮᠥᠨ᠂ ᠡᠨᠡ ᠵᠢᠯ ᠪᠣᠯ ᠨᠠᠮ᠎ᠡᠴᠡ ᠠᠷᠠᠳ ᠲᠦᠮᠡᠨ᠎ᠢ ᠤᠳᠤᠷᠢᠳᠤᠨ ᠬᠠᠲᠤᠨ ᠭᠣᠣᠯ᠎ᠢ ᠵᠠᠰᠠᠭᠰᠠᠨ 80 ᠵᠢᠯ᠎ᠤᠨ ᠤᠢ ᠪᠣᠯᠣᠨ᠎ᠠ᠃ 80 ᠵᠢᠯ᠎ᠦᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠠᠳᠤᠨ ᠭᠣᠣᠯ᠎ᠢ ᠵᠠᠰᠠᠵᠤ ᠬᠠᠮᠠᠭᠠᠯᠠᠬᠤ ᠠᠵᠢᠯ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠠᠮᠵᠢᠯᠲᠠ ᠣᠯᠵᠤ᠂ ᠥᠩᠭᠡᠷᠡᠭᠰᠡᠨ᠎ᠦ 《ᠭᠤᠷᠪᠠᠨ ᠵᠢᠯ᠎ᠳᠦ ᠬᠣᠶᠠᠷ ᠤᠳᠠᠭ᠎ᠠ ᠦᠶᠡᠷᠯᠡᠨ ᠰᠡᠲᠡᠷᠡᠵᠦ᠂ ᠵᠠᠭᠤᠨ ᠵᠢᠯ᠎ᠳᠦ ᠨᠢᠭᠡ ᠤᠳᠠᠭ᠎ᠠ ᠭᠤᠤᠯ᠎ᠤᠨ ᠬᠡᠪᠡᠯᠢ ᠰᠣᠯᠢᠭ᠍ᠳᠠᠳᠠᠭ》 ᠠᠶᠤᠯᠲᠦ ᠭᠣᠣᠯ ᠨᠢ ᠳᠤᠮᠳᠠᠳᠤ ᠤᠯᠤᠰ᠎ᠤᠨ ᠮᠠᠶᠢᠭ᠋ ᠎ᠤᠨ ᠣᠳᠣᠬᠢᠴᠢᠯᠠᠯᠲᠠ᠎ᠶᠢᠨ ᠠᠬᠢᠴᠠ᠎ᠳᠤ ᠲᠤᠢᠯᠪᠦᠷᠢᠲᠡᠢ ᠬᠤᠪᠢᠷᠠᠯᠲᠠ ᠭᠠᠷᠤᠯ᠎ᠠ᠃

ᠨᠠᠮ ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ᠎ᠶᠢᠨ ᠫᠢᠩ ᠳᠤᠮᠳᠠᠳᠤ᠎ᠶᠢᠨ ᠦᠨᠳᠦᠰᠦᠲᠡᠨ ᠪᠣᠯᠣᠨ ᠳᠤᠮᠳᠠᠳᠤ᠎ᠶᠢᠨ ᠪᠣᠯᠪᠠᠰᠤᠨ᠎ᠤ ᠥᠨᠢᠳᠡ᠎ᠶᠢᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠥᠨᠳᠥᠷᠴᠡ ᠡᠴᠡ ᠬᠠᠳᠤᠨ ᠭᠣᠣᠯ ᠎ᠢ ᠤᠯᠠᠨ ᠤᠳᠠᠭ᠎ᠠ ᠲᠤᠬᠠᠢ᠎ᠶᠢᠨ ᠭᠠᠵᠠᠷ ᠲᠤᠨᠢ ᠰᠢᠨᠵᠢᠯᠡᠨ ᠪᠠᠢᠴᠠᠭᠠᠵᠤ᠂ ᠬᠠᠳᠤᠨ ᠭᠣᠣᠯ᠎ᠤᠨ ᠳᠡᠭᠡᠳᠦ ᠳᠤᠮᠳᠠᠳᠤ ᠳᠣᠣᠷᠠᠳᠤ ᠤᠷᠤᠰᠬᠠᠯ᠎ᠤᠨ 9 ᠮᠤᠵᠢ ᠣᠷᠣᠨ᠎ᠢᠶᠠᠷ ᠶᠠᠪᠤᠵᠤ᠂ 3 ᠤᠳᠠᠭ᠎ᠠ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ ᠲᠤᠰᠬᠠᠢ ᠰᠡᠳᠦᠪᠲᠦ ᠪᠠᠢᠷᠢᠯᠠᠭᠤᠯᠤᠯᠲᠠ ᠬᠢᠵᠦ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ᠎ᠶᠢᠨ ᠴᠢᠬᠤᠯᠠ ᠶᠡᠬᠡ ᠤᠯᠤᠰ᠎ᠤᠨ ᠪᠠᠢᠯᠳᠤᠬᠤ ᠪᠣᠳᠣᠯᠭ᠎ᠠ᠎ᠶᠢ ᠵᠢᠷᠤᠭᠯᠠᠵᠤ᠂《ᠬᠠᠳᠤᠨ ᠭᠣᠣᠯ᠎ᠢ ᠠᠷᠠᠳ ᠲᠦᠮᠡᠨ᠎ᠳᠦ ᠪᠤᠶᠠᠨ ᠦᠢᠯᠡᠳᠬᠦ ᠵᠣᠯ ᠵᠢᠷᠭᠠᠯᠲᠤ ᠭᠣᠣᠯ ᠪᠣᠯᠭᠠᠬᠤ》 ᠤᠷᠢᠶᠠᠯᠠᠭ᠎ᠠ ᠭᠠᠷᠭᠠᠪᠠ᠃

ᠬᠠᠲᠤᠨ ᠭᠣᠣᠯ ᠨᠠᠮᠤᠭᠤᠬᠠᠨ ᠦᠶᠡᠯᠵᠡᠵᠤ᠂ ᠬᠠᠮᠤᠭ ᠪᠦᠬᠦᠨ ᠰᠢᠨᠡᠳᠦᠨ ᠬᠤᠪᠢᠷᠠᠪᠠ᠃

ᠤᠰᠤᠨ᠎ᠤ ᠴᠢᠨᠠᠷ᠎ᠢ ᠳᠡᠭᠡᠭᠰᠢᠯᠡᠭᠦᠯᠬᠦ᠎ᠡᠴᠡ ᠠᠮᠢ ᠠᠬᠤᠢ᠎ᠶᠢ ᠰᠡᠷᠭᠦᠭᠡᠬᠦ ᠬᠦᠷᠲᠡᠯ᠎ᠡ᠂ ᠪᠣᠬᠢᠷᠲᠤᠯ ᠦᠭᠡᠢ ᠬᠡᠯᠪᠡᠷᠢ᠎ᠶᠢ ᠬᠤᠪᠢᠷᠠᠭᠤᠯᠬᠤ᠎ᠡᠴᠡ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠬᠦᠷᠲᠡᠯ᠎ᠡ᠂ ᠣᠷᠣᠨ ᠪᠦᠰᠡ᠎ᠶᠢ ᠵᠣᠬᠢᠴᠠᠭᠤᠯᠬᠤ᠎ᠡᠴᠡ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ ᠬᠦᠷᠲᠡᠯ᠎ᠡ᠂ ᠶᠡᠷᠦᠩᠬᠡᠢ ᠱᠦᠵᠢ ᠰᠢ᠎ᠶᠢᠨ ᠫᠢᠩ᠎ᠤᠨ ᠬᠠᠯᠠᠮᠵᠢᠯᠠᠯ ᠠᠬᠢᠭᠤᠯᠤᠯᠲᠠ᠎ᠶᠢ ᠭᠣᠣᠯ᠎ᠤᠨ ᠳᠡᠭᠡᠲᠦ ᠳᠤᠤᠷᠠᠳᠦ ᠤᠷᠤᠰᠬᠠᠯ᠎ᠳᠡᠬᠢ ᠠᠮᠢᠳᠤᠯᠢᠭ᠋ ᠦᠢᠯᠡᠳᠦᠯᠭᠡ ᠪᠣᠯᠭᠠᠵᠤ᠂ ᠰᠢᠨ᠎ᠡ ᠴᠠᠭ ᠦᠶ᠎ᠡ᠎ᠶᠢᠨ 《ᠬᠠᠳᠤᠨ ᠭᠣᠣᠯ᠎ᠤᠨ ᠨᠠᠢᠷᠠᠯ ᠳᠠᠭᠤᠤ》ᠵᠢᠨ ᠰᠦᠷ ᠵᠢᠪᠬᠤᠯᠠᠩᠲᠤ ᠠᠶᠠᠰ᠎ᠢ ᠬᠠᠩᠭᠢᠨᠠᠭᠤᠯᠵᠤ ᠪᠠᠢᠨ᠎ᠠ᠃

ᠠᠯᠤᠰ ᠢᠷᠡᠭᠡᠳᠦᠢ ᠵᠢ ᠪᠤᠳᠤᠯᠬᠢᠯᠠᠨ ᠪᠠᠢᠯᠳᠤᠬᠤ ᠪᠣᠳᠣᠯᠭ᠎ᠠ᠎ᠶᠢᠨ ᠦᠨᠳᠦᠷᠴᠡ᠎ᠡᠴᠡ ᠬᠠᠲᠤᠨ ᠭᠣᠣᠯ᠎ᠤᠨ ᠵᠠᠰᠠᠯᠲᠠ᠎ᠶᠢᠨ  ᠰᠢᠨ᠎ᠠ ᠪᠠᠢᠷᠢᠰᠢᠯ ᠎ᠢ  ᠲᠣᠭᠲᠠᠭᠠᠪᠠ

ᠭᠣᠣᠯ ᠮᠥᠷᠡᠨ ᠪᠣᠯᠪᠠᠰᠤᠨ᠎ᠢ ᠰᠢᠮᠡᠵᠢᠭᠦᠯᠤᠨ ᠤᠮᠳᠠᠯᠠᠵᠤ᠂ ᠤᠰᠤᠨ ᠠᠰᠢᠭᠯᠠᠯᠲᠠ ᠤᠯᠤᠰ᠎ᠤᠨ ᠬᠤᠪᠢ ᠵᠠᠶᠠᠭ᠎ᠠ ᠲᠡᠢ ᠬᠤᠯᠪᠤᠭᠳᠠᠨ᠎ᠠ᠃

ᠶᠡᠷᠦᠩᠬᠡᠢ ᠱᠦᠵᠢ ᠰᠢ᠎ᠶᠢᠨ ᠫᠢᠩ᠄ 《ᠲᠦᠷᠦ ᠲᠦᠪᠰᠢᠨ ᠠᠷᠠᠳ ᠠᠮᠤᠭᠤᠯᠠᠩ᠂ ᠵᠢᠯ ᠵᠢᠯ ᠡᠯᠪᠡᠭ ᠬᠤᠷᠢᠶᠠᠯᠲᠠ ᠣᠯᠣᠶ᠎ᠠ ᠭᠡᠪᠡᠯ ᠡᠷᠬᠡᠪᠰᠢ ᠤᠰᠤ ᠵᠠᠰᠠᠬᠤ᠎ᠳᠠᠭᠠᠨ ᠴᠢᠳᠠᠮᠠᠭᠠᠢ ᠪᠠᠢᠬᠤ ᠬᠡᠷᠡᠭᠲᠡᠢ》 ᠭᠡᠵᠦ ᠭᠦᠨᠵᠡᠭᠡᠢ ᠵᠢᠭᠠᠵᠤ ᠭᠠᠷᠭᠠᠪᠠ᠃

2019 ᠣᠨ᠎ᠤ 9 ᠰᠠᠷ᠎ᠠ᠎ᠶᠢᠨ 17᠎ᠤ᠋ ᠡᠳᠦᠷ᠂ ᠾᠧᠨᠠᠨ᠎ᠤ ᠵᠧᠩᠵᠧᠦ᠎ᠳᠦ᠂ ᠬᠠᠳᠤᠨ ᠭᠣᠣᠯ᠎ᠤᠨ ᠮᠦᠽᠧᠢ᠎ᠳᠦ᠃ ᠶᠡᠷᠦᠩᠬᠡᠢ ᠱᠦᠵᠢ ᠰᠢ᠎ᠶᠢᠨ ᠫᠢᠩ《ᠮᠢᠩᠭᠠᠨ ᠣᠨ ᠭᠣᠣᠯ ᠮᠥᠷᠡᠨ ᠎ᠢ ᠵᠠᠰᠠᠬᠤ》ᠦᠵᠡᠭᠦᠯᠭᠡ᠎ᠶᠢᠨ ᠲᠢᠩᠬᠢᠮ᠎ᠳᠦ ᠤᠳᠠᠲᠠᠯ᠎ᠠ ᠵᠣᠭᠰᠤᠵᠤ᠂ ᠬᠠᠲᠤᠨ ᠭᠣᠣᠯ᠎ᠤᠨ ᠬᠡᠪᠡᠯᠢ ᠰᠤᠯᠢᠭᠳᠠᠭᠰᠠᠨ ᠲᠡᠦᠬᠡᠨ ᠵᠢᠷᠤᠭ᠎ᠢ ᠤᠳᠠᠭᠠᠨ ᠰᠢᠷᠲᠡᠵᠦ᠄ 《ᠶᠠᠮᠠᠷ ᠨᠢᠭᠡᠨ ᠤᠳᠬ᠎ᠠ᠎ᠡᠴᠡ ᠠᠪᠴᠤ ᠬᠡᠯᠡᠪᠡᠯ᠂ ᠳᠤᠮᠳᠠᠳᠤ ᠎ᠶᠢᠨ ᠦᠨᠳᠦᠰᠦᠲᠡᠨ᠎ᠦ ᠬᠠᠲᠤᠨ ᠭᠣᠣᠯ ᠎ᠢ ᠵᠠᠰᠠᠭᠰᠠᠨ ᠲᠡᠦᠬᠡ ᠪᠣᠯ ᠮᠦᠨ ᠴᠤ᠌ ᠤᠯᠤᠰ᠎ᠢ ᠵᠠᠰᠠᠭᠰᠠᠨ ᠲᠡᠦᠬᠡ ᠮᠥᠨ》 ᠭᠡᠪᠡ᠃

《ᠬᠠᠳᠤᠨ ᠭᠣᠣᠯ ᠳᠦᠯᠭᠡᠨ ᠪᠣᠯᠪᠠᠰᠤ ᠤᠯᠤᠰ ᠳᠠᠶᠠᠭᠠᠷ ᠲᠠᠢᠪᠤᠩ ᠪᠣᠯᠣᠮᠤᠢ》᠃

ᠪᠠᠶᠠᠨᠬᠠᠷ᠎ᠠ ᠠᠭᠤᠯᠠ᠎ᠶᠢᠨ ᠠᠷᠤ ᠬᠣᠷᠮᠣᠢ᠎ᠡᠴᠡ ᠭᠠᠷᠴᠦ᠂ ᠬᠠᠲᠤᠨ ᠭᠣᠣᠯ 5464 ᠺᠢᠯᠣᠮᠧᠲᠷ ᠳᠠᠪᠠᠯᠭᠠᠯᠠᠨ ᠤᠷᠤᠰᠴᠦ᠂ ᠨᠡᠯᠦᠭᠡᠷ ᠶᠡᠬᠡ ᠲᠡᠯᠡᠶ᠎ᠳᠦ ᠴᠢᠳᠬᠤᠨ᠎ᠠ᠃ ᠪᠠᠷᠠᠭᠤᠨᠰᠢ ᠺᠦᠨᠯᠦ᠋ᠨ ᠠᠭᠤᠯᠠ᠎ᠲᠠᠢ ᠵᠠᠯᠭᠠᠯᠳᠤᠨ᠂ ᠤᠮᠠᠷᠠᠰᠢ ᠮᠤᠨᠢ ᠠᠭᠤᠯᠠ᠎ᠲᠠᠢ ᠬᠥᠷᠰᠢᠯᠡᠵᠤ᠂ ᠡᠮᠦᠨᠡᠰᠢ ᠴᠢᠨᠯᠢᠩ ᠳᠠᠪᠠᠭ᠎ᠠ᠎ᠶᠢ ᠲᠦᠰᠢᠨ᠂ ᠵᠡᠭᠦᠨᠰᠢ ᠪᠦᠧᠧᠬᠠᠢ ᠲᠠᠩᠭᠢᠰ ᠲᠠᠢ ᠠᠭᠤᠯᠵᠠᠵᠤ᠂ ᠬᠠᠲᠤᠨ ᠭᠣᠣᠯ᠎ᠤᠨ ᠰᠠᠪᠠ ᠭᠠᠵᠠᠷ ᠵᠡᠭᠦᠨ ᠳᠤᠮᠳᠠ ᠪᠠᠷᠠᠭᠤᠨ ᠤᠷᠤᠨ᠎ᠢ ᠰᠤᠨᠳᠠᠯᠠᠨ᠂ ᠭᠡᠷᠡᠯ ᠰᠠᠴᠤᠷᠠᠩᠭᠤᠢ ᠬᠤᠸᠠᠰᠢᠶᠠ ᠵᠢᠨ ᠪᠣᠯᠪᠠᠰᠤᠨ᠎ᠢ ᠪᠦᠲᠦᠭᠡᠵᠡᠢ᠃

ᠮᠢᠷᠠᠯᠵᠠᠨ ᠰᠤᠨᠤᠯᠵᠠᠭᠰᠠᠨ ᠬᠠᠲᠤᠨ ᠭᠣᠣᠯ ᠲᠦᠮᠡᠨ ᠭᠠᠵᠠᠷ ᠡᠯᠡᠰᠦ ᠰᠢᠷᠤᠢ ᠲᠡᠭᠡᠭᠡᠨ᠎ᠡ᠃ ᠡᠨᠡ ᠬᠦ᠌ ᠲᠤᠮᠤ ᠭᠣᠣᠯ ᠨᠢ ᠡᠯᠡᠰᠦ ᠰᠢᠷᠤᠢ ᠣᠯᠠᠨ ᠬᠤᠷᠠᠵᠤ᠂ ᠬᠠᠰᠢᠯᠭ᠎ᠠ ᠣᠯᠠᠨ ᠦᠶᠡᠷᠯᠡᠨ ᠰᠡᠲᠡᠷᠡᠵᠤ᠂ ᠭᠡᠪᠡᠯᠢ ᠣᠯᠠᠨ ᠰᠤᠯᠢᠭᠳᠠᠵᠤ᠂ ᠴᠢᠨ ᠤᠯᠤᠰ᠎ᠤᠨ ᠡᠮᠦᠨᠡᠬᠢ ᠦᠶ᠎ᠡ᠎ᠡᠴᠡ ᠰᠢᠨ᠎ᠡ ᠳᠤᠮᠳᠠᠳᠤ ᠤᠯᠤᠰ ᠪᠠᠢᠭᠤᠯᠤᠭᠳᠠᠬᠤ᠎ᠡᠴᠡ ᠡᠮᠦᠨᠡᠬᠢ 2500 ᠭᠠᠷᠤᠢ ᠵᠢᠯ᠎ᠦᠨ ᠬᠣᠭᠣᠷᠣᠨᠳᠤ᠂ ᠲᠡᠭᠦᠨ᠎ᠦ ᠳᠣᠣᠷᠠᠳᠤ ᠤᠷᠤᠰᠬᠠᠯ ᠨᠢ ᠨᠡᠶ᠋ᠢᠲᠡ 1500 ᠭᠠᠷᠤᠢ ᠤᠳᠠᠭ᠎ᠠ ᠦᠶᠡᠷᠯᠡᠨ ᠰᠡᠲᠡᠷᠡᠵᠦ᠂ 26 ᠤᠳᠠᠭ᠎ᠠ ᠬᠡᠪᠡᠯᠢ ᠰᠤᠯᠢᠭᠳᠠᠵᠠᠢ᠃

ᠬᠠᠲᠤᠨ ᠭᠣᠣᠯ᠎ᠢ ᠰᠠᠢᠲᠤᠷ ᠵᠠᠰᠠᠬᠤ᠎ᠶᠢᠨ ᠲᠥᠯᠥᠭᠡ᠂ ᠵᠠᠭᠤ ᠮᠢᠩᠭᠠᠨ ᠵᠢᠯ᠎ᠦᠨ ᠲᠤᠷᠰᠢ᠂ ᠳᠤᠮᠳᠠᠳᠤ᠎ᠶᠢᠨ ᠦᠨᠳᠦᠰᠦᠲᠡᠨ ᠬᠠᠲᠤᠨ ᠭᠣᠣᠯ᠎ᠤᠨ ᠤᠰᠤ ᠭᠠᠩ᠎ᠤᠨ ᠭᠠᠮᠰᠢᠭ᠋᠎ᠲᠠᠢ ᠢᠮᠠᠭᠲᠠ ᠲᠡᠮᠡᠴᠡᠭᠰᠡᠭᠡᠷ ᠢᠷᠡᠪᠡ᠃ ᠬᠠᠳᠦᠠ ᠭᠣᠣᠯ᠎ᠢ ᠵᠠᠰᠠᠭᠰᠠᠨ ᠬᠠᠲᠠᠭᠤ ᠪᠡᠷᠬᠡᠰᠢᠶᠡᠯᠲᠦ ᠲᠡᠦᠬᠡ᠂ ᠳᠤᠮᠳᠠᠳᠤ᠎ᠶᠢᠨ ᠦᠨᠳᠦᠰᠦᠲᠡᠨ ᠎ᠦ ᠭᠠᠰᠠᠯᠠᠩ ᠵᠣᠪᠠᠯᠠᠩ᠎ᠤᠨ ᠲᠡᠦᠬᠡ᠂ ᠲᠡᠮᠡᠴᠡᠯ᠎ᠦᠨ ᠲᠡᠦᠬᠡ᠂ ᠤᠯᠤᠰ᠎ᠢ ᠵᠠᠰᠠᠭᠰᠠᠨ ᠲᠡᠦᠬᠡ᠎ᠶᠢ ᠲᠤᠰᠬᠠᠨ ᠬᠠᠷᠠᠭᠤᠯᠵᠠᠢ᠃

80 ᠵᠢᠯ᠎ᠦᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤᠴᠤᠳ ᠬᠠᠲᠤᠨ ᠭᠣᠣᠯ᠎ᠢ ᠵᠠᠰᠠᠬᠤ ᠡᠨᠡ ᠬᠦ᠌ ᠲᠡᠦᠬᠡᠨ ᠬᠦᠨᠳᠦ ᠡᠭᠦᠷᠭᠡ᠎ᠶᠢ ᠬᠦᠯᠢᠶᠡᠨ ᠠᠪᠤᠪᠠ᠃

1946 ᠣᠨ᠎ᠳᠤ᠂ ᠱᠠᠨ ᠰᠢ ᠾᠧᠪᠧᠢ ᠱᠠᠨᠳᠦ᠋ᠩ ᠾᠧᠨᠠᠨ᠎ᠤ ᠬᠢᠵᠠᠭᠠᠷ ᠣᠷᠣᠨ᠎ᠤ ᠵᠠᠰᠠᠭ᠎ᠤᠨ ᠣᠷᠳᠣᠨ ᠭᠣᠮᠢᠨᠳᠠᠩ᠎ᠤᠨ ᠬᠠᠲᠤᠨ ᠭᠣᠣᠯ ᠎ᠢ ᠬᠠᠭᠤᠴᠢᠨ ᠬᠡᠪᠡᠯᠢ ᠳ᠋ᠤᠨᠢ ᠣᠷᠣᠭᠤᠯᠬᠤ ᠲᠥᠯᠥᠪᠯᠡᠭᠡ᠎ᠶᠢ ᠮᠡᠳᠡᠭᠰᠡᠨ᠎ᠦ ᠳᠠᠷᠠᠭ᠎ᠠ᠂ ᠳᠤᠮᠳᠠᠳᠤ ᠤᠯᠤᠰ ᠎ᠤᠨ ᠡᠪ ᠬᠠᠮᠲᠤ ᠨᠠᠮ ᠎ᠤᠨ ᠲᠥᠪ ᠬᠣᠷᠢᠶ᠎ᠡ ᠵᠢᠨ ᠵᠢᠭᠠᠪᠤᠷᠢ᠎ᠶᠢ ᠦᠨᠳᠦᠰᠦᠯᠡᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠤᠳᠤᠷᠢᠳᠤᠭᠰᠠᠨ ᠬᠠᠲᠤᠨ ᠭᠣᠣᠯ᠎ᠢ ᠵᠠᠰᠠᠬᠤ ᠪᠠᠢᠭᠤᠯᠤᠮᠵᠢ᠎ᠶᠢ ᠪᠡᠯᠡᠳᠬᠡᠨ ᠪᠠᠶ᠋ᠢᠭᠤᠯᠬᠤ᠎ᠪᠠᠷ ᠲᠣᠭᠲᠠᠪᠠ᠃ ᠾᠧᠪᠧᠢ ᠱᠠᠨᠳᠦ᠋ᠩ ᠾᠧᠨᠠᠨ ᠎ᠤ ᠴᠢᠯᠦᠭᠡᠯᠡᠭᠳᠡᠭᠰᠡᠨ ᠣᠷᠣᠨ᠎ᠤ ᠠᠩᠬᠠᠳᠠᠭ᠍ᠴᠢ ᠭᠣᠣᠯ ᠮᠥᠷᠡᠨ᠎ᠢ ᠵᠠᠰᠠᠬᠤ ᠪᠠᠢᠭᠤᠯᠤᠮᠵᠢ — ᠬᠠᠲᠤᠨ ᠭᠣᠣᠯ᠎ᠤᠨ ᠬᠠᠭᠤᠴᠢᠨ ᠬᠡᠪᠡᠯᠢ ᠵᠢᠨ ᠬᠠᠮᠢᠶᠠᠷᠤᠯᠲᠠ᠎ᠶᠢᠨ ᠵᠥᠪᠯᠡᠯ ᠪᠠᠢᠭᠤᠯᠤᠭᠳᠠᠵᠤ᠂ ᠰᠡᠭᠦᠯᠡᠷ ᠨᠢ ᠾᠧᠪᠧᠢ ᠱᠠᠨᠳᠦ᠋ᠩ ᠾᠧᠨᠠᠨ ᠣᠷᠣᠨ᠎ᠤ ᠬᠠᠲᠤᠨ ᠭᠣᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ ᠭᠡᠵᠦ ᠨᠡᠷ᠎ᠡ ᠪᠡᠨ ᠬᠠᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠬᠠᠲᠤᠨ ᠭᠣᠣᠯ᠎ᠢ ᠵᠠᠰᠠᠬᠤ ᠦᠢᠯᠡᠰ᠎ᠦᠨ ᠰᠢᠨ᠎ᠡ ᠬᠠᠭᠤᠳᠠᠰᠤ᠎ᠶᠢ ᠡᠢᠨ ᠬᠦ᠌ ᠰᠡᠬᠦᠪᠡ᠃

ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠤ ᠲᠠᠷᠠᠭ᠎ᠠ᠂ ᠨᠠᠮ ᠪᠠ ᠲᠦᠷᠦ᠎ᠶᠢᠨ ᠤᠳᠤᠷᠢᠳᠬᠤ ᠬᠥᠮᠥᠰ ᠬᠠᠳᠤᠨ ᠭᠣᠣᠯ᠎ᠢ ᠵᠠᠰᠠᠬᠤ ᠦᠢᠯᠡᠰ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠪᠠ᠃ 1952 ᠣᠨ᠎ᠤ 10 ᠰᠠᠷ᠎ᠠ᠎ᠳᠤ᠂ ᠮᠠᠤ ᠽᠧ ᠳ᠋ᠦᠩ ᠨᠥᠬᠥᠷ ᠠᠩᠬ᠎ᠠ ᠤᠳᠠᠭ᠎ᠠ ᠪᠡᠭᠡᠵᠢᠩ᠎ᠡᠴᠡ ᠰᠠᠯᠵᠤ ᠲᠣᠭᠣᠷᠢᠨ ᠪᠠᠢᠴᠠᠭᠠᠬᠤ᠎ᠳᠠᠭᠠᠨ ᠬᠠᠲᠤᠨ ᠭᠣᠣᠯ᠎ᠤᠨ ᠬᠥᠪᠡᠭᠡᠨ᠎ᠳᠦ ᠢᠷᠡᠵᠦ᠂ 《ᠬᠠᠲᠤᠨ ᠭᠣᠣᠯ᠎ᠤᠨ ᠶᠠᠪᠤᠳᠠᠯ᠎ᠢ ᠰᠠᠢᠲᠤᠷ ᠬᠢᠬᠦ ᠬᠡᠷᠡᠭᠲᠡᠢ》 ᠭᠡᠵᠦ ᠳᠤᠷᠠᠳᠪᠠ᠃ ᠥᠭᠡᠷᠡᠴᠢᠯᠡᠯᠲᠡ ᠨᠡᠭᠡᠭᠡᠯᠲᠡ ᠬᠢᠭᠰᠡᠨ᠎ᠡᠴᠡ ᠨᠠᠭᠠᠰᠢ᠂ ᠳ᠋ᠧᠩ ᠰᠢᠶᠣᠣ ᠫᠢᠩ᠂ ᠵᠢᠶᠠᠩ ᠽᠧ ᠮᠢᠨ᠂ ᠬ᠍ᠤ ᠵᠢᠨ ᠲᠤᠤ ᠵᠡᠷᠭᠡ ᠨᠠᠮ ᠪᠠ ᠲᠦᠷᠦ᠎ᠶᠢᠨ ᠤᠳᠤᠷᠢᠳᠬᠤ ᠬᠥᠮᠥᠰ ᠴᠥᠮ ᠬᠠᠳᠤᠨ ᠭᠣᠣᠯ᠎ᠤᠨ ᠬᠥᠪᠡᠭᠡᠨ᠎ᠳᠦ ᠪᠡᠶ᠎ᠡ᠎ᠪᠡᠷ᠎ᠢᠶᠡᠨ ᠬᠦᠷᠴᠦ᠂ ᠬᠠᠳᠤᠨ ᠭᠣᠣᠯ᠎ᠢ ᠵᠠᠰᠠᠬᠤ ᠪᠠᠢᠯᠳᠤᠬᠤ ᠪᠣᠳᠣᠯᠭ᠎ᠠ᠎ᠶᠢ ᠪᠡᠯᠡᠳᠬᠡᠨ ᠲᠥᠯᠥᠪᠯᠡᠪᠡ᠃

ᠰᠢᠨ᠎ᠡ ᠴᠠᠭ ᠦᠶ᠎ᠡ᠎ᠳᠦ ᠤᠷᠤᠵᠤ᠂ ᠬᠠᠲᠤᠨ ᠭᠣᠣᠯ᠎ᠤᠨ ᠵᠠᠰᠠᠯᠲᠠ ᠰᠢᠨ᠎ᠡ ᠪᠠᠢᠳᠠᠯ᠂ ᠰᠢᠨ᠎ᠡ ᠥᠷᠢᠰᠦᠯᠳᠦᠭᠡᠨ᠎ᠳᠦ ᠲᠤᠯᠭᠠᠷᠠᠪᠠ᠃ ᠶᠡᠷᠦᠩᠬᠡᠢ ᠱᠦᠵᠢ ᠰᠢ᠎ᠶᠢᠨ ᠫᠢᠩ ᠠᠯᠤᠰ ᠬᠡᠲᠦ᠎ᠶᠢᠨ ᠲᠡᠦᠬᠡ᠎ᠶᠢᠨ ᠬᠠᠷᠡᠴᠡ᠎ᠪᠠᠷ ᠡᠨᠡ ᠬᠦ᠌ ᠲᠤᠮᠤ ᠭᠣᠣᠯ᠎ᠢ ᠠᠵᠢᠭ᠍ᠯᠠᠨ ᠰᠢᠨᠵᠢᠵᠦ᠄《ᠬᠠᠲᠤᠨ ᠭᠣᠣᠯ᠎ᠤᠨ ᠶᠡᠬᠡ ᠬᠠᠮᠠᠭᠠᠯᠠᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠲᠤᠨ ᠭᠣᠣᠯ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠪᠣᠯ ᠲᠥᠷᠥ᠎ᠶᠢ ᠵᠠᠰᠠᠬᠤ ᠲᠤᠮᠤ ᠶᠠᠪᠤᠳᠠᠯ ᠮᠥᠨ》 ᠭᠡᠵᠦ ᠭᠦᠨᠵᠡᠭᠡᠢ ᠵᠢᠭᠠᠵᠤ ᠭᠠᠷᠭᠠᠪᠠ᠃

2019 ᠣᠨ᠎ᠤ 8 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠭᠠᠨᠰᠤ᠎ᠳᠦ ᠠᠵᠢᠯ ᠪᠠᠢᠴᠠᠭᠠᠬᠤ᠎ᠳᠠᠭᠠᠨ᠄《〈ᠬᠥᠬᠡᠮᠥ᠋ᠷᠡᠨ ᠡᠪᠡᠳᠴᠢᠯᠡᠪᠡ〉ᠭᠡᠵᠦ ᠪᠢ ᠬᠡᠯᠡᠵᠦ ᠥᠩᠭᠡᠷᠡᠭᠰᠡᠨ᠂ ᠲᠡᠷᠡ ᠮᠦᠷᠲᠡᠭᠡᠨ ᠲᠡᠶ᠋ᠢᠮᠦ ᠬᠥᠩᠭᠡᠨ ᠪᠢᠰᠢ᠃ ᠥᠨᠥᠳᠥᠷ ᠪᠢ ᠬᠠᠲᠤᠨ ᠭᠣᠣᠯ ᠤᠤᠯ ᠡᠴᠡ ᠪᠡᠨ᠎ᠪᠡᠶ᠎ᠡ ᠮᠠᠭᠤ ᠡᠪᠡᠳᠴᠢᠨ ᠣᠯᠠᠨᠲᠠᠢ᠂ ᠤᠰᠤᠨ᠎ᠤ ᠠᠶᠤᠯ ᠣᠯᠠᠨ ᠭᠠᠷᠳᠠᠭ ᠭᠡᠵᠤ ᠬᠡᠯᠡᠨ᠎ᠡ》 ᠭᠡᠵᠦ ᠲᠣᠳᠣᠷᠬᠠᠢ ᠳᠤᠷᠠᠳᠪᠠ᠃

ᠲᠣᠰ ᠵᠢᠯ᠎ᠦᠨ 9 ᠰᠠᠷ᠎ᠠ᠎ᠳᠤ᠂ ᠾᠧᠨᠠᠨ᠎ᠤ ᠵᠧᠩᠵᠧᠦ᠎ᠳᠦ ᠶᠠᠪᠤᠭᠳᠠᠭᠰᠠᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ᠄ 《ᠪᠢ ᠶᠡᠷᠦ᠎ᠡᠴᠡ ᠪᠡᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠮᠠᠰᠢ ᠠᠩᠬᠠᠷᠤᠭᠰᠠᠭᠠᠷ ᠢᠷᠡᠪᠡ》᠂《ᠬᠡᠳᠦᠢ ᠶᠠᠭᠠᠷᠠᠯᠲᠠᠢ ᠪᠠᠢᠭᠰᠠᠨ ᠴᠤ᠌ ᠬᠠᠲᠤᠨ ᠭᠣᠣᠯ᠎ᠤᠨ ᠠᠰᠠᠭᠤᠳᠠᠯ᠎ᠢ  ᠴᠠᠭ ᠲᠣᠬᠢᠷᠠᠭᠤᠯᠤᠨ ᠨᠠᠷᠢᠨ ᠬᠢᠨᠠᠮᠠᠭᠠᠢ ᠰᠤᠳᠤᠯᠬᠤ ᠬᠡᠷᠡᠭᠲᠡᠢ᠂ ᠨᠠᠮ᠎ᠤᠨ ᠲᠥᠪ ᠬᠣᠷᠢᠶ᠎ᠠ ᠡᠨᠡ ᠬᠦ᠌ ᠠᠰᠠᠭᠤᠳᠠᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠬᠤ ᠬᠡᠷᠡᠭᠲᠡᠢ》 ᠭᠡᠵᠦ ᠰᠢᠭᠤᠳ ᠳᠤᠲᠤᠷᠬᠠᠢ ᠬᠡᠯᠡᠪᠡ᠃

ᠡᠨᠡ ᠤᠳᠠᠭ᠎ᠠ᠎ᠶᠢᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ《ᠬᠠᠮᠠᠭᠠᠯᠠᠬᠤ᠎ᠪᠠᠷ ᠭᠣᠣᠯᠳᠠᠯᠭ᠎ᠠ ᠪᠣᠯᠭᠠᠵᠤ᠂ ᠵᠠᠰᠠᠯᠲᠠ ᠵᠢ ᠴᠢᠬᠤᠯᠠᠴᠢᠯᠠᠬᠤ》 ᠬᠠᠲᠤᠨ ᠭᠣᠣᠯ᠎ᠢ ᠵᠠᠰᠠᠬᠤ ᠶᠡᠷᠦᠩᠬᠡᠢ ᠵᠢᠷᠤᠮᠯᠠᠯ᠎ᠢ ᠲᠣᠳᠣᠷᠬᠠᠢ ᠳᠤᠷᠠᠳᠪᠠ᠃ ᠬᠠᠲᠤᠨ ᠭᠣᠣᠯ ᠎ᠤᠨ 《ᠡᠪᠡᠳᠴᠢᠨ ᠠᠷᠬᠠᠭ》 ᠤ᠋ᠨ ᠲᠤᠬᠠᠢ ᠶᠡᠷᠦᠩᠬᠡᠢ ᠱᠦᠵᠢ᠄ ᠦᠶᠡᠷ᠎ᠦᠨ ᠠᠶᠤᠯ ᠲᠦᠭᠰᠢᠭᠦᠷᠢ ᠪᠣᠯ ᠮᠥᠨ ᠯᠡ ᠬᠠᠮᠤᠭ᠎ᠤᠨ ᠶᠡᠬᠡ ᠰᠦᠷᠳᠡᠭᠦᠯᠦᠯ ᠪᠣᠯᠵᠤ᠂ ᠰᠠᠪᠠ ᠭᠠᠵᠠᠷ᠎ᠤᠨ ᠠᠮᠢ ᠠᠬᠤᠢ ᠣᠷᠴᠢᠨ ᠲᠤᠭᠤᠷᠢᠨ ᠬᠡᠪᠡᠷᠡᠭ᠂ ᠤᠰᠤᠨ᠎ᠤ ᠡᠬᠢ ᠪᠠᠶᠠᠯᠢᠭ᠋᠎ᠤᠨ ᠪᠠᠲᠤᠯᠠᠭ᠎ᠠ᠎ᠶᠢᠨ ᠪᠠᠢᠳᠠᠯ ᠬᠦᠨᠳᠦ ᠬᠡᠴᠡᠭᠦᠦ ᠪᠠᠢᠵᠤ᠂ ᠬᠥᠭᠵᠢᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠴᠢᠬᠤᠯᠠᠲᠠᠢ ᠁ ᠭᠡᠵᠦ ᠨᠢᠭᠡᠳ ᠨᠢᠭᠡ᠎ᠪᠡᠷ ᠡᠮᠬᠢᠯᠡᠨ ᠭᠠᠷᠭᠠᠪᠡ᠃《〈ᠬᠠᠲᠤᠨ ᠭᠣᠣᠯ᠎ᠤᠨ ᠤᠰᠤ ᠲᠡᠭᠷᠢ᠎ᠡᠴᠡ ᠪᠠᠭᠤᠬᠤ ᠵᠢ ᠲᠠ ᠬᠠᠷᠠᠬᠤ ᠦᠭᠡᠢ ᠪᠠᠢᠨ᠎ᠠ ᠤᠤ〉᠂ ᠬᠡᠴᠢᠨᠡᠭᠡᠨ ᠰᠦᠷᠯᠢᠭ ᠰᠠᠢᠬᠠᠨ ᠠᠵᠢ! ᠣᠲᠣ᠌ ᠬᠡᠳᠦᠢ ᠶᠡᠬᠡ ᠬᠦᠴᠦ ᠵᠠᠷᠤᠴᠠᠭᠤᠯᠪᠠᠯ ᠰᠠᠶᠢ ᠤᠷᠤᠰᠭᠠᠯ ᠲᠠᠰᠤᠷᠠᠬᠤ ᠦᠭᠡᠢ ᠪᠠᠢᠬᠤ ᠵᠢ ᠪᠠᠲᠤᠯᠠᠵᠤ ᠴᠢᠳᠠᠬᠤ ᠪᠣᠶ》᠃

ᠶᠡᠷᠦᠩᠬᠡᠢ ᠱᠦᠵᠢ ᠰᠢ᠎ᠶᠢᠨ ᠫᠢᠩ᠄ 《ᠰᠢᠯᠲᠠᠭᠠᠨ᠎ᠢ ᠨᠢ ᠡᠷᠢᠪᠡᠯ᠂ ᠲᠥᠷᠥᠯᠬᠢ ᠬᠦᠷᠦᠯᠴᠡᠬᠦ ᠦᠭᠡᠢ ᠲᠠᠯ᠎ᠠ᠎ᠶᠢᠨ ᠪᠤᠰᠤᠳᠴᠢ ᠬᠢᠵᠠᠭᠠᠷᠯᠠᠯ ᠪᠠᠢᠬᠤ᠎ᠪᠠᠷ ᠪᠠᠷᠠᠬᠤ ᠦᠭᠡᠢ ᠪᠠᠰᠠ ᠬᠠᠮᠠᠭᠠᠯᠠᠯᠲᠠ ᠲᠤᠳᠠᠭᠰᠠᠨ ᠬᠥᠮᠥᠨ᠎ᠦ ᠬᠦᠴᠦᠨ ᠵᠦᠢᠯ ᠴᠦ᠍ ᠪᠠᠢᠨ᠎ᠠ᠃ ᠡᠳᠡᠭᠡᠷ ᠠᠰᠠᠭᠤᠳᠠᠯ᠎ᠤᠨ ᠢᠯᠡᠷᠡᠯ ᠨᠢ ᠬᠠᠳᠤᠨ ᠭᠣᠣᠯ᠎ᠳᠤ ᠪᠠᠢᠵᠤ᠂ ᠦᠨᠳᠦᠰᠦ ᠨᠢ ᠰᠠᠪᠠ ᠭᠠᠵᠠᠷ᠎ᠲᠤ ᠪᠠᠢᠨ᠎ᠠ》 ᠭᠡᠵᠦ ᠵᠢᠭᠠᠵᠤ ᠭᠠᠷᠭᠠᠪᠠ᠃

ᠡᠭᠦᠨ᠎ᠡᠴᠡ ᠰᠡᠭᠦᠯᠡᠷ᠂ ᠶᠡᠷᠦᠩᠬᠡᠢ ᠱᠦᠵᠢ ᠰᠢ᠎ᠶᠢᠨ ᠫᠢᠩ 2021 ᠣᠨ᠎ᠳᠤ ᠱᠠᠨᠳᠦ᠋ᠩ᠎ᠦᠨ ᠵᠢᠨᠠᠨ᠎ᠳᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ 2024 ᠣᠨ᠎ᠳᠤ ᠭᠠᠨᠰᠤ᠎ᠶᠢᠨ ᠯᠠᠨᠵᠧᠦ᠎ᠳᠦ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠪᠥᠬᠥ ᠲᠠᠯ᠎ᠠ᠎ᠪᠠᠷ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠪᠠ᠃《ᠭᠦᠨᠵᠡᠭᠡᠢ ᠠᠬᠢᠭᠤᠯᠬᠤ》ᠡᠴᠡ 《ᠪᠦᠬᠦ ᠲᠠᠯ᠎ᠠ᠎ᠪᠠᠷ ᠠᠬᠢᠭᠤᠯᠬᠤ》ᠬᠦᠷᠲᠡᠯ᠎ᠡ᠂ ᠢᠮᠠᠭᠲᠠ ᠲᠤᠭᠤᠰᠢᠯᠠᠭᠤᠯᠤᠨ᠂ ᠠᠯᠬᠤᠮ ᠠᠯᠬᠤᠮ᠎ᠢᠶᠠᠷ ᠭᠦᠨᠵᠡᠭᠡᠢᠷᠡᠭᠦᠯᠵᠦ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ ᠭᠡᠬᠦ ᠡᠨᠡ ᠬᠦ᠌ ᠤᠯᠤᠰ᠎ᠤᠨ ᠪᠠᠢᠯᠳᠤᠬᠤ ᠪᠣᠳᠣᠯᠭ᠎ᠠ᠎ᠶᠢ ᠦᠷᠭᠦᠯᠵᠢᠯᠡᠨ ᠭᠦᠨᠵᠡᠭᠡᠢ ᠠᠬᠢᠭᠤᠯᠪᠡ᠃

ᠴᠠᠭ ᠢᠮᠠᠭᠲᠠ ᠳᠤᠷᠠᠰᠤᠨ ᠰᠠᠨᠠᠭᠠᠯᠵᠠᠵᠤ᠂ ᠵᠢᠷᠤᠭᠯᠠᠨ ᠲᠥᠯᠥᠪᠯᠡᠵᠦ ᠬᠥᠲᠥᠯᠥᠨ ᠳᠠᠭᠠᠭᠤᠯᠤᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠭᠤᠷᠪᠠᠨ ᠮᠥᠷᠡᠨ᠎ᠦ ᠡᠬᠢ᠎ᠡᠴᠡ ᠬᠠᠳᠤᠨ ᠭᠣᠣᠯ᠎ᠤᠨ ᠳᠠᠯᠠᠢ᠎ᠳᠦ ᠴᠢᠳᠬᠤᠬᠤ ᠠᠮᠠ ᠬᠦᠷᠲᠡᠯ᠎ᠡ᠂ ᠶᠡᠷᠦᠩᠬᠡᠢ ᠱᠦᠵᠢ ᠰᠢ᠎ᠶᠢᠨ ᠫᠢᠩ ᠬᠠᠳᠤᠨ ᠭᠣᠣᠯ᠎ᠤᠨ ᠰᠠᠪᠠ ᠭᠠᠵᠠᠷ᠎ᠤᠨ ᠡᠯ᠎ᠡ ᠮᠤᠵᠢ ᠣᠷᠣᠨ᠎ᠳᠤ ᠬᠡᠳᠦᠨ ᠠᠷᠪᠠᠨ ᠤᠳᠠᠭ᠎ᠠ ᠰᠢᠨᠵᠢᠯᠡᠨ ᠪᠠᠢᠴᠠᠭᠠᠵᠤ᠂ ᠲᠡᠦᠬᠡ᠎ᠶᠢ ᠮᠥᠷᠳᠡᠵᠦ᠂ ᠠᠮᠢ ᠠᠬᠤᠢ᠎ᠶᠢ ᠠᠰᠠᠭᠤᠨ᠂ ᠦᠶᠡᠷ᠎ᠢ ᠰᠡᠷᠭᠡᠢᠯᠡᠬᠦ᠎ᠶᠢ ᠪᠠᠢᠴᠠᠭᠠᠵᠤ᠂ ᠠᠷᠠᠳ᠎ᠤᠨ ᠠᠮᠢᠳᠤᠷᠠᠯ᠎ᠢ ᠰᠤᠷᠪᠤᠯᠵᠢᠯᠠᠪᠠ᠃

ᠡᠨᠡ ᠪᠣᠯ ᠬᠠᠲᠤᠨ ᠭᠣᠣᠯ᠎ᠤᠨ ᠠᠮᠤᠷ ᠲᠦᠪᠰᠢᠨ᠎ᠢ ᠭᠦᠨ ᠰᠡᠳᠬᠢᠯᠭᠡ᠎ᠪᠡᠷ ᠰᠠᠨᠠᠭᠠᠯᠵᠠᠵᠤ ᠪᠠᠢᠭ᠎ᠠ ᠶᠠᠪᠤᠳᠠᠯ ᠮᠦᠨ ︱

2014 ᠣᠨ᠎ᠤ 3 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠬᠠᠳᠤᠨ ᠭᠣᠣᠯ᠎ᠤᠨ ᠬᠠᠮᠤᠭ᠎ᠤᠨ ᠰᠡᠭᠦᠯ᠎ᠤᠨ ᠨᠢᠭᠡ ᠪᠤᠯᠤᠩ ︱ ᠾᠧᠨᠠᠨ᠎ᠤ ᠯᠠᠨ ᠺᠤᠤ ᠵᠢᠨ ᠵᠡᠭᠦᠨ ᠬᠠᠰᠢᠯᠭ᠎ᠠ᠎ᠶᠢᠨ ᠬᠡᠰᠡᠭ᠎ᠦᠨ ᠬᠠᠳᠤᠨ ᠭᠣᠣᠯ᠎ᠤᠨ ᠬᠥᠪᠡᠭᠡᠨ᠎ᠳᠦ ᠬᠦᠷᠴᠦ᠂ ᠬᠠᠳᠤᠨ ᠭᠣᠣᠯ᠎ᠤᠨ ᠦᠶᠡᠷ᠎ᠢ ᠰᠡᠷᠭᠡᠢᠯᠡᠬᠦ ᠪᠠ ᠭᠤᠤᠯ᠎ᠤᠨ ᠰᠠᠢᠷᠭᠠᠯ ᠤᠷᠤᠨ᠎ᠤ ᠤᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠤᠨ ᠪᠠᠢᠳᠠᠯ᠎ᠢ ᠨᠠᠷᠢᠨ ᠠᠰᠠᠭᠤᠨ ᠯᠠᠪᠯᠠᠪᠠ; 2019 ᠣᠨ᠎ᠤ 9 ᠰᠠᠷ᠎ᠠ᠎ᠳᠤ᠂ ᠶᠡᠷᠦᠩᠬᠡᠢ ᠱᠦᠵᠢ ᠾᠧᠨᠠᠨ᠎ᠳᠤ ᠬᠠᠳᠤᠨ ᠭᠣᠣᠯ᠎ᠤᠨ ᠮᠦᠽᠧᠢ᠂ ᠬᠠᠳᠤᠨ ᠭᠣᠣᠯ᠎ᠤᠨ ᠤᠯᠤᠰ᠎ᠤᠨ ᠭᠠᠵᠠᠷ ᠰᠢᠨᠵᠢᠯᠡᠭᠡᠨ᠎ᠦ ᠴᠡᠴᠡᠷᠯᠢᠭ᠎ᠲᠦ ᠬᠦᠷᠴᠦ᠂ ᠳᠤᠮᠳᠠᠳᠤ᠎ᠶᠢᠨ ᠦᠨᠳᠦᠰᠦᠲᠡᠨ᠎ᠦ ᠬᠠᠳᠤᠨ ᠭᠣᠣᠯ᠎ᠢ ᠵᠠᠰᠠᠭᠰᠠᠨ ᠲᠡᠦᠬᠡ᠎ᠶᠢ ᠭᠦᠨᠵᠡᠭᠡᠢ ᠣᠢᠯᠠᠭᠠᠵᠤ᠂ ᠬᠠᠳᠤᠨ ᠭᠣᠣᠯ᠎ᠤᠨ ᠠᠮᠢ ᠠᠬᠤᠢ ᠎ᠶᠢᠨ ᠬᠠᠮᠠᠭᠠᠯᠠᠯᠲᠠ ᠪᠣᠯᠣᠨ ᠬᠠᠰᠢᠯᠭ᠎ᠠ ᠳᠠᠯᠠᠩ᠎ᠤᠨ ᠪᠦᠲᠦᠭᠡᠨ ᠪᠠᠢᠭᠤᠯᠤᠯᠲᠠ᠎ᠶᠢᠨ ᠪᠠᠢᠳᠠᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠪᠡ᠃

ᠡᠨᠡ ᠪᠣᠯ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠢ ᠳᠡᠭᠡᠳᠦ ᠬᠡᠮᠵᠢᠶ᠎ᠡ᠎ᠪᠡᠷ ᠠᠩᠬᠠᠷᠴᠤ ᠪᠠᠢᠭ᠎ᠠ ᠶᠠᠪᠤᠳᠠᠯ ᠮᠦᠨ ︱

2016 ᠣᠨ᠎ᠤ 7 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠨᠢᠩᠰᠢᠶᠠ᠎ᠳᠤ ᠰᠢᠨᠵᠢᠯᠡᠨ ᠪᠠᠢᠴᠠᠭᠠᠬᠤ᠎ᠳᠠᠭᠠᠨ᠂《ᠬᠠᠳᠤᠨ ᠭᠣᠣᠯ᠎ᠤᠨ ᠬᠠᠮᠠᠭᠠᠯᠠᠯᠲᠠ᠎ᠶᠢ ᠴᠢᠩᠭᠠᠳᠬᠠᠵᠤ᠂ ᠬᠠᠳᠤᠨ ᠭᠣᠣᠯ᠎ᠢ ᠪᠣᠬᠢᠷᠲᠤᠭᠤᠯᠬᠤ ᠠᠵᠢᠯᠯᠠᠭ᠎ᠠ᠎ᠶᠢ ᠡᠷᠡᠰ ᠬᠣᠷᠢᠭ᠍ᠯᠠᠵᠤ᠂ ᠡᠵᠢ ᠭᠣᠣᠯ᠎ᠢ ᠡᠭᠦᠷᠢᠳᠡ ᠡᠷᠡᠭᠦᠯ ᠪᠠᠢᠯᠭᠠᠬᠤ ᠬᠡᠷᠡᠭᠲᠡᠢ》ᠭᠡᠵᠦ ᠴᠢᠬᠤᠯᠠᠴᠢᠯᠠᠪᠠ; 2016 ᠣᠨ᠎ᠤ 8 ᠰᠠᠷ᠎ᠠ᠎ᠳᠤ᠂ ᠬᠥᠬᠡᠨᠠᠭᠤᠷ᠎ᠲᠤ ᠰᠢᠨᠵᠢᠯᠡᠨ ᠪᠠᠢᠴᠠᠭᠠᠬᠤ᠎ᠳᠠᠭᠠᠨ᠂ ᠲᠤᠬᠠᠢ᠎ᠶᠢᠨ ᠭᠠᠵᠠᠷ᠎ᠲᠤ 《ᠡᠷᠬᠡᠪᠰᠢ ᠭᠤᠷᠪᠠᠨ ᠮᠥᠷᠡᠨ᠎ᠦ ᠡᠬᠢ᠎ᠶᠢ ᠬᠠᠮᠠᠭᠠᠯᠠᠬᠤ᠂〈ᠳᠤᠮᠳᠠᠳᠤ᠎ᠶᠢᠨ ᠤᠰᠤᠨ ᠰᠤᠪᠤᠷᠭ᠎ᠠ〉 ᠶ᠋ᠢ ᠬᠠᠮᠠᠭᠠᠯᠠᠬᠤ ᠴᠢᠬᠤᠯᠠ ᠶᠡᠬᠡ ᠬᠠᠷᠢᠭᠤᠴᠠᠯᠭ᠎ᠠ᠎ᠶᠢ ᠡᠭᠦᠷᠭᠡᠯᠡᠬᠦ ᠬᠡᠷᠡᠭᠲᠡᠢ》 ᠭᠡᠵᠦ ᠵᠠᠬᠢᠪᠠ᠃ 2020 ᠣᠨ᠎ᠤ 4 ᠰᠠᠷ᠎ᠠ᠎ᠳᠤ᠂ ᠱᠠᠨᠰᠢ᠎ᠳᠤ ᠰᠢᠨᠵᠢᠯᠡᠨ ᠪᠠᠢᠴᠠᠭᠠᠬᠤ᠎ᠳᠠᠭᠠᠨ᠂《ᠬᠠᠳᠤᠨ ᠭᠣᠣᠯ᠎ᠤᠨ ᠰᠠᠪᠠ ᠭᠠᠵᠠᠷ᠎ᠢ ᠬᠡᠳᠦ ᠨᠥᠯᠥᠭᠡᠯᠡᠬᠦ᠂ ᠬᠡᠳᠦ ᠠᠰᠢᠭ᠍ᠯᠠᠵᠤ ᠪᠠᠢᠭᠰᠠᠨ᠎ᠡᠴᠡ ᠪᠠᠢᠭᠠᠯᠢ᠎ᠶᠢ ᠰᠡᠷᠭᠦᠭᠡᠬᠦ᠂ ᠠᠮᠤᠷᠵᠢᠭᠤᠯᠤᠨ ᠲᠡᠩᠬᠡᠷᠡᠭᠦᠯᠬᠦ ᠲᠡᠢᠰᠢ ᠬᠤᠪᠢᠷᠠᠭᠤᠯᠬᠤ᠎ᠶᠢ ᠠᠬᠢᠭᠤᠯᠵᠤ᠂ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢᠵᠢᠷᠠᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ; 2021 ᠣᠨ᠎ᠤ 10 ᠰᠠᠷ᠎ᠠ᠎ᠳᠤ᠂ ᠱᠠᠨᠳᠦ᠋ᠩ ᠎ᠦᠨ ᠳ᠋ᠦᠩ ᠶᠢᠩ᠎ᠦᠨ ᠬᠠᠲᠤᠨ ᠭᠣᠣᠯ᠎ᠤᠨ ᠲᠡᠯᠡᠶ᠎ᠳᠦ ᠴᠢᠳᠬᠤᠬᠤ ᠬᠡᠰᠡᠭ ᠲᠦ᠍ ᠬᠦᠷᠴᠦ᠂ ᠲᠤᠬᠠᠢ᠎ᠶᠢᠨ ᠭᠠᠵᠠᠷ᠎ᠤᠨ ᠬᠠᠷᠢᠭᠤᠴᠠᠯᠭᠠᠲᠠᠨ ᠨᠥᠬᠥᠳ᠎ᠲᠦ 《ᠬᠠᠲᠤᠨ ᠭᠣᠣᠯ᠎ᠤᠨ ᠴᠢᠳᠬᠤᠬᠤ ᠬᠡᠰᠡᠭ᠎ᠤᠨ ᠨᠤᠭᠤ ᠭᠠᠵᠠᠷ᠎ᠢ ᠬᠠᠮᠠᠭᠠᠯᠠᠬᠤ᠎ᠶᠢ ᠨᠢᠭᠡ ᠵᠦᠢᠯ᠎ᠦᠨ ᠡᠷᠬᠢᠮ ᠳᠡᠭᠡᠳᠦ ᠦᠢᠯᠡᠰ᠎ᠢᠶᠡᠨ ᠪᠣᠯᠭᠠᠬᠤ ᠬᠡᠷᠡᠭᠲᠡᠢ》 ᠭᠡᠵᠦ ᠰᠠᠨᠠᠭᠤᠯᠤᠨ ᠵᠠᠬᠢᠪᠠ᠃

ᠡᠨᠡ ᠪᠣᠯ ᠬᠠᠲᠤᠨ ᠭᠣᠣᠯ ᠎ᠤᠨ ᠤᠰᠤᠨ᠎ᠤ ᠡᠬᠢ ᠪᠠᠶᠠᠯᠢᠭ᠋᠎ᠤᠨ ᠠᠰᠢᠭ᠍ᠯᠠᠯᠲᠠ᠎ᠶᠢᠨ ᠰᠤᠳᠠᠯ᠎ᠢ ᠪᠠᠷᠢᠵᠤ ᠵᠤᠷ ᠪᠢᠴᠢᠭᠰᠡᠨ ᠶᠠᠪᠤᠳᠠᠯ ᠮᠦᠨ ︱

ᠵᠢᠨᠠᠨ᠎ᠤ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ ᠵᠠᠯᠠᠭᠤ᠎ᠳᠠᠭᠠᠨ ᠱᠠᠨᠰᠢ᠎ᠵᠢᠨ ᠬᠤᠢᠲᠦ ᠬᠡᠰᠡᠭ᠎ᠲᠦ ᠤᠰᠤ ᠬᠡᠷᠡᠭᠯᠡᠵᠦ ᠪᠠᠢᠭᠰᠠᠨ ᠪᠠᠢᠳᠠᠯ᠎ᠢ ᠳᠤᠷᠠᠳᠴᠤ᠂《ᠤᠰᠤ ᠪᠡᠷ ᠳᠥᠷᠪᠡ᠎ᠶᠢ ᠲᠣᠭᠲᠠᠭᠠᠬᠤ》 ᠵᠠᠷᠴᠢᠮ ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ 《ᠬᠦᠨᠵᠢᠯᠡ ᠵᠢᠨ ᠵᠢᠡᠨ ᠬᠢᠷᠢ ᠪᠡᠷ ᠬᠦᠯ ᠵᠢᠡᠨ ᠵᠢᠭᠢᠵᠤ》᠂ ᠤᠰᠤᠨ᠎ᠤ ᠡᠬᠢ ᠪᠠᠶᠠᠯᠢᠭ᠋᠎ᠢ ᠨᠠᠷᠢᠯᠢᠭ ᠪᠤᠳᠤᠨ ᠰᠠᠢᠲᠤᠷ ᠬᠡᠷᠡᠭᠯᠡᠵᠦ᠂ ᠤᠰᠤᠨ᠎ᠤ ᠡᠬᠢ ᠪᠠᠶᠠᠯᠢᠭ᠋᠎ᠢ ᠬᠠᠮᠤᠭ᠎ᠤᠨ ᠬᠡᠷᠡᠭᠴᠡᠭᠡ᠎ᠲᠠᠢ ᠭᠠᠵᠠᠷ᠎ᠲᠤ ᠬᠡᠷᠡᠭᠯᠡᠬᠦ ᠬᠡᠷᠡᠭᠲᠡᠢ ᠭᠡᠵᠤ ᠴᠢᠬᠤᠯᠠᠴᠢᠯᠠᠪᠠ; 2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠥᠪᠥᠷ ᠮᠣᠩᠭᠣᠯ᠎ᠤᠨ ᠪᠠᠶᠠᠨᠨᠠᠭᠤᠷ᠎ᠤᠨ ᠪᠣᠷᠣᠳᠣᠬᠣᠢ ᠤᠰᠤᠯᠠᠯᠲᠠ᠎ᠶᠢᠨ ᠣᠷᠣᠨ᠎ᠤ ᠤᠰᠤᠨ᠎ᠤ ᠬᠡᠮᠵᠢᠶ᠎ᠡ᠎ᠶᠢᠨ ᠮᠡᠳᠡᠭᠡ ᠵᠠᠩᠭᠢᠵᠢᠯᠲᠠ᠎ᠶᠢᠨ ᠬᠢᠨᠠᠨ ᠬᠡᠮᠵᠢᠬᠦ ᠲᠥᠪ᠎ᠲᠦ ᠬᠦᠷᠴᠦ᠂ ᠲᠤᠬᠠᠢ ᠎ᠶᠢᠨ ᠭᠠᠵᠠᠷ ᠎ᠤᠨ ᠮᠡᠳᠡᠭᠡ ᠵᠠᠩᠭᠢᠵᠢᠯᠲᠠ᠎ᠶᠢᠨ ᠠᠷᠭ᠎ᠠ ᠪᠠᠷᠢᠯ᠎ᠢ ᠠᠰᠢᠭ᠍ᠯᠠᠬᠤ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠨᠠᠷᠢᠯᠢᠭ᠍ᠵᠢᠭᠤᠯᠤᠭᠰᠠᠨ ᠬᠠᠮᠢᠶᠠᠷᠤᠯᠲᠠ᠎ᠶᠢᠨ ᠲᠦᠪᠰᠢᠨ᠎ᠢ ᠳᠡᠭᠡᠭᠰᠢᠯᠡᠭᠦᠯᠬᠦ᠂ ᠤᠰᠤᠨ᠎ᠤ ᠡᠬᠢ ᠪᠠᠶᠠᠯᠢᠭ᠋᠎ᠢ ᠪᠣᠬᠢᠷᠲᠤᠯ ᠦᠭᠡᠢ ᠥᠨᠳᠥᠷ ᠪᠦᠲᠦᠮᠵᠢᠲᠡᠢ ᠠᠰᠢᠭ᠍ᠯᠠᠬᠤ᠎ᠶᠢ ᠠᠬᠢᠭᠤᠯᠬᠤ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶᠢ ᠰᠣᠨᠣᠰᠴᠤ᠂《ᠦᠷᠭᠦᠯᠵᠢᠯᠡᠨ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ᠎ᠪᠠᠷ ᠤᠰᠤ ᠬᠤᠪᠢᠶᠠᠷᠢᠯᠠᠨ ᠲᠣᠬᠢᠷᠠᠭᠤᠯᠬᠤ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠡᠭᠦᠨ᠎ᠦ ᠬᠠᠮᠲᠤ ᠤᠰᠤᠨ᠎ᠤ ᠬᠡᠮᠵᠢᠶ᠎ᠡ ᠵᠢ ᠦᠵᠡᠵᠤ ᠬᠡᠷᠡᠭᠯᠡᠯᠲᠡ ᠪᠡᠨ ᠲᠣᠬᠢᠷᠠᠭᠤᠯᠵᠤ᠂ ᠤᠯᠠᠨ ᠡᠰᠢᠴᠢᠯᠡᠭᠰᠡᠨ ᠣᠷᠣᠭᠤᠯᠤᠯᠲᠠ᠎ᠶᠢᠨ ᠲᠣᠭᠲᠡᠴᠡ᠎ᠶᠢ ᠪᠠᠶ᠋ᠢᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃

ᠡᠨᠡ ᠪᠣᠯ ᠬᠠᠲᠤᠨ ᠭᠣᠣᠯ ᠳᠠᠭᠠᠤ ᠮᠤᠵᠢ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢᠨ ᠲᠣᠳᠣᠷᠬᠠᠢ ᠱᠠᠭᠠᠷᠳᠠᠯᠭ᠎ᠠ ᠮᠦᠨ ︱

2020 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠨᠢᠩᠰᠢᠶᠠ᠎ᠳᠤ ᠰᠢᠨᠵᠢᠯᠡᠨ ᠪᠠᠢᠴᠠᠭᠠᠬᠤ᠎ᠳᠠᠭᠠᠨ 《ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ᠎ᠶᠢᠨ ᠤᠷᠢᠳ ᠵᠢᠡᠷ ᠬᠡᠷᠡᠭᠵᠢᠭᠦᠯᠬᠦ ᠣᠷᠣᠨ᠎ᠢ ᠴᠢᠷᠮᠠᠢᠨ ᠪᠦᠲᠦᠭᠡᠨ ᠪᠠᠶ᠋ᠢᠭᠤᠯᠬᠤ ᠬᠡᠷᠡᠭᠲᠡᠢ》 ᠭᠡᠵᠦ ᠱᠠᠭᠠᠷᠳᠠᠪᠡ; 2025 ᠣᠨ᠎ᠳᠤ ᠱᠠᠨ ᠰᠢ᠎ᠳᠦ᠂ ᠶᠡᠷᠦᠩᠬᠡᠢ ᠱᠦᠵᠢ ᠵᠠᠭᠤᠨ ᠵᠢᠯ᠎ᠦᠨ ᠬᠠᠭᠤᠴᠢᠨ ᠦᠢᠯᠡᠳᠪᠦᠷᠢ ᠶᠠᠩ ᠴᠢᠦᠸᠠᠨ ᠨᠡᠭᠡᠯᠡᠭᠡᠢ᠎ᠶᠢᠨ ᠬᠤᠪᠢᠴᠠᠭᠠᠲᠦ ᠬᠢᠵᠠᠭᠠᠷᠲᠤ ᠺᠣᠮᠫᠠᠨᠢ᠎ᠳᠤ᠄《ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠲᠡᠰ ᠳᠡᠪᠰᠢᠭᠦᠯᠪᠡᠯ ᠪᠠᠰᠠ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ ᠪᠤᠯᠤᠨ᠎ᠠ》᠂ 《ᠬᠠᠭᠤᠴᠢᠨ ᠠᠵᠤ ᠠᠬᠤᠢᠯᠠᠯ᠎ᠢ ᠴᠦ᠍ ᠳᠡᠭᠡᠳᠦ ᠲᠡᠰ᠎ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠪᠣᠯᠭᠠᠵᠤ ᠪᠣᠯᠣᠨ᠎ᠠ》 ᠭᠡᠵᠤ ᠬᠦᠰᠡᠯ ᠱᠠᠭᠠᠷᠳᠠᠯᠭ᠎ᠠ ᠳᠤᠷᠠᠳᠪᠠ; ᠡᠨᠡ ᠵᠢᠯ᠎ᠦᠨ 10 ᠰᠠᠷ᠎ᠠ᠎ᠳᠤ᠂ ᠥᠪᠥᠷ ᠮᠣᠩᠭᠣᠯ᠎ᠤᠨ ᠤᠯᠠᠭᠠᠨᠴᠠᠪ᠎ᠲᠤ᠂ ᠶᠡᠷᠦᠩᠬᠡᠢ ᠱᠦᠵᠢ ᠰᠢ᠎ᠶᠢᠨ ᠫᠢᠩ ᠲᠤᠬᠠᠢ᠎ᠶᠢᠨ ᠭᠠᠵᠠᠷ᠎ᠤᠨ ᠬᠢᠨ᠎ᠳᠦ᠂ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠤᠢ ᠮᠤᠳᠤ ᠭᠠᠵᠠᠷ ᠲᠠᠷᠢᠶ᠎ᠡ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠸᠮ ᠲᠠᠢ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠦᠰᠦᠯᠳᠡ ᠵᠢ ᠨᠡᠮᠡᠭᠳᠡᠭᠦᠯᠬᠦ ᠵᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠵᠠᠬᠢᠪᠠ᠃

ᠬᠠᠳᠤᠨ ᠭᠣᠣᠯ᠎ᠢ ᠬᠠᠮᠠᠭᠠᠯᠠᠬᠤ ᠪᠣᠯ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠪᠠ ᠥᠨᠢᠳᠡ᠎ᠶᠢᠨ ᠬᠥᠭᠵᠢᠯᠲᠡ᠎ᠳᠦ ᠬᠣᠯᠪᠣᠭᠳᠠᠬᠤ ᠮᠢᠩᠭᠠᠨ ᠣᠨ᠎ᠤ ᠶᠡᠬᠡ ᠪᠣᠳᠣᠯᠭ᠎ᠠ ᠮᠥᠨ᠃

ᠶᠡᠷᠦᠩᠬᠡᠢ ᠱᠦᠵᠢ ᠰᠢ᠎ᠶᠢᠨ ᠫᠢᠩ᠄《ᠬᠥᠬᠡᠮᠥ᠋ᠷᠡᠨ ᠎ᠦ ᠠᠵᠤ ᠠᠬᠤᠢ᠎ᠶᠢᠨ ᠪᠦᠰᠡ᠎ᠶᠢᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠳᠠᠷᠠᠭ᠎ᠠ᠂ ᠪᠢᠳᠡ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠳᠤᠷᠠᠳᠤᠨ ᠭᠠᠷᠭᠠᠭᠰᠠᠨ᠎ᠡᠴᠡ ᠤᠯᠤᠰ᠎ᠤᠨ 〈ᠭᠣᠣᠯ ᠮᠥᠷᠡᠨ᠎ᠦ ᠪᠠᠢᠯᠳᠤᠬᠤ ᠪᠣᠳᠣᠯᠭ᠎ᠠ〉 ᠡᠢᠨ ᠬᠦ᠌ ᠲᠣᠭᠲᠠᠭᠠᠭᠳᠠᠭᠰᠠᠨ ᠪᠠᠢᠨ᠎ᠠ》 ᠭᠡᠵᠦ ᠴᠢᠬᠤᠯᠠᠴᠢᠯᠠᠪᠠ᠃

ᠬᠠᠲᠤᠨ ᠭᠣᠣᠯ᠂ ᠡᠨᠡ ᠬᠦ᠌ ᠦᠨᠢ ᠡᠷᠲᠡᠨ᠎ᠦ ᠲᠤᠮᠤ ᠭᠣᠣᠯ ᠰᠢᠨ᠎ᠡ ᠴᠠᠭ ᠦᠶ᠎ᠡ᠎ᠳᠦ ᠳᠠᠪᠠᠯᠭᠠᠯᠠᠨ ᠤᠷᠤᠰᠤᠨ᠎ᠠ᠃

ᠲᠥᠷᠥ᠎ᠶᠢᠨ ᠪᠣᠳᠣᠯᠭ᠎ᠠ᠎ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠬᠠᠲᠤᠨ ᠭᠣᠣᠯ᠎ᠢ ᠬᠠᠮᠵᠢᠯᠴᠠᠨ ᠵᠠᠰᠠᠬᠤ ᠨᠠᠢᠷᠠᠯ ᠳᠠᠭᠤᠤ ᠵᠢ ᠴᠤᠤᠷᠢᠶᠠᠳᠤᠭᠤᠯᠤᠨ᠎ᠠ

ᠬᠠᠲᠤᠨ ᠭᠣᠣᠯ᠎ᠢ ᠵᠠᠰᠠᠬᠤ᠎ᠳᠤ ᠬᠦᠴᠢᠷᠳᠡᠯ ᠨᠢ 《ᠬᠤᠪᠢ ᠬᠤᠪᠢ ᠪᠡᠨ ᠬᠦᠭᠡᠭᠡᠬᠦ》 ᠳ᠋ᠤ ᠪᠤᠢ᠂ ᠠᠮᠵᠢᠯᠲᠠ ᠤᠯᠬᠤ ᠵᠢᠨ ᠵᠠᠩᠭᠢᠯᠠᠭ᠎ᠠ ᠨᠢ ᠬᠠᠮᠵᠢᠯᠴᠠᠨ ᠬᠦᠴᠦᠯᠡᠬᠦ᠎ᠳᠦ ᠪᠤᠢ᠃

2019 ᠣᠨ᠎ᠤ 9 ᠰᠠᠷ᠎ᠠ᠎ᠳᠤ᠂ ᠾᠧᠨᠠᠨ᠎ᠤ ᠵᠧᠩᠵᠧᠦ᠎ᠳᠦ ᠶᠠᠪᠤᠭᠳᠠᠭᠰᠠᠨ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ᠎ᠶᠢᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ ᠨᠢᠭᠡ ᠪᠦᠯᠦᠭ ᠲᠣᠭ᠎ᠠ ᠪᠠᠷᠢᠮᠲᠠ᠎ᠶᠢ ᠵᠢᠭ᠍ᠰᠠᠭᠠᠪᠠ᠄

ᠬᠠᠲᠤᠨ ᠭᠣᠣᠯ᠎ᠤᠨ ᠤᠰᠤᠨ᠎ᠤ ᠡᠬᠢ ᠪᠠᠶᠠᠯᠢᠭ᠋᠎ᠤᠨ ᠬᠥᠮᠥᠨ ᠳᠤᠮᠳᠠᠴᠢ᠎ᠶᠢᠨ ᠡᠵᠡᠯᠡᠬᠦ ᠬᠡᠮᠵᠢᠶ᠎ᠡ ᠨᠢ ᠪᠥᠬᠥ ᠤᠯᠤᠰ᠎ᠤᠨ ᠳᠤᠮᠳᠠᠴᠢ ᠲᠦᠪᠰᠢᠨ᠎ᠦ 27% ᠯᠠ ᠪᠠᠢᠵᠤ᠂ ᠤᠰᠤᠨ᠎ᠤ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ ᠨᠣᠷᠮ᠎ᠠ ᠨᠢ ᠡᠩ᠎ᠦᠨ ᠰᠠᠪᠠ ᠭᠠᠵᠠᠷ᠎ᠤᠨ 40%᠎ᠶᠢᠨ ᠠᠮᠢ ᠠᠬᠤᠢ᠎ᠶᠢᠨ ᠰᠡᠷᠭᠡᠢᠯᠡᠯᠲᠡ᠎ᠶᠢᠨ ᠱᠤᠭᠤᠮ᠎ᠡᠴᠡ ᠬᠣᠯᠠ ᠳᠠᠪᠠᠵᠤ᠂ ᠡᠬᠢ ᠪᠤᠯᠤᠭᠰᠠᠨ ᠬᠥᠬᠡᠨᠠᠭᠤᠷ᠎ᠤᠨ ᠢᠤᠶ᠋ᠢᠱᠦ ᠵᠧᠦ ᠬᠢᠭᠡᠳ ᠲᠡᠯᠡᠶ᠎ᠳᠦ ᠴᠢᠳᠬᠤᠬᠤ ᠬᠡᠰᠡᠭ᠎ᠤᠨ ᠱᠠᠨᠳᠦ᠋ᠩ᠎ᠦᠨ ᠳ᠋ᠦᠩ ᠶᠢᠩ ᠬᠣᠲᠠ᠎ᠶᠢᠨ ᠬᠥᠮᠥᠨ ᠳᠤᠮᠳᠠᠴᠢ᠎ᠶᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠪᠥᠬᠥ ᠥᠷᠲᠡᠭ᠎ᠦᠨ ᠵᠥᠷᠢᠶ᠎ᠡ ᠨᠢ 10 ᠳᠠᠬᠢᠨ᠎ᠢ ᠳᠠᠪᠠᠪᠠ ᠁

ᠬᠦᠴᠢᠷᠳᠡᠯ ᠎ᠢ ᠰᠢᠢᠳᠪᠦᠷᠢᠯᠡᠬᠦ ᠲᠦᠯᠬᠢᠭᠦᠷ ᠨᠢ ᠳᠠᠷᠤᠢ ᠡᠷᠬᠡᠪᠰᠢ ᠪᠦᠬᠦ ᠰᠠᠪᠠ ᠭᠠᠵᠠᠷ᠎ᠤᠨ 《ᠨᠢᠭᠡ ᠬᠥᠯᠭᠡ ᠰᠢᠲᠠᠷ᠎ᠠ》  ᠪᠡᠷ ᠵᠠᠰᠠᠯᠲᠠ᠎ᠶᠢᠨ ᠪᠠᠢᠷᠢᠰᠢᠯ᠎ᠢ ᠳᠠᠬᠢᠨ ᠪᠠᠶ᠋ᠢᠭᠤᠯᠬᠤ᠎ᠳᠦ ᠪᠤᠢ᠃

ᠶᠡᠷᠦᠩᠬᠡᠢ ᠱᠦᠵᠢ ᠰᠢ᠎ᠶᠢᠨ ᠫᠢᠩ 《ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠲᠦᠯᠦᠪᠯᠡᠵᠤ᠂ ᠬᠠᠮᠵᠢᠯᠴᠠᠨ ᠠᠬᠢᠭᠤᠯᠬᠤ᠎ᠶᠢ ᠪᠠᠷᠢᠮᠲᠠᠯᠠᠬᠤ ᠬᠡᠷᠡᠭᠲᠡᠢ》 ᠭᠡᠵᠦ ᠴᠢᠬᠤᠯᠠᠴᠢᠯᠠᠭᠰᠠᠨ ᠪᠥᠭᠡᠳ 《ᠪᠦᠬᠦ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠰᠢᠨ᠎ᠡ ᠳᠡᠭᠲᠡᠷ᠎ᠲᠦ ᠭᠠᠷᠬᠤ᠂ ᠪᠣᠬᠢᠷᠲᠤᠯ ᠦᠭᠡᠢ ᠲᠡᠢᠰᠢ ᠬᠡᠯᠪᠡᠷᠢ ᠪᠡᠨ ᠬᠤᠪᠢᠷᠠᠭᠤᠯᠬᠤ ᠨᠢ ᠰᠢᠨ᠎ᠡ ᠠᠬᠢᠴᠠ᠎ᠲᠠᠢ᠂ ᠴᠢᠨᠠᠷ ᠰᠠᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ᠎ᠲᠠᠢ᠂ ᠠᠷᠠᠳ ᠤᠯᠠᠨ᠎ᠤ ᠠᠮᠢᠳᠤᠷᠠᠯ ᠰᠢᠨ᠎ᠡ ᠰᠠᠢᠵᠢᠷᠠᠯᠲᠠ᠎ᠲᠠᠢ ᠪᠣᠯᠬᠤ᠎ᠶᠢ ᠠᠬᠢᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠪᠠᠢᠳᠠᠯ᠎ᠢ ᠡᠭᠦᠳᠬᠦ ᠬᠡᠷᠡᠭᠲᠡᠢ》 ᠭᠡᠵᠦ ᠲᠣᠳᠣᠷᠬᠠᠢ ᠱᠠᠭᠠᠷᠳᠠᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ 9 ᠮᠤᠵᠢ ᠣᠷᠣᠨ᠎ᠢ ᠰᠤᠨᠳᠠᠯᠠᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶᠢ ᠬᠤᠯᠪᠤᠭᠰᠠᠨ ᠰᠢᠰᠲᠧᠮᠲᠦ ᠵᠠᠰᠠᠯᠲᠠ ᠬᠠᠲᠤᠨ ᠭᠤᠤᠯ᠎ᠤᠨ ᠳᠡᠭᠡᠲᠦ ᠳᠤᠤᠷᠠᠳᠦ ᠤᠷᠤᠰᠬᠠᠯ ᠳᠠᠭᠠᠤ ᠪᠦᠬᠦ ᠲᠠᠯ᠎ᠠ᠎ᠪᠠᠷ ᠥᠷᠨᠢᠪᠡ ︱

ᠬᠤᠪᠢᠰᠤᠩᠭᠤᠢ᠎ᠪᠠᠷ ᠵᠠᠰᠠᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠶᠡᠬᠡ ᠬᠠᠮᠠᠭᠠᠯᠠᠯᠲᠠ ᠶᠡᠬᠡ ᠬᠠᠮᠵᠢᠯᠴᠠᠭᠠᠨ᠎ᠤ ᠪᠠᠢᠷᠢᠰᠢᠯ᠎ᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠪᠡ᠃

2021 ᠣᠨ᠎ᠤ ᠨᠠᠮᠤᠷ᠂ ᠶᠡᠷᠦᠩᠬᠡᠢ ᠱᠦᠵᠢ ᠰᠢ᠎ᠶᠢᠨ ᠫᠢᠩ ᠱᠠᠨᠰᠢ᠎ᠵᠢᠨ ᠬᠤᠢᠲᠦ ᠬᠡᠰᠡᠭ᠎ᠤᠨ ᠭᠤᠤ ᠰᠢ ᠭᠧᠦ ᠲᠣᠰᠬᠣᠨ᠎ᠳᠤ ᠢᠷᠡᠪᠡ᠃ ᠬᠠᠷᠠᠭ᠎ᠠ ᠪᠡᠯᠴᠢᠭᠡᠬᠦ᠎ᠳᠦ᠂ ᠰᠢᠷ᠎ᠠ ᠬᠦᠷᠦᠰᠦᠲᠦ ᠭᠠᠵᠠᠷ᠎ᠤᠨ ᠭᠤᠤ ᠰᠤᠪᠠᠭ ᠨᠣᠭᠣᠭᠠᠨ ᠬᠦᠷᠮ᠎ᠡ ᠬᠡᠲᠦᠷᠪᠡ᠃ ᠶᠡᠷᠦᠩᠬᠡᠢ ᠱᠦᠵᠢ᠄ 《ᠭᠤᠤ ᠰᠢ ᠭᠧᠦ ᠲᠣᠰᠬᠣᠨ ᠪᠣᠯ ᠰᠢᠷ᠎ᠠ ᠬᠥᠷᠥᠰᠥᠲᠦ ᠥᠨᠳᠥᠷᠯᠢᠭ᠎ᠦᠨ ᠠᠮᠢ ᠠᠬᠤᠢ᠎ᠶᠢᠨ ᠵᠠᠰᠠᠯᠲᠠ᠎ᠶᠢᠨ ᠦᠯᠢᠭᠡᠷ ᠳᠠᠭᠤᠷᠢᠶᠠᠯ ᠮᠦᠨ》 ᠭᠡᠵᠦ ᠮᠠᠭᠲᠠᠨ ᠰᠠᠢᠰᠢᠶᠠᠪᠠ᠃

ᠰᠢᠷ᠎ᠠ ᠬᠦᠷᠦᠰᠦ ᠨᠣᠭᠣᠭᠠᠨ ᠦᠨᠭᠭᠡ ᠪᠡᠷ ᠬᠤᠴᠢᠭᠳᠠᠬᠤ᠎ᠳᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ᠂ ᠰᠢᠰᠲ᠋ᠸᠮ ᠲᠠᠢ ᠠᠷᠭ᠎ᠠ ᠪᠣᠳᠣᠯᠭ᠎ᠠ ᠬᠡᠷᠡᠭᠵᠢᠭᠦᠯᠬᠦ ᠤᠶᠤᠨ ᠤᠬᠠᠭᠠᠨ᠎ᠢ ᠰᠢᠯᠭᠠᠳᠠᠭ᠃ ᠠᠭᠤᠯᠠᠨ ᠳᠡᠭᠡᠷᠡᠬᠢ ᠨᠠᠯᠠᠤ ᠬᠥᠲᠥᠯ᠎ᠳᠦ ᠱᠠᠲᠤᠨ ᠲᠠᠷᠢᠶ᠎ᠠ ᠵᠠᠰᠠᠬᠤ᠂ ᠭᠤᠤ ᠰᠤᠪᠠᠭ ᠨᠦᠯᠦᠮᠡᠯ ᠭᠠᠵᠠᠷ᠎ᠲᠤ ᠬᠠᠰᠢᠯᠭ᠎ᠠ ᠳᠠᠯᠠᠩ ᠪᠤᠰᠬᠠᠬᠤ᠂ ᠴᠥᠭᠥᠷᠥᠮ ᠪᠠᠢᠭᠤᠯᠵᠤ ᠲᠠᠷᠢᠶᠠᠨ ᠭᠠᠵᠠᠷ᠎ᠢ ᠤᠰᠤᠯᠠᠬᠤ᠂ ᠥᠨᠳᠥᠷ ᠠᠭᠤᠯᠠ ᠠᠯᠤᠰ᠎ᠤᠨ ᠠᠭᠤᠯᠠ ᠰᠢᠭᠤᠢᠲᠦ ᠠᠭᠤᠯᠠ ᠁ ᠤᠯᠠᠨ ᠵᠢᠯ᠎ᠦᠨ ᠲᠤᠷᠰᠢ᠂ ᠭᠤᠤ ᠰᠢ ᠭᠧᠦ ᠲᠣᠰᠬᠣᠨ ᠪᠠᠢᠭᠠᠯᠢ᠎ᠶᠢᠨ ᠨᠥᠬᠥᠴᠡᠯ᠎ᠢᠶᠡᠨ ᠦᠨᠳᠦᠰᠦᠯᠡᠨ ᠠᠮᠢ ᠠᠬᠤᠢ᠎ᠶᠢ ᠰᠡᠷᠭᠦᠭᠡᠬᠦ ᠲᠥᠰᠥᠯ᠎ᠢ ᠨᠢᠭᠡᠳᠦᠯᠲᠡᠢ ᠲᠥᠯᠥᠪᠵᠢᠭᠦᠯᠵᠦ᠂ ᠪᠣᠷᠣᠭᠠᠨ᠎ᠲᠠᠢ ᠡᠳᠦᠷ 《ᠰᠢᠪᠠᠷ ᠠᠭᠤᠯᠠᠨ᠎ᠡᠴᠡ ᠪᠠᠭᠤᠬᠤ ᠦᠭᠡᠢ᠂ ᠦᠶᠡᠷ ᠭᠤᠤ ᠡᠴᠡ ᠭᠠᠷᠬᠤ ᠦᠭᠡᠢ》 ᠪᠠᠢᠬᠤ᠎ᠶᠢ ᠪᠡᠶᠡᠯᠡᠭᠦᠯᠵᠦ᠂ ᠬᠥᠷᠥᠰᠥ ᠰᠢᠷᠣᠢ᠎ᠶᠢᠨ ᠢᠳᠡᠭᠳᠡᠯ᠎ᠦᠨ ᠠᠰᠠᠭᠤᠳᠠᠯ᠎ᠢ ᠠᠯᠬᠤᠮ ᠠᠯᠬᠤᠮ᠎ᠢᠶᠠᠷ ᠰᠠᠢᠵᠢᠷᠠᠭᠤᠯᠪᠠ᠃

2025 ᠣᠨ ᠪᠣᠯᠲᠠᠯ᠎ᠠ᠂ ᠬᠠᠲᠤᠨ ᠭᠣᠣᠯ᠎ᠤᠨ ᠰᠠᠪᠠ ᠭᠠᠵᠠᠷ᠎ᠤᠨ ᠬᠥᠷᠥᠰᠥ ᠰᠢᠷᠣᠢ᠎ᠶᠢᠨ ᠢᠳᠡᠭᠳᠡᠯ᠎ᠢ ᠠᠩᠬ᠎ᠠ ᠠᠯᠬᠤᠮ ᠵᠠᠰᠠᠭᠰᠠᠨ ᠲᠠᠯᠠᠪᠠᠶ ᠨᠢ ᠨᠡᠶ᠋ᠢᠲᠡ 29 ᠲᠦᠮᠡ ᠭᠠᠷᠤᠢ ᠲᠡᠭᠰᠢ ᠳᠥᠷᠪᠡᠯᠵᠢᠨ ᠺᠢᠯᠣᠮᠧᠲᠷ ᠪᠤᠯᠪᠠ; ᠳᠡᠭᠡᠷ᠎ᠡ ᠵᠠᠭᠤᠨ᠎ᠤ ᠶᠡᠷᠡᠭᠡᠳ ᠣᠨ᠎ᠤ ᠦᠶ᠎ᠡ᠎ᠶᠢᠨ ᠬᠢ᠎ᠲᠠᠢ ᠬᠠᠷᠢᠴᠠᠭᠤᠯᠪᠠᠯ᠂ ᠣᠳᠣᠬᠠᠨ᠎ᠳᠤ ᠬᠠᠲᠤᠨ ᠭᠣᠣᠯ᠎ᠤᠨ ᠰᠠᠪᠠ ᠭᠠᠵᠠᠷ᠎ᠤᠨ ᠬᠥᠷᠥᠰᠥ ᠰᠢᠷᠣᠢ᠎ᠶᠢᠨ ᠢᠳᠡᠭᠳᠡᠯ᠎ᠦᠨ ᠲᠠᠯᠠᠪᠠᠶ ᠪᠠᠷᠤᠭ ᠲᠠᠪᠤᠨ ᠬᠤᠪᠢ᠎ᠪᠠᠷ ᠪᠠᠭᠠᠰᠤᠭᠰᠠᠨ ᠪᠠᠢᠨ᠎ᠠ᠃

《ᠠᠭᠤᠯᠠ ᠤᠰᠤ ᠤᠢ ᠮᠤᠳᠤ ᠭᠠᠵᠠᠷ ᠲᠠᠷᠢᠶ᠎ᠡ ᠨᠠᠭᠤᠷ ᠪᠦᠷᠢᠳᠦ ᠨᠤᠲᠤᠭ ᠪᠡᠯᠴᠢᠭᠡᠷ᠎ᠢ ᠶᠡᠷᠦᠩᠬᠡᠢᠯᠡᠨ ᠵᠠᠰᠠᠬᠤ᠂ ᠰᠢᠰᠲ᠋ᠸᠮ ᠲᠡᠢ ᠵᠠᠰᠠᠬᠤ᠂ ᠡᠬᠢ ᠡᠭᠦᠰᠦᠯ᠎ᠡᠴᠡ ᠨᠢ ᠵᠠᠰᠠᠬᠤ᠎ᠶᠢ ᠪᠠᠷᠢᠮᠲᠠᠯᠠᠬᠤ ᠬᠡᠷᠡᠭᠲᠡᠢ》᠂ 《ᠬᠠᠳᠤᠨ ᠭᠣᠣᠯ᠎ᠤᠨ ᠠᠮᠢ ᠠᠬᠤᠢ᠎ᠶᠢᠨ ᠰᠢᠰᠲ᠋ᠸᠮ ᠪᠣᠯ ᠨᠢᠭᠡᠨ ᠣᠷᠭᠠᠨᠢᠭ᠋ ᠪᠦᠬᠦᠯᠢ ᠴᠣᠭᠴᠠ ᠮᠥᠨ》᠂ 《ᠳᠡᠭᠡᠳᠦ ᠳᠤᠮᠳᠠ ᠳᠣᠣᠷᠠᠳᠤ ᠤᠷᠤᠰᠬᠠᠯ᠎ᠤᠨ ᠵᠥᠷᠢᠶ᠎ᠡ᠎ᠶᠢ ᠭᠦᠢᠴᠡᠳ ᠪᠣᠳᠣᠯᠬᠢᠯᠠᠬᠤ ᠬᠡᠷᠡᠭᠲᠡᠢ》᠁ ᠰᠢᠰᠲ᠋ᠸᠮᠳᠦ ᠣᠢᠯᠠᠭᠠᠭᠳᠠᠬᠤᠨ᠂ ᠬᠤᠪᠢᠰᠤᠩᠭᠤᠢ ᠰᠡᠳᠬᠢᠬᠦᠢ ᠨᠢ ᠶᠡᠷᠦᠩᠬᠡᠢ ᠱᠦᠵᠢ ᠰᠢ᠎ᠶᠢᠨ ᠫᠢᠩ᠎ᠤᠨ ᠬᠠᠳᠤᠨ ᠭᠣᠣᠯ᠎ᠤᠨ ᠠᠮᠢ ᠠᠬᠤᠢ᠎ᠶᠢᠨ ᠬᠠᠮᠠᠭᠠᠯᠠᠯᠲᠠ ᠵᠠᠰᠠᠯᠲᠠ᠎ᠶᠢ ᠵᠢᠭᠠᠨ ᠵᠢᠯᠤᠭᠣᠳᠬᠤ ᠪᠦᠬᠦ ᠶᠠᠪᠤᠴᠠ᠎ᠳᠤ ᠲᠤᠭᠤᠰᠢᠯᠠᠭᠳᠠᠪᠠ᠃

ᠭᠤᠤᠯᠳᠠᠭ᠎ᠠ ᠵᠢ ᠠᠳᠬᠤᠪᠡᠯ ᠠᠯᠢᠪᠠ ᠠᠵᠢᠯ ᠪᠦᠲᠦᠨ᠎ᠡ᠃ 《ᠤᠮᠠᠷᠠᠲᠤ᠎ᠶᠢᠨ ᠭᠤᠷᠪᠠᠨ ᠣᠷᠣᠨ》ᠢᠨᠵᠧᠨᠧᠷᠢᠩ ᠎ᠦᠨ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠵᠠᠰᠠᠬᠤ᠎ᠶᠢ ᠴᠢᠩᠭᠠᠳᠬᠠᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠭᠦᠨᠵᠡᠭᠡᠢ ᠰᠠᠢᠲᠤᠷ ᠬᠢᠵᠦ᠂《ᠲᠠᠷᠠᠬᠠᠢ ᠪᠤᠲᠠᠷᠬᠠᠢ ᠰᠤᠯᠠ ᠵᠠᠳᠠᠭᠠᠢ ᠪᠣᠬᠢᠷᠲᠤᠯ ᠲᠡᠢ》 ᠠᠵᠤ ᠠᠬᠤᠢᠯᠠᠯ᠎ᠢ ᠬᠠᠤᠯᠢ ᠶᠣᠰᠣᠭᠠᠷ ᠴᠡᠭᠴᠡᠯᠡᠨ ᠵᠠᠰᠠᠪᠠ ᠁ ᠬᠠᠳᠤᠨ ᠭᠣᠣᠯ᠎ᠤᠨ ᠵᠠᠰᠠᠯᠲᠠ᠎ᠶᠢᠨ ᠰᠢᠰᠲ᠋ᠸᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠨᠡᠩ ᠲᠤᠪᠤᠢ᠍ᠢᠯᠭᠠᠬᠤ᠎ᠶᠢᠨ ᠲᠥᠯᠥᠭᠡ᠂ ᠣᠢᠷ᠎ᠠ᠎ᠶᠢᠨ ᠵᠢᠯ᠎ᠡᠴᠡ ᠳᠡᠭᠡᠳᠦ ᠳᠣᠣᠷᠠᠳᠤ ᠤᠷᠤᠰᠬᠠᠯ᠎ᠤᠨ ᠬᠠᠷᠢᠯᠴᠠᠨ ᠨᠡᠪᠲᠡᠷᠡᠵᠤ ᠨᠢᠭᠡ ᠴᠣᠭᠴᠠᠵᠢᠭᠤᠯᠤᠭᠰᠠᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶᠢᠨ ᠰᠢᠰᠲ᠋ᠸᠮ᠎ᠢ ᠦᠷᠭᠦᠯᠵᠢᠯᠡᠨ ᠪᠠᠢᠭᠤᠯᠵᠤ᠂ ᠴᠢᠬᠤᠯᠠ ᠠᠮᠢ ᠠᠬᠤᠢ᠎ᠶᠢᠨ ᠰᠢᠰᠲ᠋ᠸᠮ᠎ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠰᠢᠰᠲ᠋ᠸᠮ᠎ᠤᠨ ᠲᠣᠭᠲᠠᠪᠤᠷᠢᠲᠤ ᠴᠢᠨᠠᠷ ᠳᠠᠰᠤᠷᠠᠯᠳᠠ ᠦᠭᠡᠢ ᠳᠡᠭᠡᠭᠰᠢᠯᠡᠪᠡ᠃

ᠬᠥᠬᠡᠨᠠᠭᠤᠷ᠎ᠤᠨ ᠭᠤᠷᠪᠠᠨ ᠮᠥᠷᠡᠨ᠎ᠦ ᠡᠬᠢ᠎ᠳᠦ ᠮᠥᠰᠥᠲᠦᠯᠭᠡ᠎ᠶᠢ ᠬᠠᠮᠠᠭᠠᠯᠠᠬᠤ᠂ ᠬᠥᠯᠳᠡᠭᠦᠦ ᠬᠥᠷᠥᠰᠥ᠎ᠶᠢ ᠬᠠᠮᠠᠭᠠᠯᠠᠬᠤ᠂ ᠤᠷᠭᠤᠮᠠᠯ ᠎ᠤᠨ ᠪᠦᠷᠬᠦᠴᠡ᠎ᠶᠢ ᠰᠡᠷᠭᠦᠭᠡᠬᠦ ᠵᠡᠷᠭᠡ ᠣᠯᠠᠨ ᠡᠯᠧᠮᠧᠨ᠋ᠲ᠎ᠢ ᠬᠠᠮᠤᠷᠤᠭᠰᠠᠨ ᠶᠡᠷᠦᠩᠬᠡᠢᠯᠡᠭᠰᠡᠨ ᠴᠢᠨᠠᠷᠲᠠᠢ ᠢᠨᠵᠧᠨᠧᠷᠢᠩ᠎ᠢ ᠬᠡᠷᠡᠭᠵᠢᠭᠦᠯᠪᠡ; ᠥᠪᠥᠷ ᠮᠣᠩᠭᠣᠯ《ᠤᠮᠠᠷᠠᠲᠤ ᠵᠢᠨ ᠭᠤᠷᠪᠠᠨ ᠤᠷᠤᠨ》᠎ᠤ᠋ ᠢᠨᠵᠧᠨᠧᠷᠢᠩ ᠎ᠦᠨ ᠰᠢᠪᠲᠤᠯᠤᠯᠲᠠ᠎ᠶᠢᠨ ᠳᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠵᠦ᠂ ᠡᠬᠢ ᠪᠠᠶᠠᠯᠢᠭ᠋᠎ᠤᠨ ᠬᠦᠴᠦᠨ᠎ᠢᠶᠡᠨ ᠲᠥᠪᠯᠡᠷᠡᠭᠦᠯᠦᠨ ᠨᠢᠭᠡ ᠪᠦᠯᠦᠭ ᠭᠣᠣᠯᠳᠠᠯᠭ᠎ᠠ᠎ᠲᠠᠢ ᠢᠨᠵᠧᠨᠧᠷᠢᠩ᠎ᠢ ᠬᠡᠷᠡᠭᠵᠢᠭᠦᠯᠪᠡ; ᠾᠧᠨᠠᠨ᠂ ᠱᠠᠨᠳᠦ᠋ᠩ᠎ᠲᠠᠢ ᠠᠮᠢ ᠠᠬᠤᠢ᠎ᠶᠢᠨ ᠬᠠᠮᠠᠭᠠᠯᠠᠯᠲᠠ᠎ᠶᠢᠨ ᠨᠥᠬᠥᠪᠦᠷᠢ᠎ᠶᠢᠨ ᠵᠥᠪᠳᠡᠯᠴᠡᠭᠡᠷ ᠲᠣᠭᠲᠠᠵᠤ᠂ ᠭᠠᠭᠴᠠ ᠲᠠᠯ᠎ᠠ᠎ᠡᠴᠡ ᠵᠠᠰᠠᠬᠤ ᠡᠷᠬᠡ ᠬᠠᠷᠢᠭᠤᠴᠠᠯᠭ᠎ᠠ ᠲᠡᠩᠴᠡᠭᠦᠷᠢ ᠦᠭᠡᠢ ᠪᠠᠢᠳᠠᠯ᠎ᠢ ᠬᠤᠪᠢᠷᠠᠭᠤᠯᠵᠠᠢ ᠁ ᠬᠠᠲᠤᠨ ᠭᠣᠣᠯ ᠳᠠᠭᠠᠤ᠎ᠶᠢᠨ ᠡᠯ᠎ᠡ ᠮᠤᠵᠢ ᠣᠷᠣᠨ ᠭᠠᠷ ᠬᠣᠯᠪᠣᠯᠴᠠᠨ ᠬᠦᠴᠦᠯᠡᠵᠦ᠂ ᠲᠤᠬᠠᠢ᠎ᠶᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ᠎ᠶᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠂ ᠪᠥᠬᠥ ᠰᠠᠪᠠ ᠭᠠᠵᠠᠷ᠎ᠤᠨ᠂ ᠵᠠᠬ᠎ᠠ ᠳᠡᠯᠭᠡᠭᠦᠷᠴᠢᠯᠡᠭᠰᠡᠨ᠂ ᠣᠯᠠᠨ ᠡᠰᠢᠵᠢᠭᠰᠡᠨ ᠠᠮᠢ ᠠᠬᠤᠢ᠎ᠶᠢᠨ ᠬᠠᠮᠠᠭᠠᠯᠠᠯᠲᠠ᠎ᠶᠢᠨ ᠨᠥᠬᠥᠪᠦᠷᠢ ᠥᠭᠬᠦ ᠲᠣᠭᠲᠡᠴᠡ᠎ᠶᠢ ᠰᠦᠪᠡᠭᠴᠢᠯᠡᠨ ᠪᠠᠢᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠥᠬᠥ  ᠬᠦᠴᠦᠨ᠎ᠢᠶᠡᠷ᠎ᠢᠶᠡᠨ ᠪᠡᠬᠢᠵᠢᠭᠦᠯᠪᠡ᠃

ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠬᠥᠭᠵᠢᠯᠲᠡ᠎ᠶᠢᠨ ᠰᠢᠨ᠎ᠡ ᠬᠥᠳᠡᠯᠭᠡᠬᠦ ᠴᠢᠳᠠᠪᠤᠷᠢ᠎ᠶᠢ ᠬᠥᠭᠵᠢᠭᠡᠨ᠎ᠡ᠃

ᠳᠠᠯᠠᠢ᠎ᠶᠢᠨ ᠰᠠᠯᠬᠢ ᠰᠡᠷᠴᠢᠭᠢᠨᠡᠵᠦ᠂ ᠮᠠᠰᠢᠨ ᠬᠦᠩᠭᠢᠨᠡᠨ᠎ᠡ᠃ 2021 ᠣᠨ᠎ᠤ 10 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠬᠠᠳᠤᠨ ᠭᠣᠣᠯ᠎ᠤᠨ ᠳᠠᠯᠠᠢ᠎ᠳᠦ ᠴᠢᠳᠬᠤᠬᠤ ᠠᠮᠠᠰᠠᠷ᠎ᠲᠠᠬᠢ ᠱᠸᠩ ᠯᠢ ᠴᠢᠯᠠᠭᠤᠨ ᠲᠤᠰᠤᠨ᠎ᠤ ᠠᠭᠤᠷᠬᠠᠢ᠎ᠳᠤ ᠬᠦᠷᠴᠦ ᠰᠢᠨᠵᠢᠯᠡᠨ ᠪᠠᠢᠴᠠᠭᠠᠪᠠ᠃

ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠬᠤᠷᠠᠮᠳᠤᠭᠤᠯᠬᠤ᠂ ᠠᠰᠢᠭ᠍ᠯᠠᠬᠤ ᠪᠠ ᠪᠢᠲᠡᠭᠦᠮᠵᠢᠯᠡᠨ ᠬᠠᠳᠠᠭᠠᠯᠠᠬᠤ ᠵᠡᠷᠭᠡ ᠵᠠᠩᠭᠢᠯᠠᠭ᠎ᠠ᠎ᠶᠢᠨ ᠮᠡᠷᠭᠡᠵᠢᠯ᠎ᠦᠨ ᠲᠤᠬᠠᠢ ᠲᠠᠨᠢᠯᠴᠠᠭᠤᠯᠭ᠎ᠠ᠎ᠶᠢ ᠨᠠᠷᠢᠨ ᠬᠢᠨᠠᠮᠠᠭᠠᠢ ᠰᠣᠨᠣᠰᠴᠤ᠂ ᠶᠡᠷᠦᠩᠬᠡᠢ ᠱᠦᠵᠢ ᠰᠢ ᠵᠢᠨ ᠫᠢᠩ᠄《ᠮᠠᠨ᠎ᠤ ᠴᠢᠯᠠᠭᠤᠨ ᠲᠤᠰᠤᠨ᠎ᠤ ᠡᠨᠧᠷᠭᠢ᠎ᠶᠢᠨ ᠠᠵᠤ ᠦᠢᠯᠡᠰ᠎ᠲᠦ ᠠᠪᠴᠤ ᠬᠡᠯᠡᠪᠡᠯ᠂ ᠲᠠᠷᠠᠭᠠᠴᠢ᠎ᠶᠢᠨ ᠠᠯᠬᠤᠮ᠎ᠳᠤ ᠮᠡᠷᠭᠡᠵᠢᠯ᠎ᠢ ᠳᠡᠭᠡᠭᠰᠢᠯᠡᠭᠦᠯᠵᠦ᠂ ᠦᠢᠯᠡᠳᠪᠦᠷᠢᠯᠡᠯ᠎ᠦᠨ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠥᠪᠡᠷ᠎ᠦᠨ ᠦᠷᠳᠡᠭ᠎ᠢ ᠪᠠᠭᠤᠷᠠᠭᠤᠯᠬᠤ᠎ᠶᠢᠨ ᠬᠠᠮᠲᠤ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠲᠠᠢᠰᠢ ᠬᠡᠯᠪᠡᠷᠢ᠎ᠪᠡᠨ ᠬᠤᠪᠢᠷᠠᠭᠤᠯᠬᠤ ᠴᠢᠭᠯᠡᠯ ᠶᠣᠰᠣᠭᠠᠷ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢ ᠪᠠᠭᠠᠰᠬᠠᠬᠤ ᠬᠠᠷᠠᠯᠲᠠ᠎ᠶᠢ ᠪᠡᠶᠡᠯᠡᠭᠦᠯᠬᠦ ᠬᠡᠷᠡᠭᠲᠡᠢ》 ᠭᠡᠵᠦ ᠵᠢᠭᠠᠵᠤ ᠭᠠᠷᠭᠠᠪᠠ᠃

《ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠬᠥᠭᠵᠢᠯᠲᠡ ᠪᠣᠯ ᠴᠠᠭ᠎ᠤᠨ ᠤᠷᠤᠰᠬᠠᠯ᠎ᠤᠨ ᠬᠠᠨᠳᠤᠰᠢ ᠮᠥᠨ᠂ ᠠᠶᠠᠳᠠᠨ ᠳᠠᠭᠠᠭᠰᠠᠳ ᠨᠢ ᠮᠠᠨᠳᠤᠨ᠎ᠠ》  ᠭᠡᠵᠦ ᠶᠡᠷᠦᠩᠬᠡᠢ ᠱᠦᠵᠢ ᠰᠢ ᠵᠢᠨ ᠫᠢᠩ ᠰᠡᠳᠬᠢᠯ ᠳᠣᠭᠳᠣᠯᠤᠨ ᠶᠠᠷᠢᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠴᠢᠨᠠᠷ ᠰᠠᠢᠲᠠᠢ ᠬᠥᠭᠵᠢᠯᠲᠡ᠎ᠶᠢᠨ ᠶᠡᠬᠡ ᠴᠢᠭᠯᠡᠯ᠎ᠢ ᠲᠣᠳᠣᠷᠬᠠᠢᠯᠠᠪᠠ᠃

ᠣᠢᠷ᠎ᠠ᠎ᠶᠢᠨ ᠵᠢᠯ᠎ᠡᠴᠡ᠂ ᠬᠠᠳᠤᠨ ᠭᠣᠣᠯ ᠳᠠᠭᠠᠤ᠎ᠶᠢᠨ ᠡᠯ᠎ᠡ ᠮᠤᠵᠢ ᠣᠷᠣᠨ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠣᠳᠣᠬᠢᠴᠢᠯᠠᠯᠲᠠ᠎ᠶᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠭᠠᠵᠠᠷ ᠣᠷᠣᠨ᠎ᠤ ᠣᠨᠴᠠᠯᠢᠭ᠋᠎ᠲᠠᠢ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠢ ᠢᠳᠡᠪᠬᠢᠲᠡᠢ ᠬᠠᠢᠨ ᠰᠦᠪᠡᠭᠴᠢᠯᠡᠪᠡ —

ᠱᠠᠨ ᠰᠢ᠎ᠶᠢᠨ ᠶᠦᠨ ᠴᠧᠩ᠎ᠳᠦ᠂ ᠶᠡᠷᠦᠩᠬᠡᠢ ᠱᠦᠵᠢ ᠰᠢ ᠵᠢᠨ ᠫᠢᠩ《ᠳᠠᠪᠤᠰᠤᠨ ᠨᠠᠭᠤᠷ᠎ᠤᠨ ᠠᠮᠢ ᠠᠬᠤᠢ᠎ᠶᠢᠨ ᠦᠷᠳᠡᠭ ᠪᠣᠯᠣᠨ ᠴᠢᠳᠠᠮᠵᠢ ᠶᠠᠪᠤᠬᠤ ᠲᠤᠳᠤᠮ ᠴᠢᠬᠤᠯᠠ ᠪᠣᠯᠵᠤ ᠪᠠᠢᠨ᠎ᠠ》 ᠭᠡᠵᠦ ᠵᠢᠭᠠᠵᠤ ᠭᠠᠷᠭᠠᠪᠠ᠃ 《ᠳᠠᠪᠤᠰᠤ ᠦᠢᠯᠡᠳᠪᠤᠷᠢᠯᠡᠬᠦ᠎ᠶᠢ ᠵᠣᠭᠰᠣᠭᠠᠵᠤ ᠨᠠᠭᠤᠷ᠎ᠢ ᠰᠡᠷᠭᠦᠭᠡᠭᠰᠡᠨ》᠎ᠤ᠋ ᠠᠴᠢ᠎ᠪᠠᠷ᠂ ᠲᠤᠬᠠᠢ᠎ᠶᠢᠨ ᠭᠠᠵᠠᠷ᠎ᠤᠨ ᠳᠠᠪᠤᠰᠤᠨ ᠨᠠᠭᠤᠷ᠎ᠤᠨ ᠠᠮᠢ ᠠᠬᠤᠢ᠎ᠶᠢᠨ ᠴᠢᠳᠠᠪᠬᠢ ᠠᠯᠬᠤᠮ ᠠᠯᠬᠤᠮ᠎ᠢᠶᠠᠷ ᠰᠡᠷᠭᠦᠵᠦ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠳᠡᠰ ᠳᠡᠪᠰᠢᠬᠦ᠎ᠳᠦ ᠣᠷᠣᠨ ᠵᠠᠢ ᠬᠠᠩᠭᠠᠪᠠ᠃

ᠨᠢᠩᠰᠢᠶᠠ᠎ᠶᠢᠨ ᠢᠷᠭᠠᠢ᠎ᠶᠢᠨ ᠾᠧᠯᠠᠨ ᠰᠢᠶᠠᠨ᠎ᠳᠤ᠂ ᠤᠳᠤ ᠦᠶ᠎ᠡ᠎ᠶᠢᠨ ᠣᠨᠴᠠᠯᠢᠭ᠍ᠲᠤ ᠲᠠᠷᠢᠶᠠᠯᠠᠩ᠎ᠢ ᠬᠥᠭᠵᠢᠭᠦᠯᠬᠦ ᠲᠤᠬᠠᠢ ᠶᠡᠷᠦᠩᠬᠡᠢ ᠱᠦᠵᠢ 《ᠲᠤᠲᠤᠷᠭ᠎ᠠ ᠪᠠ ᠤᠰᠤᠨ᠎ᠤ ᠵᠥᠷᠢᠴᠡᠯ᠎ᠢ ᠰᠠᠢᠲᠤᠷ ᠰᠢᠢᠳᠪᠦᠷᠢᠯᠡᠬᠦ᠎ᠶᠢ ᠠᠩᠬᠠᠷᠬᠤ ᠬᠡᠷᠡᠭᠲᠡᠢ》 ᠭᠡᠵᠦ ᠵᠠᠬᠢᠪᠠ᠃ ᠤᠰᠤ ᠠᠷᠪᠢᠯᠠᠬᠤ ᠮᠡᠷᠭᠡᠵᠢᠯ᠎ᠦᠨ ᠳᠡᠮᠵᠢᠯᠭᠡ ᠳᠣᠣᠷ᠎ᠠ᠂ ᠾᠧᠯᠠᠨ ᠰᠢᠶᠠᠨ᠎ᠤ ᠤᠰᠤᠨ᠎ᠤ ᠡᠬᠢ ᠪᠠᠶᠠᠯᠢᠭ᠋᠎ᠤᠨ ᠬᠠᠩᠭᠠᠯᠭ᠎ᠠ ᠬᠡᠷᠡᠭᠴᠡᠭᠡ᠎ᠶᠢᠨ ᠵᠥᠷᠢᠴᠡᠯ ᠢᠯᠡᠳᠲᠡ ᠨᠠᠮᠳᠠᠵᠤ᠂ ᠬᠥᠳᠡᠭᠡ ᠠᠵᠤ ᠠᠬᠤᠢ ᠎ᠶᠢᠨ ᠦᠢᠯᠡᠳᠪᠦᠷᠢᠯᠡᠯ᠎ᠦᠨ ᠶᠠᠰᠤ ᠴᠢᠨᠠᠷ ᠦᠷ᠎ᠡ ᠠᠰᠢᠭ᠋ ᠵᠡᠷᠭᠡ᠎ᠪᠡᠷ ᠳᠡᠭᠡᠭᠰᠢᠯᠡᠪᠡ᠃

ᠥᠪᠥᠷ ᠮᠣᠩᠭᠣᠯ ᠎ᠤᠨ ᠬᠥᠬᠡᠬᠣᠲᠠ᠎ᠳᠤ᠂ ᠶᠡᠷᠦᠩᠬᠡᠢ ᠱᠦᠵᠢ 《ᠰᠢᠨ᠎ᠡ ᠡᠨᠧᠷᠭᠢ᠂ ᠴᠡᠪᠡᠷ ᠡᠨᠧᠷᠭᠢ ᠎ᠶᠢ ᠶᠡᠬᠡ ᠎ᠪᠡᠷ ᠬᠥᠭᠵᠢᠭᠦᠯᠵᠦ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠎ᠶᠢ ᠰᠠᠭᠠᠷᠮᠠᠭᠵᠢᠭᠤᠯᠬᠤ᠎ᠶᠢ ᠴᠢᠷᠮᠠᠢᠨ ᠪᠡᠶᠡᠯᠡᠭᠦᠯᠬᠦ ᠬᠡᠷᠡᠭᠲᠡᠢ》 ᠭᠡᠵᠦ ᠴᠢᠬᠤᠯᠠᠴᠢᠯᠠᠪᠠ᠃ ᠣᠳᠣᠬᠠᠨ᠎ᠳᠤ᠂ ᠥᠪᠥᠷ ᠮᠣᠩᠭᠣᠯ᠎ᠤᠨ ᠡᠨᠧᠷᠭᠢ᠎ᠶᠢᠨ ᠬᠡᠯᠪᠡᠷᠢ᠎ᠪᠡᠨ ᠬᠤᠪᠢᠷᠠᠭᠤᠯᠬᠤ ᠠᠵᠢᠯ ᠲᠣᠭᠲᠠᠭᠤᠨ᠎ᠢᠶᠠᠷ ᠠᠬᠢᠵᠤ᠂ ᠰᠢᠨ᠎ᠡ ᠡᠨᠧᠷᠭᠢ᠎ᠶᠢᠨ ᠴᠠᠬᠢᠯᠭᠠᠨ ᠭᠠᠷᠭᠠᠬᠤ ᠬᠡᠮᠵᠢᠶ᠎ᠡ ᠪᠥᠬᠥ ᠤᠯᠤᠰ᠎ᠲᠤ ᠲᠡᠷᠢᠭᠦᠯᠡᠵᠦ ᠪᠠᠢᠨ᠎ᠠ᠃

᠁

ᠨᠤᠮᠢᠨ ᠤᠰᠤ ᠬᠦᠬᠡᠮᠳᠦᠭ ᠠᠭᠤᠯᠡ ᠪᠤᠯ ᠠᠯᠳᠠᠨ ᠠᠭᠤᠯᠡ ᠮᠦᠨᠭᠬᠦᠨ ᠬᠠᠢᠷᠬᠠᠨ ᠮᠦᠨ᠃ ᠬᠠᠲᠤᠨ ᠭᠣᠣᠯ᠎ᠤᠨ ᠰᠠᠪᠠ ᠭᠠᠵᠠᠷ᠎ᠤᠨ ᠡᠯ᠎ᠡ ᠮᠤᠵᠢ ᠣᠷᠣᠨ ᠬᠠᠮᠵᠢᠯᠴᠠᠨ ᠬᠥᠭᠵᠢᠬᠦ ᠪᠠ ᠬᠠᠮᠠᠭᠠᠯᠠᠵᠤ᠂ ᠬᠠᠩᠭᠠᠯᠭ᠎ᠠ ᠪᠠ ᠬᠡᠷᠡᠭᠴᠡᠭᠡ ᠎ᠶᠢ ᠲᠡᠩᠴᠡᠭᠦᠷᠢᠰᠢᠭᠦᠯᠦᠨ᠂ ᠣᠳᠣᠬᠠᠨ᠎ᠤ ᠪᠠ ᠠᠯᠤᠰ ᠬᠡᠲᠦ᠎ᠶᠢ ᠲᠥᠯᠥᠪᠵᠢᠭᠦᠯᠵᠦ᠂ ᠠᠮᠢ ᠠᠬᠤᠢ᠎ᠶᠢᠨ 《ᠪᠣᠬᠢᠷᠲᠤᠯ᠎ᠤᠨ ᠬᠡᠮᠵᠢᠶ᠎ᠡ》᠎ᠶ᠋ᠢ ᠲᠠᠰᠤᠷᠠᠯᠲᠠ ᠦᠭᠡᠢ ᠬᠥᠭᠵᠢᠯᠲᠡ᠎ᠶᠢᠨ 《ᠦᠨ᠎ᠡ ᠴᠠᠨ᠎ᠠ》ᠪᠣᠯᠭᠠᠨ ᠬᠤᠪᠢᠷᠠᠭᠤᠯᠪᠠ᠃

ᠥᠭᠡᠷᠡᠴᠢᠯᠡᠯᠲᠡ᠎ᠪᠡᠷ ᠬᠦᠴᠦᠨ ᠣᠯᠭᠣᠵᠤ᠂ ᠰᠠᠪᠠ ᠭᠠᠵᠠᠷ᠎ᠤᠨ ᠴᠢᠨᠠᠷ ᠰᠠᠢᠲᠠᠢ ᠬᠥᠭᠵᠢᠯᠲᠡ᠎ᠶᠢᠨ ᠪᠠᠲᠤ  ᠲᠦᠰᠢᠭ᠎ᠢ ᠴᠣᠭᠴᠠᠯᠠᠪᠠ᠃

ᠤᠰᠤ᠂ ᠣᠷᠣᠨ ᠪᠦᠰᠡ᠎ᠶᠢᠨ ᠬᠥᠭᠵᠢᠯᠲᠡ᠎ᠶᠢ ᠨᠥᠯᠥᠭᠡᠯᠡᠬᠦ ᠵᠠᠩᠭᠢᠯᠠᠭ᠎ᠠ᠎ᠶᠢᠨ ᠬᠤᠪᠢᠰᠤᠭᠴᠢ ᠬᠡᠮᠵᠢᠭᠳᠡᠬᠦᠨ᠃ ᠤᠰᠤ ᠳᠤᠲᠠᠭᠳᠠᠬᠤ ᠪᠣᠯ ᠬᠠᠳᠤᠨ ᠭᠣᠣᠯ ᠎ᠤᠨ ᠰᠠᠪᠠ ᠭᠠᠵᠠᠷ᠎ᠤᠨ ᠴᠢᠨᠠᠷ ᠰᠠᠢᠲᠠᠢ ᠬᠥᠭᠵᠢᠯᠲᠡ᠎ᠶᠢ ᠬᠢᠵᠠᠭᠠᠷᠯᠠᠵᠤ ᠪᠠᠢᠭ᠎ᠠ ᠵᠠᠩᠭᠢᠯᠠᠭ᠎ᠠ᠎ᠶᠢᠨ ᠵᠥᠷᠢᠴᠡᠯ ᠪᠣᠯᠣᠨ᠎ᠠ᠃

2024 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠨᠢᠩᠰᠢᠶᠠ᠎ᠳᠤ ᠬᠦᠷᠴᠦ᠂ ᠥᠪᠡᠷᠲᠡᠭᠡᠨ ᠵᠠᠰᠠᠬᠤ ᠣᠷᠣᠨ ᠪᠣᠯᠣᠨ ᠬᠠᠲᠤᠨ ᠭᠣᠣᠯ᠎ᠤᠨ ᠰᠠᠪᠠ ᠭᠠᠵᠠᠷ᠎ᠲᠤ ᠪᠠᠢᠭ᠎ᠠ ᠰᠸᠴᠤᠸᠠᠨ᠎ᠤ ᠠᠸᠠ ᠮᠤᠵᠢ ᠣᠷᠣᠨ ᠠᠯᠤᠰᠯᠠᠭᠰᠠᠨ ᠤᠰᠤᠨ᠎ᠤ ᠡᠷᠬᠡ᠎ᠶᠢᠨ ᠠᠷᠠᠯᠵᠢᠶ᠎ᠠ ᠲᠣᠭᠲᠠᠭᠰᠠᠨ᠎ᠢ ᠰᠣᠨᠣᠰᠤᠭᠠᠳ᠂ ᠢᠳᠡᠪᠬᠢᠲᠡᠢ ᠬᠠᠢᠨ ᠰᠦᠪᠡᠭᠴᠢᠯᠡᠵᠦ᠂ ᠵᠢᠷᠤᠮᠵᠢᠭᠤᠯᠤᠨ ᠠᠬᠢᠭᠤᠯᠬᠤ᠎ᠶᠢ ᠵᠣᠷᠢᠭ᠍ᠵᠢᠭᠤᠯᠪᠠ᠃

ᠵᠠᠬ᠎ᠠ ᠳᠡᠯᠭᠡᠭᠦᠷ᠎ᠦᠨ ᠲᠣᠭᠲᠡᠴᠡ᠎ᠪᠠᠷ ᠳᠠᠮᠵᠢᠨ ᠤᠰᠤᠨ᠎ᠤ ᠡᠬᠢ ᠪᠠᠶᠠᠯᠢᠭ᠋᠎ᠤᠨ ᠬᠡᠷᠡᠭᠯᠡᠬᠦ ᠡᠷᠬᠡ᠎ᠶᠢ ᠰᠢᠯᠢᠳᠡᠭᠵᠢᠭᠦᠯᠦᠨ ᠲᠣᠬᠢᠷᠠᠭᠤᠯᠵᠤ᠂ ᠤᠰᠤ ᠬᠡᠷᠡᠭᠯᠡᠬᠦ ᠡᠷᠬᠡ᠎ᠶᠢᠨ ᠠᠷᠠᠯᠵᠢᠶ᠎ᠠ ᠨᠢ ᠬᠠᠲᠤᠨ ᠭᠣᠣᠯ᠎ᠤᠨ ᠰᠠᠪᠠ ᠭᠠᠵᠠᠷ᠎ᠲᠤ ᠬᠥᠭᠵᠢᠯᠲᠡ᠎ᠶᠢᠨ ᠰᠢᠨ᠎ᠡ ᠣᠷᠣᠨ ᠵᠠᠢ ᠎ᠶᠢ ᠥᠷᠭᠡᠳᠬᠡᠵᠦ ᠪᠠᠢᠨ᠎ᠠ᠃ ᠣᠳᠣᠬᠠᠨ᠎ᠳᠤ᠂ ᠬᠠᠲᠤᠨ ᠭᠣᠣᠯ᠎ᠤᠨ ᠰᠠᠪᠠ ᠭᠠᠵᠠᠷ ᠎ᠤᠨ ᠤᠰᠤ ᠬᠡᠷᠡᠭᠯᠡᠬᠦ ᠡᠷᠬᠡ᠎ᠶᠢᠨ ᠠᠷᠠᠯᠵᠢᠶᠠᠨ ᠎ᠤ ᠲᠠᠪᠴᠠᠩ ᠎ᠢ ᠨᠢᠭᠡᠨᠲᠡ ᠰᠦᠯᠵᠢᠶᠡᠨ᠎ᠳᠦ ᠣᠷᠣᠭᠤᠯᠤᠨ ᠠᠵᠢᠯᠯᠠᠭᠤᠯᠵᠤ᠂ ᠤᠰᠤ ᠬᠡᠷᠡᠭᠯᠡᠬᠦ ᠡᠷᠬᠡ ᠎ᠶᠢᠨ ᠠᠷᠠᠯᠵᠢᠶᠠᠨ᠎ᠤ ᠦᠢᠯᠡᠳᠦᠯᠭᠡ᠎ᠶᠢᠨ ᠰᠦᠪᠡᠭᠴᠢᠯᠡᠯᠲᠡ ᠢᠯᠡᠳᠲᠡ ᠦᠷ᠎ᠡ ᠪᠦᠲᠦᠮᠵᠢ ᠣᠯᠪᠠ᠃

ᠬᠥᠭᠵᠢᠯᠲᠡ ᠰᠡᠳᠦᠪ ᠭᠠᠷᠭᠠᠵᠤ᠂ ᠥᠭᠡᠷᠡᠴᠢᠯᠡᠯᠲᠡ ᠤᠴᠢᠷ ᠶᠠᠪᠤᠳᠠᠯ ᠰᠢᠢᠳᠪᠦᠷᠢᠯᠡᠨ᠎ᠠ᠃ ᠶᠡᠷᠦᠩᠬᠡᠢ ᠱᠦᠵᠢ ᠰᠢ ᠵᠢᠨ ᠫᠢᠩ᠂ ᠲᠡᠭᠦᠯᠳᠡᠷᠵᠢᠭᠰᠡᠨ ᠳᠦᠷᠢᠮ ᠪᠣᠯᠣᠨ ᠪᠠᠢᠭᠤᠯᠤᠯ ᠲᠣᠭᠲᠡᠴᠡ᠎ᠪᠠᠷ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ᠎ᠶᠢᠨ ᠯᠠᠪᠳᠠᠭᠤᠨ᠎ᠢᠶᠠᠷ ᠤᠷᠤᠭᠰᠢᠯᠠᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢᠨ᠎ᠡ ᠴᠠᠭ ᠦᠶ᠎ᠡ᠎ᠡᠴᠡ ᠨᠠᠭᠠᠰᠢ᠂ ᠠᠯᠢ ᠤᠯᠠᠨ ᠳᠦᠷᠢᠮ᠎ᠦᠨ ᠲᠥᠯᠦᠪᠵᠢᠭᠦᠯᠭᠡ ᠤᠷᠢᠳ ᠬᠣᠵᠢᠳ ᠨᠡᠢᠲᠡᠯᠡᠭᠳᠡᠪᠡ — 2020 ᠣᠨ᠎ᠤ 10 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ 《ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠬᠥᠲᠥᠯᠪᠦᠷᠢ》᠎ᠶ᠋ᠢ ᠳᠠᠷᠤᠮᠠᠯᠯᠠᠨ ᠲᠠᠷᠬᠠᠭᠠᠵᠤ᠂ ᠡᠵᠢ ᠭᠣᠣᠯ᠎ᠢᠶᠠᠨ ᠬᠠᠮᠠᠭᠠᠯᠠᠬᠤ᠎ᠳᠤ ᠠᠯᠤᠰ ᠬᠡᠲᠦ᠎ᠶᠢᠨ ᠪᠣᠷᠣ᠌ ᠲᠥᠰᠥᠪ᠎ᠢ ᠵᠢᠷᠤᠭᠯᠠᠪᠠ; 2022 ᠣᠨ᠎ᠤ 6 ᠰᠠᠷ᠎ᠠ᠎ᠳᠤ᠂ 《ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ》ᠶ᠋ᠢ ᠳᠠᠷᠤᠮᠠᠯᠯᠠᠨ ᠲᠠᠷᠬᠠᠭᠠᠵᠤ᠂ ᠪᠣᠳᠠᠲᠠᠢ ᠬᠦᠴᠦᠯᠡᠬᠦ ᠴᠢᠭᠯᠡᠯ᠎ᠢ ᠲᠣᠳᠣᠷᠬᠠᠢᠯᠠᠪᠠ; 2023 ᠣᠨ᠎ᠤ 4 ᠰᠠᠷ᠎ᠠ᠎ᠶᠢᠨ 1 ᠎ᠤ᠋ ᠡᠳᠦᠷ᠂《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠣᠣᠯ ᠎ᠢ ᠬᠠᠮᠠᠭᠠᠯᠠᠬᠤ ᠬᠠᠤᠯᠢ》᠎ᠶ᠋ᠢ ᠬᠡᠷᠡᠭᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠰᠢᠰᠲᠧᠮ᠎ᠲᠠᠢ ᠵᠠᠰᠠᠬᠤ ᠣᠢᠯᠠᠭᠠᠭᠳᠠᠬᠤᠨ ᠎ᠢ ᠬᠠᠤᠯᠢᠵᠢᠯ᠎ᠤᠨ ᠪᠣᠳᠣᠯᠭ᠎ᠠ ᠪᠣᠯᠭᠠᠨ ᠪᠡᠬᠢᠵᠢᠭᠦᠯᠪᠡ᠃

ᠠᠯᠢ ᠣᠯᠠᠨ ᠪᠠᠢᠭᠤᠯᠤᠯ ᠲᠣᠭᠲᠡᠴᠡ ᠦᠷᠭᠦᠯᠵᠢᠯᠡᠨ ᠲᠡᠭᠦᠯᠳᠡᠷᠵᠢᠪᠡ — ᠬᠠᠲᠤᠨ ᠭᠣᠣᠯ᠎ᠤᠨ ᠰᠠᠪᠠ ᠭᠠᠵᠠᠷ᠎ᠤᠨ ᠬᠠᠮᠢᠶᠠᠷᠤᠯᠲᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠠᠮᠢ ᠠᠬᠤᠢ᠎ᠶᠢᠨ ᠦᠢᠯᠡᠳᠭᠦᠨ᠎ᠦ ᠥᠷᠲᠡᠭ᠎ᠢ ᠪᠡᠶᠡᠯᠡᠭᠦᠯᠬᠦ ᠲᠣᠭᠲᠡᠴᠡ᠎ᠶᠢ ᠲᠡᠭᠦᠯᠳᠡᠷᠵᠢᠭᠦᠯᠵᠦ᠂ ᠭᠣᠣᠯ ᠮᠥᠷᠡᠨ᠎ᠦ ᠳᠠᠷᠤᠭ᠎ᠠ᠎ᠶᠢᠨ ᠳᠦᠷᠢᠮ ᠨᠠᠭᠤᠷ᠎ᠤᠨ ᠳᠠᠷᠤᠭ᠎ᠠ᠎ᠶᠢᠨ ᠳᠦᠷᠢᠮ᠎ᠦᠨ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠲᠡᠭᠦᠯᠳᠡᠷᠵᠢᠭᠦᠯᠪᠠ ᠁ ᠥᠭᠡᠷᠡᠴᠢᠯᠡᠯᠲᠡ᠎ᠪᠡᠷ ᠲᠦᠰᠢᠭ ᠪᠣᠯᠭᠠᠵᠤ᠂ ᠬᠠᠳᠤᠨ ᠭᠣᠣᠯ ᠳᠠᠭᠠᠤ᠎ᠶᠢᠨ ᠮᠤᠵᠢ ᠣᠷᠣᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠪᠡ᠃

《ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ᠂ ᠤᠷᠳᠤ ᠬᠤᠭᠤᠴᠠᠭ᠎ᠠ᠎ᠪᠠᠷ ᠵᠢᠳᠬᠦᠨ ᠴᠢᠷᠮᠠᠢᠵᠤ᠂ ᠵᠢᠯ ᠵᠢᠯ ᠵᠢᠡᠷ ᠠᠬᠢᠭᠤᠯᠵᠤ᠂ ᠵᠢᠯ ᠵᠢᠯ ᠵᠢᠡᠷ ᠨᠠᠢᠳᠠᠪᠤᠷᠢᠵᠢᠭᠤᠯᠬᠤ᠎ᠶᠢ ᠠᠳᠬᠤᠬᠤ ᠬᠡᠷᠡᠭᠲᠡᠢ》᠂ 《ᠬᠠᠳᠤᠨ ᠭᠣᠣᠯ᠎ᠤᠨ ᠵᠠᠰᠠᠯᠳᠠ ᠠᠮᠵᠢᠯᠳᠠ ᠤᠯᠬᠤ᠎ᠳᠤ ᠤᠷᠳᠤ ᠬᠤᠭᠤᠴᠠᠭ᠎ᠠ ᠵᠢ ᠪᠣᠳᠣᠯᠬᠢᠯᠠᠬᠤ ᠬᠡᠷᠡᠭᠲᠡᠢ᠂ ᠶᠠᠭᠠᠷᠠᠵᠤ ᠪᠣᠯᠬᠤ ᠦᠭᠡᠢ᠂ ᠬᠠᠰᠢ ᠶᠠᠰᠢ ᠪᠠᠢᠵᠤ ᠪᠣᠯᠬᠤ ᠦᠭᠡᠢ》 ᠭᠡᠵᠦ ᠶᠡᠷᠦᠩᠬᠡᠢ ᠱᠦᠵᠢ ᠰᠢ ᠵᠢᠨ ᠫᠢᠩ ᠦᠭᠡ ᠦᠨᠡᠨᠴᠢ ᠰᠡᠳᠭᠢᠯᠭᠡ ᠭᠦᠨ ᠬᠡᠯᠡᠪᠡ᠃

ᠬᠠᠳᠤᠨ ᠭᠣᠣᠯ ᠮᠠᠰᠢ ᠭᠤᠶᠤ᠂ ᠬᠣᠵᠢᠮ ᠨᠠᠩ ᠭᠤᠶᠤ ᠪᠣᠯᠣᠨ᠎ᠠ᠃

ᠶᠡᠬᠡ ᠭᠣᠣᠯ ᠰᠢᠨᠡᠳᠴᠦ᠂ ᠠᠷᠠᠳ ᠲᠦᠮᠡᠨ᠎ᠳᠦ ᠪᠤᠶᠠᠨ ᠦᠢᠯᠡᠳᠬᠦ ᠵᠣᠯ ᠵᠢᠷᠭᠠᠯ᠎ᠤᠨ ᠬᠠᠭᠤᠳᠠᠰᠤ᠎ᠶᠢ ᠪᠢᠴᠢᠭᠯᠡᠨ᠎ᠡ

ᠬᠠᠳᠤᠨ ᠭᠣᠣᠯ᠎ᠢ ᠵᠠᠰᠠᠬᠤ ᠨᠢ ᠡᠴᠦᠰ᠎ᠦᠨ ᠡᠴᠦᠰ᠎ᠲᠡᠬᠡᠨ ᠠᠷᠠᠳ ᠲᠦᠮᠡᠨ᠎ᠦ ᠲᠥᠯᠥᠭᠡ ᠶᠤᠮ᠃

ᠡᠳᠦᠭᠡ᠂ ᠶᠡᠬᠡ ᠭᠣᠣᠯ ᠳᠠᠭᠠᠦ ᠠᠮᠢ ᠠᠬᠤᠢ ᠰᠠᠢᠵᠢᠷᠠᠵᠤ᠂ ᠠᠵᠤ ᠦᠢᠯᠡᠰ ᠪᠤᠬᠢᠷᠳᠤᠯ ᠦᠭᠡᠢ ᠪᠤᠯᠵᠤ᠂ ᠠᠮᠢᠳᠤᠷᠠᠯ ᠭᠤᠶᠤ ᠰᠠᠢᠬᠠᠨ ᠪᠤᠯᠵᠤ᠂ ᠬᠠᠮᠠᠭᠠᠯᠠᠯᠲᠠ ᠵᠠᠰᠠᠯᠲᠠ᠎ᠶᠢᠨ ᠦᠷ᠎ᠡ ᠪᠦᠲᠦᠮᠵᠢ ᠲᠦᠭ ᠲᠦᠮᠡᠨ ᠠᠢᠯ ᠡᠷᠦᠭᠡ᠎ᠳᠦ ᠠᠰᠢᠭ᠋ ᠬᠦᠷᠲᠡᠭᠡᠪᠡ᠃

ᠤᠰᠤᠨ ᠰᠢᠰᠲᠧᠮ ᠠᠮᠢ ᠠᠬᠤᠢ᠎ᠶᠢ ᠰᠢᠮᠡᠵᠢᠬᠦᠯᠵᠦ᠂ ᠨᠤᠮᠢᠨ ᠤᠰᠤ ᠬᠦᠬᠡᠮᠳᠦᠭ ᠠᠭᠤᠯᠡ ᠶᠡᠬᠡ ᠭᠣᠣᠯ᠎ᠤᠨ ᠬᠣᠶᠠᠷ ᠡᠷᠭᠢ᠎ᠪᠡᠷ ᠳᠠᠬᠢᠨ ᠳᠡᠯᠬᠡᠭᠳᠡᠪᠡ᠃

ᠱᠠᠨᠳᠦ᠋ᠩ᠎ᠦᠨ ᠬᠠᠳᠤᠨ ᠭᠣᠣᠯ᠎ᠤᠨ ᠭᠤᠷᠪᠠᠯᠵᠢᠨ ᠬᠣᠢᠭ᠋᠎ᠤᠨ ᠤᠯᠤᠰ᠎ᠤᠨ ᠲᠡᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠂ ᠶᠡᠬᠡ ᠬᠡᠮᠵᠢᠶᠡᠨ᠎ᠦ ᠡᠯᠡᠰᠦ ᠰᠢᠪᠠᠷ ᠵᠢᠡᠷ ᠲᠤᠨᠵᠤ ᠪᠦᠷᠢᠯᠳᠦᠭᠰᠡᠨ ᠬᠦᠷᠦᠰᠦ ᠭᠠᠵᠠᠷ ᠨᠢ ᠬᠢᠵᠠᠭᠠᠯᠠᠰᠢ ᠦᠭᠡᠢ ᠠᠮᠢᠵᠢᠷᠠᠯ᠎ᠤᠨ ᠬᠦᠴᠦᠨ ᠪᠠ ᠬᠦᠰᠡᠯ ᠡᠷᠡᠮᠡᠯᠵᠡᠯ᠎ᠢ ᠬᠥᠪᠥᠷᠡᠭᠦᠯᠵᠦ ᠪᠤᠢ᠃

2021 ᠣᠨ᠎ᠤ 10 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠬᠠᠳᠤᠨ ᠭᠣᠣᠯ᠎ᠤᠨ ᠳᠠᠯᠠᠢ᠎ᠳᠦ ᠴᠢᠳᠬᠤᠬᠤ ᠭᠠᠷᠠᠮ᠎ᠳᠤ ᠬᠡᠷᠡᠰᠬᠡ ᠲᠦᠰᠢᠵᠦ ᠠᠯᠤᠰ᠎ᠢ ᠪᠠᠷᠠᠯᠠᠨ᠄《ᠬᠠᠳᠤᠨ ᠭᠣᠣᠯ᠎ᠤᠨ ᠳᠠᠯᠠᠢ᠎ᠳᠦ ᠴᠢᠳᠬᠤᠬᠤ ᠤᠷᠤᠰᠬᠠᠯ᠂ ᠦᠨᠡᠬᠡᠷ ᠥᠷᠭᠡᠨ ᠪᠠᠢᠨ᠎ᠠ! ᠡᠨᠡ ᠡᠳᠦᠷ ᠡᠨᠳᠡ ᠢᠷᠡᠬᠡᠳ᠂ ᠬᠠᠳᠤᠨ ᠭᠣᠣᠯ᠎ᠤᠨ ᠳᠡᠬᠡᠳᠦ ᠳᠤᠮᠳᠠ ᠳᠤᠤᠷᠡᠳᠦ ᠤᠷᠤᠰᠬᠠᠯ᠎ᠵᠢᠡᠷ ᠪᠦᠷ ᠳᠤᠭᠤᠷᠢᠵᠤ ᠪᠠᠷᠠᠪᠠ᠂ ᠮᠢᠨᠤ ᠰᠡᠳᠬᠢᠯ ᠴᠤ᠌ ᠠᠮᠠᠷᠡᠪᠡ》 ᠬᠡᠵᠡᠢ᠃

ᠣᠢᠷ᠎ᠠ᠎ᠶᠢᠨ ᠵᠢᠯ᠎ᠳᠦ᠂ ᠬᠠᠮᠠᠭᠠᠯᠠᠯᠲᠠ᠎ᠶᠢᠨ ᠣᠷᠣᠨ ᠤᠷᠢᠳ ᠬᠣᠵᠢᠳ 15.6 ᠳ᠋ᠦᠩᠰᠢᠭᠤᠷ ᠲᠥᠭᠥᠷᠢᠭ ᠪᠡᠯᠡ ᠣᠷᠣᠭᠤᠯᠤᠨ ᠡᠬᠡ ᠬᠠᠭᠤᠷᠠᠢ ᠪᠠ ᠳᠠᠯᠠᠢ ᠲᠠᠩᠭᠢᠰ᠎ᠤᠨ ᠠᠮᠢ ᠠᠬᠤᠢ᠎ᠶᠢᠨ ᠰᠢᠰᠲᠧᠮ᠎ᠢ ᠨᠢᠭᠡ ᠴᠣᠭᠴᠠᠵᠢᠭᠤᠯᠤᠨ ᠬᠠᠮᠠᠭᠠᠯᠠᠵᠤ ᠵᠠᠰᠠᠨ ᠰᠡᠷᠭᠦᠭᠡᠵᠦ᠂ ᠴᠡᠩᠭᠡᠭ ᠤᠰᠤᠨ᠎ᠤ ᠨᠤᠭᠤ ᠭᠠᠵᠠᠷ ᠎ᠢ ᠰᠢᠨ᠎ᠡ᠎ᠪᠡᠷ 7.4 ᠲᠦᠮᠡᠨ ᠮᠤ᠌ ᠨᠡᠮᠡᠭᠳᠡᠬᠦᠯᠵᠦ᠂ 76 ᠺᠢᠯᠣᠮᠧᠲᠷ ᠲᠦᠯᠬᠢᠭᠡᠨ᠎ᠦ ᠰᠤᠪᠠᠭ᠎ᠢ ᠨᠠᠪᠲᠠᠷᠡᠭᠦᠯᠵᠦ᠂ 241 ᠺᠢᠯᠣᠮᠧᠲᠷ ᠤᠰᠤᠨ ᠰᠢᠰᠲᠧᠮ᠎ᠢ ᠨᠡᠪᠲᠡᠷᠡᠭᠦᠯᠪᠡ᠃

ᠣᠳᠣᠬᠠᠨ᠎ᠳᠤ᠂ ᠡᠨᠳᠡ ᠳᠤᠮᠳᠠᠳᠤ ᠤᠯᠤᠰ᠎ᠤᠨ ᠳᠤᠯᠠᠭᠠᠨ ᠰᠡᠷᠢᠭᠦᠨ ᠪᠦᠰᠡ᠎ᠶᠢᠨ ᠬᠠᠮᠤᠭ᠎ᠤᠨ ᠪᠦᠷᠢᠨ ᠪᠦᠲᠦᠨ ᠬᠠᠳᠠᠭᠠᠯᠠᠭᠳᠠᠵᠤ ᠪᠠᠢᠭ᠎ᠠ᠂ ᠬᠠᠮᠤᠭ᠎ᠤᠨ ᠥᠷᠭᠡᠨ᠂ ᠬᠠᠮᠤᠭ᠎ᠤᠨ ᠰᠢᠨᠡᠯᠢᠭ ᠨᠤᠭᠤ ᠭᠠᠵᠠᠷ᠎ᠤᠨ ᠠᠮᠢ ᠠᠬᠤᠢ᠎ᠶᠢᠨ ᠰᠢᠰᠲᠧᠮ᠎ᠲᠠᠢ ᠪᠠᠢᠵᠦ᠂ ᠵᠡᠭᠦᠨ ᠠᠽᠢᠶ᠎ᠠ —ᠠᠦ᠋ᠰᠲᠷᠠᠯᠢᠶ᠎ᠠ ᠪᠠ ᠪᠠᠷᠠᠭᠤᠨ ᠨᠣᠮᠣᠬᠠᠨ ᠳᠠᠯᠠᠶ᠎ᠶᠢ ᠰᠤᠨᠳᠠᠯᠠᠭᠰᠠᠨ ᠨᠡᠭᠦᠳᠡᠯ᠎ᠦᠨ ᠰᠢᠪᠠᠭᠤᠳ᠎ᠤᠨ ᠵᠠᠮ ᠪᠣᠯᠬᠤ ᠪᠥᠭᠡᠳ ᠪᠦᠬᠦ ᠪᠥᠮᠪᠥᠷᠴᠡᠭ᠎ᠦᠨ ᠰᠢᠪᠠᠭᠤᠳ᠎ᠤᠨ ᠴᠢᠬᠤᠯᠠ ᠳᠠᠮᠵᠢᠬᠤ ᠥᠷᠲᠡᠭᠡ᠂ ᠡᠪᠦᠯᠵᠢᠬᠦ ᠨᠤᠲᠤᠭ ᠪᠠ ᠦᠷᠡᠵᠢᠬᠦ ᠭᠠᠵᠠᠷ ᠪᠣᠯᠣᠨ᠎ᠠ᠃

ᠨᠠᠮᠤᠷ᠎ᠤᠨ ᠰᠡᠭᠦᠯᠴᠢ ᠪᠣᠯᠬᠤ᠎ᠳᠤ ᠬᠤᠳᠠᠨ᠂ ᠦᠷᠪᠢᠯᠳᠡᠢ ᠵᠡᠷᠭᠡ ᠨᠡᠭᠦᠳᠡᠯ᠎ᠦᠨ ᠰᠢᠪᠠᠭᠤᠳ ᠬᠤᠯᠤᠰᠤ ᠪᠣᠯᠣᠨ ᠭᠦᠢᠬᠡᠨ ᠰᠠᠢᠷᠭᠠᠯ᠎ᠡᠴᠡ ᠨᠢᠰᠴᠦ᠂ ᠦᠨᠳᠦᠷ ᠲᠦ᠍ ᠬᠤᠷᠡᠨ ᠴᠢᠭᠤᠯᠤᠨ᠎ᠠ᠃ ᠰᠢᠪᠠᠭᠤᠨ᠎ᠤ ᠲᠥᠷᠥᠯ ᠵᠦᠢᠯ ᠨᠢ ᠬᠠᠮᠠᠭᠠᠯᠠᠯᠳᠠ ᠵᠢᠨ ᠤᠷᠤᠨ ᠪᠠᠢᠭᠤᠯᠤᠭᠳᠠᠭᠰᠠᠨ ᠡᠬᠢᠨ᠎ᠦ ᠦᠶ᠎ᠠ ᠵᠢᠨ 187 ᠵᠦᠢᠯ᠎ᠡᠴᠡ᠎ᠪᠡᠨ 400 ᠵᠦᠢᠯ ᠪᠣᠯᠵᠤ ᠨᠡᠮᠡᠭᠳᠡᠵᠡᠢ᠃ ᠰᠢᠪᠠᠭᠤ ᠳᠣᠩᠭᠣᠳᠴᠤ᠂ ᠬᠠᠳᠤᠨ ᠭᠣᠣᠯ᠎ᠤᠨ ᠵᠠᠭᠤᠨ ᠵᠠᠭᠤᠨ᠎ᠤ ᠠᠮᠤᠷ ᠠᠮᠤᠭᠤᠯᠠᠩ ᠠᠶᠠᠰ᠎ᠢ ᠵᠢᠷᠬᠢᠨ ᠳᠠᠭᠤᠯᠠᠨ᠎ᠠ᠃

2024 ᠣᠨ᠎ᠳᠤ᠂ 46 ᠳ᠋ᠤᠭᠠᠷ ᠬᠤᠭᠤᠴᠠᠭᠠᠨ᠎ᠤ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶᠢᠨ ᠳᠡᠯᠡᠬᠡᠢ᠎ᠶᠢᠨ ᠥᠪ᠎ᠦᠨ ᠵᠥᠪᠯᠡᠯ᠎ᠦᠨ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠰᠢᠷ᠎ᠠ (ᠪᠦᠸᠧᠬᠠᠢ)ᠳᠠᠩᠭᠢᠰ᠎ᠤᠨ ᠨᠡᠭᠦᠳᠡᠯ᠎ᠦᠨ ᠰᠢᠪᠠᠭᠤᠳ᠎ᠤᠨ ᠣᠷᠣᠰᠢᠨ ᠠᠮᠢᠳᠤᠷᠠᠬᠤ ᠭᠠᠵᠠᠷ (ᠬᠣᠶᠠᠳᠤᠭᠠᠷ ᠬᠤᠭᠤᠴᠠᠭ᠎ᠠ) ᠨᠢ ᠬᠢᠨᠠᠨ ᠲᠣᠭᠲᠠᠭᠠᠯᠲᠠ᠎ᠳᠤ ᠤᠷᠤᠭᠰᠢᠲᠠᠢ ᠬᠢᠷᠢ ᠲᠡᠩᠴᠡᠵᠦ᠂ ᠱᠠᠨᠳᠦ᠋ᠩ᠎ᠦᠨ ᠳ᠋ᠦᠩ ᠶᠢᠩ᠎ᠦᠨ ᠬᠠᠳᠤᠨ ᠭᠣᠣᠯ᠎ᠤᠨ ᠲᠠᠯᠠᠢ ᠲᠠᠩᠭᠢᠰ ᠲᠦ᠍ ᠴᠢᠳᠬᠤᠬᠤ ᠠᠮᠠᠰᠠᠷ 《ᠳᠡᠯᠡᠬᠡᠢ᠎ᠶᠢᠨ ᠥᠪ᠎ᠦᠨ ᠨᠡᠷᠡᠰ᠎ᠦᠨ ᠵᠢᠭ᠍ᠰᠠᠭᠠᠯᠲᠠ》 ᠳ᠋ᠤ᠌ ᠤᠷᠤᠪᠠ᠃

ᠹᠸᠨᠾᠸ ᠭᠣᠣᠯ ᠪᠣᠯ ᠱᠠᠨ ᠰᠢ᠎ᠶᠢᠨ ᠡᠵᠢ ᠭᠣᠣᠯ᠂ ᠮᠥᠨ ᠴᠦ᠍ ᠬᠠᠳᠤᠨ ᠭᠣᠣᠯ᠎ᠤᠨ ᠬᠣᠶᠠᠳᠤᠭᠠᠷ ᠶᠡᠬᠡ ᠰᠠᠯᠪᠤᠷᠢ ᠤᠷᠤᠰᠬᠠᠯ ᠪᠣᠯᠣᠨ᠎ᠠ᠃ 2017 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠱᠠᠨ ᠰᠢ᠎ᠳᠦ ᠰᠢᠨᠵᠢᠯᠡᠨ ᠪᠠᠢᠴᠠᠭᠠᠬᠤ᠎ᠳᠠᠭᠠᠨ ᠹᠸᠨᠾᠸ ᠭᠣᠣᠯ᠎ᠤᠨ 《ᠤᠰᠤᠨ᠎ᠤ ᠬᠡᠮᠵᠢᠶ᠎ᠡ᠎ᠶᠢ ᠨᠡᠮᠡᠭᠳᠡᠭᠦᠯᠵᠦ᠂ ᠤᠰᠤᠨ᠎ᠤ ᠴᠢᠨᠠᠷ᠎ᠢ ᠰᠠᠢᠵᠢᠷᠠᠭᠤᠯᠵᠤ᠂ ᠦᠵᠡᠮᠵᠢ᠎ᠶᠢ ᠭᠣᠶᠣᠵᠢᠭᠤᠯᠤᠶ᠎ᠠ》 ᠭᠡᠵᠦ ᠳᠤᠷᠠᠳᠴᠠᠢ᠃ 2025 ᠣᠨ᠎ᠳᠤ 716 ᠺᠢᠯᠤᠮᠸᠲᠷ᠎ᠤᠨ ᠭᠣᠣᠯ᠎ᠤᠨ ᠵᠠᠮ ᠪᠦᠬᠦ ᠱᠤᠭᠤᠮ᠎ᠢᠶᠠᠷ᠎ᠢᠶᠠᠨ ᠤᠰᠤ ᠨᠡᠪᠲᠡᠷᠡᠵᠦ᠂ ᠹᠸᠨᠾᠸ ᠭᠣᠣᠯ᠎ᠤᠨ ᠰᠠᠪᠠ ᠭᠠᠵᠠᠷ᠎ᠤᠨ ᠰᠢᠯᠢᠳᠡᠭ ᠤᠰᠤᠨ ᠴᠣᠭᠴᠠ᠎ᠶᠢᠨ ᠬᠠᠷᠢᠴᠠᠯ 95.2% ᠲᠤ᠌ ᠬᠦᠷᠴᠦ᠂《ᠴᠡᠪᠡᠷ ᠤᠰᠤ ᠬᠠᠳᠤᠨ ᠭᠣᠣᠯ᠎ᠳᠤ ᠣᠷᠣᠬᠤ》 ᠶ᠋ᠢ ᠦᠨᠳᠦᠰᠦᠨ᠎ᠳᠡᠭᠡᠨ ᠪᠡᠶᠡᠯᠡᠭᠦᠯᠵᠡᠢ᠃

ᠤᠯᠠᠭᠠᠨᠰᠤᠬᠠᠢ ᠨᠠᠭᠤᠷ ᠪᠣᠯ ᠬᠠᠲᠤᠨ ᠭᠣᠣᠯ᠎ᠤᠨ 《ᠶᠡᠬᠡ ᠳᠤᠬᠤᠢ ᠤᠷᠤᠨ》᠎ᠤ᠋ ᠳᠡᠭᠡᠳᠤ ᠳᠠᠯ᠎ᠠ᠎ᠳᠤ ᠪᠠᠢᠷᠢᠯᠠᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠬᠠᠮᠤᠭ᠎ᠤᠨ ᠶᠡᠬᠡ  ᠨᠠᠭᠤᠷ ᠴᠥᠭᠥᠷᠥᠮ᠎ᠦᠨ ᠨᠤᠭᠤ  ᠭᠠᠵᠠᠷ ᠪᠣᠯᠣᠨ᠎ᠠ᠃ 2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠲᠤᠰᠬᠠᠢᠯᠠᠨ ᠤᠯᠠᠭᠠᠨᠰᠤᠬᠠᠢ ᠳ᠋ᠤ᠌ ᠰᠢᠨᠵᠢᠯᠡᠨ ᠪᠠᠢᠴᠠᠭᠠᠵᠤ᠂ 《ᠰᠡᠳᠬᠢᠯ ᠲᠠᠯᠪᠢᠨ ᠵᠠᠰᠠᠵᠤ᠂ ᠨᠢᠮᠪᠠᠢ ᠬᠠᠮᠠᠭᠠᠯᠠᠵᠤ᠂ ᠢᠮᠠᠭᠲᠠ ᠲᠤᠭᠤᠰᠢᠯᠠᠭᠤᠯᠵᠤ᠂ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠢ》 ᠭᠡᠵᠦ ᠴᠢᠬᠤᠯᠠᠴᠢᠯᠠᠵᠤ᠂ ᠲᠤᠬᠠᠢ᠎ᠶᠢᠨ ᠭᠠᠵᠠᠷ᠎ᠤᠨ ᠬᠢᠨ᠎ᠢ 《ᠪᠣᠭᠣᠮᠲᠠ᠎ᠶᠢᠨ ᠭᠠᠳᠠᠨᠠᠬᠢ ᠡᠨᠡ ᠬᠦ᠌ ᠬᠡᠷᠡᠯᠳᠦ ᠰᠤᠪᠤᠳ᠎ᠢ ᠰᠠᠢᠲᠤᠷ ᠰᠠᠬᠢᠨ ᠬᠠᠮᠠᠭᠠᠯᠠᠬᠤ ᠬᠡᠷᠡᠭᠲᠡᠢ》 ᠭᠡᠵᠦ ᠵᠠᠬᠢᠪᠠ᠃ ᠲᠤᠬᠠᠢ᠎ᠶᠢᠨ ᠭᠠᠵᠠᠷ᠎ᠤᠨ ᠬᠢᠨ ᠰᠢᠰᠲᠧᠮ᠎ᠦᠨ ᠦᠵᠡᠯᠲᠡ᠎ᠪᠡᠷ ᠠᠮᠢ ᠠᠬᠤᠢ᠎ᠶᠢᠨ ᠵᠠᠰᠠᠯᠲᠠ᠎ᠶᠢ ᠰᠢᠨᠵᠢᠯᠡᠬᠦ ᠤᠬᠠᠭᠠᠨᠴᠢ᠎ᠪᠠᠷ  ᠠᠬᠢᠭᠤᠯᠵᠤ᠂  ᠣᠲᠣ᠌ ᠤᠯᠠᠭᠠᠨᠰᠤᠬᠠᠢ ᠨᠠᠭᠤᠷ᠎ᠤᠨ ᠤᠰᠤᠨ᠎ᠤ ᠴᠢᠨᠠᠷ ᠢᠯᠡᠳᠲᠡ ᠰᠠᠢᠵᠢᠷᠠᠵᠤ᠂ ᠨᠡᠭᠦᠳᠡᠯ᠎ᠦᠨ ᠰᠢᠪᠠᠭᠤᠳ᠎ᠤᠨ ᠵᠢᠷᠭᠠᠯᠠᠩᠲᠤ ᠣᠷᠣᠨ ᠪᠣᠯᠵᠠᠢ᠃

2022 ᠣᠨ᠎ᠳᠤ᠂ ᠬᠠᠲᠤᠨ ᠭᠣᠣᠯ᠎ᠤᠨ ᠭᠣᠣᠯ ᠤᠷᠤᠰᠬᠠᠯ ᠠᠩᠬ᠎ᠠ ᠤᠳᠠᠭ᠎ᠠ ᠪᠥᠬᠥ ᠱᠤᠭᠤᠮ᠎ᠢᠶᠠᠷ᠎ᠢᠶᠠᠨ II ᠲᠥᠷᠥᠯ᠎ᠦᠨ ᠤᠰᠤᠨ᠎ᠤ ᠴᠢᠨᠠᠷ᠎ᠲᠤ ᠬᠥᠷᠪᠡ᠃ ᠣᠢᠷ᠎ᠠ᠎ᠶᠢᠨ ᠬᠡᠳᠦᠨ ᠵᠢᠯ᠎ᠳᠦ᠂ ᠭᠣᠣᠯ ᠤᠷᠤᠰᠬᠠᠯ᠎ᠤᠨ ᠤᠰᠤᠨ᠎ᠤ ᠴᠢᠨᠠᠷ ᠨᠢ II ᠲᠥᠷᠥᠯ᠎ᠢ ᠦᠷᠭᠦᠯᠵᠢᠯᠡᠨ ᠪᠠᠲᠤᠯᠠᠬᠤ᠎ᠶᠢᠨ ᠬᠠᠮᠲᠤ  ᠲᠣᠭᠲᠠᠭᠤᠨ᠎ᠤ  ᠳᠤᠮᠳᠠ ᠰᠠᠢᠵᠢᠷᠠᠬᠤ᠎ᠶᠢ  ᠪᠡᠶᠡᠯᠡᠭᠦᠯᠪᠡ᠃

ᠤᠰᠤ ᠠᠷᠠᠳ᠎ᠤᠨ ᠠᠮᠢᠳᠤᠷᠠᠯ᠎ᠢ ᠤᠮᠳᠠᠯᠠᠵᠤ᠂ ᠵᠣᠯ ᠵᠢᠷᠭᠠᠯ᠎ᠤᠨ ᠦᠵᠡᠮᠵᠢ ᠠᠭᠠᠵᠢᠮ᠎ᠢᠶᠠᠷ  ᠳᠡᠯᠭᠡᠭᠳᠡᠪᠡ᠃

ᠪᠥᠬᠥ ᠤᠯᠤᠰ᠎ᠤᠨ ᠭᠤᠷᠪᠠᠨ ᠣᠨᠴᠠ ᠲᠣᠮᠣ᠌ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠨᠢᠭᠡ ᠪᠣᠯᠬᠤ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ ᠨᠢ ᠨᠢᠭᠡᠨ ᠦᠶ᠎ᠡ ᠬᠠᠭᠠᠯᠳᠠ ᠵᠢᠨ ᠡᠭᠦᠳᠡ᠎ᠦᠬᠡᠢ ᠪᠡᠷ ᠤᠰᠤ ᠲᠠᠲᠠᠵᠤ ᠪᠠᠢᠭᠰᠠᠨ ᠪᠣᠯᠬᠣᠷ ᠤᠰᠤᠯᠠᠯᠲᠠ᠎ᠶᠢᠨ ᠣᠷᠣᠨ ᠨᠢ 《ᠭᠠᠩ ᠬᠠᠭᠰᠠᠷᠠᠭᠠᠨ᠎ᠤ ᠦᠶ᠎ᠠ᠎ᠳᠤ ᠤᠰᠤ ᠲᠠᠲᠠᠬᠤ᠎ᠳᠤ ᠪᠡᠷᠬᠡ᠂ ᠦᠶᠡᠷ᠎ᠤᠨ ᠬᠤᠭᠤᠴᠠᠭᠠᠨ᠎ᠳᠤ ᠤᠷᠤᠰᠬᠠᠯ᠎ᠢ ᠡᠵᠡᠮᠳᠡᠬᠦ᠎ᠳᠤ ᠬᠡᠴᠡᠬᠦᠦ》 ᠪᠠᠢᠪᠠ᠃ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠤ ᠳᠠᠷᠠᠭ᠎ᠠ᠂ ᠨᠠᠮ᠎ᠤᠨ ᠲᠥᠪ ᠬᠣᠷᠢᠶ᠎ᠠ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠪᠡᠷ ᠵᠣᠷᠢᠭ᠋ ᠰᠢᠭᠤᠳᠴᠤ᠂ ᠥᠪᠡᠷ᠎ᠢᠶᠡᠨ ᠤᠰᠤ ᠲᠠᠲᠠᠵᠤ ᠤᠰᠤᠯᠠᠬᠤ ᠣᠷᠣᠨ᠎ᠢ ᠪᠠᠢᠭᠤᠯᠪᠠ᠃ 《ᠲᠦᠮᠡᠨ ᠭᠠᠵᠠᠷ᠎ᠤᠨ ᠬᠠᠳᠤᠨ ᠭᠣᠣᠯ᠎ᠤᠨ ᠨᠢᠭᠡᠳᠦᠭᠡᠷ ᠬᠠᠭᠠᠯᠳᠠ》 ᠰᠠᠨ ᠱᠧᠩ ᠭᠦᠩ ᠤᠰᠤᠨ ᠠᠰᠢᠭ᠍ᠯᠠᠯᠲᠠ᠎ᠶᠢᠨ ᠬᠦᠢᠰᠦ ᠪᠠᠷᠢᠯᠭ᠎ᠠ ᠡᠢᠨ ᠬᠦ᠌ ᠪᠠᠢᠭᠤᠯᠤᠭᠳᠠᠪᠠ᠃

2023 ᠣᠨ᠎ᠤ 6 ᠰᠠᠷ᠎ᠠ᠎ᠳᠤ᠂ ᠤᠰᠤᠯᠠᠯᠲᠠ᠎ᠶᠢᠨ ᠣᠷᠣᠨ᠎ᠤ ᠤᠰᠤᠨ᠎ᠤ ᠬᠡᠮᠵᠢᠶ᠎ᠡ᠎ᠶᠢᠨ ᠮᠡᠳᠡᠭᠡ ᠵᠠᠩᠭᠢᠵᠢᠯᠲᠠ᠎ᠶᠢᠨ ᠬᠢᠨᠠᠨ ᠬᠡᠮᠵᠢᠬᠦ ᠲᠥᠪ᠎ᠦᠨ ᠡᠯᠡᠰᠦᠨ ᠴᠠᠷ᠎ᠠ᠎ᠶᠢᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ 7 ᠳᠡᠰ᠎ᠤᠨ ᠤᠰᠤᠯᠠᠵᠤ ᠤᠰᠤ ᠵᠠᠯᠠᠬᠤ ᠰᠢᠰᠲ᠋ᠸᠮ᠎ᠢ ᠨᠠᠷᠢᠨ ᠬᠢᠨᠠᠮᠠᠭᠠᠢ ᠠᠵᠢᠭ᠍ᠯᠠᠪᠠ᠃ ᠶᠡᠷᠦᠩᠬᠡᠢ ᠭᠣᠣᠯ ᠰᠤᠪᠠᠭ᠎ᠤᠨ ᠭᠣᠣᠯᠯᠠᠨ ᠨᠡᠪᠲᠡᠷᠡᠭᠰᠡᠨ ᠤᠰᠤᠯᠠᠯᠲᠠ᠎ᠶᠢᠨ ᠣᠷᠣᠨ᠂ ᠬᠢᠯᠭᠠᠰᠤᠨ ᠰᠤᠳᠠᠯ ᠮᠡᠲᠦ ᠰᠠᠯᠪᠤᠷᠢ ᠰᠤᠪᠠᠭ ᠨᠢ ᠲᠠᠷᠢᠶᠠᠨ ᠭᠠᠵᠠᠷ᠎ᠲᠤ ᠭᠦᠨᠵᠡᠭᠡᠢᠷᠡᠨ᠂ ᠰᠤᠪᠠᠭ ᠨᠢᠭᠡᠪᠦᠷᠢ᠎ᠶᠢᠨ ᠤᠰᠤᠨ ᠲᠦᠪᠰᠢᠨ᠂ ᠤᠷᠤᠰᠬᠠᠯ᠎ᠤᠨ ᠬᠡᠮᠵᠢᠶ᠎ᠡ᠎ᠶᠢ ᠴᠥᠮ ᠲᠣᠳᠣᠷᠬᠠᠢ ᠲᠣᠳᠣᠷᠬᠠᠢᠯᠠᠵᠤ ᠪᠠᠢᠳᠠᠭ᠃

《ᠡᠨᠡ ᠬᠦ᠌ ᠰᠢᠰᠲᠧᠮ᠎ᠢ ᠮᠠᠰᠢ ᠶᠡᠬᠡ ᠬᠦᠴᠦ ᠣᠷᠣᠭᠤᠯᠤᠭᠰᠠᠨ᠂ ᠬᠦᠴᠦ ᠤᠷᠤᠭᠤᠯᠤᠭᠰᠠᠨ ᠨᠢ ᠴᠤ᠌ ᠪᠡᠨ᠎ᠠ ᠲᠠᠢ᠃ ᠲᠡᠷᠡ ᠨᠢ ᠵᠠᠭᠤᠨ ᠵᠢᠯ᠂ ᠮᠢᠩᠭᠠᠨ ᠵᠢᠯ᠎ᠦᠨ ᠰᠠᠭᠤᠷᠢ ᠦᠢᠯᠡᠰ᠎ᠪᠤᠯᠵᠦ ᠦᠯᠡᠳᠡᠬᠦ ᠶᠤᠮ》 ᠭᠡᠵᠦ ᠶᠡᠷᠦᠩᠬᠡᠢ ᠱᠦᠵᠢ ᠰᠡᠳᠬᠢᠯ ᠳᠣᠭᠳᠣᠯᠤᠨ ᠶᠠᠷᠢᠪᠡ᠃

ᠰᠢᠨ᠎ᠡ ᠴᠠᠭ ᠦᠶ᠎ᠡ᠎ᠡᠴᠡ ᠨᠠᠭᠠᠰᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠬᠠᠳᠤᠨ ᠭᠣᠣᠯ᠎ᠤᠨ ᠦᠶᠡᠷ᠎ᠢ ᠰᠡᠷᠭᠡᠢᠯᠡᠵᠦ ᠳᠤᠨᠤᠮᠡᠯ ᠰᠢᠪᠡᠷ ᠰᠢᠷᠦᠢ᠎ᠶᠢ ᠪᠠᠭᠠᠰᠬᠠᠬᠤ ᠤᠰᠤᠯᠠᠯᠲᠠ᠎ᠶᠢᠨ ᠢᠨᠵᠧᠨᠧᠷᠢᠩ᠎ᠦᠨ ᠰᠢᠰᠲᠸᠮ᠎ᠢ ᠳᠠᠰᠤᠷᠠᠯᠳᠠ ᠦᠭᠡᠢ ᠲᠡᠭᠦᠯᠳᠡᠷᠵᠢᠭᠦᠯᠪᠡ᠄ ᠬᠠᠳᠤᠨ ᠭᠣᠣᠯ᠎ᠤᠨ ᠭᠣᠣᠯ ᠤᠷᠤᠰᠬᠠᠯ ᠳᠠᠭᠠᠤ 3000 ᠺᠢᠯᠦᠮᠸᠲᠷ ᠰᠢᠬᠠᠮ ᠬᠠᠰᠢᠯᠭ᠎ᠠ ᠪᠠᠢᠭᠤᠯᠵᠤ᠂ ᠭᠣᠣᠯ᠎ᠤᠨ ᠵᠠᠮ᠎ᠢ   ᠴᠡᠭᠴᠡᠯᠡᠨ ᠵᠠᠰᠠᠬᠤ ᠢᠨᠵᠧᠨᠧᠷᠢᠩ 2300 ᠺᠢᠯᠦᠮᠸᠲᠷ ᠰᠢᠬᠠᠮ ᠪᠤᠢ; ᠯᠦᠩ ᠶᠠᠩ ᠰᠢᠶᠠ᠂ ᠯᠢᠦ ᠵᠢᠶᠠ ᠰᠢᠶᠠ᠂ ᠰᠠᠨ ᠮᠧᠨ ᠰᠢᠶᠠ᠂ ᠰᠢᠶᠣᠣ ᠯᠠᠩ ᠳᠢ ᠵᠡᠷᠭᠡ 40 ᠲᠣᠮᠣ᠌ ᠬᠡᠯᠪᠡᠷᠢ᠎ᠶᠢᠨ ᠤᠰᠤᠨ ᠴᠥᠭᠥᠷᠥᠮ ᠦᠶᠡᠷ᠎ᠢ ᠰᠡᠷᠭᠡᠢᠯᠡᠬᠦ ᠤᠰᠤ ᠲᠣᠬᠢᠷᠠᠭᠤᠯᠬᠤ᠎ᠳᠤ ᠪᠠᠲᠤ ᠪᠡᠬᠢ ᠲᠦᠰᠢᠭ ᠬᠠᠩᠭᠠᠪᠠ; ᠬᠠᠳᠤᠨ ᠭᠤᠤᠯ ᠡᠴᠡ ᠤᠰᠤ ᠳᠠᠳᠠᠵᠤ ᠶᠠᠳᠠᠭᠤ᠎ᠶᠢ ᠲᠡᠳᠬᠦᠬᠦ ᠤᠰᠤᠯᠠᠯᠳᠠ ᠵᠢᠨ ᠢᠨᠵᠸᠨ᠋ᠸᠷᠢᠩ᠎ᠤᠨ ᠠᠴᠢ ᠪᠡᠷ ᠨᠢᠨᠭᠰᠢᠶᠡ ᠵᠢᠨ ᠭᠠᠩ ᠬᠠᠭᠤᠷᠡᠢ ᠤᠷᠤᠨ᠎ᠤ ᠬᠦᠮᠦᠰ ᠪᠠ ᠭᠠᠵᠠᠷ ᠳᠡᠷᠢᠶ᠎ᠠ ᠬᠠᠳᠤᠨ ᠭᠤᠤᠯ᠎ᠤᠨ ᠤᠰᠤ ᠵᠢ  ᠬᠡᠷᠡᠭᠯᠡᠵᠦ  ᠳᠡᠢᠯᠬᠦ  ᠪᠤᠯᠵᠠᠢ  ᠁

ᠬᠠᠲᠤᠨ ᠭᠣᠣᠯ᠎ᠤᠨ ᠰᠠᠪᠠ ᠭᠠᠵᠠᠷ ᠪᠣᠯ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭ᠍ᠰᠠᠨ ᠭᠠᠵᠠᠷ ᠣᠷᠣᠨ ᠮᠥᠨ᠂ ᠲᠡᠦᠬᠡ᠂ ᠪᠠᠢᠭᠠᠯᠢ᠎ᠶᠢᠨ ᠨᠥᠬᠥᠴᠡᠯ ᠵᠡᠷᠭᠡ ᠰᠢᠯᠲᠠᠭᠠᠨ᠎ᠡᠴᠡ ᠪᠣᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ ᠬᠠᠷᠢᠴᠠᠩᠭᠤᠢ᠎ᠪᠠᠷ ᠬᠣᠴᠣᠷᠤᠩᠭᠤᠢ ᠪᠠᠢᠵᠤ᠂ ᠢᠯᠠᠩᠭᠤᠶ᠎ᠠ ᠳᠡᠭᠡᠳᠦ ᠳᠤᠮᠳᠠᠳᠤ ᠤᠷᠤᠰᠬᠠᠯ᠎ᠤᠨ ᠭᠠᠵᠠᠷ ᠣᠷᠣᠨ ᠪᠠ ᠳᠣᠣᠷᠠᠳᠤ ᠤᠷᠤᠰᠬᠠᠯ᠎ᠤᠨ ᠰᠠᠢᠷᠭᠠᠯ ᠣᠷᠣᠨ ᠪᠣᠯ ᠮᠠᠨ᠎ᠤ ᠤᠯᠤᠰ᠎ᠤᠨ ᠶᠠᠳᠠᠭᠤ ᠬᠦᠴᠢᠷᠳᠡᠯᠲᠡᠢ ᠬᠥᠮᠥᠨ ᠠᠮᠠ ᠬᠠᠷᠢᠴᠠᠩᠭᠤᠢ᠎ᠪᠠᠷ ᠲᠥᠪᠯᠡᠷᠡᠭᠰᠡᠨ ᠣᠷᠣᠨ ᠪᠦᠰᠡ ᠪᠠᠢᠭᠰᠠᠨ ᠶᠤᠮ᠃

《ᠶᠠᠳᠠᠭᠤ ᠬᠦᠴᠢᠷᠳᠡᠯᠲᠡᠢ  ᠭᠠᠵᠠᠷ  ᠣᠷᠣᠨ  ᠰᠠᠭᠤᠷᠢ ᠲᠥᠬᠦᠭᠡᠷᠦᠮᠵᠢ ᠪᠣᠯᠣᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠢᠷᠢ ᠲᠦᠪᠰᠢᠨ᠎ᠢᠶᠡᠨ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ ᠎ᠢ ᠪᠦᠬᠦ   ᠬᠦᠴᠦᠨ᠎ᠢᠶᠡᠷ ᠪᠠᠲᠤᠯᠠᠨ ᠰᠠᠢᠵᠢᠷᠠᠭᠤᠯᠬᠤ ᠬᠡᠷᠡᠭᠲᠡᠢ》᠂ 《ᠠᠷᠠᠳ᠎ᠤᠨ ᠠᠮᠢᠳᠤᠷᠠᠯ ᠎ᠢ ᠲᠠᠰᠤᠷᠠᠯᠲᠠ ᠦᠭᠡᠢ  ᠰᠠᠢᠵᠢᠷᠠᠭᠤᠯᠵᠤ᠂ ᠬᠠᠮᠲᠤ ᠪᠠᠷ ᠪᠠᠶᠠᠵᠢᠬᠤ᠎ᠶᠢ ᠠᠬᠢᠭᠤᠯᠬᠤ ᠬᠡᠷᠡᠭᠲᠡᠢ》 ᠂ 《ᠲᠦᠭᠡᠮᠡᠯ ᠠᠰᠢᠭ᠋ ᠬᠦᠷᠲᠡᠭᠡᠬᠦ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ  ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢ ᠴᠢᠩᠭᠠᠳᠬᠠᠬᠤ ᠬᠡᠷᠡᠭᠲᠡᠢ 》  ᠁

ᠬᠠᠳᠤᠨ ᠭᠣᠣᠯ ᠳᠠᠭᠠᠤ᠎ᠶᠢᠨ ᠮᠤᠵᠢ ᠣᠷᠣᠨ᠎ᠳᠤ ᠰᠢᠨᠵᠢᠯᠡᠨ ᠪᠠᠢᠴᠠᠭᠠᠬᠤ ᠪᠦᠷᠢ᠂ ᠤᠳᠠᠭ᠎ᠠ ᠪᠦᠷᠢ᠎ᠶᠢᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ ᠎ᠳᠠᠭᠠᠨ᠂ ᠶᠡᠷᠦᠩᠬᠡᠢ  ᠱᠦᠵᠢ  ᠰᠢ ᠵᠢᠨ ᠫᠢᠩ  ᠢᠮᠠᠭᠲᠠ ᠠᠷᠠᠳ ᠤᠯᠠᠨ᠎ᠤ  ᠰᠠᠨᠠᠭ᠎ᠠ ᠪᠤᠳᠤᠯ᠎ᠢ  ᠪᠤᠳᠤᠯᠬᠢᠯᠡᠵᠤ᠂ ᠤᠯᠠᠨ ᠲᠦᠮᠡᠨ᠎ᠦ ᠭᠠᠨᠰᠤ᠎ᠶᠢᠨ ᠭᠦ  ᠯᠠᠩ ᠰᠢᠶᠠᠨ᠎ᠤ ᠬᠤᠸᠠᠩ ᠬᠤᠸᠠ ᠲᠠᠨ ᠠᠮᠢ ᠠᠬᠤᠢ᠎ᠶᠢᠨ ᠨᠡᠭᠦᠳᠡᠯ ᠠᠷᠠᠳ᠎ᠤᠨ ᠲᠣᠭᠣᠷᠢᠭ᠋᠎ᠤᠨ ᠹᠦ ᠮᠢᠨ ᠰᠢᠨ᠎ᠡ ᠲᠣᠰᠬᠣᠨ ᠪᠣᠯ ᠨᠢᠭᠡᠨ ᠨᠡᠢᠲᠡᠯᠢᠭ ᠴᠢᠨᠠᠷᠲᠠᠢ ᠣᠨᠳᠣᠣ ᠭᠠᠵᠠᠷ᠎ᠲᠤ ᠨᠡᠭᠦᠯᠭᠡᠨ ᠶᠠᠳᠠᠭᠤ᠎ᠡᠴᠡ ᠠᠩᠭᠢᠵᠢᠷᠠᠭᠤᠯᠵᠤ ᠪᠠᠶᠠᠵᠢᠨ ᠴᠢᠨᠡᠭᠡᠯᠢᠭᠵᠢᠭᠰᠡᠨ ᠲᠣᠰᠬᠣᠨ ᠪᠣᠯᠣᠨ᠎ᠠ᠃ ᠥᠩᠭᠡᠷᠡᠭᠰᠡᠨ᠎ᠳᠦ᠂ ᠲᠣᠰᠬᠣᠨ᠎ᠤ ᠠᠷᠠᠳ᠎ᠤᠨ ᠣᠯᠠᠩᠬᠢ ᠨᠢ ᠡᠮᠦᠨᠡᠲᠦ ᠬᠡᠰᠡᠭ᠎ᠦᠨ ᠥᠨᠳᠥᠷ ᠭᠦᠨ ᠠᠭᠤᠯᠠᠷᠬᠠᠭ ᠣᠷᠣᠨ᠎ᠳᠤ ᠰᠠᠭᠤᠵᠤ᠂ ᠪᠠᠢᠭᠠᠯᠢ᠎ᠶᠢᠨ ᠨᠥᠬᠥᠴᠡᠯ  ᠮᠠᠭᠤ  ᠪᠠᠢᠵᠤ᠂ 《 ᠨᠤᠳᠤᠭ ᠨᠢ ᠨᠤᠳᠤᠭ᠎ᠤᠨ ᠬᠦᠮᠦᠰ ᠵᠢᠡᠨ ᠳᠡᠵᠢᠬᠡᠵᠦ ᠳᠠᠢᠯᠬᠦ  ᠦᠬᠡᠢ》 ᠪᠠᠢᠪᠠ᠃

2019 ᠣᠨ᠎ᠤ 8 ᠰᠠᠷ᠎ᠠ᠎ᠳᠤ᠂ ᠶᠡᠷᠦᠩᠬᠡᠢ ᠱᠦᠵᠢ ᠡᠨᠳᠡ ᠢᠷᠡᠵᠦ᠂ ᠴᠡᠪᠡᠷ ᠴᠡᠮᠴᠡᠭᠡᠷ ᠰᠠᠷᠠᠭᠤᠯ ᠳᠠᠷᠳᠠᠩ ᠲᠣᠰᠬᠣᠨ᠎ᠤ ᠵᠠᠮ᠎ᠢᠶᠠᠷ  ᠠᠯᠬᠤᠯᠠᠪᠠ  —

ᠲᠣᠰᠬᠣᠨ᠎ᠤ ᠪᠠᠭ᠎ᠠ ᠰᠤᠷᠭᠠᠭᠤᠯᠢ᠎ᠳᠤ᠂ ᠬᠡᠦᠬᠡᠳ᠎ᠦᠳ᠎ᠡᠴᠡ 《ᠰᠤᠷᠭᠠᠭᠤᠯᠢ ᠬᠤᠯᠠ ᠦᠦ?》᠂《ᠦᠳᠡ᠎ᠶᠢᠨ ᠬᠣᠭᠣᠯᠠ᠎ᠪᠠᠨ ᠬᠠᠮᠢᠭ᠎ᠠ ᠢᠳᠡᠬᠦ ᠪᠤᠢ?》᠂ 《ᠪᠦᠷ ᠶᠠᠮᠠᠷ ᠬᠢᠴᠢᠶᠡᠯ ᠨᠡᠭᠡᠭᠡᠭᠰᠡᠨ ᠪᠤᠢ?》ᠭᠡᠵᠦ  ᠨᠠᠷᠢᠨ ᠠᠰᠠᠭᠤᠪᠠ᠃

ᠲᠣᠰᠬᠣᠨ᠎ᠤ ᠨᠠᠮ᠎ᠤᠨ ᠭᠡᠰᠢᠭᠦᠨ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠠᠷᠠᠳ᠎ᠲᠤ ᠲᠥᠬᠥᠮ ᠦᠵᠡᠭᠦᠯᠬᠦ ᠲᠢᠩᠬᠢᠮ᠎ᠳᠦ᠄《ᠲᠣᠰᠬᠣᠨ᠎ᠳᠤ ᠬᠡᠳᠦᠨ ᠡᠷᠡᠭᠦᠯ ᠬᠠᠮᠠᠭᠠᠯᠠᠯ᠎ᠤᠨ ᠲᠠᠰᠤᠭ ᠪᠠᠢᠨ᠎ᠠ?》᠂ 《 ᠶᠡᠷᠦᠩᠬᠡᠢ ᠰᠠᠯᠠᠭᠠᠨ᠎ᠤ ᠡᠮᠴᠢ ᠮᠥᠨ ᠤᠤ?》  ᠭᠡᠵᠦ ᠲᠤᠰᠬᠠᠢᠯᠠᠨ ᠠᠰᠠᠭᠤᠪᠠ᠃

ᠲᠣᠰᠬᠣᠨ᠎ᠤ ᠠᠷᠠᠳ᠎ᠤᠨ ᠭᠡᠷ᠎ᠲᠦ ᠣᠷᠣᠵᠤ᠂ ᠨᠤᠲᠤᠭ᠎ᠤᠨ ᠠᠬ᠎ᠠ ᠳᠡᠭᠦᠦ ᠨᠠᠷ᠎ᠦᠨ ᠣᠷᠣᠨ ᠰᠠᠭᠤᠴᠠ᠎ᠶᠢ ᠰᠠᠢᠵᠢᠷᠠᠭᠤᠯᠤᠭᠰᠠᠨ ᠪᠠ ᠤᠰᠤ᠎ᠶᠢ ᠰᠠᠢᠵᠢᠷᠠᠭᠤᠯᠵᠤ ᠵᠣᠷᠯᠣᠩ᠎ᠢ ᠥᠭᠡᠷᠡᠴᠢᠯᠡᠨ ᠰᠠᠢᠵᠢᠷᠠᠭᠤᠯᠤᠭᠰᠠᠨ ᠵᠡᠷᠭᠡ ᠪᠠᠢᠳᠠᠯ᠎ᠢ ᠨᠠᠷᠢᠨ ᠣᠢᠯᠠᠭᠠᠵᠤ᠂ 《 ᠨᠡᠭᠦᠵᠦ ᠰᠠᠭᠤᠬᠤ᠎ᠳᠤ ᠬᠠᠨᠤᠮᠵᠢᠲᠠᠶ ᠤᠤ? ᠪᠠᠰᠠ ᠶᠠᠮᠠᠷ ᠱᠠᠭᠠᠷᠳᠠᠯᠭ᠎ᠠ ᠪᠠᠢᠬᠤ ᠪᠣᠶ?》 ᠬᠡᠵᠦ ᠳᠤᠰᠬᠤᠨ᠎ᠤ ᠠᠷᠡᠳ᠎ᠤᠳ᠎ᠢ ᠬᠠᠯᠠᠮᠵᠢᠯᠠᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠤᠨᠢᠨ ᠲᠡᠭᠡᠷ᠎ᠠ ᠨᠢ ᠶᠠᠳᠠᠭᠤ᠎ᠶᠢ ᠲᠡᠳᠬᠦᠬᠦ᠎ᠪᠡᠷ ᠳᠡᠮᠵᠢᠨ ᠬᠠᠲᠤᠨ ᠭᠣᠣᠯ ᠳᠠᠭᠠᠤ᠎ᠶᠢᠨ ᠭᠠᠵᠠᠷ ᠣᠷᠣᠨ᠎ᠤ ᠶᠠᠳᠠᠭᠤ ᠬᠦᠴᠢᠷᠳᠡᠯᠲᠡᠢ ᠬᠥᠮᠥᠨ ᠠᠮᠠ᠎ᠶᠢ ᠲᠣᠭᠲᠠᠭᠤᠨ᠎ᠢᠶᠠᠷ ᠶᠠᠳᠠᠭᠤ᠎ᠡᠴᠡ ᠠᠩᠭᠢᠵᠢᠷᠠᠭᠤᠯᠵᠤ᠂ ᠠᠷᠠᠳ ᠣᠯᠠᠨ᠎ᠤ ᠠᠮᠢᠳᠤᠷᠠᠯ ᠢᠯᠡᠳᠲᠡ ᠰᠠᠢᠵᠢᠷᠠᠪᠠ᠃

ᠤᠰᠤᠨ ᠰᠤᠳᠠᠰᠤ ᠨᠢ ᠰᠣᠶᠣᠯ᠎ᠤᠨ ᠰᠤᠳᠠᠰᠤ᠎ᠲᠠᠢ ᠬᠣᠯᠪᠣᠯᠳᠤᠵᠤ᠂ ᠳᠤᠮᠳᠠᠳᠤ᠎ᠶᠢᠨ ᠦᠨᠳᠦᠰᠦᠲᠡᠨ᠎ᠦ ᠦᠶ᠎ᠡ ᠤᠯᠠᠷᠢᠨ ᠣᠷᠣᠰᠢᠨ ᠲᠣᠭᠲᠠᠨᠢᠬᠤ᠎ᠶᠢᠨ ᠦᠨᠳᠦᠰᠦ ᠪᠠ ᠰᠦᠭ ᠰᠦᠨᠡᠰᠦ᠎ᠶᠢ ᠦᠷᠭᠦᠯᠵᠢᠯᠡᠭᠦᠯᠵᠦ ᠪᠠᠢᠳᠠᠭ᠃

2024 ᠣᠨ᠎ᠤ 9 ᠰᠠᠷ᠎ᠠ᠎ᠳᠤ᠂ ᠪᠤᠤ ᠵᠢᠢ᠎ᠶᠢᠨ ᠬᠦᠷᠡᠯ ᠵᠡᠪᠰᠡᠭ᠎ᠤᠨ ᠮᠦᠽᠧᠢ ᠂ ᠲᠢᠶᠠᠨ ᠱᠦᠢ ᠵᠢᠨ ᠹᠦ ᠰᠢ ᠰᠦᠮ᠎ᠡ᠂ ᠮᠠᠢ  ᠵᠢᠢ ᠱᠠᠨ ᠠᠭᠤᠯᠠᠨ᠎ᠤ ᠴᠢᠯᠠᠭᠤᠨ ᠠᠭᠤᠢ᠎ᠳᠤ ᠰᠢᠨᠵᠢᠯᠡᠨ ᠪᠠᠢᠴᠠᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠭᠠᠨᠰᠤ ᠱᠠᠨᠰᠢ᠎ᠶᠢᠨ ᠠᠶᠠᠯᠠᠯ ᠨᠢ ᠰᠣᠶᠣᠯ᠎ᠵᠢᠡᠷ ᠡᠬᠢᠯᠡᠭᠰᠡᠨ ᠪᠠᠢᠨ᠎ᠠ᠃

ᠤᠯᠤᠰ᠎ᠤᠨ ᠳᠡᠰ᠎ᠤᠨ ᠦᠨᠡᠳᠦ ᠡᠷᠳᠡᠨᠢ ᠬᠦᠷᠡᠯ ᠵᠡᠪᠰᠡᠭ ᠾᠸ ᠤᠪᠤᠭᠳᠤ ᠵᠢᠨ ᠬᠤᠨᠳᠠᠭ᠎ᠠ᠎ᠶᠢ ᠶᠡᠷᠦᠩᠬᠡᠢ ᠱᠦᠵᠢ ᠰᠢ ᠵᠢᠨ ᠫᠢᠩ ᠤᠳᠠᠳᠠᠯ᠎ᠠ  ᠰᠢᠷᠳᠡᠪᠠ᠃

ᠾᠸ ᠤᠪᠤᠭᠳᠤ ᠵᠢᠨ ᠬᠤᠨᠳᠠᠭ᠎ᠠ ᠵᠢᠨ ᠪᠢᠴᠢᠭᠡᠰᠦ᠎ᠳᠦ 《ᠳᠡᠯᠡᠬᠡᠢ᠎ᠵᠢᠨ ᠲᠦᠪ ᠤᠯᠤᠰ》 ᠭᠡᠳᠡᠭ ᠦᠭᠡ ᠪᠠᠢᠳᠠᠭ᠂ ᠡᠨᠡ ᠨᠢ ᠤᠳᠤ ᠪᠣᠯᠲᠠᠯᠠᠬᠢ 《ᠳᠤᠮᠳᠠᠳᠤ ᠤᠯᠤᠰ》 ᠭᠡᠳᠡᠭ ᠦᠭᠡ᠎ᠶᠢᠨ ᠬᠠᠮᠤᠭ᠎ᠦᠨ ᠡᠷᠲᠡᠨ᠎ᠦ ᠦᠰᠦᠭ ᠪᠢᠴᠢᠭ᠎ᠦᠨ ᠲᠡᠮᠳᠡᠭᠯᠡᠯ ᠪᠣᠯᠤᠭᠰᠠᠨ ᠪᠠᠢᠨ᠎ᠠ᠃

《ᠲᠤᠬᠠᠢ᠎ᠶᠢᠨ ᠦᠶ᠎ᠡ᠎ᠶᠢᠨ 〈ᠳᠡᠯᠡᠬᠡᠢ᠎ᠵᠢᠨ ᠲᠦᠪ ᠤᠯᠤᠰ〉 ᠪᠣᠯ ᠭᠠᠵᠠᠷ ᠵᠦᠢ᠎ᠶᠢᠨ ᠤᠬᠠᠭᠳᠠᠬᠤᠨ ᠪᠣᠯᠣᠨ᠎ᠠ ᠪᠢᠵᠡ?》 ᠭᠡᠵᠦ ᠶᠡᠷᠦᠩᠬᠡᠢ ᠱᠦᠵᠢ ᠠᠰᠠᠭᠤᠪᠠ᠃

ᠡᠷᠲᠡᠨ᠎ᠡᠴᠡ ᠠᠪᠤᠭᠠᠳ ᠲᠦᠭ ᠲᠦᠮᠡᠨ ᠠᠷᠠᠳ ᠤᠯᠠᠨ᠎ᠢ  ᠨᠢᠭ᠍ᠲᠠᠷᠠᠭᠤᠯᠤᠭᠰᠠᠨ 《ᠳᠡᠯᠡᠬᠡᠢ᠎ᠵᠢᠨ ᠳᠦᠪ ᠤᠯᠤᠰ》 ᠨᠢ ᠬᠡᠳᠦᠨ ᠮᠢᠩᠭᠠᠨ ᠵᠢᠯ᠎ᠦᠨ ᠦᠷᠭᠦᠯᠵᠢᠯᠡᠯ᠎ᠢ ᠥᠩᠭᠡᠷᠡᠭᠡᠭᠡᠳ᠂ ᠬᠠᠭᠤᠴᠢᠨ᠎ᠢ ᠥᠭᠡᠷᠡᠴᠢᠯᠡᠵᠦ ᠰᠢᠨ᠎ᠡ᠎ᠶᠢ ᠪᠠᠢᠭᠤᠯᠤᠭᠰᠠᠨ᠂ ᠭᠡᠷᠡᠯ ᠰᠠᠴᠤᠷᠠᠩᠭᠤᠢ ᠰᠢᠨᠡᠳᠦᠨ ᠬᠤᠪᠢᠷᠡᠵᠦ ᠪᠠᠢᠭ᠎ᠠ  ᠪᠣᠯᠪᠠᠰᠤᠨ᠎ᠤ ᠢᠮ ᠲᠡᠮᠳᠡᠭ ᠪᠣᠯᠵᠤ᠂ ᠨᠠᠮ  ᠳᠦᠯᠬᠡᠭᠡᠨ  ᠪᠠ  ᠰᠦᠷ  ᠲᠠᠯᠠᠢᠴᠠᠳᠠᠢ  ᠪᠠᠢᠳᠠᠯ  ᠬᠠᠷᠢᠯᠴᠠᠨ ᠰᠣᠯᠪᠢᠴᠠᠭᠰᠠᠨ ᠪᠠᠢᠨ᠎ᠠ᠃

ᠶᠡᠷᠦᠩᠬᠡᠢ ᠱᠦᠵᠢ ᠰᠢ ᠵᠢᠨ ᠫᠢᠩ᠂ ᠬᠠᠳᠤᠨ ᠭᠣᠣᠯ᠎ᠤᠨ ᠰᠣᠶᠣᠯ ᠪᠣᠯ ᠳᠤᠮᠳᠠᠳᠤ᠎ᠶᠢᠨ ᠪᠣᠯᠪᠠᠰᠤᠨ᠎ᠤ ᠴᠢᠬᠤᠯᠠ ᠪᠦᠷᠢᠯᠳᠦᠭᠦᠨ ᠬᠡᠰᠡᠭ ᠮᠥᠨ᠂ ᠳᠤᠮᠳᠠᠳᠤ᠎ᠶᠢᠨ ᠦᠨᠳᠦᠰᠦᠲᠡᠨ᠎ᠦ ᠦᠨᠳᠦᠰᠦ ᠪᠠ ᠰᠦᠭ ᠰᠦᠨᠡᠰᠦ ᠮᠥᠨ᠃ 《ᠬᠠᠳᠤᠨ ᠭᠣᠣᠯ᠎ᠤᠨ ᠰᠣᠶᠣᠯ᠎ᠤᠨ ᠥᠪ᠎ᠢ ᠰᠢᠰᠲᠧᠮ᠎ᠲᠠᠢ ᠬᠠᠮᠠᠭᠠᠯᠠᠬᠤ᠎ᠶᠢ ᠠᠬᠢᠭᠤᠯᠵᠤ᠂ ᠡᠪᠦᠭᠡ ᠳᠡᠭᠡᠳᠦᠰ᠎ᠡᠴᠡ ᠪᠢᠳᠡᠨ᠎ᠳᠦ ᠦᠯᠡᠳᠡᠭᠡᠵᠦ ᠥᠭᠭᠦᠭᠰᠡᠨ ᠡᠷᠬᠢᠮ ᠨᠠᠨᠳᠢᠨ ᠥᠪ᠎ᠢ ᠰᠠᠢᠲᠤᠷ ᠰᠠᠬᠢᠬᠤ ᠬᠡᠷᠡᠭᠲᠡᠢ》 ᠬᠡᠵᠦ ᠵᠢᠭᠠᠵᠦ ᠭᠠᠷᠭᠠᠪᠠ᠃

ᠣᠢᠷ᠎ᠠ᠎ᠶᠢᠨ ᠵᠢᠯ᠎ᠳᠦ᠂ ᠬᠠᠲᠤᠨ ᠭᠣᠣᠯ ᠳᠠᠭᠠᠤ᠎ᠶᠢᠨ ᠡᠯ᠎ᠡ ᠮᠤᠵᠢ ᠣᠷᠣᠨ ᠪᠣᠯᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠪᠣᠳᠠᠲᠠᠢ ᠲᠥᠯᠦᠪᠵᠢᠭᠦᠯᠭᠡ᠂ ᠬᠡᠷᠡᠭᠵᠢᠭᠦᠯᠬᠦ ᠲᠥᠰᠥᠯ ᠪᠣᠯᠣᠨ ᠲᠥᠷᠥ᠎ᠶᠢᠨ ᠪᠣᠳᠣᠯᠭ᠎ᠠ᠎ᠶᠢᠨ ᠰᠢᠰᠲᠧᠮ᠎ᠢ ᠲᠦᠷᠭᠡᠳᠬᠡᠨ ᠲᠣᠭᠲᠠᠭᠠᠵᠤ᠂ ᠬᠠᠲᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠥᠷᠨᠢᠭᠦᠯᠪᠡ; ᠰᠸᠴᠤᠸᠠᠨ᠎ᠤ ᠬᠠᠳᠤᠨ ᠭᠣᠣᠯ ᠳᠠᠭᠠᠤ ᠭᠠᠵᠠᠷ ᠣᠷᠣᠨ᠎ᠤ ᠰᠣᠶᠣᠯ᠎ᠤᠨ ᠥᠪ᠎ᠢ ᠬᠠᠮᠠᠭᠠᠯᠠᠬᠤ ᠲᠣᠭᠲᠡᠴᠡ᠎ᠶᠢ ᠪᠦᠲᠦᠮᠵᠢᠲᠡᠢ ᠪᠠᠢᠭᠤᠯᠵᠤ᠂ ᠨᠢᠭᠡ ᠪᠦᠯᠦᠭ ᠴᠢᠬᠤᠯᠠ ᠶᠡᠬᠡ ᠪᠡᠯᠭᠡ ᠲᠡᠮᠳᠡᠭ᠎ᠦᠨ ᠴᠢᠨᠠᠷᠲᠠᠢ ᠰᠣᠶᠣᠯ᠎ᠤᠨ ᠢᠨᠵᠧᠨᠧᠷᠢᠩ᠎ᠢ ᠡᠮᠬᠢ ᠵᠢᠷᠤᠮ᠎ᠲᠠᠢ ᠬᠡᠷᠡᠭᠵᠢᠭᠦᠯᠪᠡ; ᠬᠥᠬᠡᠨᠠᠭᠤᠷ ᠨᠢ ᠬᠠᠲᠤᠨ ᠭᠣᠣᠯ᠎ᠤᠨ ᠰᠣᠶᠣᠯ᠎ᠤᠨ ᠥᠪ᠎ᠦᠨ ᠰᠢᠰᠲᠧᠮᠲᠦ ᠴᠢᠨᠠᠷᠳᠠᠢ  ᠬᠠᠮᠠᠭᠠᠯᠠᠯᠲᠠ᠎ᠶᠢ ᠴᠢᠩᠭᠠᠳᠬᠠᠵᠤ᠂ ᠴᠢᠬᠤᠯᠠ ᠶᠡᠬᠡ ᠪᠡᠯᠭᠡ ᠲᠡᠮᠳᠡᠭ᠎ᠦᠨ ᠴᠢᠨᠠᠷᠲᠠᠢ ᠰᠣᠶᠣᠯ᠎ᠤᠨ ᠲᠥᠷᠥᠯ ᠵᠦᠢᠯ᠎ᠢ ᠴᠣᠭᠴᠠᠯᠠᠵᠠᠢ ᠁ ᠡᠯ᠎ᠡ ᠭᠠᠵᠠᠷ᠎ᠤᠨ ᠬᠢᠨ ᠦᠢᠯᠡᠳᠦᠯᠭᠡ᠎ᠶᠢᠨ ᠳᠤᠮᠳᠠ ᠬᠠᠲᠤᠨ ᠭᠣᠣᠯ᠎ᠤᠨ ᠰᠣᠶᠣᠯ᠎ᠢ ᠬᠠᠮᠠᠭᠠᠯᠠᠨ ᠪᠠᠳᠠᠷᠠᠭᠤᠯᠵᠤ᠂ ᠲᠡᠦᠬᠡ ᠰᠣᠶᠣᠯ᠎ᠤᠨ ᠦᠨᠳᠦᠰᠦ ᠰᠤᠷᠪᠤᠯᠵᠢ ᠪᠠ ᠦᠨᠳᠦᠰᠦᠲᠡᠨ᠎ᠦ ᠤᠭ ᠢᠵᠠᠭᠤᠷ᠎ᠢ ᠤᠯᠠᠮᠵᠢᠯᠠᠨ ᠵᠠᠯᠭᠠᠮᠵᠢᠯᠠᠵᠤ᠂ ᠬᠠᠲᠤᠨ ᠭᠣᠣᠯ᠎ᠤᠨ ᠰᠣᠶᠣᠯ᠎ᠤᠨ ᠴᠠᠭ ᠦᠶ᠎ᠡ᠎ᠶᠢᠨ ᠦᠨ᠎ᠡ ᠥᠷᠲᠡᠭ᠎ᠢ ᠭᠦᠨᠵᠡᠭᠡᠢ  ᠠᠭᠤᠳᠠᠯᠪᠠ᠃

ᠬᠠᠳᠤᠨ ᠭᠣᠣᠯ᠂ ᠦᠨᠳᠦᠰᠦᠲᠡᠨ᠎ᠦ ᠵᠣᠷᠢᠭ᠋ ᠰᠠᠨᠠᠭ᠎ᠠ᠎ᠶᠢ ᠳᠠᠪᠲᠠᠨ ᠪᠣᠯᠪᠠᠰᠤᠷᠠᠭᠤᠯᠪᠠ᠃

ᠶᠡᠷᠦᠩᠬᠡᠢ ᠱᠦᠵᠢ ᠰᠢ ᠵᠢᠨ ᠫᠢᠩ᠄《ᠲᠡᠨᠡᠭ ᠡᠪᠦᠭᠡᠨ ᠠᠭᠤᠯᠠ᠎ᠶᠢ ᠨᠡᠭᠦᠯᠭᠡᠵᠦ᠂ ᠳᠠ ᠢᠦᠢ ᠤᠰᠤ᠎ᠶᠢ ᠵᠠᠰᠠᠪᠡ᠂ ᠳᠤᠮᠳᠠᠳᠤ᠎ᠶᠢᠨ ᠦᠨᠳᠦᠰᠦᠲᠡᠨ ᠪᠠᠢᠭᠠᠯᠢ᠎ᠶᠢᠨ ᠭᠠᠮᠰᠢᠭ᠋᠎ᠲᠠᠢ ᠬᠡᠳᠦᠨ ᠮᠢᠩᠭᠠᠨ ᠵᠢᠯ ᠲᠡᠮᠡᠴᠡᠵᠦ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠪᠠ ᠂ ᠪᠢᠳᠡ ᠦᠷᠭᠦᠯᠵᠢᠯᠡᠨ ᠲᠡᠮᠡᠴᠡᠬᠦ ᠬᠡᠷᠡᠭᠲᠡᠢ》ᠭᠡᠵᠦ ᠰᠡᠳᠬᠢᠯ ᠳᠣᠭᠳᠣᠯᠤᠨ ᠬᠡᠯᠡᠪᠡ᠃

ᠬᠠᠳᠤᠨ ᠭᠣᠣᠯ ᠳᠣᠯᠭᠢᠶᠠᠯᠠᠨ ᠤᠷᠤᠭᠰᠢᠯᠠᠵᠤ᠂ ᠨᠤᠭᠤᠷᠠᠰᠢ ᠦᠭᠡᠢ ᠰᠦᠷ ᠵᠢᠪᠬᠤᠭ᠎ᠠ᠎ᠪᠠᠷ ᠳᠤᠮᠳᠠᠳᠤ᠎ᠶᠢᠨ ᠦᠨᠳᠦᠰᠦᠲᠡᠨ᠎ᠦ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠬᠤ ᠦᠨᠳᠦᠰᠦᠲᠡᠨ᠎ᠦ ᠬᠡᠪ ᠴᠢᠨᠠᠷ᠎ᠢ ᠱᠤᠭᠤᠪᠠ᠃

ᠬᠠᠲᠤᠨ ᠭᠣᠣᠯ᠎ᠤᠨ ᠬᠠᠮᠤᠭ᠎ᠤᠨ ᠰᠡᠭᠦᠯ᠎ᠤᠨ ᠳᠤᠬᠤᠢ ᠪᠤᠯᠬᠤ ᠯᠠᠨᠺᠤᠤ ᠰᠢᠶᠠᠨ᠎ᠳᠤ᠂ ᠶᠡᠷᠦᠩᠬᠡᠢ ᠱᠦᠵᠢ ᠰᠢ ᠵᠢᠨ ᠫᠢᠩ ᠥᠩᠭᠡᠷᠡᠭᠰᠡᠨ᠎ᠦ ᠬᠠᠲᠤᠨ ᠭᠣᠣᠯ᠎ᠤᠨ ᠬᠠᠭᠤᠴᠢᠨ ᠵᠠᠮ᠎ᠤᠨ ᠡᠯᠡᠰᠦᠨ ᠳᠣᠪᠣ ᠳᠡᠭᠡᠷ᠎ᠡ ᠪᠠᠢᠷᠢᠯᠠᠵᠤ ᠪᠠᠢᠭᠰᠠᠨ ᠵᠢᠶᠣᠣ ᠢᠦᠢ ᠯᠦ᠍ ᠨᠥᠬᠥᠷ᠎ᠦᠨ ᠳᠤᠷᠠᠰᠬᠠᠯ᠎ᠤᠨ ᠣᠷᠳᠣᠨ᠎ᠳᠤ ᠬᠦᠷᠴᠦ᠂ ᠵᠢᠶᠣᠣ ᠢᠦᠢ ᠯᠦ᠍᠎ᠶᠢᠨ ᠵᠣᠷᠢᠭ᠋ ᠰᠠᠨᠠᠭ᠎ᠠ 《ᠥᠩᠭᠡᠷᠡᠭᠰᠡᠨ᠎ᠳᠦ᠂ ᠣᠳᠣ᠌ ᠳ᠋ᠦ᠂ ᠢᠷᠡᠭᠡᠳᠦᠢ᠎ᠳᠦ ᠮᠥᠨ ᠯᠡ ᠮᠠᠨ᠎ᠤ ᠨᠠᠮ᠎ᠤᠨ ᠡᠷᠬᠢᠮ ᠨᠠᠨᠳᠢᠨ ᠣᠶᠤᠨ ᠰᠠᠨᠠᠭᠠᠨ᠎ᠤ ᠥᠪ ᠬᠥᠷᠥᠩᠭᠡ ᠮᠥᠨ》 ᠭᠡᠵᠦ ᠭᠦᠨᠵᠡᠭᠡᠢ ᠵᠢᠭᠠᠵᠤ ᠭᠠᠷᠭᠠᠵᠠᠢ;

ᠪᠡᠭᠡᠵᠢᠩ ᠲᠢᠶᠠᠨᠵᠢᠨ ᠾᠸᠪᠸᠢ  ᠪᠣᠯᠣᠨ ᠬᠠᠳᠤᠨ ᠭᠣᠣᠯ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠴᠢᠬᠤᠯᠠ ᠬᠠᠯᠬᠠᠪᠴᠢ ᠪᠣᠯᠬᠤ ᠱᠠᠨ ᠰᠢ᠎ᠳᠦ ᠬᠦᠷᠴᠦ᠂ ᠶᠡᠷᠦᠩᠬᠡᠢ ᠱᠦᠵᠢ 《ᠶᠢᠤ ᠢᠦᠢ᠎ᠶᠢᠨ ᠵᠣᠷᠢᠭ᠋ ᠰᠠᠨᠠᠭ᠎ᠠ》 ᠶ᠋ᠢ  ᠪᠠᠳᠠᠷᠠᠭᠤᠯᠬᠤ ᠬᠡᠷᠡᠭᠲᠡᠢ᠄ 《ᠤᠳᠤ ᠦᠶ᠎ᠡ᠎ᠳᠤ ᠭᠠᠪᠢᠶ᠎ᠠ᠎ᠲᠠᠢ᠂ ᠠᠯᠤᠰ ᠬᠡᠳᠤ᠎ᠳᠦ  ᠠᠰᠢᠭ᠍ᠲᠠᠢ᠂ ᠦᠷ᠎ᠡ  ᠬᠣᠢᠴᠢᠰ᠎ᠲᠠᠭᠠᠨ ᠠᠰᠢᠭ᠋  ᠬᠦᠷᠲᠡᠭᠡᠬᠦ ᠶᠠᠪᠤᠳᠠᠯ᠎ᠢ ᠢᠯᠡᠭᠦᠬᠡᠨ ᠬᠢᠬᠦ ᠬᠡᠷᠡᠭᠲᠡᠢ》  ᠭᠡᠵᠦ  ᠴᠢᠬᠤᠯᠠᠴᠢᠯᠠᠪᠠ;

᠁

《ᠭᠣᠣᠯ ᠮᠥᠷᠡᠨ ᠠᠰᠬ᠎ᠠ ᠬᠠᠳᠠ ᠬᠠᠪᠴᠢᠯ᠎ᠢ ᠰᠢᠪᠲᠤᠯᠤᠨ ᠭᠠᠷᠴᠤ ᠴᠢᠳᠠᠭᠰᠠᠨ ᠨᠢ᠂ ᠲᠡᠭᠦᠨ᠎ᠦ ᠬᠤᠷᠠᠮᠳᠤᠭᠤᠯᠤᠭᠰᠠᠨ ᠮᠢᠩᠭᠠᠨ ᠭᠠᠵᠠᠷ᠎ᠤᠨ ᠳᠠᠪᠠᠯᠭᠠᠨ᠂ ᠲᠦᠮᠡᠨ ᠰᠠᠯᠠᠭ᠎ᠠ ᠤᠷᠤᠰᠬᠠᠯ᠎ᠤᠨ ᠠᠤᠭ᠎ᠠ ᠬᠦᠴᠦᠨ᠎ᠡᠴᠡ ᠪᠣᠯᠤᠭᠰᠠᠨ ᠶᠤᠮ》᠂ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠳᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠢᠨ᠎ᠡ ᠠᠶᠠᠨ᠎ᠳᠤ᠂ ᠬᠠᠳᠤᠨ ᠭᠣᠣᠯ ᠪᠤᠴᠠᠯᠲᠠ ᠦᠭᠡᠢ ᠤᠷᠤᠭᠰᠢᠯᠠᠬᠤ ᠰᠦᠷ ᠬᠦᠴᠦᠨ᠎ᠢ  ᠨᠢᠭ᠍ᠲᠠᠷᠠᠭᠤᠯᠤᠭᠰᠠᠨ ᠶᠤᠮ᠃

ᠶᠡᠬᠡ ᠭᠣᠣᠯ ᠡᠳᠦᠷᠵᠢᠨ ᠰᠥᠨᠢᠵᠢᠨ ᠲᠠᠳᠠᠭᠤᠷᠠᠰᠢ ᠦᠭᠡᠢ ᠤᠷᠤᠰᠤᠨ᠎ᠠ᠃

ᠨᠠᠮ ᠠᠷᠠᠳ ᠲᠦᠮᠡᠨ᠎ᠢ ᠤᠳᠤᠷᠢᠳᠤᠨ ᠬᠠᠳᠤᠨ ᠭᠣᠣᠯ᠎ᠢ ᠵᠠᠰᠠᠭᠰᠠᠨ 80 ᠵᠢᠯ᠎ᠦᠨ ᠵᠠᠩᠭᠢᠯᠠᠭ᠎ᠠ᠎ᠶᠢᠨ ᠴᠡᠭ ᠳᠡᠭᠡᠷ᠎ᠡ ᠵᠣᠭᠰᠣᠵᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠦᠭ ᠲᠦᠮᠡᠨ ᠠᠷᠠᠳ ᠲᠦᠮᠡᠨ ᠦᠷᠭᠦᠯᠵᠢᠯᠡᠨ ᠲᠡᠮᠡᠴᠡᠵᠦ᠂ ᠴᠥᠬᠥᠷᠡᠰᠢ ᠦᠭᠡᠢ ᠴᠢᠷᠮᠠᠢᠪᠠᠯ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ᠎ᠶᠢᠨ ᠴᠣ ᠰᠢᠨ᠎ᠡ ᠬᠠᠭᠤᠳᠠᠰᠤ᠎ᠶᠢ ᠲᠠᠰᠤᠷᠠᠯᠳᠠ ᠦᠭᠡᠢ ᠪᠢᠴᠢᠭᠯᠡᠵᠦ᠂ ᠡᠵᠢ ᠭᠣᠣᠯ ᠥᠨᠢ ᠡᠭᠦᠷᠢᠳᠡ ᠳᠤᠮᠳᠠᠳᠤ᠎ᠶᠢᠨ ᠦᠨᠳᠦᠰᠦᠲᠡᠨ᠎ᠳᠦ ᠪᠤᠶᠠᠨ ᠦᠢᠯᠡᠳᠬᠦ ᠨᠢ ᠯᠠᠪᠲᠠᠢ ᠶᠤᠮ᠃

(ᠰᠢᠨᠬᠤᠸᠠ ᠬᠤᠷᠢᠶ᠎ᠡ ᠵᠢᠨ ᠪᠡᠭᠡᠵᠢᠩ᠎ᠤᠨ 11 ᠰᠠᠷ᠎ᠠ ᠵᠢᠨ 1  ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面